ᠨᠤᠮᠢᠨ ᠤᠷᠴᠢᠭᠤᠯᠪᠠ
ᠨᠢᠭᠡᠳᠦᠭᠡᠷ ᠵᠦᠢ᠍ᠯ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠪᠠᠷᠢᠮᠵᠢᠶ᠎ᠠ ᠵᠢ ᠤᠯᠠᠮ ᠲᠣᠳᠣᠷᠬᠠᠢ᠌ᠯᠠᠬᠤ ᠵᠢᠨ ᠲᠥᠯᠥᠭᠡ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ᠎ᠳᠤ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠦᠯᠡᠰᠦᠩᠭᠦᠢ ᠵᠢᠨ ᠬᠠᠤᠯᠢ》 (ᠨᠢᠭᠦᠯᠡᠰᠦᠩᠭᠦᠢ ᠵᠢᠨ ᠬᠠᠤᠯᠢ ᠭᠡᠵᠦ ᠲᠤᠪᠴᠢᠯᠠᠶ᠎ᠠ)᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠲᠡᠭᠡᠮᠵᠢᠲᠦ ᠨᠠᠶ᠋ᠢᠳᠠᠯᠭ᠎ᠠ ᠵᠢᠨ ᠬᠠᠤᠯᠢ》 (ᠢᠲᠡᠭᠡᠮᠵᠢᠲᠦ ᠨᠠᠶ᠋ᠢᠳᠠᠯᠭ᠎ᠠ ᠵᠢᠨ ᠬᠠᠤᠯᠢ ᠭᠡᠵᠦ ᠲᠣᠪᠴᠢᠯᠠᠨ᠎ᠠ)᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠩᠬᠢ ᠵᠢᠨ ᠦᠢ᠍ᠯᠡᠰ᠎ᠢ ᠬᠢᠨᠠᠨ ᠬᠠᠮᠢᠶᠠᠷᠬᠤ ᠬᠠᠤᠯᠢ》 (ᠪᠠᠩᠬᠢ ᠵᠢᠨ ᠦᠢ᠍ᠯᠡᠰ᠎ᠢ ᠬᠢᠨᠠᠨ ᠬᠠᠮᠢᠶᠠᠷᠬᠤ ᠬᠠᠤᠯᠢ ᠭᠡᠵᠦ ᠲᠣᠪᠴᠢᠯᠠᠨ᠎ᠠ) ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ ᠲᠤᠰ ᠲᠣᠭᠲᠠᠭ᠋ᠠᠯ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ᠄ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠳᠠᠩᠰᠠᠯᠠᠭᠤᠯᠤᠭᠰᠠᠨ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ᠎ᠳᠤ ᠲᠤᠰ ᠲᠣᠭᠲᠠᠭ᠋ᠠᠯ᠎ᠢ ᠬᠡᠷᠡᠭᠯᠡᠨ᠎ᠡ᠃
ᠭᠤᠷᠪᠠᠳᠤᠭ᠋ᠠᠷ ᠵᠦᠢ᠍ᠯ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠶᠣᠰᠣᠭ᠋ᠠᠷ ᠨᠢᠭᠦᠯᠡᠰᠦᠩᠭᠦᠢ ᠵᠢᠨ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ ᠵᠢ ᠭᠦᠢ᠍ᠴᠡᠳ ᠪᠥᠭᠡᠳ ᠥᠨᠳᠥᠷ ᠪᠦᠲᠦᠮᠵᠢᠲᠡᠶ᠎ᠪᠠᠷ ᠬᠡᠷᠡᠭᠯᠡᠬᠦ ᠵᠢᠨ ᠬᠠᠮᠲᠤ ᠬᠠᠮᠢᠶᠠᠷᠤᠯᠲᠠ ᠵᠢᠨ ᠵᠠᠷᠤᠳᠠᠯ᠎ᠤᠨ ᠬᠠᠮᠤᠭ᠎ᠤᠨ ᠴᠢᠬᠤᠯᠠᠲᠠᠢ ᠪᠠᠢ᠌ᠬᠤ ᠵᠠᠷᠴᠢᠮ᠎ᠢ ᠵᠢᠷᠤᠮᠯᠠᠨ ᠰᠠᠢ᠌ᠲᠤᠷ ᠠᠷᠪᠢᠯᠠᠨ ᠭᠠᠮᠨᠠᠵᠤ ᠴᠢᠬᠤᠯᠠ ᠪᠤᠰᠤ ᠵᠠᠷᠤᠯᠭ᠎ᠠ ᠵᠢ ᠪᠠᠭ᠋ᠠᠰᠬᠠᠬᠤ ᠬᠡᠷᠡᠭᠲᠡᠢ᠃
ᠳᠥᠷᠪᠡᠳᠦᠭᠡᠷ ᠵᠦᠢ᠍ᠯ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠵᠠᠷᠤᠯᠭ᠎ᠠ ᠭᠡᠳᠡᠭ᠎ᠨᠢ ᠨᠢᠭᠦᠯᠡᠰᠦᠩᠭᠦᠢ ᠵᠢᠨ ᠠᠵᠢᠯᠯᠠᠭ᠎ᠠ ᠥᠷᠨᠢᠭᠦᠯᠬᠦ ᠦᠶ᠎ᠡ᠎ᠳᠤ ᠡᠭᠦᠰᠦᠭᠰᠡᠨ ᠲᠠᠷᠠᠭ᠋ᠠᠬᠢ ᠵᠠᠷᠤᠯᠭ᠎ᠠ ᠵᠢ ᠬᠡᠯᠡᠵᠤ ᠪᠠᠢ᠌ᠨ᠎ᠠ᠄
(ᠨᠢᠭᠡ) ᠠᠰᠢᠭ ᠬᠦᠷᠳᠡᠭᠴᠢ᠎ᠳᠤ ᠰᠢᠭᠤᠳ ᠪᠤᠶᠤ ᠪᠤᠰᠤᠳ ᠵᠣᠬᠢᠶᠠᠨ ᠪᠠᠢ᠌ᠭᠤᠯᠤᠯᠲᠠ᠎ᠳᠤ ᠨᠠᠢ᠌ᠳᠠᠵᠤ ᠲᠤᠰᠠᠯᠠᠭᠤᠯᠤᠭᠰᠠᠨ ᠵᠣᠭᠣᠰ ᠮᠥᠩᠭᠥ ᠡᠳ᠋ ᠪᠣᠳᠠᠰ᠃
(ᠬᠣᠶᠠᠷ) ᠨᠢᠭᠦᠯᠡᠰᠦᠩᠭᠦᠢ ᠵᠢᠨ ᠠᠵᠢᠯᠯᠠᠭ᠎ᠠ ᠥᠷᠨᠢᠭᠦᠯᠬᠦ᠎ᠳᠤ ᠡᠭᠦᠰᠦᠭᠰᠡᠨ ᠬᠥᠮᠥᠰ᠎ᠤᠨ ᠬᠥᠯᠥᠰᠦ ᠣᠯᠭᠣᠮᠵᠢ᠂ ᠰᠠᠢ᠌ᠨ ᠳᠤᠷ᠎ᠠ ᠵᠢᠨ ᠠᠵᠢᠯᠯᠠᠭᠴᠢ ᠵᠢᠨ ᠨᠥᠬᠥᠪᠦᠷᠢ ᠪᠠ ᠳᠠᠭ᠋ᠠᠳᠬᠠᠯ ᠪᠠ ᠭᠡᠷ ᠪᠠᠢ᠌ᠰᠢᠩ᠂ ᠲᠤᠨᠤᠭ ᠲᠥᠬᠦᠭᠡᠷᠦᠮᠵᠢ᠂ ᠡᠳ᠋ ᠪᠣᠳᠠᠰ᠎ᠢ ᠬᠡᠷᠡᠭᠯᠡᠬᠦ᠎ᠳᠤ ᠡᠭᠦᠰᠦᠭᠰᠡᠨ ᠬᠣᠯᠪᠣᠭᠳᠠᠯ ᠪᠦᠬᠦᠢ ᠵᠠᠷᠤᠳᠠᠯ᠃
(ᠭᠤᠷᠪᠠ) ᠨᠢᠭᠦᠯᠡᠰᠦᠩᠭᠦᠢ ᠵᠢᠨ ᠠᠵᠢᠯᠯᠠᠭ᠎ᠠ ᠥᠷᠨᠢᠭᠦᠯᠬᠦ ᠵᠢᠨ ᠲᠥᠯᠥᠭᠡ ᠡᠭᠦᠰᠦᠭᠰᠡᠨ ᠠᠯᠪᠠᠨ ᠠᠵᠢᠯ ᠵᠶ᠋ᠠᠷ ᠭᠠᠳᠠᠭᠰᠢ ᠭᠠᠷᠬᠤ᠂ ᠡᠳ᠋ ᠪᠠᠷᠠᠭ᠋ᠠᠨ᠎ᠤ ᠭᠦᠢ᠍ᠯᠭᠡᠭᠡ᠂ ᠵᠠᠮ ᠬᠠᠷᠢᠯᠴᠠᠭ᠎ᠠ᠂ ᠬᠤᠷᠠᠯ᠂ ᠪᠣᠯᠪᠠᠰᠤᠷᠠᠯ᠂ ᠬᠢᠨᠠᠨ ᠪᠣᠳᠣᠯᠲᠠ᠂ ᠦᠨᠡᠯᠡᠯᠳᠡ ᠵᠡᠷᠭᠡ ᠵᠢᠨ ᠵᠠᠷᠤᠳᠠᠯ᠃
ᠲᠠᠪᠤᠳᠤᠭ᠋ᠠᠷ ᠵᠦᠢ᠍ᠯ᠄ ᠲᠦᠷᠤᠬᠦᠤ ᠵᠢᠯ᠎ᠤᠨ ᠡᠴᠦᠰ᠎ᠤᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ᠎ᠪᠠᠷ ᠪᠡᠯᠡ ᠮᠥᠩᠭᠥ ᠡᠳ᠋ ᠬᠥᠷᠥᠩᠭᠡ ᠪᠣᠯᠭ᠋ᠠᠭᠰᠠᠨ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠵᠢ ᠲᠠᠷᠠᠭ᠋ᠠᠬᠢ ᠪᠠᠷᠢᠮᠵᠢᠶ᠎ᠠ ᠪᠠᠷ ᠬᠡᠷᠡᠭᠵᠢᠭᠦᠯᠦᠨ᠎ᠡ᠄
(ᠨᠢᠭᠡ) ᠲᠦᠷᠦᠭᠦᠦ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ᠎ᠨᠢ ᠠᠷᠠᠳ᠎ᠤᠨ ᠵᠣᠭᠣᠰ ᠵᠶ᠋ᠠᠷ 1000 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ)᠎ᠢ ᠲᠠᠪᠠᠬᠰᠠᠨ ᠪᠤᠯ ᠵᠢᠯ᠎ᠤᠨ ᠵᠠᠷᠤᠯᠭ᠎ᠠ ᠵᠢ ᠲᠦᠷᠦᠭᠦᠦ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢᠨ ᠵᠠᠭᠤᠨ᠎ᠤ ᠭᠤᠷᠪᠠ᠎ᠠᠴᠠ ᠪᠠᠭ᠎ᠠ ᠪᠠᠢ᠌ᠯᠭ᠋ᠠᠵᠤ ᠪᠣᠯᠬᠤ ᠦᠭᠡᠢ᠃
(ᠬᠣᠶᠠᠷ) ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ᠎ᠨᠢ 1000 ᠲᠦᠮᠡᠨ ᠲᠥᠭᠥᠷᠢᠭ᠎ᠠᠴᠠ 500 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ) ᠤᠨ ᠬᠤᠭᠤᠷᠤᠨᠳᠤ ᠪᠠᠢ᠌ᠪᠠᠯ᠂ ᠣᠨ᠎ᠤ ᠵᠠᠷᠤᠯᠭ᠎ᠠ᠎ᠨᠢ ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢᠨ ᠵᠠᠭᠤᠨ᠎ᠤ ᠳᠥᠷᠪᠡ᠎ᠠᠴᠠ ᠪᠠᠭ᠎ᠠ ᠪᠠᠢ᠌ᠵᠤ ᠪᠣᠯᠬᠤ ᠦᠭᠡᠢ;
(ᠭᠤᠷᠪᠠ) ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ᠎ᠨᠢ 500 ᠲᠦᠮᠡᠨ ᠲᠥᠭᠥᠷᠢᠭ᠎ᠠᠴᠠ 100 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ) ᠤᠨ ᠬᠤᠭᠤᠷᠤᠨᠳᠤ ᠪᠠᠢ᠌ᠪᠠᠯ ᠣᠨ᠎ᠤ ᠵᠠᠷᠤᠯᠭ᠎ᠠ᠎ᠨᠢ ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢᠨ ᠵᠠᠭᠤᠨ᠎ᠤ ᠲᠠᠪᠤ᠎ᠠᠴᠠ ᠪᠠᠭ᠎ᠠ ᠪᠣᠯᠬᠤ ᠦᠭᠡᠢ᠃
(ᠳᠥᠷᠪᠡ) ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ᠎ᠨᠢ ᠠᠷᠠᠳ᠎ᠤᠨ ᠵᠣᠭᠣᠰ ᠵᠶ᠋ᠠᠷ 100 ᠲᠦᠮᠡᠨ ᠲᠥᠭᠥᠷᠢᠭ ᠬᠦᠷᠬᠦ ᠦᠬᠡᠢ ᠪᠤᠯ ᠵᠢᠯ᠎ᠤᠨ ᠵᠠᠷᠤᠯᠭ᠎ᠠ ᠵᠢ ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢᠨ ᠵᠠᠭᠤᠨ᠎ᠤ ᠵᠢᠷᠭᠤᠭ᠎ᠠ᠎ᠠᠴᠠ ᠪᠠᠭ᠎ᠠ ᠪᠠᠢ᠌ᠯᠭ᠋ᠠᠵᠤ ᠪᠣᠯᠬᠤ ᠦᠭᠡᠢ᠃
ᠲᠤᠰ ᠵᠢᠯ᠎ᠤᠨ ᠵᠠᠷᠤᠯᠭ᠎ᠠ ᠵᠢᠨ ᠬᠠᠷᠢᠴᠠᠯ᠎ᠢ ᠪᠤᠳᠤᠬᠤ᠎ᠳᠤ᠎ᠪᠠᠨ ᠲᠦᠷᠦᠭᠦᠦ ᠭᠤᠷᠪᠠᠨ ᠵᠢᠯ᠎ᠤᠨ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢᠨ ᠳᠤᠮᠳᠠᠴᠢ ᠲᠣᠭ᠎ᠠ᠎ᠪᠠᠷ ᠲᠦᠷᠦᠭᠦᠦ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢ ᠣᠷᠣᠯᠠᠭᠤᠯᠵᠤ ᠪᠣᠯᠣᠨ᠎ᠠ᠃
ᠵᠢᠷᠭᠤᠳᠤᠭ᠋ᠠᠷ ᠵᠦᠢ᠍ᠯ᠄ ᠲᠦᠷᠦᠭᠦᠦ ᠵᠢᠯ᠎ᠤᠨ ᠡᠴᠦᠰ᠎ᠤᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ ᠪᠣᠯ ᠬᠤᠪᠢᠴᠠᠭ᠎ᠠ ᠵᠢᠨ ᠡᠷᠬᠡ (ᠬᠤᠪᠢᠴᠠᠭ᠎ᠠ)᠂ ᠦᠯᠦ ᠬᠥᠳᠡᠯᠬᠦ ᠬᠥᠷᠥᠩᠭᠡ ᠵᠡᠷᠭᠡ ᠪᠡᠯᠡ ᠮᠥᠩᠭᠥᠨ᠎ᠤ ᠪᠤᠰᠤ ᠡᠳ᠋ ᠬᠥᠷᠥᠩᠭᠡ ᠵᠢᠨ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠪᠣᠯᠣᠨ᠎ᠠ᠂ ᠣᠨ᠎ᠤ ᠵᠠᠷᠤᠯᠭ᠎ᠠ᠎ᠨᠢ ᠲᠦᠷᠦᠭᠦᠦ ᠵᠢᠯ᠎ᠤᠨ ᠪᠡᠯᠡ ᠮᠥᠩᠭᠥᠨ᠎ᠤ ᠶᠡᠷᠦᠩᠬᠡᠢ ᠣᠷᠣᠯᠭ᠎ᠠ ᠵᠢᠨ ᠵᠠᠭᠤᠨ᠎ᠤ ᠳᠠᠯ᠎ᠠ᠎ᠠᠴᠠ ᠪᠠᠭ᠎ᠠ ᠪᠣᠯᠬᠤ ᠦᠭᠡᠢ᠃
ᠲᠤᠰ ᠲᠣᠭᠲᠠᠭ᠋ᠠᠯ᠎ᠳᠤ ᠬᠡᠯᠡᠵᠦ ᠪᠠᠢ᠌ᠭ᠎ᠠ ᠪᠡᠯᠡ ᠮᠥᠩᠭᠥᠨ᠎ᠤ ᠶᠡᠷᠦᠩᠬᠡᠢ ᠣᠷᠣᠯᠭ᠎ᠠ ᠭᠡᠳᠡᠭ᠎ᠨᠢ ᠪᠡᠯᠡ ᠮᠥᠩᠭᠥᠨ᠎ᠤ ᠪᠤᠰᠤ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ᠎ᠠᠴᠠ ᠪᠤᠢ ᠪᠣᠯᠤᠭᠰᠠᠨ ᠠᠰᠢᠭ ᠬᠤᠪᠢᠶᠠᠷᠢᠯᠠᠯᠲᠠ᠂ ᠲᠦᠷᠢᠶᠡᠰᠦᠨ ᠮᠥᠩᠭᠥ ᠵᠡᠷᠭᠡ᠎ᠠᠴᠠ ᠴᠢᠬᠤᠯᠠ ᠪᠦᠬᠦᠢ ᠭᠠᠢ᠌ᠯᠢ ᠰᠦᠢ᠍ᠳᠬᠡᠯ᠎ᠢ ᠰᠠᠭᠤᠯᠭ᠋ᠠᠨ ᠠᠪᠤᠭᠰᠠᠨ᠎ᠤ ᠳᠠᠷᠠᠭ᠋ᠠᠬᠢ ᠶᠡᠷᠦᠩᠬᠡᠢ ᠣᠷᠣᠯᠭ᠎ᠠ ᠵᠢ ᠬᠡᠯᠡᠵᠤ ᠪᠠᠢ᠌ᠨ᠎ᠠ᠃
ᠲᠤᠰ ᠵᠢᠯ᠎ᠤᠨ ᠵᠠᠷᠤᠯᠭ᠎ᠠ ᠵᠢᠨ ᠬᠠᠷᠢᠴᠠᠯ᠎ᠢ ᠪᠤᠳᠤᠬᠤ᠎ᠳᠤ᠎ᠪᠠᠨ ᠲᠦᠷᠦᠭᠦᠦ ᠭᠤᠷᠪᠠᠨ ᠵᠢᠯ᠎ᠤᠨ ᠪᠡᠯᠡ ᠮᠥᠩᠭᠥᠨ᠎ᠤ ᠪᠦᠬᠦ ᠣᠷᠣᠯᠭ᠎ᠠ ᠵᠢᠨ ᠳᠤᠮᠳᠠᠴᠢ ᠲᠣᠭ᠎ᠠ᠎ᠪᠠᠷ ᠲᠦᠷᠦᠭᠦᠦ ᠵᠢᠯ᠎ᠤᠨ ᠪᠡᠯᠡ ᠮᠥᠩᠭᠥᠨ᠎ᠤ ᠪᠦᠬᠦ ᠣᠷᠣᠯᠭ᠎ᠠ ᠵᠢ ᠣᠷᠣᠯᠠᠭᠤᠯᠵᠤ ᠪᠣᠯᠣᠨ᠎ᠠ᠃
ᠳᠣᠯᠣᠳᠤᠭ᠋ᠠᠷ ᠵᠦᠢ᠍ᠯ᠄ ᠲᠦᠷᠤᠬᠦᠤ ᠵᠢᠯ᠎ᠤᠨ ᠡᠴᠦᠰ᠎ᠲᠤ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ᠎ᠳᠤ ᠪᠡᠯᠡ ᠮᠥᠩᠭᠥ ᠡᠳ᠋ ᠬᠥᠷᠥᠩᠭᠡ᠎ᠲᠠᠢ ᠮᠥᠷᠲᠡᠭᠡᠨ ᠪᠠᠰᠠ ᠪᠡᠯᠡ ᠮᠥᠩᠭᠥ ᠪᠤᠰᠤ ᠡᠳ᠋ ᠬᠥᠷᠥᠩᠭᠡ᠎ᠲᠠᠢ ᠪᠤᠯ ᠪᠡᠯᠡ ᠮᠥᠩᠭᠥ ᠡᠳ᠋ ᠬᠥᠷᠥᠩᠭᠡ ᠪᠠ ᠪᠡᠯᠡ ᠮᠥᠩᠭᠥ ᠪᠤᠰᠤ ᠡᠳ᠋ ᠬᠥᠷᠥᠩᠭᠡ ᠵᠢ ᠲᠤᠰ ᠲᠤᠰᠲᠤᠨᠢ ᠲᠡᠡᠭᠰᠠ ᠲᠡᠮᠳᠡᠭᠯᠡᠵᠦ ᠲᠣᠭ᠋ᠠᠴᠠᠭ᠎ᠠ ᠬᠢᠬᠦ ᠬᠡᠷᠡᠭᠲᠡᠢ᠂ ᠣᠨ᠎ᠤ ᠵᠠᠷᠤᠯᠭ᠎ᠠ ᠵᠢᠨ ᠪᠠᠷᠢᠮᠵᠢᠶ᠎ᠠ ᠵᠢ ᠲᠤᠰ ᠲᠣᠭᠲᠠᠭ᠋ᠠᠯ᠎ᠤᠨ ᠲᠠᠪᠤᠳᠤᠭ᠋ᠠᠷ ᠵᠦᠢ᠍ᠯ᠂ ᠵᠢᠷᠭᠤᠳᠤᠭ᠋ᠠᠷ ᠵᠦᠢ᠍ᠯ᠎ᠤᠨ ᠶᠣᠰᠣᠭ᠋ᠠᠷ ᠬᠡᠷᠡᠭᠵᠢᠭᠦᠯᠦᠨ᠎ᠡ᠃
ᠨᠠᠢ᠍ᠮᠠᠳᠤᠭ᠋ᠠᠷ ᠵᠦᠢ᠍ᠯ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠬᠠᠮᠢᠶᠠᠷᠤᠯᠲᠠ ᠵᠢᠨ ᠵᠠᠷᠤᠳᠠᠯ ᠭᠡᠳᠡᠭ᠎ᠨᠢ ᠲᠠᠷᠠᠭ᠋ᠠᠬᠢ ᠵᠠᠷᠤᠳᠠᠯ᠎ᠢ ᠬᠡᠯᠡᠵᠤ ᠪᠠᠢ᠌ᠨ᠎ᠠ᠄
(ᠨᠢᠭᠡ) ᠨᠠᠶ᠋ᠢᠳᠠᠯᠭ᠎ᠠ ᠬᠦᠯᠢᠶᠡᠭᠴᠢ᠎ᠳᠤ ᠥᠭᠬᠦ ᠢᠲᠡᠭᠡᠮᠵᠢᠲᠦ ᠨᠠᠶ᠋ᠢᠳᠠᠯᠭ᠎ᠠ ᠵᠢᠨ ᠬᠠᠷᠠᠮᠵᠢ᠃
(ᠬᠣᠶᠠᠷ) ᠬᠢᠨᠠᠨ ᠪᠠᠢ᠌ᠴᠠᠭ᠋ᠠᠭᠴᠢ᠎ᠳᠤ ᠥᠭᠭᠦᠭᠰᠡᠨ ᠬᠥᠯᠥᠰᠦ ᠣᠯᠭᠣᠮᠵᠢ᠃
(ᠭᠤᠷᠪᠠ) ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ ᠵᠢ ᠬᠠᠳᠠᠭ᠋ᠠᠯᠠᠨ ᠬᠠᠮᠢᠶᠠᠷᠬᠤ ᠵᠢᠨ ᠲᠥᠯᠥᠭᠡ ᠡᠭᠦᠰᠦᠭᠰᠡᠨ ᠵᠠᠷᠤᠳᠠᠯ᠃
(ᠳᠥᠷᠪᠡ) ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ ᠵᠢ ᠬᠠᠮᠢᠶᠠᠷᠬᠤ᠂ ᠰᠢᠢ᠍ᠳᠪᠦᠷᠢᠯᠡᠬᠦ ᠵᠢᠨ ᠲᠥᠯᠥᠭᠡ ᠵᠠᠭᠤᠴᠢ ᠪᠠᠢ᠌ᠭᠤᠯᠤᠮᠵᠢ ᠵᠢ ᠤᠷᠢᠬᠤ᠎ᠳᠤ ᠵᠠᠷᠤᠴᠠᠭᠤᠯᠤᠭᠰᠠᠨ ᠵᠠᠷᠤᠳᠠᠯ᠃
(ᠲᠠᠪᠤ) ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ ᠪᠤᠰᠤᠳ ᠵᠦᠢ ᠵᠣᠬᠢᠰᠲᠠᠢ ᠵᠠᠷᠤᠳᠠᠯ᠃
ᠶᠢᠰᠦᠳᠦᠭᠡᠷ ᠵᠦᠢ᠍ᠯ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠬᠠᠮᠢᠶᠠᠷᠤᠯᠲᠠ ᠵᠢᠨ ᠵᠠᠷᠤᠳᠠᠯ᠎ᠢ ᠲᠠᠷᠠᠭ᠋ᠠᠬᠢ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠦᠨ᠎ᠡ᠄
(ᠨᠢᠭᠡ) ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ᠎ᠨᠢ 1000 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ)᠎ᠢ ᠲᠠᠪᠠᠬᠰᠠᠨ ᠪᠤᠯ ᠬᠠᠮᠢᠶᠠᠷᠤᠯᠲᠠ ᠵᠢᠨ ᠵᠠᠷᠤᠳᠠᠯ᠎ᠨᠢ ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢᠨ ᠵᠠᠭᠤᠨ᠎ᠤ ᠨᠢᠭᠡ᠎ᠠᠴᠠ ᠢᠯᠡᠬᠦᠤ ᠪᠠᠢ᠌ᠵᠤ ᠪᠣᠯᠬᠤ ᠦᠭᠡᠢ;
(ᠬᠣᠶᠠᠷ) ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ᠎ᠨᠢ 1000 ᠲᠦᠮᠡᠨ ᠲᠥᠭᠥᠷᠢᠭ᠎ᠠᠴᠠ 500 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ) ᠤᠨ ᠬᠤᠭᠤᠷᠤᠨᠳᠤ ᠪᠤᠯ ᠬᠠᠮᠢᠶᠠᠷᠤᠯᠲᠠ ᠵᠢᠨ ᠵᠠᠷᠤᠳᠠᠯ᠎ᠨᠢ ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢᠨ ᠵᠠᠭᠤᠨ᠎ᠤ ᠨᠢᠭᠡ ᠴᠡᠭ ᠲᠠᠪᠤ᠎ᠠᠴᠠ ᠢᠯᠡᠬᠦᠤ ᠪᠠᠢ᠌ᠵᠤ ᠪᠣᠯᠬᠤ ᠦᠭᠡᠢ;
(ᠭᠤᠷᠪᠠ) ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ᠎ᠨᠢ 500 ᠲᠦᠮᠡᠨ ᠲᠥᠭᠥᠷᠢᠭ᠎ᠠᠴᠠ 100 ᠲᠦᠮᠡᠨ ᠲᠥᠭᠥᠷᠢᠭ (ᠡᠬᠡ ᠲᠣᠭ᠎ᠠ ᠵᠢ ᠪᠠᠭᠲᠠᠭ᠋ᠠᠨ᠎ᠠ)᠎ᠤᠨ ᠬᠤᠭᠤᠷᠤᠨᠳᠤ ᠪᠤᠯ ᠬᠠᠮᠢᠶᠠᠷᠤᠯᠲᠠ ᠵᠢᠨ ᠵᠠᠷᠤᠳᠠᠯ᠎ᠨᠢ ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢᠨ ᠵᠠᠭᠤᠨ᠎ᠤ ᠬᠣᠶᠠᠷ᠎ᠠᠴᠠ ᠢᠯᠡᠬᠦᠤ ᠪᠠᠢ᠌ᠵᠤ ᠪᠣᠯᠬᠤ ᠦᠭᠡᠢ;
(ᠳᠥᠷᠪᠡ) ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ᠎ᠨᠢ ᠠᠷᠠᠳ᠎ᠤᠨ ᠵᠣᠭᠣᠰ ᠵᠶ᠋ᠠᠷ 100 ᠲᠦᠮᠡᠨ ᠲᠥᠭᠥᠷᠢᠭ ᠬᠦᠷᠬᠦ ᠦᠬᠡᠢ ᠪᠤᠯ ᠬᠠᠮᠢᠶᠠᠷᠤᠯᠲᠠ ᠵᠢᠨ ᠵᠠᠷᠤᠳᠠᠯ᠎ᠢ ᠲᠦᠷᠦᠭᠦᠸ᠋ ᠵᠢᠯ᠎ᠤᠨ ᠡᠴᠦᠰ᠎ᠤᠨ ᠴᠡᠪᠡᠷ ᠡᠳ᠋ ᠬᠥᠷᠥᠩᠭᠡ ᠵᠢᠨ ᠵᠠᠭᠤᠨ᠎ᠤ ᠭᠤᠷᠪᠠ᠎ᠠᠴᠠ ᠢᠯᠡᠬᠦᠤ ᠪᠠᠢ᠌ᠯᠭ᠋ᠠᠵᠤ ᠪᠣᠯᠬᠤ ᠦᠭᠡᠢ᠃
ᠠᠷᠪᠠᠳᠤᠭ᠋ᠠᠷ ᠵᠦᠢ᠍ᠯ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠬᠠᠮᠢᠶᠠᠷᠤᠯᠲᠠ ᠵᠢᠨ ᠵᠠᠷᠤᠳᠠᠯ᠎ᠨᠢ ᠲᠦᠮᠡᠨ ᠲᠥᠭᠥᠷᠢᠭ ᠠᠷᠠᠳ᠎ᠤᠨ ᠵᠣᠭᠣᠰ᠎ᠠᠴᠠ ᠪᠠᠭ᠎ᠠ ᠪᠤᠯ ᠲᠤᠰ ᠲᠣᠭᠲᠠᠭ᠋ᠠᠯ᠎ᠤᠨ ᠶᠢᠰᠦᠳᠦᠭᠡᠷ ᠵᠦᠢ᠍ᠯ᠎ᠳᠤ ᠲᠣᠭᠲᠠᠭ᠋ᠠᠭᠰᠠᠨ ᠣᠨ᠎ᠤ ᠬᠠᠮᠢᠶᠠᠷᠤᠯᠲᠠ ᠵᠢᠨ ᠵᠠᠷᠤᠳᠠᠯ᠎ᠤᠨ ᠬᠠᠷᠢᠴᠠᠯ᠎ᠳᠤ ᠬᠢᠵᠠᠭ᠋ᠠᠷᠯᠠᠭᠳᠠᠬᠤ ᠦᠭᠡᠢ᠃
ᠠᠷᠪᠠᠨ ᠨᠢᠭᠡᠳᠦᠭᠡᠷ ᠵᠦᠢ᠍ᠯ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠪᠢᠴᠢᠭ ᠮᠠᠲ᠋ᠧᠷᠢᠶᠠᠯ᠎ᠳᠤ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠬᠠᠷᠢᠴᠠᠯ ᠪᠤᠶᠤ ᠲᠣᠭ᠎ᠠ ᠬᠡᠮᠵᠢᠶ᠎ᠡ ᠵᠢ ᠲᠣᠳᠣᠷᠬᠠᠢ ᠲᠡᠮᠳᠡᠭᠯᠡᠭᠰᠡᠨ ᠪᠠᠢ᠌ᠬᠤ ᠬᠡᠷᠡᠭᠲᠡᠢ᠃
ᠠᠷᠪᠠᠨ ᠬᠣᠶᠠᠳᠤᠭ᠋ᠠᠷ ᠵᠦᠢ᠍ᠯ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠡᠳ᠋ ᠬᠥᠷᠥᠩᠭᠡ ᠨᠢᠬᠡ ᠪᠦᠷᠢ ᠵᠢ ᠲᠤᠰ ᠲᠤᠰᠲᠤᠨᠢ ᠬᠠᠮᠢᠶᠠᠷᠴᠤ᠂ ᠲᠤᠰ ᠲᠤᠰᠲᠤᠨᠢ ᠲᠡᠡᠭᠰᠠᠯᠠᠬᠤ ᠬᠡᠷᠡᠭᠲᠡᠢ ᠪᠥᠭᠡᠳ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠬᠠᠷᠢᠴᠠᠯ᠎ᠢ ᠲᠤᠰ ᠲᠤᠰ ᠲᠤᠨᠢ ᠪᠤᠳᠤᠬᠤ ᠬᠡᠷᠡᠭᠲᠡᠢ᠃
ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ᠎ᠨᠢ ᠪᠣᠳᠠᠲᠠᠢ ᠡᠭᠦᠰᠦᠭᠰᠡᠨ ᠠᠷᠠᠯᠵᠢᠶ᠎ᠠ ᠪᠤᠶᠤ ᠪᠣᠳᠠᠲᠤ ᠬᠡᠷᠡᠭ ᠵᠶ᠋ᠡᠷ ᠦᠨᠳᠦᠰᠦᠯᠡᠯ ᠪᠣᠯᠭ᠋ᠠᠵᠤ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠢ ᠦᠨᠡᠨ ᠮᠥᠨ ᠵᠶ᠋ᠡᠷ᠎ᠨᠢ ᠲᠣᠭ᠋ᠠᠴᠠᠭ᠎ᠠ ᠬᠢᠬᠦ ᠬᠡᠷᠡᠭᠲᠡᠢ᠂ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠵᠠᠷᠤᠯᠭ᠎ᠠ ᠵᠢ ᠬᠠᠭᠤᠷᠮᠠᠭ ᠵᠶ᠋ᠠᠷ ᠨᠡᠮᠡᠭᠳᠡᠭᠦᠯᠬᠦ ᠪᠤᠶᠤ ᠵᠦᠢ ᠵᠣᠬᠢᠰ ᠦᠭᠡᠢ ᠵᠠᠷᠤᠳᠠᠯ᠎ᠢ ᠵᠢᠭᠰᠠᠭ᠋ᠠᠵᠤ ᠪᠣᠯᠬᠤ ᠦᠭᠡᠢ᠃
ᠠᠷᠪᠠᠨ ᠭᠤᠷᠪᠠᠳᠤᠭ᠋ᠠᠷ ᠵᠦᠢ᠍ᠯ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠢ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠮᠡᠳᠡᠭᠦᠯᠦᠯᠲᠡ ᠵᠢᠨ ᠠᠭᠤᠯᠭ᠎ᠠ ᠪᠣᠯᠭ᠋ᠠᠵᠤ ᠳᠠᠩᠰᠠᠯᠠᠭᠤᠯᠤᠭᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠵᠢᠨ ᠬᠠᠮᠲᠤ ᠢᠯᠡᠵᠢᠬᠦᠯᠬᠦ ᠬᠡᠷᠡᠭᠲᠡᠢ᠃
ᠠᠷᠪᠠᠨ ᠳᠥᠷᠪᠡᠳᠦᠭᠡᠷ ᠵᠦᠢ᠍ᠯ᠄ ᠣᠨᠴᠠᠭ᠋ᠠᠶ ᠪᠠᠢ᠌ᠳᠠᠯ᠎ᠳᠤ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠨᠢ ᠲᠤᠰ ᠲᠣᠭᠲᠠᠭ᠋ᠠᠯ᠎ᠳᠤ ᠨᠡᠢ᠌ᠴᠡᠬᠦ᠎ᠳᠤ ᠪᠡᠷᠬᠡᠲᠡᠢ ᠪᠤᠯ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ᠎ᠨᠢ ᠳᠠᠩᠰᠠᠯᠠᠭᠤᠯᠤᠭᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠮᠡᠳᠡᠭᠦᠯᠬᠦ ᠵᠢᠨ ᠬᠠᠮᠲᠤ ᠪᠠᠢ᠌ᠳᠠᠯ ᠵᠶ᠋ᠠᠨ ᠨᠡᠢ᠌ᠭᠡᠮ᠎ᠳᠤ ᠢᠯᠡ᠎ᠪᠠᠷ ᠲᠣᠳᠣᠷᠬᠠᠢ᠌ᠯᠠᠬᠤ ᠬᠡᠷᠡᠭᠲᠡᠢ᠃
ᠠᠷᠪᠠᠨ ᠲᠠᠪᠤᠳᠤᠭ᠋ᠠᠷ ᠵᠦᠢ᠍ᠯ᠄ ᠠᠷᠠᠳ᠎ᠤᠨ ᠶᠠᠪᠤᠳᠠᠯ ᠪᠠ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠲᠤᠰ ᠲᠤᠰ᠎ᠤᠨ ᠬᠠᠤᠯᠢ᠎ᠪᠠᠷ ᠲᠣᠭᠲᠠᠭ᠋ᠠᠭᠰᠠᠨ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ᠎ᠪᠠᠨ ᠦᠨᠳᠦᠰᠦᠯᠡᠨ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠤᠨ ᠪᠠᠢ᠌ᠳᠠᠯ᠎ᠢ ᠬᠢᠨᠠᠵᠤ ᠪᠠᠢ᠌ᠴᠠᠭ᠋ᠠᠨ᠎ᠠ᠃
ᠠᠷᠪᠠᠨ ᠵᠢᠷᠭᠤᠳᠤᠭ᠋ᠠᠷ ᠵᠦᠢ᠍ᠯ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠨᠠᠶ᠋ᠢᠳᠠᠯᠭ᠎ᠠ ᠬᠦᠯᠢᠶᠡᠭᠴᠢ᠎ᠳᠤ ᠲᠤᠰ ᠲᠣᠭᠲᠠᠭ᠋ᠠᠯ᠎ᠢ ᠵᠥᠷᠢᠴᠡᠭᠰᠡᠨ ᠪᠤᠯ ᠳᠠᠩᠰᠠᠯᠠᠭᠤᠯᠤᠭᠰᠠᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠨᠢᠭᠦᠯᠡᠰᠦᠩᠭᠦᠢ ᠵᠢᠨ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠰᠢᠢ᠍ᠳᠬᠡᠨ᠎ᠡ᠃
ᠢᠲᠡᠭᠡᠮᠵᠢᠲᠦ ᠨᠠᠶ᠋ᠢᠳᠠᠯᠭ᠎ᠠ ᠵᠢᠨ ᠺᠣᠮᠫᠠᠨᠢ ᠲᠤᠰ ᠲᠣᠭᠲᠠᠭ᠋ᠠᠯ᠎ᠢ ᠵᠦᠷᠢᠴᠡᠪᠡᠯ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠢᠲᠡᠭᠡᠮᠵᠢᠲᠦ ᠨᠠᠶ᠋ᠢᠳᠠᠯᠭ᠎ᠠ ᠵᠢᠨ ᠬᠠᠤᠯᠢ᠂ ᠪᠠᠩᠬᠢ ᠵᠢᠨ ᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠶ᠋ᠡᠷ ᠰᠢᠢ᠍ᠳᠬᠡᠨ᠎ᠡ᠃
ᠠᠷᠪᠠᠨ ᠳᠣᠯᠣᠳᠤᠭ᠋ᠠᠷ ᠵᠦᠢ᠍ᠯ᠄ ᠲᠤᠰ ᠲᠣᠭᠲᠠᠭ᠋ᠠᠯ᠎ᠢ 2025 ᠣᠨ᠎ᠤ 1 ᠳ᠋ᠤᠬᠡᠷ ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠦᠨ᠎ᠡ᠃ ᠲᠤᠰ ᠲᠣᠭᠲᠠᠭ᠋ᠠᠯ᠎ᠢ ᠬᠡᠷᠡᠭᠵᠢᠭᠦᠯᠬᠦ᠎ᠠᠴᠠ ᠡᠮᠦᠨ᠎ᠡ ᠨᠢᠭᠡᠨᠲᠡ ᠳᠠᠩᠰᠠᠯᠠᠭᠤᠯᠤᠭᠰᠠᠨ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ᠎ᠳᠤ᠂ ᠲᠤᠰ ᠲᠣᠭᠲᠠᠭ᠋ᠠᠯ᠎ᠢ ᠬᠡᠷᠡᠭᠵᠢᠭᠦᠯᠦᠭᠰᠡᠨ ᠡᠳᠦᠷ᠎ᠠᠴᠠ 2 ᠵᠢᠯ᠎ᠤᠨ ᠰᠢᠯᠵᠢᠯᠲᠡ ᠵᠢᠨ ᠬᠤᠭᠤᠴᠠᠭ᠎ᠠ ᠭᠠᠷᠭ᠋ᠠᠨ᠎ᠠ᠂ ᠰᠢᠯᠵᠢᠯᠲᠡ ᠵᠢᠨ ᠬᠤᠭᠤᠴᠠᠭ᠋ᠠᠨ ᠳ᠋ᠹᠬᠢ ᠣᠨ᠎ᠤ ᠵᠠᠷᠤᠯᠭ᠎ᠠ ᠪᠠ ᠬᠠᠮᠢᠶᠠᠷᠤᠯᠲᠠ ᠵᠢᠨ ᠵᠠᠷᠤᠳᠠᠯ᠎ᠢ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠪᠢᠴᠢᠭ ᠮᠠᠲ᠋ᠧᠷᠢᠶᠠᠯ᠎ᠤᠨ ᠪᠣᠯᠵᠣᠯ ᠶᠣᠰᠣᠭ᠋ᠠᠷ ᠭᠦᠢ᠍ᠴᠡᠳᠬᠡᠵᠦ ᠪᠣᠯᠣᠨ᠎ᠠ᠂ ᠰᠢᠯᠵᠢᠯᠲᠡ ᠵᠢᠨ ᠬᠤᠭᠤᠴᠠᠭ᠎ᠠ ᠳᠦᠭᠦᠷᠦᠭᠰᠡᠨ᠎ᠤ ᠲᠠᠷᠠᠭ᠎ᠠ ᠲᠤᠰ ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠬᠡᠷᠡᠭᠲᠡᠢ᠃