ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠰᠢᠯᠢ ᠵᠢᠨ ᠭᠣᠣᠯ ᠠᠢ᠌ᠮᠠᠭ᠎ᠤᠨ᠎ᠬᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠴᠠᠭ᠋ᠠᠨ ᠰᠠᠷ᠎ᠠ ᠵᠢᠨ ᠪᠡᠯᠡᠭ ᠪᠣᠭᠴᠣ ᠬᠦᠷᠬᠡᠪᠡ
ᠨᠡᠶᠢᠲᠡᠯᠡᠭᠰᠡᠨ ᠴᠠᠭ᠄ 2025-01-27

    1 ᠳ᠋ᠤᠬᠡᠷ ᠰᠠᠷ᠎ᠠ ᠵᠢᠨ 20᠎ᠤ ᠡᠳᠦᠷ ᠲᠦᠩ ᠲᠦᠩ (ᠪᠤᠷᠤᠭᠤᠯᠠᠭᠰᠠᠨ ᠨᠡᠷ᠎ᠡ)᠎ᠤᠨ ᠠᠪᠠᠭ᠎ᠠ ᠡᠭᠡᠴᠢ᠂ ᠬᠦᠷᠭᠡᠨ ᠠᠪᠤ᠎ᠨᠢ᠄ 《ᠲᠠ ᠨᠠᠷ᠎ᠲᠤ ᠴᠢᠡᠭ ᠰᠡᠳᠬᠢᠯ᠎ᠠᠴᠠ᠎ᠪᠠᠨ ᠲᠠᠯᠠᠷᠬᠠᠵᠤ ᠪᠠᠢ᠌ᠨ᠎ᠠ᠂ ᠦᠨᠡᠬᠡᠷ ᠬᠡᠦᠬᠡᠳ᠎ᠤᠨ ᠲᠦᠯᠤᠬᠡ ᠪᠤᠳᠤᠳᠠᠭ ᠶᠤᠮ ᠪᠠᠢ᠌ᠨ᠎ᠠ ᠰᠢᠤ᠃ ᠨᠢᠳᠤᠨᠤᠨ ᠲᠠ ᠨᠠᠷ ᠬᠡᠦᠬᠡᠳ᠎ᠤᠨ ᠰᠡᠳᠬᠢᠯ᠎ᠤᠨ ᠡᠪᠡᠳᠴᠢᠨ᠎ᠢ᠎ᠨᠢ ᠰᠦᠢ᠍ᠳᠬᠡᠯ ᠬᠤᠷᠢᠶᠠᠬᠤ ᠦᠭᠡᠢ᠎ᠪᠠᠷ ᠰᠢᠭᠰᠢᠨ ᠪᠠᠢ᠌ᠴᠠᠭ᠋ᠠᠵᠤ᠂ ᠡᠨᠡ ᠵᠢᠯ ᠴᠠᠭ᠋ᠠᠨ ᠰᠠᠷ᠎ᠠ᠎ᠠᠴᠠ ᠡᠮᠦᠨ᠎ᠡ ᠬᠡᠦᠬᠡᠳ᠎ᠲᠤ ᠪᠠᠰᠠ ᠴᠠᠭ᠋ᠠᠨ ᠰᠠᠷ᠎ᠠ ᠵᠢᠨ ᠪᠡᠯᠡᠭ ᠬᠦᠷᠭᠡᠵᠦ ᠢᠷᠡᠯ᠎ᠡ》 ᠭᠡᠵᠤ  ᠬᠡᠯᠡᠵᠤ ᠪᠢᠯᠨ᠃
微信图片_20250127120850.jpg 


    ᠰᠢᠯᠢ ᠵᠢᠨ ᠭᠣᠣᠯ ᠠᠢ᠌ᠮᠠᠭ᠎ᠤᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠠᠵᠢᠯᠲᠠᠳ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠲᠤᠬᠤᠨᠢᠭᠤᠯᠵᠤ ᠪᠠᠢ᠌ᠭ᠎ᠠ᠎ᠨᠢ
   ᠴᠠᠭ᠋ᠠᠨ ᠰᠠᠷ᠎ᠠ ᠲᠦᠬᠦᠬᠦ᠎ᠳᠤ ᠨᠠᠮ ᠪᠣᠯᠣᠨ ᠵᠠᠰᠠᠭ᠎ᠤᠨ ᠣᠷᠳᠣᠨ᠎ᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ  ᠪᠠᠢ᠌ᠬᠤ ᠵᠢ ᠳᠠᠮᠵᠢᠭᠤᠯᠵᠤ ᠬᠦᠴᠢᠷᠳᠡᠯ᠎ᠳᠤ ᠲᠤᠯᠭ᠋ᠠᠷᠠᠭᠰᠠᠨ ᠭᠡᠷ ᠪᠦᠯᠢ ᠵᠢᠨ ᠵᠡᠮᠳᠡᠭ ᠬᠡᠦᠬᠡᠳ᠎ᠲᠤ ᠨᠡᠢ᠌ᠭᠡᠮ᠎ᠤᠨ ᠬᠠᠢ᠌ᠷ᠎ᠠ ᠬᠠᠯᠠᠮᠵᠢ ᠵᠢ ᠬᠦᠷᠲᠡᠭᠡᠬᠦ ᠵᠢᠨ ᠲᠥᠯᠥᠭᠡ ᠰᠢᠯᠢ ᠵᠢᠨ ᠭᠣᠣᠯ ᠠᠢ᠌ᠮᠠᠭ᠎ᠤᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠠᠵᠢᠯᠲᠠᠳ ᠤᠷᠴᠢᠮ᠎ᠳᠤ ᠨᠠᠮ᠎ᠤᠨ ᠭᠡᠰᠢᠭᠦᠨ ᠰᠠᠢ᠌ᠨ ᠳᠤᠷ᠎ᠠ ᠵᠢᠨ ᠠᠵᠢᠯᠯᠠᠭᠴᠢ᠎ᠪᠠᠨ ᠳᠠᠭ᠋ᠠᠭᠤᠯᠤᠨ ᠰᠢᠯᠢᠩᠬᠣᠲᠠ ᠵᠢᠨ 4 ᠨᠡᠢ᠌ᠭᠡᠮ ᠲᠣᠭᠣᠷᠢᠭ᠎ᠤᠨ 5 ᠡᠷᠦᠬᠡ ᠵᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠭᠡᠷ ᠪᠦᠯᠢ᠎ᠳᠤ ᠬᠦᠷᠴᠦ ᠬᠡᠦᠬᠡᠳ᠎ᠤᠳ᠎ᠲᠤ ᠨᠣᠮ ᠪᠢᠴᠢᠭ᠂ ᠪᠢᠴᠢᠭ᠎ᠤᠨ ᠬᠡᠷᠡᠭᠰᠡᠯ᠂ ᠬᠤᠪᠴᠠᠰᠤ ᠬᠤᠨᠠᠷ ᠵᠡᠷᠭᠡ ᠴᠠᠭ᠋ᠠᠨ ᠰᠠᠷ᠎ᠠ ᠵᠢᠨ ᠪᠡᠯᠡᠭ ᠪᠣᠯᠣᠨ ᠵᠥᠩᠨᠡᠯ ᠳᠡᠪᠰᠢᠭᠦᠯᠵᠡᠢ᠃
   ᠠᠰᠠᠷᠠᠮᠵᠢ ᠵᠢᠨ ᠬᠦᠷᠢᠶᠡᠯᠡᠩ᠎ᠤᠨ ᠠᠵᠢᠯᠲᠠᠳ ᠵᠡᠮᠳᠡᠭ ᠬᠡᠦᠬᠡᠳ ᠪᠠ ᠭᠡᠷ᠎ᠤᠨ ᠠᠬᠠᠮᠠᠳ᠎ᠲᠠᠢ ᠳᠣᠲᠣᠨᠣ᠎ᠪᠠᠷ ᠶᠠᠷᠢᠯᠴᠠᠵᠤ᠂ ᠬᠡᠦᠬᠡᠳ᠎ᠤᠨ ᠠᠮᠢᠳᠤᠷᠠᠯ᠂ ᠡᠷᠡᠭᠦᠯᠵᠢᠯ᠂ ᠰᠤᠷᠭ᠋ᠠᠨ ᠬᠥᠮᠦᠵᠢᠯ ᠵᠡᠷᠭᠡ ᠲᠠᠯ᠎ᠠ ᠵᠢᠨ ᠪᠠᠢ᠌ᠳᠠᠯ᠎ᠢ ᠨᠠᠷᠢᠨ ᠣᠢ᠌ᠯᠠᠭ᠋ᠠᠵᠤ᠂ ᠲᠡᠳᠡᠨ᠎ᠳᠤ ᠭᠡᠨᠡᠳᠲᠡ ᠵᠢᠨ᠂ ᠲᠦᠷ ᠴᠠᠭ᠎ᠤᠨ᠂  ᠪᠠᠴᠢᠮᠳᠠᠯ ᠲᠤᠯᠭ᠋ᠠᠮᠳᠠᠯ ᠪᠠᠢ᠌ᠬᠤ ᠡᠰᠡᠬᠦ ᠵᠢ ᠨᠠᠷᠢᠨ ᠠᠰᠠᠭᠤᠬᠤ ᠵᠢᠨ ᠬᠠᠮᠳᠤ ᠬᠦᠷᠳᠡᠵᠤ ᠪᠠᠢ᠌ᠭ᠎ᠠ ᠲᠦᠷᠦ ᠵᠢᠨ ᠪᠣᠳᠣᠯᠭ᠎ᠠ ᠪᠠ ᠨᠥᠬᠥᠪᠦᠷᠢ ᠵᠢᠨ ᠪᠠᠢ᠌ᠳᠠᠯ᠎ᠢ ᠤᠢ᠌ᠯᠠᠭ᠋ᠠᠬᠤ᠎ᠳᠤ᠎ᠪᠠᠨ ᠨᠡᠩ ᠤᠯᠠᠨ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢ ᠤᠬᠠᠭᠤᠯᠵᠤ ᠠᠮᠢᠳᠤᠷᠠᠯ᠎ᠤᠨ ᠳᠤᠮᠳᠠᠬᠢ ᠬᠦᠴᠢᠷᠳᠡᠯ ᠪᠠ ᠥᠷᠢᠰᠦᠯᠳᠦᠭᠡᠨ᠎ᠳᠤ ᠵᠣᠷᠢᠭᠲᠠᠢ᠎ᠪᠠᠷ ᠬᠠᠨᠳᠤᠵᠤ᠂ ᠢᠳᠡᠪᠬᠢᠲᠡᠢ ᠥᠭᠡᠳᠡᠷᠬᠡᠭ ᠰᠡᠳᠬᠢᠯᠭᠡ᠎ᠲᠠᠢ ᠪᠠᠢ᠌ᠬᠤ ᠵᠢ ᠵᠤᠷᠢᠬ᠍ᠵᠢᠭᠤᠯᠪᠠ ᠃
     ᠰᠢᠯᠢ ᠵᠢᠨ ᠭᠣᠣᠯ ᠠᠢ᠌ᠮᠠᠭ᠎ᠤᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠤᠷᠴᠢᠮ᠎ᠤᠨ ᠵᠢᠯ᠎ᠠᠴᠠ ᠨᠠᠭ᠋ᠠᠰᠢ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠠᠵᠢᠯ᠎ᠢ ᠢᠮᠠᠭᠲᠠ ᠴᠢᠬᠤᠯᠠ ᠠᠵᠢᠯ᠎ᠤᠨ ᠠᠭᠤᠯᠭ᠎ᠠ᠎ᠪᠠᠨ ᠪᠣᠯᠭ᠋ᠠᠵᠤ ᠦᠢ᠍ᠯᠡᠴᠢᠯᠡᠭᠡᠨ᠎ᠤ ᠬᠦᠷᠢᠶ᠎ᠡ ᠬᠡᠪᠴᠢᠶ᠎ᠡ᠎ᠪᠠᠨ ᠥᠷᠭᠡᠳᠬᠡᠬᠦ ᠵᠢ ᠢᠳᠡᠪᠬᠢᠲᠡᠢ ᠰᠦᠪᠡᠭᠴᠢᠯᠡᠵᠦ ᠴᠠᠭ᠋ᠠᠨ ᠰᠠᠷ᠎ᠠ ᠵᠡᠷᠭᠡ ᠪᠠᠶᠠᠷ᠎ᠤᠨ ᠡᠳᠦᠷ ᠪᠣᠯᠭ᠋ᠠᠨ ᠲᠡᠳᠡᠨ᠎ᠳᠤ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯ ᠪᠣᠯᠣᠨ ᠴᠢᠩ ᠦᠨᠡᠨᠴᠢ ᠬᠠᠯᠠᠮᠵᠢ ᠬᠦᠷᠭᠡᠭᠰᠡᠭᠡᠷ ᠢᠷᠡᠭᠰᠡᠨ ᠶᠤᠮ᠃ ᠣᠳᠣᠬᠠᠨ᠎ᠳᠤ ᠰᠢᠯᠢ ᠵᠢᠨ ᠭᠣᠣᠯ ᠠᠢ᠌ᠮᠠᠭ᠎ᠤᠨ᠎ᠬᠢᠨ ᠨᠢᠭᠡᠨᠲᠡ ᠪᠥᠬᠥ ᠠᠢ᠌ᠮᠠᠭ᠎ᠤᠨ 313 ᠥᠨᠥᠴᠢᠨ ᠬᠡᠦᠬᠡᠳ ᠪᠠ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠲᠤ 1᠂ 2 ᠳ᠋ᠤᠭ᠋ᠠᠷ ᠰᠠᠷ᠎ᠠ ᠵᠢᠨ ᠠᠮᠢᠳᠤᠷᠠᠯ᠎ᠤᠨ ᠨᠥᠬᠥᠪᠦᠷᠢ ᠮᠥᠩᠭᠥ ᠵᠢ 115.47 ᠲᠦᠮᠡᠨ ᠲᠥᠭᠥᠷᠢᠭ ᠤᠷᠢᠳᠴᠢᠯᠠᠨ ᠥᠭᠴᠦ᠂ ᠬᠡᠦᠬᠡᠳ᠎ᠤᠳ᠎ᠤᠨ ᠪᠠᠶᠠᠷ ᠳᠤᠷᠠᠰᠬᠠᠯ᠎ᠤᠨ ᠡᠳᠦᠷ ᠵᠶ᠋ᠡᠨ ᠪᠠᠶᠠᠷ ᠬᠥᠷ᠎ᠲᠠᠢ ᠥᠩᠭᠡᠷᠡᠭᠦᠯᠬᠦ ᠵᠢ ᠪᠠᠲᠤᠯᠠᠵᠤ ᠪᠠᠢ᠌ᠨ᠎ᠠ᠃

 






 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ᠎ᠤᠨ᠎ᠬᠢᠨ ᠨᠠᠰᠤᠲᠠᠢ᠌ᠴᠤᠳ᠎ᠤᠨ ᠵᠣᠯ ᠵᠢᠷᠭ᠋ᠠᠯᠲᠤ ᠠᠮᠢᠳᠤᠷᠠᠯ᠎ᠢ ᠲᠦᠪᠬᠢᠨᠡᠬᠦᠯᠵᠤ ᠪᠠᠢ᠌ᠨ᠎ᠠ
ᠦᠬᠠᠢ ᠬᠣᠲᠠ ᠵᠢᠨ᠎ᠬᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠨᠠᠷᠢᠯᠢᠭ ᠣᠨᠣᠴᠠᠲᠠᠢ ᠬᠠᠮᠢᠶᠠᠷᠤᠯᠲᠠ᠎ᠪᠠᠷ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠬᠦᠯᠵᠤ ᠪᠣᠶ
ᠦᠬᠠᠢ ᠬᠣᠲᠠ ᠵᠢᠨ᠎ᠬᠢᠨ ᠬᠡᠷᠡᠭᠴᠡᠭᠡ ᠱᠠᠭ᠋ᠠᠷᠳᠠᠯᠭ᠎ᠠ᠎ᠪᠠᠷ ᠦᠨᠳᠦᠰᠦ ᠪᠣᠯᠭ᠋ᠠᠵᠤ ᠬᠦᠭᠵᠢᠬᠦᠯᠤᠯᠳᠡ ᠵᠢᠨ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠪᠦᠲᠦᠮᠵᠢᠲᠡᠶ ᠠᠷᠭ᠎ᠠ ᠵᠠᠮ᠎ᠢ ᠰᠦᠪᠡᠭᠴᠢᠯᠡᠪᠡ
ᠬᠥᠯᠥᠨ ᠪᠣᠶ᠋ᠢᠷ ᠬᠣᠲᠠ ᠵᠢᠨ᠎ᠬᠢᠨ ᠴᠤᠬᠯᠢᠭ ᠴᠢᠳᠠᠪᠤᠷᠢᠲᠠᠨ᠎ᠤ ᠡᠡᠭᠨᠡᠬᠡ ᠵᠢ ᠴᠢᠡᠭᠭ᠋ᠠᠳᠬᠠᠵᠤ ᠨᠠᠰᠤᠳᠠᠢ᠌ᠴᠤᠳ᠎ᠤᠨ ᠠᠰᠠᠷᠠᠮᠵᠢ᠎ᠳᠤ ᠦᠡᠭᠭᠡ ᠪᠤᠳᠤᠭ ᠨᠡᠮᠡᠷᠢᠯᠡᠵᠤ ᠪᠠᠢ᠌ᠨ᠎ᠠ
ᠰᠢᠯᠢ ᠵᠢᠨ ᠭᠣᠣᠯ ᠠᠢ᠌ᠮᠠᠭ᠎ᠤᠨ᠎ᠬᠢᠨ ᠮᠠᠳᠠᠭ᠎ᠲᠠᠢ ᠲᠣᠭ᠎ᠠ ᠪᠠᠷᠢᠮᠲᠠ ᠵᠢᠨ ᠬᠠᠷᠭᠤᠭᠤᠯᠤᠯᠳᠠ ᠵᠢᠨ ᠮᠠᠳᠠᠭ᠎ᠢ ᠤᠯᠠᠨ ᠠᠷᠭ᠎ᠠ᠎ᠪᠠᠷ ᠪᠦᠳᠤᠮᠵᠢᠳᠡᠢ ᠪᠠᠭᠤᠷᠠᠭᠤᠯᠪᠠ
 
            