ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ᠎ᠬᠢᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠬᠦ ᠵᠢᠨ ᠲᠣᠭᠣᠷᠢᠨ᠎ᠳᠤ ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2025-06-16

   ᠠᠷᠠᠳ᠎ᠤᠨ ᠶᠠᠪᠤᠳᠠᠯ᠎ᠤᠨ ᠶᠠᠮᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ᠎ᠤᠨ᠎ᠬᠢᠨ 6 ᠳ᠋ᠤᠭ᠋ᠠᠷ ᠰᠠᠷ᠎ᠠ ᠵᠢᠨ 11᠎ᠤ ᠦᠳᠡ ᠵᠢᠨ ᠡᠮᠦᠨ᠎ᠡ  ᠰᠤᠷᠤᠯᠴᠠᠬᠤ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ ᠪᠠ ᠬᠡᠷᠡᠭᠵᠢᠭᠦᠯᠬᠦ ᠨᠠᠷᠢᠨ ᠳᠦᠷᠢᠮ ᠵᠡᠷᠭᠡ ᠬᠠᠤᠯᠢ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠳᠠᠬᠢ ᠲᠣᠭᠲᠠᠭ᠋ᠠᠯ᠎ᠠᠴᠠ ᠵᠥᠷᠢᠴᠡᠨ ᠢᠳᠡᠵᠦ ᠦᠦᠭᠤᠬᠤ ᠵᠢ ᠬᠤᠷᠢᠬᠯᠠᠬᠤ ᠲᠤᠬᠠᠢ ᠲᠣᠭᠲᠠᠭ᠋ᠠᠯ ᠱᠠᠭ᠋ᠠᠷᠳᠠᠯᠭ᠎ᠠ ᠵᠢ ᠲᠤᠰᠬᠠᠢ ᠰᠡᠳᠦᠪ ᠵᠶ᠋ᠡᠷ ᠰᠤᠷᠤᠯᠴᠠᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠦᠦᠭᠤᠬᠤ ᠵᠢ ᠴᠢᠩᠭ᠎ᠠ ᠴᠡᠭᠴᠡᠯᠡᠬᠦ ᠲᠤᠬᠠᠢ ᠰᠤᠳᠤᠯᠤᠨ ᠶᠠᠷᠢᠯᠴᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠠᠵᠢᠯ᠎ᠢ ᠠᠬᠢᠭᠤᠯᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ᠎ᠢ ᠡᠷᠬᠢᠯᠡᠯ᠎ᠡ᠃
    ᠬᠤᠷᠠᠯ  ᠲᠡᠬᠡᠷ᠎ᠡ᠄ 《ᠲᠥᠪ᠎ᠠᠴᠠ ᠾᠧᠨᠠᠨ᠎ᠤ ᠯᠦᠸᠸᠱ᠌ᠠᠨ ᠰᠢᠶᠠᠨ᠂ ᠬᠤᠪᠧᠢ ᠵᠢᠨ ᠬᠤᠸᠠᠡᠭᠮᠸᠢ ᠰᠢᠶᠠᠨ᠂ ᠠᠨᠾᠦ᠋ᠢ ᠵᠢᠨ ᠰᠦᠰᠦ᠋ᠡᠭ ᠰᠢᠶᠠᠨ᠎ᠤ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠭᠰᠠᠨ 3 ᠨᠡᠢ᠌ᠲᠡᠯᠢᠭ ᠬᠡᠷᠡᠭ᠎ᠢ ᠢᠯᠡᠵᠢᠬᠦᠯᠤᠨ  ᠲᠥᠪᠯᠡᠷᠡᠭᠦᠯᠦᠨ ᠴᠡᠭᠴᠡᠯᠡᠬᠦ ᠠᠵᠢᠯ᠎ᠢ ᠪᠠᠢ᠌ᠷᠢᠯᠠᠭᠤᠯᠤᠨ ᠦᠷᠨᠢᠬᠦᠯᠦᠭᠰᠡᠨ᠎ᠨᠢ ᠨᠠᠮ᠎ᠤᠨ ᠲᠥᠪ ᠬᠣᠷᠢᠶᠠᠨ᠎ᠤ ᠲᠥᠪ ᠬᠣᠷᠢᠶᠠᠨ᠎ᠤ ᠨᠠᠢ᠍ᠮᠠᠨ  ᠲᠣᠭᠲᠠᠭ᠋ᠠᠯ᠎ᠤᠨ ᠵᠣᠷᠢᠭ ᠰᠠᠨᠠᠭ᠎ᠠ ᠵᠢ  ᠲᠤᠭᠤᠰᠢᠳᠠᠢ ᠨᠠᠢ᠌ᠳᠠᠪᠤᠷᠢᠵᠢᠭᠤᠯᠬᠤ ᠡᠷᠡᠰ ᠵᠣᠷᠢᠭ᠎ᠢ ᠬᠠᠷᠠᠭᠤᠯᠵᠠᠢ᠃ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢᠨ ᠬᠣᠣᠷ ᠬᠦᠨᠤᠬᠡᠯ᠂ ᠤᠵᠢᠭ ᠴᠢᠨᠠᠷ  ᠪᠤᠯᠤᠨ ᠪᠤᠳᠤᠯᠢᠶᠠᠨᠲᠤ ᠴᠢᠨᠠᠷ᠎ᠢ ᠡᠷᠬᠡᠪᠰᠢ ᠭᠦᠨᠵᠡᠭᠡᠢ ᠲᠠᠨᠢᠵᠤ᠂ ᠲᠥᠪᠯᠡᠷᠡᠭᠦᠯᠦᠨ ᠴᠡᠭᠴᠡᠯᠡᠬᠦ ᠪᠣᠯ ᠨᠠᠮ᠎ᠤᠨ ᠲᠦᠷᠦ ᠪᠠᠷᠢᠬᠤ ᠰᠠᠭᠤᠷᠢ ᠵᠢ ᠵᠤᠵᠠᠭ᠋ᠠᠳᠬᠠᠬᠤ᠂ ᠰᠤᠷᠲᠠᠯ᠎ᠤᠨ ᠪᠠᠢ᠌ᠭᠤᠯᠤᠯᠲᠠ ᠵᠢ ᠴᠢᠩᠭ᠎ᠠ ᠠᠳᠬᠤᠬᠤ᠂ ᠵᠠᠰᠠᠭ᠎ᠤᠨ ᠰᠢᠯᠢᠳᠡᠭ ᠰᠤᠷᠲᠠᠯ ᠵᠶ᠋ᠠᠷ ᠨᠡᠢ᠌ᠭᠡᠮ᠎ᠤᠨ ᠰᠤᠷᠲᠠᠯ ᠠᠷᠠᠳ᠎ᠤᠨ ᠰᠤᠷᠲᠠᠯ᠎ᠢ ᠳᠠᠢ᠌ᠴᠢᠯᠠᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠪᠣᠯᠬᠤ ᠵᠢ ᠭᠦᠨᠵᠡᠭᠡᠢ ᠣᠢ᠌ᠯᠠᠭ᠋ᠠᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠬᠦ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢ᠍ᠯᠡ ᠠᠵᠢᠯᠯᠠᠭ᠎ᠠ ᠵᠢᠨ ᠤᠬᠠᠮᠰᠠᠷ᠎ᠢ ᠴᠢᠩᠭ᠋ᠠᠳᠬᠠᠬᠤ ᠬᠡᠷᠡᠭᠲᠡᠢ》 ᠭᠡᠵᠤ ᠴᠢᠬᠤᠯᠠᠴᠢᠯᠠᠪᠠ᠃
    ᠬᠤᠷᠠᠯ ᠲᠡᠬᠡᠷ᠎ᠡ᠄ 《〈ᠨᠢᠬᠡ ᠨᠢᠬᠡᠨ᠎ᠤ᠎ᠪᠠᠨ ᠢᠳᠡᠵᠤ ᠤᠤᠭᠤᠬᠤ〉᠂ 〈ᠳᠣᠣᠷᠠᠳᠤ ᠱᠠᠳᠤᠨ᠎ᠤ᠎ᠬᠢ᠎ᠪᠠᠨ ᠢᠳᠡᠵᠤ ᠤᠤᠭᠤᠬᠤ〉᠂ 〈ᠵᠠᠩᠭᠤᠢ᠌ᠳᠠ ᠵᠢᠨ᠎ᠬᠢ ᠵᠢ ᠢᠳᠡᠵᠤ ᠤᠤᠭᠤᠬᠤ ᠵᠡᠷᠬᠡ 7 ᠭᠣᠣᠯᠳᠠᠯᠭ᠎ᠠ᠎ᠲᠠᠢ ᠡᠭᠦᠷᠭᠡ ᠵᠢ ᠴᠡᠭᠴᠡᠯᠡᠬᠦ ᠵᠢ ᠭᠦᠨᠵᠡᠭᠡᠢ ᠡᠵᠡᠮᠳᠡᠵᠦ᠂ ᠨᠠᠮ᠎ᠤᠨ ᠲᠥᠪ ᠬᠣᠷᠢᠶᠠᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠡᠷᠡᠰ ᠨᠠᠢ᠌ᠳᠠᠪᠤᠷᠢᠵᠢᠭᠤᠯᠬᠤ ᠬᠡᠷᠡᠭᠲᠡᠢ᠃ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ ᠠᠵᠢᠯ᠎ᠤᠨ  ᠬᠠᠷᠢᠯᠴᠠᠭ᠎ᠠ ᠵᠢᠨ ᠠᠵᠢᠯᠯᠠᠭ᠎ᠠ ᠵᠢᠨ ᠵᠠᠭ᠋ᠠᠭ᠎ᠢ ᠵᠥᠪ ᠡᠵᠡᠮᠰᠢᠭᠦᠯᠵᠦ᠂ ᠠᠷᠢᠭᠤᠨ ᠴᠢᠭᠴᠢ ᠨᠥᠬᠥᠳ᠎ᠤᠨ ᠬᠠᠷᠢᠴᠠᠭ᠎ᠠ ᠪᠠ ᠰᠠᠢ᠌ᠨ ᠰᠠᠢ᠌ᠬᠠᠨ ᠤᠯᠤᠰ ᠲᠦᠷᠦ ᠵᠢᠨ ᠠᠮᠢ ᠠᠬᠤᠢ ᠵᠢ ᠪᠤᠢ ᠪᠣᠯᠭ᠋ᠠᠬᠤ ᠬᠡᠷᠡᠭᠲᠡᠢ᠃ 《ᠨᠠᠮ ᠵᠠᠰᠠᠭ᠎ᠤᠨ ᠪᠠᠢ᠌ᠭᠤᠯᠭ᠎ᠠ ᠵᠢᠨ ᠠᠯᠢ ᠴᠢᠳᠠᠬᠤ᠎ᠪᠠᠷ ᠠᠷᠪᠢᠯᠠᠨ ᠭᠠᠮᠨᠠᠵᠤ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠳᠦᠷᠢᠮ》᠎ᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠯᠤᠭ᠎ᠠ ᠤᠶᠠᠯᠳᠤᠭᠤᠯᠤᠨ ᠡᠳ᠋᠎ᠤᠨ ᠶᠠᠪᠤᠳᠠᠯ᠎ᠤᠨ ᠬᠠᠮᠢᠶᠠᠷᠤᠯᠲᠠ᠂ ᠠᠯᠪᠠᠨ ᠶᠠᠪᠤᠳᠠᠯ᠎ᠤᠨ ᠵᠣᠴᠢᠯᠠᠯᠭ᠎ᠠ ᠵᠡᠷᠭᠡ ᠳᠦᠷᠢᠮ᠎ᠢ ᠴᠢᠩᠭ᠎ᠠ ᠬᠡᠷᠡᠭᠵᠢᠭᠦᠯᠦᠨ᠎ᠡ᠃ ᠲᠣᠭᠲᠠᠭ᠋ᠠᠯ᠎ᠠᠴᠠ ᠵᠥᠷᠢᠴᠡᠨ ᠬᠦᠯᠢᠶᠡᠨ ᠠᠪᠴᠤ ᠵᠣᠴᠢᠯᠠᠬᠤ ᠵᠢ ᠤᠬᠠᠮᠰᠠᠷ᠎ᠠᠴᠠ᠎ᠪᠠᠨ ᠡᠰᠡᠷᠭᠦᠴᠡᠨ ᠬᠣᠷᠢᠭᠯᠠᠵᠤ᠂ ᠳᠣᠲᠣᠭ᠋ᠠᠳᠤ ᠵᠢᠨ ᠠᠯᠪᠠᠨ ᠶᠠᠪᠤᠳᠠᠯ᠎ᠤᠨ ᠬᠦᠯᠢᠶᠡᠨ ᠠᠪᠴᠤ ᠵᠤᠴᠢᠯᠠᠬᠤ ᠠᠵᠢᠯ᠎ᠢ ᠬᠠᠮᠢᠶᠠᠷᠤᠯᠳᠠ ᠵᠢ ᠴᠢᠡᠭᠭ᠋ᠠᠳᠬᠠᠨ᠎ᠠ᠃  ᠬᠠᠮᠢᠶᠠᠷᠬᠤ ᠪᠤᠶᠤ ᠦᠢ᠍ᠯᠡᠴᠢᠯᠡᠬᠡ ᠬᠦᠷᠳᠡᠭᠰᠡᠳ᠂ ᠤᠨᠴᠠᠭ᠋ᠠᠢ᠌ᠯᠠᠨ ᠬᠤᠪᠢ ᠵᠢᠨ ᠡᠵᠡᠡᠭᠨᠡᠯᠳᠤ ᠠᠵᠤ ᠠᠬᠤᠢ᠌ᠯᠠᠯ᠎ᠤᠨ ᠡᠵᠡᠨ᠎ᠲᠠᠢ ᠬᠠᠷᠢᠯᠴᠠᠬᠤ᠎ᠳᠤ᠎ᠪᠠᠨ ᠡᠷᠬᠡ ᠲᠤᠰᠢᠶᠠᠯ᠎ᠤᠨ ᠨᠥᠯᠥᠭᠡ᠎ᠪᠠᠨ ᠠᠰᠢᠭᠯᠠᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠴᠢᠩᠭ᠎ᠠ ᠬᠤᠷᠢᠬᠯᠠᠵᠤ᠂ ᠵᠠᠰᠠᠭ᠎ᠤᠨ ᠣᠷᠳᠣᠨ᠎ᠤ᠎ᠬᠢᠨ ᠪᠠ ᠬᠤᠳᠠᠯᠳᠤᠭ᠋ᠠᠴᠢᠨ ᠬᠤᠭᠤᠷᠤᠨᠳᠤ ᠴᠡᠪᠡᠷ ᠲᠤᠳᠤᠨᠤ  ᠬᠠᠷᠢᠴᠠᠭ᠎ᠠ ᠵᠢ ᠪᠤᠢ ᠪᠣᠯᠭ᠋ᠠᠬᠤ ᠬᠡᠷᠡᠭᠲᠡᠢ᠃ ᠣᠨᠴᠠ ᠡᠷᠬᠡ ᠵᠢᠨ ᠦᠵᠡᠯ ᠰᠠᠨᠠᠭ᠎ᠠ ᠵᠢ ᠡᠷᠡᠰ ᠡᠪᠳᠡᠵᠦ᠂ ᠳᠣᠣᠷᠠᠳᠤ ᠱᠠᠲᠤᠨ᠎ᠤ ᠳᠠᠶ᠋ᠢᠯᠠᠯᠭ᠎ᠠ᠎ᠳᠤ ᠰᠠᠭᠤᠬᠤ᠂ ᠵᠠᠷᠤᠳᠠᠯ ᠲᠡᠰᠬᠡᠨ ᠲᠠᠲᠠᠪᠤᠷᠢᠯᠠᠬᠤ ᠵᠡᠷᠭᠡ ᠦᠵᠡᠭᠳᠡᠯ᠎ᠢ ᠡᠷᠡᠰ ᠬᠤᠷᠢᠬᠯᠠᠨ ᠡᠷᠬᠡ᠎ᠪᠠᠨ ᠠᠰᠢᠭᠯᠠᠨ ᠠᠮᠢ᠎ᠪᠠᠨ ᠪᠣᠷᠳᠣᠬᠤ᠂ ᠨᠡᠶ᠋ᠢᠲᠡ ᠵᠢᠨ ᠡᠷᠬᠡ ᠵᠢ ᠬᠤᠪᠢᠨ᠎ᠳᠤ᠎ᠪᠠᠨ ᠬᠡᠷᠡᠭᠯᠡᠬᠦ ᠵᠢ ᠰᠡᠷᠭᠡᠢ᠌ᠯᠡᠨ᠎ᠡ᠃ 〈ᠲᠦᠷᠪᠡᠨ ᠰᠤᠷᠲᠠᠯ〉 ᠎ᠤᠨ ᠠᠰᠠᠭᠤᠳᠠᠯ ᠪᠣᠯᠣᠨ ᠢᠳᠡᠭ ᠢᠳᠡᠭ ᠵᠶ᠋ᠠᠷ ᠲᠠᠳᠠᠵᠤ ᠰᠦᠯᠪᠡᠬᠡ ᠪᠠᠢ᠌ᠭᠤᠯᠬᠤ ᠵᠢ ᠴᠠᠭ ᠢᠮᠠᠭᠲᠠ ᠰᠡᠷᠡᠮᠵᠢᠯᠡᠵᠦ᠂ ᠰᠠᠬᠢᠯᠭ᠎ᠠ ᠪᠠᠲᠤ ᠶᠣᠰᠣ ᠳᠦᠷᠢᠮ᠎ᠤᠨ ᠬᠣᠷᠢᠭ᠎ᠠ ᠵᠢ ᠰᠠᠢ᠌ᠲᠤᠷ ᠰᠠᠬᠢᠬᠤ ᠬᠡᠷᠡᠭᠲᠡᠢ》 ᠬᠡᠯ᠎ᠡ᠃
   ᠬᠤᠷᠠᠯ ᠲᠡᠬᠡᠷ᠎ᠡ᠄ 《ᠡᠯ᠎ᠡ ᠵᠤᠷᠭ᠋ᠠᠨ ᠲᠣᠪᠴᠢᠶ᠎ᠠ᠂ ᠨᠢᠬᠡᠴᠢ ᠵᠢᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ᠎ᠪᠠᠨ ᠡᠭᠦᠷᠭᠡᠯᠡᠵᠦ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠬᠦ ᠠᠵᠢᠯ᠎ᠢ ᠴᠢᠩᠭ᠎ᠠ  ᠪᠦᠬᠡᠳ ᠪᠣᠳᠠᠲᠠᠢ᠎ᠪᠠᠷ ᠠᠳᠬᠤᠬᠤ ᠬᠡᠷᠡᠭᠲᠡᠢ᠃ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠳᠡᠭᠡᠳᠦ ᠱᠠᠳᠤᠨ᠎ᠤ᠎ᠬᠢ᠎ᠨᠢ ᠳᠣᠣᠷᠠᠳᠤ ᠱᠠᠳᠤᠨ᠎ᠤ᠎ᠬᠢ᠎ᠪᠠᠨ ᠳᠠᠭ᠋ᠠᠭᠤᠯᠵᠤ᠂ ᠲᠤᠰᠬᠠᠢ ᠰᠡᠳᠦᠪᠲᠦ ᠰᠤᠷᠤᠯᠴᠠᠯᠭ᠎ᠠ ᠪᠠ ᠰᠡᠷᠡᠮᠵᠢᠯᠡᠭᠦᠯᠬᠦ ᠬᠥᠮᠦᠵᠢᠯ᠎ᠢ ᠥᠷᠨᠢᠭᠦᠯᠵᠦ᠂ ᠺᠠᠳ᠋ᠷ ᠪᠤᠯᠭ᠋ᠠᠨ᠎ᠳᠤ ᠳᠠᠷᠤᠯᠲᠠ ᠥᠭᠬᠦ ᠵᠢ ᠪᠠᠲᠤᠯᠠᠬᠤ ᠬᠡᠷᠡᠭᠲᠡᠢ᠃ ᠪᠠᠢ᠌ᠴᠠᠭ᠋ᠠᠨ ᠥᠭᠡᠷᠡᠴᠢᠯᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠠᠰᠠᠭᠤᠳᠠᠯ᠎ᠤᠨ ᠨᠠᠷᠢᠨ ᠲᠠᠩᠰᠠ ᠵᠢ ᠲᠠᠬᠢᠨ ᠳᠠᠷᠠᠭ᠋ᠠᠯᠠᠨ ᠪᠠᠢ᠌ᠴᠠᠭ᠋ᠠᠵᠤ᠂ ᠲᠠᠬᠢᠨ ᠪᠠᠢ᠌ᠴᠠᠭ᠋ᠠᠨ ᠦᠵᠡᠵᠦ᠂ ᠪᠣᠳᠠᠲᠠᠢ ᠠᠰᠠᠭᠤᠳᠠᠯ᠎ᠢ  ᠬᠦᠨᠳᠡᠬᠦ᠎ᠳᠤ᠎ᠪᠠᠨ ᠳᠠᠷᠤᠢ ᠬᠡᠷᠡᠭᠵᠢᠭᠦᠯᠵᠦ ᠳᠠᠷᠤᠢ ᠥᠭᠡᠷᠡᠴᠢᠯᠡᠵᠦ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭᠵᠢᠭᠦᠯᠬᠦ ᠡᠷᠴᠢᠮ ᠵᠶ᠋ᠡᠨ ᠤᠯᠠᠮ ᠴᠢᠩᠭ᠋ᠠᠷᠠᠭᠤᠯᠵᠤ᠂ ᠲᠣᠭᠣᠷᠢᠨ ᠪᠠᠢ᠌ᠴᠠᠭ᠋ᠠᠵᠤ ᠴᠠᠭᠳᠠᠨ ᠪᠠᠢ᠌ᠴᠠᠭ᠋ᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ᠂ ᠵᠠᠬᠢᠳᠠᠯ ᠰᠣᠷᠪᠤᠯᠵᠢᠯᠠᠭ᠎ᠠ᠎ᠪᠠᠷ  ᠢᠯᠡᠴᠢᠯᠡᠬᠦ ᠵᠡᠷᠭᠡ ᠠᠷᠭ᠎ᠠ ᠵᠢ ᠶᠡᠷᠦᠩᠬᠡᠢ᠌ᠯᠡᠨ ᠬᠡᠷᠡᠭᠯᠡᠵᠦ᠂ ᠰᠦᠪᠡᠭᠴᠢ ᠵᠢ ᠭᠦᠨᠵᠡᠭᠡᠢ ᠠᠭᠤᠳᠠᠯᠤᠨ ᠨᠠᠷᠢᠨ ᠪᠠᠢ᠌ᠴᠠᠭ᠋ᠠᠵᠤ᠂ ᠴᠢᠩᠭ᠎ᠠ ᠪᠥᠭᠡᠳ ᠲᠦᠷᠭᠡᠨ ᠪᠠᠢ᠌ᠴᠠᠭ᠋ᠠᠨ ᠰᠢᠢ᠍ᠳᠪᠦᠷᠢᠯᠡᠵᠦ᠂ ᠬᠦᠴᠦᠷᠬᠡᠭ ᠰᠦᠷ ᠦᠵᠡᠬᠦᠯᠬᠦ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠦᠨᠭᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ ᠵᠢ ᠴᠢᠬᠤᠯᠠᠴᠢᠯᠠᠵᠤ᠂ ᠠᠷᠠᠳ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ ᠣᠨᠴᠠᠯᠢᠭ᠎ᠲᠠᠢ ᠤᠶᠠᠯᠳᠤᠭᠤᠯᠤᠨ ᠬᠥᠮᠥᠨ᠂ ᠵᠣᠭᠣᠰ ᠮᠥᠩᠭᠥ᠂ ᠪᠣᠳᠠᠰ᠎ᠢ ᠬᠠᠮᠢᠶᠠᠷᠬᠤ ᠳᠦᠷᠢᠮ᠎ᠢ ᠤᠯᠠᠮ ᠲᠡᠭᠦᠯᠳᠡᠷᠵᠢᠭᠦᠯᠵᠦ᠂  ᠣᠷᠣᠰᠢᠭᠤᠯᠭ᠎ᠠ᠂ ᠨᠡᠶ᠋ᠢᠲᠡ ᠵᠢᠨ ᠠᠰᠠᠷᠠᠮᠵᠢ᠂ ᠨᠢᠭᠦᠯᠡᠰᠦᠩᠭᠦᠢ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠨᠡᠢ᠌ᠭᠡᠮ᠎ᠤᠨ  ᠲᠤᠰᠠᠯᠠᠮᠵᠢ ᠵᠡᠷᠭᠡ ᠲᠤᠰᠬᠠᠢ  ᠴᠡᠭᠴᠡᠯᠡᠬᠦ ᠠᠵᠢᠯ᠎ᠢ ᠭᠦᠨᠵᠡᠭᠡᠢ ᠠᠬᠢᠭᠤᠯᠵᠤ᠂ 〈ᠲᠦᠷᠪᠡᠨ ᠰᠤᠷᠲᠠᠯ〉᠎ᠢ ᠵᠠᠯᠠᠷᠠᠭᠤᠯᠬᠤ ᠠᠵᠢᠯ᠎ᠢ ᠠᠬᠢᠭᠤᠯᠵᠤ᠂ ᠰᠢᠨ᠎ᠡ ᠰᠤᠷᠲᠠᠯ᠎ᠢ ᠪᠤᠢ ᠪᠣᠯᠭ᠋ᠠᠵᠤ ᠠᠷᠠᠳ᠎ᠤᠨ ᠶᠠᠪᠤᠳᠠᠯ᠎ᠤᠨ ᠦᠨᠳᠦᠰᠦᠨ ᠱᠠᠲᠤᠨ᠎ᠤ  ᠡᠮᠦᠨ᠎ᠡ ᠹᠷᠣᠨᠲ ᠲᠡᠢ᠌ᠰᠢ ᠥᠷᠭᠡᠳᠬᠡᠬᠦ ᠬᠡᠷᠡᠭᠲᠡᠢ》 ᠭᠡᠵᠤ ᠱᠠᠭ᠋ᠠᠷᠳᠠᠵᠠᠢ᠃
     ᠬᠤᠷᠠᠯ ᠳᠡᠭᠡᠷ᠎ᠡ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠪᠣᠯᠣᠨ ᠬᠡᠰᠡᠭ ᠵᠤᠷᠭ᠋ᠠᠨ (ᠲᠣᠪᠴᠢᠶ᠎ᠠ)᠎ᠤ ᠬᠠᠷᠢᠭᠤᠴᠠᠯᠭ᠋ᠠᠲᠠᠨ ᠨᠥᠬᠥᠳ ᠰᠤᠷᠤᠯᠴᠠᠭᠰᠠᠨ ᠲᠥᠷᠥᠭᠳᠡᠯ ᠵᠶ᠋ᠡᠨ ᠰᠣᠯᠢᠯᠴᠠᠪᠠ᠃ ᠠᠷᠠᠳ᠎ᠤᠨ ᠶᠠᠪᠤᠳᠠᠯ᠎ᠤᠨ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠂ ᠡᠯ᠎ᠡ ᠵᠤᠷᠭ᠋ᠠᠨ (ᠲᠣᠪᠴᠢᠶ᠎ᠠ)᠎ᠤ ᠭᠣᠣᠯ ᠬᠠᠷᠢᠭᠤᠴᠠᠯᠭ᠋ᠠᠲᠠᠨ᠂ ᠶᠠᠮᠤᠨ᠎ᠤ ᠲᠣᠭᠣᠷᠢᠨ ᠪᠠᠢ᠌ᠴᠠᠭ᠋ᠠᠬᠤ ᠠᠯᠪᠠᠨ ᠭᠡᠷ᠎ᠤᠨ ᠬᠠᠷᠢᠭᠤᠴᠠᠯᠭ᠋ᠠᠲᠠᠨ᠂ ᠳᠤᠮᠳᠠᠳᠤ ᠤᠯᠤᠰ᠎ᠤᠨ ᠨᠠᠰᠤᠲᠠᠢ᠌ᠴᠤᠳ᠎ᠤᠨ ᠨᠡᠢ᠌ᠭᠡᠮᠯᠢᠭ᠎ᠤᠨ ᠬᠠᠷᠢᠭᠤᠴᠠᠯᠭ᠋ᠠᠲᠠᠨ᠂ ᠡᠯ᠎ᠡ ᠰᠢᠭᠤᠳ ᠬᠠᠷᠢᠶ᠎ᠠ ᠨᠢᠬᠡᠴᠢ ᠵᠢᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.13
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.16
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.6
ᠠᠷᠠᠳ᠎ᠤᠨ ᠶᠠᠪᠤᠳᠠᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ ᠮᠠᠨ᠎ᠤ ᠤᠷᠤᠨ᠎ᠳᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠲᠦᠯᠦᠪᠵᠢᠬᠦᠯᠬᠡ ᠵᠢ ᠨᠠᠢ᠌ᠷᠠᠭᠤᠯᠤᠬᠰᠠᠨ ᠪᠠᠢ᠌ᠳᠠᠯ᠎ᠢ ᠪᠠᠢ᠌ᠴᠠᠭ᠋ᠠᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.8
 
            