ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ 2024 ᠣᠨ᠎ᠤ ᠰᠤᠳᠤᠯᠭ᠋ᠠᠨ᠎ᠤ ᠰᠡᠳᠦᠪ ᠡᠷᠡᠮᠡᠯᠵᠡᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-01-09

ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠶᠡᠭᠡ ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠡᠯ᠎ᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ (ᠬᠦᠮᠦᠵᠢᠭᠦᠯᠬᠦ)᠎ᠤ ᠰᠠᠭᠤᠷᠢᠨ ᠭᠠᠵᠠᠷ᠂ ᠡᠯ᠎ᠡ ᠠᠢ᠌ᠮᠠᠭ ᠬᠣᠲᠠ ᠵᠢᠨ  ᠦᠨᠳᠦᠰᠦᠳᠡᠨ᠎ᠤ ᠵᠥᠪᠯᠡᠯ᠂ ᠮᠠᠨᠵᠤᠤᠷ ᠬᠣᠲᠠ᠂ ᠡᠷᠢᠶᠡᠨ ᠬᠣᠲᠠ ᠵᠢᠨ ᠦᠨᠳᠦᠰᠦᠳᠡᠨ᠎ᠤ ᠵᠥᠪᠯᠡᠯ᠄ 
      ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠬᠦ ᠲᠠᠯ᠎ᠠ ᠎ᠪᠠᠷ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠲᠤᠬᠠᠢ ᠲᠣᠭᠲᠠᠭ᠋ᠠᠯ᠎ᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠣᠨᠣᠯ᠎ᠤᠨ ᠰᠤᠳᠤᠯᠭ᠋ᠠᠨ ᠪᠠ ᠤᠬᠠᠭᠤᠯᠭ᠎ᠠ ᠲᠠᠢ᠌ᠯᠪᠤᠷᠢᠯᠯᠠᠳᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠶ᠋ᠠᠷ ᠬᠢᠨᠠᠨ ᠵᠥᠪᠯᠡᠵᠦ ᠵᠥᠪᠰᠢᠶᠡᠷᠡᠭᠡᠳ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ 2024 ᠣᠨ᠎ᠤ ᠰᠤᠳᠤᠯᠭ᠋ᠠᠨ᠎ᠤ ᠰᠡᠳᠦᠪ ᠡᠷᠡᠮᠡᠯᠵᠡᠨ ᠮᠡᠳᠡᠭᠦᠯᠬᠦ ᠠᠵᠢᠯ᠎ᠢ ᠡᠬᠢᠯᠡᠭᠦᠯᠪᠡ᠃ ᠡᠳᠦᠭᠡ ᠬᠠᠮᠢᠶ᠎ᠠ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭᠳᠡᠶ᠎ᠡ᠃ 
      ᠨᠢᠭᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ 2024 ᠣᠨ᠎ᠤ ᠰᠤᠳᠤᠯᠭ᠋ᠠᠨ᠎ᠤ ᠰᠡᠳᠦᠪ᠎ᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠲᠥᠷᠥᠯ ᠵᠦᠢ᠍ᠯ ᠪᠠ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠲᠥᠷᠥᠯ ᠵᠦᠢ᠍ᠯ᠎ᠢ ᠪᠠᠭᠲᠠᠭ᠋ᠠᠵᠤ᠂ ᠨᠡᠶ᠋ᠢᠲᠡ 42 ᠰᠤᠩᠭᠤᠯᠲᠠ ᠵᠢᠨ ᠰᠡᠳᠦᠪ ᠨᠡᠢ᠌ᠲᠡᠯᠡᠵᠦ᠂ ᠰᠡᠳᠦᠪ ᠨᠢᠭᠡ ᠪᠦᠷᠢ᠎ᠳᠤ ᠵᠠᠷᠴᠢᠮ ᠳᠡᠭᠡᠷ᠎ᠡ᠎ᠪᠠᠨ 1 ᠰᠤᠳᠤᠯᠭ᠋ᠠᠨ᠎ᠤ ᠰᠡᠳᠦᠪ ᠲᠣᠭᠲᠠᠭ᠋ᠠᠨ᠎ᠠ᠃ ᠡᠷᠡᠮᠡᠯᠵᠡᠨ ᠮᠡᠳᠡᠭᠦᠯᠬᠦ ᠠᠵᠢᠯ᠎ᠤᠨ ᠵᠢᠯᠤᠭᠣᠳᠬᠤ ᠦᠵᠡᠯ ᠰᠠᠨᠠᠭ᠎ᠠ᠂ ᠦᠨᠳᠦᠰᠦᠨ ᠴᠢᠭᠯᠡᠯ᠂ ᠲᠥᠷᠥᠯ ᠵᠦᠢ᠍ᠯ᠎ᠤᠨ ᠢᠯᠭ᠋ᠠᠯ᠂ ᠡᠷᠡᠮᠡᠯᠵᠡᠨ ᠮᠡᠳᠡᠭᠦᠯᠬᠦ ᠨᠥᠬᠥᠴᠡᠯ᠂ ᠰᠤᠳᠤᠯᠭ᠋ᠠᠨ᠎ᠤ ᠦᠷ᠎ᠡ ᠪᠦᠲᠦᠭᠡᠯ᠂ ᠰᠤᠳᠤᠯᠭ᠋ᠠᠨ᠎ᠤ ᠰᠡᠳᠦᠪ ᠰᠣᠩᠭᠣᠬᠤ ᠵᠡᠷᠭᠡ ᠬᠠᠮᠢᠶ᠎ᠠ ᠪᠦᠬᠦᠢ ᠱᠠᠭ᠋ᠠᠷᠳᠠᠯᠭ᠎ᠠ ᠵᠢ 《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ 2024 ᠣᠨ᠎ᠤ ᠰᠡᠳᠦᠪ ᠡᠷᠡᠮᠡᠯᠵᠡᠨ ᠮᠡᠳᠡᠭᠦᠯᠬᠦ ᠵᠦᠭᠯᠡᠭᠦᠷ》 (ᠳᠠᠭ᠋ᠠᠯᠳᠤᠭᠤᠯᠤᠯ 1)᠎ᠲᠤ ᠨᠠᠷᠢᠪᠴᠢᠯᠠᠨ ᠦᠵᠡᠭᠡᠷᠡᠢ᠃ 
      ᠬᠣᠶᠠᠷ᠂ ᠲᠥᠷᠥᠯ ᠵᠦᠢ᠍ᠯ᠎ᠤᠨ ᠡᠷᠬᠢᠯᠡᠭᠴᠢ ᠪᠠ ᠡᠷᠡᠮᠡᠯᠵᠡᠨ ᠮᠡᠳᠡᠭᠦᠯᠬᠦ ᠨᠢᠭᠡᠴᠢ᠎ᠨᠢ ᠡᠷᠬᠡᠪᠰᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃ ᠲᠥᠷᠥᠯ ᠵᠦᠢ᠍ᠯ᠎ᠤᠨ ᠡᠷᠬᠢᠯᠡᠭᠴᠢ ᠪᠦᠬᠦᠨ ᠵᠥᠪᠬᠡᠨ 1 ᠰᠤᠳᠤᠯᠭ᠋ᠠᠨ᠎ᠤ ᠲᠥᠷᠥᠯ ᠵᠦᠢ᠍ᠯ᠎ᠢ ᠡᠷᠡᠮᠡᠯᠵᠡᠨ ᠮᠡᠳᠡᠭᠦᠯᠵᠦ ᠪᠣᠯᠣᠨ᠎ᠠ᠂ ᠭᠡᠪᠡᠴᠦ ᠲᠥᠷᠥᠯ ᠵᠦᠢ᠍ᠯ᠎ᠤᠨ ᠳᠤᠭᠤᠢ᠌ᠯᠠᠩ᠎ᠤᠨ ᠪᠦᠷᠢᠯᠳᠦᠭᠦᠨ᠎ᠤ ᠬᠤᠪᠢ᠎ᠪᠠᠷ ᠪᠤᠰᠤᠳ ᠡᠷᠬᠢᠯᠡᠭᠴᠢ ᠵᠢᠨ ᠡᠷᠡᠮᠡᠯᠵᠡᠨ ᠮᠡᠳᠡᠭᠦᠯᠦᠭᠰᠡᠨ ᠲᠥᠷᠥᠯ ᠵᠦᠢ᠍ᠯ᠎ᠳᠤ ᠣᠷᠣᠯᠴᠠᠵᠤ ᠪᠣᠯᠣᠨ᠎ᠠ; ᠲᠥᠷᠥᠯ ᠵᠦᠢ᠍ᠯ᠎ᠤᠨ ᠳᠤᠭᠤᠢ᠌ᠯᠠᠩ᠎ᠤᠨ ᠪᠦᠷᠢᠯᠳᠦᠭᠦᠨ ᠬᠠᠮᠤᠭ ᠣᠯᠠᠨ᠎ᠳᠤ᠎ᠪᠠᠨ 2 ᠲᠥᠷᠥᠯ ᠵᠦᠢ᠍ᠯ᠎ᠳᠤ ᠣᠷᠣᠯᠴᠠᠵᠤ ᠪᠣᠯᠣᠨ᠎ᠠ᠃ 
      ᠭᠤᠷᠪᠠ᠂ ᠰᠤᠳᠤᠯᠭ᠋ᠠᠨ᠎ᠤ ᠰᠡᠳᠦᠪ᠎ᠤᠨ ᠡᠷᠬᠢᠯᠡᠭᠴᠢ ᠡᠷᠬᠡᠪᠰᠢ ᠡᠷᠡᠮᠡᠯᠵᠡᠯᠡᠭᠰᠡᠨ ᠰᠡᠳᠦᠪ᠎ᠤᠨ ᠵᠶ᠋ᠡᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠤᠬᠠᠢ ᠮᠠᠷᠭᠤᠯᠳᠤᠭ᠋ᠠᠨ ᠦᠭᠡᠢ ᠵᠢ ᠪᠠᠲᠤᠯᠠᠬᠤ ᠬᠡᠷᠡᠭᠲᠡᠢ᠃ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠳ᠎ᠢ ᠢᠯᠡᠷᠡᠭᠦᠯᠵᠦ ᠮᠡᠳᠡᠭᠡᠳ ᠪᠠᠢ᠌ᠴᠠᠭ᠋ᠠᠨ ᠲᠣᠳᠣᠯᠠᠪᠠᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠦᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠠᠮᠢᠶ᠎ᠠ ᠪᠦᠬᠦᠢ ᠲᠣᠭᠲᠠᠭ᠋ᠠᠯ ᠶᠣᠰᠣ᠎ᠪᠠᠷ ᠰᠢᠢ᠍ᠳᠪᠦᠷᠢᠯᠡᠨ᠎ᠡ᠃ 
      ᠳᠥᠷᠪᠡ᠂ ᠡᠯ᠎ᠡ ᠠᠢ᠌ᠮᠠᠭ᠎ᠤᠨ ᠬᠣᠲᠠ ᠵᠢᠨ ᠦᠨᠳᠦᠰᠦᠳᠡᠨ᠎ᠤ ᠵᠥᠪᠯᠡᠯ᠎ᠨᠢ ᠲᠣᠰ ᠭᠠᠵᠠᠷ ᠣᠷᠣᠨ᠎ᠤ ᠨᠠᠮ ᠵᠠᠰᠠᠭ᠎ᠤᠨ ᠪᠠᠢ᠌ᠭᠤᠯᠭ᠎ᠠ ᠵᠢᠨ ᠰᠤᠳᠤᠯᠭ᠋ᠠᠨ᠎ᠤ ᠰᠡᠳᠦᠪ ᠡᠷᠡᠮᠡᠯᠵᠡᠨ ᠮᠡᠳᠡᠬᠦᠯᠬᠦ ᠵᠢ ᠵᠣᠬᠢᠶᠠᠨ ᠪᠠᠶ᠋ᠢᠭᠤᠯᠬᠤ ᠪᠠ ᠨᠢᠭᠡᠳᠦᠯᠲᠡᠢ ᠮᠡᠳᠡᠭᠦᠯᠦᠨ ᠬᠦᠷᠭᠡᠬᠦ ᠠᠵᠢᠯ᠎ᠢ ᠬᠠᠷᠢᠭᠤᠴᠠᠨ᠎ᠠ᠃ ᠶᠡᠭᠡ ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠪᠠᠢ᠌ᠭᠤᠯᠤᠮᠵᠢ᠂ ᠨᠠᠮ᠎ᠤᠨ ᠰᠤᠷᠭ᠋ᠠᠭᠤᠯᠢ᠂ ᠪᠣᠯᠪᠠᠰᠤᠷᠠᠯ᠎ᠤᠨ ᠳᠡᠭᠡᠳᠦ ᠰᠤᠷᠭ᠋ᠠᠭᠤᠯᠢ ᠵᠢᠨ᠎ᠬᠢᠨ᠎ᠤ ᠰᠤᠳᠤᠯᠭ᠋ᠠᠨ᠎ᠤ ᠰᠡᠳᠦᠪ ᠡᠷᠡᠮᠡᠯᠵᠡᠨ ᠮᠡᠳᠡᠭᠦᠯᠬᠦ ᠵᠢ ᠵᠣᠬᠢᠶᠠᠨ ᠪᠠᠶ᠋ᠢᠭᠤᠯᠬᠤ᠂ ᠦᠵᠡᠯ ᠤᠬᠠᠮᠰᠠᠷ᠎ᠤᠨ ᠬᠡᠯᠪᠡᠷᠢ ᠵᠢ ᠬᠢᠨᠠᠨ ᠪᠠᠢ᠌ᠴᠠᠭ᠋ᠠᠬᠤ ᠪᠠ ᠨᠢᠭᠡᠳᠦᠯᠲᠡᠢ ᠮᠡᠳᠡᠭᠦᠯᠦᠨ ᠬᠦᠷᠭᠡᠬᠦ ᠠᠵᠢᠯ᠎ᠢ ᠲᠣᠰ ᠲᠣᠰ᠎ᠤᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠷᠢᠭᠤᠴᠠᠨ᠎ᠠ᠃ ᠬᠤᠪᠢ ᠬᠥᠮᠥᠨ᠎ᠤ ᠮᠡᠳᠡᠭᠦᠯᠦᠯᠲᠡ ᠵᠢ ᠬᠦᠯᠢᠶᠡᠨ ᠠᠪᠬᠤ ᠦᠭᠡᠢ᠃ 
      ᠲᠠᠪᠤ᠂ ᠲᠥᠷᠥᠯ ᠵᠦᠢ᠍ᠯ᠎ᠤᠨ ᠡᠷᠬᠢᠯᠡᠭᠴᠢ᠎ᠠᠴᠠ 《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠡᠷᠡᠮᠡᠯᠵᠡᠯ᠎ᠤᠨ ᠪᠢᠴᠢᠭ》 (ᠳᠠᠭ᠋ᠠᠯᠳᠤᠭᠤᠯᠤᠯ 3) ᠪᠠ 《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠨᠤᠲᠠᠯᠠᠯ᠎ᠤᠨ ᠵᠠᠳᠠᠭ᠋ᠠᠢ ᠬᠠᠭᠤᠳᠠᠰᠤ》 (ᠳᠠᠭ᠋ᠠᠯᠳᠤᠭᠤᠯᠤᠯ 4) ᠵᠢ ᠲᠠᠭᠯᠠᠵᠤ᠂ A3 ᠴᠠᠭ᠋ᠠᠰᠤᠨ᠎ᠳᠤ ᠬᠣᠶᠠᠷ ᠲᠠᠯ᠎ᠠ᠎ᠪᠠᠷ ᠳᠠᠷᠤᠮᠠᠯᠯᠠᠵᠤ᠂ ᠳᠤᠮᠳᠠᠭᠤᠷ᠎ᠨᠢ ᠳᠡᠪᠲᠡᠷᠯᠡᠨ᠎ᠡ᠂ ᠲᠣᠰ ᠪᠦᠷᠢ ᠨᠢᠭᠡ ᠬᠡᠯᠪᠡᠷᠢ ᠵᠢᠨ 3 ᠬᠤᠪᠢ ᠪᠡᠯᠡᠳᠬᠡᠨ᠎ᠡ᠃ ᠡᠷᠡᠮᠡᠯᠵᠡᠨ ᠮᠡᠳᠡᠭᠦᠯᠦᠭᠰᠡᠨ ᠨᠢᠭᠡᠴᠢ 《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ 2024 ᠣᠨ᠎ᠤ ᠰᠤᠳᠤᠯᠭ᠋ᠠᠨ᠎ᠤ ᠰᠡᠳᠦᠪ᠎ᠤᠨ ᠬᠤᠷᠢᠶᠠᠩᠭᠤᠢ ᠬᠦᠰᠦᠨᠦᠭᠲᠦ》 (ᠳᠠᠭ᠋ᠠᠯᠳᠤᠭᠤᠯᠤᠯ 2) ᠵᠢ ᠲᠠᠭᠯᠠᠵᠤ᠂ ᠨᠢᠭᠡ ᠬᠡᠯᠪᠡᠷᠢ ᠵᠢᠨ 1 ᠬᠤᠪᠢ ᠪᠡᠯᠡᠳᠬᠡᠨ᠎ᠡ᠂ ᠳᠡᠭᠡᠷᠡᠬᠢ ᠳᠠᠭ᠋ᠠᠯᠳᠤᠭᠤᠯᠤᠯ᠎ᠢ ᠴᠥᠮ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠪᠠᠢ᠌ᠭᠤᠯᠭ᠎ᠠ ᠵᠢᠨ ᠰᠦᠯᠵᠢᠶ᠎ᠡ᠎ᠠᠴᠠ ᠪᠠᠭᠤᠯᠭ᠋ᠠᠨ ᠠᠪᠴᠤ ᠪᠣᠯᠣᠨ᠎ᠠ᠃ ᠡᠷᠡᠮᠡᠯᠵᠡᠨ ᠮᠡᠳᠡᠭᠦᠯᠦᠭᠰᠡᠨ ᠨᠢᠭᠡᠴᠢ ᠳᠡᠭᠡᠷᠡᠬᠢ ᠮᠠᠲ᠋ᠧᠷᠢᠶᠠᠯ᠎ᠢ ᠨᠠᠷᠢᠨ ᠬᠢᠨᠠᠮᠠᠭ᠋ᠠᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠪᠠᠢ᠌ᠭᠤᠯᠭ᠎ᠠ ᠵᠢᠨ ᠠᠯᠪᠠᠨ ᠲᠠᠮᠠᠭ᠎ᠠ ᠵᠢ ᠳᠠᠷᠤᠵᠤ᠂ 2024 ᠣᠨ᠎ᠤ 1 ᠳ᠋ᠦ᠍ᠭᠡᠷ ᠰᠠᠷ᠎ᠠ ᠵᠢᠨ 29᠎ᠤ ᠡᠳᠦᠷ᠎ᠠᠴᠠ ᠡᠮᠦᠨ᠎ᠡ ᠳᠤᠮᠳᠠᠳᠤ ᠤᠯᠤᠰ᠎ᠤᠨ ᠰᠢᠤᠳᠠᠨ᠎ᠤ EMS ᠵᠶ᠋ᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠳᠤ ᠨᠢᠭᠡᠳᠦᠯᠲᠡᠢ ᠮᠡᠳᠡᠭᠦᠯᠦᠨ ᠬᠦᠷᠭᠡᠨ᠎ᠡ᠃ ᠡᠭᠦᠨ᠎ᠤ ᠬᠠᠮᠲᠤ᠂ ᠮᠡᠳᠡᠭᠦᠯᠬᠦ ᠮᠠᠲ᠋ᠧᠷᠢᠶᠠᠯ᠎ᠤᠨ ᠡᠯᠧᠺᠲᠷᠣᠨ ᠬᠡᠪᠯᠡᠯ (WORD ᠬᠡᠪᠯᠡᠯ ᠵᠢᠴᠢ PDF ᠰᠢᠷᠪᠢᠯᠲᠡ ᠵᠢᠨ ᠮᠠᠲ᠋ᠧᠷᠢᠶᠠᠯ)᠎ᠢ ᠬᠤᠷᠢᠶᠠᠩᠭᠤᠢ᠌ᠯᠠᠭᠰᠠᠨ᠎ᠤ ᠳᠠᠷᠠᠭ᠎ᠠ ᠵᠢᠭ᠋ᠠᠨ ᠲᠣᠭᠲᠠᠭ᠋ᠠᠭᠰᠠᠨ ᠡᠯᠧᠺᠲᠷᠣᠨ ᠰᠢᠤᠳᠠᠨ᠎ᠤ ᠬᠠᠢ᠌ᠷᠴᠠᠭ᠎ᠲᠤ ᠶᠠᠪᠤᠭᠤᠯᠬᠤ ᠵᠢᠨ ᠬᠠᠮᠲᠤ ᠡᠯᠧᠺᠲᠷᠣᠨ ᠬᠡᠪᠯᠡᠯ ᠬᠢᠭᠡᠳ ᠴᠠᠭ᠋ᠠᠰᠤᠨ ᠬᠡᠪᠯᠡᠯ᠎ᠤᠨ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠨᠢᠭᠡᠳᠦᠯᠲᠦ ᠴᠢᠨᠠᠷ᠎ᠢ ᠪᠠᠲᠤᠯᠠᠬᠤ ᠬᠡᠷᠡᠭᠲᠡᠢ (ᠡᠯᠧᠺᠲᠷᠣᠨ ᠬᠡᠪᠯᠡᠯ᠎ᠤᠨ ᠮᠡᠳᠡᠭᠦᠯᠦᠨ ᠬᠦᠷᠭᠡᠬᠦ ᠮᠠᠲ᠋ᠧᠷᠢᠶᠠᠯ᠎ᠢ ᠪᠣᠭᠣᠳᠠᠯᠯᠠᠭᠰᠠᠨ᠎ᠤ ᠳᠠᠷᠠᠭ᠎ᠠ᠄ ᠣᠨ ᠵᠢᠯ + ᠣᠪᠣᠭ ᠨᠡᠷ᠎ᠡ + ᠰᠤᠳᠤᠯᠭ᠋ᠠᠨ᠎ᠤ ᠰᠡᠳᠦᠪ᠎ᠤᠨ ᠨᠡᠷ᠎ᠡ +  ᠨᠢᠭᠡᠴᠢ ᠵᠢᠨ ᠨᠡᠷᠡᠢ᠌ᠳᠦᠯ ᠭᠡᠵᠦ ᠨᠢᠭᠡᠳᠦᠯᠲᠡᠢ ᠨᠡᠷᠡᠢ᠌ᠳᠦᠨ᠎ᠡ)᠃ ᠠᠭᠤᠯᠭ᠎ᠠ᠎ᠨᠢ ᠨᠢᠭᠡᠳᠦᠯ ᠦᠭᠡᠢ ᠪᠣᠯ ᠵᠥᠪᠬᠡᠨ ᠰᠦᠯᠵᠢᠶᠡᠨ ᠳᠡᠭᠡᠷ᠎ᠡ ᠡᠷᠡᠮᠡᠯᠵᠡᠨ ᠮᠡᠳᠡᠭᠦᠯᠦᠭᠰᠡᠨ ᠮᠠᠲ᠋ᠧᠷᠢᠶᠠᠯ ᠪᠤᠶᠤ ᠴᠠᠭ᠋ᠠᠰᠤᠨ ᠬᠡᠪᠯᠡᠯ᠎ᠤᠨ ᠮᠡᠳᠡᠭᠦᠯᠦᠭᠰᠡᠨ ᠮᠠᠲ᠋ᠧᠷᠢᠶᠠᠯ᠎ᠢ ᠬᠣᠷᠢᠶᠠᠨ ᠣᠯᠣᠭᠰᠠᠨ ᠪᠣᠯ᠂ ᠮᠠᠲ᠋ᠧᠷᠢᠶᠠᠯ᠎ᠨᠢ ᠪᠦᠷᠢᠨ ᠪᠤᠰᠤ ᠪᠣᠯ ᠭᠥᠯᠢᠶᠡᠨ ᠠᠪᠴᠤ ᠰᠢᠢ᠍ᠳᠪᠦᠷᠢᠯᠡᠬᠦ ᠦᠭᠡᠢ᠃ ᠡᠷᠡᠮᠡᠯᠵᠡᠨ ᠮᠡᠳᠡᠭᠦᠯᠬᠦ ᠮᠠᠲ᠋ᠧᠷᠢᠶᠠᠯ ᠬᠤᠭᠤᠴᠠᠭ᠎ᠠ᠎ᠠᠴᠠ ᠬᠡᠲᠦᠷᠡᠪᠡᠯ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃ 
      ᠵᠢᠷᠭᠤᠭ᠎ᠠ᠂ ᠲᠥᠷᠥᠯ ᠵᠦᠢ᠍ᠯ ᠲᠣᠭᠲᠠᠭ᠋ᠠᠭᠳᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠪᠠᠢ᠌ᠭᠤᠯᠭ᠎ᠠ ᠵᠢᠨ ᠰᠦᠯᠵᠢᠶ᠎ᠡ᠎ᠳᠤ ᠲᠥᠷᠥᠯ ᠵᠦᠢ᠍ᠯ ᠲᠣᠭᠲᠠᠭ᠋ᠠᠭᠰᠠᠨ ᠨᠡᠷᠡᠰ᠎ᠢ ᠵᠠᠷᠯᠠᠨ ᠨᠡᠢ᠌ᠲᠡᠯᠡᠵᠦ᠂ ᠲᠥᠷᠥᠯ ᠵᠦᠢ᠍ᠯ ᠲᠣᠭᠲᠠᠭ᠋ᠠᠭᠰᠠᠨ ᠠᠯᠪᠠᠨ ᠵᠠᠷ ᠨᠡᠢ᠌ᠲᠡᠯᠡᠬᠦ ᠵᠢᠨ ᠬᠠᠮᠲᠤ᠂ ᠲᠥᠷᠥᠯ ᠵᠦᠢ᠍ᠯ᠎ᠤᠨ ᠡᠷᠬᠢᠯᠡᠭᠴᠢ᠎ᠳᠤ 《ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ ᠲᠥᠷᠥᠯ ᠵᠦᠢ᠍ᠯ ᠲᠣᠭᠲᠠᠭ᠋ᠠᠭᠰᠠᠨ ᠮᠡᠳᠡᠭᠳᠡᠯ᠎ᠤᠨ ᠪᠢᠴᠢᠭ》 ᠶᠠᠪᠤᠭᠤᠯᠵᠤ᠂ ᠲᠥᠷᠥᠯ ᠵᠦᠢ᠍ᠯ᠎ᠤᠨ ᠡᠷᠬᠢᠯᠡᠭᠴᠢ᠎ᠠᠴᠠ ᠲᠥᠷᠥᠯ ᠵᠦᠢ᠍ᠯ ᠲᠣᠭᠲᠠᠭ᠋ᠠᠭᠰᠠᠨ ᠮᠡᠳᠡᠭᠳᠡᠯ᠎ᠤᠨ ᠪᠢᠴᠢᠭ᠎ᠢ ᠣᠯᠣᠭᠰᠠᠨ᠎ᠤ ᠳᠠᠷᠠᠭ᠎ᠠ ᠲᠣᠭᠲᠠᠭᠰᠠᠨ ᠬᠤᠭᠤᠴᠠᠭ᠋ᠠᠨ ᠳᠣᠲᠣᠷ᠎ᠠ 《ᠬᠠᠷᠢᠭᠤ ᠪᠠᠷᠢᠮᠲᠠ》 ᠵᠢ ᠲᠠᠭᠯᠠᠨ ᠪᠢᠴᠢᠬᠦ ᠵᠢᠨ ᠬᠠᠮᠲᠤ ᠭᠠᠷ᠎ᠤᠨ ᠥᠰᠥᠭ ᠵᠢᠷᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ  ᠵᠥᠪᠯᠡᠯ᠎ᠳᠤ ᠢᠯᠡᠭᠡᠬᠦ ᠬᠡᠷᠡᠭᠲᠡᠢ᠃ 
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠰᠤᠳᠤᠯᠭ᠋ᠠᠨ᠎ᠤ ᠲᠦᠷᠦᠯ ᠵᠦᠢ᠍ᠯ᠎ᠤᠨ ᠬᠠᠷᠢᠯᠴᠠᠬᠤ ᠬᠦᠮᠦᠨ᠄ ᠯᠢᠦ ᠮᠸᠢ ᠵᠢᠶᠦ᠋ᠨ
       ᠬᠠᠷᠢᠯᠴᠠᠬᠤ ᠤᠲᠠᠰᠤ᠄ 0471-6945429 
       ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ  ᠬᠤᠷᠢᠶᠠᠯᠠᠯ᠎ᠤᠨ 7 ᠳ᠋ᠤᠭ᠋ᠠᠷ ᠠᠰᠠᠷ᠎ᠤᠨ 412  ᠦᠷᠦᠭᠡ
       ᠢᠮᠧᠯ᠄ zzqmwlmj@163.com 
       ᠰᠢᠤᠳᠠᠨ ᠳ᠋ᠤᠭ᠋ᠠᠷ᠄ 010000 
       ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠡᠷᠳᠡᠮ ᠰᠢᠨᠵᠢᠯᠡᠭᠡᠨ᠎ᠤ ᠲᠥᠷᠥᠯ ᠵᠦᠢ᠍ᠯ᠎ᠤᠨ ᠬᠠᠷᠢᠯᠴᠠᠬᠤ ᠬᠥᠮᠥᠨ᠄ ᠬᠦᠦᠵᠠᠶᠠᠭ᠎ᠠ
      ᠬᠠᠷᠢᠯᠴᠠᠬᠤ ᠤᠲᠠᠰᠤ᠄ 0471-6968340 
       ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ  ᠬᠤᠷᠢᠶᠠᠯᠠᠯ᠎ᠤᠨ 7 ᠳ᠋ᠤᠭ᠋ᠠᠷ ᠠᠰᠠᠷ᠎ᠤᠨ 411 ᠦᠷᠦᠭᠡ
       ᠢᠮᠧᠯ᠄ 491565674@qq.com 
       ᠰᠢᠤᠳᠠᠨ ᠳ᠋ᠤᠭ᠋ᠠᠷ᠄ 010000 
       ᠳᠠᠭ᠋ᠠᠯᠳᠤᠭᠤᠯᠤᠯ᠄ 
      1. ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ  ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠤᠨ 2024 ᠣᠨ᠎ᠤ ᠰᠤᠳᠤᠯᠭ᠋ᠠᠨ᠎ᠤ ᠰᠡᠳᠦᠪ ᠡᠷᠡᠮᠡᠯᠵᠡᠨ ᠮᠡᠳᠡᠭᠦᠯᠬᠦ ᠵᠦᠭᠯᠡᠭᠦᠷ 
      2. ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠢ ᠡᠷᠡᠮᠡᠯᠵᠡᠨ ᠮᠡᠳᠡᠭᠦᠯᠬᠦ 2024 ᠣᠨ᠎ᠤ ᠰᠤᠳᠤᠯᠭ᠋ᠠᠨ᠎ᠤ ᠰᠡᠳᠦᠪ᠎ᠤᠨ ᠬᠤᠷᠢᠶᠠᠩᠭᠤᠢ ᠬᠦᠰᠦᠨᠦᠭᠲᠦ 
      3. ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ  ᠰᠤᠳᠤᠯᠭ᠋ᠠᠨ᠎ᠤ ᠲᠥᠷᠥᠯ ᠵᠦᠢ᠍ᠯ᠎ᠤᠨ ᠡᠷᠡᠮᠡᠯᠵᠡᠯ᠎ᠤᠨ ᠪᠢᠴᠢᠭ 
      4. ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠦᠨᠳᠦᠰᠦᠲᠡᠨ᠎ᠤ ᠠᠵᠢᠯ᠎ᠤᠨ ᠰᠤᠳᠤᠯᠭ᠋ᠠᠨ᠎ᠤ ᠲᠥᠷᠥᠯ ᠵᠦᠢ᠍ᠯ᠎ᠢ ᠨᠤᠲᠠᠯᠠᠬᠤ ᠵᠠᠳᠠᠭ᠋ᠠᠢ ᠬᠠᠭᠤᠳᠠᠰᠤ 

                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠦᠪᠯᠡᠯ
                              2023 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ


           ᠣᠷᠴᠢᠭᠤᠯᠤᠭᠴᠢ᠄ ᠤᠷᠢᠬᠠᠨ
            ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
           ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠦᠸᠠᠢ ᠳ᠋ᠦᠩ

ᠢᠷᠡᠯᠲᠡ᠄ ᠣᠨᠣᠯ᠎ᠤᠨ ᠰᠤᠳᠤᠯᠭ᠋ᠠᠨ᠎ᠤ ᠭᠠᠵᠠᠷ