ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ᠎ᠬᠢᠨ᠎ᠤ ᠺᠠᠳ᠋ᠷ᠎ᠤᠨ ᠡᠩᠨᠡᠭᠡ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠬᠠᠷᠢᠶ᠎ᠠ ᠠᠵᠢᠯ ᠦᠢ᠍ᠯᠡᠰ᠎ᠤᠨ ᠨᠢᠬᠡᠴᠢ ᠪᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠶᠡᠷᠦᠩᠬᠡᠢ ᠪᠠᠲᠤᠯᠠᠭ᠎ᠠ ᠵᠢᠨ ᠲᠥᠪ)᠎ᠲᠤ ᠥᠷᠢᠰᠦᠯᠳᠦᠭᠡᠨᠲᠦ ᠴᠢᠨᠠᠷᠲᠠᠢ ᠠᠵᠢᠯᠳᠠᠨ ᠠᠳᠠᠯᠢᠳᠬᠠᠨ ᠰᠤᠡᠭᠭᠤᠵᠤ ᠰᠢᠯᠵᠢᠬᠦᠯᠬᠦ᠎ᠪᠠᠷ ᠰᠢᠢ᠍ᠳᠪᠡ᠂ ᠡᠳᠤᠬᠡ ᠬᠤᠯᠪᠤᠬᠳᠠᠯ ᠪᠦᠬᠦᠢ ᠵᠦᠢ᠍ᠯᠡᠰ᠎ᠢ ᠵᠠᠷᠯᠠᠶ᠎ᠠ᠃
ᠨᠢᠭᠡ᠂ ᠠᠳᠠᠯᠢᠳᠬᠠᠨ ᠰᠣᠩᠭᠣᠬᠤ ᠠᠵᠢᠯ᠎ᠤᠨ ᠪᠠᠢ᠌ᠷᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠶᠡᠷᠦᠩᠬᠡᠢ ᠪᠠᠲᠤᠯᠠᠭ᠎ᠠ ᠵᠢᠨ ᠲᠥᠪ)᠎ᠤᠨ᠎ᠬᠢᠨ ᠠᠳᠠᠯᠢᠳᠬᠠᠨ ᠰᠤᠡᠭᠭᠤᠬᠤ ᠠᠵᠢᠯ᠎ᠤᠨ ᠪᠠᠢ᠌ᠷᠢ 3 ᠪᠤᠢ᠂ ᠪᠣᠳᠠᠲᠠᠢ ᠬᠢᠷᠢ ᠬᠡᠮ᠎ᠤᠨ ᠨᠥᠬᠥᠴᠡᠯ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠬᠠᠷᠢᠶ᠎ᠠ ᠠᠵᠢᠯ ᠦᠢ᠍ᠯᠡᠰ᠎ᠤᠨ ᠨᠢᠬᠡᠴᠢ ᠪᠣᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠶᠡᠷᠦᠩᠬᠡᠢ ᠪᠠᠲᠤᠯᠠᠭ᠎ᠠ ᠵᠢᠨ ᠲᠥᠪ)ᠤᠨ᠎ᠬᠢᠨ᠎ᠤ ᠥᠷᠢᠰᠦᠯᠳᠦᠭᠡᠨᠲᠦ ᠴᠢᠨᠠᠷᠲᠠᠢ᠎ᠪᠠᠷ ᠠᠵᠢᠯᠲᠠᠨ ᠠᠳᠠᠯᠢᠳᠬᠠᠨ ᠰᠤᠡᠭᠭᠤᠬᠤ ᠠᠵᠢᠯ᠎ᠤᠨ ᠪᠠᠢ᠌ᠷᠢ ᠵᠢᠨ ᠬᠦᠰᠦᠨᠦᠭᠲᠦ》 (《ᠠᠵᠢᠯ᠎ᠤᠨ ᠪᠠᠢ᠌ᠷᠢ ᠵᠢᠨ ᠬᠦᠰᠤᠨᠦᠭᠳᠤ》 ᠭᠡᠵᠤ ᠲᠦᠬᠦᠮᠴᠢᠯᠡᠶ᠎ᠡ)᠎ᠠᠴᠠ ᠦᠵᠡᠬᠡᠷᠡᠢ᠃
ᠬᠣᠶᠠᠷ᠂ ᠨᠡᠷ᠎ᠡ ᠮᠡᠳᠡᠭᠦᠯᠬᠦ ᠬᠡᠪᠴᠢᠶ᠎ᠡ ᠪᠠ ᠨᠥᠬᠥᠴᠡᠯ
(ᠨᠢᠭᠡ) ᠨᠡᠷ᠎ᠡ ᠮᠡᠳᠡᠭᠦᠯᠬᠦ ᠬᠡᠪᠴᠢᠶ᠎ᠡ
ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠬᠡᠴᠢ ᠵᠢᠨ ᠣᠷᠣᠨ ᠲᠣᠭ᠎ᠠ᠎ᠲᠠᠢ ᠠᠵᠢᠯ᠎ᠤᠨ ᠪᠠᠢ᠌ᠷᠢ᠎ᠳᠤ ᠪᠠᠢ᠌ᠭ᠎ᠠ ᠠᠯᠪᠠᠲᠠᠨ (ᠠᠯᠪᠠᠲᠠᠨ᠎ᠤ ᠬᠠᠤᠯᠢ ᠵᠢᠨ ᠬᠠᠮᠢᠶᠠᠷᠤᠯᠲᠠ᠎ᠪᠠᠷ ᠯᠠᠪᠯᠠᠯᠲᠠ ᠪᠣᠯᠭ᠋ᠠᠭᠰᠠᠨ ᠪᠠᠢ᠌ᠭᠤᠯᠭ᠎ᠠ ᠵᠢᠨ ᠠᠵᠢᠯᠲᠠᠨ)᠂ ᠠᠵᠢᠯ ᠦᠢ᠍ᠯᠡᠰ᠎ᠤᠨ ᠨᠢᠬᠡᠴᠢ ᠵᠢᠨ ᠠᠵᠢᠯᠲᠠᠨ᠃ ᠲᠥᠪ᠎ᠤᠨ ᠪᠠ ᠲᠥᠷᠥ ᠵᠢᠨ ᠪᠠᠢ᠌ᠭᠤᠯᠭ᠎ᠠ ᠵᠢᠨ ᠮᠠᠨ᠎ᠤ ᠣᠷᠣᠨ᠎ᠳᠤ ᠪᠠᠢ᠌ᠭᠤᠯᠤᠭᠰᠠᠨ ᠨᠢᠬᠡᠴᠢ (ᠰᠢᠭᠤᠳ ᠬᠠᠮᠢᠶᠠᠷᠬᠤ ᠨᠢᠬᠡᠴᠢ᠂ ᠲᠣᠮᠢᠯᠠᠭᠰᠠᠨ ᠨᠢᠬᠡᠴᠢ ᠪᠠᠭᠲᠠᠨ᠎ᠠ) ᠵᠢᠨ ᠠᠳᠠᠯᠢᠬᠠᠨ ᠰᠣᠩᠭᠣᠬᠤ ᠨᠡᠷ᠎ᠡ ᠮᠡᠳᠡᠭᠦᠯᠬᠦ ᠨᠥᠬᠥᠴᠡᠯ᠎ᠳᠤ ᠨᠡᠢ᠌ᠴᠡᠬᠦ ᠠᠵᠢᠯᠲᠠᠨ᠃
(ᠬᠣᠶᠠᠷ) ᠨᠡᠷ᠎ᠡ ᠮᠡᠳᠡᠭᠦᠯᠦᠭᠴᠢ ᠲᠠᠷᠠᠭ᠋ᠠᠬᠢ ᠬᠢᠷᠢ ᠬᠡᠮ᠎ᠤᠨ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄
1. ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠷᠢᠶ᠎ᠠ᠎ᠲᠠᠢ᠃
2. ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢ ᠵᠢᠷᠤᠮᠯᠠᠨ ᠰᠠᠬᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠪᠠᠢ᠌ᠭᠤᠯᠤᠯ᠎ᠢ ᠬᠦᠷᠢᠶᠡᠯᠡᠭᠰᠡᠨ ᠪᠠᠢ᠌ᠬᠤ ᠬᠡᠷᠡᠭᠲᠡᠢ᠃
3. ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠤᠬᠠᠮᠰᠠᠷ᠎ᠠᠴᠠ᠎ᠪᠠᠨ ᠬᠠᠮᠠᠭ᠋ᠠᠯᠠᠭᠰᠠᠨ ᠪᠠᠢ᠌ᠬᠤ ᠬᠡᠷᠡᠭᠲᠡᠢ᠃
4. ᠤᠯᠤᠰ ᠲᠦᠷᠦ᠂ ᠲᠤᠬᠠᠢ᠌ᠯᠠᠭᠰᠠᠨ ᠠᠵᠢᠯ᠎ᠤᠨ ᠬᠡᠪ ᠪᠣᠯᠪᠠᠰᠤᠷᠠᠯ ᠨᠡᠯᠢᠶᠡᠳ ᠰᠠᠢ᠌ᠨ᠂ ᠰᠤᠷᠲᠠᠯ ᠲᠥᠪ᠂ ᠪᠣᠳᠠᠲᠤ ᠠᠮᠵᠢᠯᠲᠠ ᠲᠣᠪᠣᠢ᠌ᠮ᠎ᠠ᠂ ᠤᠯᠠᠨ ᠲᠦᠮᠡᠨ᠎ᠳᠤ ᠮᠡᠳᠡᠷᠡᠭᠳᠡᠭᠰᠡᠨ ᠪᠠᠢ᠌ᠬᠤ ᠬᠡᠷᠡᠭᠲᠡᠢ᠃
5. ᠪᠦᠬᠦᠯᠢ 35 ᠨᠠᠰᠤᠨ᠎ᠠᠴᠠ ᠳᠣᠷᠣᠭᠰᠢ᠂ ᠦᠬᠡᠷ᠎ᠡ᠎ᠪᠠᠷ ᠬᠡᠯᠡᠪᠡᠯ 1988 ᠣᠨ᠎ᠤ 9 ᠳ᠋ᠤᠬᠡᠷ ᠰᠠᠷ᠎ᠠ ᠵᠢᠨ 8᠎ᠤ ᠡᠳᠦᠷ (9 ᠳ᠋ᠦ᠍ᠭᠡᠷ ᠰᠠᠷ᠎ᠠ ᠵᠢᠨ 8᠎ᠤ ᠡᠳᠦᠷ ᠪᠠᠭᠲᠠᠬᠤ ᠦᠬᠡᠢ)᠎ᠠᠴᠠ ᠰᠡᠭᠦᠯᠡᠷ ᠲᠦᠷᠦᠭᠰᠡᠳ᠃
6. ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠴᠤᠪᠤᠷᠠᠯ᠎ᠤᠨ ᠶᠡᠬᠡ ᠰᠤᠷᠭ᠋ᠠᠭᠤᠯᠢ ᠵᠢᠨ ᠵᠢᠩᠬᠢᠨᠢ ᠠᠩᠭᠢ ᠪᠠ ᠲᠡᠭᠦᠨ᠎ᠠᠴᠠ ᠳᠡᠭᠡᠭᠰᠢ
ᠰᠤᠷᠤᠯᠭ᠎ᠠ ᠵᠢᠨ ᠨᠠᠮᠳᠠᠷ᠎ᠲᠠᠢ ᠪᠠᠢ᠌ᠬᠤ᠃
7. ᠲᠤᠰᠢᠶᠠᠯ ᠬᠠᠷᠢᠭᠤᠴᠠᠯᠭ᠎ᠠ᠎ᠪᠠᠨ ᠬᠡᠪ᠎ᠤᠨ ᠶᠣᠰᠣᠭ᠋ᠠᠷ ᠭᠦᠢ᠍ᠴᠡᠳᠬᠡᠬᠦ ᠪᠡᠶ᠎ᠡ ᠮᠠᠬᠠᠪᠤᠳ᠎ᠤᠨ ᠨᠥᠬᠥᠴᠡᠯ ᠪᠠ ᠰᠡᠳᠬᠢᠴᠡ ᠵᠢᠨ ᠬᠡᠪ ᠪᠣᠯᠪᠠᠰᠤᠷᠠᠯ᠎ᠲᠠᠢ ᠪᠠᠢ᠌ᠬᠤ᠃
8. 2 ᠵᠢᠯ᠎ᠠᠴᠠ ᠳᠡᠭᠡᠭᠰᠢ (ᠵᠠᠰᠠᠭ ᠵᠠᠬᠢᠷᠭ᠎ᠠ᠂ ᠠᠯᠪᠠᠲᠠᠨ᠎ᠤ ᠬᠠᠤᠯᠢ ᠵᠢᠨ ᠬᠠᠮᠢᠶᠠᠷᠤᠯᠲᠠ᠂ ᠠᠵᠢᠯ ᠦᠢ᠍ᠯᠡᠰ᠎ᠤᠨ ᠨᠢᠬᠡᠴᠢ) ᠣᠲᠣ ᠵᠢᠨ ᠪᠠᠢ᠌ᠭ᠎ᠠ ᠨᠢᠬᠡᠴᠢ ᠵᠢᠨ ᠣᠷᠣᠨ ᠲᠣᠭ᠎ᠠ᠎ᠲᠠᠢ ᠠᠵᠢᠯ᠎ᠤᠨ ᠪᠠᠢ᠌ᠷᠢ᠎ᠳᠤ ᠪᠠᠢ᠌ᠭᠰᠠᠨ ᠥᠩᠭᠡᠷᠡᠯᠲᠡ᠎ᠲᠠᠢ᠂ ᠠᠵᠢᠯ᠎ᠤᠨ ᠥᠩᠭᠡᠷᠡᠯᠲᠡ ᠵᠢ 2023 ᠣᠨ᠎ᠤ 9 ᠳ᠋ᠤᠬᠡᠷ ᠰᠠᠷ᠎ᠠ ᠵᠢᠨ 8᠎ᠤ ᠡᠳᠦᠷ ᠵᠶ᠋ᠠᠷ ᠬᠢᠵᠠᠭ᠋ᠠᠷᠯᠠᠨ᠎ᠠ᠃
9. ᠤᠷᠴᠢᠮ᠎ᠤᠨ ᠬᠣᠶᠠᠷ ᠵᠢᠯ᠎ᠤᠨ ᠣᠨ᠎ᠤ ᠬᠢᠨᠠᠨ ᠰᠢᠯᠭ᠋ᠠᠷᠠᠭᠤᠯᠤᠯᠲᠠ᠎ᠳᠤ ᠴᠥᠮ ᠲᠤᠰᠢᠶᠠᠯ᠎ᠳᠤ ᠲᠡᠩᠴᠡᠭᠰᠡᠨ (ᠬᠢᠷᠢ ᠲᠡᠩᠴᠡᠭᠰᠡᠨ) ᠪᠠ ᠲᠡᠭᠦᠨ᠎ᠠᠴᠠ ᠳᠡᠭᠡᠭᠰᠢᠬᠢ ᠳᠡᠰ᠎ᠲᠤ ᠬᠦᠷᠦᠭᠰᠡᠨ ᠪᠠᠢ᠌ᠬᠤ᠃
10. ᠠᠯᠪᠠᠲᠠᠨ (ᠠᠯᠪᠠᠲᠠᠨ᠎ᠤ ᠬᠠᠤᠯᠢ ᠵᠢᠨ ᠬᠠᠮᠢᠶᠠᠷᠤᠯᠲᠠ᠎ᠪᠠᠷ ᠯᠠᠪᠯᠠᠯᠲᠠ ᠪᠣᠯᠭ᠋ᠠᠭᠰᠠᠨ ᠪᠠᠢ᠌ᠭᠤᠯᠭ᠎ᠠ ᠵᠢᠨ ᠠᠵᠢᠯᠲᠠᠨ)᠎ᠤ ᠲᠤᠰᠢᠶᠠᠯ᠎ᠨᠢ ᠳᠥᠷᠪᠡᠳᠦᠭᠡᠷ ᠳᠡᠰ᠎ᠤᠨ ᠡᠷᠬᠢᠯᠡᠬᠦ ᠭᠡᠰᠢᠭᠦᠴᠢ ᠪᠠ ᠲᠡᠭᠦᠨ᠎ᠠᠴᠠ ᠳᠣᠷᠣᠭᠰᠢ᠂ ᠠᠵᠢᠯ ᠦᠢ᠍ᠯᠡᠰ᠎ᠤᠨ ᠨᠢᠬᠡᠴᠢ ᠵᠢᠨ ᠠᠵᠢᠯᠲᠠᠨ ᠪᠣᠯ ᠣᠲᠣ ᠵᠢᠨ ᠤᠷᠢᠨ ᠬᠡᠷᠡᠭᠯᠡᠭᠰᠡᠨ ᠲᠡᠰ᠎ᠨᠢ ᠬᠠᠮᠢᠶᠠᠷᠤᠯᠲᠠ ᠵᠢᠨ ᠠᠵᠢᠯ᠎ᠤᠨ ᠪᠠᠢ᠌ᠷᠢ ᠵᠢᠨ ᠶᠢᠰᠦᠳᠦᠭᠡᠷ ᠳᠡᠰ ᠵᠢᠴᠢ ᠲᠡᠭᠦᠨ᠎ᠠᠴᠠ ᠳᠣᠷᠣᠭᠰᠢ ᠪᠤᠶᠤ ᠲᠤᠰᠬᠠᠢ ᠮᠡᠷᠭᠡᠵᠢᠯ᠎ᠤᠨ ᠠᠵᠢᠯ᠎ᠤᠨ ᠪᠠᠢ᠌ᠷᠢ ᠵᠢᠨ ᠠᠷᠪᠠᠨ ᠨᠢᠭᠡᠳᠦᠭᠡᠷ ᠳᠡᠰ᠎ᠠᠴᠠ ᠳᠣᠷᠣᠭᠰᠢ ᠪᠠᠢ᠌ᠬᠤ᠃
11. ᠠᠵᠢᠯ᠎ᠤᠨ ᠪᠠᠢ᠌ᠷᠢ᠎ᠳᠤ ᠱᠠᠭ᠋ᠠᠷᠳᠠᠭᠳᠠᠬᠤ ᠬᠢᠷᠢ ᠬᠡᠮ᠎ᠤᠨ ᠨᠥᠬᠥᠴᠡᠯ ᠪᠤᠯᠤᠨ ᠤᠷ᠎ᠠ ᠴᠢᠳᠠᠪᠤᠷᠢ ᠵᠢᠨ ᠱᠠᠭ᠋ᠠᠷᠳᠠᠯᠭ᠎ᠠ ᠵᠢ ᠪᠦᠷᠢᠳᠦᠭᠦᠯᠦᠭᠰᠡᠨ ᠪᠠᠢ᠌ᠬᠤ᠂ ᠨᠠᠷᠢᠨ ᠪᠠᠢ᠌ᠳᠠᠯ᠎ᠢ 《ᠠᠵᠢᠯ᠎ᠤᠨ ᠪᠠᠢ᠌ᠷᠢ ᠵᠢᠨ ᠬᠦᠰᠦᠨᠦᠭᠲᠦ》᠎ᠠᠴᠠ ᠦᠵᠡᠬᠡᠷᠡᠢ᠃
12. ᠬᠠᠤᠯᠢ ᠴᠠᠭ᠋ᠠᠵᠠ᠂ ᠬᠠᠤᠯᠢ ᠲᠦᠷᠢᠮ᠎ᠳᠤ ᠲᠣᠭᠲᠠᠭ᠋ᠠᠭᠰᠠᠨ ᠪᠤᠰᠤᠳ ᠨᠥᠬᠥᠴᠡᠯᠨᠦᠭᠦᠳ᠃
(ᠭᠤᠷᠪᠠ) ᠲᠠᠷᠠᠭ᠋ᠠᠬᠢ ᠪᠠᠢ᠌ᠳᠠᠯ᠎ᠤᠨ ᠨᠢᠭᠡ᠎ᠨᠢ ᠤᠷᠤᠰᠢᠪᠠᠯ ᠲᠤᠰ ᠤᠳᠠᠭ᠋ᠠᠨ᠎ᠤ ᠢᠯᠡ᠎ᠪᠠᠷ ᠠᠳᠠᠯᠢᠳᠬᠠᠨ ᠰᠣᠩᠭᠣᠬᠤ᠎ᠳᠤ ᠣᠷᠣᠯᠴᠠᠵᠤ ᠪᠣᠯᠬᠤ ᠦᠭᠡᠢ᠄
1. ᠳᠤᠮᠳᠠᠳᠤ ᠤᠯᠤᠰ᠎ᠤᠨ ᠡᠪ ᠬᠠᠮᠲᠤ ᠨᠠᠮ᠎ᠠᠴᠠ ᠬᠥᠭᠡᠭᠡᠭᠳᠡᠭᠰᠡᠳ᠃
2. ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠬᠡᠷᠯᠡᠬᠦᠯᠦᠭᠰᠡᠳᠲᠤ ᠬᠠᠤᠯᠢ ᠶᠣᠰᠣᠭ᠋ᠠᠷ ᠵᠢᠭᠰᠠᠭ᠋ᠠᠭᠳᠠᠭᠰᠠᠨ᠃
3. ᠬᠠᠤᠯᠢ ᠰᠠᠬᠢᠯᠭ᠎ᠠ ᠵᠢ ᠵᠥᠷᠢᠴᠡᠭᠰᠡᠨ ᠰᠡᠵᠢᠭᠯᠡᠯᠲᠡᠢ᠎ᠠᠴᠠ ᠪᠣᠯᠵᠤ ᠬᠣᠯᠪᠣᠭᠳᠠᠯ ᠪᠦᠬᠦᠢ ᠲᠤᠰᠬᠠᠢ ᠪᠠᠢ᠌ᠭᠤᠯᠭ᠎ᠠ ᠵᠢᠨ ᠬᠢᠨᠠᠨ ᠪᠠᠢ᠌ᠴᠠᠭ᠋ᠠᠯᠲᠠ ᠵᠢ ᠬᠦᠯᠢᠶᠡᠵᠦ᠂ ᠬᠠᠷᠠᠬᠠᠨ ᠳ᠋ᠦᠩᠨᠡᠯᠲᠡ ᠭᠠᠷᠤᠭ᠋ᠠᠳᠤᠢ᠃
4. ᠰᠡᠷᠡᠮᠵᠢᠯᠡᠭᠦᠯᠦᠨ ᠢᠳᠬᠠᠬᠤ᠂ ᠵᠣᠬᠢᠶᠠᠨ ᠪᠠᠢ᠌ᠭᠤᠯᠤᠯᠲᠠ᠎ᠪᠠᠷ ᠰᠢᠢ᠍ᠳᠪᠤᠷᠢᠯᠡᠬᠦᠯᠵᠤ ᠪᠠᠢ᠌ᠭ᠎ᠠ ᠪᠤᠶᠤ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠰᠢᠢ᠍ᠳᠬᠡᠯ ᠬᠦᠷᠳᠡᠭᠰᠡᠨ ᠵᠡᠷᠬᠡ ᠨᠦᠯᠤᠬᠡᠨᠤ ᠬᠤᠭᠤᠴᠠᠭ᠎ᠠ᠎ᠨᠢ ᠲᠠᠭᠤᠰᠤᠭ᠋ᠠᠳᠤᠢ ᠪᠤᠶᠤ ᠬᠤᠭᠤᠴᠠᠭ᠎ᠠ᠎ᠨᠢ ᠲᠠᠭᠤᠰᠤᠬᠰᠠᠨ ᠴᠦ᠍ ᠬᠡᠷᠡᠭᠯᠡᠬᠦ ᠵᠢ ᠨᠦᠯᠤᠬᠡᠯᠡᠵᠤ ᠪᠠᠢ᠌ᠭ᠎ᠠ ᠬᠥᠮᠥᠨ᠃
5. ᠲᠤᠷᠰᠢᠨ ᠬᠡᠷᠡᠭᠯᠡᠬᠦ ᠬᠤᠭᠤᠴᠠᠭ᠋ᠠᠨ᠎ᠳᠤ ᠪᠠᠢ᠌ᠬᠤ (ᠰᠢᠨ᠎ᠡ᠎ᠪᠠᠷ ᠲᠡᠪᠰᠢᠬᠦᠯᠦᠭᠳᠡᠭᠰᠡᠨ ᠤᠳᠤᠷᠢᠳᠬᠤ ᠺᠠᠳ᠋ᠷ᠎ᠤᠨ ᠲᠤᠰᠢᠶᠠᠯ᠎ᠤᠨ ᠲᠤᠷᠰᠢᠨ ᠬᠡᠷᠡᠭᠯᠡᠬᠦ ᠬᠤᠭᠤᠴᠠᠭ᠎ᠠ ᠪᠠᠬᠳᠠᠨ᠎ᠠ) ᠪᠤᠶᠤ ᠬᠠᠮᠤᠭ᠎ᠤᠨ ᠳᠣᠣᠷ᠎ᠠ ᠦᠢ᠍ᠯᠡᠴᠢᠯᠡᠬᠦ ᠬᠤᠭᠤᠴᠠᠭ᠎ᠠ᠎ᠨᠢ ᠲᠤᠯᠤᠭ᠋ᠠᠳᠤᠢ ᠠᠯᠪᠠᠲᠠᠨ (ᠠᠯᠪᠠᠲᠠᠨ᠎ᠤ ᠬᠠᠤᠯᠢ ᠵᠢᠨ ᠬᠠᠮᠢᠶᠠᠷᠤᠯᠲᠠ᠎ᠪᠠᠷ ᠯᠠᠪᠯᠠᠯᠲᠠ ᠪᠣᠯᠭ᠋ᠠᠭᠰᠠᠨ ᠪᠠᠢ᠌ᠭᠤᠯᠭ᠎ᠠ ᠵᠢᠨ ᠠᠵᠢᠯᠲᠠᠨ)᠂ ᠠᠵᠢᠯ ᠦᠢ᠍ᠯᠡᠰ᠎ᠤᠨ ᠨᠢᠬᠡᠴᠢ ᠵᠢᠨ ᠠᠵᠢᠯᠲᠠᠨ᠃
6. ᠥᠪᠡᠷᠲᠡᠭᠡᠨ ᠵᠠᠰᠠᠬᠤ ᠣᠷᠣᠨ ᠪᠤᠯᠤᠨ ᠡᠯ᠎ᠡ ᠠᠢ᠌ᠮᠠᠭ ᠬᠣᠲᠠ ᠵᠢᠨ 2017 ᠣᠨ᠎ᠠᠴᠠ ᠬᠣᠢ᠌ᠰᠢ ᠲᠤᠬᠠᠢ ᠵᠢᠨ ᠭᠠᠵᠠᠷ᠎ᠤᠨ ᠴᠢᠳᠠᠪᠤᠷᠢᠲᠠᠨ ᠤᠷᠢᠨ ᠠᠪᠴᠢᠷᠠᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠴᠢᠳᠠᠪᠤᠷᠢᠲᠠᠨ ᠤᠷᠢᠨ ᠠᠪᠴᠢᠷᠠᠬᠤ ᠠᠷᠭ᠎ᠠ ᠪᠠᠷ ᠳᠡᠮᠵᠢᠨ ᠤᠷᠢᠨ ᠠᠪᠴᠢᠷᠠᠭᠰᠠᠨ ᠪᠥᠭᠡᠳ ᠦᠢ᠍ᠯᠡᠴᠢᠯᠡᠬᠦ ᠬᠤᠭᠤᠴᠠᠭ᠋ᠠᠨ᠎ᠳᠤ᠎ᠪᠠᠨ ᠪᠠᠢ᠌ᠭ᠎ᠠ ᠬᠥᠮᠥᠰ᠂ ᠦᠢ᠍ᠯᠡᠴᠢᠯᠡᠬᠦ ᠬᠤᠭᠤᠴᠠᠭ᠎ᠠ ᠵᠢ᠎ᠨᠢ ᠲᠣᠭᠲᠠᠭ᠋ᠠᠭᠰᠠᠨ ᠦᠭᠡᠢ ᠪᠤᠯ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《ᠵᠠᠬ᠎ᠠ ᠳᠡᠯᠭᠡᠭᠦᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠴᠢᠳᠠᠪᠤᠷᠢᠲᠠᠨ᠎ᠤ ᠰᠠᠭ᠋ᠠᠳ ᠦᠭᠡᠢ ᠡᠮᠬᠢ ᠵᠢᠷᠤᠮ᠎ᠲᠠᠢ ᠰᠢᠯᠵᠢᠬᠦ ᠵᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
7. ᠠᠯᠪᠠᠲᠠᠨ ᠡᠯᠰᠡᠬᠦ᠂ ᠰᠢᠯᠢᠨ ᠰᠣᠩᠭᠣᠬᠤ ᠪᠤᠶᠤ ᠠᠵᠢᠯ ᠦᠢ᠍ᠯᠡᠰ᠎ᠤᠨ ᠨᠢᠬᠡᠴᠢ ᠵᠢᠨ ᠢᠯᠡ᠎ᠪᠠᠷ ᠤᠷᠢᠨ ᠬᠡᠷᠡᠭᠯᠡᠬᠦ ᠳᠤᠮᠳᠠ ᠬᠡᠮ ᠬᠢᠭᠰᠡᠨ ᠵᠡᠷᠭᠡ ᠡᠯᠰᠡᠨ ᠬᠡᠷᠡᠭᠯᠡᠬᠦ᠂ ᠤᠷᠢᠨ ᠬᠡᠷᠡᠭᠯᠡᠬᠦ ᠰᠠᠬᠢᠯᠭ᠎ᠠ ᠪᠠᠲᠤ ᠵᠢ ᠬᠦᠨᠳᠦ ᠨᠣᠴᠢᠲᠠᠢ ᠵᠥᠷᠢᠴᠡᠭᠰᠡᠨ ᠪᠥᠭᠡᠳ ᠰᠢᠯᠭ᠋ᠠᠭᠤᠯᠵᠤ ᠪᠤᠯᠬᠤ ᠦᠬᠡᠢ ᠬᠤᠭᠤᠴᠠᠭ᠋ᠠᠨ᠎ᠳᠤ᠎ᠪᠠᠨ ᠪᠠᠢ᠌ᠭ᠎ᠠ ᠬᠥᠮᠥᠨ᠃ 8. 2023 ᠣᠨ᠎ᠳᠤ ᠥᠷᠢᠰᠦᠯᠳᠦᠭᠡᠨᠲᠦ ᠴᠢᠨᠠᠷᠲᠠᠢ ᠠᠳᠠᠯᠢᠳᠬᠠᠨ ᠰᠣᠡᠭᠭᠤᠬᠤ ᠰᠢᠯᠭ᠋ᠠᠯᠳᠠ᠎ᠳᠤ ᠬᠣᠶᠠᠷ ᠤᠳᠠᠭ᠎ᠠ ᠣᠷᠣᠯᠴᠠᠵᠤ ᠥᠩᠭᠡᠷᠡᠭᠰᠡᠨ ᠬᠥᠮᠥᠨ᠃
9. ᠬᠠᠤᠯᠢ ᠴᠠᠭ᠋ᠠᠵᠠ᠂ ᠬᠠᠤᠯᠢ ᠲᠦᠷᠢᠮ᠎ᠳᠤ ᠲᠣᠭᠲᠠᠭ᠋ᠠᠭᠰᠠᠨ ᠪᠤᠰᠤᠳ ᠪᠠᠢ᠌ᠳᠠᠯ ᠪᠤᠯᠤᠨ ᠵᠣᠬᠢᠶᠠᠨ ᠪᠠᠢ᠌ᠭᠤᠯᠤᠯᠲᠠ ᠠᠵᠢᠯᠲᠠᠨ᠎ᠤ ᠶᠠᠪᠤᠳᠠᠯ᠎ᠤᠨ ᠠᠵᠢᠯ᠎ᠤᠨ ᠬᠢᠵᠠᠭ᠋ᠠᠷᠯᠠᠬᠤ ᠴᠢᠨᠠᠷᠲᠠᠢ ᠲᠣᠭᠲᠠᠭ᠋ᠠᠯ᠎ᠢ ᠵᠥᠷᠢᠴᠡᠭᠰᠡᠨ ᠬᠥᠮᠥᠨ᠃
10. ᠠᠵᠢᠯ ᠰᠢᠯᠵᠢᠭᠦᠯᠦᠭᠰᠡᠨᠤ ᠲᠠᠷᠠᠭ᠎ᠠ ᠵᠠᠢ᠌ᠯᠬᠤ ᠴᠢᠬᠤᠯᠠᠲᠠᠢ ᠪᠠᠢ᠌ᠳᠠᠯ᠎ᠲᠠᠢ ᠬᠥᠮᠥᠨ᠃
ᠭᠤᠷᠪᠠ᠂ ᠠᠳᠠᠯᠢᠳᠬᠠᠨ ᠰᠣᠩᠭᠣᠬᠤ ᠠᠷᠭ᠎ᠠ
ᠰᠢᠯᠭ᠋ᠠᠬᠤ ᠪᠠ ᠪᠠᠢ᠌ᠴᠠᠭ᠋ᠠᠬᠤ ᠵᠢ ᠤᠶᠠᠯᠳᠤᠭᠤᠯᠵᠤ ᠰᠣᠡᠭᠭᠤᠨᠠ᠃
(ᠨᠢᠭᠡ) ᠡᠯ᠎ᠡ ᠠᠳᠠᠯᠢᠳᠬᠠᠨ ᠰᠣᠩᠭᠣᠬᠤ ᠠᠵᠢᠯ᠎ᠤᠨ ᠪᠠᠢ᠌ᠷᠢ᠎ᠳᠤ ᠨᠡᠷ᠎ᠡ ᠮᠡᠳᠡᠬᠦᠯᠦᠭᠰᠡᠳ᠎ᠤᠨ ᠲᠣᠭ᠎ᠠ ᠪᠣᠯᠣᠨ ᠠᠳᠠᠯᠢᠳᠬᠠᠨ ᠰᠤᠡᠭᠭᠤᠵᠤ ᠠᠪᠬᠤ᠎ᠪᠠᠷ ᠪᠠᠢ᠌ᠭ᠎ᠠ ᠬᠥᠮᠥᠨ᠎ᠤ ᠲᠣᠭ᠎ᠠ᠎ᠨᠢ ᠬᠠᠮᠤᠭ᠎ᠤᠨ ᠪᠠᠭ᠎ᠠ᠎ᠳᠤ᠎ᠪᠠᠨ 3:1᠎ᠠᠴᠠ ᠳᠣᠷᠣᠭᠰᠢ ᠪᠠᠢ᠌ᠵᠤ ᠪᠣᠯᠬᠤ ᠦᠭᠡᠢ᠃ ᠲᠣᠭᠲᠠᠭ᠋ᠠᠭᠰᠠᠨ ᠬᠠᠷᠢᠴᠠᠯ᠎ᠳᠤ ᠬᠦᠷᠬᠦ ᠦᠭᠡᠢ ᠪᠤᠯ ᠲᠤᠰ ᠠᠵᠢᠯ᠎ᠤᠨ ᠪᠠᠢ᠌ᠷᠢ ᠵᠢᠨ ᠠᠳᠠᠯᠢᠳᠬᠠᠨ ᠰᠣᠩᠭᠣᠯᠲᠠ ᠵᠢ ᠬᠦᠴᠦᠨ ᠦᠭᠡᠢ ᠪᠣᠯᠭ᠋ᠠᠨ᠎ᠠ᠃
(ᠬᠣᠶᠠᠷ) ᠪᠢᠷ᠎ᠤᠨ ᠰᠢᠯᠭ᠋ᠠᠯᠲᠠ ᠪᠠ ᠨᠢᠭᠤᠷᠳᠠᠨ ᠰᠢᠯᠭ᠋ᠠᠯᠲᠠ᠎ᠪᠠᠷ ᠰᠤᠡᠭᠭᠤᠨᠠ᠃ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠬᠢᠷᠢ ᠲᠡᠩᠴᠡᠬᠦ ᠬᠤᠪᠢ᠎ᠠᠴᠠ ᠲᠡᠭᠡᠭᠰᠢᠬᠢ ᠮᠥᠷᠲᠡᠭᠡᠨ ᠬᠤᠪᠢ᠎ᠨᠢ ᠥᠨᠳᠥᠷ᠎ᠠᠴᠠ ᠳᠣᠷᠣᠭᠰᠢ ᠳᠠᠷᠠᠭ᠋ᠠᠯᠠᠯ ᠵᠶ᠋ᠡᠷ ᠬᠢᠷᠢ ᠬᠡᠮ᠎ᠢ ᠳᠠᠬᠢᠨ ᠬᠢᠨᠠᠬᠤ ᠬᠡᠪᠴᠢᠶᠡᠨ᠎ᠳᠤ ᠣᠷᠣᠭᠰᠠᠳᠢ ᠲᠤᠬᠳᠠᠭ᠋ᠠᠨ᠎ᠠ᠃ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠠᠳᠠᠯᠢ ᠪᠦᠬᠡᠳ 3᠄ 1 ᠵᠢ ᠳᠠᠪᠠᠭᠰᠠᠨ ᠪᠤᠯ᠂ ᠬᠢᠷᠢ ᠬᠡᠮ᠎ᠢ ᠳᠠᠬᠢᠨ ᠬᠢᠨᠠᠬᠤ ᠬᠡᠪᠴᠢᠶᠡᠨ᠎ᠳᠤ ᠵᠡᠷᠭᠡ᠎ᠳᠤ᠎ᠨᠢ ᠤᠷᠤᠭᠤᠯᠤᠨ᠎ᠠ᠂ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠬᠢᠷᠢ ᠲᠡᠩᠴᠡᠬᠦ ᠬᠤᠪᠢ᠎ᠳᠤ ᠬᠦᠷᠦᠭᠰᠡᠨ ᠬᠥᠮᠥᠨ᠎ᠤ ᠲᠣᠭ᠎ᠠ 3᠄ 1 ᠬᠦᠷᠬᠦ ᠦᠭᠡᠢ ᠪᠤᠯ ᠪᠣᠳᠠᠲᠠᠢ ᠪᠠᠢ᠌ᠭ᠎ᠠ ᠬᠥᠮᠥᠨ᠎ᠤ ᠲᠣᠭ᠎ᠠ᠎ᠪᠠᠷ ᠬᠢᠷᠢ ᠬᠡᠮ᠎ᠢ ᠳᠠᠬᠢᠨ ᠬᠢᠨᠠᠬᠤ ᠬᠡᠪᠴᠢᠶᠡᠨ᠎ᠳᠤ ᠤᠷᠤᠬᠰᠠᠳᠢ ᠲᠣᠭᠲᠠᠭ᠋ᠠᠨ᠎ᠠ᠃ ᠬᠢᠷᠢ ᠬᠡᠮ᠎ᠢ ᠳᠠᠬᠢᠨ ᠬᠢᠨᠠᠬᠤ ᠪᠠ ᠨᠥᠬᠦᠪᠦᠷᠢᠯᠡᠭᠰᠡᠨᠤ ᠳᠠᠷᠠᠭ᠎ᠠ 3᠄ 1 ᠬᠦᠷᠬᠦ ᠦᠭᠡᠢ ᠪᠤᠯ ᠪᠣᠳᠠᠲᠠᠢ ᠬᠥᠮᠥᠨ᠎ᠤ ᠲᠣᠭ᠎ᠠ᠎ᠪᠠᠷ ᠨᠢᠭᠤᠷᠲᠠᠨ ᠰᠢᠯᠭ᠋ᠠᠬᠤ ᠬᠡᠪᠴᠢᠶᠡᠨ᠎ᠳᠤ ᠣᠷᠣᠭᠰᠠᠳᠢ ᠲᠣᠭᠲᠠᠭ᠋ᠠᠨ᠎ᠠ᠃
(ᠭᠤᠷᠪᠠ) ᠪᠠᠢ᠌ᠴᠠᠭ᠋ᠠᠬᠤ᠎ᠳᠤ᠎ᠪᠠᠨ ᠪᠠᠢ᠌ᠴᠠᠭ᠋ᠠᠬᠳᠠᠬ᠍ᠴᠢ ᠵᠢ ᠨᠢᠭᠤᠷᠲᠠᠨ ᠰᠢᠯᠭ᠋ᠠᠯᠲᠠ ᠵᠢᠨ ᠬᠢᠷᠢ ᠪᠦᠲᠦᠮᠵᠢ ᠵᠢᠨ ᠥᠨᠳᠥᠷ᠎ᠠᠴᠠ᠎ᠨᠢ ᠳᠣᠷᠣᠭᠰᠢ ᠳᠠᠷᠠᠭ᠋ᠠᠯᠠᠨ ᠲᠣᠭᠲᠠᠭ᠋ᠠᠵᠤ ᠪᠠᠢ᠌ᠴᠠᠭ᠋ᠠᠬᠳᠠᠬᠤ ᠭᠣᠭᠴᠣᠭ᠎ᠠ᠎ᠳᠤ ᠣᠷᠣᠭᠰᠠᠨ ᠵᠢᠱ᠌ᠢᠭᠳᠡᠭᠴᠢ ᠪᠤᠯᠤᠨ ᠠᠳᠠᠯᠢᠳᠬᠠᠨ ᠰᠤᠡᠭᠭᠤᠬᠤ ᠠᠵᠢᠯ᠎ᠤᠨ ᠪᠠᠢ᠌ᠷᠢ ᠵᠢᠨ ᠬᠠᠷᠢᠴᠠᠯ᠎ᠢ ᠡᠩ᠎ᠤᠨ ᠪᠠᠢ᠌ᠳᠠᠯ᠎ᠳᠤ 2:1᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠂ ᠬᠠᠷᠢᠴᠠᠯ᠎ᠨᠢ 2:1᠎ᠠᠴᠠ ᠳᠣᠣᠷ᠎ᠠ ᠪᠤᠯ᠂ ᠨᠢᠭᠤᠷᠲᠠᠨ ᠰᠢᠯᠭ᠋ᠠᠯᠳᠠ᠎ᠳᠤ ᠬᠢᠷᠢ ᠲᠡᠡᠭᠴᠡᠭᠰᠡᠨ ᠬᠥᠮᠥᠨ᠎ᠤ ᠲᠣᠭ᠎ᠠ᠎ᠪᠠᠷ ᠪᠠᠢ᠌ᠴᠠᠭ᠋ᠠᠬᠤ ᠬᠡᠪᠴᠢᠶ᠎ᠡ᠎ᠳᠤ ᠣᠷᠣᠭᠤᠯᠬᠤ ᠬᠦᠮᠦᠨ᠎ᠢ ᠲᠣᠭᠲᠠᠭ᠋ᠠᠨ᠎ᠠ᠃ ᠨᠢᠭᠤᠷᠳᠠᠨ ᠰᠢᠯᠭ᠋ᠠᠯᠳᠠ᠎ᠳᠤ ᠨᠢᠭᠡ ᠠᠵᠢᠯ᠎ᠤᠨ ᠪᠠᠢ᠌ᠷᠢ᠎ᠳᠤ ᠦᠷᠢᠰᠤᠯᠳᠦᠭᠴᠢ ᠵᠢᠨ ᠬᠠᠮᠤᠭ᠎ᠤᠨ ᠰᠡᠭᠦᠯᠴᠢ ᠵᠢᠨ ᠨᠢᠭᠤᠷᠳᠠᠨ ᠰᠢᠯᠭ᠋ᠠᠭᠰᠠᠳᠤᠨ ᠨᠢᠭᠤᠷᠳᠠᠨ ᠰᠢᠯᠭ᠋ᠠᠯᠳᠠ ᠵᠢᠨ ᠬᠤᠪᠢ᠎ᠨᠢ ᠠᠳᠠᠯᠢ ᠪᠤᠯ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ ᠵᠢᠨ ᠥᠨᠳᠥᠷ ᠳᠣᠣᠷ᠎ᠠ᠎ᠪᠠᠷ ᠪᠠᠢ᠌ᠴᠠᠭ᠋ᠠᠯᠲᠠ᠎ᠳᠤ ᠣᠷᠣᠬᠤ ᠡᠰᠡᠬᠦ ᠵᠢ ᠲᠣᠭᠲᠠᠭ᠋ᠠᠨ᠎ᠠ᠃
(ᠳᠥᠷᠪᠡ) ᠪᠠᠢ᠌ᠴᠠᠭ᠋ᠠᠯᠳᠠ ᠵᠢ ᠦᠨᠳᠤᠰᠤᠯᠡᠨ 1᠄ 1 ᠵᠢᠨ ᠬᠠᠷᠢᠴᠠᠯ ᠵᠶ᠋ᠠᠷ ᠰᠢᠯᠢᠳᠡᠭ᠎ᠢ᠎ᠨᠢ ᠰᠣᠩᠭᠣᠵᠤ ᠰᠢᠯᠵᠢᠭᠦᠯᠬᠦ᠎ᠪᠠᠷ ᠪᠠᠢ᠌ᠭ᠎ᠠ ᠵᠢᠱ᠌ᠢᠭᠳᠡᠭᠴᠢ ᠵᠢ ᠲᠣᠭᠲᠠᠭ᠋ᠠᠨ᠎ᠠ᠃
(ᠲᠠᠪᠤ) ᠠᠵᠢᠯ᠎ᠤᠨ ᠪᠠᠢ᠌ᠷᠢ ᠵᠢᠨ ᠪᠠᠢ᠌ᠴᠠᠭ᠋ᠠᠯᠲᠠ ᠬᠢᠬᠦ᠎ᠠᠴᠠ ᠡᠮᠦᠨ᠎ᠡ ᠡᠯ᠎ᠡ ᠭᠣᠭᠴᠣᠭ᠎ᠠ᠎ᠳᠤ ᠣᠷᠣᠨ ᠲᠣᠭ᠎ᠠ ᠲᠤᠳᠠᠪᠠᠯ ᠲᠠᠰ ᠳᠠᠷᠠᠭ᠋ᠠᠯᠠᠨ ᠨᠥᠬᠥᠪᠦᠷᠢᠯᠡᠵᠦ᠂ ᠠᠳᠠᠯᠢ ᠨᠢᠭᠡ ᠠᠵᠢᠯ᠎ᠤᠨ ᠪᠠᠢ᠌ᠷᠢ᠎ᠳᠤ ᠨᠢᠭᠡ ᠯᠨ ᠤᠳᠠᠭ᠎ᠠ ᠨᠦᠬᠦᠪᠤᠷᠢᠯᠡᠨ᠎ᠡ᠃
(ᠵᠢᠷᠭᠤᠭ᠎ᠠ) ᠲᠣᠬᠢᠷᠠᠮᠵᠢᠲᠠᠢ ᠬᠥᠮᠥᠨ ᠦᠭᠡᠢ ᠪᠣᠯ ᠡᠯᠰᠡᠬᠦ ᠪᠠᠨ ᠪᠤᠯᠢᠵᠤ᠂ ᠲᠤᠰ ᠲᠥᠯᠥᠪᠯᠡᠭᠡ ᠵᠢ ᠬᠦᠴᠦᠨ ᠦᠭᠡᠢ ᠪᠣᠯᠭ᠋ᠠᠨ᠎ᠠ᠃
ᠳᠥᠷᠪᠡ᠂ ᠬᠡᠷᠡᠭᠵᠢᠭᠦᠯᠬᠦ ᠳᠠᠷᠠᠭ᠋ᠠᠯᠠᠯ
(ᠨᠢᠭᠡ) ᠠᠯᠪᠠᠨ ᠵᠠᠷᠯᠠᠯ ᠨᠡᠢ᠌ᠲᠡᠯᠡᠨ᠎ᠡ᠃
ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠰᠦᠯᠵᠢᠶ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠠᠯᠪᠠᠨ᠎ᠤ ᠰᠦᠯᠵᠢᠶ᠎ᠡ ᠲᠡᠬᠡᠷ᠎ᠡ ᠠᠯᠪᠠᠨ ᠵᠠᠷ ᠨᠡᠢ᠌ᠳᠡᠯᠡᠨ᠎ᠡ᠃
(ᠬᠣᠶᠠᠷ) ᠨᠡᠷ᠎ᠡ ᠮᠡᠳᠡᠭᠦᠯᠬᠦ ᠪᠠ ᠬᠢᠷᠢ ᠬᠡᠮ᠎ᠢ ᠬᠢᠨᠠᠨ ᠪᠠᠢ᠌ᠴᠠᠭ᠋ᠠᠬᠤ
ᠲᠤᠰ ᠤᠳᠠᠭ᠋ᠠᠨ᠎ᠤ ᠠᠳᠠᠯᠢᠳᠬᠠᠨ ᠰᠣᠩᠭᠣᠯᠲᠠ᠎ᠨᠢ ᠬᠤᠪᠢ ᠬᠥᠮᠥᠨ ᠰᠠᠢ᠌ᠨ ᠳᠤᠷ᠎ᠠ᠎ᠠᠴᠠ᠎ᠪᠠᠨ ᠪᠥᠭᠡᠳ ᠵᠣᠬᠢᠶᠠᠨ ᠪᠠᠢ᠌ᠭᠤᠯᠤᠯᠲᠠ ᠵᠢᠨ ᠵᠥᠪᠰᠢᠶᠡᠷᠡᠯ ᠵᠶ᠋ᠡᠷ ᠲᠠᠨᠢᠯᠴᠠᠭᠤᠯᠬᠤ ᠠᠷᠭ᠎ᠠ᠎ᠪᠠᠷ ᠨᠡᠷ᠎ᠡ ᠮᠡᠳᠡᠭᠦᠯᠦᠨ᠎ᠡ᠂ ᠨᠡᠷ᠎ᠡ ᠮᠡᠳᠡᠭᠦᠯᠬᠦ ᠴᠠᠭ᠎ᠨᠢ᠄ 2023 ᠣᠨ᠎ᠤ 9 ᠳ᠋ᠤᠬᠡᠷ ᠰᠠᠷ᠎ᠠ ᠵᠢᠨ 12᠎ᠤᠨ ᠡᠳᠦᠷ᠎ᠤᠨ 10᠄ 00᠎ᠠᠴᠠ 9 ᠳ᠋ᠦ᠍ᠭᠡᠷ ᠰᠠᠷ᠎ᠠ ᠵᠢᠨ 21᠎ᠤ ᠡᠳᠦᠷ᠎ᠤᠨ 17᠄ 00 ᠪᠣᠯᠲᠠᠯ᠎ᠠ᠂ ᠪᠣᠳᠠᠲᠠᠢ ᠠᠯᠬᠤᠮ ᠳᠠᠷᠠᠭ᠎ᠠ᠎ᠨᠢ ᠲᠠᠷᠠᠭ᠋ᠠᠬᠢ ᠮᠡᠲᠦ᠄
1. ᠨᠡᠷ᠎ᠡ ᠮᠡᠳᠡᠭᠦᠯᠦᠭᠰᠡᠳ ᠲᠣᠭᠲᠠᠭᠰᠠᠨ ᠨᠡᠷ᠎ᠡ ᠮᠡᠳᠡᠭᠦᠯᠬᠦ ᠴᠠᠭ᠎ᠤᠨ ᠲᠤᠳᠤᠷ᠎ᠠ www.nmrcks.net᠎ᠳᠤ ᠭᠠᠷᠴᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠂ ᠨᠡᠷ᠎ᠡ ᠮᠡᠳᠡᠭᠦᠯᠬᠦ ᠮᠡᠳᠡᠭᠡ ᠵᠠᠩᠭᠢ᠎ᠪᠠᠨ ᠱᠠᠭ᠋ᠠᠷᠳᠠᠯᠭ᠎ᠠ ᠶᠣᠰᠣᠭ᠋ᠠᠷ ᠲᠠᠭᠯᠠᠨ᠎ᠠ᠂ ᠨᠡᠷ᠎ᠡ ᠮᠡᠳᠡᠭᠦᠯᠦᠭᠰᠡᠳ ᠨᠢᠭᠡ ᠯᠡ ᠠᠵᠢᠯ᠎ᠤᠨ ᠪᠠᠢ᠌ᠷᠢ᠎ᠳᠤ ᠮᠡᠳᠡᠭᠦᠯᠵᠦ ᠪᠣᠯᠬᠤ ᠮᠥᠷᠲᠡᠭᠡᠨ ᠡᠷᠬᠡᠪᠰᠢ ᠬᠦᠴᠦᠨ ᠪᠦᠬᠦᠢ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ (ᠪᠤᠶᠤ ᠫᠠᠰᠫᠣᠷᠲ)᠎ᠢ ᠬᠡᠷᠡᠭᠯᠡᠨ ᠨᠡᠷ᠎ᠡ ᠮᠡᠳᠡᠭᠦᠯᠬᠦ ᠬᠡᠷᠡᠭᠲᠡᠢ᠂ ᠨᠡᠷ᠎ᠡ ᠮᠡᠳᠡᠭᠦᠯᠬᠦ ᠪᠠ ᠪᠢᠷ᠎ᠤᠨ ᠰᠢᠯᠭ᠋ᠠᠯᠲᠠ᠂ ᠨᠢᠭᠤᠷᠲᠠᠨ ᠰᠢᠯᠭ᠋ᠠᠯᠲᠠ᠎ᠳᠤ ᠣᠷᠣᠯᠴᠠᠬᠤ᠎ᠳᠤ ᠬᠡᠷᠡᠭᠯᠡᠬᠦ ᠦᠨᠡᠮᠯᠡᠯ᠎ᠨᠢ ᠵᠠᠪᠠᠯ ᠨᠢᠭᠡᠳᠦᠯᠲᠡᠢ ᠪᠠᠢ᠌ᠬᠤ ᠬᠡᠷᠡᠭᠲᠡᠢ᠃
2. ᠨᠡᠷ᠎ᠡ ᠮᠡᠳᠡᠭᠦᠯᠦᠭᠰᠡᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠬᠠᠷᠢᠶ᠎ᠠ ᠠᠵᠢᠯ ᠦᠢ᠍ᠯᠡᠰ᠎ᠤᠨ ᠨᠢᠬᠡᠴᠢ ᠵᠢᠨ ᠥᠷᠢᠰᠦᠯᠳᠦᠭᠡᠨᠲᠦ ᠴᠢᠨᠠᠷᠲᠠᠢ᠎ᠪᠠᠷ ᠠᠵᠢᠯᠲᠠᠨ ᠠᠳᠠᠯᠢᠳᠬᠠᠨ ᠰᠤᠡᠭᠭᠤᠬᠤ᠎ᠳᠤ ᠨᠡᠷ᠎ᠡ ᠮᠡᠳᠡᠭᠦᠯᠬᠦ ᠬᠦᠰᠦᠨᠦᠭᠲᠦ》 (《ᠠᠳᠠᠯᠢᠳᠬᠠᠨ ᠰᠣᠩᠭᠣᠬᠤ᠎ᠳᠤ ᠨᠡᠷ᠎ᠡ ᠮᠡᠳᠡᠭᠦᠯᠬᠦ ᠬᠦᠰᠦᠨᠦᠭᠲᠦ》 ᠭᠡᠵᠦ ᠲᠣᠪᠴᠢᠯᠠᠨ᠎ᠠ) ᠪᠣᠯᠣᠨ 《ᠰᠢᠯᠭ᠋ᠠᠯᠲᠠ ᠵᠢᠨ ᠢᠲᠡᠭᠡᠮᠵᠢ ᠵᠢᠨ ᠠᠮᠠᠯᠠᠯᠲᠠ ᠵᠢᠨ ᠪᠢᠴᠢᠭ》᠎ᠢ ᠪᠠᠭᠤᠯᠭ᠋ᠠᠵᠤ᠂ ᠲᠠᠭᠯᠠᠵᠤ ᠲᠠᠷᠤᠮᠠᠯᠯᠠᠭ᠋ᠠᠳ᠂ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠡᠷᠬᠡ᠎ᠲᠠᠢ ᠰᠠᠯᠠᠭ᠎ᠠ ᠮᠥᠴᠢᠷ᠎ᠤᠨ ᠠᠯᠪᠠᠨ ᠲᠠᠮᠠᠭ᠎ᠠ᠎ᠲᠠᠢ 《ᠠᠳᠠᠯᠢᠳᠬᠠᠨ ᠰᠤᠡᠭᠭᠤᠬᠤ᠎ᠳᠤ ᠨᠡᠷ᠎ᠡ ᠮᠡᠳᠡᠭᠦᠯᠬᠦ ᠬᠦᠰᠦᠨᠦᠭᠲᠦ》 ᠪᠠ ᠭᠠᠷᠤᠨ ᠥᠰᠥᠭ᠎ᠲᠠᠢ 《ᠰᠢᠯᠭ᠋ᠠᠯᠲᠠ ᠵᠢᠨ ᠢᠲᠡᠭᠡᠮᠵᠢ ᠵᠢᠨ ᠠᠮᠠᠯᠠᠯᠲᠠ ᠵᠢᠨ ᠪᠢᠴᠢᠭ》᠎ᠤᠨ ᠰᠢᠷᠪᠢᠯᠲᠡ (PDF ᠬᠡᠯᠪᠡᠷᠢ) ᠬᠡᠪ᠎ᠢ ᠨᠡᠷ᠎ᠡ ᠮᠡᠳᠡᠭᠦᠯᠬᠦ ᠰᠢᠰᠲ᠋ᠧᠮ᠎ᠳᠤ ᠳᠠᠮᠵᠢᠭᠤᠯᠤᠨ᠎ᠠ᠃ ᠡᠳᠡᠬᠡᠷ ᠨᠡᠷ᠎ᠡ ᠮᠡᠳᠡᠭᠦᠯᠬᠦ ᠠᠯᠬᠤᠮ ᠳᠠᠷᠠᠭ᠎ᠠ ᠵᠢ ᠲᠣᠭᠲᠠᠭᠰᠠᠨ ᠴᠠᠭ᠎ᠲᠤ ᠪᠡᠶᠡᠯᠡᠬᠦᠯᠦᠭᠰᠡᠨ ᠦᠬᠡᠢ ᠪᠤᠯ ᠨᠡᠷ᠎ᠡ ᠮᠡᠳᠡᠭᠦᠯᠬᠦ ᠬᠢᠷᠢ ᠬᠡᠮ ᠵᠶ᠋ᠡᠨ ᠰᠠᠨᠠᠭ᠋ᠠᠴᠢᠯᠠᠭ᠎ᠠ᠎ᠠᠴᠠ᠎ᠪᠠᠨ ᠲᠠᠶᠠᠭᠳᠠᠭᠰᠠᠨ ᠵᠶ᠋ᠡᠷ ᠪᠤᠳᠤᠨ᠎ᠠ᠃
3. ᠨᠡᠷ᠎ᠡ ᠮᠡᠳᠡᠬᠦᠯᠬᠦ ᠠᠵᠢᠯ ᠳᠠᠭᠤᠰᠤᠭᠰᠠᠨ᠎ᠤ ᠳᠠᠷᠠᠭ᠎ᠠ᠂ ᠨᠡᠷ᠎ᠡ ᠮᠡᠳᠡᠬᠦᠯᠦᠭᠰᠡᠳ᠎ᠤᠨ ᠲᠣᠭ᠎ᠠ ᠪᠣᠯᠣᠨ ᠠᠳᠠᠯᠢᠳᠬᠠᠨ ᠰᠣᠩᠭᠣᠬᠤ᠎ᠪᠠᠷ ᠪᠠᠢ᠌ᠭ᠎ᠠ ᠬᠥᠮᠥᠨ᠎ᠤ ᠲᠣᠭ᠎ᠠ ᠵᠢᠨ ᠬᠠᠷᠢᠴᠠᠯ᠎ᠨᠢ ᠲᠣᠭᠲᠠᠭᠰᠠᠨ ᠰᠢᠯᠭ᠋ᠠᠬᠤ ᠬᠠᠷᠢᠴᠠᠯ᠎ᠳᠤ ᠬᠦᠷᠦᠭᠰᠡᠨ ᠦᠭᠡᠢ ᠪᠣᠯ ᠰᠢᠯᠭ᠋ᠠᠯᠳᠠ ᠵᠢ ᠬᠦᠴᠦᠨ ᠦᠭᠡᠢ ᠪᠣᠯᠭ᠋ᠠᠨ᠎ᠠ᠃ ᠬᠦᠴᠦᠨ ᠦᠭᠡᠢ ᠪᠣᠯᠭ᠋ᠠᠭᠰᠠᠨ᠎ᠤ ᠳᠠᠷᠠᠭ᠋ᠠᠬᠢ ᠠᠵᠢᠯ᠎ᠤᠨ ᠪᠠᠢ᠌ᠷᠢ ᠵᠢ ᠨᠡᠷ᠎ᠡ ᠮᠡᠳᠡᠭᠦᠯᠵᠦ ᠳᠠᠭᠤᠰᠤᠭᠰᠠᠨ᠎ᠤ ᠳᠠᠷᠠᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠠᠯᠪᠠᠨ᠎ᠤ ᠰᠦᠯᠵᠢᠶ᠎ᠡ (ᠰᠦᠯᠵᠢᠶᠡᠨ᠎ᠤ ᠬᠠᠶᠢᠭ᠄ http://mw.nmg.gov.cn/) ᠳᠡᠭᠡᠷ᠎ᠡ ᠨᠡᠢ᠌ᠲᠡᠯᠡᠨ᠎ᠡ᠃
4. ᠬᠢᠷᠢ ᠬᠡᠮ᠎ᠤᠨ ᠬᠢᠨᠠᠨ ᠪᠠᠢ᠌ᠴᠠᠭ᠋ᠠᠯᠲᠠ᠎ᠳᠤ ᠬᠢᠷᠢ ᠬᠦᠷᠦᠭᠰᠡᠨ ᠨᠡᠷ᠎ᠡ ᠮᠡᠳᠡᠭᠦᠯᠦᠭᠰᠡᠳ 2023 ᠣᠨ᠎ᠤ 9 ᠳ᠋ᠤᠬᠡᠷ ᠰᠠᠷ᠎ᠠ ᠵᠢᠨ 23᠎ᠤ ᠡᠳᠦᠷ᠎ᠤᠨ
9᠄ 00᠎ᠠᠴᠠ 9 ᠳ᠋ᠤᠬᠡᠷ ᠰᠠᠷ᠎ᠠ ᠵᠢᠨ 25᠎ᠤ ᠡᠳᠦᠷ᠎ᠤᠨ 17᠄ 00 ᠬᠦᠷᠲᠡᠯ᠎ᠡ ᠨᠡᠷ᠎ᠡ ᠮᠡᠳᠡᠭᠦᠯᠬᠦ ᠰᠦᠯᠵᠢᠶᠡᠨ᠎ᠳᠤ ᠭᠠᠷᠴᠤ ᠰᠢᠯᠭ᠋ᠠᠭᠤᠯᠬᠤ ᠵᠥᠪᠰᠢᠶᠡᠷᠡᠯ᠎ᠤᠨ ᠦᠨᠡᠮᠯᠡᠯ (A4 ᠴᠠᠭ᠋ᠠᠰᠤ)᠎ᠢ ᠪᠠᠭᠤᠯᠭ᠋ᠠᠵᠤ ᠳᠠᠷᠤᠮᠠᠯᠯᠠᠨ᠎ᠠ᠃
(ᠭᠤᠷᠪᠠ) ᠪᠢᠷ᠎ᠤᠨ ᠰᠢᠯᠭ᠋ᠠᠯᠲᠠ
1. ᠪᠢᠷ᠎ᠤᠨ ᠰᠢᠯᠭ᠋ᠠᠯᠲᠠ ᠵᠢ 2023 ᠣᠨ᠎ᠤ 9 ᠳ᠋ᠤᠬᠡᠷ ᠰᠠᠷ᠎ᠠ ᠵᠢᠨ 26᠎ᠤ ᠡᠳᠦᠷ ᠬᠥᠬᠡᠬᠣᠲᠠ᠎ᠳᠤ ᠲᠤᠬᠢᠷᠠᠭᠤᠯᠤᠨ᠎ᠠ᠂ ᠪᠣᠳᠠᠲᠠᠢ ᠴᠠᠭ᠂ ᠭᠠᠵᠠᠷ᠎ᠢ ᠰᠢᠯᠭ᠋ᠠᠭᠤᠯᠬᠤ ᠵᠥᠪᠰᠢᠶᠡᠷᠡᠯ᠎ᠤᠨ ᠦᠨᠡᠮᠯᠡᠯ ᠲᠡᠬᠡᠷ᠎ᠡ᠎ᠠᠴᠠ ᠦᠵᠡᠬᠡᠷᠡᠢ᠃ ᠨᠡᠷ᠎ᠡ ᠮᠡᠳᠡᠭᠦᠯᠦᠭᠰᠡᠳ ᠪᠡᠶ᠎ᠡ ᠵᠢᠨ ᠦᠨᠡᠮᠯᠡᠯ (ᠪᠤᠶᠤ ᠫᠠᠰᠫᠣᠷᠲ) ᠪᠠ ᠰᠢᠯᠭ᠋ᠠᠭᠤᠯᠬᠤ ᠵᠥᠪᠰᠢᠶᠡᠷᠡᠯ᠎ᠤᠨ ᠦᠨᠡᠮᠯᠡᠯ ᠵᠶ᠋ᠡᠨ ᠠᠪᠴᠤ ᠪᠢᠷ᠎ᠤᠨ ᠰᠢᠯᠭ᠋ᠠᠯᠲᠠ᠎ᠳᠤ ᠣᠷᠣᠯᠴᠠᠬᠤ ᠬᠡᠷᠡᠭᠲᠡᠢ᠃
2. ᠪᠢᠷ᠎ᠤᠨ ᠰᠢᠯᠭ᠋ᠠᠯᠲᠠ 100 ᠬᠤᠪᠢ᠂ ᠴᠥᠮ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠢᠯᠭ᠋ᠠᠯᠲᠠ ᠵᠢᠨ ᠬᠠᠭᠤᠳᠠᠰᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠡᠷ ᠬᠠᠷᠢᠭᠤᠯᠬᠤ ᠬᠡᠷᠡᠭᠲᠡᠢ᠂ ᠲᠤᠬᠳᠠᠭ᠋ᠠᠬᠰᠠᠨ ᠦᠰᠦᠭ ᠪᠢᠴᠢᠭ ᠵᠶ᠋ᠡᠷ ᠬᠠᠷᠢᠭᠤᠯᠬᠤ ᠦᠭᠡᠢ ᠪᠣᠯ ᠲᠡᠭ ᠬᠤᠪᠢ᠎ᠪᠠᠷ ᠪᠤᠳᠤᠨ᠎ᠠ᠃
3. ᠪᠢᠷ᠎ᠤᠨ ᠰᠢᠯᠭ᠋ᠠᠯᠲᠠ᠎ᠳᠤ ᠭᠣᠣᠯᠳᠠᠭᠤ ᠤᠯᠤᠰ ᠲᠥᠷᠥ ᠵᠢᠨ ᠪᠣᠯᠪᠠᠰᠤᠷᠠᠯ᠂ ᠲᠥᠷᠥ ᠵᠢᠨ ᠪᠣᠳᠣᠯᠭ᠎ᠠ ᠣᠨᠣᠯ᠎ᠤᠨ ᠬᠢᠷᠢ ᠲᠦᠪᠰᠢᠨ᠂ ᠠᠰᠠᠭᠤᠳᠠᠯ᠎ᠢ ᠵᠠᠳᠠᠯᠬᠤ ᠪᠠ ᠰᠢᠢ᠍ᠳᠪᠦᠷᠢᠯᠡᠬᠦ ᠴᠢᠳᠠᠪᠤᠷᠢ ᠵᠢ ᠰᠢᠯᠭ᠋ᠠᠨ᠎ᠠ᠃
4. ᠪᠢᠷ᠎ᠤᠨ ᠰᠢᠯᠭ᠋ᠠᠯᠲᠠ ᠵᠢᠨ ᠬᠠᠮᠤᠭ᠎ᠤᠨ ᠳᠣᠣᠷ᠎ᠠ ᠬᠢᠷᠢ ᠲᠡᠩᠴᠡᠬᠦ ᠬᠤᠪᠢ ᠵᠢ ᠪᠢᠷ᠎ᠤᠨ ᠰᠢᠯᠭ᠋ᠠᠯᠲᠠ ᠵᠢ ᠦᠵᠡᠵᠦ ᠳᠠᠭᠤᠰᠤᠭᠰᠠᠨ᠎ᠤ ᠳᠠᠷᠠᠭ᠎ᠠ ᠲᠣᠭᠲᠠᠭ᠋ᠠᠨ᠎ᠠ᠃ ᠨᠡᠷ᠎ᠡ ᠮᠡᠳᠡᠭᠦᠯᠦᠭᠰᠡᠳ 2023 ᠣᠨ᠎ᠤ 10 ᠳ᠋ᠤᠭ᠋ᠠᠷ ᠰᠠᠷ᠎ᠠ ᠵᠢᠨ 9᠎ᠤ ᠡᠳᠦᠷ᠎ᠤᠨ 10᠄ 00᠎ᠠᠴᠠ 10 ᠳ᠋ᠤᠭ᠋ᠠᠷ ᠰᠠᠷ᠎ᠠ ᠵᠢᠨ 13᠎ᠤ ᠡᠳᠦᠷ᠎ᠤᠨ 17᠄ 00᠎ᠲᠤ᠂ ᠨᠡᠷ᠎ᠡ ᠮᠡᠳᠡᠭᠦᠯᠬᠦ ᠰᠦᠯᠵᠢᠶ᠎ᠡ ᠪᠤᠶᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠠᠯᠪᠠᠨ᠎ᠤ ᠰᠦᠯᠵᠢᠶ᠎ᠡ (ᠰᠦᠯᠵᠢᠶᠡᠨ᠎ᠤ ᠬᠠᠶᠢᠭ᠄ http://mw.nmg.gov.cn/)᠎ᠠᠴᠠ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ ᠪᠠ ᠪᠢᠷ᠎ᠤᠨ ᠰᠢᠯᠭ᠋ᠠᠯᠲᠠ ᠵᠢᠨ ᠬᠠᠮᠤᠭ᠎ᠤᠨ ᠳᠣᠣᠷ᠎ᠠ ᠬᠢᠷᠢ ᠲᠡᠩᠴᠡᠬᠦ ᠬᠤᠪᠢ ᠵᠢ ᠦᠵᠡᠵᠦ ᠪᠣᠯᠣᠨ᠎ᠠ᠃
(ᠳᠥᠷᠪᠡ) ᠬᠢᠷᠢ ᠬᠡᠮ᠎ᠢ ᠲᠠᠬᠢᠨ ᠬᠢᠨᠠᠬᠤ
1. ᠬᠢᠷᠢ ᠬᠡᠮ᠎ᠢ ᠳᠠᠬᠢᠨ ᠬᠢᠨᠠᠬᠤ ᠪᠠ ᠨᠢᠭᠤᠷᠲᠠᠨ ᠰᠢᠯᠭ᠋ᠠᠬᠤ ᠠᠯᠪᠠᠨ ᠵᠠᠷ᠎ᠢ ᠬᠢᠷᠢ ᠬᠡᠮ᠎ᠢ ᠳᠠᠬᠢᠨ ᠬᠢᠨᠠᠬᠤ᠎ᠠᠴᠠ 5 ᠡᠳᠦᠷ᠎ᠤᠨ ᠡᠮᠦᠨ᠎ᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠵᠦᠪᠯᠡᠯ᠎ᠤᠨ ᠠᠯᠪᠠᠨ᠎ᠤ ᠰᠦᠯᠵᠢᠶ᠎ᠡ (ᠰᠦᠯᠵᠢᠶᠡᠨ᠎ᠤ
ᠬᠠᠶᠢᠭ᠄ http://mw.nmg.gov.cn/) ᠳᠡᠭᠡᠷ᠎ᠡ ᠨᠡᠢ᠌ᠲᠡᠯᠡᠨ᠎ᠡ᠃ ᠬᠢᠷᠢ ᠬᠡᠮ᠎ᠤᠨ ᠳᠠᠬᠢᠨ ᠬᠢᠨᠠᠯᠲᠠ ᠵᠢᠨ ᠬᠡᠪᠴᠢᠶᠡᠨ᠎ᠳᠤ ᠣᠷᠣᠭᠰᠠᠨ ᠰᠢᠯᠠᠭᠤᠯᠤᠬᠰᠠᠳ ᠲᠣᠭᠲᠠᠭᠰᠠᠨ ᠴᠠᠭ ᠪᠠ ᠭᠠᠵᠠᠷ᠎ᠲᠤ ᠬᠢᠷᠢ ᠬᠡᠮ᠎ᠤᠨ ᠳᠠᠬᠢᠨ ᠬᠢᠨᠠᠯᠲᠠ᠎ᠳᠤ ᠣᠷᠣᠯᠴᠠᠨ᠎ᠠ᠃ ᠲᠣᠭᠲᠠᠭᠰᠠᠨ ᠴᠠᠭ ᠤᠨ ᠲᠤᠳᠤᠷ᠎ᠠ ᠬᠢᠷᠢ ᠬᠡᠮ᠎ᠤᠨ ᠳᠠᠬᠢᠨ ᠬᠢᠨᠠᠯᠲᠠ᠎ᠳᠤ ᠣᠷᠣᠯᠴᠠᠭᠰᠠᠨ ᠦᠭᠡᠢ ᠪᠤᠯ ᠨᠢᠭᠤᠷᠲᠠᠨ ᠰᠢᠯᠭ᠋ᠠᠬᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠨ᠎ᠠ᠃
2. ᠬᠢᠷᠢ ᠬᠡᠮ᠎ᠢ ᠳᠠᠬᠢᠨ ᠬᠢᠨᠠᠬᠤ ᠬᠡᠪᠴᠢᠶᠡᠨ᠎ᠳᠤ ᠣᠷᠣᠭᠰᠠᠳ 《ᠠᠳᠠᠯᠢᠳᠬᠠᠨ ᠰᠣᠩᠭᠣᠬᠤ᠎ᠳᠤ ᠨᠡᠷ᠎ᠡ ᠮᠡᠳᠡᠭᠦᠯᠬᠦ ᠬᠦᠰᠦᠨᠦᠭᠲᠦ》 ᠵᠢᠨ ᠤᠭ ᠮᠠᠲ᠋ᠧᠷᠢᠶᠠᠯ᠂ ᠰᠤᠷᠤᠯᠭ᠎ᠠ ᠵᠢᠨ ᠨᠠᠮᠲᠠᠷ᠂ ᠡᠷᠳᠡᠮ᠎ᠤᠨ ᠴᠣᠯᠠ ᠵᠢᠨ ᠦᠨᠡᠮᠯᠡᠯ᠎ᠤᠨ ᠤᠭ ᠮᠠᠲ᠋ᠧᠷᠢᠶᠠᠯ ᠪᠠ ᠬᠠᠭᠤᠯᠪᠤᠷᠢ᠂ ᠰᠤᠷᠭ᠋ᠠᠨ ᠬᠥᠮᠦᠵᠢᠯ᠎ᠤᠨ ᠶᠠᠮᠤᠨ᠎ᠤ 《ᠰᠤᠷᠤᠯᠭ᠎ᠠ ᠵᠢᠨ ᠨᠠᠮᠲᠠᠷ᠎ᠤᠨ ᠦᠨᠡᠮᠯᠡᠯ᠎ᠤᠨ ᠡᠯᠧᠺᠲᠷᠣᠨ ᠳᠠᠩᠰᠠᠯᠠᠯᠲᠠ ᠵᠢᠨ ᠬᠦᠰᠦᠨᠦᠭᠲᠦ》 ᠪᠤᠶᠤ 《ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠨᠠᠮᠲᠠᠷ᠎ᠤᠨ ᠭᠡᠷᠡᠴᠢᠯᠡᠯ᠎ᠤᠨ ᠮᠡᠳᠡᠭᠦᠯᠦᠯᠲᠡ》 (ᠳᠤᠮᠳᠠᠳᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠷᠤᠭᠴᠢᠳ᠎ᠤᠨ ᠮᠡᠳᠡᠭᠡ ᠵᠠᠩᠭᠢ ᠵᠢᠨ ᠰᠦᠯᠵᠢᠶ᠎ᠡ ᠵᠢᠨ http᠄ /www.chsi.com.cn᠎ᠠᠴᠠ ᠪᠠᠭᠤᠯᠭ᠋ᠠᠵᠤ ᠳᠠᠷᠤᠮᠠᠯᠯᠠᠨ᠎ᠠ)᠂ 《ᠠᠯᠪᠠᠲᠠᠨ᠎ᠢ ᠡᠯᠰᠡᠵᠦ ᠬᠡᠷᠡᠭᠯᠡᠬᠦ ᠵᠢ ᠬᠢᠨᠠᠨ ᠵᠥᠪᠰᠢᠶᠡᠷᠡᠬᠦ ᠬᠦᠰᠦᠨᠦᠭᠲᠦ》 (《ᠠᠯᠪᠠᠲᠠᠨ᠎ᠤ ᠬᠠᠤᠯᠢ ᠵᠢᠨ ᠬᠠᠮᠢᠶᠠᠷᠤᠯᠲᠠ᠎ᠪᠠᠷ ᠯᠠᠪᠯᠠᠯᠲᠠ ᠪᠣᠯᠭ᠋ᠠᠭᠰᠠᠨ ᠪᠠᠢ᠌ᠭᠤᠯᠭ᠎ᠠ ᠵᠢᠨ ᠠᠵᠢᠯᠲᠠᠨ᠎ᠢ ᠡᠯᠰᠡᠨ ᠬᠡᠷᠡᠭᠯᠡᠬᠦ ᠵᠢ ᠬᠢᠨᠠᠨ ᠵᠥᠪᠰᠢᠶᠡᠷᠡᠬᠦ ᠬᠦᠰᠦᠨᠦᠭᠲᠦ》) ᠪᠤᠶᠤ 《ᠢᠯᠡ᠎ᠪᠠᠷ ᠠᠵᠢᠯᠲᠠᠨ ᠡᠯᠰᠡᠬᠦ ᠪᠦᠷᠢᠳᠬᠡᠯ᠎ᠤᠨ ᠬᠦᠰᠦᠨᠦᠭᠲᠦ》 ᠵᠡᠷᠭᠡ ᠠᠯᠪᠠᠲᠠᠨ (ᠠᠯᠪᠠᠲᠠᠨ᠎ᠤ ᠬᠠᠤᠯᠢ ᠵᠢᠨ ᠬᠠᠮᠢᠶᠠᠷᠤᠯᠲᠠ᠎ᠪᠠᠷ ᠯᠠᠪᠯᠠᠯᠲᠠ ᠪᠣᠯᠭ᠋ᠠᠭᠰᠠᠨ ᠠᠵᠢᠯᠲᠠᠨ)᠎ᠤ ᠡᠩᠨᠡᠭᠡ ᠪᠤᠶᠤ ᠠᠵᠢᠯ ᠦᠢ᠍ᠯᠡᠰ᠎ᠤᠨ ᠨᠢᠬᠡᠴᠢ᠎ᠳᠤ ᠣᠷᠣᠭᠰᠠᠨ ᠬᠠᠮᠢᠶ᠎ᠠ ᠪᠦᠬᠦᠢ ᠮᠠᠲ᠋ᠧᠷᠢᠶᠠᠯ᠎ᠤᠨ ᠬᠠᠭᠤᠯᠪᠤᠷᠢ 《ᠠᠯᠪᠠᠲᠠᠨ᠎ᠤ ᠳᠠᠩᠰᠠᠯᠠᠯ᠎ᠤᠨ ᠬᠦᠰᠦᠨᠦᠭᠲᠦ》 (《ᠠᠯᠪᠠᠲᠠᠨ᠎ᠤ ᠬᠠᠤᠯᠢ ᠪᠠᠷ ᠯᠠᠪᠯᠠᠯᠲᠠ ᠪᠣᠯᠭ᠋ᠠᠬᠤ ᠬᠠᠮᠢᠶᠠᠷᠤᠯᠲᠠ ᠵᠢᠨ ᠪᠠᠢ᠌ᠭᠤᠯᠭ᠎ᠠ (ᠨᠢᠭᠡᠴᠢ) ᠵᠢᠨ ᠠᠵᠢᠯᠲᠠᠨ᠎ᠤ ᠳᠠᠩᠰᠠᠯᠠᠯ᠎ᠤᠨ ᠬᠦᠰᠦᠨᠦᠭᠲᠦ》) ᠵᠢᠨ ᠬᠠᠭᠤᠯᠪᠤᠷᠢ᠂ ᠪᠠᠢ᠌ᠭ᠎ᠠ ᠨᠢᠭᠡᠴᠢ ᠵᠢᠨ ᠪᠠᠢ᠌ᠭᠤᠯᠤᠮᠵᠢ ᠵᠢᠨ ᠣᠷᠣᠨ ᠲᠣᠭ᠎ᠠ ᠵᠢᠨ ᠬᠠᠮᠢᠶᠠᠷᠤᠯᠲᠠ ᠵᠢᠨ ᠦᠨᠡᠮᠯᠡᠯ᠎ᠤᠨ ᠲᠦᠷᠦᠭᠦᠦ ᠨᠢᠭᠤᠷ ᠪᠠ ᠲᠤᠰ ᠬᠥᠮᠥᠨ᠎ᠤ ᠨᠡᠷ᠎ᠡ᠎ᠲᠠᠢ ᠨᠢᠭᠤᠷ᠎ᠤᠨ ᠬᠠᠭᠤᠯᠪᠤᠷᠢ᠂ ᠤᠳᠠᠭ᠎ᠠ ᠪᠦᠷᠢ ᠵᠢᠨ ᠲᠤᠰᠢᠶᠠᠯ᠎ᠤᠨ ᠬᠤᠪᠢᠷᠠᠯᠲᠠ ᠪᠠ ᠰᠢᠯᠵᠢᠭᠦᠯᠦᠯᠲᠡ ᠵᠢᠨ ᠬᠢᠨᠠᠨ ᠵᠥᠪᠰᠢᠶᠡᠷᠡᠬᠦ ᠬᠦᠰᠦᠨᠦᠭᠲᠦ ᠪᠤᠶᠤ ᠪᠢᠴᠢᠭ ᠮᠠᠲ᠋ᠧᠷᠢᠶᠠᠯ᠎ᠤᠨ ᠬᠠᠭᠤᠯᠪᠤᠷᠢ (ᠡᠳᠡᠬᠡᠷ ᠮᠠᠲ᠋ᠧᠷᠢᠶᠠᠯ᠎ᠤᠨ ᠬᠠᠭᠤᠯᠪᠤᠷᠢ᠎ᠨᠢ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠡᠷᠬᠡ᠎ᠲᠠᠢ ᠰᠠᠯᠠᠭ᠎ᠠ ᠮᠥᠴᠢᠷ᠎ᠤᠨ ᠲᠠᠮᠠᠭ᠎ᠠ ᠵᠢ ᠳᠠᠷᠤᠭᠰᠠᠨ ᠭᠡᠷᠡᠴᠢ ᠪᠠᠢ᠌ᠬᠤ ᠬᠡᠷᠡᠭᠲᠡᠢ)᠂ ᠪᠡᠶ᠎ᠡ ᠵᠢᠨ ᠦᠨᠡᠮᠯᠡᠯ ᠪᠠ ᠬᠠᠭᠤᠯᠪᠤᠷᠢ᠂ ᠮᠠᠯᠠᠭ᠋ᠠᠢ ᠵᠡᠭᠦᠭᠰᠡᠨ ᠦᠭᠡᠢ 2 ᠢᠮᠠᠬᠤ ᠵᠢᠨ ᠤᠷᠴᠢᠮᠬᠠᠨᠤ ᠰᠡᠭᠦᠳᠡᠷ (3 ᠬᠤᠪᠢ)᠂ 《ᠠᠳᠠᠯᠢᠳᠬᠠᠨ ᠰᠣᠩᠭᠣᠬᠤ ᠨᠡᠷ᠎ᠡ ᠮᠡᠳᠡᠭᠦᠯᠬᠦ ᠬᠦᠰᠦᠨᠦᠭᠲᠦ》᠎ᠳᠠᠬᠢ ᠮᠡᠷᠭᠡᠵᠢᠯ᠎ᠤᠨ ᠴᠣᠯᠠ᠂ ᠠᠵᠢᠯ᠎ᠤᠨ ᠥᠩᠭᠡᠷᠡᠯᠲᠡ᠂ ᠠᠵᠢᠯ᠎ᠤᠨ ᠠᠮᠵᠢᠯᠲᠠ ᠪᠦᠲᠦᠮᠵᠢ ᠵᠢ ᠭᠡᠷᠡᠴᠢᠯᠡᠵᠦ ᠳᠡᠶ᠋ᠢᠯᠬᠦ ᠬᠣᠯᠪᠣᠭᠳᠠᠯ ᠪᠦᠬᠦᠢ ᠬᠡᠷᠡᠴᠢᠯᠡᠬᠡ ᠵᠢ ᠠᠪᠴᠢᠷᠠᠬᠤ ᠬᠡᠷᠡᠭᠲᠡᠢ᠃
3. ᠬᠢᠷᠢ ᠬᠡᠮ᠎ᠤᠨ ᠳᠠᠬᠢᠨ ᠬᠢᠨᠠᠯᠲᠠ᠎ᠳᠤ ᠭᠤᠤᠯᠳᠠᠭᠤ ᠨᠡᠷ᠎ᠡ ᠮᠡᠳᠡᠭᠦᠯᠦᠭᠰᠡᠳ᠎ᠤᠨ ᠲᠠᠬᠯᠠᠨ ᠲᠡᠪᠰᠢᠬᠦᠯᠦᠭᠰᠡᠨ ᠮᠡᠳᠡᠭᠡ ᠵᠠᠩᠭᠢ ᠦᠨᠡᠨ ᠪᠣᠳᠠᠲᠠᠢ᠂ ᠵᠥᠪ ᠣᠨᠣᠪᠴᠢᠲᠠᠶ ᠡᠰᠡᠬᠦ᠂ ᠨᠡᠷ᠎ᠡ ᠮᠡᠳᠡᠭᠦᠯᠦᠭᠰᠡᠨ ᠠᠵᠢᠯ᠎ᠤᠨ ᠪᠠᠢ᠌ᠷᠢ ᠵᠢᠨ ᠬᠠᠷᠠᠭ᠋ᠠᠯᠵᠠᠬᠰᠠᠨ ᠬᠢᠷᠢ ᠬᠡᠮ᠎ᠤᠨ ᠨᠥᠬᠥᠴᠡᠯ᠎ᠳᠤ ᠨᠡᠢ᠌ᠴᠡᠬᠦ ᠡᠰᠡᠬᠦ ᠵᠢ ᠬᠢᠨᠠᠨ ᠬᠠᠷᠭᠤᠭᠤᠯᠤᠨ᠎ᠠ᠃ ᠨᠡᠷ᠎ᠡ ᠮᠡᠳᠡᠭᠦᠯᠬᠦ ᠨᠥᠬᠥᠴᠡᠯ᠎ᠳᠤ ᠨᠡᠢ᠌ᠴᠡᠬᠦ ᠦᠭᠡᠢ᠂ ᠲᠠᠬᠯᠠᠨ ᠲᠡᠪᠰᠢᠬᠦᠯᠦᠭᠰᠡᠨ ᠬᠤᠪᠢ ᠬᠥᠮᠥᠨ᠎ᠤ ᠮᠡᠳᠡᠭᠡ ᠵᠠᠩᠭᠢ᠎ᠨᠢ ᠭᠡᠷᠡᠴᠢ ᠦᠨᠡᠮᠯᠡᠯ᠎ᠲᠠᠢ᠎ᠪᠠᠨ ᠨᠡᠢ᠌ᠴᠡᠬᠦ ᠦᠭᠡᠢ ᠵᠢᠴᠢ ᠴᠢᠬᠤᠯᠠ ᠮᠡᠳᠡᠭᠡ ᠵᠠᠩᠭᠢ ᠵᠢ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠬᠠᠩᠭ᠋ᠠᠭᠰᠠᠨ ᠪᠤᠯ ᠨᠢᠭᠤᠷᠲᠠᠨ ᠰᠢᠯᠭ᠋ᠠᠬᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠨ᠎ᠠ᠃
(ᠲᠠᠪᠤ) ᠨᠢᠭᠤᠷᠲᠠᠨ ᠰᠢᠯᠭ᠋ᠠᠬᠤ
1. ᠨᠢᠭᠤᠷᠲᠠᠨ ᠰᠢᠯᠭ᠋ᠠᠬᠤ ᠭᠠᠵᠠᠷ᠎ᠢ ᠬᠥᠬᠡᠬᠣᠲᠠ᠎ᠳᠤ ᠲᠣᠬᠢᠷᠠᠭᠤᠯᠤᠨ᠎ᠠ᠂ ᠬᠢᠷᠢ ᠬᠡᠮ᠎ᠤᠨ ᠳᠠᠬᠢᠨ ᠬᠢᠨᠠᠯᠲᠠ᠎ᠳᠤ ᠬᠢᠷᠢ ᠲᠡᠡᠭᠴᠡᠭᠰᠡᠳ ᠲᠠᠮᠠᠭ᠎ᠠ᠎ᠲᠠᠢ 《ᠨᠢᠭᠤᠷᠲᠠᠨ ᠰᠢᠯᠭ᠋ᠠᠯᠲᠠ ᠵᠢᠨ ᠮᠡᠳᠡᠭᠳᠡᠯ᠎ᠤᠨ ᠪᠢᠴᠢᠭ》 ᠪᠤᠯᠤᠨ ᠪᠡᠶ᠎ᠡ ᠵᠢᠨ ᠦᠨᠡᠮᠯᠡᠯ (ᠪᠤᠶᠤ ᠫᠠᠰᠫᠣᠷᠲ) ᠵᠶ᠋ᠡᠨ ᠠᠪᠴᠤ ᠲᠣᠭᠲᠠᠭᠰᠠᠨ ᠴᠠᠭ ᠪᠠ ᠭᠠᠵᠠᠷ᠎ᠲᠤ ᠨᠢᠭᠤᠷᠲᠠᠨ ᠰᠢᠯᠭ᠋ᠠᠯᠲᠠ᠎ᠳᠤ ᠣᠷᠣᠯᠴᠠᠨ᠎ᠠ᠃ ᠨᠢᠭᠤᠷᠳᠠᠨ ᠰᠢᠯᠭ᠋ᠠᠯᠲᠠ᠎ᠳᠤ ᠴᠠᠭ᠎ᠲᠤ᠎ᠪᠠᠨ ᠣᠷᠣᠯᠴᠠᠵᠤ ᠳᠡᠶ᠋ᠢᠯᠬᠦ ᠦᠭᠡᠢ ᠪᠣᠯ ᠰᠠᠨᠠᠭ᠋ᠠᠴᠢᠯᠠᠭ᠎ᠠ᠎ᠠᠴᠠ᠎ᠪᠠᠨ ᠨᠢᠭᠤᠷᠳᠠᠨ ᠰᠢᠯᠭ᠋ᠠᠬᠤ ᠡᠷᠬᠡ᠎ᠪᠠᠨ ᠲᠠᠶᠠᠭᠳᠠᠭᠰᠠᠨ ᠵᠶ᠋ᠠᠷ ᠪᠤᠳᠤᠨ᠎ᠠ᠃
2. ᠨᠢᠭᠤᠷᠲᠠᠨ ᠰᠢᠯᠭ᠋ᠠᠯᠲᠠ᠎ᠳᠤ ᠪᠣᠳᠠᠲᠠᠢ ᠣᠷᠣᠯᠴᠠᠭᠰᠠᠨ ᠬᠥᠮᠥᠨ᠎ᠤ ᠲᠣᠭ᠎ᠠ᠎ᠨᠢ ᠲᠣᠰ ᠠᠵᠢᠯ᠎ᠤᠨ ᠪᠠᠢ᠌ᠷᠢ᠎ᠳᠤ ᠠᠳᠠᠯᠢᠳᠬᠠᠨ ᠰᠤᠡᠭᠭᠤᠬᠤ᠎ᠪᠠᠷ ᠲᠦᠯᠦᠪᠯᠡᠭᠰᠡᠨ ᠲᠣᠭ᠎ᠠ᠎ᠲᠠᠢ ᠲᠡᠡᠭᠴᠡᠬᠦᠤ ᠪᠤᠯ ᠲᠣᠰ ᠠᠵᠢᠯ᠎ᠤᠨ ᠪᠠᠢ᠌ᠷᠢ᠎ᠳᠤ ᠠᠳᠠᠯᠢᠳᠬᠠᠨ ᠰᠤᠡᠭᠭᠤᠬᠳᠠᠬᠤᠪᠠᠷ ᠪᠠᠢ᠌ᠭ᠎ᠠ ᠬᠦᠮᠦᠨ᠎ᠤ ᠨᠢᠭᠤᠷᠲᠠᠨ ᠰᠢᠯᠭ᠋ᠠᠯᠲᠠ ᠵᠢᠨ ᠬᠢᠷᠢ ᠪᠦᠲᠦᠮᠵᠢ᠎ᠨᠢ ᠡᠷᠬᠡᠪᠰᠢ ᠨᠢᠭᠤᠷᠲᠠᠨ ᠰᠢᠯᠭ᠋ᠠᠯᠲᠠ ᠵᠢᠨ ᠬᠢᠷᠢ ᠲᠡᠡᠭᠴᠡᠬᠦ ᠬᠤᠪᠢ᠎ᠳᠤ ᠬᠦᠷᠦᠭᠰᠡᠨ ᠪᠠᠢ᠌ᠬᠤ ᠬᠡᠷᠡᠭᠲᠡᠢ᠃
3. ᠨᠢᠭᠤᠷᠲᠠᠨ ᠰᠢᠯᠭ᠋ᠠᠯᠲᠠ ᠵᠢ ᠡᠷᠬᠡᠪᠰᠢ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ᠎ᠪᠠᠷ ᠬᠠᠷᠢᠭᠤᠯᠬᠤ ᠬᠡᠷᠡᠭᠲᠡᠢ᠂ ᠨᠢᠭᠤᠷᠲᠠᠨ ᠰᠢᠯᠭ᠋ᠠᠯᠲᠠ ᠵᠢᠨ ᠪᠦᠷᠢᠨ ᠬᠤᠪᠢ᠎ᠨᠢ 100᠃
4. ᠨᠢᠭᠤᠷᠲᠠᠨ ᠰᠢᠯᠭ᠋ᠠᠬᠤ᠎ᠳᠤ ᠪᠦᠲᠦᠴᠡ ᠵᠢᠨ ᠴᠢᠨᠠᠷᠲᠠᠢ ᠨᠢᠭᠤᠷᠲᠠᠨ ᠰᠢᠯᠭ᠋ᠠᠯᠲᠠ ᠵᠢᠨ ᠠᠷᠭ᠎ᠠ ᠵᠢ ᠬᠡᠷᠡᠭᠯᠡᠵᠦ᠂ ᠭᠤᠤᠯᠳᠠᠭᠤ ᠨᠢᠭᠤᠷᠲᠠᠨ ᠰᠢᠯᠭ᠋ᠠᠭᠰᠠᠳᠤᠨ ᠤᠯᠤᠰ ᠲᠥᠷᠥ ᠵᠢᠨ ᠬᠡᠪ ᠪᠣᠯᠪᠠᠰᠤᠷᠠᠯ᠂ ᠲᠤᠰᠬᠠᠢ ᠮᠡᠷᠭᠡᠵᠢᠯ᠎ᠤᠨ ᠪᠣᠯᠪᠠᠰᠤᠷᠠᠯ᠂ ᠶᠡᠷᠦᠩᠬᠡᠢ᠌ᠯᠡᠭᠰᠡᠨ ᠵᠠᠳᠠᠯᠤᠯᠲᠠ ᠵᠢᠨ ᠴᠢᠳᠠᠪᠤᠷᠢ᠂ ᠶᠠᠷᠢᠵᠤ ᠢᠯᠡᠳᠬᠡᠬᠦ ᠴᠢᠳᠠᠪᠤᠷᠢ ᠪᠠ ᠠᠵᠢᠯ᠎ᠤᠨ ᠪᠠᠢ᠌ᠷᠢ᠎ᠳᠤ ᠬᠢᠷᠢ ᠵᠤᠬᠢᠴᠠᠬᠤ ᠡᠰᠡᠬᠦ ᠵᠢ ᠰᠢᠯᠭ᠋ᠠᠨ᠎ᠠ᠃
5. ᠰᠢᠯᠭ᠋ᠠᠭᠤᠯᠤᠬ᠍ᠴᠢ ᠵᠢᠨ ᠨᠢᠭᠤᠷᠲᠠᠨ ᠰᠢᠯᠭ᠋ᠠᠯᠲᠠ ᠵᠢᠨ ᠬᠢᠷᠢ ᠪᠦᠲᠦᠮᠵᠢ ᠪᠠ ᠬᠢᠨᠠᠨ ᠪᠠᠢ᠌ᠴᠠᠭ᠋ᠠᠯᠲᠠ᠎ᠳᠤ ᠣᠷᠣᠯᠴᠠᠬᠤ ᠵᠢᠱ᠌ᠢᠭᠳᠡᠭᠴᠢ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠠᠯᠪᠠᠨ᠎ᠤ ᠰᠦᠯᠵᠢᠶ᠎ᠡ (ᠰᠦᠯᠵᠢᠶᠡᠨ᠎ᠤ
ᠬᠠᠶᠢᠭ᠄ http://mw.nmg.gov.cn/) ᠳᠡᠭᠡᠷ᠎ᠡ ᠨᠡᠢ᠌ᠲᠡᠯᠡᠨ᠎ᠡ᠃
(ᠵᠢᠷᠭᠤᠭ᠎ᠠ) ᠬᠢᠨᠠᠨ ᠪᠠᠢ᠌ᠴᠠᠭ᠋ᠠᠬᠤ
1. ᠬᠢᠨᠠᠨ ᠪᠠᠢ᠌ᠴᠠᠭ᠋ᠠᠬᠤ ᠠᠵᠢᠯ᠎ᠳᠤ ᠤᠯᠤᠰ ᠲᠥᠷᠥ ᠵᠢᠨ ᠪᠠᠷᠢᠮᠵᠢᠶ᠎ᠠ ᠵᠢ ᠳᠣᠪᠣᠶ᠋ᠢᠯᠭ᠋ᠠᠵᠤ᠂ ᠭᠣᠣᠯᠳᠠᠭᠤ ᠨᠡᠷ᠎ᠡ ᠮᠡᠳᠡᠭᠦᠯᠦᠭᠰᠡᠳ᠎ᠤᠨ ᠤᠯᠤᠰ ᠲᠥᠷᠥ ᠵᠢᠨ ᠬᠡᠪ ᠪᠣᠯᠪᠠᠰᠤᠷᠠᠯ᠂ ᠶᠣᠰᠣ ᠮᠣᠷᠠᠯ ᠵᠠᠩ ᠰᠤᠷᠲᠠᠯ᠂ ᠴᠢᠳᠠᠪᠤᠷᠢ᠂ ᠠᠵᠢᠯ᠎ᠤᠨ ᠢᠯᠡᠷᠡᠯ᠂ ᠬᠠᠤᠯᠢ ᠰᠠᠬᠢᠯᠭ᠎ᠠ ᠵᠢ ᠰᠠᠬᠢᠬᠤ᠂ ᠠᠷᠢᠭᠤᠨ ᠴᠢᠭᠴᠢ᠎ᠪᠠᠷ ᠪᠡᠶ᠎ᠡ᠎ᠪᠠᠨ ᠱᠠᠭ᠋ᠠᠷᠳᠠᠬᠤ᠂ ᠲᠤᠰᠢᠶᠠᠯ᠎ᠤᠨ ᠪᠠᠢ᠌ᠷᠢ᠎ᠳᠤ ᠵᠤᠬᠢᠴᠠᠬᠤ ᠡᠰᠡᠬᠦ ᠪᠠ ᠵᠠᠢ᠌ᠯᠠᠬᠤ ᠴᠢᠬᠤᠯᠠᠲᠠᠢ ᠡᠰᠡᠬᠦ ᠵᠡᠷᠭᠡ ᠵᠢ ᠪᠠᠢ᠌ᠴᠠᠭ᠋ᠠᠨ᠎ᠠ᠃
2. ᠬᠢᠨᠠᠨ ᠪᠠᠢ᠌ᠴᠠᠭ᠋ᠠᠭᠰᠠᠨ ᠪᠠᠢ᠌ᠳᠠᠯ ᠵᠶ᠋ᠠᠨ ᠦᠨᠳᠦᠰᠦᠯᠡᠨ ᠬᠥᠮᠥᠨ ᠪᠠ ᠠᠵᠢᠯ᠎ᠤᠨ ᠪᠠᠢ᠌ᠷᠢ ᠵᠣᠬᠢᠴᠠᠬᠤ᠂ ᠬᠥᠮᠥᠨ ᠪᠠ ᠶᠠᠪᠤᠳᠠᠯ ᠵᠣᠬᠢᠴᠠᠬᠤ ᠵᠠᠷᠴᠢᠮ ᠶᠣᠰᠣᠭ᠋ᠠᠷ 1᠄1 ᠵᠢᠨ ᠬᠠᠷᠢᠴᠠᠯ ᠵᠶ᠋ᠠᠷ ᠰᠢᠯᠢᠳᠡᠭ᠎ᠢ᠎ᠨᠢ ᠰᠣᠩᠭᠣᠨ ᠰᠢᠯᠵᠢᠭᠦᠯᠬᠦ᠎ᠪᠠᠷ ᠲᠣᠭᠲᠠᠭᠰᠠᠨ ᠬᠦᠮᠦᠨ᠎ᠢ ᠲᠣᠭᠲᠠᠨ᠎ᠠ᠃ ᠲᠣᠬᠢᠷᠠᠮᠵᠢᠲᠠᠢ ᠬᠥᠮᠥᠨ ᠦᠭᠡᠢ ᠪᠣᠯ ᠡᠯᠰᠡᠬᠦ ᠦᠭᠡᠢ᠂ ᠲᠤᠰ ᠲᠥᠯᠥᠪᠯᠡᠭᠡ ᠵᠢ ᠬᠦᠴᠦᠨ ᠦᠭᠡᠢ ᠪᠣᠯᠭ᠋ᠠᠨ᠎ᠠ᠃
(ᠳᠣᠯᠣᠭ᠎ᠠ) ᠵᠠᠷᠯᠠᠬᠤ ᠪᠠ ᠠᠵᠢᠯ᠎ᠤᠨ ᠪᠠᠢ᠌ᠷᠢ ᠵᠢᠨ ᠪᠠᠢ᠌ᠴᠠᠭ᠋ᠠᠯᠲᠠ ᠬᠢᠬᠦ
1. ᠵᠠᠷᠯᠠᠬᠤ
ᠰᠢᠯᠵᠢᠭᠦᠯᠬᠦ᠎ᠪᠠᠷ ᠪᠠᠢ᠌ᠭ᠎ᠠ ᠬᠥᠮᠥᠰ᠎ᠤᠨ ᠨᠡᠷᠡᠰ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠦᠪᠯᠡᠯ᠎ᠤᠨ ᠠᠯᠪᠠᠨ᠎ᠤ ᠰᠦᠯᠵᠢᠶ᠎ᠡ (ᠰᠦᠯᠵᠢᠶᠡᠨ᠎ᠤ ᠬᠠᠶᠢᠭ᠄ http://mw.nmg.gov.cn/) ᠲᠡᠬᠡᠷ᠎ᠡ ᠵᠠᠷᠯᠠᠨ᠎ᠠ᠂ ᠵᠠᠷᠯᠠᠬᠤ ᠬᠤᠭᠤᠴᠠᠭ᠎ᠠ᠎ᠨᠢ 5 ᠠᠵᠢᠯᠯᠠᠬᠤ ᠡᠳᠦᠷ᠂ ᠬᠢᠨᠠᠯᠲᠠ ᠲᠠᠯᠪᠢᠵᠤ ᠢᠯᠡᠴᠢᠯᠡᠬᠦ ᠤᠲᠠᠰᠤ ᠵᠢ ᠨᠡᠢ᠌ᠲᠡᠯᠡᠵᠦ᠂ ᠨᠡᠢ᠌ᠭᠡᠮ᠎ᠤᠨ ᠬᠢᠨᠠᠯᠲᠠ ᠵᠢ ᠬᠦᠯᠢᠶᠡᠨ᠎ᠡ᠃
2. ᠠᠵᠢᠯ᠎ᠤᠨ ᠪᠠᠢ᠌ᠷᠢ ᠵᠢᠨ ᠪᠠᠢ᠌ᠴᠠᠭ᠋ᠠᠯᠲᠠ
ᠵᠠᠷᠯᠠᠯ᠎ᠳᠤ ᠰᠠᠨᠠᠯ ᠦᠭᠡᠢ ᠪᠤᠯ ᠰᠢᠯᠵᠢᠭᠦᠯᠬᠦ᠎ᠪᠠᠷ ᠪᠠᠢ᠌ᠭ᠎ᠠ ᠬᠥᠮᠥᠰ᠎ᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠥ ᠵᠥᠪᠯᠡᠯ᠎ᠠᠴᠠ ᠲᠤᠰ ᠬᠥᠮᠥᠨ᠎ᠤ ᠪᠠᠢ᠌ᠭ᠎ᠠ ᠨᠢᠬᠡᠴᠢ᠎ᠳᠤ ᠠᠵᠢᠯ᠎ᠤᠨ ᠪᠠᠢ᠌ᠷᠢ ᠵᠢ ᠬᠢᠨᠠᠨ ᠪᠠᠢ᠌ᠴᠠᠭ᠋ᠠᠬᠤ ᠵᠠᠬᠢᠳᠠᠯ ᠶᠠᠪᠤᠭᠤᠯᠵᠤ᠂ ᠪᠠᠢ᠌ᠭ᠎ᠠ ᠨᠢᠬᠡᠴᠢ᠎ᠪᠠᠷ᠎ᠨᠢ ᠵᠥᠪᠰᠢᠶᠡᠷᠡᠭᠦᠯᠦᠭᠰᠡᠨ᠎ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠥ ᠵᠥᠪᠯᠡᠯ᠎ᠤᠨ ᠠᠵᠢᠯ᠎ᠤᠨ ᠪᠠᠢ᠌ᠷᠢ ᠲᠡᠬᠡᠷ᠎ᠡ 3 ᠰᠠᠷ᠎ᠠ ᠬᠢᠨᠠᠨ ᠬᠡᠷᠡᠭᠯᠡᠨ᠎ᠡ᠃ ᠠᠵᠢᠯ᠎ᠤᠨ ᠪᠠᠢ᠌ᠷᠢ ᠵᠢᠨ ᠬᠢᠨᠠᠨ ᠪᠠᠢ᠌ᠴᠠᠭ᠋ᠠᠯᠲᠠ ᠵᠢᠨ ᠬᠤᠭᠤᠴᠠᠭ᠎ᠠ᠎ᠨᠢ ᠳᠦᠭᠦᠷᠦᠭᠡᠳ ᠬᠢᠷᠢ ᠲᠡᠡᠭᠴᠡᠪᠡᠯ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠵᠢᠯ ᠰᠢᠯᠵᠢᠭᠦᠯᠬᠦ ᠭᠠᠷ ᠬᠦᠢ᠍ᠴᠡᠳᠬᠡᠯ ᠬᠢᠨ᠎ᠡ᠃ ᠠᠵᠢᠯ᠎ᠤᠨ ᠪᠠᠢ᠌ᠷᠢ ᠵᠢᠨ ᠰᠢᠯᠭ᠋ᠠᠨ ᠪᠠᠢ᠌ᠴᠠᠭ᠋ᠠᠯᠲᠠ ᠵᠢᠨ ᠬᠤᠭᠤᠴᠠᠭ᠋ᠠᠨ᠎ᠳᠤ ᠢᠯᠡᠷᠡᠯ᠎ᠨᠢ ᠬᠢᠷᠢ ᠲᠡᠩᠴᠡᠭᠰᠡᠨ ᠦᠭᠡᠢ ᠪᠤᠯ ᠤᠤᠯ᠎ᠤᠨ ᠨᠢᠭᠡᠴᠢ᠎ᠳᠤ᠎ᠨᠢ ᠶᠠᠪᠤᠭᠤᠯᠤᠨ᠎ᠠ᠃
(ᠨᠠᠢ᠍ᠮᠠ) ᠰᠢᠯᠵᠢᠵᠤ ᠢᠷᠡᠭᠰᠡᠳ᠎ᠢ ᠤᠷᠢᠵᠤ ᠬᠡᠷᠡᠭᠯᠡᠬᠦ
ᠰᠢᠯᠵᠢᠵᠤ ᠢᠷᠡᠭᠰᠡᠳ᠎ᠢ ᠤᠤᠯ᠎ᠤᠨ ᠲᠤᠰᠢᠶᠠᠯ᠎ᠤᠨ ᠲᠠᠰ᠂ ᠲᠤᠰᠬᠠᠢ ᠮᠡᠷᠭᠡᠵᠢᠯ᠎ᠤᠨ ᠲᠤᠰᠢᠶᠠᠯ ᠪᠠ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠭᠡᠨ᠎ᠤ ᠲᠥᠪ᠎ᠤᠨ ᠬᠣᠭᠣᠰᠤᠨ ᠪᠠᠢ᠌ᠭ᠎ᠠ ᠠᠵᠢᠯ᠎ᠤᠨ ᠪᠠᠢ᠌ᠷᠢ ᠵᠢᠨ ᠪᠠᠢ᠌ᠳᠠᠯ᠎ᠢ ᠦᠨᠳᠦᠰᠦᠯᠡᠨ ᠠᠵᠢᠯ ᠦᠢ᠍ᠯᠡᠰ᠎ᠤᠨ ᠨᠢᠬᠡᠴᠢ ᠵᠢᠨ ᠠᠵᠢᠯᠲᠠᠨ᠎ᠢ ᠠᠵᠢᠯ᠎ᠤᠨ ᠪᠠᠢ᠌ᠷᠢ᠎ᠳᠤ ᠤᠷᠢᠵᠤ ᠬᠡᠷᠡᠭᠯᠡᠬᠦ ᠬᠣᠯᠪᠣᠭᠳᠠᠯ ᠪᠦᠬᠦᠢ ᠲᠣᠭᠲᠠᠭ᠋ᠠᠯ ᠵᠶ᠋ᠡᠷ ᠵᠣᠬᠢᠬᠤ ᠠᠵᠢᠯ᠎ᠤᠨ ᠪᠠᠢ᠌ᠷᠢ᠎ᠳᠤ ᠤᠷᠢᠵᠤ ᠬᠡᠷᠡᠭᠯᠡᠨ᠎ᠡ᠃
ᠲᠠᠪᠤ᠂ ᠯᠠᠪᠯᠠᠬᠤ ᠪᠠ ᠬᠢᠨᠠᠯᠲᠠ ᠲᠠᠯᠪᠢᠬᠤ ᠤᠲᠠᠰᠤ
(ᠨᠢᠭᠡ) ᠠᠵᠢᠯ᠎ᠤᠨ ᠪᠠᠢ᠌ᠷᠢ ᠪᠣᠯᠣᠨ ᠲᠥᠷᠥ ᠵᠢᠨ ᠪᠣᠳᠣᠯᠭ᠎ᠠ ᠵᠢ ᠯᠠᠪᠯᠠᠬᠤ ᠤᠲᠠᠰᠤ᠄
0471-6944991 (ᠠᠵᠢᠯᠯᠠᠬᠤ ᠡᠳᠦᠷ᠎ᠤᠨ 9᠄ 00 —17᠄ 00)
( ᠬᠣᠶᠠᠷ) ᠨᠡᠷ᠎ᠡ ᠮᠡᠳᠡᠭᠦᠯᠬᠦ ᠰᠦᠯᠵᠢᠶᠡᠨ᠎ᠤ ᠥᠷᠲᠡᠭᠡ ᠵᠢᠨ ᠮᠡᠷᠭᠡᠵᠢᠯ᠎ᠤᠨ ᠲᠤᠬᠠᠢ ᠯᠠᠪᠯᠠᠬᠤ ᠤᠲᠠᠰᠤ᠄
400-8828-026 (ᠠᠵᠢᠯᠯᠠᠬᠤ ᠡᠳᠦᠷ᠎ᠤᠨ 9᠄ 00 —17:00)
(ᠭᠤᠷᠪᠠ) ᠬᠢᠨᠠᠯᠲᠠ ᠲᠠᠯᠪᠢᠵᠤ ᠢᠯᠡᠴᠢᠯᠡᠬᠦ ᠳ᠋ᠢᠶᠠᠩᠬᠤᠸᠠ᠄
0471-6944815 (ᠠᠵᠢᠯᠯᠠᠬᠤ ᠡᠳᠦᠷ᠎ᠤᠨ 9᠄ 00 —17᠄ 00)
ᠲᠤᠰ ᠠᠯᠪᠠᠨ ᠵᠠᠷᠯᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ᠎ᠤᠨ᠎ᠬᠢᠨ ᠬᠠᠷᠢᠭᠤᠴᠠᠨ ᠲᠠᠢ᠌ᠯᠪᠤᠷᠢᠯᠠᠨ᠎ᠠ᠃
ᠣᠷᠴᠢᠭᠤᠯᠤᠭᠴᠢ᠄ ᠰᠡᠴᠡᠨᠪᠠᠭ᠋ᠠᠲᠤᠷ
ᠬᠢᠨᠠᠨ ᠨᠠᠢ᠌ᠷᠠᠭᠤᠯᠤᠭᠴᠢ᠄ ᠠᠳᠢᠶ᠎ᠠ ᠰᠠᠴᠤᠷᠠᠯ
ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ