ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠬᠠᠷᠢᠶ᠎ᠠ ᠠᠵᠢᠯ ᠦᠢᠯᠡᠰ᠎ᠤᠨ ᠨᠢᠭᠡᠴᠢ ᠵᠢᠨ ᠢᠯᠡ᠎ᠪᠠᠷ ᠥᠷᠢᠰᠥᠯᠳᠦᠬᠦ ᠬᠡᠯᠪᠡᠷᠢ᠎ᠪᠠᠷ ᠠᠵᠢᠯᠳᠠᠨ᠎ᠢ ᠠᠳᠠᠯᠢᠳᠬᠠᠨ ᠰᠣᠩᠭᠣᠬᠤ ᠲᠤᠬᠠᠢ ᠨᠥᠬᠥᠪᠥᠷᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-09-17

ᠰᠢᠯᠭ᠋ᠠᠭᠤᠯᠤᠭᠰᠠᠳ᠎ᠲᠤ᠄ 
      ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠪᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠤᠯ ᠬᠡᠷᠡᠭᠯᠡᠬᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ) ᠢᠯᠡ᠎ᠪᠠᠷ ᠥᠷᠢᠰᠥᠯᠳᠦᠬᠦ ᠬᠡᠯᠪᠡᠷᠢ᠎ᠪᠠᠷ ᠠᠵᠢᠯᠲᠠᠨ᠎ᠢ ᠠᠳᠠᠯᠢᠳᠬᠠᠨ ᠰᠣᠩᠭᠣᠬᠤ ᠲᠤᠬᠠᠢ ᠠᠯᠪᠠᠨ ᠵᠠᠷᠯᠠᠯ》᠎ᠤᠨ ᠲᠤᠬᠠᠢ ᠨᠥᠬᠥᠪᠥᠷᠢ ᠠᠯᠪᠠᠨ ᠵᠠᠷᠯᠠᠯ᠎ᠢ ᠳᠣᠣᠷᠠᠬᠢ ᠮᠡᠲᠦ ᠵᠠᠷᠯᠠᠶ᠎ᠠ᠃ 
      ᠠᠯᠪᠠᠨ ᠵᠠᠷᠯᠠᠯ᠎ᠳᠠᠬᠢ 《ᠨᠡᠷ᠎ᠡ ᠮᠡᠳᠡᠭᠦᠯᠦᠭᠴᠢ᠎ᠨᠢ ᠳᠤᠤᠷ᠎ᠠ ᠵᠢᠭᠰᠠᠭ᠋ᠠᠭᠰᠠᠨ ᠬᠢᠷᠢ ᠬᠡᠮ᠎ᠤᠨ ᠨᠥᠬᠥᠴᠡᠯ᠎ᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠶ》 ᠭᠡᠬᠦ ᠠᠭᠤᠯᠭ᠎ᠠ ᠵᠢᠨ ᠶᠢᠰᠦᠳᠦᠭᠡᠷ ᠵᠦᠢᠯ᠎ᠳᠤ 《ᠣᠶ᠋ᠢᠷ᠎ᠠ ᠵᠢᠨ ᠬᠣᠶᠠᠷ ᠵᠢᠯ᠎ᠤᠨ ᠣᠨ᠎ᠤ ᠬᠢᠨᠠᠨ ᠰᠢᠯᠭ᠋ᠠᠷᠠᠭᠤᠯᠤᠯᠲᠠ᠎ᠳᠤ ᠴᠥᠮ ᠲᠤᠰᠢᠶᠠᠯ᠎ᠳᠤ᠎ᠪᠠᠨ ᠬᠢᠷᠢ ᠲᠡᠩᠴᠡᠭᠰᠡᠨ (ᠬᠢᠷᠢ ᠲᠡᠩᠴᠡᠭᠰᠡᠨ) ᠵᠢᠴᠢ ᠲᠡᠭᠦᠨ᠎ᠠᠴᠠ ᠳᠡᠭᠡᠭᠰᠢᠬᠢ ᠳᠡᠰ ᠪᠠᠢ᠌ᠬᠤ ᠬᠡᠷᠡᠭᠳᠡᠢ》 ᠭᠡᠵᠦ ᠲᠣᠭᠲᠠᠭ᠋ᠠᠵᠠᠶ᠃ ᠪᠣᠳᠠᠲᠠᠶ ᠨᠡᠷ᠎ᠡ ᠮᠡᠳᠡᠭᠦᠯᠬᠦ ᠶᠠᠪᠤᠴᠠ᠎ᠳᠤ᠂ ᠰᠢᠯᠭ᠋ᠠᠭᠤᠯᠤᠭᠴᠢ 2021 ᠣᠨ᠎ᠤ ᠬᠢᠨᠠᠨ ᠰᠢᠯᠭ᠋ᠠᠷᠠᠭᠤᠯᠤᠯᠲᠠ᠎ᠳᠤ ᠲᠤᠷᠰᠢᠨ ᠬᠡᠷᠡᠭᠯᠡᠬᠦ ᠬᠤᠭᠤᠴᠠᠭ᠋ᠠᠨ᠎ᠳᠤ ᠪᠠᠢ᠌ᠬᠰᠠᠨ᠎ᠠᠴᠠ ᠪᠣᠯᠵᠣ ᠲᠤᠬᠠᠶ ᠵᠢᠨ ᠵᠢᠯ᠎ᠤᠨ ᠣᠨ᠎ᠤ ᠬᠢᠨᠠᠨ ᠰᠢᠯᠭ᠋ᠠᠷᠠᠭᠤᠯᠤᠯᠲᠠ ᠵᠢᠨ ᠳ᠋ᠦᠩ᠎ᠨᠢ ᠳᠡᠰ ᠲᠣᠭᠲᠠᠭ᠋ᠠᠭᠳᠠᠬᠤ ᠦᠬᠡᠢ ᠬᠡᠪᠴᠢᠶᠡᠨ᠎ᠳᠤ ᠬᠠᠷᠢᠶᠠᠯᠠᠬᠳᠠᠬᠤ ᠪᠣᠯᠪᠠᠴᠤ 2022 ᠣᠨ᠎ᠤ ᠬᠢᠨᠠᠨ ᠰᠢᠯᠭ᠋ᠠᠷᠠᠭᠤᠯᠤᠯᠲᠠ᠎ᠳᠤ ᠲᠤᠰᠢᠶᠠᠯ᠎ᠳᠤ᠎ᠪᠠᠨ ᠬᠢᠷᠢ ᠲᠡᠩᠴᠡᠭᠰᠡᠨ (ᠬᠢᠷᠢ ᠲᠡᠩᠴᠡᠭᠰᠡᠨ) ᠵᠢᠴᠢ ᠲᠡᠭᠦᠨ᠎ᠠᠴᠠ ᠳᠡᠭᠡᠭᠰᠢᠬᠢ ᠳᠡᠰ᠎ᠲᠤ ᠬᠦᠷᠦᠭᠰᠡᠨ ᠪᠠᠶ᠋ᠢᠪᠠᠯ ᠮᠦᠨ ᠴᠤ᠌ ᠲᠣᠰ ᠤᠳᠠᠭ᠋ᠠᠨ᠎ᠤ ᠨᠡᠷ᠎ᠡ ᠮᠡᠳᠡᠭᠦᠯᠬᠦ ᠨᠥᠬᠥᠴᠡᠯ᠎ᠳᠤ ᠨᠡᠶ᠋ᠢᠴᠡᠨ᠎ᠠ᠃ 
      ᠡᠭᠦᠨ᠎ᠤ ᠲᠤᠯᠠ ᠣᠨᠴᠠᠭ᠋ᠠᠶ᠋ᠢᠯᠠᠨ ᠵᠠᠷᠯᠠᠪᠠ᠃ 
                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ  
                               2023 ᠣᠨ᠎ᠤ 9  ᠳ᠋ᠤᠭᠡᠷ ᠰᠠᠷ᠎ᠠ ᠵᠢᠨ 13᠎ᠤ ᠡᠳᠦᠷ



             ᠣᠷᠴᠢᠭᠤᠯᠤᠭᠴᠢ᠄ ᠰᠢᠦ ᠬᠤᠸᠠ
             ᠬᠢᠨᠠᠨ ᠨᠠᠢ᠌ᠷᠠᠭᠤᠯᠤᠭᠴᠢ᠄ ᠠᠳᠢᠶ᠎ᠠ   ᠰᠠᠴᠤᠷᠠᠯ
             ᠶᠡᠷᠦᠩᠬᠡᠢ ᠬᠢᠨᠠᠨ ᠨᠠᠢ᠌ᠷᠠᠭᠤᠯᠤᠭᠴᠢ᠄ ᠪᠠᠶᠠᠨᠴᠢᠮᠡᠭ
 

ᠢᠷᠡᠯᠲᠡ᠄ ᠪᠠᠢ᠌ᠭᠤᠯᠭ᠎ᠠ ᠵᠢᠨ ᠨᠠᠮ᠎ᠤᠨ ᠬᠣᠷᠢᠶ᠎ᠠ (ᠠᠵᠢᠯᠲᠠᠨ᠎ᠤ ᠶᠠᠪᠤᠳᠠᠯ᠎ᠤᠨ ᠭᠠᠵᠠᠷ)