ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠲᠤᠮᠳᠠᠳᠤ ᠤᠯᠤᠰ᠎ᠤᠨ ᠢᠷᠬᠡᠳ᠎ᠤᠨ ᠬᠡᠤᠬᠡᠳ ᠦᠷᠡᠴᠢᠯᠡᠬᠦ ᠵᠢ ᠲᠠᠡᠭᠰᠠᠯᠠᠬᠤ ᠠᠷᠭ᠎ᠠ
ᠨᠡᠶᠢᠲᠡᠯᠡᠭᠰᠡᠨ ᠴᠠᠭ᠄ 2024-02-09

(1999 ᠣᠨ᠎ᠤ 5 ᠳ᠋ᠤᠭ᠋ᠠᠷ ᠰᠠᠷ᠎ᠠ ᠵᠢᠨ 12᠎ᠤᠨ ᠡᠳᠦᠷ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠵᠥᠪᠰᠢᠶᠡᠷᠡᠵᠦ᠂ 1999 ᠣᠨ᠎ᠤ 5 ᠳ᠋ᠤᠭ᠋ᠠᠷ ᠰᠠᠷ᠎ᠠ ᠵᠢᠨ 25᠎ᠤ ᠡᠳᠦᠷ ᠠᠷᠠᠳ᠎ᠤᠨ ᠶᠠᠪᠤᠳᠠᠯ᠎ᠤᠨ ᠶᠠᠮᠤᠨ᠎ᠤ 14 ᠳ᠋ᠦ᠍ᠭᠡᠷ ᠵᠠᠷᠯᠢᠭ ᠵᠶ᠋ᠠᠷ ᠨᠡᠢ᠌ᠲᠡᠯᠡᠪᠡ᠂ 2019 ᠣᠨ᠎ᠤ 3 ᠳ᠋ᠤᠭ᠋ᠠᠷ ᠰᠠᠷ᠎ᠠ ᠵᠢᠨ 2᠎ᠤᠨ ᠡᠳᠦᠷ᠎ᠤᠨ 《ᠵᠠᠰᠠᠭ ᠵᠠᠬᠢᠷᠭ᠋ᠠᠨ᠎ᠤ ᠬᠡᠰᠡᠭ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ᠂ 2023 ᠣᠨ᠎ᠤ 7 ᠰᠠᠷ᠎ᠠ ᠰᠠᠷ᠎ᠠ ᠵᠢᠨ 20᠎ᠤ ᠡᠳᠦᠷ᠎ᠤᠨ 《ᠵᠠᠰᠠᠭ ᠵᠠᠬᠢᠷᠭ᠋ᠠᠨ᠎ᠤ ᠬᠡᠰᠡᠭ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠲᠡᠭᠦᠨ᠎ᠢ ᠬᠦᠴᠦᠨ ᠦᠭᠡᠢ ᠪᠣᠯᠭ᠋ᠠᠬᠤ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠤᠷᠢ》 ᠵᠢ ᠦᠨᠳᠤᠰᠤᠯᠡᠨ ᠬᠤᠶᠠᠳᠡᠬᠢ ᠤᠳᠠᠭ᠎ᠠ ᠵᠠᠰᠠᠯᠳᠠ ᠤᠷᠤᠭᠤᠯᠪᠠ)
 
    ᠨᠢᠭᠡᠳᠦᠭᠡᠷ ᠵᠦᠢ᠍ᠯ᠄ ᠬᠡᠤᠬᠡᠳ ᠦᠷᠡᠴᠢᠯᠡᠬᠦ ᠳᠠᠩᠰᠠᠯᠠᠯᠲᠠ ᠵᠢᠨ ᠠᠵᠢᠯᠯᠠᠭ᠎ᠠ ᠵᠢ ᠵᠢᠷᠤᠮᠵᠢᠭᠤᠯᠬᠤ ᠵᠢᠨ ᠲᠥᠯᠥᠭᠡ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ ᠵᠢᠨ ᠪᠢᠴᠢᠭ》᠎ᠢ ᠦᠨᠳᠦᠰᠦᠯᠡᠨ ᠲᠤᠰ ᠠᠷᠭ᠎ᠠ ᠵᠢ ᠲᠣᠭᠲᠠᠭ᠋ᠠᠪᠠ᠃

   ᠬᠣᠶᠠᠳᠤᠭ᠋ᠠᠷ ᠵᠦᠢ᠍ᠯ᠄ ᠳᠤᠮᠳᠠᠳᠤ ᠤᠯᠤᠰ᠎ᠤᠨ ᠢᠷᠬᠡᠳ ᠳᠤᠮᠳᠠᠳᠤ ᠤᠯᠤᠰ᠎ᠤᠨ ᠬᠢᠯᠢ ᠵᠢᠨ ᠳᠣᠲᠣᠷ᠎ᠠ ᠦᠷ᠎ᠡ ᠬᠡᠦᠬᠡᠳ  ᠦᠷᠡᠴᠢᠯᠡᠬᠦ ᠪᠤᠶᠤ ᠬᠡᠯᠡᠯᠴᠡᠵᠦ ᠪᠠᠢ᠌ᠭ᠋ᠠᠳ ᠦᠷᠡᠴᠢᠯᠡᠬᠦ ᠬᠠᠷᠢᠴᠠᠭ᠎ᠠ᠎ᠪᠠᠨ ᠴᠤᠴᠠᠯᠬᠤ᠎ᠳᠤ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠳᠠᠩᠰᠠᠯᠠᠭᠤᠯᠬᠤ ᠬᠡᠷᠡᠭᠲᠡᠢ᠃
  ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ ᠪᠣᠯ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ  ᠰᠠᠯᠠᠭ᠎ᠠ ᠮᠦᠴᠢᠷ᠃
    ᠭᠤᠷᠪᠠᠳᠤᠭ᠋ᠠᠷ ᠵᠦᠢ᠍ᠯ᠄ ᠬᠡᠤᠬᠡᠳ ᠦᠷᠡᠴᠢᠯᠡᠬᠦ ᠵᠢ ᠳᠠᠩᠰᠠᠯᠠᠬᠤ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠦᠷᠡᠴᠢᠯᠡᠭᠳᠡᠬᠦ ᠬᠡᠤᠬᠡᠳ᠎ᠲᠤ ᠬᠠᠮᠤᠭ᠎ᠠᠴᠠ ᠠᠰᠢᠭᠲᠠᠢ ᠪᠠᠢ᠌ᠯᠭ᠋ᠠᠬᠤ ᠵᠠᠷᠴᠢᠮ᠎ᠢ ᠵᠢᠷᠤᠮᠯᠠᠨ᠂ ᠦᠷᠡᠴᠢᠯᠡᠭᠳᠡᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠬᠡᠷᠡᠭᠲᠡᠢ᠃

   ᠳᠥᠷᠪᠡᠳᠦᠭᠡᠷ ᠵᠦᠢ᠍ᠯ᠄ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ᠎ᠬᠢᠨ ᠠᠰᠠᠷᠠᠨ ᠲᠡᠵᠢᠬᠡᠵᠤ ᠪᠠᠢ᠌ᠭ᠎ᠠ ᠲᠦᠷᠦᠭᠰᠡᠨ ᠡᠴᠢᠭᠡ ᠡᠬᠡ ᠵᠢ᠎ᠨᠢ ᠡᠷᠢᠵᠦ ᠣᠯᠬᠤ ᠦᠭᠡᠢ ᠭᠣᠯᠣᠭᠳᠠᠭᠰᠠᠨ ᠨᠢᠯᠬ᠎ᠠ ᠬᠡᠦᠬᠡᠳ᠂ ᠬᠡᠦᠬᠡᠳ ᠪᠠ ᠥᠨᠥᠴᠢᠨ ᠬᠡᠦᠬᠡᠳ᠎ᠢ ᠦᠷᠡᠴᠢᠯᠡᠪᠡᠯ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠪᠠᠢ᠌ᠭ᠎ᠠ ᠭᠠᠵᠠᠷ᠎ᠤᠨ ᠬᠡᠤᠬᠡᠳ ᠦᠷᠡᠴᠢᠯᠡᠬᠦ ᠲᠡᠵᠢᠭᠡᠬᠦ ᠵᠢ ᠳᠠᠩᠰᠠᠯᠠᠬᠤ ᠪᠠᠢ᠌ᠭᠤᠯᠭ᠎ᠠ᠎ᠳᠤ ᠳᠠᠩᠰᠠᠯᠠᠭᠤᠯᠤᠨ᠎ᠠ᠃
    ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠠᠰᠠᠷᠠᠨ ᠲᠡᠵᠢᠭᠡᠵᠦ ᠪᠠᠢ᠌ᠭ᠎ᠠ ᠲᠤᠢ᠌ᠷᠦᠭᠰᠡᠠ ᠡᠴᠢᠭᠡ ᠡᠬᠡ ᠵᠢ᠎ᠨᠢ ᠡᠷᠢᠵᠦ ᠣᠯᠬᠤ  ᠦᠭᠡᠢ ᠭᠣᠯᠣᠭᠳᠠᠭᠰᠠᠨ ᠨᠢᠯᠬ᠎ᠠ ᠬᠡᠦᠬᠡᠳ ᠪᠠ ᠬᠡᠦᠬᠡᠳ᠎ᠢ  ᠦᠷᠡᠴᠢᠯᠡᠬᠦ᠎ᠳᠤ ᠭᠣᠯᠣᠭᠳᠠᠭᠰᠠᠨ ᠨᠢᠯᠬ᠎ᠠ ᠬᠡᠦᠬᠡᠳ ᠪᠠ ᠬᠡᠦᠬᠡᠳ᠎ᠢ ᠣᠯᠵᠤ ᠮᠡᠳᠡᠭᠰᠡᠨ ᠭᠠᠵᠠᠷ᠎ᠤᠨ ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ᠎ᠳᠤ ᠳᠠᠩᠰᠠᠯᠠᠭᠤᠯᠬᠤ ᠬᠡᠷᠡᠭᠲᠡᠢ᠃
   ᠲᠦᠷᠦᠭᠰᠡᠨ ᠡᠴᠢᠭᠡ ᠡᠬᠡ᠎ᠨᠢ ᠣᠨᠴᠠᠭ᠋ᠠᠶ ᠬᠦᠴᠢᠷᠳᠡᠯ᠎ᠲᠠᠢ᠎ᠠᠴᠠ ᠪᠣᠯᠵᠤ ᠠᠰᠠᠷᠠᠨ ᠲᠡᠵᠢᠭᠡᠬᠦ ᠴᠢᠳᠠᠯ ᠦᠬᠡᠢ ᠪᠣᠯᠤᠭᠰᠠᠨ ᠦᠷ᠎ᠡ ᠬᠡᠦᠬᠡᠳ ᠪᠤᠶᠤ ᠬᠢᠨᠠᠨ ᠬᠠᠮᠠᠭ᠋ᠠᠯᠠᠭᠴᠢ ᠵᠢᠨ ᠬᠢᠨᠠᠨ ᠬᠠᠮᠠᠭ᠋ᠠᠯᠠᠵᠤ ᠪᠠᠢ᠌ᠭ᠎ᠠ ᠥᠨᠥᠴᠢᠨ ᠬᠡᠦᠬᠡᠳ᠎ᠢ ᠦᠷᠡᠴᠢᠯᠡᠬᠦ᠎ᠳᠤ᠂ ᠦᠷᠡᠴᠢᠯᠡᠭᠳᠡᠭᠴᠢ ᠵᠢᠨ ᠡᠴᠢᠭᠡ ᠡᠬᠡ ᠪᠤᠶᠤ ᠬᠢᠨᠠᠨ ᠬᠠᠮᠠᠭ᠋ᠠᠯᠠᠭᠴᠢ ᠵᠢᠨ ᠪᠠᠢ᠌ᠩᠭᠤ ᠰᠠᠭᠤᠭ᠎ᠠ ᠡᠷᠦᠭᠡ ᠠᠮᠠ ᠵᠢᠨ ᠲᠡᠡᠭᠰᠠ ᠪᠠᠢ᠌ᠭ᠎ᠠ ᠭᠠᠵᠠᠷ  (ᠵᠣᠬᠢᠶᠠᠨ ᠪᠠᠢ᠌ᠭᠤᠯᠵᠤ ᠬᠢᠨᠠᠨ ᠬᠠᠮᠠᠭ᠋ᠠᠯᠠᠭᠴᠢ ᠪᠣᠯᠤᠭᠰᠠᠨ ᠪᠤᠯ ᠲᠤᠰ ᠵᠣᠬᠢᠶᠠᠨ ᠪᠠᠢ᠌ᠭᠤᠯᠤᠯᠲᠠ ᠵᠢᠨ ᠪᠠᠢ᠌ᠭ᠎ᠠ ᠭᠠᠵᠠᠷ)᠎ᠤᠨ ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ᠎ᠳᠤ ᠪᠦᠷᠢᠳᠬᠡᠭᠦᠯᠬᠦ ᠬᠡᠷᠡᠭᠲᠡᠢ᠃
    ᠭᠤᠷᠪᠠᠨ ᠦᠶ᠎ᠡ ᠵᠢᠨ ᠳᠣᠲᠣᠷᠠᠬᠢ ᠦᠶᠡᠯᠢᠳ ᠬᠠᠶᠠᠯᠢᠳ ᠴᠢᠰᠤᠨ ᠲᠤᠢ᠌ᠷᠦᠯ᠎ᠤᠨ ᠵᠶ᠋ᠡᠨ ᠦᠷ᠎ᠡ ᠬᠡᠦᠬᠡᠳ᠎ᠢ ᠦᠷᠡᠴᠢᠯᠡᠬᠦ ᠪᠠ ᠬᠣᠢ᠌ᠲᠤ ᠡᠴᠢᠭᠡ ᠪᠤᠶᠤ ᠬᠣᠢ᠌ᠲᠤ ᠡᠬᠡ᠎ᠨᠢ ᠳᠠᠭ᠋ᠠᠭᠤᠯᠢ ᠦᠷ᠎ᠡ ᠬᠡᠦᠬᠡᠳ᠎ᠢ ᠦᠷᠡᠴᠢᠯᠡᠬᠦ᠎ᠳᠤ ᠦᠷᠡᠴᠢᠯᠡᠭᠳᠡᠭᠴᠢ ᠵᠢᠨ ᠲᠦᠷᠦᠭᠰᠡᠨ ᠡᠴᠢᠭᠡ ᠪᠤᠶᠤ ᠲᠦᠷᠦᠭᠰᠡᠨ ᠡᠬᠡ ᠵᠢᠨ᠎ᠬᠢ᠎ᠨᠢ ᠪᠠᠢ᠌ᠩᠭᠤ ᠵᠢᠨ ᠡᠷᠦᠭᠡ ᠠᠮᠠ ᠵᠢᠨ ᠲᠡᠡᠭᠰᠠ ᠵᠢᠨ ᠪᠠᠢ᠌ᠭ᠎ᠠ ᠭᠠᠵᠠᠷ᠎ᠤᠨ  ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ᠎ᠳᠤ ᠳᠠᠩᠰᠠᠯᠠᠭᠤᠯᠬᠤ ᠬᠡᠷᠡᠭᠲᠡᠢ᠃
    ᠲᠠᠪᠤᠳᠤᠭ᠋ᠠᠷ ᠵᠦᠢ᠍ᠯ᠄  ᠬᠡᠤᠬᠡᠳ ᠦᠷᠡᠴᠢᠯᠡᠬᠦ ᠬᠠᠷᠢᠴᠠᠭ᠎ᠠ ᠵᠢᠨ ᠲᠤᠬᠠᠢ ᠵᠢᠨ ᠬᠥᠮᠥᠨ᠎ᠨᠢ ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ᠎ᠳᠤ ᠪᠡᠶ᠎ᠡ᠎ᠪᠠᠷ ᠵᠶ᠋ᠡᠨ ᠣᠴᠢᠵᠤ ᠬᠡᠤᠬᠡᠳ ᠦᠷᠡᠴᠢᠯᠡᠬᠦ ᠬᠠᠷᠢᠴᠠᠭ᠎ᠠ ᠪᠠᠢ᠌ᠭᠤᠯᠤᠭᠰᠠᠨ᠎ᠢ ᠳᠠᠩᠰᠠᠯᠠᠭᠤᠯᠬᠤ ᠭᠠᠷ ᠭᠦᠢ᠍ᠴᠡᠳᠬᠡᠯ ᠬᠢᠬᠦ ᠬᠡᠷᠡᠭᠲᠡᠢ᠃
   ᠡᠷ᠎ᠡ ᠡᠮ᠎ᠡ ᠬᠣᠶᠠᠭᠤᠯᠠ᠎ᠪᠠᠨ ᠬᠠᠮᠲᠤ᠎ᠪᠠᠷ ᠦᠷ᠎ᠡ ᠬᠡᠦᠬᠡᠳ ᠦᠷᠡᠴᠢᠯᠡᠪᠡᠯ᠂ ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ᠎ᠳᠤ ᠬᠠᠮᠲᠤ᠎ᠪᠠᠷ ᠣᠴᠢᠵᠤ ᠳᠠᠩᠰᠠᠯᠠᠭᠤᠯᠬᠤ ᠭᠠᠷ ᠭᠦᠢ᠍ᠴᠡᠳᠬᠡᠯ ᠬᠢᠬᠦ ᠬᠡᠷᠡᠭᠲᠡᠢ᠃ ᠨᠢᠭᠡ ᠡᠲᠡᠭᠡᠳ᠎ᠨᠢ ᠶᠠᠮᠠᠷ ᠨᠢᠭᠡᠨ ᠰᠢᠯᠲᠠᠭ᠋ᠠᠨ᠎ᠠᠴᠠ ᠪᠣᠯᠵᠤ ᠪᠡᠶ᠎ᠡ᠎ᠪᠠᠷ ᠵᠶ᠋ᠡᠨ ᠣᠴᠢᠵᠤ ᠳᠡᠶ᠋ᠢᠯᠬᠦ  ᠦᠭᠡᠢ ᠪᠣᠯ  ᠨᠦᠬᠦᠬᠡ ᠡᠲᠡᠭᠡᠳ᠎ᠲᠤ᠎ᠪᠠᠨ ᠪᠢᠴᠢᠭ ᠵᠶ᠋ᠡᠷ ᠨᠠᠢ᠌ᠳᠠᠵᠤ ᠳᠠᠩᠰᠠᠯᠠᠭᠤᠯᠬᠤ ᠭᠠᠷ ᠭᠦᠢ᠍ᠴᠡᠳᠬᠡᠯ ᠬᠢᠯᠭᠡᠬᠦ ᠬᠡᠷᠡᠭᠲᠡᠢ᠂ ᠨᠠᠶ᠋ᠢᠳᠠᠯᠭ᠎ᠠ ᠵᠢᠨ ᠪᠢᠴᠢᠭ᠎ᠢ ᠭᠠᠴᠠᠭ᠋ᠠᠨ᠎ᠤ ᠠᠷᠠᠳ᠎ᠤᠨ ᠵᠥᠪᠯᠡᠯ ᠪᠤᠶᠤ ᠰᠠᠭᠤᠭ᠋ᠠᠯᠢ ᠠᠷᠠᠳ᠎ᠤᠨ ᠵᠥᠪᠯᠡᠯ ᠵᠶ᠋ᠡᠷ ᠭᠡᠷᠡᠴᠢᠯᠡᠭᠦᠯᠬᠦ ᠪᠤᠶᠤ ᠠᠯᠪᠠᠨ ᠭᠡᠷᠡᠴᠢᠯᠡᠭᠡ ᠬᠢᠯᠭᠡᠬᠦ ᠬᠡᠷᠡᠭᠲᠡᠢ᠃

   ᠵᠢᠷᠭᠤᠳᠤᠭ᠋ᠠᠷ ᠵᠦᠢ᠍ᠯ᠄ ᠦᠷᠡᠴᠢᠯᠡᠭᠴᠢ᠎ᠨᠢ ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ᠎ᠳᠤ ᠬᠡᠤᠬᠡᠳ ᠦᠷᠡᠴᠢᠯᠡᠬᠦ ᠵᠢ ᠭᠤᠶᠤᠴᠢᠯᠠᠬᠤ ᠪᠢᠴᠢᠭ ᠪᠣᠯᠣᠨ ᠲᠠᠷᠠᠭ᠋ᠠᠬᠢ ᠭᠡᠷᠡᠴᠢ ᠦᠨᠡᠮᠯᠡᠯ᠂ ᠭᠡᠷᠡᠴᠢᠯᠡᠬᠦ ᠮᠠᠲ᠋ᠠᠷᠢᠶᠠᠯ᠎ᠢ ᠲᠤᠰᠢᠶᠠᠬᠤ ᠬᠡᠷᠡᠭᠲᠡᠢ᠄
   (ᠨᠢᠭᠡ) ᠦᠷᠡᠴᠢᠯᠡᠭᠴᠢ ᠵᠢᠨ ᠰᠠᠭᠤᠭ᠋ᠠᠯᠢ ᠠᠷᠠᠳ᠎ᠤᠨ ᠡᠷᠦᠭᠡ ᠠᠮᠠ ᠵᠢᠨ ᠳᠡᠪᠲᠡᠷ ᠪᠠ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠃
   (ᠬᠣᠶᠠᠷ) ᠦᠷᠡᠴᠢᠯᠡᠭᠴᠢ ᠵᠢᠨ ᠪᠠᠢ᠌ᠭ᠎ᠠ ᠨᠢᠭᠡᠴᠢ ᠪᠤᠶᠤ ᠭᠠᠴᠠᠭ᠋ᠠᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠠᠴᠠ ᠭᠠᠷᠭ᠋ᠠᠭᠰᠠᠨ ᠲᠤᠰ ᠬᠥᠮᠥᠨ᠎ᠤ ᠤᠷᠦᠬ᠎ᠤᠨ ᠪᠠᠢ᠌ᠳᠠᠯ ᠪᠠ ᠦᠷᠡᠴᠢᠯᠡᠭᠳᠡᠭᠴᠢ ᠵᠢ ᠠᠰᠠᠷᠠᠨ ᠲᠡᠵᠢᠭᠡᠵᠦ ᠰᠤᠷᠭ᠋ᠠᠨ ᠬᠥᠮᠥᠵᠢᠭᠦᠯᠬᠦ ᠴᠢᠳᠠᠪᠤᠷᠢ ᠵᠡᠷᠭᠡ ᠪᠠᠢ᠌ᠳᠠᠯ᠎ᠤᠨ ᠭᠡᠷᠡᠴᠢ ᠪᠤᠯᠤᠨ ᠦᠷᠡᠴᠢᠯᠡᠭᠴᠢ ᠵᠢᠨ ᠭᠠᠷᠭ᠋ᠠᠭᠰᠠᠨ ᠦᠷ᠎ᠡ ᠬᠡᠦᠬᠡᠳ᠎ᠤᠨ ᠪᠠᠢ᠌ᠳᠠᠯ᠎ᠤᠨ ᠲᠤᠬᠠᠢ ᠲᠤᠳᠤᠷᠬᠠᠢ᠌ᠯᠠᠯᠳᠠ᠃
 (ᠭᠤᠷᠪᠠ) ᠰᠢᠶᠠᠨ᠎ᠤ ᠱᠠᠲᠤᠨ᠎ᠠᠴᠠ ᠳᠡᠭᠡᠭᠰᠢᠬᠢ ᠡᠮᠨᠡᠯᠭᠡ ᠵᠢᠨ ᠪᠠᠢ᠌ᠭᠤᠯᠤᠮᠵᠢ ᠵᠢᠨ ᠭᠠᠷᠭ᠋ᠠᠭᠰᠠᠨ ᠡᠮᠨᠡᠯᠭᠡ ᠵᠢᠨ ᠤᠬᠠᠭ᠋ᠠᠨ᠎ᠳᠤ ᠦᠷ᠎ᠡ ᠬᠡᠦᠬᠡᠳ ᠦᠷᠡᠴᠢᠯᠡᠵᠤ ᠲᠡᠵᠢᠭᠡᠵᠦ ᠪᠣᠯᠬᠤ ᠦᠬᠡᠢ ᠭᠡᠵᠦ ᠦᠵᠡᠭᠰᠡᠨ ᠡᠪᠡᠳᠴᠢᠨ᠎ᠳᠤ ᠨᠡᠷᠪᠡᠭᠳᠡᠭᠰᠡᠨ  ᠦᠬᠡᠢ ᠪᠡᠶ᠎ᠡ ᠵᠢᠨ ᠡᠷᠡᠭᠦᠯ ᠮᠡᠡᠳᠦ ᠵᠢᠨ ᠪᠠᠢ᠌ᠴᠠᠭ᠋ᠠᠯᠲᠠ ᠵᠢᠨ ᠭᠡᠷᠡᠴᠢ᠃
     ᠲᠦᠷᠦᠭᠰᠡᠨ ᠡᠴᠢᠭᠡ ᠡᠬᠡ᠎ᠪᠠᠨ ᠡᠷᠢᠵᠦ ᠣᠯᠬᠤ ᠦᠬᠡᠢ ᠪᠣᠯᠤᠭᠰᠠᠨ ᠭᠣᠯᠣᠭᠳᠠᠮᠠᠯ ᠨᠢᠯᠬ᠎ᠠ ᠬᠡᠦᠬᠡᠳ᠂ ᠬᠡᠦᠬᠡᠳ᠎ᠢ  ᠦᠷᠡᠴᠢᠯᠡᠬᠦ ᠵᠢᠨ ᠬᠠᠮᠲᠤ ᠦᠷᠡᠴᠢᠯᠡᠭᠴᠢ ᠵᠢᠨ ᠪᠠᠢ᠌ᠡᠭᠭᠤ ᠰᠠᠭᠤᠳᠠᠭ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠡᠳᠦ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ᠎ᠤ ᠭᠠᠷᠭ᠋ᠠᠭᠰᠠᠨ ᠦᠷᠡᠴᠢᠯᠡᠭᠴᠢ ᠵᠢᠨ ᠦᠷ᠎ᠡ ᠬᠡᠤᠬᠡᠳ ᠲᠦᠷᠤᠵᠤ ᠦᠰᠭᠡᠭᠰᠡᠨ ᠪᠠᠢ᠌ᠳᠠᠯ᠎ᠤᠨ ᠭᠡᠷᠡᠴᠢ ᠪᠢᠴᠢᠭ᠎ᠢ ᠲᠤᠰᠢᠶᠠᠬᠤ ᠬᠡᠷᠡᠭᠲᠡᠢ᠃ ᠡᠭᠦᠨ᠎ᠳᠤ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠪᠤᠰᠤ ᠠᠰᠠᠷᠠᠨ ᠲᠡᠵᠢᠬᠡᠵᠤ ᠪᠠᠢ᠌ᠭ᠎ᠠ ᠡᠴᠢᠭᠡ ᠡᠬᠡ᠎ᠪᠠᠨ ᠡᠷᠢᠵᠦ ᠣᠯᠬᠤ ᠦᠬᠡᠢ ᠭᠣᠯᠣᠭᠳᠠᠭᠰᠠᠨ ᠨᠢᠯᠬ᠎ᠠ ᠬᠡᠦᠬᠡᠳ᠂ ᠬᠡᠦᠬᠡᠳ᠎ᠢ  ᠦᠷᠡᠴᠢᠯᠡᠬᠦ᠎ᠳᠤ ᠦᠷᠡᠴᠢᠯᠡᠭᠴᠢ᠎ᠨᠢ ᠭᠡᠷᠡᠴᠢᠯᠡᠬᠦ ᠮᠠᠲ᠋ᠧᠷᠢᠶᠠᠯ᠎ᠢ ᠲᠤᠰᠢᠶᠠᠬᠤ ᠬᠡᠷᠡᠭᠲᠡᠢ᠄
   (ᠨᠢᠭᠡ) ᠦᠷᠡᠴᠢᠯᠡᠭᠴᠢ ᠵᠢᠨ ᠪᠠᠢ᠌ᠡᠭᠭᠤ ᠰᠠᠭᠤᠳᠠᠭ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠡᠳᠦ ᠵᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ᠎ᠤ ᠭᠠᠷᠭ᠋ᠠᠭᠰᠠᠨ ᠦᠷᠡᠴᠢᠯᠡᠭᠴᠢ ᠵᠢᠨ ᠦᠷ᠎ᠡ ᠬᠡᠤᠬᠡᠳ᠎ᠤᠨ ᠪᠠᠢ᠌ᠳᠠᠯ᠎ᠤᠨ ᠭᠡᠷᠡᠴᠢ᠃
   (ᠬᠣᠶᠠᠷ) ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠤᠨ᠎ᠬᠢᠨ᠎ᠤ ᠭᠠᠷᠭ᠋ᠠᠭᠰᠠᠨ ᠭᠣᠯᠣᠭᠳᠠᠭᠰᠠᠨ ᠨᠢᠯᠬ᠎ᠠ ᠬᠡᠦᠬᠡᠳ᠂ ᠬᠡᠦᠬᠡᠳ᠎ᠢ ᠣᠯᠵᠤ ᠠᠪᠤᠭ᠋ᠠᠳ ᠬᠡᠷᠡᠭ ᠮᠡᠳᠡᠭᠦᠯᠦᠭᠰᠡᠨ ᠭᠡᠷᠡᠴᠢ᠃
ᠳᠠᠭ᠋ᠠᠭᠤᠯᠵᠤ ᠢᠷᠡᠭᠰᠡᠨ ᠦᠷ᠎ᠡ ᠬᠡᠦᠬᠡᠳ᠎ᠢ ᠦᠷᠡᠴᠢᠯᠡᠪᠡᠯ ᠵᠥᠪᠬᠡᠨ ᠰᠠᠭᠤᠭ᠋ᠠᠯᠢ ᠠᠷᠠᠳ᠎ᠤᠨ ᠡᠷᠦᠭᠡ ᠠᠮᠠ ᠵᠢᠨ ᠲᠡᠡᠭᠰᠠ ᠵᠢᠨ ᠳᠡᠪᠲᠡᠷ᠂ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠪᠠ ᠦᠷᠡᠴᠢᠯᠡᠭᠴᠢ᠎ᠨᠢ ᠦᠷᠡᠴᠢᠯᠡᠭᠳᠡᠭᠴᠢ ᠵᠢᠨ ᠲᠦᠷᠦᠭᠰᠡᠨ ᠡᠴᠢᠭᠡ ᠪᠤᠶᠤ ᠲᠦᠷᠦᠭᠰᠡᠨ ᠡᠬᠡ᠎ᠲᠠᠢ᠎ᠪᠠᠨ ᠤᠷᠤᠭᠯᠠᠭᠰᠠᠨ ᠭᠡᠷᠡᠴᠢ ᠵᠢ ᠯᠡ ᠲᠤᠰᠢᠶᠠᠪᠠᠯ ᠪᠤᠯᠴᠢᠬᠠᠨ᠎ᠠ᠃
   ᠡᠷᠭᠦᠨ ᠲᠡᠵᠢᠭᠡᠭᠴᠢ ᠵᠢᠨ ᠭᠠᠷᠭ᠋ᠠᠭᠰᠠᠨ ᠦᠷ᠎ᠡ ᠬᠡᠦᠬᠡᠳ᠎ᠤᠨ ᠪᠠᠢ᠌ᠳᠠᠯ᠎ᠤᠨ ᠲᠤᠬᠠᠢ ᠢᠯᠡᠷᠬᠡᠢ᠌ᠯᠡᠯᠲᠡ ᠵᠢ ᠳᠠᠩᠰᠠᠯᠠᠬᠤ ᠪᠠᠢ᠌ᠭᠤᠯᠭ᠎ᠠ ᠵᠢᠨ᠎ᠬᠢᠨ ᠬᠠᠷᠭᠤᠭᠤᠯᠵᠤ ᠪᠤᠯᠤᠨ᠎ᠠ᠃
    ᠳᠣᠯᠣᠳᠤᠭ᠋ᠠᠷ ᠵᠦᠢ᠍ᠯ᠄ ᠬᠡᠤᠬᠡᠳ᠎ᠢ ᠦᠷᠡᠴᠢᠯᠡᠬᠦᠯᠦᠭᠴᠢ᠎ᠨᠢ ᠦᠷᠡᠴᠢᠯᠡᠭᠴᠢ ᠵᠢᠨ ᠲᠠᠡᠭᠰᠠᠯᠠᠭᠤᠯᠬᠤ ᠪᠠᠢ᠌ᠭᠤᠯᠭ᠎ᠠ᠎ᠳᠤ  ᠲᠠᠷᠠᠭ᠋ᠠᠬᠢ ᠭᠡᠷᠡᠴᠢ ᠦᠨᠡᠮᠯᠡᠯ ᠪᠠ ᠭᠡᠷᠡᠴᠢᠯᠡᠬᠦ ᠮᠠᠲ᠋ᠧᠷᠢᠶᠠᠯ᠎ᠢ ᠲᠤᠰᠢᠶᠠᠬᠤ ᠬᠡᠷᠡᠭᠲᠡᠢ᠄
   (ᠨᠢᠭᠡ) ᠬᠡᠤᠬᠡᠳ᠎ᠢ ᠦᠷᠡᠴᠢᠯᠡᠬᠦᠯᠦᠭᠴᠢ ᠵᠢᠨ ᠰᠠᠭᠤᠭ᠋ᠠᠯᠢ ᠠᠷᠠᠳ᠎ᠤᠨ ᠡᠷᠦᠬᠡ ᠠᠮᠠ ᠵᠢᠨ ᠳᠡᠪᠲᠡᠷ ᠪᠠ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ (ᠬᠢᠨᠠᠨ ᠬᠠᠮᠠᠭ᠋ᠠᠯᠠᠭᠴᠢ ᠪᠣᠯᠬᠤ ᠵᠢ ᠵᠣᠬᠢᠶᠠᠨ ᠪᠠᠢ᠌ᠭᠤᠯᠤᠭᠰᠠᠨ ᠪᠤᠯ ᠲᠡᠭᠦᠨ᠎ᠤ ᠬᠠᠷᠢᠭᠤᠴᠠᠯᠭ᠋ᠠᠲᠠᠨ᠎ᠤ ᠪᠡᠶ᠎ᠡ ᠵᠢᠨ ᠦᠨᠡᠮᠯᠡᠯ᠎ᠢ ᠲᠤᠰᠢᠶᠠᠨ᠎ᠠ)᠃
   (ᠬᠣᠶᠠᠷ)  ᠦᠷᠡᠴᠢᠯᠡᠬᠦᠯᠬᠦ᠎ᠪᠠᠷ ᠬᠦᠷᠭᠡᠬᠦ ᠦᠶ᠎ᠡ᠎ᠳᠤ ᠠᠰᠠᠷᠠᠨ ᠲᠡᠵᠢᠭᠡᠬᠦ ᠡᠭᠦᠷᠭᠡ᠎ᠲᠠᠢ ᠪᠤᠰᠤᠳ ᠬᠥᠮᠥᠨ᠎ᠤ ᠵᠥᠪᠰᠢᠶᠡᠷᠡᠯ᠎ᠢ ᠣᠯᠬᠤ ᠬᠡᠷᠡᠭᠲᠡᠢ ᠭᠡᠵᠦ ᠢᠷᠭᠡᠨ᠎ᠤ ᠬᠠᠤᠯᠢ ᠵᠢᠨ ᠪᠢᠴᠢᠭ᠎ᠲᠤ ᠲᠣᠭᠲᠠᠭ᠋ᠠᠭᠰᠠᠨ ᠪᠥᠭᠡᠳ ᠠᠰᠠᠷᠠᠨ ᠲᠡᠵᠢᠭᠡᠬᠦ ᠡᠭᠦᠷᠭᠡ᠎ᠲᠠᠢ ᠪᠤᠰᠤᠳ ᠬᠥᠮᠥᠨ᠎ᠤ  ᠦᠷᠡᠴᠢᠯᠡᠬᠦᠯᠬᠦ᠎ᠪᠠᠷ ᠬᠦᠷᠭᠡᠬᠦ ᠵᠢ ᠵᠥᠪᠰᠢᠶᠡᠷᠡᠭᠰᠡᠨ ᠪᠢᠴᠢᠭ᠎ᠤᠨ ᠰᠠᠨᠠᠯ᠎ᠢ ᠲᠤᠰᠢᠶᠠᠬᠤ ᠬᠡᠷᠡᠭᠲᠡᠢ ᠬᠡᠰᠡᠨ ᠶᠤᠮ᠃

   ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ᠎ᠨᠢ ᠦᠷᠡᠴᠢᠯᠡᠬᠦᠯᠪᠡᠯ ᠪᠠᠰᠠ ᠭᠣᠯᠣᠭᠳᠠᠮᠠᠯ ᠨᠢᠯᠬ᠎ᠠ ᠬᠡᠦᠬᠡᠳ᠂ ᠬᠡᠦᠬᠡᠳ᠎ᠤᠨ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠣᠷᠣᠭᠰᠠᠨ ᠠᠩᠬᠠᠨ᠎ᠤ ᠲᠡᠮᠳᠡᠭᠯᠡᠯ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠤᠨ᠎ᠬᠢᠨ᠎ᠤ ᠭᠠᠷᠭ᠋ᠠᠭᠰᠠᠨ ᠭᠣᠯᠣᠭᠳᠠᠮᠠᠯ ᠨᠢᠯᠬ᠎ᠠ ᠬᠡᠦᠬᠡᠳ᠂ ᠬᠡᠦᠬᠡᠳ᠎ᠢ ᠣᠯᠵᠤ ᠠᠪᠤᠭ᠋ᠠᠳ ᠬᠡᠷᠡᠭ ᠮᠡᠳᠡᠭᠦᠯᠦᠭᠰᠡᠨ ᠭᠡᠷᠡᠴᠢ᠂ ᠡᠰᠡᠬᠦᠯ᠎ᠡ ᠥᠨᠥᠴᠢᠨ ᠬᠡᠦᠬᠡᠳ᠎ᠤᠨ ᠲᠦᠷᠦᠭᠰᠡᠨ ᠡᠴᠢᠭᠡ ᠡᠬᠡ᠎ᠨᠢ ᠦᠬᠦᠭᠰᠡᠨ ᠪᠤᠶᠤ ᠦᠬᠦᠭᠰᠡᠨ᠎ᠢ ᠵᠠᠷᠯᠠᠭᠰᠠᠨ ᠭᠡᠷᠡᠴᠢ ᠵᠢ ᠲᠤᠰᠢᠶᠠᠬᠤ ᠬᠡᠷᠡᠭᠲᠡᠢ᠃
   ᠬᠢᠨᠠᠨ ᠬᠠᠮᠠᠭ᠋ᠠᠯᠠᠭᠴᠢ᠎ᠨᠢ  ᠦᠷᠡᠴᠢᠯᠡᠬᠦᠯᠦᠭᠴᠢ ᠪᠤᠯ ᠬᠢᠨᠠᠨ ᠬᠠᠮᠠᠭ᠋ᠠᠯᠠᠬᠤ ᠬᠠᠷᠢᠭᠤᠴᠠᠯᠭ᠎ᠠ ᠵᠢ ᠪᠣᠳᠠᠲᠠᠢ ᠡᠭᠦᠷᠭᠡᠯᠡᠭᠰᠡᠨ ᠭᠡᠷᠡᠴᠢ᠂ ᠥᠨᠥᠴᠢᠨ ᠬᠡᠦᠬᠡᠳ᠎ᠤᠨ ᠡᠴᠢᠭᠡ ᠡᠬᠡ᠎ᠨᠢ ᠦᠬᠦᠭᠰᠡᠨ ᠪᠤᠶᠤ ᠦᠬᠦᠭᠰᠡᠨ᠎ᠢ ᠵᠠᠷᠯᠠᠭᠰᠠᠨ ᠭᠡᠷᠡᠴᠢ᠂ ᠡᠰᠡᠬᠦᠯ᠎ᠡ  ᠦᠷᠡᠴᠢᠯᠡᠭᠳᠡᠭᠴᠢ ᠵᠢᠨ ᠡᠴᠢᠭᠡ ᠡᠬᠡ᠎ᠨᠢ ᠢᠷᠭᠡᠨ᠎ᠤ ᠬᠡᠷᠡᠭ᠎ᠤᠨ ᠪᠦᠷᠢᠨ ᠠᠵᠢᠯᠯᠠᠭ᠎ᠠ ᠵᠢᠨ ᠴᠢᠳᠠᠪᠤᠷᠢ ᠦᠬᠡᠢ ᠪᠥᠭᠡᠳ ᠦᠷᠡᠴᠢᠯᠡᠭᠳᠡᠭᠴᠢ᠎ᠳᠤ ᠬᠦᠨᠳᠦ ᠨᠣᠴᠢᠲᠠᠢ ᠬᠣᠣᠷ ᠬᠥᠨᠥᠭᠡᠯ ᠤᠴᠠᠷᠠᠭᠤᠯᠤᠭᠰᠠᠨ ᠭᠡᠷᠡᠴᠢ ᠵᠢ ᠲᠤᠰᠢᠶᠠᠬᠤ ᠬᠡᠷᠡᠭᠲᠡᠢ᠃
    ᠲᠦᠷᠦᠭᠰᠡᠨ ᠡᠴᠢᠭᠡ ᠡᠬᠡ᠎ᠨᠢ ᠦᠷᠡᠴᠢᠯᠡᠬᠦᠯᠪᠡᠯ᠂ ᠣᠨᠴᠠᠭ᠋ᠠᠶ ᠬᠦᠴᠢᠷᠳᠡᠯ᠎ᠲᠠᠢ᠎ᠠᠴᠠ ᠪᠣᠯᠵᠤ ᠦᠷ᠎ᠡ ᠬᠡᠦᠬᠡᠳ ᠵᠶ᠋ᠡᠨ ᠠᠰᠠᠷᠠᠨ ᠲᠡᠵᠢᠭᠡᠬᠦ ᠴᠢᠳᠠᠯ ᠤᠢ᠌ᠭᠡᠢ ᠪᠣᠯᠤᠭᠰᠠᠨ ᠪᠤᠯ ᠪᠠᠰᠠ ᠦᠷᠡᠴᠢᠯᠡᠬᠦᠯᠦᠭᠴᠢ᠎ᠳᠤ ᠣᠨᠴᠠᠭ᠋ᠠᠶ ᠬᠦᠴᠢᠷᠳᠡᠯ᠎ᠲᠠᠢ ᠭᠡᠰᠡᠨ ᠢᠯᠡᠷᠬᠡᠢ᠌ᠯᠡᠯᠲᠡ ᠵᠢ ᠳᠡᠪᠰᠢᠭᠦᠯᠬᠦ ᠬᠡᠷᠡᠭᠲᠡᠢ᠃ ᠬᠣᠯᠪᠣᠰᠤ᠎ᠪᠠᠨ ᠠᠯᠳᠠᠭᠰᠠᠨ ᠪᠤᠶᠤ ᠨᠢᠭᠡ ᠡᠲᠡᠭᠡᠳ᠎ᠨᠢ ᠰᠤᠷᠠᠭ ᠦᠬᠡᠢ ᠪᠣᠯᠤᠭᠰᠠᠨ᠎ᠠᠴᠠ ᠪᠣᠯᠵᠤ ᠭᠠᠭᠴᠠ ᠡᠲᠡᠭᠡᠳ᠎ᠨᠢ ᠦᠷᠡᠴᠢᠯᠡᠬᠦᠯᠪᠡᠯ ᠬᠣᠯᠪᠣᠰᠤ ᠵᠢᠨ ᠦᠬᠦᠭᠰᠡᠨ ᠪᠤᠶᠤ ᠰᠤᠷᠠᠭ ᠦᠬᠡᠢ ᠪᠣᠯᠤᠭᠰᠠᠨ ᠭᠡᠷᠡᠴᠢ ᠵᠢ ᠪᠠᠰᠠ ᠲᠤᠰᠢᠶᠠᠬᠤ ᠬᠡᠷᠡᠭᠲᠡᠢ᠃  ᠦᠷᠡᠴᠢᠯᠡᠬᠦᠯᠦᠭᠴᠢ ᠵᠢᠨ ᠣᠨᠴᠠᠭ᠋ᠠᠶ ᠬᠦᠴᠢᠷᠳᠡᠯ᠎ᠲᠠᠢ ᠬᠡᠰᠡᠨ ᠢᠯᠡᠷᠬᠡᠢ᠌ᠯᠡᠯᠲᠡ ᠵᠢ ᠳᠠᠩᠰᠠᠯᠠᠬᠤ ᠪᠠᠢ᠌ᠭᠤᠯᠭ᠎ᠠ᠎ᠠᠴᠠ ᠪᠠᠢ᠌ᠴᠠᠭ᠋ᠠᠨ ᠬᠠᠷᠭᠤᠭᠤᠯᠵᠤ ᠪᠣᠯᠣᠨ᠎ᠠ᠃ ᠦᠷ᠎ᠡ ᠬᠡᠦᠬᠡᠳ᠎ᠢ᠎ᠨᠢ ᠭᠤᠷᠪᠠᠨ ᠦᠶ᠎ᠡ ᠵᠢᠨ ᠳᠣᠲᠣᠷᠠᠬᠢ ᠦᠶᠡᠯᠢᠳ ᠬᠠᠶᠠᠯᠢᠳ ᠴᠢᠰᠤᠨ ᠲᠥᠷᠥᠯ᠎ᠨᠢ ᠦᠷᠡᠴᠢᠯᠡᠪᠡᠯ ᠪᠠᠰᠠ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠭᠠᠷᠭ᠋ᠠᠭᠰᠠᠨ ᠪᠤᠶᠤ ᠠᠯᠪᠠᠨ ᠭᠡᠷᠡᠴᠢᠯᠡᠭᠡ ᠬᠢᠯᠭᠡᠭᠰᠡᠨ ᠦᠷᠡᠴᠢᠯᠡᠭᠳᠡᠭᠴᠢ᠎ᠲᠠᠢ ᠲᠥᠷᠥᠯ ᠰᠠᠳᠤᠨ᠎ᠤ ᠬᠠᠷᠢᠴᠠᠭ᠎ᠠ᠎ᠲᠠᠢ ᠪᠠᠢ᠌ᠬᠤ ᠭᠡᠷᠡᠴᠢ ᠵᠢ ᠲᠤᠰᠢᠶᠠᠬᠤ ᠬᠡᠷᠡᠭᠲᠡᠢ᠃
    ᠦᠷᠡᠴᠢᠯᠡᠭᠳᠡᠭᠴᠢ᠎ᠨᠢ ᠵᠡᠮᠳᠡᠭ ᠬᠡᠦᠬᠡᠳ ᠪᠤᠯ ᠪᠠᠰᠠ ᠰᠢᠶᠠᠨ᠎ᠤ ᠱᠠᠲᠤᠨ᠎ᠠᠴᠠ ᠳᠡᠭᠡᠭᠰᠢᠬᠢ ᠡᠮ ᠡᠮᠨᠡᠯᠭᠡ ᠵᠢᠨ ᠪᠠᠢ᠌ᠭᠤᠯᠤᠮᠵᠢ ᠵᠢᠨ ᠭᠠᠷᠭ᠋ᠠᠭᠰᠠᠨ ᠲᠤᠰ ᠬᠡᠦᠬᠡᠳ᠎ᠤᠨ ᠵᠡᠮᠳᠡᠭ ᠪᠣᠯᠤᠭᠰᠠᠨ ᠭᠡᠷᠡᠴᠢ ᠵᠢ ᠲᠤᠰᠢᠶᠠᠬᠤ ᠬᠡᠷᠡᠭᠲᠡᠢ᠃

   ᠨᠠᠢ᠍ᠮᠠᠳᠤᠭ᠋ᠠᠷ ᠵᠦᠢ᠍ᠯ᠄  ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ᠎ᠨᠢ ᠬᠡᠤᠬᠡᠳ ᠦᠷᠡᠴᠢᠯᠡᠬᠦ ᠵᠢ ᠳᠠᠩᠰᠠᠯᠠᠭᠤᠯᠬᠤ ᠭᠤᠶᠤᠴᠢᠯᠠᠯ ᠪᠠ ᠬᠣᠯᠪᠣᠭᠳᠠᠯ ᠪᠦᠬᠦᠢ ᠮᠠᠲ᠋ᠧᠷᠢᠶᠠᠯ᠎ᠢ ᠣᠯᠣᠭᠰᠠᠨ᠎ᠤ ᠲᠡᠷᠡᠭ᠎ᠠ ᠮᠠᠷᠭ᠋ᠠᠰᠢ᠎ᠠᠴᠠ᠎ᠨᠢ ᠡᠬᠢᠯᠡᠬᠡᠳ 30 ᠬᠤᠨᠤᠭ ᠎ᠤᠨ ᠳᠣᠲᠣᠷ᠎ᠠ ᠬᠢᠨᠠᠨ ᠪᠠᠢ᠌ᠴᠠᠭ᠋ᠠᠬᠤ ᠬᠡᠷᠡᠭᠲᠡᠢ᠃ ᠢᠷᠭᠡᠨ᠎ᠤ ᠬᠠᠤᠯᠢ ᠵᠢᠨ ᠪᠢᠴᠢᠭ᠎ᠲᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠭᠰᠡᠨ ᠪᠤᠯ ᠲᠤᠬᠠᠢ ᠵᠢᠨ ᠬᠥᠮᠥᠨ᠎ᠳᠤ ᠬᠡᠤᠬᠡᠳ ᠦᠷᠡᠴᠢᠯᠡᠬᠦ ᠵᠢ ᠳᠠᠩᠰᠠᠯᠠᠭᠤᠯᠵᠤ᠂  ᠬᠡᠤᠬᠡᠳ ᠦᠷᠡᠴᠢᠯᠡᠬᠦᠶ᠋ᠢ ᠳᠠᠩᠰᠠᠯᠠᠭᠤᠯᠤᠭᠰᠠᠨ ᠦᠨᠡᠮᠯᠡᠯ ᠣᠯᠭᠣᠨ᠎ᠠ᠂  ᠦᠷᠡᠴᠢᠯᠡᠬᠦ ᠬᠠᠷᠢᠴᠠᠭ᠎ᠠ᠎ᠨᠢ ᠳᠠᠩᠰᠠᠯᠠᠭᠤᠯᠤᠭᠰᠠᠨ ᠡᠳᠦᠷ᠎ᠠᠴᠠ ᠡᠬᠢᠯᠡᠵᠦ ᠪᠠᠢ᠌ᠭᠤᠯᠤᠭᠳᠠᠨ᠎ᠠ᠃ ᠢᠷᠭᠡᠨ᠎ᠤ ᠬᠠᠤᠯᠢ ᠵᠢᠨ ᠪᠢᠴᠢᠭ᠎ᠲᠤ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠬᠦ ᠦᠭᠡᠢ ᠪᠠᠢ᠌ᠪᠠᠯ ᠲᠠᠨᠭ᠌ᠰᠠᠯᠠᠵᠤ ᠥᠭᠬᠦ ᠦᠭᠡᠢ ᠪᠥᠭᠡᠳ ᠲᠤᠬᠠᠢ ᠵᠢᠨ ᠬᠥᠮᠥᠨ᠎ᠳᠤ ᠤᠴᠢᠷ ᠰᠢᠯᠲᠠᠭ᠋ᠠᠨ᠎ᠢ᠎ᠨᠢ ᠲᠣᠳᠣᠷᠬᠠᠢ᠌ᠯᠠᠵᠤ ᠥᠭᠭᠦᠨ᠎ᠡ᠃
   ᠲᠦᠷᠦᠭᠰᠡᠨ ᠡᠴᠢᠭᠡ ᠡᠬᠡ᠎ᠪᠠᠨ ᠡᠷᠢᠵᠦ ᠣᠯᠬᠤ   ᠦᠭᠡᠢ ᠪᠣᠯᠤᠭᠰᠠᠨ ᠭᠣᠯᠣᠭᠳᠠᠮᠠᠯ ᠨᠢᠯᠬ᠎ᠠ ᠬᠡᠦᠬᠡᠳ᠂ ᠬᠡᠦᠬᠡᠳ᠎ᠢ ᠡᠷᠭᠦᠨ ᠲᠡᠵᠢᠬᠡᠪᠡᠯ ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ᠎ᠨᠢ ᠳᠠᠩᠰᠠᠯᠠᠬᠤ᠎ᠠᠴᠠ᠎ᠪᠠᠨ ᠡᠮᠦᠨ᠎ᠡ ᠲᠦᠷᠦᠭᠰᠡᠨ ᠡᠴᠢᠭᠡ ᠡᠬᠡ ᠵᠢ᠎ᠨᠢ ᠡᠷᠢᠬᠦ᠎ᠪᠠᠷ ᠵᠠᠷᠯᠠᠨ ᠨᠡᠢ᠌ᠲᠡᠯᠡᠬᠦ ᠬᠡᠷᠡᠭᠲᠡᠢ ᠵᠠᠷᠯᠠᠨ ᠨᠡᠢ᠌ᠲᠡᠯᠡᠭᠰᠡᠨ ᠡᠳᠦᠷ᠎ᠠᠴᠠ ᠡᠬᠢᠯᠡᠨ ᠪᠦᠬᠦᠯᠢ 60 ᠬᠤᠨᠤᠭ ᠪᠣᠯᠲᠠᠯ᠎ᠠ ᠭᠣᠯᠣᠭᠳᠠᠭᠰᠠᠨ ᠨᠢᠯᠬ᠎ᠠ ᠬᠡᠦᠬᠡᠳ᠂ ᠬᠡᠦᠬᠡᠳ᠎ᠤᠨ ᠲᠦᠷᠦᠭᠰᠡᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭ᠋ᠠᠯᠠᠭᠴᠢ᠎ᠨᠢ ᠲᠠᠨᠢᠵᠤ ᠠᠪᠤᠭᠰᠠᠨ ᠦᠭᠡᠢ ᠪᠠᠢ᠌ᠪᠠᠯ ᠲᠦᠷᠦᠭᠰᠡᠨ ᠡᠴᠢᠭᠡ ᠡᠬᠡ ᠵᠢ᠎ᠨᠢ ᠡᠷᠢᠵᠦ ᠣᠯᠬᠤ ᠦᠭᠡᠢ ᠭᠣᠯᠣᠭᠳᠠᠭᠰᠠᠨ ᠨᠢᠯᠬ᠎ᠠ ᠬᠡᠦᠬᠡᠳ᠂ ᠬᠡᠦᠬᠡᠳ ᠵᠶ᠋ᠡᠷ ᠦᠵᠡᠨ᠎ᠡ᠃ ᠠᠯᠪᠠᠨ ᠵᠠᠷ᠎ᠤᠨ ᠬᠤᠭᠤᠴᠠᠭ᠎ᠠ ᠵᠢ ᠲᠠᠨᠭ᠌ᠰᠠᠯᠠᠵᠦ ᠭᠦᠢ᠍ᠴᠡᠳᠬᠡᠬᠦ ᠬᠤᠭᠤᠴᠠᠭ᠋ᠠᠨ᠎ᠳᠤ ᠣᠷᠣᠭᠤᠯᠵᠤ ᠪᠤᠳᠤᠬᠤ ᠦᠭᠡᠢ᠃

    ᠶᠢᠰᠦᠳᠦᠭᠡᠷ ᠵᠦᠢ᠍ᠯ᠄  ᠦᠷᠡᠴᠢᠯᠡᠬᠦ ᠬᠠᠷᠢᠴᠠᠭ᠎ᠠ ᠪᠠᠢ᠌ᠭᠤᠯᠤᠭᠳᠠᠭᠰᠠᠨ᠎ᠤ ᠲᠡᠷᠡᠭ᠎ᠠ ᠦᠷᠡᠴᠢᠯᠡᠭᠳᠡᠭᠴᠢ᠎ᠳᠤ ᠡᠷᠦᠭᠡ ᠠᠮᠠ ᠵᠢᠨ ᠳᠠᠩᠰᠠᠯᠠᠯᠲᠠ ᠬᠢᠬᠦ ᠪᠤᠶᠤ ᠨᠡᠭᠦᠯᠭᠡᠨ ᠰᠢᠯᠵᠢᠭᠦᠯᠬᠦ ᠭᠠᠷ ᠭᠦᠢ᠍ᠴᠡᠳᠬᠡᠯ ᠬᠢᠵᠦ ᠥᠭᠬᠦ ᠴᠢᠬᠤᠯᠠᠲᠠᠢ ᠪᠠᠢ᠌ᠪᠠᠯ ᠦᠷᠡᠴᠢᠯᠡᠭᠴᠢ᠎ᠨᠢ  ᠬᠡᠤᠬᠡᠳ ᠦᠷᠡᠴᠢᠯᠡᠬᠦ ᠵᠢ ᠳᠠᠩᠰᠠᠯᠠᠭᠤᠯᠤᠭᠰᠠᠨ ᠦᠨᠡᠮᠯᠡᠯ ᠵᠶ᠋ᠡᠨ ᠠᠪᠴᠤ ᠡᠷᠦᠭᠡ ᠠᠮᠠ ᠵᠢᠨ ᠳᠠᠩᠰᠠᠯᠠᠯᠲᠠ ᠵᠢᠨ ᠪᠠᠢ᠌ᠭᠤᠯᠭ᠎ᠠ᠎ᠳᠤ ᠣᠴᠢᠵᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃

    ᠠᠷᠪᠠᠳᠤᠭ᠋ᠠᠷ ᠵᠦᠢ᠍ᠯ᠄ ᠦᠷᠡᠴᠢᠯᠡᠭᠰᠡᠨ ᠬᠠᠷᠢᠴᠠᠭ᠎ᠠ ᠵᠢᠨ ᠲᠤᠬᠠᠢ ᠵᠢᠨ ᠬᠥᠮᠥᠨ᠎ᠨᠢ ᠬᠡᠯᠡᠯᠴᠡᠵᠦ ᠪᠠᠢ᠌ᠭ᠋ᠠᠳ ᠦᠷᠡᠴᠢᠯᠡᠭᠰᠡᠨ ᠬᠠᠷᠢᠴᠠᠭ᠎ᠠ᠎ᠪᠠᠨ ᠴᠤᠴᠠᠯᠠᠬᠤ ᠬᠡᠪᠡᠯ ᠴᠤᠴᠠᠯᠠᠬ᠍ᠴᠢ᠎ᠨᠢ ᠰᠠᠭᠤᠭ᠋ᠠᠯᠢ ᠠᠷᠠᠳ᠎ᠤᠨ ᠡᠷᠦᠭᠡ ᠠᠮᠠ ᠵᠢᠨ ᠲᠡᠡᠭᠰᠠ ᠵᠢᠨ ᠳᠡᠪᠲᠡᠷ᠂ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠂  ᠬᠡᠤᠬᠡᠳ ᠦᠷᠡᠴᠢᠯᠡᠬᠦ ᠵᠢ ᠳᠠᠩᠰᠠᠯᠠᠭᠤᠯᠤᠭᠰᠠᠨ ᠦᠨᠡᠮᠯᠡᠯ ᠪᠠ  ᠦᠷᠡᠴᠢᠯᠡᠭᠰᠡᠨ ᠬᠠᠷᠢᠴᠠᠭ᠎ᠠ᠎ᠪᠠᠨ ᠴᠤᠴᠠᠯᠬᠤ ᠪᠢᠴᠢᠭ᠎ᠤᠨ ᠬᠡᠯᠡᠯᠴᠡᠭᠡᠷ ᠵᠶ᠋ᠡᠨ ᠠᠪᠴᠤ᠂  ᠦᠷᠡᠴᠢᠯᠡᠭᠳᠡᠭᠴᠢ ᠵᠢᠨ ᠪᠠᠢ᠌ᠩᠭᠤ ᠰᠠᠭᠤᠭ᠎ᠠ ᠡᠷᠦᠭᠡ ᠠᠮᠠ ᠵᠢᠨ ᠲᠡᠡᠭᠰᠠ ᠪᠠᠢ᠌ᠭ᠎ᠠ ᠭᠠᠵᠠᠷ᠎ᠤᠨ ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ᠎ᠳᠤ ᠬᠠᠮᠲᠤ᠎ᠪᠠᠷ ᠣᠴᠢᠵᠤ ᠦᠷᠡᠴᠢᠯᠡᠬᠦ ᠬᠠᠷᠢᠴᠠᠭ᠎ᠠ᠎ᠪᠠᠨ ᠴᠤᠴᠠᠯᠤᠭᠰᠠᠨ ᠳᠠᠩᠰᠠᠯᠠᠯᠲᠠ ᠬᠢᠯᠭᠡᠬᠦ ᠬᠡᠷᠡᠭᠲᠡᠢ᠃

ᠠᠷᠪᠠᠨ ᠨᠢᠭᠡᠳᠦᠭᠡᠷ ᠵᠦᠢ᠍ᠯ᠄ ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ᠎ᠨᠢ  ᠦᠷᠡᠴᠢᠯᠡᠭᠰᠡᠨ ᠬᠠᠷᠢᠴᠠᠭ᠎ᠠ᠎ᠪᠠᠨ ᠴᠤᠴᠠᠯᠬᠤ ᠳᠠᠩᠰᠠᠯᠠᠯᠲᠠ ᠵᠢᠨ ᠪᠢᠴᠢᠭ ᠪᠠ ᠬᠣᠯᠪᠣᠭᠳᠠᠯ ᠪᠦᠬᠦᠢ ᠮᠠᠲ᠋ᠧᠷᠢᠶᠠᠯ᠎ᠢ ᠣᠯᠣᠭᠰᠠᠨ᠎ᠤ ᠲᠡᠷᠡᠭ᠎ᠠ᠂ ᠮᠠᠷᠭ᠋ᠠᠰᠢ᠎ᠠᠴᠠ᠎ᠨᠢ   ᠡᠬᠢᠯᠡᠬᠡᠳ 30 ᠬᠤᠨᠤᠭ᠎ᠤᠨ ᠳᠣᠲᠣᠷ᠎ᠠ ᠬᠢᠨᠠᠨ ᠪᠠᠢ᠌ᠴᠠᠭ᠋ᠠᠬᠤ ᠬᠡᠷᠡᠭᠲᠡᠢ᠃ ᠢᠷᠭᠡᠨ᠎ᠤ ᠬᠠᠤᠯᠢ ᠵᠢᠨ ᠪᠢᠴᠢᠭ᠎ᠤᠨ ᠲᠣᠭᠲᠠᠭ᠋ᠠᠯ᠎ᠳᠤ ᠨᠡᠢ᠌ᠴᠡᠵᠦ ᠪᠠᠢ᠌ᠪᠠᠯ ᠲᠤᠬᠠᠢ ᠵᠢᠨ ᠬᠥᠮᠥᠨ᠎ᠢ ᠦᠷᠡᠴᠢᠯᠡᠭᠰᠡᠨ ᠬᠠᠷᠢᠴᠠᠭ᠎ᠠ᠎ᠪᠠᠨ ᠴᠤᠴᠠᠯᠤᠭᠰᠠᠨ ᠳᠠᠩᠰᠠᠯᠠᠯᠲᠠ ᠬᠢᠯᠭᠡᠵᠦ᠂  ᠬᠡᠤᠬᠡᠳ ᠦᠷᠡᠴᠢᠯᠡᠬᠦ ᠵᠢ ᠳᠠᠩᠰᠠᠯᠠᠭᠤᠯᠤᠭᠰᠠᠨ ᠦᠨᠡᠮᠯᠡᠯ᠎ᠢ᠎ᠨᠢ ᠬᠣᠷᠢᠶᠠᠨ ᠠᠪᠴᠤ᠂  ᠦᠷᠡᠴᠢᠯᠡᠭᠰᠡᠨ ᠬᠠᠷᠢᠴᠠᠭ᠎ᠠ᠎ᠪᠠᠨ ᠴᠤᠴᠠᠯᠤᠭᠰᠠᠨ ᠭᠡᠷᠡᠴᠢ ᠣᠯᠭᠣᠨ᠎ᠠ᠃

   ᠠᠷᠪᠠᠨ ᠬᠣᠶᠠᠳᠤᠭ᠋ᠠᠷ ᠵᠦᠢ᠍ᠯ᠄ ᠦᠷᠡᠴᠢᠯᠡᠬᠦ ᠬᠠᠷᠢᠴᠠᠭ᠎ᠠ᠎ᠲᠠᠢ ᠲᠤᠬᠠᠢ ᠵᠢᠨ ᠬᠥᠮᠥᠨ᠎ᠳᠤ ᠭᠡᠷᠡᠴᠢᠯᠡᠬᠦ ᠮᠠᠲ᠋ᠧᠷᠢᠶᠠᠯ ᠭᠠᠷᠭ᠋ᠠᠵᠤ ᠥᠭᠬᠦ ᠵᠣᠬᠢᠶᠠᠨ ᠪᠠᠢ᠌ᠭᠤᠯᠤᠯᠲᠠ᠎ᠨᠢ ᠬᠣᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ᠎ᠢ ᠦᠨᠡᠨ ᠮᠥᠨ ᠵᠶ᠋ᠡᠷ᠎ᠨᠢ ᠭᠠᠷᠭ᠋ᠠᠵᠤ ᠥᠭᠬᠦ ᠬᠡᠷᠡᠭᠲᠡᠢ᠃ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠭᠠᠷᠭ᠋ᠠᠵᠤ ᠥᠭᠭᠦᠭᠰᠡᠨ ᠪᠠᠢ᠌ᠪᠠᠯ  ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ ᠵᠢᠨ᠎ᠬᠢᠨ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ᠎ᠢ᠎ᠨᠢ ᠬᠣᠷᠢᠶᠠᠨ ᠠᠪᠬᠤ ᠪᠥᠭᠡᠳ ᠰᠢᠭᠤᠳ ᠬᠠᠷᠢᠭᠤᠴᠠᠯᠭ᠎ᠠ᠎ᠲᠠᠢ ᠬᠥᠮᠥᠨ᠎ᠢ᠎ᠨᠢ ᠰᠢᠭᠦᠮᠵᠢᠯᠡᠵᠦ ᠰᠤᠷᠭ᠋ᠠᠬᠤ ᠪᠤᠶᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ᠂ ᠰᠠᠬᠢᠯᠭ᠎ᠠ ᠪᠠᠲᠤ ᠵᠢᠨ ᠰᠢᠢ᠍ᠳᠬᠡᠯ ᠥᠭᠭᠥᠭᠦᠯᠬᠦ᠎ᠪᠠᠷ ᠬᠣᠯᠪᠣᠭᠳᠠᠯ ᠪᠦᠬᠦᠢ ᠵᠣᠬᠢᠶᠠᠨ ᠪᠠᠢ᠌ᠭᠤᠯᠤᠯᠲᠠ᠎ᠳᠤ ᠰᠠᠨᠠᠭᠤᠯᠬᠤ ᠬᠡᠷᠡᠭᠲᠡᠢ᠃

   ᠠᠷᠪᠠᠨ ᠭᠤᠷᠪᠠᠳᠤᠭ᠋ᠠᠷ ᠵᠦᠢ᠍ᠯ᠄ ᠦᠷᠡᠴᠢᠯᠡᠭᠰᠡᠨ ᠬᠠᠷᠢᠴᠠᠭ᠎ᠠ ᠵᠢᠨ ᠲᠤᠬᠠᠢ ᠵᠢᠨ ᠬᠥᠮᠥᠨ᠎ᠨᠢ ᠬᠤᠳᠠᠯ ᠬᠡᠯᠡᠵᠦ ᠬᠠᠭᠤᠷᠮᠠᠭᠯᠠᠨ ᠦᠢ᠍ᠯᠡᠳᠴᠦ ᠬᠡᠤᠬᠡᠳ ᠦᠷᠡᠴᠢᠯᠡᠬᠦ ᠳᠠᠩᠰᠠᠯᠠᠯᠲᠠ ᠵᠢ ᠮᠡᠬᠡᠯᠡᠨ ᠣᠯᠣᠭᠰᠠᠨ ᠪᠠᠢ᠌ᠪᠠᠯ ᠦᠷᠡᠴᠢᠯᠡᠭᠰᠡᠨ ᠬᠠᠷᠢᠴᠠᠭ᠎ᠠ᠎ᠨᠢ ᠬᠦᠴᠦᠨ ᠦᠬᠡᠢ᠂  ᠬᠡᠤᠬᠡᠳ ᠦᠷᠡᠴᠢᠯᠡᠬᠦ ᠵᠢ ᠳᠠᠩᠰᠠᠯᠠᠬᠤ ᠪᠠᠢ᠌ᠭᠤᠯᠭ᠎ᠠ᠎ᠠᠴᠠ ᠳᠠᠩᠰᠠᠯᠠᠯᠲᠠ ᠵᠢ᠎ᠨᠢ ᠬᠦᠴᠦᠨ ᠦᠬᠡᠢ ᠪᠣᠯᠭ᠋ᠠᠵᠤ᠂  ᠬᠡᠤᠬᠡᠳ ᠦᠷᠡᠴᠢᠯᠡᠬᠦ᠎ᠪᠠᠷ ᠳᠠᠩᠰᠠᠯᠠᠭᠤᠯᠤᠭᠰᠠᠨ ᠦᠨᠡᠮᠯᠡᠯ᠎ᠢ᠎ᠨᠢ ᠬᠣᠷᠢᠶᠠᠨ ᠠᠪᠤᠨ᠎ᠠ᠃

   ᠠᠷᠪᠠᠨ ᠳᠥᠷᠪᠡᠳᠦᠭᠡᠷ ᠵᠦᠢ᠍ᠯ᠄ ᠲᠤᠰ ᠠᠷᠭ᠎ᠠ᠎ᠳᠤ ᠲᠣᠭᠲᠠᠭ᠋ᠠᠭᠰᠠᠨ ᠬᠡᠤᠬᠡᠳ ᠦᠷᠡᠴᠢᠯᠡᠬᠦ ᠵᠢ ᠳᠠᠩᠰᠠᠯᠠᠭᠤᠯᠤᠭᠰᠠᠨ ᠦᠨᠡᠮᠯᠡᠯ᠂ ᠦᠷᠡᠴᠢᠯᠡᠭᠰᠡᠨ ᠬᠠᠷᠢᠴᠠᠭ᠎ᠠ ᠵᠢ ᠴᠤᠴᠠᠯᠤᠭᠰᠠᠨ ᠭᠡᠷᠡᠴᠢ ᠵᠢᠨ ᠬᠡᠪ ᠵᠠᠭᠪᠤᠷ᠎ᠢ ᠲᠤᠢ᠌ᠷᠦ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠣᠭᠲᠠᠭ᠋ᠠᠨ᠎ᠠ᠃

     ᠠᠷᠪᠠᠨ ᠲᠠᠪᠤᠳᠤᠭ᠋ᠠᠷ ᠵᠦᠢ᠍ᠯ᠄ ᠲᠤᠮᠳᠠᠳᠤ ᠵᠢᠨ ᠬᠠᠷᠢᠶᠠᠲᠤ ᠪᠤᠯᠤᠨ ᠰᠢᠶᠠᠩᠭ᠋ᠠᠩ᠂ ᠣᠣᠮᠧᠨ᠂ ᠲᠠᠢ᠌ᠸᠠᠨ ᠣᠷᠣᠨ᠎ᠳᠤ ᠰᠠᠭᠤᠵᠤ ᠪᠠᠢ᠌ᠭ᠎ᠠ ᠳᠤᠮᠳᠠᠳᠤ ᠤᠯᠤᠰ᠎ᠤᠨ ᠠᠷᠠᠳ ᠢᠷᠭᠡᠨ ᠳᠣᠲᠣᠷ᠎ᠠ ᠭᠠᠵᠠᠷ᠎ᠲᠤ ᠦᠷ᠎ᠡ ᠬᠡᠦᠬᠡᠳ ᠦᠷᠡᠴᠢᠯᠡᠪᠡᠯ ᠬᠡᠤᠬᠡᠳ ᠦᠷᠡᠴᠢᠯᠡᠬᠦ ᠳᠠᠩᠰᠠᠯᠠᠯᠲᠠ ᠬᠢᠯᠭᠡᠬᠦ᠎ᠪᠠᠷ ᠭᠤᠶᠤᠴᠢᠯᠠᠬᠤ ᠵᠢᠨ ᠬᠠᠷᠢᠶᠠᠯᠠᠯ ᠪᠤᠯᠤᠨ ᠭᠠᠷᠭ᠋ᠠᠵᠤ ᠥᠭᠬᠦ ᠴᠢᠬᠤᠯᠠᠲᠠᠢ ᠭᠡᠷᠡᠴᠢ ᠦᠨᠡᠮᠯᠡᠯ ᠪᠠ ᠭᠡᠷᠡᠴᠢᠯᠡᠬᠦ ᠮᠠᠲ᠋ᠧᠷᠢᠶᠠᠯ᠎ᠢ ᠲᠦᠷᠤ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃

     ᠠᠷᠪᠠᠨ ᠵᠢᠷᠭᠤᠳᠤᠭ᠋ᠠᠷ ᠵᠦᠢ᠍ᠯ᠄ ᠲᠤᠰ ᠠᠷᠭ᠎ᠠ ᠵᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃




 


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ (ᠲᠡᠬᠡᠳᠤ)
ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠠᠷᠭ᠎ᠠ (ᠲᠤᠤᠷᠠᠳᠤ)
 
            