ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢᠨ ᠮᠡᠷᠭᠡᠵᠢᠯ᠎ᠤᠨ ᠦᠢᠯᠡᠴᠢᠯᠡᠭᠡᠨ᠎ᠤ ᠲᠥᠷᠥᠯ ᠵᠦᠢᠯ᠎ᠤᠨ ᠥᠷᠢᠰᠥᠯᠳᠦᠭᠡᠨ᠎ᠤ ᠴᠢᠨᠠᠷᠲᠠᠶ ᠵᠦᠪᠳᠡᠯᠴᠡᠬᠡᠷ᠎ᠤᠨ ᠳᠠᠭ᠋ᠠᠭ᠋ᠠᠴᠢᠯᠠᠯᠲᠠ ᠵᠠᠷᠯᠠᠬᠤ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2024-05-22

      ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠥᠷᠢᠰᠥᠯᠳᠦᠭᠡᠨ᠎ᠤ ᠴᠢᠨᠠᠷᠲᠠᠶ ᠵᠦᠪᠳᠡᠯᠴᠡᠬᠡᠷ᠎ᠤᠨ ᠠᠷᠭ᠎ᠠ ᠬᠡᠯᠪᠡᠷᠢ᠎ᠪᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢᠨ ᠮᠡᠷᠭᠡᠵᠢᠯ᠎ᠤᠨ ᠦᠢᠯᠡᠴᠢᠯᠡᠭᠡᠨ᠎ᠤ ᠲᠥᠷᠥᠯ ᠵᠦᠢᠯ᠎ᠢ ᠬᠤᠳᠠᠯᠳᠤᠨ ᠠᠪᠬᠤ᠎ᠪᠠᠷ ᠪᠤᠢ᠂ ᠬᠢᠷᠢ ᠬᠡᠮ᠎ᠤᠨ ᠨᠥᠬᠥᠴᠡᠯ᠎ᠳᠤ ᠨᠡᠢ᠌ᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠢᠷᠡᠵᠦ ᠨᠡᠷ᠎ᠡ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠵᠤ ᠪᠠᠢ᠌ᠨ᠎ᠠ᠃

      ᠨᠢᠭᠡ᠂ ᠲᠥᠷᠥᠯ ᠵᠦᠢᠯ᠎ᠤᠨ ᠲᠣᠢ᠌ᠮᠣᠴᠢᠯᠠᠯ 

      1. ᠲᠥᠷᠥᠯ ᠵᠦᠢᠯ᠎ᠤᠨ ᠦᠨᠳᠦᠰᠦᠨ ᠪᠠᠢ᠌ᠳᠠᠯ 
       ᠲᠥᠷᠥᠯ ᠵᠦᠢᠯ᠎ᠤᠨ ᠨᠠᠷ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢᠨ ᠮᠡᠷᠭᠡᠵᠢᠯ᠎ᠤᠨ ᠦᠢᠯᠡᠴᠢᠯᠡᠭᠡ 
      ᠬᠤᠳᠠᠯᠳᠤᠨ ᠠᠪᠬᠤ ᠪᠢᠴᠢᠭ ᠮᠠᠲ᠋ᠧᠷᠢᠶᠠᠯ᠎ᠤᠨ ᠳ᠋ᠤᠭ᠋ᠠᠷ᠄ NMG — DFMZYWZZS01—2024 
       ᠬᠤᠳᠠᠯᠳᠤᠨ ᠠᠪᠬᠤ ᠠᠷᠭ᠎ᠠ ᠮᠠᠶᠢᠭ᠄ ᠥᠷᠢᠰᠥᠯᠳᠦᠭᠡᠨ᠎ᠤ ᠴᠢᠨᠠᠷᠲᠠᠶ ᠵᠦᠪᠳᠡᠯᠴᠡᠬᠡᠷ ᠬᠢᠨ᠎ᠡ
       ᠬᠤᠳᠠᠯᠳᠤᠨ ᠠᠪᠬᠤ ᠱᠠᠭ᠋ᠠᠷᠳᠠᠯᠭ᠎ᠠ᠄
       ᠳᠠᠷᠠᠭ᠋ᠠᠯᠠᠯ ᠨᠤᠮᠸᠷ᠄ 1
       ᠲᠦᠷᠦᠯ ᠵᠤᠢ᠌ᠯ᠎ᠤᠨ ᠨᠠᠷ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠵᠥᠪᠯᠡᠯ᠎ᠤᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢᠨ ᠮᠡᠷᠭᠡᠵᠢᠯ᠎ᠤᠨ ᠦᠢᠯᠡᠴᠢᠯᠡᠭᠡ 
       ᠲᠤᠭ᠎ᠠ ᠬᠡᠮᠵᠢᠶ᠎ᠠ᠄ 1 
       ᠲᠦᠷᠦᠯ ᠵᠤᠢ᠌ᠯ᠎ᠤᠨ ᠱᠠᠭ᠋ᠠᠷᠳᠠᠯᠭ᠎ᠠ᠄ ᠦᠷᠢᠰᠦᠯᠳᠦᠬᠡᠨ᠎ᠤ ᠴᠢᠨᠠᠷᠳᠠᠢ ᠵᠦᠪᠳᠡᠯᠴᠡᠬᠡᠷ᠎ᠤᠨ ᠪᠢᠴᠢᠭ ᠮᠠᠲᠸᠷᠢᠶᠡᠯ᠎ᠠᠴᠠ ᠨᠠᠷᠢᠨ ᠤᠢ᠌ᠯᠠᠭ᠋ᠠᠭ᠋ᠠᠷᠠᠢ
       ᠲᠦᠰᠦᠪᠯᠡᠭᠰᠡᠨ ᠦᠨ᠎ᠠ᠄ 50,000.00
      ᠳᠠᠢ᠌ᠯᠪᠤᠷᠢ᠄ ᠮᠡᠳᠡᠭᠡ ᠵᠠᠩᠬᠢ ᠵᠢᠨ ᠦᠢ᠍ᠯᠡᠴᠢᠯᠡᠬᠡᠨ᠎ᠤ ᠠᠵᠢᠯ

       ᠬᠣᠶᠠᠷ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠬᠢᠷᠢ ᠬᠡᠮ᠎ᠤᠨ ᠱᠠᠭ᠋ᠠᠷᠳᠠᠯᠭ᠎ᠠ
      1.《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠤᠷᠪᠤᠰ᠎ᠲᠤ ᠲᠣᠭᠲᠠᠭ᠋ᠠᠭᠰᠠᠨ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ; 
      (1) ᠪᠡᠶ᠎ᠡ᠎ᠪᠠᠨ ᠳᠠᠭ᠋ᠠᠭ᠋ᠠᠵᠤ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠡᠭᠦᠷᠭᠡᠯᠡᠬᠦ ᠴᠢᠳᠠᠪᠤᠷᠢ᠎ᠲᠠᠢ ᠪᠠᠢ᠌ᠬᠤ;
      (2) ᠨᠡᠯᠢᠶᠡᠳ ᠰᠠᠢ᠍ᠢ᠍ᠨ ᠬᠤᠳᠠᠯᠳᠤᠭ᠋ᠠᠨ᠎ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠲᠦᠷᠢᠮ᠎ᠲᠠᠢ ᠪᠠᠢ᠌ᠬᠤ;
      (3) ᠭᠡᠷ᠎ᠡ ᠵᠢ ᠭᠦᠢ᠍ᠴᠡᠳᠬᠡᠬᠦ᠎ᠳᠤ ᠵᠠᠪᠠᠯ ᠱᠠᠭ᠋ᠠᠷᠳᠠᠭᠳᠠᠬᠤ ᠲᠤᠰᠬᠠᠢ ᠮᠡᠷᠭᠡᠵᠢᠯ᠎ᠤᠨ ᠴᠢᠳᠠᠪᠤᠷᠢ᠎ᠲᠠᠢ ᠪᠠᠢ᠌ᠬᠤ;
      (4) ᠬᠠᠤᠯᠢ ᠶᠣᠰᠣᠭ᠋ᠠᠷ ᠭᠠᠢ᠌ᠯᠢ ᠲᠠᠲᠠᠪᠤᠷᠢ ᠪᠠ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠲᠤᠰᠢᠶᠠᠭᠰᠠᠨ ᠰᠠᠢ᠍ᠢ᠍ᠨ ᠲᠡᠮᠳᠡᠭᠯᠡᠯ᠎ᠲᠠᠢ ᠪᠠᠢ᠌ᠬᠤ; 
      (5) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠬᠡᠢ ᠪᠠᠢ᠌ᠬᠤ; 
      (6) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠎ᠳᠤ ᠨᠡᠢ᠌ᠴᠡᠭᠰᠡᠨ ᠪᠠᠢ᠌ᠬᠤ᠃
      2.《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠡᠷᠭᠡ᠎ᠳᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠪᠣᠯᠤᠭᠰᠠᠳ᠂ ᠭᠠᠢ᠌ᠯᠢ ᠲᠠᠲᠠᠪᠤᠷᠢ ᠵᠢᠨ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠥᠢ᠍ᠯᠡ ᠠᠵᠢᠯᠯᠠᠭ᠎ᠠ᠎ᠲᠠᠢ ᠬᠦᠮᠦᠰ᠎ᠤᠨ ᠨᠡᠷᠡᠰ᠎ᠲᠤ ᠲᠡᠮᠳᠡᠭᠯᠡᠭᠦᠯᠦᠭᠰᠡᠨ ᠵᠢᠴᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠤᠷᠪᠤᠰ᠎ᠲᠤ ᠲᠣᠭᠲᠠᠭ᠋ᠠᠭᠰᠠᠨ ᠨᠥᠬᠥᠴᠡᠯ᠎ᠳᠤ ᠥᠯᠥ ᠨᠡᠢ᠌ᠴᠡᠬᠦ ᠪᠤᠰᠤᠳ ᠬᠠᠩᠭ᠋ᠠᠯᠭ᠎ᠠ ᠵᠢᠨ ᠬᠤᠳᠠᠯᠳᠤᠭ᠋ᠠᠴᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠤᠷᠤᠯᠴᠠᠵᠤ ᠪᠣᠯᠬᠤ ᠥᠬᠡᠶ;
      3. ᠡᠷᠬᠡᠪᠰᠢ ᠪᠦᠬᠦᠯᠢ ᠴᠤᠭᠴᠠ᠎ᠪᠠᠷ᠎ᠨᠢ ᠳᠠᠭ᠋ᠠᠭ᠋ᠠᠴᠢᠯᠠᠵᠤ ᠠᠪᠬᠤ ᠵᠢ ᠱᠠᠭ᠋ᠠᠷᠳᠠᠨ᠎ᠠ;
      4. ᠲᠣᠰ ᠲᠥᠷᠥᠯ ᠵᠦᠢᠯ᠎ᠨᠢ ᠬᠠᠮᠳᠤᠷᠠᠨ ᠳᠠᠭ᠋ᠠᠭ᠋ᠠᠴᠢᠯᠠᠬᠤ ᠵᠢ ᠵᠦᠪᠰᠢᠶᠡᠷᠡᠬᠦ ᠥᠬᠡᠶ᠃

      ᠭᠤᠷᠪᠠ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ᠎ᠢ ᠭᠠᠷᠳᠠᠬᠤ ᠴᠠᠭ᠂ ᠬᠠᠶᠢᠭ᠂ ᠠᠷᠭ᠎ᠠ ᠬᠡᠯᠪᠡᠷᠢ
      ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠢ᠌ᠴᠡᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ 2024 ᠣᠨ᠎ᠤ 5 ᠳ᠋ᠤᠭ᠋ᠠᠷ ᠰᠠᠷ᠎ᠠ ᠵᠢᠨ 23᠎ᠤ ᠡᠳᠦᠷ᠎ᠠᠴᠠ 2024 ᠣᠨ᠎ᠤ 5 ᠳ᠋ᠤᠭ᠋ᠠᠷ ᠰᠠᠷ᠎ᠠ ᠵᠢᠨ 29᠎ᠤ ᠡᠳᠦᠷ᠎ᠤᠨ ᠦᠳᠡ ᠵᠢᠨ ᠡᠮᠦᠨᠡᠬᠢ 9᠄ 00 —12᠄ 00 ᠴᠠᠭ᠎ᠤᠨ ᠬᠤᠭᠤᠷᠤᠨᠳᠤ᠂ ᠦᠳᠡ ᠵᠢᠨ ᠬᠣᠢ᠌ᠨᠠᠬᠢ 2᠄ 30 —5᠄ 00 ᠴᠠᠭ᠎ᠤᠨ ᠬᠤᠭᠤᠷᠤᠨᠳᠤ ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠵᠢᠨ 224 ᠬᠤᠷᠠᠯ᠎ᠤᠨ ᠬᠡᠷ (ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠠᠰᠠᠷ)᠎ᠲᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠭ᠋ᠠᠷᠠᠢ᠂ ᠠᠩᠬᠠᠨ᠎ᠤ ᠬᠢᠨᠠᠯᠲᠠ᠎ᠳᠤ ᠬᠢᠷᠢ ᠲᠡᠩᠴᠡᠭᠰᠡᠨ᠎ᠤ ᠳᠠᠷᠠᠭ᠎ᠠ᠂ 《ᠨᠡᠷ᠎ᠡ ᠮᠡᠳᠡᠬᠦᠯᠬᠦ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠳᠠᠩᠰᠠᠯᠠᠬᠤ ᠬᠦᠰᠦᠨᠦᠭᠲᠦ》 ᠵᠢ ᠳᠠᠭᠯᠠᠵᠤ᠂ ᠨᠡᠷ᠎ᠡ ᠮᠡᠳᠡᠬᠦᠯᠦᠭᠰᠡᠨ ᠬᠢᠨᠠᠨ ᠪᠠᠢ᠌ᠴᠠᠭ᠋ᠠᠯᠳᠠ᠎ᠳᠤ ᠬᠢᠷᠢ ᠲᠡᠩᠴᠡᠭᠰᠡᠨ ᠬᠠᠩᠭ᠋ᠠᠯᠭ᠎ᠠ ᠵᠢᠨ ᠬᠤᠳᠠᠯᠳᠤᠭ᠋ᠠᠴᠢᠨ ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ᠎ᠠᠴᠠ ᠬᠤᠳᠠᠯᠳᠤᠨ ᠠᠪᠬᠤ ᠪᠢᠴᠢᠭ ᠮᠠᠲ᠋ᠧᠷᠢᠶᠠᠯ᠎ᠢ ᠭᠠᠷᠳᠠᠵᠤ ᠪᠣᠯᠤᠨ᠎ᠠ᠃
       ᠨᠡᠷ᠎ᠡ ᠮᠡᠳᠡᠭᠦᠯᠬᠦ ᠦᠶ᠎ᠡ᠎ᠳᠤ᠂ ᠨᠡᠷ᠎ᠡ ᠮᠡᠳᠡᠭᠦᠯᠦᠭᠴᠢ ᠲᠤᠤᠷ᠎ᠠ ᠵᠢᠬᠰᠠᠭ᠋ᠠᠭᠰᠠᠨ ᠮᠠᠲ᠋ᠧᠷᠢᠶᠠᠯ᠎ᠤᠨ ᠬᠠᠭᠤᠯᠪᠤᠷᠢ ᠵᠢ ᠬᠠᠩᠭ᠋ᠠᠬᠤ ᠬᠡᠷᠡᠭᠳᠡᠢ (ᠬᠠᠭᠤᠯᠪᠤᠷᠢ ᠮᠠᠲ᠋ᠧᠷᠢᠶᠠᠯ᠎ᠳᠤ ᠺᠣᠮᠫᠠᠨᠢ ᠵᠢᠨ ᠠᠯᠪᠠᠨ ᠲᠠᠮᠠᠭ᠎ᠠ ᠵᠢ ᠳᠠᠷᠤᠭᠰᠠᠨ ᠪᠠᠢ᠌ᠬᠤ ᠬᠡᠷᠡᠭᠲᠡᠶ᠂ ᠨᠢᠭᠡ ᠬᠡᠯᠪᠡᠷᠢ ᠵᠢᠨ ᠨᠢᠭᠡ ᠬᠤᠪᠢ᠂ ᠪᠠᠷᠢᠮᠵᠢᠶ᠎ᠠ A4 ᠴᠠᠭ᠋ᠠᠰᠤ᠂ ᠴᠠᠪᠠᠤᠳᠤ ᠬᠡᠪᠯᠡᠯ) 
      (1) ᠨᠡᠷ᠎ᠡ ᠮᠡᠳᠡᠭᠦᠯᠦᠭᠴᠢ ᠪᠡᠶ᠎ᠡ ᠵᠢᠨ ᠦᠨᠡᠮᠯᠡᠯ᠎ᠤᠨ ᠣᠭ ᠡᠬᠡ ᠵᠢ ᠭᠠᠷᠭ᠋ᠠᠨ ᠦᠵᠡᠭᠦᠯᠵᠦ᠂ ᠬᠠᠭᠤᠯᠪᠤᠷᠢ ᠵᠢ᠎ᠨᠢ ᠬᠠᠩᠭ᠋ᠠᠨ᠎ᠠ;
      (2) ᠨᠡᠷ᠎ᠡ ᠮᠡᠳᠡᠭᠦᠯᠦᠭᠴᠢ ᠬᠠᠤᠯᠢ ᠵᠢᠨ ᠲᠥᠯᠥᠭᠡᠯᠡᠭᠴᠢ ᠵᠢᠨ ᠭᠠᠷ᠎ᠤᠨ ᠦᠰᠦᠭ ᠵᠢᠷᠤᠭᠰᠠᠨ᠂ ᠺᠣᠮᠫᠠᠨᠢ ᠵᠢᠨ ᠲᠠᠮᠠᠭ᠎ᠠ ᠵᠢ ᠳᠠᠷᠤᠭᠰᠠᠨ 《ᠡᠷᠬᠡ ᠣᠯᠭᠣᠭᠰᠠᠨ ᠨᠠᠢ᠌ᠳᠠᠯᠭ᠎ᠠ ᠵᠢᠨ ᠪᠢᠴᠢᠭ》᠎ᠢ ᠬᠠᠩᠭ᠋ᠠᠨ᠎ᠠ; 
      (3) ᠳᠠᠭ᠋ᠠᠭ᠋ᠠᠴᠢᠯᠠᠯᠲᠠ᠎ᠳᠤ ᠣᠷᠣᠯᠴᠠᠬᠤ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠬᠦᠴᠦᠨ ᠪᠦᠬᠦᠢ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠵᠢ ᠬᠠᠩᠭ᠋ᠠᠨ᠎ᠠ;
      (4) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠨᠤᠴᠢᠳᠠᠢ ᠵᠥᠷᠢᠴᠡᠭᠰᠡᠨ ᠲᠡᠮᠳᠡᠭᠯᠡᠯ ᠪᠠᠢ᠌ᠬᠤ ᠦᠭᠡᠢ ᠭᠡᠰᠡᠨ ᠪᠢᠴᠢᠭ᠎ᠤᠨ ᠢᠯᠡᠷᠬᠡᠢ᠌ᠯᠡᠯᠲᠡ ᠵᠢ ᠬᠠᠩᠭ᠋ᠠᠨ᠎ᠠ;
      (5) 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠢᠨ ᠢᠲᠡᠭᠡᠮᠵᠢ ᠵᠢᠨ ᠪᠠᠢ᠌ᠴᠠᠭ᠋ᠠᠨ ᠯᠠᠪᠯᠠᠭᠰᠠᠨ ᠲᠡᠮᠳᠡᠭᠯᠡᠯ (ᠢᠲᠡᠭᠡᠯ ᠠᠯᠳᠠᠭᠰᠠᠨ ᠭᠦᠢᠴᠡᠳᠬᠡᠭᠳᠡᠭᠴᠢ ᠪᠣᠯᠤᠭᠰᠠᠳ᠂ ᠭᠠᠢ᠌ᠯᠢ ᠲᠠᠲᠠᠪᠤᠷᠢ ᠵᠢᠨ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ ᠵᠢ ᠬᠦᠨᠳᠦ ᠨᠣᠴᠢᠲᠠᠶ ᠵᠦᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ᠎ᠲᠠᠢ ᠬᠦᠮᠦᠰ᠎ᠤᠨ ᠨᠡᠷᠡᠰ᠎ᠲᠤ ᠲᠡᠮᠳᠡᠭᠯᠡᠭᠦᠯᠦᠭᠰᠡᠳ)᠎ᠢ ᠬᠠᠩᠭ᠋ᠠᠨ᠎ᠠ᠃

       ᠳᠥᠷᠪᠡ᠂ ᠳᠠᠭ᠋ᠠᠭ᠋ᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ᠂ ᠳᠠᠭ᠋ᠠᠭ᠋ᠠᠴᠢᠯᠠᠯᠲᠠ ᠨᠡᠢ᠌ᠲᠡᠯᠡᠬᠦ ᠴᠠᠭ ᠵᠢᠴᠢ ᠬᠠᠶᠢᠭ
      1. ᠳᠠᠭ᠋ᠠᠭ᠋ᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠵᠶ᠋ᠠᠨ ᠲᠤᠰᠢᠶᠠᠬᠤ ᠡᠴᠦᠰ᠎ᠤᠨ ᠴᠠᠭ᠄ 2024 ᠣᠨ᠎ᠤ 6 ᠳ᠋ᠤᠭ᠋ᠠᠷ ᠰᠠᠷ᠎ᠠ ᠵᠢᠨ 3᠎ᠤ ᠡᠳᠦᠷ᠎ᠤᠨ ᠦᠳᠡ ᠵᠢᠨ ᠬᠣᠢ᠌ᠨᠠᠬᠢ 14᠄ 50 ᠴᠠᠭ᠃
      2. ᠳᠠᠭ᠋ᠠᠭ᠋ᠠᠴᠢᠯᠠᠯᠲᠠ ᠬᠦᠯᠢᠶᠡᠬᠦ ᠭᠠᠵᠠᠷ᠄ ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠵᠢᠨ 224 ᠲᠠᠰᠤᠭ (ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠠᠰᠠᠷ᠎ᠤᠨ 2 ᠳ᠋ᠤᠭ᠋ᠠᠷ ᠳᠠᠪᠬᠤᠷᠯᠢᠭ)᠃
      3. ᠳᠠᠭ᠋ᠠᠭ᠋ᠠᠴᠢᠯᠠᠯᠲᠠ ᠨᠡᠢ᠌ᠲᠡᠯᠡᠬᠦ ᠴᠠᠭ᠄ 2024 ᠣᠨ᠎ᠤ 6 ᠳ᠋ᠤᠭ᠋ᠠᠷ ᠰᠠᠷ᠎ᠠ ᠵᠢᠨ 3᠎ᠤ ᠡᠳᠦᠷ᠎ᠤᠨ ᠦᠳᠡ ᠵᠢᠨ ᠬᠣᠢ᠌ᠨᠠᠬᠢ 15 ᠴᠠᠭ᠃ 
      4. ᠳᠠᠭ᠋ᠠᠭ᠋ᠠᠴᠢᠯᠠᠯᠲᠠ ᠵᠠᠷᠯᠠᠬᠤ ᠭᠠᠵᠠᠷ᠄ ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ ᠵᠢᠨ ᠬᠣᠶᠠᠳᠤᠭ᠋ᠠᠷ ᠳᠠᠪᠬᠤᠷᠯᠢᠭ᠎ᠤᠨ 224 ᠲᠠᠰᠤᠭ (ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ ᠬᠦᠷᠢᠶᠡᠨ᠎ᠤ 7 ᠳ᠋ᠤᠭ᠋ᠠᠷ ᠠᠰᠠᠷ᠎ᠤᠨ 2 ᠳᠠᠪᠬᠤᠷᠯᠢᠭ)᠃
      ᠲᠠᠪᠤ᠂ ᠬᠠᠷᠢᠯᠴᠠᠬᠤ ᠠᠷᠭ᠎ᠠ 
       ᠬᠤᠳᠠᠯᠳᠤᠨ ᠠᠪᠤᠭᠴᠢ᠄ ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ
       ᠬᠠᠶᠢᠭ᠄ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠤᠮᠸᠷᠳᠦ ᠬᠦᠷᠢᠶᠡᠨ᠎ᠤ 7 ᠳ᠋ᠤᠭ᠋ᠠᠷ ᠠᠰᠠᠷ᠎ᠤᠨ 224 ᠳ᠋ᠦ᠍ᠭᠡᠷ ᠲᠠᠰᠤᠭ
      ᠬᠠᠷᠢᠯᠴᠠᠬᠤ ᠬᠥᠮᠦᠨ᠄ ᠠ ᠠᠪᠠᠬᠠᠶ
       ᠬᠠᠷᠢᠯᠴᠠᠬᠤ ᠤᠲᠠᠰᠤ᠄ 0471 —6945994      15019110010

                           ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ
                                                             2024 ᠣᠨ᠎ᠤ 5 ᠳ᠋ᠤᠭ᠋ᠠᠷ ᠰᠠᠷ᠎ᠠ ᠵᠢᠨ 22᠎ᠤᠨ ᠡᠳᠦᠷ






         ᠣᠷᠴᠢᠭᠤᠯᠤᠭᠴᠢ᠄ ᠤᠶᠤᠨᠰᠡᠴᠡᠨ
         ᠬᠢᠨᠠᠨ ᠣᠷᠴᠢᠭᠤᠯᠤᠭᠴᠢ᠄ ᠠᠳᠢᠶ᠎ᠠ   ᠰᠠᠴᠤᠷᠠᠯ
         ᠶᠡᠷᠦᠩᠬᠡᠢ ᠬᠢᠨᠠᠨ ᠣᠷᠴᠢᠭᠤᠯᠤᠭᠴᠢ᠄ ᠸᠠᠩ ᠰᠢᠥᠸᠠᠢ ᠳ᠋ᠦᠩ

 

ᠢᠷᠡᠯᠲᠡ᠄ ᠥᠪᠥᠷ ᠮᠣᠩᠭᠣᠯ᠎ᠤᠨ ᠣᠷᠣᠨ ᠨᠤᠲᠤᠭ᠎ᠤᠨ ᠦᠨᠳᠦᠰᠦᠲᠡᠨ᠎ᠤ ᠬᠡᠯᠡ ᠪᠢᠴᠢᠭ ᠰᠡᠳᠬᠦᠯ᠎ᠤᠨ ᠬᠣᠷᠢᠶ᠎ᠠ