ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.17
ᠨᠡᠶᠢᠲᠡᠯᠡᠭᠰᠡᠨ ᠴᠠᠭ᠄ 2025-06-17

ᠨᠡᠢ᠌ᠭᠡᠮ᠎ᠤᠨ ᠲᠤᠰᠠᠯᠠᠮᠵᠢ


    ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 2025 ᠣᠨ᠎ᠤ ᠨᠡᠢ᠌ᠭᠡᠮ᠎ᠤᠨ ᠲᠤᠰᠠᠯᠠᠮᠵᠢ ᠵᠢᠨ᠎ᠬᠢᠨ᠎ᠤ ᠲᠤᠬᠠᠢ᠌ᠯᠠᠭᠰᠠᠨ ᠠᠵᠢᠯ᠎ᠤᠨ ᠰᠦᠯᠵᠢᠶᠡᠨ ᠳᠡᠭᠡᠷᠡᠬᠢ ᠪᠣᠯᠪᠠᠰᠤᠷᠠᠯ ᠡᠷᠭᠢᠯᠡᠵᠦ᠂ ᠭᠠᠵᠠᠷ ᠣᠷᠣᠨ᠎ᠤ ᠬᠢᠵᠠᠭ᠋ᠠᠷᠯᠠᠯ᠎ᠢ ᠡᠪᠳᠡᠵᠦ᠂ ᠰᠢᠩᠭᠡᠭᠡᠯᠲᠡ ᠨᠡᠪᠳᠡᠷᠡᠬᠦᠯᠬᠦ᠂ ᠬᠢᠴᠢᠶᠡᠯ᠎ᠤᠨ ᠬᠡᠷᠡᠭᠰᠡᠯ᠎ᠢ ᠬᠠᠮᠲᠤ᠎ᠪᠠᠷ ᠡᠳ᠋ᠯᠡᠬᠦ ᠵᠡᠷᠭᠡ ᠴᠢᠳᠠᠮᠵᠢ᠎ᠪᠠᠷ ᠳᠠᠮᠵᠢᠭᠤᠯᠤᠨ ᠴᠠᠭ ᠲᠤᠬᠠᠢ᠎ᠳᠤ᠎ᠨᠢ ᠰᠤᠷᠤᠯᠴᠠᠭᠤᠯᠤᠬᠰᠠᠨ ᠪᠠᠢ᠌ᠨ᠎ᠠ᠃ ᠪᠣᠯᠪᠠᠰᠤᠷᠠᠯ ᠲᠡᠬᠡᠷ᠎ᠡ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠨᠠᠷᠢᠨ ᠲᠠᠢ᠌ᠯᠪᠤᠷᠢᠯᠠᠵᠤ᠂ ᠦᠨᠳᠦᠰᠦᠨ ᠱᠠᠲᠤᠨ᠎ᠤ ᠠᠰᠠᠭᠤᠳᠠᠯ᠎ᠳᠤ ᠵᠠᠳᠠᠯᠤᠯᠲᠠ ᠬᠢᠵᠦ᠂ ᠰᠢᠢ᠍ᠳᠪᠦᠷᠢᠯᠡᠬᠦ ᠶᠠᠪᠤᠴᠠ ᠵᠢ ᠵᠢᠷᠤᠮᠵᠢᠭᠤᠯᠤᠬᠰᠠᠨ᠎ᠤ ᠬᠠᠮᠲᠤ ᠲᠣᠰ ᠪᠣᠯᠪᠠᠰᠤᠷᠠᠯ ᠵᠶ᠋ᠠᠷ ᠡᠬᠢᠯᠡᠯᠲᠡ ᠪᠣᠯᠭ᠋ᠠᠨ 《ᠰᠦᠯᠵᠢᠶᠡᠨ ᠳᠡᠭᠡᠷᠡᠬᠢ ᠮᠥᠷᠳᠡᠯᠲᠡ + ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠬᠤ》 ᠪᠥᠬᠥ  ᠶᠠᠪᠤᠴᠨ᠎ᠪᠠᠷ ᠳᠡᠭᠡᠭᠰᠢᠯᠡᠭᠦᠯᠬᠦ ᠰᠢᠰᠲ᠋ᠧᠮ᠎ᠢ ᠪᠣᠶ ᠪᠣᠯᠭ᠋ᠠᠵᠤ᠂ ᠬᠦᠴᠢᠷᠳᠡᠯᠲᠡᠢ ᠣᠯᠠᠨ ᠲᠦᠮᠡᠨ᠎ᠤ ᠪᠠᠲᠤᠯᠠᠭ᠎ᠠ ᠵᠢ ᠴᠢᠡᠭᠭ᠋ᠠᠳᠬᠠᠪᠠ᠃ ᠬᠦᠯᠤᠨ ᠪᠤᠢ᠌ᠷ ᠬᠣᠲᠠ ᠵᠢᠨ ᠨᠡᠢ᠌ᠭᠡᠮ᠎ᠤᠨ  ᠲᠤᠰᠠᠯᠠᠮᠵᠢ ᠵᠢᠨ ᠠᠵᠢᠯ᠎ᠢ ᠡᠷᠭᠢᠯᠡᠨ ᠬᠢᠭᠴᠢ 1300 ᠭᠠᠷᠤᠢ ᠠᠵᠢᠯᠲᠠᠨ ᠪᠣᠯᠪᠠᠰᠤᠷᠠᠯ᠎ᠳᠤ ᠣᠷᠣᠯᠴᠠᠵᠠᠢ᠃


ᠨᠡᠢ᠌ᠭᠡᠮ᠎ᠤᠨ ᠶᠠᠪᠤᠳᠠᠯ


    ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠯᠠᠭ᠋ᠠᠨᠴᠠᠪ ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ᠂  ᠤᠯᠠᠭ᠋ᠠᠨᠴᠠᠪ ᠬᠣᠲᠠ ᠵᠢᠨ ᠡᠷᠡᠭᠦᠯ ᠬᠠᠮᠠᠭ᠋ᠠᠯᠠᠯ᠂  ᠤᠯᠠᠭ᠋ᠠᠨᠴᠠᠪ ᠬᠣᠲᠠ ᠵᠢᠨ ᠬᠣᠲᠠ ᠵᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠲᠡᠨᠤᠬᠦᠴᠢᠯᠡᠨ ᠭᠤᠢ᠌ᠷᠠᠨᠴᠢᠯᠠᠬᠰᠠᠳ᠎ᠢ ᠵᠡᠭᠡᠯᠢ ᠭᠤᠳᠤᠮᠵᠢ᠎ᠪᠠᠷ ᠲᠣᠭᠣᠷᠢᠨ ᠪᠠᠢ᠌ᠴᠠᠭ᠋ᠠᠵᠤ ᠲᠤᠰᠠᠯᠠᠬᠤ ᠬᠠᠮᠵᠢᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ 《ᠵᠣᠨ᠎ᠤ ᠬᠠᠯᠠᠭᠤᠨ᠎ᠳᠤ ᠰᠡᠷᠢᠬᠦᠨ ᠲᠠᠭ᠋ᠠᠯᠠᠮᠵᠢᠳᠠᠢ ᠪᠤᠯᠭ᠋ᠠᠬᠤ 》 《ᠡᠪᠦᠯ᠎ᠤᠨ ᠬᠦᠢ᠍ᠳᠡᠨ᠎ᠳᠤ ᠬᠠᠯᠠᠭᠤᠨ ᠲᠤᠯᠠᠭ᠋ᠠᠬᠠᠨ ᠪᠠᠢ᠌ᠯᠭ᠋ᠠᠬᠤ》 ᠵᠡᠷᠭᠡ ᠲᠣᠭᠣᠷᠢᠨ ᠪᠠᠢ᠌ᠴᠠᠭ᠋ᠠᠵᠤ ᠲᠤᠰᠠᠯᠠᠬᠤ ᠠᠵᠢᠯᠯᠠᠭ᠎ᠠ ᠵᠢ ᠥᠷᠨᠢᠭᠦᠯᠵᠦ᠂ ᠲᠡᠷᠭᠡᠨ ᠥᠷᠲᠡᠭᠡ᠂ ᠴᠡᠴᠡᠷᠯᠢᠭ ᠵᠡᠷᠭᠡ ᠲᠡᠨᠤᠬᠦᠴᠢᠯᠡᠨ ᠭᠤᠢ᠌ᠷᠠᠨᠴᠢᠯᠠᠬᠰᠠᠳ ᠲᠥᠪᠯᠡᠷᠡᠭᠰᠡᠨ ᠭᠠᠵᠠᠷ ᠣᠷᠣᠨ᠎ᠳᠤ ᠭᠣᠣᠯᠳᠠᠯᠭ᠎ᠠ᠎ᠲᠠᠢ᠎ᠪᠠᠷ ᠲᠣᠭᠣᠷᠢᠨ ᠪᠠᠢ᠌ᠴᠠᠭ᠋ᠠᠬᠰᠠᠨ᠎ᠤ ᠬᠠᠮᠲᠤ ᠨᠤᠲᠤᠭ᠎ᠲᠤ᠎ᠪᠠᠨ ᠪᠤᠴᠠᠭᠰᠠᠳ᠎ᠤᠨ ᠮᠡᠳᠡᠭᠡ ᠵᠠᠩᠭᠢ ᠵᠢᠨ ᠡᠬᠡ ᠲᠠᠩᠰᠠ ᠪᠠ ᠭᠣᠣᠯᠳᠠᠯᠭ᠎ᠠ᠎ᠲᠠᠢ ᠲᠡᠨᠤᠬᠦᠴᠢᠯᠡᠭᠰᠡᠳ᠎ᠤᠨ ᠮᠡᠳᠡᠭᠡ ᠵᠠᠩᠭᠢ ᠵᠢᠨ ᠬᠥᠮᠥᠷᠭᠡ ᠵᠢ ᠪᠠᠢ᠌ᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠠᠷᠢᠭᠤ ᠰᠤᠷᠪᠤᠯᠵᠢᠯᠠᠬᠤ᠂ ᠲᠥᠷᠥ ᠵᠢᠨ ᠪᠣᠳᠣᠯᠭ᠎ᠠ᠎ᠪᠠᠷ ᠲᠡᠳᠬᠦᠬᠦ ᠵᠡᠷᠭᠡ ᠠᠷᠭ᠎ᠠ᠎ᠪᠠᠷ ᠡᠬᠢ ᠡᠭᠦᠰᠦᠯ᠎ᠠᠴᠠ᠎ᠨᠢ ᠵᠠᠰᠠᠬᠤ ᠠᠵᠢᠯ᠎ᠢ ᠴᠢᠡᠭᠭ᠋ᠠᠷᠠᠭᠤᠯᠤᠬᠰᠠᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠤᠭᠤᠳᠤ ᠬᠣᠲᠠ ᠵᠢᠨ 6 ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠣᠶᠤᠨᠴᠢ ᠭᠠᠯ ᠤᠨᠲᠠᠷᠠᠭ᠋ᠠᠬᠤ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠲᠤᠭ᠋ᠠᠴᠢᠯᠠᠬᠰᠠᠨ ᠤᠶᠤᠨᠴᠢ ᠠᠷᠭ᠎ᠠ ᠪᠠᠷᠢᠯ ᠵᠶ᠋ᠠᠷ ᠨᠠᠰᠤᠵᠢᠯ᠎ᠤᠨ ᠠᠰᠠᠷᠠᠮᠵᠢ ᠵᠢᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠪᠡ᠃  ᠤᠷᠴᠢᠮ᠎ᠳᠤ ᠪᠤᠭᠤᠳᠤ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠢᠨ᠎ᠬᠢᠨ᠎ᠲᠠᠢ ᠬᠣᠯᠪᠤᠭ᠋ᠠᠯᠠᠨ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠵᠤ ᠴᠢᠩᠱ᠌ᠠᠨ ᠲᠣᠭᠣᠷᠢᠭ᠎ᠤᠨ ᠬᠤᠢ ᠳ᠋ᠧ ᠨᠠᠰᠤᠲᠠᠢ᠌ᠴᠤᠳ᠎ᠤᠨ ᠶᠡᠷᠦᠩᠬᠡᠢ᠌ᠯᠡᠭᠰᠡᠨ ᠰᠤᠪᠢᠯᠠᠯᠲᠠ ᠵᠢᠨ ᠬᠦᠷᠢᠶᠡᠯᠡᠩ᠎ᠳᠤ ᠣᠴᠢᠭᠤᠯᠤᠨ᠂ ᠲᠠᠪᠴᠠᠩ᠎ᠤᠨ ᠴᠢᠳᠠᠮᠵᠢ᠂ ᠮᠡᠷᠭᠡᠵᠢᠯ᠎ᠤᠨ ᠬᠢᠯᠠᠰ ᠴᠡᠭ᠂ ᠠᠬᠤᠢ ᠲᠠᠯᠠᠪᠠᠶ ᠵᠢᠨ ᠬᠡᠷᠡᠭᠯᠡᠯᠲᠡ ᠵᠡᠷᠭᠡ ᠲᠠᠯ᠎ᠠ᠎ᠪᠠᠷ᠎ᠬᠢ ᠲᠤᠭ᠋ᠠᠴᠢᠯᠠᠬᠰᠠᠨ ᠤᠨᠤᠨᠴᠢ ᠭᠠᠯ ᠤᠨᠲᠠᠷᠠᠭ᠋ᠠᠬᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠲᠤᠬᠠᠢ ᠵᠢᠨ ᠭᠠᠵᠠᠷ᠎ᠲᠤ᠎ᠨᠢ ᠲᠣᠭᠣᠷᠢᠨ ᠦᠵᠡᠬᠦᠯᠵᠤ  ᠂  ᠭᠠᠯ᠎ᠤᠨ ᠠᠶᠤᠯ᠎ᠢ ᠤᠷᠢᠳᠴᠢᠯᠠᠨ ᠰᠡᠷᠡᠮᠵᠢᠯᠡᠭᠦᠯᠬᠦ ᠪᠥᠬᠥ ᠶᠠᠪᠤᠴᠠ ᠵᠢᠨ ᠳᠠᠭᠤᠷᠢᠶᠠᠮᠠᠯ ᠠᠵᠢᠯᠯᠠᠭ᠎ᠠ ᠵᠢ ᠦᠵᠡᠭᠦᠯᠪᠡ᠃ ᠪᠤᠭᠤᠳᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠴᠡᠭ ᠵᠶ᠋ᠡᠷ ᠨᠡᠢ᠌ᠳᠡᠮ᠎ᠢ ᠳᠠᠶ᠋ᠢᠴᠢᠯᠠᠨ ᠲᠠᠪᠴᠠᠩ᠎ᠤᠨ ᠬᠡᠷᠡᠭᠯᠡᠯᠲᠡ ᠵᠢ ᠠᠯᠬᠤᠮ ᠠᠯᠬᠤᠮ ᠵᠶ᠋ᠠᠷ ᠳᠡᠯᠭᠡᠷᠡᠭᠦᠯᠵᠦ᠂ ᠨᠠᠰᠤᠵᠢᠯ᠎ᠤᠨ ᠠᠰᠠᠷᠠᠮᠵᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠣᠷ᠎ᠢ ᠦᠷᠭᠦᠯᠵᠢᠯᠡᠨ ᠨᠢᠭᠲᠠ ᠪᠠᠳᠤ ᠰᠦᠯᠵᠢᠬᠦ ᠪᠤᠯᠤᠨ᠎ᠠ᠃
    ᠠᠯᠠᠱ᠌ᠠ ᠠᠢ᠌ᠮᠠᠭ᠎ᠤᠨ᠎ᠬᠢᠨ ᠭᠡᠷ᠎ᠲᠤ᠎ᠪᠠᠨ ᠰᠠᠭᠤᠵᠤ ᠨᠠᠰᠤᠵᠢᠬᠤ᠎ᠳᠤ ᠲᠣᠬᠢᠷᠠᠬᠤ ᠥᠭᠡᠷᠡᠴᠢᠯᠡᠯᠲᠡ ᠵᠢᠨ 《ᠰᠢᠨ᠎ᠡ ᠵᠢ ᠡᠭᠦᠳᠬᠦ》 ᠠᠵᠢᠯ᠎ᠢ ᠢᠳᠡᠪᠬᠢᠲᠡᠢ ᠠᠬᠢᠭᠤᠯᠵᠤ᠂ ᠣᠷᠣᠯᠴᠠᠬᠤ ᠭᠣᠣᠯ ᠴᠣᠭᠴᠠ ᠵᠢ ᠰᠣᠩᠭᠣᠯᠲᠠ ᠠᠵᠢᠯᠯᠠᠭ᠎ᠠ ᠵᠢ 2  ᠤᠳᠠᠭ᠎ᠠ   ᠥᠷᠨᠢᠭᠦᠯᠵᠦ᠂ 4 ᠠᠵᠤ ᠠᠬᠤᠢ᠌ᠯᠠᠯ᠎ᠢ ᠬᠢᠨᠠᠨ ᠬᠠᠷᠭᠤᠭᠤᠯᠵᠤ ᠲᠤᠬᠳᠠᠭ᠋ᠠᠬᠰᠠᠨ᠎ᠤ ᠬᠠᠮᠲᠤ᠂ ᠲᠥᠪ᠎ᠤᠨ ᠣᠷᠳᠣ ᠬᠤᠭᠤᠴᠠᠭ᠋ᠠᠨ᠎ᠤ ᠣᠨᠴᠠᠭ᠋ᠠᠶ ᠤᠯᠤᠰ᠎ᠤᠨ ᠵᠢᠭᠡᠯᠡᠯᠭᠡ᠎ᠠᠴᠠ 140 ᠲᠦᠮᠡᠨ ᠲᠥᠭᠥᠷᠢᠭ ᠭᠤᠶᠤᠴᠢᠯᠠᠵᠤ ᠥᠭᠡᠷᠡᠴᠢᠯᠡᠯᠲᠡ ᠵᠢᠨ ᠨᠥᠬᠥᠪᠦᠷᠢ ᠵᠢᠨ ᠪᠡᠯᠡ ᠮᠥᠩᠭᠥ ᠪᠣᠯᠭ᠋ᠠᠵᠤ᠂ ᠠᠢ᠌ᠮᠠᠭ᠎ᠤᠨ ᠱᠠᠲᠤᠨ᠎ᠤ ᠬᠠᠮ ᠵᠠᠭᠤᠴᠢᠯᠠᠭᠤᠷ᠎ᠤᠨ ᠲᠥᠪ᠂ ᠬᠤᠪᠢ ᠵᠢᠨ ᠵᠠᠭᠤᠴᠢᠯᠠᠭᠤᠷ ᠵᠡᠷᠭᠡ ᠣᠯᠠᠨ ᠠᠷᠭ᠎ᠠ ᠵᠠᠮ ᠵᠶ᠋ᠠᠷ ᠤᠬᠠᠭᠤᠯᠵᠤ᠂ ᠣᠯᠠᠨ ᠲᠦᠮᠡᠨ᠎ᠢ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ᠎ᠳᠤ  ᠤᠷᠤᠯᠴᠠᠭᠤᠯᠬᠤ᠎ᠪᠠᠷ ᠵᠢᠯᠤᠭᠤᠳᠪᠠ᠃


ᠣᠷᠣᠨ᠎ᠤ ᠭᠠᠳᠠᠨᠠᠬᠢ ᠮᠡᠳᠡᠭᠡ ᠵᠠᠩᠭᠢ


     ᠰᠸᠴᠤᠸᠠᠨ ᠮᠤᠵᠢ ᠵᠢᠨ᠎ᠬᠢᠨ ᠤᠷᠴᠢᠮ᠎ᠳᠤ 《〈  ᠨᠠᠰᠤᠳᠠᠢ᠌ᠴᠤᠳ ᠪᠠ ᠬᠡᠤᠬᠡᠳ〉᠎ᠤᠨ ᠦᠢ᠍ᠯᠡᠴᠢᠯᠡᠭᠡᠨ᠎ᠤ ᠰᠢᠰᠲ᠋ᠧᠮ᠎ᠢ  ᠲᠡᠬᠦᠯᠳᠡᠷᠵᠢᠬᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠰᠸᠴᠤᠸᠠᠨ᠎ᠤ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠠᠰᠠᠭᠤᠳᠠᠯ᠎ᠳᠤ ᠴᠢᠭᠯᠡᠭᠦᠯᠦᠨ᠂ ᠪᠣᠳᠠᠲᠠᠢ ᠥᠭᠡᠷᠡᠴᠢᠯᠡᠯᠲᠡ ᠵᠢᠨ ᠠᠷᠭ᠎ᠠ ᠵᠢ ᠲᠤᠷᠠᠳᠤᠯ᠎ᠠ᠃   ᠬᠡᠷᠡᠭᠵᠢᠭᠦᠯᠬᠦ ᠲᠥᠰᠥᠯ᠎ᠳᠤ᠄ 《ᠰᠸᠴᠤᠸᠠᠨ᠎ᠤ᠎ᠬᠢᠨ ᠰᠤᠪᠢᠯᠠᠯᠲᠠ ᠵᠢᠨ ᠬᠡᠯᠪᠡᠷᠢ ᠵᠢᠨ ᠣᠷᠣ ᠵᠢᠨ ᠪᠦᠲᠦᠭᠡᠨ ᠪᠠᠢ᠌ᠭᠤᠯᠤᠯᠲᠠ ᠪᠠ ᠥᠭᠡᠷᠡᠴᠢᠯᠡᠨ ᠲᠠᠰ ᠳᠡᠪᠰᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠡᠩ᠎ᠤᠨ ᠬᠡᠯᠪᠡᠷᠢ ᠵᠢᠨ ᠣᠷᠣ ᠪᠠ ᠰᠤᠪᠢᠯᠠᠯᠲᠠ ᠵᠢᠨ ᠬᠡᠯᠪᠡᠷᠢ ᠵᠢᠨ ᠣᠷᠣ᠎ᠳᠤ ᠵᠦᠷᠢᠶᠡᠴᠢᠯᠡᠭᠰᠡᠨ ᠨᠥᠬᠥᠪᠦᠷᠢ ᠥᠭᠴᠦ᠂ 2027 ᠣᠨ ᠪᠣᠯᠬᠤ᠎ᠳᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠤᠪᠢᠯᠠᠯᠲᠠ ᠵᠢᠨ ᠬᠡᠯᠪᠡᠷᠢ ᠵᠢᠨ ᠣᠷᠣ ᠵᠢᠨ ᠡᠵᠡᠯᠡᠬᠦ ᠬᠠᠷᠢᠴᠠᠯ᠎ᠢ 68%᠎ᠠᠴᠠ ᠳᠣᠣᠷ᠎ᠠ ᠪᠠᠢ᠌ᠯᠭ᠋ᠠᠬᠤ ᠦᠭᠡᠢ》 ᠭᠡᠵᠤ ᠲᠤᠷᠠᠳᠤᠬᠰᠠᠨ ᠪᠠᠢ᠌ᠨ᠎ᠠ᠃






  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.20
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.25
 
            