ᠴᠢᠬᠤᠯᠠ ᠮᠡᠳᠡᠭᠡ
ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠤᠷᠴᠢᠮ᠎ᠳᠤ 2025 ᠣᠨ᠎ᠤ ᠲᠣᠭᠣᠷᠢᠨ ᠪᠠᠢ᠌ᠴᠠᠭ᠋ᠠᠬᠤ ᠠᠵᠢᠯ᠎ᠤᠨ ᠬᠤᠷᠠᠯ ᠪᠠ ᠭᠤᠷᠪᠠᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠪᠣᠯᠣᠨ ᠪᠥᠬᠥ ᠤᠯᠤᠰ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠲᠤᠬᠠᠢ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠤᠷᠪᠠᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢ ᠳᠠᠶ᠋ᠢᠴᠢᠯᠠᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ᠂ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠯᠦ᠍ ᡁᠢ ᠶᠤᠸᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠬᠰᠠᠨ ᠪᠠᠢ᠌ᠨ᠎ᠠ᠃
ᠶᠡᠷᠤᠡᠭᠭᠡᠢ᠌ᠯᠡᠭᠰᠡᠨ ᠠᠵᠢᠯ、
ᠪᠤᠭᠤᠲᠤ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠤᠷᠴᠢᠮ᠎ᠳᠤ 《ᠠᠶᠤᠯ ᠦᠬᠡᠢ ᠦᠢ᠍ᠯᠡᠳᠪᠦᠷᠢᠯᠡᠯ᠎ᠤᠨ ᠰᠠᠷ᠎ᠠ》 ᠪᠠ 《ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠰᠠᠷ᠎ᠠ》 ᠵᠢᠨ ᠬᠣᠣᠰ ᠠᠮᠤᠷ ᠲᠦᠪᠰᠢᠨ᠎ᠤ ᠰᠠᠷ᠎ᠠ ᠵᠢᠨ ᠠᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠵᠤ᠂ ᠲᠤᠰᠬᠠᠢ ᠰᠡᠳᠦᠪᠲᠦ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠬᠤ᠎ᠪᠠᠷ ᠳᠠᠮᠵᠢᠭᠤᠯᠤᠨ᠂ ᠭᠠᠯ᠎ᠤᠨ ᠠᠶᠤᠯ᠎ᠢ ᠠᠷᠭ᠋ᠠᠴᠠᠭ᠋ᠠᠬᠤ ᠲᠤᠬᠠᠢ ᠪᠤᠳᠠᠳᠠᠢ ᠰᠣᠷᠢᠯᠲᠠ (ᠳᠠᠭᠤᠷᠢᠶᠠᠮᠠᠯ ᠭᠠᠯ᠎ᠤᠨ ᠭᠠᠮᠰᠢᠭ᠎ᠤᠨ ᠰᠡᠷᠡᠮᠵᠢ ᠵᠢᠨ ᠳᠣᠬᠢᠶ᠎ᠠ) ᠥᠷᠨᠢᠭᠦᠯᠵᠦ᠂ 《ᠣᠨᠣᠯ + ᠠᠬᠤᠢ ᠪᠠᠢ᠌ᠳᠠᠯ + ᠪᠤᠳᠠᠳᠠᠢ ᠰᠤᠷᠢᠯᠳᠠ》᠎ᠤᠨ ᠵᠠᠭᠪᠤᠷ ᠵᠶ᠋ᠠᠷ ᠪᠥᠬᠥ ᠠᠵᠢᠯᠲᠠᠨ᠎ᠤ ᠪᠠᠴᠢᠮ ᠢ ᠠᠷᠭ᠋ᠠᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠂ ᠪᠥᠬᠥ ᠠᠵᠢᠯᠲᠠᠨ᠎ᠤ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠪᠠᠢ᠌ᠷᠢᠰᠢᠯ᠎ᠢ ᠪᠣᠶ ᠪᠣᠯᠭ᠋ᠠᠵᠤ᠂ ᠠᠶᠤᠯ ᠦᠬᠡᠢ ᠵᠢᠨ ᠲᠤᠬᠠᠢ ᠤᠢ᠌ᠯᠠᠭ᠋ᠠᠬᠳᠠᠬᠤᠨ᠎ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠤᠨ᠂ ᠠᠵᠢᠯᠯᠠᠭ᠎ᠠ ᠪᠣᠯᠭ᠋ᠠᠬᠤ ᠵᠢ ᠠᠬᠢᠭᠤᠯᠤᠯ᠎ᠠ᠃
ᠨᠡᠢ᠌ᠭᠡᠮ᠎ᠤᠨ ᠶᠠᠪᠤᠳᠠᠯ
ᠲᠦᠩᠯᠢᠶᠣᠣ ᠬᠣᠲᠠ ᠵᠢᠨ ᠲᠤᠰᠠᠯᠠᠮᠵᠢ ᠵᠢᠨ ᠥᠷᠲᠡᠭᠡ ᠵᠢᠨ᠎ᠬᠢᠨ ᠤᠷᠴᠢᠮ᠎ᠳᠤ 《ᠲᠤᠰᠠᠯᠠᠮᠵᠢ ᠵᠢᠨ ᠲᠤᠤᠷᠵᠢᠯ᠎ᠢ ᠨᠢᠭᠲᠠ ᠰᠦᠯᠵᠢᠵᠦ᠂ ᠠᠶᠤᠯ ᠦᠬᠡᠢ ᠵᠢᠨ ᠬᠣᠷᠢᠭ᠎ᠠ ᠱᠤᠭᠤᠮ᠎ᠢ ᠪᠠᠲᠤ ᠪᠠᠶ᠋ᠢᠭᠤᠯᠬᠤ》 ᠭᠣᠣᠯ ᠰᠡᠳᠦᠪ᠎ᠤᠨ ᠲᠣᠭᠣᠷᠢᠨ᠎ᠳᠤ ᠲᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ 《ᠨᠡᠭᠡᠭᠡᠯᠲᠡ ᠵᠢᠨ ᠡᠳᠦᠷ》᠎ᠤᠨ ᠠᠵᠢᠯᠯᠠᠭ᠎ᠠ ᠥᠷᠨᠢᠭᠦᠯᠵᠦ᠂ 《ᠵᠣᠨ᠎ᠤ ᠬᠠᠯᠠᠭᠤᠨ᠎ᠳᠤ ᠰᠡᠷᠢᠬᠦᠨ ᠲᠠᠭ᠋ᠠᠯᠠᠮᠵᠢᠳᠠᠢ ᠪᠠᠢ᠌ᠯᠭ᠋ᠠᠬᠤ》 ᠲᠤᠰᠬᠠᠢ ᠲᠤᠰᠠᠯᠠᠮᠵᠢ ᠵᠢᠨ ᠠᠵᠢᠯᠯᠠᠭ᠎ᠠ ᠵᠢ ᠵᠡᠷᠬᠡ᠎ᠪᠠᠷ ᠡᠬᠢᠯᠡᠭᠦᠯᠪᠡ᠃ ᠠᠵᠢᠯᠲᠠᠳ ᠵᠡᠭᠡᠯᠢ ᠭᠤᠳᠤᠮᠵᠢ᠎ᠳᠤ ᠭᠦᠨᠵᠡᠭᠡᠢ᠌ᠷᠡᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ 1000 ᠭᠠᠷᠤᠢ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠠᠢ᠃ ᠲᠦᠩᠯᠢᠶᠣᠣ ᠬᠣᠲᠠ ᠵᠢᠨ ᠲᠤᠰᠠᠯᠠᠮᠵᠢ ᠵᠢᠨ ᠥᠷᠲᠡᠭᠡ ᠵᠢᠨ᠎ᠬᠢᠨ ᠦᠨᠤ ᠵᠢᠯ 102 ᠤᠳᠠᠭ᠎ᠠ ᠲᠣᠭᠣᠷᠢᠨ ᠪᠠᠢ᠌ᠴᠠᠭ᠋ᠠᠵᠤ᠂ ᠲᠡᠨᠤᠬᠦᠴᠢᠯᠡᠨ ᠭᠤᠢ᠌ᠷᠠᠨᠴᠢᠯᠠᠬᠰᠠᠳ᠎ᠢ 100 ᠤᠳᠠᠭ᠎ᠠ ᠲᠤᠰᠠᠯᠠᠵᠤ᠂ ᠬᠦᠢ᠍ᠲᠡᠨ᠎ᠢ ᠬᠠᠮᠭ᠋ᠠᠯᠠᠬᠤ᠂ ᠨᠠᠷᠠᠰᠢᠬᠤ ᠵᠢ ᠰᠡᠷᠭᠡᠢ᠌ᠯᠡᠬᠦ ᠡᠳ᠋ ᠪᠣᠳᠠᠰ᠎ᠢ 620 ᠵᠦᠢ᠍ᠯ᠎ᠤᠨ ᠲᠦᠭᠡᠭᠡᠪᠡ᠃
2025 ᠤᠯᠠᠭ᠋ᠠᠨᠴᠠᠪ᠎ᠤᠨ ᠮᠠᠷᠠᠰᠤᠨ ᠨᠡᠶ᠋ᠢᠲᠡ ᠵᠢᠨ ᠠᠰᠠᠷᠠᠮᠵᠢ ᠵᠢᠨ ᠬᠠᠮᠲᠤ ᠵᠢᠨ ᠬᠤᠷᠢᠮ᠎ᠤᠨ ᠶᠣᠰᠣᠯᠠᠯ ᠤᠷᠴᠢᠮ᠎ᠳᠤ ᠤᠯᠠᠭ᠋ᠠᠨᠴᠠᠪ ᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠠᠶ᠎ᠳᠤ ᠶᠠᠪᠤᠭᠳᠠᠪᠠ᠃ 9 ᠰᠢᠨ᠎ᠡ ᠬᠤᠤᠰ ᠨᠢᠭᠡᠳᠦᠯᠲᠡᠢ ᠬᠤᠪᠴᠠᠰᠤ ᠡᠮᠦᠰᠴᠦ᠂ ᠡᠩᠭᠡᠷ ᠳᠡᠭᠡᠷ᠎ᠡ᠎ᠪᠠᠨ 《520》 《1314》 ᠨᠣᠮᠧᠷ ᠪᠦᠬᠦᠢ ᠫᠠᠢ᠌ᠰᠠ ᠨᠠᠭ᠋ᠠᠵᠤ᠂ ᠭᠦᠶᠦᠬᠦ᠎ᠪᠠᠷ ᠵᠠᠭᠤᠴᠢ ᠪᠣᠯᠭ᠋ᠠᠨ᠂ ᠲᠠᠩᠭ᠋ᠠᠷᠢᠭ᠎ᠤᠨ ᠭᠡᠷᠡᠴᠢ ᠪᠣᠯᠭ᠋ᠠᠵᠤ᠂ ᠣᠷᠣᠭ᠎ᠤᠨ ᠪᠢᠴᠢᠭ᠎ᠲᠤ ᠭᠠᠷᠤᠨ ᠥᠰᠥᠭ ᠵᠢᠷᠤᠬᠤ᠂ ᠨᠢᠬᠡ ᠨᠢᠬᠡᠨ᠎ᠤ᠎ᠪᠠᠨ ᠬᠤᠨᠳᠠᠭ᠎ᠠ ᠠᠴᠠ ᠤᠤᠭᠤᠬᠤ᠂ ᠶᠤᠰᠤᠯᠠᠵᠤ ᠮᠦᠷᠬᠦᠬᠦ ᠵᠡᠷᠭᠡ ᠤᠯᠠᠮᠵᠢᠯᠠᠯᠲᠤ ᠶᠣᠰᠣᠯᠠᠯ᠎ᠢ ᠲᠠᠰ ᠳᠠᠷᠠᠭ᠋ᠠᠯᠠᠨ ᠭᠦᠢ᠍ᠴᠡᠳᠬᠡᠪᠡ᠃ ᠡᠨᠡ ᠬᠦ᠌ ᠠᠵᠢᠯᠯᠠᠭ᠎ᠠ᠎ᠨᠢ ᠳᠥᠭᠥᠮ ᠬᠢᠯᠪᠠᠷ᠂ ᠪᠣᠯᠪᠠᠰᠤᠨ᠂ ᠡᠷᠡᠭᠦᠯ ᠰᠠᠷᠠᠭᠤᠯ ᠤᠷᠤᠭ᠎ᠤᠨ ᠵᠠᠡᠭᠰᠢᠯ᠎ᠢ ᠨᠡᠢ᠌ᠬᠡᠮ ᠲᠠᠶᠠᠭ᠋ᠠᠷ᠎ᠲᠤ ᠤᠯᠠᠮᠵᠢᠯᠠᠵᠤ᠂ ᠵᠠᠡᠭ ᠵᠠᠡᠭᠰᠢᠯ᠎ᠢ ᠥᠭᠡᠷᠡᠴᠢᠯᠡᠬᠦ ᠶᠠᠪᠤᠳᠠᠯ᠎ᠢ ᠠᠬᠢᠭᠤᠯᠤᠬᠰᠠᠨ ᠪᠦᠬᠡᠳ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠠᠮᠢᠳᠤᠯᠢᠭ ᠦᠢ᠍ᠯᠡᠳᠦᠯᠭᠡ ᠪᠣᠯᠤᠭᠰᠠᠨ ᠪᠠᠢ᠌ᠨ᠎ᠠ᠃
ᠨᠠᠰᠤᠵᠢᠯ᠎ᠤᠨ ᠦᠢ᠍ᠯᠡᠴᠢᠯᠡᠭᠡ
ᠰᠢᠯᠢ ᠵᠢᠨ ᠭᠣᠣᠯ ᠠᠢ᠌ᠮᠠᠭ᠎ᠤᠨ ᠣᠯᠠᠨ ᠭᠠᠵᠠᠷ᠎ᠤᠨ᠎ᠬᠢᠨ ᠤᠷᠴᠢᠮ᠎ᠳᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠭᠡᠢ᠌ᠯᠡᠬᠦ ᠪᠠ ᠮᠡᠬᠡᠯᠡᠬᠦ ᠵᠢ ᠰᠡᠷᠭᠡᠢ᠌ᠯᠡᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠡᠢ᠌ᠭᠡᠮ ᠲᠣᠭᠣᠷᠢᠭ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠂ ᠠᠭᠤᠳᠠᠮ ᠲᠠᠯᠠᠪᠠᠶ᠎ᠳᠤ ᠭᠦᠨᠵᠡᠭᠡᠢ᠌ᠷᠡᠨ᠂ ᠠᠰᠠᠭᠤᠨ ᠯᠠᠪᠯᠠᠬᠤ ᠲᠠᠪᠴᠠᠩ ᠭᠠᠷᠭ᠋ᠠᠬᠤ᠂ ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ ᠵᠡᠷᠬᠡ ᠠᠷᠭ᠎ᠠ᠎ᠪᠠᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠨᠡᠢ᠌ᠲᠡᠯᠢᠭ ᠬᠡᠷᠡᠭ ᠪᠠ ᠬᠣᠣᠷ ᠬᠥᠨᠥᠭᠡᠯ᠎ᠢ ᠳᠡᠯᠭᠡᠨ ᠦᠵᠡᠭᠦᠯᠵᠦ᠂ ᠲᠤᠬᠠᠢ ᠵᠢᠨ ᠲᠠᠯᠠᠪᠤᠷ᠎ᠲᠤ ᠮᠡᠬᠡᠯᠡᠯ᠎ᠢ ᠰᠡᠷᠭᠡᠢ᠌ᠯᠡᠬᠦ ᠮᠡᠳᠡᠯᠭᠡ ᠵᠢ ᠲᠦᠬᠡᠮᠡᠯᠵᠢᠬᠦᠯᠦᠭᠰᠡᠨᠤ ᠬᠠᠮᠲᠤ ᠣᠯᠠᠨ ᠲᠦᠮᠡᠨ᠎ᠤ ᠮᠠᠳᠠᠭ᠎ᠲᠠᠢ ᠠᠰᠠᠭᠤᠳᠠᠯ᠎ᠳᠤ ᠬᠠᠷᠢᠭᠤᠯᠲᠠ ᠥᠭᠪᠡ᠃ ᠠᠵᠢᠯᠯᠠᠭ᠎ᠠ᠎ᠳᠤ 800 ᠭᠠᠷᠤᠢ ᠤᠬᠠᠭᠤᠯᠭ᠎ᠠ ᠵᠢᠨ ᠭᠠᠷ ᠳᠡᠪᠲᠡᠷ᠎ᠢ ᠲᠠᠷᠬᠠᠭ᠋ᠠᠵᠤ᠂ ᠣᠯᠠᠨ ᠲᠦᠮᠡᠨ᠎ᠳᠤ 1000 ᠭᠠᠷᠤᠢ ᠤᠳᠠᠭ᠎ᠠ ᠠᠰᠢᠭ ᠬᠦᠷᠲᠡᠭᠡᠵᠦ᠂ ᠨᠠᠰᠤᠲᠠᠢ᠌ᠴᠤᠳ᠎ᠤᠨ ᠠᠶᠤᠯ ᠲᠦᠭᠰᠢᠭᠦᠷᠢ ᠵᠢ ᠰᠡᠷᠭᠡᠢ᠌ᠯᠡᠬᠦ ᠤᠬᠠᠮᠰᠠᠷ᠎ᠢ ᠴᠢᠩᠭ᠋ᠠᠳᠬᠠᠵᠤ᠂ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠪᠠ᠃