ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.24
ᠨᠡᠶᠢᠲᠡᠯᠡᠭᠰᠡᠨ ᠴᠠᠭ᠄ 2025-06-24

ᠨᠡᠢ᠌ᠭᠡᠮ᠎ᠤᠨ  ᠲᠤᠰᠠᠯᠠᠮᠵᠢ

 

     ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠲᠤᠰᠠᠯᠠᠮᠵᠢ ᠵᠢᠨ ᠲᠤᠬᠠᠢ ᠤᠢ᠌ᠯᠠᠭ᠋ᠠᠵᠤ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ ᠥᠷᠢᠰᠦᠯᠳᠦᠨ ᠬᠠᠷᠢᠭᠤᠯᠬᠤ ᠱᠠᠡᠭᠨᠠᠯᠳᠤ ᠠᠵᠢᠯᠯᠠᠭ᠎ᠠ ᠦᠷᠨᠢᠬᠦᠯᠤᠬᠡᠳ ᠬᠦᠮᠦᠰ 2 ᠲᠦᠮᠡ ᠰᠢᠬᠠᠮ ᠤᠳᠠᠭ᠎ᠠ ᠣᠷᠣᠯᠴᠠᠵᠠᠢ᠃ ᠠᠵᠢᠯᠯᠠᠭ᠎ᠠ᠎ᠨᠢ ᠰᠣᠨᠢᠷᠬᠠᠯᠲᠠᠢ ᠰᠡᠳᠦᠪ ᠬᠠᠷᠢᠭᠤᠯᠬᠤ ᠬᠡᠯᠪᠡᠷᠢ᠎ᠪᠠᠷ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯ᠎ᠲᠠᠢ ᠬᠥᠮᠥᠰ᠎ᠢ ᠠᠰᠠᠷᠠᠨ ᠲᠡᠵᠢᠭᠡᠬᠦ  ᠲᠦᠷ ᠴᠠᠭ᠎ᠤᠨ ᠲᠤᠰᠠᠯᠠᠮᠵᠢ ᠵᠡᠷᠭᠡ ᠲᠦᠷᠦ ᠵᠢᠨ ᠪᠣᠳᠣᠯᠭ᠎ᠠ ᠵᠢᠨ ᠭᠣᠣᠯ ᠠᠭᠤᠯᠭ᠎ᠠ ᠵᠢ ᠠᠭᠤᠰᠤᠯᠴᠠᠭᠤᠯᠵᠤ᠂ ᠲᠦᠷᠦ ᠵᠢᠨ ᠪᠣᠳᠣᠯᠭ᠎ᠠ ᠵᠢᠨ ᠵᠦᠢ᠍ᠯ ᠵᠤᠷᠪᠤᠰ᠎ᠤᠨ ᠪᠦᠳᠡᠭᠢ ᠪᠠᠯᠠᠷᠬᠠᠢ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠤᠯᠠᠨ ᠲᠦᠮᠡᠨ᠎ᠤ ᠣᠢ᠌ᠯᠠᠭ᠋ᠠᠬᠤ ᠨᠤᠷᠮ᠎ᠠ ᠵᠢ ᠳᠡᠭᠡᠭᠰᠢᠯᠡᠭᠦᠯᠵᠦ᠂ ᠲᠦᠷᠦ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢᠨ 《ᠡᠴᠦᠰ᠎ᠤᠨ ᠨᠢᠭᠡ ᠺᠢᠯᠣᠮᠧᠲᠷ》 ᠎ᠢ ᠨᠡᠪᠲᠡᠷᠡᠭᠦᠯᠪᠡ᠃ ᠪᠠᠶᠠᠰᠤᠯᠳᠤ ᠬᠥᠮᠦᠵᠢᠯ᠎ᠤᠨ ᠠᠷᠭ᠎ᠠ᠎ᠪᠠᠷ  ᠣᠯᠠᠨ ᠨᠡᠶ᠋ᠢᠲᠡ ᠵᠢᠨ ᠲᠥᠷᠥ ᠵᠢᠨ ᠪᠣᠳᠣᠯᠭ᠎ᠠ ᠵᠢᠨ ᠠᠭᠤᠯᠤᠭᠳᠠᠬᠤᠨ᠎ᠢ ᠭᠦᠨᠵᠡᠭᠡᠢ ᠤᠢ᠌ᠯᠠᠭ᠋ᠠᠭᠤᠯᠵᠤ ᠨᠡᠢ᠌ᠭᠡᠮ᠎ᠤᠨ ᠲᠤᠰᠠᠯᠠᠮᠵᠢ ᠵᠢᠨ ᠬᠠᠮᠲᠤ ᠵᠢᠨ ᠲᠠᠨᠢᠯᠲᠠ ᠵᠢ ᠪᠦᠲᠦᠮᠵᠢᠲᠡᠶ ᠨᠢᠭᠲᠠᠷᠠᠭᠤᠯᠤᠨ᠂ ᠲᠥᠷᠥ ᠵᠢᠨ ᠪᠣᠳᠣᠯᠭ᠎ᠠ ᠵᠢ ᠲᠦᠭᠡᠮᠡᠯᠵᠢᠭᠦᠯᠬᠦ ᠪᠠ ᠠᠷᠠᠳ᠎ᠤᠨ ᠠᠮᠢᠳᠤᠷᠠᠯ᠎ᠤᠨ ᠬᠠᠯᠠᠮᠵᠢᠯᠠᠯ᠎ᠢ ᠭᠦᠨᠵᠡᠭᠡᠢ ᠠᠭᠤᠰᠤᠯᠴᠠᠭᠤᠯᠬᠤ ᠦᠢ᠍ᠯᠡᠳᠦᠯᠭᠡ ᠵᠢᠨ ᠵᠠᠭᠪᠤᠷ᠎ᠢ ᠪᠣᠶ ᠪᠤᠯᠭ᠋ᠠᠯ᠎ᠠ᠃


  ᠨᠡᠢ᠌ᠭᠡᠮ᠎ᠤᠨ ᠶᠠᠪᠤᠳᠠᠯ


    ᠪᠤᠭᠤᠲᠤ ᠬᠣᠲᠠ ᠵᠢᠨ ᠲᠤᠰᠠᠯᠠᠮᠵᠢ ᠵᠢᠨ ᠥᠷᠲᠡᠭᠡ ᠵᠢᠨ᠎ᠬᠢᠨ 《ᠲᠤᠰᠠᠯᠠᠮᠵᠢ ᠵᠢᠨ ᠲᠤᠤᠷᠵᠢᠯ᠎ᠢ ᠨᠢᠭᠲᠠ ᠰᠦᠯᠵᠢᠵᠦ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠡᠬᠢ ᠪᠠᠶ᠋ᠢᠭᠤᠯᠬᠤ》 ᠭᠣᠣᠯ ᠰᠡᠳᠦᠪᠲᠦ ᠨᠡᠭᠡᠭᠡᠯᠲᠡ ᠵᠢᠨ ᠡᠳᠦᠷ ᠪᠠ 《ᠵᠣᠨ᠎ᠤ ᠤᠯᠠᠷᠢᠯ᠎ᠳᠤ  ᠰᠡᠷᠢᠬᠦᠨ ᠲᠠᠭ᠋ᠠᠯᠠᠮᠵᠢᠳᠠᠢ ᠪᠠᠢ᠌ᠯᠭ᠋ᠠᠬᠤ》 ᠲᠤᠰᠬᠠᠢ ᠠᠵᠢᠯᠯᠠᠭ᠎ᠠ ᠵᠢ ᠥᠷᠨᠢᠭᠦᠯᠵᠦ᠂ 《ᠵᠠᠰᠠᠭ᠎ᠤᠨ ᠣᠷᠳᠣᠨ ᠵᠶ᠋ᠠᠷ ᠭᠣᠣᠯᠯᠠᠭᠤᠯᠵᠤ᠂ ᠨᠡᠢ᠌ᠭᠡᠮ᠎ᠤᠨ᠎ᠬᠢᠨ ᠣᠷᠣᠯᠴᠠᠬᠤ》 ᠪᠣᠰᠣᠭ᠎ᠠ ᠴᠣᠭᠴᠠᠲᠤ  ᠲᠤᠰᠠᠯᠠᠮᠵᠢ ᠵᠢᠨ ᠲᠤᠤᠷᠵᠢᠯ᠎ᠢ ᠪᠠᠢ᠌ᠭᠤᠯᠪᠠ᠃ ᠠᠵᠢᠯᠯᠠᠭ᠎ᠠ᠎ᠳᠤ ᠲᠥᠷᠥ ᠵᠢᠨ ᠪᠣᠳᠣᠯᠭ᠎ᠠ ᠵᠢᠨ ᠮᠠᠳᠠᠭ᠎ᠲᠠᠢ ᠠᠰᠠᠭᠤᠳᠠᠯ᠎ᠢ ᠬᠠᠷᠢᠭᠤᠯᠬᠤ ᠲᠠᠪᠴᠠᠩ ᠭᠠᠷᠭ᠋ᠠᠵᠤ᠂  ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠲᠤᠬᠠᠢ ᠵᠢᠨ ᠲᠠᠯᠠᠪᠤᠷ᠎ᠲᠤ ᠲᠠᠢ᠌ᠯᠪᠤᠷᠢᠯᠠᠨ 《ᠢᠨᠲ᠋ᠧᠷ ᠰᠦᠯᠵᠢᠶ᠎ᠡ + ᠲᠥᠷᠥᠯ ᠰᠠᠳᠤᠨ ᠵᠶ᠋ᠠᠨ ᠡᠷᠢᠬᠦ》 ᠲᠠᠪᠴᠠᠩ᠎ᠢ ᠠᠵᠢᠯᠯᠠᠭᠤᠯᠵᠤ᠂ 《ᠤᠬᠠᠭᠤᠯᠭ᠎ᠠ + ᠦᠢ᠍ᠯᠡᠴᠢᠯᠡᠭᠡ》 ᠵᠢᠨ ᠬᠡᠯᠪᠡᠷᠢ᠎ᠪᠠᠷ 300 ᠭᠠᠷᠤᠢ ᠮᠠᠲ᠋ᠧᠷᠢᠶᠠᠯ ᠲᠠᠷᠬᠠᠭ᠋ᠠᠵᠤ᠂ 《  ᠲᠤᠰᠠᠯᠠᠮᠵᠢ ᠵᠢᠨ ᠪᠤᠬ᠍ᠴᠤ》 《ᠰᠡᠷᠢᠬᠦᠴᠡᠬᠦᠯᠬᠦ ᠪᠡᠯᠡᠭ》 360 ᠭᠠᠷᠤᠢ ᠬᠤᠪᠢ ᠲᠠᠷᠬᠠᠭ᠋ᠠᠵᠤ᠂ 500 ᠭᠠᠷᠤᠢ ᠣᠯᠠᠨ ᠲᠦᠮᠡᠨ᠎ᠳᠤ ᠦᠢ᠍ᠯᠡᠴᠢᠯᠡᠪᠡ᠃
     ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠥᠷᠥ ᠵᠢᠨ ᠪᠣᠳᠣᠯᠭ᠎ᠠ ᠵᠢᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ᠂ ᠠᠵᠢᠯ ᠲᠥᠷᠥᠯ᠎ᠤᠨ ᠵᠢᠯᠣᠭᠣᠳᠤᠯᠭ᠎ᠠ᠎ᠪᠠᠨ ᠰᠢᠯᠢᠳᠡᠭᠵᠢᠬᠦᠯᠬᠦ᠎ᠳᠤ᠎ᠪᠠᠨ ᠰᠢᠯᠢ ᠵᠢᠨ ᠭᠤᠤᠯ ᠠᠢ᠌ᠮᠠᠭ᠎ᠤᠨ ᠠᠨ ᠱᠧᠨ ᠡᠮᠨᠡᠯᠭᠡ ᠵᠢᠨ ᠬᠣᠷᠢᠶ᠎ᠠ᠎ᠳᠤ ᠣᠶᠤᠨ᠎ᠤ ᠡᠷᠡᠭᠦᠯ ᠬᠠᠮᠠᠭ᠋ᠠᠯᠠᠯ᠎ᠤᠨ ᠤᠷᠢᠳᠴᠢᠯᠠᠨ ᠰᠡᠷᠭᠡᠢ᠌ᠯᠡᠬᠦ᠂ ᠣᠨᠣᠰᠢᠯᠠᠨ ᠡᠮᠨᠡᠬᠦ᠂ ᠡᠷᠡᠭᠦᠯᠵᠢᠭᠦᠯᠬᠦ ᠪᠠ ᠰᠡᠳᠬᠢᠴᠡ ᠵᠢᠨ ᠯᠠᠪᠯᠠᠯᠭ᠎ᠠ ᠵᠢᠨ ᠪᠥᠬᠥ ᠶᠠᠪᠤᠴᠠ ᠵᠢᠨ ᠦᠢ᠍ᠯᠡᠴᠢᠯᠡᠭᠡᠨ᠎ᠤ  ᠰᠢᠰᠲᠸᠮ᠎ᠢ ᠪᠠᠢ᠌ᠭᠤᠯᠪᠠ᠃ 2025 ᠣᠨ᠎ᠳᠤ ᠡᠮᠨᠡᠯᠭᠡ ᠵᠢᠨ ᠬᠣᠷᠢᠶ᠎ᠠ ᠵᠢᠨ᠎ᠬᠢᠨ ᠰᠢᠯᠢ ᠵᠢᠨ ᠭᠤᠤᠯ ᠠᠢ᠌ᠮᠠᠭ᠎ᠤᠨ ᠨᠢᠭᠡᠨᠲᠡ ᠬᠠᠮᠢᠶᠠᠷᠤᠯᠲᠠ᠎ᠳᠤ ᠣᠷᠣᠭᠤᠯᠤᠭᠰᠠᠨ ᠪᠠ ᠪᠠᠢ᠌ᠴᠠᠭ᠋ᠠᠵᠤ ᠢᠯᠡᠷᠡᠭᠦᠯᠦᠭᠰᠡᠨ ᠣᠶᠤᠨ᠎ᠤ ᠲᠥᠷᠥᠯ᠎ᠤᠨ ᠡᠪᠡᠳᠴᠢᠲᠡᠨ᠎ᠢ ᠪᠠᠢ᠌ᠴᠠᠭ᠋ᠠᠵᠤ  ᠦᠨᠡᠯᠡᠬᠦ᠎ᠳᠤ᠎ᠪᠠᠨ 2.47 ᠲᠦᠮᠡᠨ ᠤᠳᠠᠭ᠎ᠠ ᠪᠠᠢ᠌ᠴᠠᠭ᠋ᠠᠵᠤ᠂ ᠨᠤᠴᠢᠳᠠᠢ ᠡᠪᠡᠳᠴᠢᠲᠡᠨ᠎ᠤ ᠮᠡᠳᠡᠭᠡ ᠵᠠᠩᠭᠢ ᠵᠢ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ 270 ᠬᠦᠷᠭᠡᠨ᠂ ᠬᠦᠨᠳᠤ ᠡᠪᠡᠳᠴᠢᠳᠠᠨ 9 ᠂ ᠡᠪᠡᠳᠴᠢᠨ᠎ᠢ᠎ᠨᠢ ᠤᠨᠤᠰᠢᠯᠠᠬᠤ᠎ᠳᠤ ᠲᠦᠪᠡᠭᠳᠡᠢ7 ᠬᠥᠮᠥᠨ᠂ 29 ᠬᠢᠨᠠᠨ ᠬᠠᠮᠠᠭ᠋ᠠᠯᠠᠭᠴᠢ ᠪᠠᠭᠤᠷᠠᠢ ᠪᠠᠢ᠌ᠬᠤ ᠵᠢ ᠪᠠᠢ᠌ᠴᠠᠭ᠋ᠠᠵᠤ ᠢᠯᠡᠷᠡᠬᠦᠯᠤᠬᠡᠳ ᠣᠲᠣ ᠨᠢᠭᠡᠨᠲᠡ ᠡᠵᠡᠮᠳᠡᠯ᠎ᠳᠤ  ᠤᠷᠤᠭᠤᠯᠤᠭ᠋ᠠᠳ ᠪᠠᠢ᠌ᠨ᠎ᠠ᠃
     ᠪᠠᠶᠠᠨᠨᠠᠭᠤᠷ ᠬᠣᠲᠠ ᠵᠢᠨ᠎ᠬᠢᠨ ᠤᠷᠴᠢᠮ᠎ᠳᠤ ᠤᠶᠤᠨ᠎ᠤ ᠰᠠᠭ᠋ᠠᠳ᠎ᠨᠢ ᠡᠷᠡᠬᠦᠯᠵᠢᠭᠰᠡᠳ᠎ᠢ ᠨᠡᠢ᠌ᠬᠡᠮ᠎ᠳᠤ ᠠᠭᠤᠰᠤᠯᠴᠠᠭᠤᠯᠬᠤ  ᠠᠯᠪᠠᠨ ᠭᠡᠷ᠎ᠤᠨ ᠠᠵᠢᠯᠲᠠᠳ ᠵᠶ᠋ᠠᠨ ᠵᠣᠬᠢᠶᠠᠨ ᠪᠠᠢ᠌ᠭᠤᠯᠵᠤ 7 ᠬᠣᠰᠢᠭᠤ ᠰᠢᠶᠠᠨ ᠲᠣᠭᠣᠷᠢᠭ᠎ᠤᠨ  ᠤᠶᠤᠨ᠎ᠤ ᠰᠠᠭ᠋ᠠᠳ᠎ᠨᠢ ᠡᠷᠡᠬᠦᠯᠵᠢᠭᠰᠡᠳ ᠪᠦᠬᠦᠢ 9 ᠨᠡᠢ᠌ᠭᠡᠮ ᠲᠣᠭᠣᠷᠢᠭ᠎ᠤᠨ ᠡᠷᠡᠭᠦᠯᠵᠢᠯ᠎ᠤᠨ ᠥᠷᠲᠡᠭᠡ᠎ᠳᠤ ᠭᠦᠨᠵᠡᠭᠡᠢ᠌ᠷᠡᠨ ᠵᠢᠯᠤᠭᠤᠳᠪᠠ ᠃ ᠵᠢᠯᠤᠭᠣᠳᠬᠤ ᠳᠤᠭᠤᠢ᠌ᠯᠠᠩ᠎ᠤᠨ᠎ᠬᠢᠨ ᠡᠷᠡᠭᠦᠯᠵᠢᠯ᠎ᠤᠨ ᠲᠠᠩᠰᠠ ᠡᠪᠬᠡᠮᠡᠯ᠎ᠢ ᠪᠠᠢ᠌ᠴᠠᠭ᠋ᠠᠨ ᠦᠵᠡᠵᠦ᠂  ᠦᠢ᠍ᠯᠡᠴᠢᠯᠡᠬᠡ ᠬᠦᠷᠳᠡᠭᠰᠡᠳ᠎ᠤᠨ ᠬᠤᠪᠢ ᠬᠥᠮᠥᠨ᠎ᠤ ᠮᠡᠳᠡᠭᠡ ᠵᠠᠩᠭᠢ᠂ ᠡᠷᠡᠭᠦᠯᠵᠢᠯ᠎ᠤᠨ ᠲᠥᠯᠥᠪᠯᠡᠭᠡ᠂ ᠡᠷᠡᠭᠦᠯᠵᠢᠯ᠎ᠤᠨ ᠲᠡᠮᠳᠡᠭᠯᠡᠯ ᠵᠡᠷᠭᠡ᠎ᠳᠤ ᠵᠢᠷᠤᠮᠵᠢᠭᠰᠠᠨ ᠱᠠᠭ᠋ᠠᠷᠳᠠᠯᠭ᠎ᠠ ᠳᠤᠷᠠᠳᠴᠤ᠂ ᠦᠢ᠍ᠯᠡᠴᠢᠯᠡᠬᠦ ᠬᠦᠷᠳᠡᠭᠰᠡᠳ᠎ᠤᠨ ᠬᠠᠮᠵᠢᠯᠴᠠᠬᠤ ᠦᠭᠡᠢ᠂ ᠭᠡᠷ ᠪᠦᠯᠢ ᠵᠢᠨ᠎ᠬᠢᠨ᠎ᠤ ᠣᠷᠣᠯᠴᠠᠬᠤ ᠬᠡᠮᠵᠢᠶ᠎ᠡ ᠳᠣᠣᠷ᠎ᠠ ᠵᠡᠷᠭᠡ ᠠᠰᠠᠭᠤᠳᠠᠯ᠎ᠳᠤ ᠬᠠᠨᠳᠤᠯᠭ᠎ᠠ᠎ᠲᠠᠢ ᠰᠢᠢ᠍ᠳᠪᠦᠷᠢᠯᠡᠬᠦ ᠲᠥᠰᠥᠯ ᠪᠠ ᠰᠠᠨᠠᠭᠤᠯᠭ᠎ᠠ ᠭᠠᠷᠭ᠋ᠠᠪᠠ᠃ ᠵᠢᠯᠣᠭᠣᠳᠤᠯᠭ᠎ᠠ᠎ᠪᠠᠷ ᠳᠡᠮᠵᠢᠨ ᠡᠷᠡᠭᠦᠯᠵᠢᠯ᠎ᠤᠨ ᠥᠷᠲᠡᠭᠡ᠎ᠳᠤ 《ᠡᠨᠧᠷᠭᠢ ᠣᠯᠭᠣᠵᠤ ᠦᠷ᠎ᠡ ᠠᠰᠢᠭ᠎ᠢ ᠨᠡᠮᠡᠭᠳᠡᠭᠦᠯᠬᠦ》᠂ ᠠᠵᠢᠯ᠎ᠤᠨ ᠶᠠᠪᠤᠴᠨ ᠵᠢ ᠰᠢᠯᠢᠳᠡᠭᠵᠢᠭᠦᠯᠵᠦ᠂ ᠠᠵᠢᠯ᠎ᠤᠨ ᠦᠷ᠎ᠡ ᠪᠦᠲᠦᠮᠵᠢ ᠪᠠ ᠦᠢ᠍ᠯᠡᠴᠢᠯᠡᠭᠡᠨ᠎ᠤ ᠶᠠᠰᠤ ᠴᠢᠨᠠᠷ᠎ᠢ  ᠲᠡᠭᠡᠭᠰᠢᠯᠡᠬᠦᠯᠦᠭᠰᠡᠨ ᠪᠠᠢ᠌ᠨ᠎ᠠ᠃


ᠣᠷᠣᠨ᠎ᠤ ᠭᠠᠳᠠᠨᠠᠬᠢ ᠮᠡᠳᠡᠭᠡ ᠵᠠᠩᠭᠢ


     ᠹᠦᠵᠢᠶᠠᠨ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠹᠦᠵᠢᠶᠠᠨ ᠮᠤᠵᠢ ᠵᠢᠨ ᠲᠠᠷᠢᠶᠠᠯᠠᠩ ᠬᠥᠳᠡᠭᠡ ᠲᠣᠰᠬᠣᠨ᠎ᠤ ᠲᠢᠩᠬᠢᠮ᠎ᠤᠨ᠎ᠬᠢᠨ᠎ᠲᠠᠢ ᠬᠠᠮᠲᠤᠷᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠭᠤᠷᠪᠠᠳᠤᠭ᠋ᠠᠷ ᠬᠤᠭᠤᠴᠠᠭ᠋ᠠᠨ᠎ᠤ ᠨᠡᠶ᠋ᠢᠲᠡ ᠵᠢᠨ ᠤᠷᠤᠯᠳᠤᠭ᠋ᠠᠨ᠎ᠳᠤ 《ᠹᠦᠵᠢᠶᠠᠨ᠎ᠤ᠎ᠬᠢᠨ ᠲᠦᠮᠡᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ᠎ᠬᠢᠨ᠎ᠲᠠᠢ ᠬᠤᠯᠪᠤᠭ᠋ᠠᠯᠠᠨ ᠬᠦᠳᠡᠬᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠬᠦ》 ᠭᠣᠣᠯ ᠰᠡᠳᠦᠪ᠎ᠲᠠᠢ ᠨᠢᠭᠲᠠ ᠤᠶᠠᠯᠳᠤᠭᠤᠯᠵᠤ᠂ 《ᠹᠦᠵᠢᠶᠠᠨ᠎ᠤ ᠠᠷᠠᠳ᠎ᠤᠨ ᠶᠠᠪᠤᠳᠠᠯ᠎ᠤᠨ᠎ᠬᠢᠨ ᠠᠢ᠌ᠯ ᠪᠦᠯᠢ᠎ᠳᠤ ᠵᠢᠷᠭ᠋ᠠᠯ ᠪᠢᠯᠬᠠᠭᠤᠯᠬᠤ》 ᠭᠡᠬᠦ ᠲᠦᠷᠦᠯ ᠲᠡᠮᠳᠡᠭ᠎ᠢ ᠬᠠᠷᠠᠭ᠎ᠠ ᠪᠤᠯᠢᠶᠠᠮ᠎ᠠ ᠬᠡᠷᠡᠯᠳᠤᠬᠦᠯᠤᠨ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠲᠣᠭᠣᠷᠢᠨ᠎ᠳᠤ ᠠᠵᠤ ᠦᠢ᠍ᠯᠡᠰ᠂ ᠰᠣᠶᠣᠯ᠂ ᠠᠮᠢ ᠠᠬᠤᠢ᠂ ᠹᠦᠵᠢᠶᠠᠨ ᠲᠠᠢ᠌ᠸᠠᠨ᠎ᠤ ᠰᠣᠯᠢᠯᠴᠠᠭ᠎ᠠ᠂ 《ᠪᠤᠭᠤᠷᠤᠯᠴᠤᠳ᠎ᠤᠨ ᠠᠵᠤ ᠠᠬᠤᠢ》᠎ᠳᠤ ᠦᠢ᠍ᠯᠡᠴᠢᠯᠡᠬᠦ ᠵᠡᠷᠭᠡ ᠲᠠᠯ᠎ᠠ᠎ᠪᠠᠷ ᠲᠦᠷᠦᠯ ᠵᠦᠢ᠍ᠯ᠎ᠢ  ᠭᠤᠶᠤᠴᠢᠯᠠᠬᠤ ᠬᠡᠷᠡᠭᠲᠡᠢ᠃ ᠲᠦᠷᠦᠯ ᠵᠦᠢ᠍ᠯ᠎ᠤᠨ ᠭᠣᠣᠯ ᠰᠡᠳᠦᠪ᠎ᠢ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠲᠥᠯᠦᠪᠵᠢᠭᠦᠯᠭᠡ᠎ᠲᠠᠢ ᠣᠨᠣᠪᠴᠢᠲᠠᠢ ᠵᠣᠯᠭ᠋ᠠᠭᠤᠯᠬᠤ ᠬᠡᠷᠡᠭᠲᠡᠢ᠃ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠲᠦᠷᠦᠯ ᠵᠦᠢ᠍ᠯ᠎ᠤᠨ ᠪᠦᠬᠦ ᠦᠶᠡᠯᠡᠯ᠎ᠤᠨ ᠬᠤᠭᠤᠴᠠᠭ᠋ᠠᠨ᠎ᠳᠠᠬᠢ ᠤᠯᠤᠰ ᠲᠦᠷᠦ ᠵᠢᠨ ᠳᠠᠭ᠋ᠠᠭᠤᠯᠬᠤ ᠦᠢ᠍ᠯᠡᠳᠦᠯ᠎ᠢ ᠴᠢᠩᠭ᠋ᠠᠳᠬᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠣᠷᠣᠯᠴᠠᠵᠤ ᠵᠢᠯᠤᠭᠣᠳᠬᠤ ᠪᠠᠢ᠌ᠩᠭᠤ ᠵᠢᠨ ᠠᠵᠢᠯ᠎ᠤᠨ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠱᠠᠲᠤ ᠲᠥᠷᠥᠯ ᠬᠤᠪᠢᠶᠠᠵᠤ ᠲᠦᠭᠰᠢᠭᠦᠷᠢ ᠵᠢ  ᠰᠡᠷᠡᠮᠵᠢᠯᠡᠭᠦᠯᠬᠦ ᠲᠣᠭᠲᠠᠴᠠ ᠵᠢ ᠪᠠᠢ᠌ᠭᠤᠯᠵᠤ᠂ ᠭᠠᠵᠠᠷ ᠣᠷᠣᠨ᠎ᠤ ᠣᠨᠴᠠᠯᠢᠭ᠎ᠲᠤ ᠨᠡᠢ᠌ᠴᠡᠬᠦ ᠣᠷᠣᠭᠤᠯᠤᠯᠲᠠ ᠭᠠᠷᠭ᠋ᠠᠯᠲᠠ ᠵᠢᠨ ᠲᠥᠰᠥᠭᠡᠯᠡᠨ ᠪᠤᠳᠤᠬᠤ ᠵᠠᠭᠪᠤᠷ᠎ᠢ ᠲᠣᠭᠲᠠᠭ᠋ᠠᠨ᠎ᠠ ᠬᠡᠵᠡᠢ᠃

 



    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.25
ᠯᠢ ᠺᠸ ᠴᠢᠶᠠᠩ ᠰᠢᠩᠭ᠋ᠠᠫᠤᠷ᠎ᠲᠤ ᠠᠢ᠌ᠯᠴᠢᠯᠠᠬᠤ ᠵᠢᠨ ᠳᠠᠭ᠋ᠠᠤ ᠳᠤᠷᠤᠨᠠᠳᠤ ᠠᠽᠢᠶ᠎ᠠ ᠵᠢᠨ ᠬᠠᠮᠳᠤᠷᠠᠯᠴᠠᠭ᠋ᠠᠨ᠎ᠤ ᠤᠳᠤᠷᠢᠳᠬᠤ ᠬᠦᠮᠦᠰ᠎ᠤᠨ ᠰᠢᠷᠢᠰ ᠬᠤᠷᠠᠯ᠎ᠳᠤ ᠤᠷᠤᠯᠴᠠᠬᠤ᠎ᠪᠠᠷ ᠪᠡᠭᠡᠵᠢᠩ᠎ᠠᠴᠠ ᠮᠤᠷᠳᠠᠪᠠ
ᠯᠢ ᠺᠸ ᠴᠢᠶᠠᠩ᠄ ᠵᠠᠰᠠᠭ᠎ᠤᠨ ᠤᠷᠳᠤᠨ ᠪᠤᠯᠤᠨ ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ᠎ᠤᠨ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠳᠤ ᠵᠤᠭᠤᠰ ᠮᠦᠩᠬᠦ ᠦᠷᠢᠳᠦᠵᠤ ᠪᠠᠢ᠌ᠭ᠎ᠠ ᠠᠰᠠᠭᠤᠳᠠᠯ᠎ᠢ ᠳᠦᠷᠭᠡᠨ ᠰᠢᠢ᠍ᠳᠪᠤᠷᠢᠯᠡᠬᠦ ᠭᠡᠷᠡᠭᠳᠡᠢ ᠭᠡᠪᠡ
11 ᠳ᠋ᠤᠭᠡᠷ ᠰᠠᠷ᠎ᠠ ᠵᠢᠨ 9᠎ᠤ ᠠ᠋ᠳᠤᠷ ᠬᠤᠷᠠᠯᠳᠤᠭᠰᠠᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ ᠭᠤᠷᠪᠠᠨ ᠵᠦᠢ᠍ᠯ᠎ᠤᠨ ᠤᠴᠢᠷ ᠶᠠᠪᠤᠳᠠᠯ᠎ᠢ ᠶᠠᠷᠢᠯᠴᠠᠨ ᠳᠤᠭᠳᠠᠪᠠ
ᠯᠢ ᠺᠸ ᠴᠢᠶᠠᠩ ᠶᠠᠭᠤᠨ᠎ᠳᠤ ᠠ᠋ᠨᠡ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠬᠠᠷᠢᠭᠤᠴᠠᠯᠭ᠋ᠠᠳᠠᠨ᠎ᠢ ᠵᠦᠩ ᠨᠠᠨ ᠬᠠᠢ᠎ᠳᠤ ᠤᠷᠢᠭᠰᠠᠨ ᠪᠤᠢ?
 
            