ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶᠢ ᠰᠣᠷᠥᠯᠴᠡᠨ ᠤᠬᠠᠭᠤᠯᠵᠤ ᠲᠤᠭᠤᠰᠢᠯᠠᠭᠤᠯᠤᠶ᠎ᠠ
ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ ᠦ᠋ ᠶᠠ ᠴᠢᠨ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠴᠦ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠲᠤ ᠦᠢ᠍ᠯᠡᠴᠢᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2025-02-28

    ᠦ᠋ ᠶᠠ ᠴᠢᠨ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ᠂ ᠬᠢᠷᠢᠨ ᠮᠤᠵᠢ ᠵᠢᠨ ᠴᠠᠩᠴᠦ᠋ᠨ ᠬᠤᠳᠠ ᠵᠢᠨ ᠺᠦᠦᠠᠨᠴᠸᠩ ᠲᠣᠭᠣᠷᠢᠭ᠎ᠤᠨ ᠲᠤᠸᠠᠨ ᠱᠠᠨ ᠵᠡᠭᠡᠯᠢ ᠵᠢᠨ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠴᠠᠩ ᠱᠠᠨ ᠬᠤᠸᠨ ᠶᠤᠸᠠᠨ ᠨᠡᠢ᠌ᠭᠡᠮ ᠲᠣᠭᠣᠷᠢᠭ᠎ᠤᠨ ᠨᠠᠮ᠎ᠤᠨ ᠬᠣᠷᠢᠶᠠᠨ᠎ᠤ ᠨᠢᠭᠡᠳᠦᠭᠡᠷ ᠱᠦᠵᠢ ᠪᠣᠯᠣᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ ᠲᠡᠭᠦᠰᠦᠭᠰᠡᠨ᠎ᠤ ᠲᠠᠷᠠᠭ᠎ᠠ ᠲᠡᠷᠡ ᠨᠡᠢ᠌ᠭᠡᠮ ᠲᠣᠭᠣᠷᠢᠭ᠎ᠲᠤ᠎ᠪᠠᠨ ᠪᠤᠴᠡᠡᠭᠭᠤᠳᠠ ᠬᠤᠷᠠᠯ᠎ᠤᠨ ᠵᠣᠷᠢᠭ ᠰᠠᠨᠠᠭ᠎ᠠ ᠵᠢ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠳᠤ ᠤᠯᠠᠮᠵᠢᠯᠠᠪᠠ᠃

19762.gif


Https://www.mca.gov.cn/n157/n1052/c166200499999980001606/part/19762.gif
  

     ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠳᠤᠷᠠᠳᠤᠭᠰᠠᠨ ᠦᠨᠳᠦᠰᠦᠨ ᠱᠠᠲᠤᠨ᠎ᠤ ᠠᠷᠠᠳᠴᠢᠯᠠᠯ᠎ᠢ ᠢᠳᠡᠪᠬᠢᠲᠡᠢ ᠬᠥᠭᠵᠢᠭᠦᠯᠬᠦ᠂ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠡᠷᠭᠡ ᠨᠡᠢ᠌ᠭᠡᠮ ᠲᠣᠭᠣᠷᠢᠭ᠎ᠲᠠᠢ ᠨᠢᠭᠲᠠ ᠬᠣᠯᠪᠣᠭ᠎ᠠ᠎ᠲᠠᠢ ᠠᠭᠤᠯᠭ᠎ᠠ᠎ᠳᠤ ᠴᠢᠭᠯᠡᠭᠦᠯᠦᠨ ᠦ᠋ ᠶᠠ ᠴᠢᠨ ᠨᠡᠢ᠌ᠭᠡᠮ ᠲᠣᠭᠣᠷᠢᠭ᠎ᠤᠨ ᠠᠵᠢᠯᠲᠠᠨ᠎ᠢ ᠳᠠᠭ᠋ᠠᠭᠤᠯᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠠᠵᠢᠯ ᠵᠶ᠋ᠠᠨ ᠨᠠᠷᠢᠯᠢᠭ ᠨᠠᠢ᠌ᠳᠠᠪᠤᠷᠢᠵᠢᠭᠤᠯᠪᠠ᠃ ᠤᠷᠴᠢᠮ᠎ᠳᠤ ᠲᠡᠳᠡ ᠤᠯᠠᠨ ᠤᠯᠠᠨ ᠰᠠᠭᠤᠭ᠋ᠠᠯᠢ ᠠᠷᠠᠳ᠎ᠤᠨ ᠭᠡᠷ᠎ᠲᠤ ᠭᠦᠨᠵᠡᠭᠡᠢ᠌ᠷᠡᠵᠦ ᠲᠡᠳᠡᠨ᠎ᠤ ᠠᠮᠢᠳᠤᠷᠠᠯ᠎ᠤᠨ ᠲᠤᠮᠳᠠᠬᠢ ᠪᠣᠳᠠᠲᠠᠢ ᠠᠰᠠᠭᠤᠳᠠᠯ᠎ᠢ ᠰᠢᠢ᠍ᠳᠪᠤᠷᠢᠯᠡᠵᠤ ᠦᠭᠭᠦᠭᠰᠡᠨ ᠪᠠᠢ᠌ᠨ᠎ᠠ᠃

19763.gif


 Https://www.mca.gov.cn/n157/n1052/c166200499999980001606/part/19763.gif
    

    ᠴᠠᠩ ᠱᠠᠨ ᠬᠤᠸᠨ ᠶᠤᠸᠠᠨ ᠨᠡᠢ᠌ᠭᠡᠮ ᠲᠣᠭᠣᠷᠢᠭ᠎ᠤᠨ᠎ᠬᠢᠨ ᠤᠷᠴᠢᠮ᠎ᠤᠨ ᠵᠢᠯ ᠨᠠᠰᠤᠵᠢᠯ᠎ᠤᠨ ᠠᠰᠠᠷᠠᠮᠵᠢ ᠵᠢᠨ ᠵᠠᠭᠪᠤᠷ᠎ᠢ ᠲᠠᠰᠤᠷᠠᠯᠳᠡ ᠦᠭᠡᠢ ᠰᠦᠪᠡᠭᠴᠢᠯᠡᠵᠦ᠂ ᠡᠮᠴᠢᠯᠡᠭᠡ ᠰᠤᠪᠢᠯᠠᠯᠲᠠ᠂ ᠠᠮᠢᠳᠤᠷᠠᠯ ᠵᠡᠷᠭᠡ ᠲᠠᠯ᠎ᠠ᠎ᠪᠠᠷ ᠨᠠᠰᠤᠲᠠᠢ᠌ᠴᠤᠳ᠎ᠲᠤ ᠦᠢ᠍ᠯᠡᠴᠢᠯᠡᠭᠡ ᠬᠠᠩᠭ᠋ᠠᠵᠤ ᠪᠤᠢ᠃ ᠵᠢᠱ᠌ᠢᠶᠡᠯᠡᠪᠡᠯ᠂ ᠨᠡᠢ᠌ᠭᠡᠮ ᠲᠣᠭᠣᠷᠢᠭ᠎ᠲᠤ 《ᠨᠠᠰᠤᠳᠠᠢ᠌ᠴᠤᠳ᠎ᠤᠨ ᠬᠣᠭᠣᠯᠠᠨ ᠭᠡᠷ》 ᠭᠠᠷᠭ᠋ᠠᠵᠤ ᠨᠠᠰᠤᠲᠠᠢ᠌ᠴᠤᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠬᠣᠭᠣᠯᠠ ᠤᠮᠳᠠ ᠬᠠᠡᠭᠭ᠋ᠠᠬᠰᠠᠨ ᠪᠦᠬᠡᠳ ᠠᠰᠠᠷ᠎ᠠᠴᠠ ᠪᠠᠭᠤᠵᠤ ᠲᠡᠢ᠌ᠯᠬᠦ ᠦᠬᠡᠢ ᠨᠠᠰᠤᠳᠠᠢ᠌ᠴᠤᠳ᠎ᠲᠤ ᠨᠡᠢ᠌ᠭᠡᠮ ᠲᠣᠭᠣᠷᠢᠭ᠎ᠤᠨ ᠠᠵᠢᠯᠲᠠᠳ ᠬᠣᠭᠣᠯᠠ ᠪᠤᠳᠠᠭ᠎ᠠ᠎ᠪᠠᠨ ᠭᠡᠷ᠎ᠲᠤ᠎ᠨᠢ ᠬᠦᠷᠭᠡᠵᠦ ᠥᠭᠲᠡᠭ᠃ ᠪᠠᠰᠨ ᠨᠡᠢ᠌ᠭᠡᠮ ᠲᠣᠭᠣᠷᠢᠭ᠎ᠲᠤ ᠡᠷᠡᠭᠦᠯ ᠬᠠᠮᠠᠭ᠋ᠠᠯᠠᠯ᠎ᠤᠨ ᠭᠠᠵᠠᠷ ᠪᠠᠢ᠌ᠭᠤᠯᠵᠤ᠂ ᠨᠠᠰᠤᠲᠠᠢ᠌ᠴᠤᠳ᠎ᠢ ᠠᠰᠠᠷ᠎ᠠᠴᠠ ᠪᠠᠭᠤᠯᠭ᠋ᠠᠪᠠᠯ ᠴᠢᠰᠤᠨ ᠳᠠᠷᠤᠯᠲᠠ ᠵᠢ ᠬᠡᠮᠵᠢᠬᠦ᠂ ᠴᠢᠰᠤᠨ ᠰᠢᠬᠢᠷ᠎ᠢ ᠬᠡᠮᠵᠢᠬᠦ᠂ ᠡᠩ᠎ᠤᠨ ᠦᠨ᠎ᠡ ᠵᠢᠨ ᠡᠮ ᠠᠪᠴᠤ ᠪᠤᠯᠬᠤ ᠪᠠᠢ᠌ᠯ᠎ᠠ᠃


19764.gif



Https://www.mca.gov.cn/n157/n1052/c166200499999980001606/part/19764.gif
   

   ᠦ᠋ ᠶᠠ ᠴᠢᠨ᠄ 《ᠪᠢᠳᠡ ᠬᠦᠴᠢᠷ ᠠᠰᠠᠭᠤᠳᠠᠯ᠎ᠳᠤ ᠲᠤᠯᠭ᠋ᠠᠷᠠᠬᠤ ᠦᠶ᠎ᠡ᠎ᠳᠤ ᠬᠠᠮᠤᠭ᠎ᠤᠨ ᠰᠢᠨᠵᠢᠯᠡᠬᠦ ᠤᠬᠠᠭ᠋ᠠᠨᠴᠢ ᠠᠷᠭ᠎ᠠ᠂ ᠰᠠᠭᠤᠭ᠋ᠠᠯᠢ ᠠᠷᠠᠳ᠎ᠤᠨ ᠬᠦᠰᠡᠯ ᠰᠠᠨᠠᠭ᠎ᠠ᠎ᠳᠤ ᠬᠠᠮᠤᠭ᠎ᠠᠴᠠ ᠢᠯᠡᠭᠦᠦ ᠨᠡᠢ᠌ᠴᠡᠬᠦ ᠵᠠᠷᠢᠮ ᠠᠷᠭ᠎ᠠ ᠪᠣᠯ ᠮᠠᠨ᠎ᠤ ᠰᠢᠨ᠎ᠡ ᠡᠬᠦᠳᠤᠯᠳᠡ》 ᠭᠡᠵᠡᠢ᠃

  
 Https://www.mca.gov.cn/n157/n1052/c166200499999980001606/part/19765.gif

Https://www.mca.gov.cn/n157/n1052/c166200499999980001606/part/19766.





    


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠣᠷᠢᠳᠤᠭ᠋ᠠᠷ ᠶᠡᠬᠡ ᠬᠤᠷᠠᠯ᠎ᠤᠨ ᠲᠥᠯᠥᠭᠡᠯᠡᠭᠴᠢ ᠵᠢᠨ ᠵᠢᠪᠬᠤᠭ᠎ᠠ᠄ 《ᠪᠢ ᠪᠣᠯ 〈ᠵᠢᠶᠦ᠋ᠨ ᠮᠧᠨ〉 ᠨᠡᠢ᠌ᠭᠡᠮ ᠲᠣᠭᠣᠷᠢᠭ᠎ᠤᠨ ᠥᠬᠢᠨ》
ᠱ᠌ᠢ᠎ᠲᠠᠢ ᠹᠸᠡᠭ ᠠᠬᠠᠨᠮᠠᠳ ᠨᠠᠮ᠎ᠤᠨ ᠬᠡᠰᠢᠬᠦᠨ ᠸᠠᠡᠭ ᠵᠠᠨ ᠪᠤᠯᠤᠨ ᠡᠤ ᠬᠠᠨ ᠳ᠋ᠢᠡᠭ᠎ᠢ ᠪᠤᠯᠭᠤᠭ᠋ᠠᠨ ᠦᠵᠡᠵᠤ ᠲᠤᠬᠤᠨᠢᠭᠤᠯᠪᠠ
ᠪᠦ᠋ ᠰᠢᠶᠤᠤ ᠯᠢᠨ ᠠᠬᠠᠮᠠᠳ ᠨᠠᠮ᠎ᠤᠨ ᠬᠡᠰᠢᠬᠦᠨ ᠶᠦᠨ ᠵᠤᠤ ᠭᠤᠸᠠᠡᠭ ᠪᠤᠯᠤᠨ ᠰᠢᠡᠭ ᠴᠢ ᠵᠢ ᠪᠤᠯᠭᠤᠭ᠋ᠠᠨ ᠦᠵᠡᠵᠤ ᠲᠤᠬᠤᠨᠢᠭᠤᠯᠪᠠ
ᠯᠢᠨ ᠱᠤᠤ ᠴᠦᠨ ᠬᠦᠬᠡᠬᠤᠳᠠ᠎ᠳᠤ ᠨᠠᠮ᠎ᠤᠨ ᠬᠡᠰᠢᠬᠦᠳ᠎ᠢ ᠪᠤᠯᠭᠤᠭ᠋ᠠᠨ ᠲᠤᠬᠤᠨᠢᠭᠤᠯᠬᠤ᠎ᠳᠤ᠎ᠪᠠᠨ ᠴᠢᠬᠤᠯᠠᠴᠢᠯᠠᠬᠰᠠᠨ᠎ᠨᠢ᠂ ᠠᠬᠠᠮᠠᠳ ᠨᠠᠮ᠎ᠤᠨ ᠬᠡᠰᠢᠬᠦᠨ᠂ ᠰᠢᠯᠢᠳᠡᠭ ᠨᠠᠮ᠎ᠤᠨ ᠬᠡᠰᠢᠬᠦᠨ᠎ᠠᠴᠠ ᠰᠤᠷᠤᠯᠴᠠᠵᠤ ᠬᠦᠨᠳᠤᠳᠬᠡᠵᠤ ᠬᠠᠯᠠᠮᠵᠢᠯᠠᠨ᠂ ᠨᠠᠮ᠎ᠤᠨ ᠦᠡᠭᠭᠡ ᠬᠡᠷᠡᠯᠳᠤ ᠤᠳᠤᠮᠰᠢᠯ ᠪᠠ ᠵᠤᠷᠢᠭ ᠰᠠᠨᠠᠭ᠋ᠠᠨ᠎ᠤ ᠴᠠᠳᠢᠭ᠎ᠢ ᠤᠯᠠᠮᠵᠢᠯᠠᠨ ᠪᠠᠳᠠᠷᠠᠭᠤᠯᠬᠤ ᠬᠡᠷᠡᠭᠳᠡᠢ
ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ ᠨᠠᠮ᠎ᠤᠨ ᠤᠳᠤᠷᠢᠳᠬᠤ ᠲᠤᠭᠤᠢ᠌ᠯᠠᠡᠭ᠎ᠤᠨ ᠤᠨᠤᠯ᠎ᠤᠨ ᠰᠤᠷᠤᠯᠴᠠᠯᠭ᠎ᠠ ᠵᠢᠨ ᠲᠦᠪ᠎ᠤᠨ 2021 ᠤᠨ᠎ᠤ ᠲᠤᠯᠤᠳᠠᠬᠢ ᠤᠳᠠᠭ᠋ᠠᠨ᠎ᠤ ᠬᠠᠮᠳᠤ ᠵᠢᠨ ᠰᠤᠷᠤᠯᠴᠠᠯᠭ᠎ᠠ ᠵᠢᠨ ᠬᠤᠷᠠᠯ ᠪᠤᠯᠤᠨ ᠨᠠᠮ᠎ᠤᠨ ᠲᠡᠤᠬᠡ ᠵᠢᠨ ᠰᠤᠷᠤᠯᠴᠠᠯᠭ᠎ᠠ ᠬᠦᠮᠤᠵᠢᠯ᠎ᠤᠨ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ
 
            