ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠠᠷᠠᠳ᠎ᠤᠨ ᠶᠠᠪᠤᠳᠠᠯ᠎ᠤᠨ ᠶᠠᠮᠤᠨ 《ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠠᠷᠭ᠎ᠠ》 ᠵᠢ ᠨᠡᠢ᠌ᠲᠡᠯᠡᠪᠡ
ᠨᠡᠶᠢᠲᠡᠯᠡᠭᠰᠡᠨ ᠴᠠᠭ᠄ 2025-02-20

                                     ᠨᠤᠮᠢᠨ ᠤᠷᠴᠢᠭᠤᠯᠪᠠ

      ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠴᠠᠭ᠋ᠠᠬᠤ ᠪᠠ ᠰᠢᠢ᠍ᠳᠪᠦᠷᠢᠯᠡᠬᠦ ᠠᠵᠢᠯ᠎ᠢ ᠴᠢᠡᠭᠭ᠋ᠠᠳᠬᠠᠨ ᠵᠢᠷᠤᠮᠵᠢᠭᠤᠯᠵᠤ ᠠᠷᠠᠳ ᠢᠷᠭᠡᠨ᠂ ᠬᠠᠤᠯᠢ ᠵᠢᠨ ᠬᠥᠮᠥᠨ ᠪᠠ ᠪᠤᠰᠤᠳ ᠵᠣᠬᠢᠶᠠᠨ ᠪᠠᠢ᠌ᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ ᠤᠯᠤᠰ ᠣᠷᠣᠨ᠎ᠤ ᠠᠮᠤᠷ ᠲᠦᠪᠰᠢᠨ ᠪᠠ ᠨᠡᠢ᠌ᠭᠡᠮ᠎ᠤᠨ ᠲᠣᠭᠲᠠᠭᠤᠨ᠎ᠢ ᠬᠠᠮᠠᠭ᠋ᠠᠯᠠᠬᠤ ᠵᠢᠨ ᠲᠥᠯᠥᠭᠡ 《ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠠᠷᠭ᠎ᠠ》 ᠵᠢ ᠲᠣᠭᠲᠠᠭ᠋ᠠᠵᠤ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ  ᠳᠦᠷᠢᠮ᠎ᠤᠨ ᠲᠠᠯ᠎ᠠ᠎ᠠᠴᠠ ᠬᠠᠯᠠᠨ ᠰᠠᠢ᠌ᠵᠢᠷᠠᠭᠤᠯᠬᠤ ᠠᠷᠭ᠎ᠠ ᠵᠢ  ᠲᠤᠷᠠᠳᠪᠠ᠃ ᠡᠨᠡ ᠬᠦ᠌ ᠠᠷᠭ᠎ᠠ ᠵᠢ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠦᠨ᠎ᠡ᠃ ᠪᠦᠬᠦ ᠠᠭᠤᠯᠭ᠎ᠠ᠎ᠨᠢ ᠲᠠᠷᠠᠭ᠋ᠠᠬᠢ ᠮᠡᠲᠦ᠄

ᠬᠠᠤᠯᠢ ᠪᠤᠰᠤ ᠨᠡᠢ᠌ᠭᠡᠮ ᠣᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠠᠷᠭ᠎ᠠ

    ᠨᠢᠭᠡᠳᠦᠭᠡᠷ ᠵᠦᠢ᠍ᠯ᠄ ᠬᠠᠤᠯᠢ ᠪᠤᠰᠤ ᠨᠡᠢ᠌ᠭᠡᠮ ᠎ᠤᠨ ᠵᠣᠬᠢᠶᠠᠨ ᠪᠠᠢ᠌ᠭᠤᠯᠤᠯᠲᠠ ᠵᠢᠨ ᠪᠠᠢ᠌ᠴᠠᠭ᠋ᠠᠬᠤ ᠪᠠ ᠰᠢᠢ᠍ᠳᠪᠦᠷᠢᠯᠡᠬᠦ ᠠᠵᠢᠯ ᠎ᠢ ᠴᠢᠩᠭ᠋ᠠᠳᠬᠠᠨ ᠵᠢᠷᠤᠮᠵᠢᠭᠤᠯᠵᠤ ᠠᠷᠠᠳ ᠢᠷᠭᠡᠨ᠂ ᠬᠠᠤᠯᠢ ᠵᠢᠨ ᠡᠷᠬᠡᠲᠡᠨ ᠪᠣᠯᠣᠨ ᠪᠤᠰᠤᠳ ᠵᠣᠬᠢᠶᠠᠨ ᠪᠠᠢ᠌ᠭᠤᠯᠤᠯᠲᠠ ᠵᠢᠨ ᠬᠠᠤᠯᠢ ᠶᠣᠰᠣᠨ ᠎ᠤ ᠡᠷᠬᠡ ᠠᠰᠢᠭ ᠎ᠢ ᠬᠠᠮᠠᠭ᠋ᠠᠯᠠᠨ ᠤᠯᠤᠰ ᠎ᠤᠨ ᠠᠮᠤᠷ ᠲᠦᠪᠰᠢᠨ ᠪᠣᠯᠣᠨ ᠨᠡᠢ᠌ᠭᠡᠮ ᠎ᠤᠨ ᠲᠣᠭᠲᠠᠭᠤᠨ ᠎ᠢ ᠬᠠᠮᠠᠭ᠋ᠠᠯᠠᠬᠤ ᠵᠢᠨ ᠲᠦᠯᠤᠬᠡ 《ᠨᠡᠢ᠌ᠭᠡᠮ ᠎ᠤᠨ ᠪᠦᠯᠬᠦᠮ ᠎ᠤᠨ ᠲᠠᠨᠭ᠌ᠰᠠᠯᠠᠨ ᠬᠠᠮᠢᠶᠠᠷᠬᠤ ᠳᠦᠷᠢᠮ》 《ᠰᠠᠭᠤᠷᠢ ᠮᠥᠩᠭᠥᠨ ᠎ᠤ ᠨᠡᠢ᠌ᠭᠡᠮᠯᠢᠭ ᠎ᠤᠨ ᠬᠠᠮᠢᠶᠠᠷᠤᠯᠲᠠ ᠵᠢᠨ ᠳᠦᠷᠢᠮ》 《ᠠᠷᠠᠳ᠎ᠠᠴᠠ ᠡᠷᠬᠢᠯᠡᠭᠰᠡᠨ ᠠᠵᠤ ᠠᠬᠤᠢ᠌ᠯᠠᠯ ᠎ᠤᠨ ᠪᠤᠰᠤ ᠨᠢᠬᠡᠴᠢ ᠵᠢᠨ ᠲᠠᠨᠭ᠌ᠰᠠᠯᠠᠨ ᠬᠠᠮᠢᠶᠠᠷᠬᠤ ᠲᠥᠷ ᠬᠡᠷᠡᠭᠵᠢᠭᠦᠯᠬᠦ ᠳᠦᠷᠢᠮ》 ᠵᠡᠷᠭᠡ ᠬᠣᠯᠪᠣᠭᠳᠠᠯ ᠪᠦᠬᠦᠢ ᠲᠣᠭᠲᠠᠭ᠋ᠠᠯ ᠎ᠢ ᠦᠨᠳᠦᠰᠦᠯᠡᠨ ᠲᠤᠰ ᠠᠷᠭ᠎ᠠ ᠵᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ᠄ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠩᠰᠡᠯᠡᠨ ᠬᠠᠮᠢᠶᠠᠷᠬᠤ ᠪᠠᠢ᠌ᠭᠤᠯᠭ᠎ᠠ (ᠳᠡᠩᠰᠡᠯᠡᠨ ᠬᠠᠮᠢᠶᠠᠷᠬᠤ ᠪᠠᠢ᠌ᠭᠤᠯᠭ᠎ᠠ ᠭᠡᠵᠦ ᠲᠤᠪᠴᠢᠯᠠᠶ᠎ᠠ)᠎ᠨᠢ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ᠎ᠳᠤ ᠲᠣᠰ ᠠᠷᠭ᠎ᠠ ᠵᠢ ᠬᠡᠷᠡᠭᠯᠡᠨ᠎ᠡ᠃
     ᠭᠤᠷᠪᠠᠳᠤᠭ᠋ᠠᠷ ᠵᠦᠢ᠍ᠯ᠄ ᠲᠠᠷᠠᠭ᠋ᠠᠬᠢ ᠪᠠᠢ᠌ᠳᠠᠯ᠎ᠤᠨ ᠨᠢᠭᠡ᠎ᠨᠢ ᠤᠷᠤᠰᠢᠪᠠᠯ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠲᠣᠭ᠋ᠠᠴᠠᠭᠳᠠᠨ᠎ᠠ᠄
    (ᠨᠢᠭᠡ) ᠳᠠᠩᠰᠠᠯᠠᠭᠤᠯᠤᠭᠰᠠᠨ ᠦᠭᠡᠢ᠎ᠪᠠᠷ ᠨᠡᠢ᠌ᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠢ᠌ᠭᠡᠮᠯᠢᠭ᠂ ᠠᠷᠠᠳ᠎ᠠᠴᠠ ᠡᠷᠬᠢᠯᠡᠭᠰᠡᠨ ᠠᠵᠤ ᠠᠬᠤᠢ᠌ᠯᠠᠯ᠎ᠤᠨ ᠪᠤᠰᠤ ᠨᠢᠭᠡᠴᠢ ᠵᠢᠨ ᠨᠡᠷ᠎ᠡ᠎ᠪᠠᠷ ᠳᠤᠷ᠎ᠠ᠎ᠪᠠᠷ ᠵᠶ᠋ᠠᠨ ᠠᠵᠢᠯᠯᠠᠭ᠎ᠠ ᠬᠢᠭᠰᠡᠨ᠃
   (ᠬᠣᠶᠠᠷ) ᠨᠡᠢ᠌ᠭᠡᠮ᠎ᠤᠨ ᠪᠦᠯᠬᠦᠮ᠎ᠤᠨ ᠪᠡᠯᠡᠳᠬᠡᠯ ᠠᠵᠢᠯ᠎ᠤᠨ ᠬᠤᠭᠤᠴᠠᠭ᠋ᠠᠨ᠎ᠳᠤ ᠪᠡᠯᠡᠳᠬᠡᠯ ᠠᠵᠢᠯ᠎ᠠᠴᠠ ᠭᠠᠳᠠᠨᠠᠬᠢ ᠠᠵᠢᠯᠯᠠᠭ᠎ᠠ ᠵᠢ ᠥᠷᠨᠢᠭᠦᠯᠬᠦ᠃
   (ᠭᠤᠷᠪᠠ) ᠳᠠᠩᠰᠠᠯᠠᠯᠲᠠ ᠵᠢ᠎ᠨᠢ᠎ᠪᠠᠨ ᠬᠦᠴᠦᠨ ᠦᠭᠡᠢ  ᠪᠤᠯᠭ᠋ᠠᠬᠰᠠᠨ ᠂ ᠳᠠᠩᠰᠠᠯᠠᠯᠲᠠ ᠵᠢᠨ ᠦᠨᠡᠮᠯᠡᠯ ᠵᠶ᠋ᠡᠨ ᠬᠤᠷᠢᠶᠠᠯᠭ᠋ᠠᠵᠤ ᠬᠦᠴᠦᠨ ᠦᠭᠡᠢ  ᠪᠤᠯᠤᠬᠰᠠᠨ᠎ᠤ ᠲᠠᠷᠠᠭ᠎ᠠ ᠨᠡᠢ᠌ᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠢ᠌ᠭᠡᠮᠯᠢᠭ᠂ ᠠᠷᠠᠳ᠎ᠠᠴᠠ ᠡᠷᠬᠢᠯᠡᠭᠰᠡᠨ ᠠᠵᠤ ᠠᠬᠤᠢ᠌ᠯᠠᠯ᠎ᠤᠨ ᠪᠤᠰᠤ ᠨᠢᠭᠡᠴᠢ ᠵᠢᠨ ᠨᠡᠷ᠎ᠡ᠎ᠪᠠᠷ ᠦᠷᠭᠦᠯᠵᠢᠯᠡᠨ ᠠᠵᠢᠯᠯᠠᠭ᠎ᠠ ᠬᠢᠬᠦ᠃
    ᠡᠨᠳᠡ ᠶᠠᠷᠢᠵᠤ ᠪᠠᠢ᠌ᠭ᠎ᠠ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠭᠡᠳᠡᠭ᠎ᠲᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ (ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ)᠎ᠠᠴᠠ ᠬᠠᠮᠢᠶᠠᠷᠤᠯᠲᠠ ᠶᠠᠪᠤᠭᠤᠯᠵᠤ᠂ ᠳᠠᠩᠰᠠᠯᠠᠭᠤᠯᠬᠤ ᠨᠥᠬᠥᠴᠡᠯ᠎ᠳᠤ ᠬᠠᠷᠠᠬᠠᠨ ᠬᠦᠷᠦᠭᠡᠳᠦᠢ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠬᠠᠤᠯᠢ ᠶᠣᠰᠣᠭ᠋ᠠᠷ ᠳᠠᠩᠰᠠᠯᠠᠭᠤᠯᠬᠤ ᠴᠢᠬᠤᠯᠠ ᠦᠭᠡᠢ ᠪᠤᠰᠤᠳ ᠵᠣᠬᠢᠶᠠᠨ ᠪᠠᠢ᠌ᠭᠤᠯᠤᠯᠲᠠ ᠪᠠᠭᠲᠠᠬᠤ ᠦᠭᠡᠢ᠃
   ᠳᠥᠷᠪᠡᠳᠦᠭᠡᠷ ᠵᠦᠢ᠍ᠯ᠄ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ  ᠬᠦᠴᠤᠨ ᠦᠬᠡᠢ ᠪᠤᠯᠭ᠋ᠠᠬᠤ ᠶᠠᠪᠤᠳᠠᠯ᠎ᠢ ᠬᠠᠤᠯᠢ ᠵᠢ ᠵᠥᠷᠢᠴᠡᠭᠰᠡᠨ ᠠᠵᠢᠯᠯᠠᠭ᠎ᠠ ᠭᠠᠷᠤᠭᠰᠠᠨ ᠭᠠᠵᠠᠷ᠎ᠤᠨ  ᠬᠤᠰᠢᠭᠤ ᠰᠢᠶᠠᠨ᠎ᠤ ᠱᠠᠲᠤᠨ᠎ᠤ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠬᠠᠷᠢᠭᠤᠴᠠᠨ᠎ᠠ᠃
   ᠬᠠᠤᠯᠢ ᠵᠢ ᠵᠥᠷᠢᠴᠡᠭᠰᠡᠨ ᠠᠵᠢᠯᠯᠠᠭ᠎ᠠ ᠡᠭᠦᠰᠦᠭᠰᠡᠨ ᠭᠠᠵᠠᠷ᠎ᠨᠢ ᠬᠣᠶᠠᠷ᠎ᠠᠴᠠ ᠳᠡᠭᠡᠭᠰᠢ ᠬᠤᠰᠢᠭᠤ ᠰᠢᠶᠠᠨ᠎ᠤ ᠱᠠᠲᠤᠨ᠎ᠤ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ᠎ᠳᠤ ᠬᠣᠯᠪᠣᠭᠳᠠᠭᠰᠠᠨ ᠪᠤᠯ ᠬᠠᠮᠲᠤ ᠵᠢᠨ ᠳᠡᠭᠡᠷ᠎ᠡ ᠨᠢᠭᠡ ᠱᠠᠲᠤᠨ᠎ᠤ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ᠎ᠨᠢ ᠬᠠᠷᠢᠭᠤᠴᠠᠨ ᠬᠦᠴᠦᠨ ᠦᠭᠡᠢ ᠪᠣᠯᠭ᠋ᠠᠨ᠎ᠠ᠂ ᠡᠰᠡᠬᠦᠯ᠎ᠡ ᠡᠨᠡ ᠬᠦ᠌ ᠲᠡᠬᠡᠷ᠎ᠡ ᠨᠢᠬᠡ ᠱᠠᠳᠤᠨ᠎ᠤ ᠲᠠᠡᠭᠰᠠᠯᠠᠨ ᠬᠠᠮᠢᠶᠠᠷᠬᠤ ᠪᠠᠢ᠌ᠭᠤᠯᠭ᠎ᠠ᠎ᠨᠢ ᠬᠣᠯᠪᠣᠭᠳᠠᠯ ᠪᠦᠬᠦᠢ ᠳᠣᠣᠷᠠᠳᠤ ᠱᠠᠲᠤᠨ᠎ᠤ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠵᠢ ᠵᠢᠭ᠋ᠠᠨ ᠲᠣᠭᠲᠠᠭ᠋ᠠᠵᠤ ᠬᠦᠴᠦᠨ ᠦᠭᠡᠢ ᠪᠣᠯᠭ᠋ᠠᠨ᠎ᠠ᠃
   ᠮᠤᠵᠢ  (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠠᠯᠤᠰᠯᠠᠨ ᠠᠵᠢᠯᠯᠠᠭ᠎ᠠ ᠬᠢᠵᠦ ᠪᠠᠢ᠌ᠭ᠎ᠠ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠲᠤᠢ᠌ᠷᠦ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠬᠠᠷᠢᠭᠤᠴᠠᠨ ᠬᠦᠴᠤᠨ ᠦᠬᠡᠢ ᠪᠤᠯᠭ᠋ᠠᠬᠤ ᠪᠤᠶᠤ ᠬᠣᠯᠪᠣᠭᠳᠠᠯ ᠪᠦᠬᠦᠢ ᠲᠡᠡᠭᠰᠡᠯᠡᠠ ᠬᠠᠮᠢᠶᠠᠷᠬᠤ ᠪᠠᠢ᠌ᠭᠤᠯᠭ᠎ᠠ ᠵᠢ ᠵᠢᠭ᠋ᠠᠨ ᠲᠣᠭᠲᠠᠭ᠋ᠠᠵᠤ ᠬᠦᠴᠤᠨ ᠦᠬᠡᠢ ᠪᠤᠯᠭ᠋ᠠᠨ᠎ᠠ᠃
   ᠲᠠᠪᠤᠳᠤᠭ᠋ᠠᠷ ᠵᠦᠢ᠍ᠯ᠄ ᠲᠡᠬᠡᠳᠤ ᠱᠠᠲᠤᠨ᠎ᠤ ᠳᠠᠨᠭ᠌ᠰᠠᠯᠠᠨ ᠬᠠᠮᠢᠶᠠᠷᠬᠤ ᠪᠠᠢ᠌ᠭᠤᠯᠭ᠎ᠠ᠎ᠨᠢ ᠦᠨᠡᠬᠡᠷ ᠴᠢᠬᠤᠯᠠᠲᠠᠢ ᠭᠡᠵᠦ ᠦᠵᠡᠪᠡᠯ  ᠳᠣᠣᠷᠠᠳᠤ ᠱᠠᠲᠤᠨ᠎ᠤ ᠳᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠵᠢᠨ ᠬᠠᠮᠢᠶᠠᠷᠴᠤ ᠪᠠᠢ᠌ᠭ᠎ᠠ ᠬᠡᠷᠡᠭ᠎ᠢ ᠰᠢᠭᠤᠳ ᠰᠢᠢ᠍ᠳᠪᠦᠷᠢᠯᠡᠵᠦ ᠪᠣᠯᠣᠨ᠎ᠠ᠂ ᠳᠣᠣᠷᠠᠳᠤ ᠱᠠᠲᠤᠨ᠎ᠤ ᠳᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠵᠢᠨ ᠬᠠᠮᠢᠶᠠᠷᠴᠤ ᠪᠠᠢ᠌ᠭ᠎ᠠ ᠬᠡᠷᠡᠭ᠎ᠢ ᠳᠣᠣᠷᠠᠳᠤ ᠱᠠᠲᠤᠨ᠎ᠤ ᠳᠠᠨᠭ᠌ᠰᠠᠯᠠᠨ ᠬᠠᠮᠢᠶᠠᠷᠬᠤ ᠪᠤᠰᠤᠳ ᠪᠠᠢ᠌ᠭᠤᠯᠭ᠎ᠠ᠎ᠪᠠᠷ ᠰᠢᠢ᠍ᠳᠪᠦᠷᠢᠯᠡᠭᠦᠯᠬᠦ᠎ᠪᠠᠷ ᠵᠢᠭ᠋ᠠᠨ ᠲᠣᠭᠲᠠᠭ᠋ᠠᠭᠰᠠᠨ ᠴᠤ᠌ ᠪᠣᠯᠣᠨ᠎ᠠ᠃
   ᠵᠢᠷᠭᠤᠳᠤᠭ᠋ᠠᠷ ᠵᠦᠢ᠍ᠯ᠄ ᠵᠥᠪᠰᠢᠶᠡᠷᠡᠯ᠎ᠤᠨ ᠦᠨᠡᠮᠯᠡᠯ ᠪᠤᠶᠤ ᠵᠥᠪᠰᠢᠶᠡᠷᠡᠯ᠎ᠤᠨ ᠪᠤᠰᠤᠳ ᠪᠢᠴᠢᠭ ᠮᠠᠲ᠋ᠧᠷᠢᠶᠠᠯ᠎ᠢ ᠣᠯᠬᠤ ᠶᠣᠰᠣᠲᠠᠢ ᠪᠠᠢ᠌ᠲᠠᠯ᠎ᠠ ᠬᠠᠤᠯᠢ ᠶᠣᠰᠣᠭ᠋ᠠᠷ ᠣᠯᠣᠭᠰᠠᠨ ᠦᠭᠡᠢ᠎ᠪᠠᠷ ᠳᠤᠷ᠎ᠠ᠎ᠪᠠᠷ ᠵᠶ᠋ᠠᠨ ᠠᠵᠢᠯᠯᠠᠭ᠎ᠠ ᠥᠷᠨᠢᠭᠦᠯᠵᠦ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠪᠠᠢ᠌ᠴᠠᠭ᠋ᠠᠨ ᠰᠢᠢ᠍ᠳᠪᠦᠷᠢᠯᠡᠭᠰᠡᠨ ᠪᠤᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠢᠢ᠍ᠳᠪᠦᠷᠢᠯᠡᠨ᠎ᠡ᠂ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠵᠢᠨ ᠬᠠᠷᠢᠶᠠᠯᠠᠯ᠎ᠳᠤ ᠲᠣᠭ᠋ᠠᠴᠠᠭᠳᠠᠬᠤ ᠦᠭᠡᠢ᠃
   ᠳᠣᠯᠣᠳᠤᠭ᠋ᠠᠷ ᠵᠦᠢ᠍ᠯ᠄ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠶᠠᠮᠠᠷᠪᠠ ᠨᠢᠭᠡᠴᠢ ᠪᠤᠶᠤ ᠬᠤᠪᠢ ᠬᠥᠮᠥᠨ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ᠎ᠳᠤ᠎ᠨᠢ ᠢᠯᠡᠴᠢᠯᠡᠬᠦ ᠡᠷᠬᠡ᠎ᠲᠠᠢ᠃ ᠳᠠᠩᠰᠠᠯᠠᠨ ᠬᠠᠮᠢᠶᠠᠷᠬᠤ ᠪᠠᠢ᠌ᠭᠤᠯᠭ᠎ᠠ ᠢᠯᠡᠴᠢᠯᠡᠯᠳᠡ ᠵᠢ ᠬᠦᠯᠢᠶᠡᠨ ᠠᠪᠴᠤ ᠰᠢᠢ᠍ᠳᠪᠦᠷᠢᠯᠡᠬᠦ ᠤᠳᠠᠰᠤ᠂ ᠵᠠᠬᠢᠳᠠᠯ᠎ᠤᠨ ᠬᠠᠢ᠌ᠷᠴᠠᠭ ᠪᠤᠶᠤ ᠢᠮᠸᠯ ᠵᠶ᠋ᠠᠨ ᠢᠯᠡᠵᠢᠬᠦᠯᠬᠦ ᠬᠡᠷᠡᠭᠲᠡᠢ᠃
    ᠨᠠᠢ᠍ᠮᠠᠳᠤᠭ᠋ᠠᠷ ᠵᠦᠢ᠍ᠯ᠄ ᠳᠣᠣᠷᠠᠬᠢ ᠨᠥᠬᠥᠴᠡᠯ᠎ᠳᠤ ᠵᠡᠷᠭᠡ᠎ᠪᠠᠷ ᠨᠡᠢ᠌ᠴᠡᠪᠡᠯ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠬᠡᠷᠡᠭ ᠪᠣᠯᠭ᠋ᠠᠨ ᠳᠠᠩᠰᠠᠯᠠᠬᠤ ᠬᠡᠷᠡᠭᠲᠡᠢ᠄
    (ᠨᠢᠭᠡ) ᠲᠤᠰ ᠠᠷᠭ᠎ᠠ ᠵᠢᠨ ᠭᠤᠷᠪᠠᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠲᠤ ᠲᠣᠭᠲᠠᠭ᠋ᠠᠭᠰᠠᠨ ᠪᠠᠢ᠌ᠳᠠᠯ ᠣᠷᠣᠰᠢᠵᠤ ᠪᠠᠢ᠌ᠬᠤ ᠰᠡᠵᠢᠭᠯᠡᠯᠲᠡᠢ᠃
   (ᠬᠣᠶᠠᠷ) ᠲᠤᠰ ᠪᠠᠢ᠌ᠭᠤᠯᠭ᠎ᠠ ᠵᠢᠨ ᠬᠠᠷᠢᠶᠠᠨ᠎ᠳᠤ ᠬᠠᠷᠢᠶᠠᠯᠠᠭᠳᠠᠬᠤ᠃
    ᠬᠡᠷᠡᠭ ᠪᠣᠯᠭ᠋ᠠᠨ ᠳᠠᠩᠰᠠᠯᠠᠬᠤ᠎ᠳᠤ ᠬᠡᠷᠡᠭ ᠪᠣᠯᠭ᠋ᠠᠨ ᠳᠠᠩᠰᠠᠯᠠᠬᠤ ᠵᠢ ᠬᠢᠨᠠᠨ ᠵᠥᠪᠰᠢᠶᠡᠷᠡᠬᠦ ᠬᠦᠰᠦᠨᠦᠭᠲᠦ ᠵᠢ ᠲᠠᠭᠯᠠᠵᠤ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ ᠵᠶ᠋ᠠᠷ ᠬᠢᠨᠠᠨ ᠵᠥᠪᠰᠢᠶᠡᠷᠡᠭᠦᠯᠬᠦ ᠬᠡᠷᠡᠭᠲᠡᠢ᠃
   ᠶᠢᠰᠦᠳᠦᠭᠡᠷ ᠵᠦᠢ᠍ᠯ᠄  ᠬᠦᠴᠤᠨ ᠦᠬᠡᠢ ᠪᠤᠯᠭ᠋ᠠᠬᠤ ᠵᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠬᠡᠮ᠎ᠲᠠᠢ ᠬᠠᠤᠯᠢ ᠬᠡᠷᠡᠭᠵᠢᠭᠦᠯᠦᠭᠴᠢ ᠬᠡᠷᠡᠭᠵᠢᠭᠦᠯᠬᠦ ᠬᠡᠷᠡᠭᠲᠡᠢ᠂  ᠬᠠᠤᠯᠢ ᠬᠡᠷᠡᠭᠵᠢᠭᠦᠯᠦᠭᠴᠢ᠎ᠨᠢ ᠬᠣᠶᠠᠷ ᠬᠥᠮᠥᠨ᠎ᠠᠴᠠ ᠳᠤᠲᠠᠭᠤ ᠪᠠᠢ᠌ᠵᠤ ᠪᠣᠯᠬᠤ ᠦᠭᠡᠢ᠃
   ᠬᠠᠤᠯᠢ ᠬᠡᠷᠡᠭᠵᠢᠭᠦᠯᠬᠦ ᠠᠵᠢᠯᠲᠠᠨ ᠪᠠᠢ᠌ᠴᠠᠭ᠋ᠠᠯᠲᠠ ᠬᠢᠬᠦ᠎ᠳᠤ᠎ᠪᠠᠨ ᠲᠤᠬᠠᠢ ᠵᠢᠨ ᠬᠥᠮᠥᠨ ᠪᠤᠶᠤ ᠬᠣᠯᠪᠣᠭᠳᠠᠯ ᠪᠦᠬᠦᠢ ᠬᠥᠮᠥᠰ᠎ᠲᠤ ᠬᠠᠤᠯᠢ ᠬᠡᠷᠡᠭᠵᠢᠭᠦᠯᠬᠦ ᠦᠨᠡᠮᠯᠡᠯ ᠵᠶ᠋ᠡᠨ ᠰᠠᠨᠠᠭ᠋ᠠᠴᠢᠯᠠᠭ᠎ᠠ᠎ᠠᠴᠠ᠎ᠪᠠᠨ ᠭᠠᠷᠭ᠋ᠠᠵᠤ ᠦᠵᠡᠭᠦᠯᠬᠦ ᠬᠡᠷᠡᠭᠲᠡᠢ᠃
   ᠲᠤᠬᠠᠢ ᠵᠢᠨ ᠬᠥᠮᠥᠨ ᠪᠤᠶᠤ ᠬᠣᠯᠪᠣᠭᠳᠠᠯ ᠪᠦᠬᠦᠢ ᠬᠥᠮᠥᠰ ᠬᠠᠤᠯᠢ ᠬᠡᠷᠡᠭᠵᠢᠭᠦᠯᠬᠦ ᠠᠵᠢᠯᠲᠠᠨ᠎ᠤ ᠪᠠᠢ᠌ᠴᠠᠭ᠋ᠠᠯᠲᠠ᠎ᠳᠤ ᠬᠠᠮᠵᠢᠯᠴᠠᠬᠤ ᠬᠡᠷᠡᠭᠲᠡᠢ᠂ ᠪᠠᠢ᠌ᠳᠠᠯ᠎ᠢ ᠲᠡᠪᠴᠢᠬᠦ᠂ ᠬᠠᠷᠰᠢᠯᠠᠬᠤ᠂ ᠨᠢᠭᠤᠬᠤ ᠪᠤᠶᠤ ᠬᠤᠳᠠᠯ ᠬᠠᠭᠤᠷᠮᠠᠭ ᠪᠠᠢ᠌ᠳᠠᠯ᠎ᠢ ᠬᠠᠩᠭ᠋ᠠᠵᠤ ᠪᠣᠯᠬᠤ ᠦᠭᠡᠢ᠃
   ᠠᠷᠪᠠᠳᠤᠭ᠋ᠠᠷ ᠵᠦᠢ᠍ᠯ᠄ ᠲᠠᠡᠭᠰᠠᠯᠠᠨ ᠬᠠᠮᠢᠶᠠᠷᠬᠤ ᠪᠠᠢ᠌ᠭᠤᠯᠭ᠎ᠠ ᠬᠡᠷᠡᠭ᠎ᠢ ᠪᠠᠢ᠌ᠴᠠᠭ᠋ᠠᠬᠤ᠎ᠳᠤ᠎ᠪᠠᠨ ᠲᠠᠷᠠᠭ᠋ᠠᠬᠢ ᠠᠷᠭ᠎ᠠ᠎ᠢ ᠠᠪᠴᠤ ᠪᠣᠯᠣᠨ᠎ᠠ᠄
    (ᠨᠢᠭᠡ) ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠎ᠠ ᠥᠷᠨᠢᠭᠦᠯᠦᠭᠰᠡᠨ ᠰᠡᠵᠢᠭᠯᠡᠯᠲᠡᠢ ᠨᠢᠬᠡᠴᠢ ᠪᠠ ᠬᠤᠪᠢ ᠬᠥᠮᠥᠨ᠎ᠲᠠᠢ ᠪᠣᠯᠵᠣᠨ ᠶᠠᠷᠢᠯᠴᠠᠵᠤ ᠬᠣᠯᠪᠣᠭᠳᠠᠯ ᠪᠦᠬᠦᠢ ᠭᠡᠷᠡᠴᠢᠯᠡᠭᠴᠢ᠎ᠠᠴᠠ ᠪᠠᠢ᠌ᠳᠠᠯ᠎ᠢ ᠣᠢ᠌ᠯᠠᠭ᠋ᠠᠨ᠎ᠠ᠃
    (ᠬᠣᠶᠠᠷ) ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠎ᠠ ᠥᠷᠨᠢᠭᠦᠯᠦᠭᠰᠡᠨ ᠰᠡᠵᠢᠭᠯᠡᠯᠲᠡᠢ ᠲᠠᠯᠠᠪᠤᠷ᠎ᠲᠤ ᠣᠷᠣᠵᠤ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠬᠦ᠃
   (ᠭᠤᠷᠪᠠ) ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠎ᠠ᠎ᠳᠤ ᠬᠣᠯᠪᠣᠭᠳᠠᠭᠰᠠᠨ ᠬᠣᠯᠪᠣᠭᠳᠠᠯ ᠪᠦᠬᠦᠢ ᠭᠡᠷ᠎ᠡ᠂ ᠪᠠᠷᠢᠮᠲᠠ᠂ ᠲᠠᠨᠭ᠌ᠰᠠ ᠬᠠᠷ᠎ᠠ᠂ ᠬᠤᠷᠠᠯ᠎ᠤᠨ ᠲᠡᠮᠳᠡᠭᠯᠡᠯ᠂ ᠪᠢᠴᠢᠭ ᠮᠠᠲ᠋ᠧᠷᠢᠶᠠᠯ᠂ ᠤᠬᠠᠭᠤᠯᠭ᠎ᠠ ᠵᠢᠨ ᠮᠠᠲ᠋ᠧᠷᠢᠶᠠᠯ᠂ ᠲᠠᠮᠠᠭ᠎ᠠ  ᠵᠢ᠎ᠨᠢ ᠪᠠᠢ᠌ᠴᠠᠭ᠋ᠠᠵᠤ ᠪᠠᠭᠤᠯᠭ᠋ᠠᠨ ᠠᠪᠬᠤ᠃
   (ᠲᠦᠷᠪᠡ) ᠬᠡᠷᠡᠭ᠎ᠲᠤ ᠬᠣᠯᠪᠣᠭᠳᠠᠬᠤ ᠪᠠᠢ᠌ᠳᠠᠯ ᠪᠠ ᠮᠠᠲ᠋ᠧᠷᠢᠶᠠᠯ᠎ᠢ ᠬᠡᠷᠡᠭᠴᠡᠭᠡ᠎ᠪᠠᠨ ᠦᠨᠳᠦᠰᠦᠯᠡᠨ ᠲᠡᠭᠤ ᠰᠢᠩᠭᠡᠭᠡᠬᠦ᠂ ᠳᠦᠷᠰᠦ ᠰᠢᠩᠭᠡᠭᠡᠬᠦ᠂ ᠭᠡᠷᠡᠯ ᠵᠢᠷᠤᠭ ᠠᠪᠬᠤ ᠪᠠ ᠡᠯᠧᠺᠲᠷᠣᠨ ᠲᠣᠭ᠎ᠠ ᠪᠠᠷᠢᠮᠲᠠ ᠵᠢ ᠲᠣᠭᠲᠠᠪᠤᠷᠢᠵᠢᠭᠤᠯᠬᠤ᠃
   ᠠᠷᠪᠠᠨ ᠨᠢᠭᠡᠳᠦᠭᠡᠷ ᠵᠦᠢ᠍ᠯ᠄ ᠲᠠᠡᠭᠰᠠᠯᠠᠨ ᠬᠠᠮᠢᠶᠠᠷᠬᠤ ᠪᠠᠢ᠌ᠭᠤᠯᠭ᠎ᠠ᠎ᠨᠢ ᠭᠡᠷᠡᠴᠢ ᠪᠠᠷᠢᠮᠲᠠ ᠠᠯᠠᠭ᠎ᠠ ᠪᠤᠯᠵᠤ ᠮᠡᠳᠡᠬᠦ ᠪᠤᠶᠤ ᠬᠣᠵᠢᠮ ᠣᠯᠬᠤ᠎ᠳᠤ ᠪᠡᠷᠬᠡᠳᠡᠬᠦ ᠪᠠᠢ᠌ᠳᠠᠯ᠎ᠳᠤ ᠳᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ  ᠤᠷᠢᠳ ᠵᠶ᠋ᠡᠷ ᠳᠠᠨᠭ᠌ᠰᠠᠯᠠᠨ ᠬᠠᠳᠠᠭ᠋ᠠᠯᠠᠵᠤ ᠪᠣᠯᠬᠤ ᠪᠥᠭᠡᠳ ᠳᠤᠯᠤᠭ᠋ᠠᠨ  ᠬᠤᠨᠤᠭ᠎ᠲᠤ ᠰᠢᠢ᠍ᠳᠪᠦᠷᠢᠯᠡᠬᠦ ᠲᠣᠭᠲᠠᠭ᠋ᠠᠯ᠎ᠢ ᠴᠠᠭ ᠲᠤᠬᠠᠢ ᠎ᠳᠤ᠎ᠨᠢ ᠭᠠᠷᠭ᠋ᠠᠬᠤ ᠬᠡᠷᠡᠭᠲᠡᠢ᠂ ᠡᠨᠡ ᠬᠤᠭᠤᠴᠠᠭ᠋ᠠᠨ᠎ᠳᠤ ᠲᠤᠬᠠᠢ ᠵᠢᠨ ᠬᠥᠮᠥᠨ ᠪᠤᠶᠤ ᠬᠣᠯᠪᠣᠭᠳᠠᠯ ᠪᠦᠬᠦᠢ ᠬᠥᠮᠥᠨ ᠭᠡᠷᠡᠴᠢ ᠪᠠᠷᠢᠮᠲᠠ ᠵᠢ ᠤᠰᠠᠳᠬᠠᠬᠤ ᠪᠤᠶᠤ ᠰᠢᠯᠵᠢᠭᠦᠯᠵᠦ ᠪᠣᠯᠬᠤ ᠦᠭᠡᠢ᠃
    ᠠᠷᠪᠠᠨ ᠬᠣᠶᠠᠳᠤᠭ᠋ᠠᠷ ᠵᠦᠢ᠍ᠯ᠄ ᠪᠠᠢ᠌ᠴᠠᠭ᠋ᠠᠯᠲᠠ ᠬᠢᠬᠦ ᠶᠠᠪᠤᠴᠠ᠎ᠳᠤ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠵᠢᠨ ᠬᠥᠮᠥᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠵᠤ ᠲᠤᠬᠠᠢ ᠵᠢᠨ ᠬᠥᠮᠥᠨ᠎ᠤ ᠳᠤᠷᠠᠳᠤᠭᠰᠠᠨ ᠰᠠᠨᠠᠯ᠎ᠢ ᠰᠣᠨᠣᠰᠬᠤ ᠬᠡᠷᠡᠭᠲᠡᠢ᠃
    ᠠᠷᠪᠠᠨ ᠭᠤᠷᠪᠠᠳᠤᠭ᠋ᠠᠷ ᠵᠦᠢ᠍ᠯ᠄ ᠬᠡᠷᠡᠭ᠎ᠢ ᠪᠠᠢ᠌ᠴᠠᠭ᠋ᠠᠵᠤ ᠳᠠᠭᠤᠰᠬᠠᠪᠠᠯ ᠬᠠᠤᠯᠢ ᠬᠡᠷᠡᠭᠵᠢᠭᠦᠯᠬᠦ ᠠᠵᠢᠯᠲᠠᠨ ᠬᠡᠷᠡᠭ᠎ᠢ ᠪᠠᠢ᠌ᠴᠠᠭ᠋ᠠᠵᠤ ᠳᠠᠭᠤᠰᠬᠠᠭᠰᠠᠨ ᠮᠡᠳᠡᠭᠦᠯᠦᠯᠲᠡ ᠵᠣᠬᠢᠶᠠᠬᠤ ᠬᠡᠷᠡᠭᠲᠡᠢ᠃
  ᠬᠡᠷᠡᠭ᠎ᠢ ᠪᠠᠢ᠌ᠴᠠᠭ᠋ᠠᠵᠤ ᠳᠠᠭᠤᠰᠬᠠᠭᠰᠠᠨ ᠮᠡᠳᠡᠭᠦᠯᠦᠯᠲᠡ ᠵᠢᠨ ᠠᠭᠤᠯᠭ᠎ᠠ᠎ᠳᠤ᠄ ᠪᠠᠢ᠌ᠴᠠᠭ᠋ᠠᠭᠳᠠᠵᠤ ᠪᠠᠢ᠌ᠭ᠎ᠠ ᠵᠣᠬᠢᠶᠠᠨ ᠪᠠᠢ᠌ᠭᠤᠯᠤᠯᠲᠠ ᠵᠢᠨ ᠦᠨᠳᠦᠰᠦᠨ ᠪᠠᠢ᠌ᠳᠠᠯ᠂ ᠪᠠᠢ᠌ᠴᠠᠭ᠋ᠠᠭᠰᠠᠨ ᠶᠠᠪᠤᠴᠠ᠂ ᠬᠡᠷᠡᠭ᠎ᠤᠨ ᠪᠣᠳᠠᠲᠤ ᠶᠠᠪᠤᠳᠠᠯ᠂ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ᠂ ᠰᠢᠢ᠍ᠳᠪᠦᠷᠢᠯᠡᠭᠰᠡᠨ ᠰᠠᠨᠠᠭᠤᠯᠭ᠎ᠠ ᠵᠡᠷᠭᠡ ᠪᠠᠭᠲᠠᠨ᠎ᠠ᠃
   ᠠᠷᠪᠠᠨ ᠳᠥᠷᠪᠡᠳᠦᠭᠡᠷ ᠵᠦᠢ᠍ᠯ᠄ ᠦᠢ᠍ᠯᠡ ᠪᠠᠢ᠌ᠳᠠᠯ᠎ᠨᠢ ᠪᠤᠳᠤᠯᠢᠶᠠᠨᠲᠠᠢ ᠪᠤᠶᠤ ᠬᠠᠤᠯᠢ ᠵᠢ ᠬᠦᠨᠳᠦ ᠨᠣᠴᠢᠲᠠᠢ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠲᠣᠭᠲᠠᠭ᠋ᠠᠯ ᠭᠠᠷᠭ᠋ᠠᠬᠤ᠎ᠪᠠᠷ ᠪᠠᠢ᠌ᠭ᠎ᠠ ᠪᠤᠯ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠵᠢᠨ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠬᠢᠵᠦ ᠪᠠᠢ᠌ᠭ᠎ᠠ ᠠᠵᠢᠯᠲᠠᠨ ᠵᠶ᠋ᠠᠷ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠬᠢᠯᠭᠡᠬᠦ ᠬᠡᠷᠡᠭᠲᠡᠢ᠃ ᠬᠠᠤᠯᠢ ᠲᠤᠢ᠌ᠷᠢᠮ᠎ᠤᠨ ᠬᠢᠨᠠᠨ ᠪᠠᠢ᠌ᠴᠠᠭ᠋ᠠᠯᠲᠠ ᠬᠢᠭᠰᠡᠨ ᠦᠬᠡᠢ ᠪᠤᠶᠤ ᠬᠢᠨᠠᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠦᠬᠡᠢ ᠪᠤᠯ ᠬᠦᠴᠤᠨ ᠦᠬᠡᠢ ᠪᠤᠯᠭ᠋ᠠᠬᠤ ᠲᠣᠭᠲᠠᠭ᠋ᠠᠯ ᠭᠠᠷᠭ᠋ᠠᠵᠤ ᠪᠣᠯᠬᠤ ᠦᠬᠡᠢ᠃
    ᠠᠷᠪᠠᠨ ᠲᠠᠪᠤᠳᠤᠭ᠋ᠠᠷ ᠵᠦᠢ᠍ᠯ᠄ ᠪᠠᠢ᠌ᠴᠠᠭ᠋ᠠᠯᠲᠠ᠎ᠪᠠᠷ ᠲᠠᠮᠵᠢᠨ ᠮᠠᠭ᠋ᠠᠳᠯᠠᠨ ᠲᠣᠭᠲᠠᠭ᠋ᠠᠭᠰᠠᠨ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ᠎ᠨᠢ ᠬᠠᠤᠯᠢ ᠶᠣᠰᠣᠭ᠋ᠠᠷ ᠴᠠᠭ᠋ᠠᠵᠠᠯᠠᠬᠤ ᠲᠣᠭᠲᠠᠭ᠋ᠠᠯ ᠭᠠᠷᠭ᠋ᠠᠵᠤ ᠲᠤᠰ ᠵᠣᠬᠢᠶᠠᠨ ᠪᠠᠢ᠌ᠭᠤᠯᠤᠯᠲᠠ ᠵᠢ ᠬᠠᠤᠯᠢ ᠪᠤᠰᠤ ᠭᠡᠵᠦ ᠵᠠᠷᠯᠠᠵᠤ᠂ ᠲᠠᠮᠠᠭ᠎ᠠ᠂ ᠲᠡᠮᠳᠡᠭ᠂ ᠮᠠᠲ᠋ᠧᠷᠢᠶᠠᠯ᠂ ᠡᠳ᠋᠎ᠤᠨ ᠶᠠᠪᠤᠳᠠᠯ᠎ᠤᠨ ᠭᠡᠷᠡᠴᠢ ᠪᠠᠷᠢᠮᠲᠠ ᠵᠡᠷᠭᠡ ᠵᠢ᠎ᠨᠢ ᠬᠣᠷᠢᠶᠠᠨ ᠠᠪᠬᠤ ᠬᠡᠷᠡᠭᠲᠡᠢ᠃
    ᠠᠷᠪᠠᠨ ᠵᠢᠷᠭᠤᠳᠤᠭ᠋ᠠᠷ ᠵᠦᠢ᠍ᠯ᠄ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠦᠨ ᠦᠭᠡᠢ ᠪᠣᠯᠭ᠋ᠠᠬᠤ᠎ᠪᠠᠷ  ᠲᠤᠬᠳᠠᠪᠠᠯ ᠬᠦᠴᠦᠨ ᠦᠭᠡᠢ ᠪᠣᠯᠭ᠋ᠠᠬᠤ ᠲᠣᠭᠲᠠᠭ᠋ᠠᠯ᠎ᠤᠨ ᠪᠢᠴᠢᠭ ᠵᠣᠬᠢᠶᠠᠬᠤ ᠬᠡᠷᠡᠭᠲᠡᠢ᠃  ᠬᠦᠴᠤᠨ ᠦᠬᠡᠢ ᠪᠤᠯᠭ᠋ᠠᠬᠤ ᠲᠣᠭᠲᠠᠭ᠋ᠠᠯ᠎ᠤᠨ ᠪᠢᠴᠢᠭ᠎ᠲᠤ ᠲᠠᠷᠠᠭ᠋ᠠᠬᠢ ᠵᠦᠢ᠍ᠯᠡᠰ᠎ᠢ ᠲᠣᠳᠣᠷᠬᠠᠢ ᠪᠢᠴᠢᠭᠰᠡᠨ ᠪᠠᠢ᠌ᠬᠤ ᠬᠡᠷᠡᠭᠲᠡᠢ᠄
     (ᠨᠢᠭᠡ) ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠡᠷᠡᠢ᠌ᠳᠦᠯ᠃
   (ᠬᠣᠶᠠᠷ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠵᠥᠷᠢᠴᠡᠭᠰᠡᠨ ᠪᠣᠳᠠᠲᠤ ᠬᠡᠷᠡᠭ ᠪᠠ ᠦᠨᠳᠦᠰᠦ  ᠪᠠᠷᠢᠮᠲᠠ᠃
   (ᠭᠤᠷᠪᠠ) ᠴᠠᠭ᠋ᠠᠵᠠᠯᠠᠬᠤ ᠲᠣᠭᠲᠠᠭ᠋ᠠᠯ ᠭᠠᠷᠭ᠋ᠠᠭᠰᠠᠨ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠵᠢᠨ ᠨᠡᠷᠡᠢ᠌ᠳᠦᠯ ᠪᠠ ᠲᠣᠭᠲᠠᠭ᠋ᠠᠯ ᠭᠠᠷᠭ᠋ᠠᠭᠰᠠᠨ ᠡᠳᠦᠷ᠃
  ᠬᠦᠴᠦᠨ ᠦᠭᠡᠢ ᠪᠣᠯᠭ᠋ᠠᠬᠤ ᠲᠣᠭᠲᠠᠭ᠋ᠠᠯ᠎ᠤᠨ ᠪᠢᠴᠢᠭ᠎ᠲᠤ ᠬᠦᠴᠦᠨ ᠦᠭᠡᠢ ᠪᠣᠯᠭ᠋ᠠᠬᠤ ᠲᠣᠭᠲᠠᠭ᠋ᠠᠯ ᠭᠠᠷᠭ᠋ᠠᠭᠰᠠᠨ ᠳᠠᠩᠰᠠᠯᠠᠨ ᠬᠠᠮᠢᠶᠠᠷᠬᠤ ᠪᠠᠢ᠌ᠭᠤᠯᠭ᠎ᠠ ᠵᠢᠨ ᠲᠠᠮᠠᠭ᠎ᠠ ᠵᠢ  ᠲᠠᠷᠤᠬᠤ ᠬᠡᠷᠡᠭᠲᠡᠢ᠃
     ᠠᠷᠪᠠᠨ ᠳᠣᠯᠣᠳᠤᠭ᠋ᠠᠷ ᠵᠦᠢ᠍ᠯ᠄ ᠲᠠᠡᠭᠰᠠᠯᠠᠨ ᠬᠠᠮᠢᠶᠠᠷᠬᠤ ᠪᠠᠢ᠌ᠭᠤᠯᠭ᠎ᠠ ᠬᠦᠴᠦᠨ ᠦᠭᠡᠢ ᠪᠣᠯᠭ᠋ᠠᠬᠤ ᠲᠣᠭᠲᠠᠭ᠋ᠠᠯ ᠭᠠᠷᠭ᠋ᠠᠪᠠᠯ ᠠᠯᠪᠠᠨ ᠵᠠᠷ ᠵᠶ᠋ᠠᠷ ᠨᠡᠢ᠌ᠲᠡᠯᠡᠬᠦ ᠬᠡᠷᠡᠭᠲᠡᠢ᠃
   ᠳᠠᠩᠰᠠᠯᠠᠨ ᠬᠠᠮᠢᠶᠠᠷᠬᠤ ᠪᠠᠢ᠌ᠭᠤᠯᠭ᠎ᠠ᠎ᠨᠢ ᠰᠣᠨᠢᠨ᠂ ᠠᠯᠪᠠᠨ᠎ᠤ ᠰᠦᠯᠵᠢᠶ᠎ᠡ ᠵᠡᠷᠭᠡ ᠵᠠᠭᠤᠴᠢ᠎ᠳᠤ ᠠᠯᠪᠠᠨ ᠵᠠᠷ ᠨᠡᠢ᠌ᠲᠡᠯᠡᠵᠦ ᠪᠣᠯᠣᠨ᠎ᠠ᠂ ᠬᠦᠴᠤᠨ ᠦᠬᠡᠢ ᠪᠤᠯᠭ᠋ᠠᠬᠰᠠᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠲᠠᠯᠠᠪᠤᠷ᠎ᠲᠤ ᠠᠯᠪᠠᠨ ᠵᠠᠷ ᠨᠠᠭ᠋ᠠᠭᠰᠠᠨ ᠴᠤ᠌ ᠪᠣᠯᠣᠨ᠎ᠠ᠃
  ᠠᠷᠪᠠᠨ ᠨᠠᠢ᠍ᠮᠠᠳᠤᠭ᠋ᠠᠷ ᠵᠦᠢ᠍ᠯ᠄ ᠦᠢ᠍ᠯᠡ ᠪᠠᠢ᠌ᠳᠠᠯ᠎ᠨᠢ ᠬᠥᠩᠭᠡᠨ᠂ ᠨᠡᠢ᠌ᠭᠡᠮ᠎ᠳᠤ ᠲᠡᠳᠤᠢ ᠬᠣᠣᠷ ᠬᠥᠨᠥᠭᠡᠯ  ᠤᠴᠠᠷᠠᠭᠤᠯᠤᠬᠰᠠᠨ ᠦᠬᠡᠢ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠢᠳᠬᠠᠨ ᠴᠡᠭᠡᠷᠯᠡᠭᠦᠯᠵᠦ᠂ ᠰᠤᠷᠭ᠋ᠠᠨ ᠬᠥᠮᠥᠵᠢᠭᠦᠯᠦᠭᠰᠡᠨ᠎ᠤ ᠲᠠᠷᠠᠭ᠎ᠠ ᠰᠠᠨᠠᠭ᠋ᠠᠴᠢᠯᠠᠭ᠎ᠠ᠎ᠠᠴᠠ᠎ᠪᠠᠨ ᠴᠠᠭ ᠲᠤᠬᠠᠢ᠎ᠳᠤ᠎ᠨᠢ ᠲᠠᠷᠬᠠᠭ᠋ᠠᠭᠰᠠᠨ ᠪᠤᠯ ᠬᠦᠴᠤᠨ ᠦᠬᠡᠢ ᠪᠤᠯᠭ᠋ᠠᠬᠤ ᠲᠣᠭᠲᠠᠭ᠋ᠠᠯ ᠭᠠᠷᠭ᠋ᠠᠬᠤ ᠦᠭᠡᠢ ᠪᠠᠢ᠌ᠵᠤ ᠪᠣᠯᠣᠨ᠎ᠠ᠃
    ᠠᠷᠪᠠ ᠶᠢᠰᠦᠳᠦᠭᠡᠷ ᠵᠦᠢ᠍ᠯ᠄ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠰᠠᠨ᠎ᠤ ᠲᠠᠷᠠᠭ᠎ᠠ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ᠎ᠨᠢ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠂  ᠬᠠᠤᠯᠢ ᠪᠤᠰᠤ ᠵᠣᠭᠣᠰ ᠮᠥᠩᠭᠥ ᠡᠳ᠋ ᠪᠣᠳᠠᠰ᠎ᠢ ᠬᠠᠤᠯᠢ ᠶᠣᠰᠣᠭ᠋ᠠᠷ ᠬᠤᠷᠢᠶᠠᠮᠵᠢᠯᠠᠬᠤ ᠵᠢᠷᠤᠮ᠎ᠢ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠵᠢᠷᠤᠮ᠎ᠤᠨ ᠲᠤᠬᠠᠢ ᠲᠣᠭᠲᠠᠭ᠋ᠠᠯ》 ᠵᠶ᠋ᠠᠷ ᠯᠠᠪᠯᠠᠯᠲᠠ ᠪᠣᠯᠭ᠋ᠠᠵᠤ ᠰᠢᠢ᠍ᠳᠪᠦᠷᠢᠯᠡᠨ᠎ᠡ᠃
   ᠬᠣᠷᠢᠳᠤᠭ᠋ᠠᠷ ᠵᠦᠢ᠍ᠯ᠄ ᠲᠤᠬᠠᠢ ᠵᠢᠨ ᠬᠥᠮᠥᠨ ᠪᠤᠶᠤ ᠪᠤᠰᠤᠳ ᠬᠣᠯᠪᠣᠭᠳᠠᠯ ᠪᠦᠬᠦᠢ ᠬᠥᠮᠥᠰ ᠲᠠᠷᠠᠭ᠋ᠠᠬᠢ ᠦᠢ᠍ᠯᠡ ᠵᠢ ᠦᠢ᠍ᠯᠡᠳᠦᠭᠰᠡᠨ ᠪᠤᠯ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠬᠡᠯ᠎ᠤᠨ ᠬᠠᠤᠯᠢ》 ᠵᠢ ᠦᠨᠳᠦᠰᠦᠯᠡᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠲᠤᠰᠢᠶᠠᠵᠤ ᠰᠢᠢ᠍ᠳᠪᠦᠷᠢᠯᠡᠭᠦᠯᠦᠨ᠎ᠡ᠄
     (ᠨᠢᠭᠡ) ᠭᠡᠷᠡᠴᠢ ᠪᠠᠷᠢᠮᠲᠠ ᠵᠢ ᠬᠠᠭᠤᠷᠮᠠᠭᠯᠠᠨ ᠵᠣᠬᠢᠶᠠᠭᠰᠠᠨ᠂  ᠨᠢᠭᠤᠬᠰᠠᠨ᠂ ᠰᠦᠢ᠍ᠳᠬᠡᠭᠰᠡᠨ ᠪᠤᠶᠤ ᠬᠤᠳᠠᠯ ᠬᠠᠭᠤᠷᠮᠠᠭ ᠭᠡᠷᠡᠴᠢ ᠦᠭᠡ ᠬᠠᠩᠭ᠋ᠠᠭ᠋ᠠᠳ ᠲᠡᠡᠭᠰᠡᠯᠡᠠ ᠬᠠᠮᠢᠶᠠᠷᠬᠤ ᠪᠠᠢ᠌ᠭᠤᠯᠭ᠎ᠠ ᠵᠢᠨ ᠬᠠᠤᠯᠢ ᠶᠣᠰᠣᠭ᠋ᠠᠷ ᠬᠡᠷᠡᠭ ᠰᠢᠢ᠍ᠳᠪᠦᠷᠢᠯᠡᠬᠦ ᠵᠢ ᠨᠥᠯᠥᠭᠡᠯᠡᠭᠰᠡᠨ᠃
  (ᠬᠣᠶᠠᠷ) ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ ᠵᠢᠨ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠢ ᠬᠠᠷᠰᠢᠯᠠᠭᠰᠠᠨ᠃
   (ᠭᠤᠷᠪᠠ) ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠰᠠᠨ᠎ᠤ ᠲᠠᠷᠠᠭ᠎ᠠ ᠮᠥᠨ ᠯᠡ ᠲᠤᠰ ᠵᠣᠬᠢᠶᠠᠨ ᠪᠠᠢ᠌ᠭᠤᠯᠤᠯᠲᠠ ᠵᠢᠨ ᠨᠡᠷ᠎ᠡ᠎ᠪᠠᠷ ᠠᠵᠢᠯᠯᠠᠭ᠎ᠠ ᠬᠢᠭᠰᠡᠨ᠃
   (ᠳᠥᠷᠪᠡ) 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ  ᠰᠢᠢ᠍ᠳᠬᠡᠯ᠎ᠤᠨ ᠬᠠᠤᠯᠢ》 ᠵᠢ ᠵᠥᠷᠢᠴᠡᠭᠰᠡᠨ ᠪᠤᠰᠤᠳ ᠠᠵᠢᠯᠯᠠᠭ᠎ᠠ᠎ᠨᠤᠭᠤᠳ᠃
   ᠬᠣᠷᠢᠨ ᠨᠢᠭᠡᠳᠦᠭᠡᠷ ᠵᠦᠢ᠍ᠯ᠄ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠎ᠠ᠎ᠳᠤ ᠣᠷᠣᠯᠴᠠᠭᠰᠠᠨ ᠪᠤᠶᠤ ᠲᠡᠭᠦᠨ᠎ᠤ ᠠᠵᠢᠯᠯᠠᠭ᠎ᠠ᠎ᠳᠤ ᠲᠦᠬᠦᠮ ᠦᠵᠡᠭᠦᠯᠦᠭᠰᠡᠨ ᠨᠢᠭᠡᠴᠢ ᠪᠠ ᠬᠤᠪᠢ ᠬᠥᠮᠥᠨ᠎ᠢ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠵᠠᠷᠯᠠᠨ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠭᠦᠯᠵᠦ ᠪᠣᠯᠣᠨ᠎ᠠ᠃ ᠶᠠᠯ᠎ᠠ ᠵᠢᠨ ᠬᠡᠮᠵᠢᠶᠡᠨ᠎ᠳᠤ ᠬᠦᠷᠦᠭᠰᠡᠨ ᠪᠤᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   ᠬᠣᠷᠢᠨ ᠬᠣᠶᠠᠳᠤᠭ᠋ᠠᠷ ᠵᠦᠢ᠍ᠯ᠄ ᠲᠠᠡᠭᠰᠠᠯᠠᠨ ᠬᠠᠮᠢᠶᠠᠷᠬᠤ ᠪᠠᠢ᠌ᠭᠤᠯᠭ᠎ᠠ᠎ᠨᠢ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠰᠢᠢ᠍ᠳᠪᠦᠷᠢᠯᠡᠵᠦ ᠳᠠᠭᠤᠰᠤᠭᠰᠠᠨ᠎ᠤ ᠳᠠᠷᠠᠭ᠎ᠠ ᠬᠡᠷᠡᠭ᠎ᠢ ᠳᠠᠭᠤᠰᠬᠠᠬᠤ ᠵᠢᠨ ᠬᠠᠮᠲᠤ ᠳᠠᠨᠭ᠌ᠰᠠ ᠡᠪᠬᠡᠮᠡᠯ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠠᠨᠭ᠌ᠰᠠ ᠡᠪᠬᠡᠮᠡᠯ᠎ᠤᠨ ᠮᠠᠲ᠋ᠧᠷᠢᠶᠠᠯ᠎ᠢ ᠴᠠᠭ ᠲᠤᠬᠠᠢ᠎ᠳᠤ᠎ᠨᠢ ᠳᠠᠨᠭ᠌ᠰᠠᠨ᠎ᠳᠤ ᠣᠷᠣᠭᠤᠯᠤᠨ᠎ᠠ᠃
    ᠬᠣᠷᠢᠨ ᠭᠤᠷᠪᠠᠳᠤᠭ᠋ᠠᠷ ᠵᠦᠢ᠍ᠯ᠄ ᠲᠣᠰ ᠠᠷᠭ᠎ᠠ ᠵᠢ 2025 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠦᠨ᠎ᠡ᠃ 2000 ᠣᠨ᠎ᠤ 4 ᠳ᠋ᠤᠬᠡᠷ ᠰᠠᠷ᠎ᠠ ᠵᠢᠨ 10᠎ᠤ ᠡᠳᠦᠷ ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠲᠡᠯᠡᠭᠰᠡᠨ 《ᠬᠠᠤᠯᠢ ᠪᠤᠰᠤ ᠠᠷᠠᠳ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠲᠦᠷ ᠬᠡᠷᠡᠭᠵᠢᠭᠦᠯᠬᠦ ᠠᠷᠭ᠎ᠠ》 ᠵᠢ ᠳᠠᠭ᠋ᠠᠤ ᠎ᠳᠤ᠎ᠨᠢ ᠬᠦᠴᠦᠨ ᠦᠭᠡᠢ ᠪᠣᠯᠭ᠋ᠠᠨ᠎ᠠ᠃


    

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠲᠤᠬᠠᠢ ᠲᠣᠭᠲᠠᠭ᠋ᠠᠯ
ᠣᠳᠣᠬᠠᠨ᠎ᠳᠤ ᠤᠷᠲᠤ ᠬᠤᠭᠤᠴᠠᠭ᠋ᠠᠨ᠎ᠤ ᠠᠰᠠᠷᠠᠬ᠍ᠴᠢ ᠵᠢ ᠪᠣᠯᠪᠠᠰᠤᠷᠠᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ
ᠬᠤ᠌ ᠴᠦᠨ ᠬᠤᠸᠠ ᠠᠩᠬᠠᠳᠠᠭᠴᠢ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ᠎ᠠᠴᠠ ᠤᠷᠤᠭᠤᠯᠤᠭᠰᠠᠨ ᠦᠵᠡᠰᠬᠦᠯᠡᠩ᠎ᠤᠨ ᠶᠡᠷᠦᠩᠭᠡᠢ᠌ᠯᠡᠭᠰᠡᠨ ᠰᠤᠷᠢᠯᠳᠠ᠎ᠳᠤ ᠤᠷᠤᠯᠴᠠᠪᠠ
ᠯᠢ ᠺᠸ ᠴᠢᠶᠠᠩ᠄ ᠳᠦᠬᠦᠮ ᠪᠦᠳᠦᠴᠡᠳᠤ ᠭᠡᠷ ᠤᠷᠤᠨ᠎ᠢ ᠦᠭᠡᠷᠡᠴᠢᠯᠡᠨ ᠵᠠᠰᠠᠬᠤ᠎ᠳᠤ᠎ᠪᠠᠨ ᠤᠷᠤᠨ ᠰᠠᠭᠤᠴᠠ ᠵᠢᠨ ᠰᠠᠭᠤᠬᠤ᠎ᠳᠤ ᠳᠤᠬᠢᠷᠠᠮᠵᠢᠳᠠᠢ ᠪᠠᠢ᠌ᠬᠤ ᠵᠢ ᠴᠢᠬᠤᠯᠠᠴᠢᠯᠠᠬᠤ ᠭᠡᠷᠡᠭᠳᠡᠢ
ᠯᠢ ᠺᠸ ᠴᠢᠶᠠᠩ ᠠᠩᠭᠤᠯᠠ ᠵᠢᠨ ᠶᠡᠷᠦᠩᠭᠡᠢ᠌ᠯᠡᠭᠴᠢ ᠯᠦᠸᠸᠯᠦᠢ᠍ᠨᠰᠦᠢ᠍ᠸᠸ᠎ᠲᠠᠢ ᠠᠭᠤᠯᠵᠠᠪᠠ
 
            