ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠲᠦᠩᠯᠢᠶᠣᠣ ᠬᠤᠳᠠ ᠵᠢᠨ᠎ᠬᠢᠨ ᠨᠡᠢ᠌ᠭᠡᠮ ᠲᠣᠭᠣᠷᠢᠭ᠎ᠢ ᠨᠠᠰᠤᠲᠠᠢ᠌ᠴᠤᠳ᠎ᠤᠨ ᠬᠠᠯᠠᠭᠤᠨ ᠳᠤᠯᠠᠭ᠋ᠠᠨ ᠭᠡᠷ ᠣᠷᠣᠨ ᠪᠤᠯᠭ᠋ᠠᠵᠤ ᠪᠠᠢ᠌ᠨ᠎ᠠ
ᠨᠡᠶᠢᠲᠡᠯᠡᠭᠰᠡᠨ ᠴᠠᠭ᠄ 2025-04-28

      - ᠪᠦᠬᠦ ᠤᠯᠤᠰ᠎ᠤᠨ ᠵᠢᠱ᠌ᠢᠶ᠎ᠡ ᠦᠵᠡᠬᠦᠯᠬᠦᠢ᠌ᠴᠡ ᠨᠠᠰᠤᠲᠠᠢ᠌ᠴᠤᠳ᠎ᠤᠨ ᠨᠥᠬᠥᠷᠰᠡᠭ ᠬᠡᠯᠪᠡᠷᠢ ᠵᠢᠨ ᠨᠡᠢ᠌ᠭᠡᠮ ᠲᠣᠭᠣᠷᠢᠭ᠎ᠤᠨ ᠲᠦᠩᠯᠢᠶᠣᠣ ᠬᠤᠳᠠ ᠵᠢᠨ ᠬᠣᠷᠴᠢᠨ ᠲᠣᠭᠣᠷᠢᠭ᠎ᠤᠨ ᠱ᠌ᠢ ᠵᠢᠶᠸ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠫᠢᠩ ᠠᠨ ᠪᠠᠷᠠᠭᠤᠨ ᠨᠡᠢ᠌ᠭᠡᠮ ᠲᠣᠭᠣᠷᠢᠭ᠎ᠤᠨ ᠵᠢᠱ᠌ᠢᠶᠡᠨ᠎ᠳᠤ
 
     ᠲᠦᠩᠯᠢᠶᠣᠣ ᠬᠣᠲᠠ ᠵᠢᠨ᠎ᠬᠢᠨ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠨᠠᠰᠤᠲᠠᠢ᠌ᠴᠤᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ ᠨᠠᠰᠤᠲᠠᠢ᠌ᠴᠤᠳ᠎ᠤᠨ ᠨᠥᠬᠥᠷᠰᠡᠭ ᠬᠡᠯᠪᠡᠷᠢ ᠵᠢᠨ ᠨᠡᠢ᠌ᠭᠡᠮ ᠲᠣᠭᠣᠷᠢᠭ᠎ᠢ ᠢᠳᠡᠪᠬᠢᠲᠡᠢ ᠪᠦᠲᠦᠭᠡᠨ ᠪᠠᠢ᠌ᠭᠤᠯᠵᠤ᠂ ᠦᠢ᠍ᠯᠡᠴᠢᠯᠡᠭᠡᠨ᠎ᠤ ᠰᠢᠰᠲᠸᠮ᠎ᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ ᠨᠡᠢ᠌ᠭᠡᠮ ᠲᠣᠭᠣᠷᠢᠭ᠎ᠤᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠨᠠᠰᠤᠲᠠᠢ᠌ᠴᠤᠳ᠎ᠢ ᠨᠡᠢ᠌ᠬᠡᠮ᠎ᠤᠨ ᠠᠵᠢᠯᠯᠠᠭ᠎ᠠ᠎ᠳᠤ ᠤᠷᠤᠯᠴᠠᠭᠤᠯᠬᠤ ᠠᠵᠢᠯ᠎ᠢ ᠠᠬᠢᠭᠤᠯᠤᠨ᠂ ᠨᠠᠰᠤᠲᠠᠢ᠌ᠴᠤᠳ᠎ᠤᠨ ᠲᠠᠨᠢᠯ ᠳᠠᠰᠤᠯ ᠣᠷᠴᠢᠨ᠎ᠳᠤ᠎ᠪᠠᠨ   ᠠᠰᠠᠷᠠᠮᠵᠢ ᠬᠦᠷᠳᠡᠬᠦ ᠵᠢ ᠪᠡᠶᠡᠯᠡᠬᠦᠯᠵᠤ ᠪᠠᠢ᠌ᠨ᠎ᠠ᠃
    ᠱ᠌ᠢ ᠵᠢᠶᠧ ᠵᠡᠭᠡᠯᠢ ᠵᠢᠨ ᠬᠡᠷᠡᠭ ᠡᠷᠬᠢᠯᠡᠬᠦ ᠭᠠᠵᠠᠷ᠎ᠤᠨ ᠫᠢᠩ ᠠᠨ ᠪᠠᠷᠠᠭᠤᠨ ᠨᠡᠢ᠌ᠭᠡᠮ ᠲᠣᠭᠣᠷᠢᠭ᠎ᠨᠢ ᠲᠦᠩᠯᠢᠶᠣᠣ ᠬᠣᠲᠠ ᠵᠢᠨ ᠬᠣᠷᠴᠢᠨ ᠲᠣᠭᠣᠷᠢᠭ᠎ᠤᠨ ᠬᠣᠲᠠ ᠵᠢᠨ ᠲᠥᠪ ᠬᠡᠰᠡᠭ᠎ᠲᠤ ᠪᠠᠢ᠌ᠷᠢᠯᠠᠵᠤ᠂ ᠬᠠᠷᠢᠶᠠᠲᠤ ᠣᠷᠣᠨ᠎ᠤ ᠲᠠᠯᠠᠪᠠᠶ᠎ᠨᠢ 10.12 ᠲᠦᠮᠡᠨ ᠲᠡᠭᠰᠢ ᠳᠥᠷᠪᠡᠯᠵᠢᠨ ᠮᠧᠲᠷ᠂ 1989 ᠡᠷᠦᠬᠡ ᠰᠠᠭᠤᠭ᠋ᠠᠯᠢ ᠠᠷᠠᠳ᠎ᠲᠠᠢ᠂ ᠪᠠᠢ᠌ᠩᠭᠤ ᠰᠠᠭᠤᠭ᠎ᠠ ᠬᠥᠮᠥᠨ ᠠᠮᠠ᠎ᠨᠢ 4345 ᠬᠥᠮᠥᠨ ᠪᠠᠢ᠌ᠨ᠎ᠠ᠃ ᠨᠡᠢ᠌ᠭᠡᠮ ᠲᠣᠭᠣᠷᠢᠭ᠎ᠲᠤ ᠣᠲᠣ 60 ᠨᠠᠰᠤᠨ᠎ᠠᠴᠠ ᠳᠡᠭᠡᠭᠰᠢᠬᠢ ᠨᠠᠰᠤᠲᠠᠨ 836 ᠬᠥᠮᠥᠨ ᠪᠠᠢ᠌ᠬᠤ ᠪᠦᠬᠡᠳ ᠨᠡᠢ᠌ᠭᠡᠮ ᠲᠣᠭᠣᠷᠢᠭ᠎ᠤᠨ ᠪᠥᠬᠥ ᠬᠥᠮᠥᠨ ᠠᠮᠠ ᠵᠢᠨ 19.2%᠎ᠢ ᠡᠵᠡᠯᠡᠵᠦ ᠪᠠᠢ᠌ᠨ᠎ᠠ᠃ ᠡᠭᠦᠨ᠎ᠳᠤ ᠭᠤᠤᠨᠢ ᠨᠠᠰᠤᠲᠠᠨ 89᠂ ᠭᠡᠷ᠎ᠲᠤ᠎ᠪᠠᠨ ᠬᠣᠴᠣᠷᠤᠭᠰᠠᠨ ᠨᠠᠰᠤᠲᠠᠨ 118᠂ ᠪᠡᠶ᠎ᠡ᠎ᠳᠤ᠎ᠪᠠᠨ ᠵᠦᠪ ᠦᠬᠡᠢ ᠨᠠᠰᠤᠲᠠᠨ 3᠂  ᠨᠤᠴᠢᠳᠠᠢ ᠵᠡᠮᠳᠡᠭ ᠨᠠᠰᠤᠲᠠᠨ 2᠂ ᠲᠥᠯᠥᠪᠯᠡᠭᠡᠲᠦ ᠦᠷᠡᠵᠢᠯ᠎ᠤᠨ ᠣᠨᠴᠠᠭ᠋ᠠᠶ ᠭᠡᠷ ᠪᠦᠯᠢ ᠵᠢᠨ ᠨᠠᠰᠤᠲᠠᠨ 12 ᠪᠣᠶ ᠃
   ᠫᠢᠩ ᠠᠨ ᠪᠠᠷᠠᠭᠤᠨ ᠨᠡᠢ᠌ᠭᠡᠮ ᠲᠣᠭᠣᠷᠢᠭ᠎ᠤᠨ᠎ᠬᠢᠨ ᠨᠠᠮ᠎ᠤᠨ ᠪᠠᠢ᠌ᠭᠤᠯᠤᠯᠲᠠ᠎ᠪᠠᠷ ᠵᠢᠯᠣᠭᠣᠳᠤᠮᠵᠢ ᠪᠤᠯᠭ᠋ᠠᠵᠤ ᠨᠠᠰᠤᠲᠠᠢ᠌ᠴᠤᠳ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠭᠣᠣᠯᠳᠠᠭᠤᠯᠵᠤ ᠨᠡᠢ᠌ᠭᠡᠮ ᠲᠣᠭᠣᠷᠢᠭ᠎ᠤᠨ ᠬᠠᠮᠲᠤ ᠵᠢᠨ ᠪᠠᠢ᠌ᠭᠤᠯᠤᠯᠲᠠ᠎ᠪᠠᠷ ᠬᠣᠯᠪᠣᠭ᠋ᠠᠰᠤ ᠪᠣᠯᠭ᠋ᠠᠵᠤ ᠵᠢᠭᠰᠠᠭ᠋ᠠᠯ᠎ᠤᠨ ᠭᠠᠵᠠᠷ᠎ᠤᠨ ᠪᠠᠢ᠌ᠭᠤᠯᠤᠯᠲᠠ᠎ᠪᠠᠷ ᠰᠢᠪᠲᠤᠯᠤᠯᠲᠠ ᠵᠢᠨ ᠴᠡᠭ ᠪᠣᠯᠭ᠋ᠠᠵᠤ ᠨᠠᠰᠤᠲᠠᠢ᠌ᠴᠤᠳ᠎ᠲᠤ ᠦᠢ᠍ᠯᠡᠴᠢᠯᠡᠬᠦ ᠲᠠᠪᠴᠠᠩ᠎ᠢ ᠢᠳᠡᠪᠬᠢᠲᠡᠢ ᠪᠠᠢ᠌ᠭᠤᠯᠤᠭ᠋ᠠᠳ ᠨᠠᠰᠤᠲᠠᠢ᠌ᠴᠤᠳ᠎ᠤᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠳᠠᠰᠤᠷᠠᠯᠳᠠ ᠦᠭᠡᠢ ᠳᠡᠭᠡᠭᠰᠢᠯᠡᠭᠦᠯᠵᠦ 《ᠨᠠᠰᠤᠲᠠᠢ᠌ᠴᠤᠳ᠎ᠤᠨ ᠨᠥᠬᠥᠷᠰᠡᠭ ᠬᠡᠯᠪᠡᠷᠢ ᠵᠢᠨ ᠨᠡᠢ᠌ᠭᠡᠮ ᠲᠣᠭᠣᠷᠢᠭ》 ᠎ᠢ ᠴᠢᠷᠮᠠᠢ᠌ᠨ ᠪᠠᠢ᠌ᠭᠤᠯᠵᠤ ᠪᠠᠢ᠌ᠨ᠎ᠠ᠃

   《ᠰᠡᠳᠬᠢᠴᠡ》᠎ᠠᠴᠠ 《ᠪᠡᠶ᠎ᠡ ᠮᠠᠬᠠᠪᠤᠳ》 ᠬᠦᠷᠲᠡᠯ᠎ᠡ ᠨᠠᠰᠤᠲᠠᠢ᠌ᠴᠤᠳ᠎ᠤᠨ ᠠᠮᠢ ᠨᠠᠰᠤ ᠡᠷᠡᠭᠦᠯ ᠮᠡᠨᠳᠦ᠎ᠳᠤ ᠪᠦᠬᠦ ᠲᠠᠯ᠎ᠠ᠎ᠪᠠᠷ ᠦᠢ᠍ᠯᠡᠴᠢᠯᠡᠵᠦ᠂ ᠰᠠᠬᠢᠨ  ᠬᠠᠮᠠᠭ᠋ᠠᠯᠠᠵᠤ ᠪᠠᠢ᠌ᠨ᠎ᠠ

   2023 ᠣᠨ᠎ᠳᠤ ᠫᠢᠩ ᠠᠨ ᠪᠠᠷᠠᠭᠤᠨ ᠨᠡᠢ᠌ᠭᠡᠮ ᠲᠣᠭᠣᠷᠢᠭ᠎ᠤᠨ᠎ᠬᠢᠨ ᠳᠡᠭᠡᠳᠦ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠪᠡᠯᠡ ᠮᠥᠩᠭᠥ ᠵᠢ 40 ᠲᠦᠮᠡᠨ ᠲᠥᠭᠥᠷᠢᠭ ᠣᠯᠵᠤ 1200 ᠲᠡᠭᠰᠢ ᠳᠥᠷᠪᠡᠯᠵᠢᠨ  ᠮᠸᠲᠷ᠎ᠤᠨ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠢ ᠪᠠᠢ᠌ᠭᠤᠯᠵᠤ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠬᠦ᠂ ᠪᠠᠢ᠌ᠩᠭᠤᠵᠢᠭᠰᠠᠨ ᠦᠢ᠍ᠯᠡᠴᠢᠯᠡᠭᠡᠨ᠎ᠤ ᠲᠣᠭᠲᠠᠴᠠ ᠵᠢ ᠪᠦᠷᠢᠨᠰᠢᠭᠦᠯᠬᠦ᠎ᠪᠠᠷ ᠳᠠᠮᠵᠢᠭᠤᠯᠵᠤ᠂ ᠨᠠᠰᠤᠲᠠᠢ᠌ᠴᠤᠳ᠎ᠲᠤ ᠦᠢ᠍ᠯᠡᠴᠢᠯᠡᠬᠦ 《ᠵᠢᠷᠭᠤᠭ᠋ᠠᠨ ᠦᠰᠦᠭᠳᠤ ᠤᠩᠰᠢᠯᠭ᠎ᠠ》 ᠵᠢ ᠡᠬᠦᠳᠦᠭᠰᠡᠨ᠎ᠤ ᠬᠠᠮᠲᠤ ᠪᠦᠲᠦᠮᠵᠢᠲᠡᠢ ᠠᠴᠢᠶᠠᠯᠠᠪᠤᠷᠢ ᠵᠢ ᠤᠯᠭᠤᠭ᠋ᠠᠳ ᠨᠠᠰᠤᠲᠠᠢ᠌ᠴᠤᠳ᠎ᠲᠤ ᠣᠯᠠᠨ ᠶᠠᠩᠵᠤ ᠵᠢᠨ ᠪᠥᠬᠥ ᠲᠠᠯ᠎ᠠ ᠵᠢᠨ ᠦᠢ᠍ᠯᠡᠴᠢᠯᠡᠭᠡ ᠬᠠᠩᠭ᠋ᠠᠨ᠎ᠠ᠃  ᠨᠠᠰᠤᠳᠠᠢ᠌ᠴᠤᠳ᠎ᠤᠨ ᠲᠠᠪᠠᠯᠢᠭ ᠥᠷᠲᠡᠭᠡ᠄ ᠨᠠᠰᠤᠲᠠᠢ᠌ᠴᠤᠳ᠎ᠤᠨ ᠯᠠᠪᠯᠠᠬᠤ ᠶᠠᠪᠤᠴᠠ᠎ᠳᠤ ᠰᠡᠳᠬᠢᠯ ᠰᠠᠨᠠᠭ᠎ᠠ ᠵᠢ᠎ᠨᠢ ᠠᠭᠤᠵᠢᠷᠠᠭᠤᠯᠤᠨ᠎ᠠ᠃ ᠨᠠᠰᠤᠳᠠᠢ᠌ᠴᠤᠳ᠎ᠤᠨ ᠰᠡᠳᠬᠢᠯ᠎ᠢ ᠪᠠᠶᠠᠰᠬᠠᠬᠤ ᠨᠤᠮ᠎ᠤᠨ ᠦᠷᠤᠬᠡ ᠄ ᠨᠠᠰᠤᠲᠠᠢ᠌ᠴᠤᠳ᠎ᠤᠨ ᠨᠣᠮ ᠤᠩᠰᠢᠬᠤ ᠳᠤᠮᠳᠠ ᠪᠡᠶ᠎ᠡ ᠰᠡᠳᠬᠢᠯ᠎ᠢ ᠪᠠᠶᠠᠰᠬᠠᠨ᠎ᠠ᠃ ᠨᠠᠰᠤᠳᠠᠢ᠌ᠴᠤᠳ ᠵᠢ ᠲᠤᠬᠢᠯᠢᠭ ᠬᠢᠴᠢᠶᠡᠯ᠎ᠤᠨ ᠲᠠᠩᠬᠢᠮ᠄ ᠨᠠᠰᠤᠲᠠᠢ᠌ᠴᠤᠳ᠎ᠢ ᠰᠣᠷᠣᠭᠴᠢ ᠪᠣᠯᠬᠤ ᠳᠤᠮᠳᠠ᠎ᠪᠠᠨ ᠪᠠᠶᠠᠷ ᠪᠠᠶᠠᠰᠤᠯ᠎ᠲᠠᠢ ᠪᠠᠢ᠌ᠯᠭ᠋ᠠᠨ᠎ᠠ᠃  ᠨᠠᠰᠤᠳᠠᠢ᠌ᠴᠤᠳ᠎ᠤᠨ ᠬᠣᠭᠣᠯᠠᠨ ᠭᠡᠷ᠄ ᠨᠠᠰᠤᠲᠠᠢ᠌ᠴᠤᠳ᠎ᠢ ᠠᠮᠲᠠᠲᠤ ᠢᠳᠡᠭᠡᠨ ᠡᠳ᠋ᠯᠡᠭᠦᠯᠬᠦ ᠳᠤᠮᠳᠠ ᠣᠷᠳᠣ ᠨᠠᠰᠤᠯᠠᠭᠤᠯᠤᠨ᠎ᠠ᠃ ᠨᠠᠰᠤᠳᠠᠢ᠌ᠴᠤᠳ᠎ᠤᠨ ᠪᠠᠶᠠᠰᠤᠯᠳᠤ ᠣᠷᠣᠨ ᠵᠠᠢ᠄ ᠨᠠᠰᠤᠲᠠᠢ᠌ᠴᠤᠳ᠎ᠢ ᠰᠡᠯᠡᠭᠦᠴᠡᠯ᠎ᠤᠨ ᠬᠥᠳᠡᠯᠭᠡᠭᠡᠨ᠎ᠤ ᠳᠤᠮᠳᠠ ᠡᠷᠡᠭᠦᠯ ᠴᠢᠭᠢᠷᠠᠭ ᠪᠠᠶᠠᠷ ᠬᠥᠷ᠎ᠲᠠᠢ ᠪᠠᠢ᠌ᠯᠭ᠋ᠠᠨ᠎ᠠ᠃ ᠨᠠᠰᠤᠳᠠᠢ᠌ᠴᠤᠳ᠎ᠲᠤ ᠲᠦᠬᠦᠶᠮ ᠦᠵᠡᠬᠦᠯᠬᠦ  ᠴᠣᠩᠬᠣᠪᠴᠢ᠄ ᠨᠠᠰᠤᠲᠠᠢ᠌ᠴᠤᠳ᠎ᠢ ᠠᠵᠢᠯ ᠶᠠᠪᠤᠳᠠᠯ ᠬᠢᠬᠦ᠎ᠳᠤ᠎ᠨᠢ ᠬᠠᠨᠤᠮᠵᠢᠲᠠᠶ ᠪᠠᠢ᠌ᠯᠭ᠋ᠠᠨ᠎ᠠ᠃
 
   《ᠭᠡᠷ᠎ᠠᠴᠠ ᠭᠠᠷᠬᠤ》᠎ᠠᠴᠠ 《ᠭᠡᠷ᠎ᠲᠤ᠎ᠪᠠᠨ ᠬᠠᠷᠢᠬᠤ》 ᠬᠦᠷᠲᠡᠯ᠎ᠡ ᠣᠯᠠᠨ ᠰᠦᠯᠵᠢᠶ᠎ᠡ ᠵᠢ ᠨᠢᠭᠡᠳᠬᠡᠵᠦ  ᠨᠠᠰᠤᠲᠠᠢ᠌ᠴᠤᠳ᠎ᠤᠨ ᠠᠮᠢᠳᠤᠷᠠᠯ᠎ᠤᠨ ᠬᠡᠷᠡᠭᠴᠡᠭᠡ ᠵᠢ ᠬᠠᠡᠭᠭ᠋ᠠᠵᠤ ᠪᠠᠢ᠌ᠨ᠎ᠠ

   ᠫᠢᠩ ᠠᠨ ᠪᠠᠷᠠᠭᠤᠨ ᠨᠡᠢ᠌ᠭᠡᠮ ᠲᠣᠭᠣᠷᠢᠭ᠎ᠲᠤ 180 ᠡᠷᠦᠬᠡ᠎ᠪᠠᠷ ᠪᠠᠷᠢᠮᠵᠢᠶ᠎ᠠ ᠪᠣᠯᠭ᠋ᠠᠵᠤ᠂ 11 ᠰᠦᠯᠵᠢᠶ᠎ᠡ ᠵᠢ ᠬᠤᠪᠢᠶᠠᠷᠢᠯᠠᠨ᠂ ᠰᠦᠯᠵᠢᠶᠡᠨ᠎ᠤ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠰᠠᠷ᠎ᠠ ᠪᠦᠷᠢ ᠭᠠᠭᠴᠠᠭ᠋ᠠᠷ ᠰᠠᠭᠤᠭ᠎ᠠ᠂  ᠬᠡᠷ`᠎ᠤᠨ ᠮᠤᠬᠤᠷ ᠰᠠᠬᠢᠬᠰᠠᠨ᠂ ᠵᠡᠮᠳᠡᠭ ᠨᠠᠰᠤᠲᠠᠨ ᠪᠠ ᠣᠨᠴᠠ ᠲᠡᠳᠬᠦᠮᠵᠢ ᠵᠢᠨ ᠭᠡᠷ ᠪᠦᠯᠢ ᠵᠢ ᠨᠢᠭᠡ ᠤᠳᠠᠭ᠎ᠠ ᠰᠤᠷᠪᠤᠯᠵᠢᠯᠠᠬᠤ ᠵᠢᠨ ᠬᠠᠮᠲᠤ  ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠲᠤ ᠭᠡᠷ᠎ᠲᠤ᠎ᠨᠢ ᠬᠦᠷᠴᠦ ᠡᠷᠡᠭᠦᠯᠵᠢᠭᠦᠯᠬᠦ ᠦᠢ᠍ᠯᠡᠴᠢᠯᠡᠭᠡ ᠬᠠᠩᠭ᠋ᠠᠵᠤ᠂ ᠨᠠᠰᠤᠲᠠᠢ᠌ᠴᠤᠳ᠎ᠤᠨ ᠭᠡᠷ ᠪᠦᠯᠢ ᠵᠢᠨ ᠪᠠᠢ᠌ᠳᠠᠯ᠎ᠢ ᠲᠣᠳᠣᠷᠬᠠᠢ᠂ ᠰᠠᠭᠤᠷᠢ ᠲᠣᠭ᠎ᠠ ᠵᠢ ᠲᠣᠳᠣᠷᠬᠠᠢ ᠪᠣᠯᠭ᠋ᠠᠵᠤ᠂ ᠨᠡᠢ᠌ᠭᠡᠮ ᠲᠣᠭᠣᠷᠢᠭ᠎ᠤᠨ ᠨᠠᠰᠤᠲᠠᠢ᠌ᠴᠤᠳ᠎ᠤᠨ ᠬᠥᠳᠡᠯᠦᠯ ᠪᠠᠢ᠌ᠳᠠᠯ ᠪᠠ ᠬᠡᠷᠡᠭᠴᠡᠭᠡ ᠱᠠᠭ᠋ᠠᠷᠳᠠᠯᠭ᠎ᠠ ᠵᠢ ᠢᠮᠠᠭᠲᠠ ᠣᠨᠣᠪᠴᠢᠲᠠᠶ ᠡᠵᠡᠮᠳᠡᠪᠡ᠃ 《ᠰᠦᠯᠵᠢᠶ᠎ᠡ᠎ᠪᠠᠷ ᠨᠡᠪᠲᠡᠷᠡᠭᠦᠯᠬᠦ》 ᠮᠡᠳᠡᠭᠡ ᠵᠠᠩᠭᠢᠵᠢᠯᠲᠠ᠎ᠪᠠᠷ ᠨᠠᠰᠤᠲᠠᠢ᠌ᠴᠤᠳ᠎ᠲᠤ ᠦᠢ᠍ᠯᠡᠴᠢᠯᠡᠬᠦ ᠵᠢ ᠲᠡᠭᠦᠯᠳᠡᠷᠵᠢᠭᠦᠯᠵᠦ᠂ 《ᠢᠨᠲ᠋ᠧᠷ ᠰᠦᠯᠵᠢᠶ᠎ᠡ + ᠨᠠᠰᠤᠵᠢᠯ᠎ᠤᠨ ᠠᠰᠠᠷᠠᠮᠵᠢ》 ᠵᠢᠨ ᠦᠢ᠍ᠯᠡᠴᠢᠯᠡᠭᠡ ᠵᠢ ᠪᠡᠶᠡᠯᠡᠬᠦᠯᠪᠡ᠃ ᠣᠲᠣ ᠪᠣᠯᠲᠠᠯ᠎ᠠ  ᠨᠠᠰᠤᠲᠠᠢ᠌ᠴᠤᠳ᠎ᠤᠨ ᠭᠡᠷ ᠪᠦᠯᠢ ᠵᠢᠨ ᠤᠰᠤ ᠴᠠᠬᠢᠯᠭ᠋ᠠᠨ᠎ᠤ ᠰᠦᠢ᠍ᠳᠬᠡᠯ᠎ᠢ ᠎ᠨᠢ 8 ᠤᠳᠠᠭ᠎ᠠ ᠣᠷᠣᠯᠠᠨ ᠲᠤᠰᠢᠶᠠᠵᠤ᠂ ᠵᠡᠮᠳᠡᠭ ᠨᠠᠰᠤᠲᠠᠢ᠌ᠴᠤᠳ᠎ᠲᠤ 2 ᠬᠦᠷᠳᠦᠲᠦ ᠰᠠᠨᠳᠠᠯᠢ ᠬᠠᠩᠭ᠋ᠠᠵᠤ᠂ ᠪᠡᠶ᠎ᠡ ᠴᠢᠭᠢᠷᠠᠭᠵᠢᠭᠤᠯᠬᠤ ᠡᠪᠳᠡᠷᠬᠡᠢ ᠪᠠᠭ᠋ᠠᠵᠢ ᠵᠢ᠎ᠨᠢ 12 ᠰᠣᠯᠢᠵᠤ᠂ ᠰᠠᠢ᠌ᠨ ᠲᠤᠷᠠᠴᠤᠤᠯ ᠣᠶᠤᠨᠲᠤ ᠭᠠᠷ ᠤᠲᠠᠰᠤᠨ᠎ᠤ ᠡᠯ᠎ᠡ ᠵᠦᠢ᠍ᠯ᠎ᠤᠨ APP ᠵᠢ 125 ᠬᠥᠮᠥᠨ᠎ᠳᠤ ᠪᠠᠭᠤᠯᠭ᠋ᠠᠵᠤ  ᠦᠭᠭᠦᠭᠰᠡᠨ ᠪᠠᠢ᠌ᠨ᠎ᠠ᠃ ᠪᠢᠴᠢᠯ ᠬᠡᠯᠪᠡᠷᠢ ᠵᠢᠨ ᠭᠠᠯ ᠤᠨᠲᠠᠷᠠᠭ᠋ᠠᠬᠤ ᠦᠷᠳᠡᠭᠡ ᠵᠢ ᠲᠣᠬᠢᠷᠠᠭᠤᠯᠵᠤ᠂  ᠰᠢᠲᠠᠮᠠᠬᠠᠢ ᠬᠡᠢ ᠵᠢᠨ ᠲᠦᠭᠰᠢᠭᠦᠷᠢ ᠮᠡᠳᠡᠭᠡᠯᠡᠬᠦ ᠪᠠᠭ᠋ᠠᠵᠢ᠂ ᠣᠨᠴᠠᠭ᠋ᠠᠶ ᠨᠠᠰᠤᠲᠠᠢ᠌ᠴᠤᠳ᠎ᠤᠨ ᠰᠦᠷᠴᠢᠭᠦᠷ ᠤᠬᠢᠶᠠᠯᠭ᠎ᠠ ᠵᠢᠨ ᠰᠠᠨᠳᠠᠯᠢ ᠵᠡᠷᠭᠡ ᠵᠢ ᠤᠭᠰᠠᠷᠠᠵᠤ᠂ ᠨᠡᠢ᠌ᠭᠡᠮ ᠲᠣᠭᠣᠷᠢᠭ᠎ᠤᠨ ᠨᠠᠰᠤᠲᠠᠢ᠌ᠴᠤᠳ᠎ᠤᠨ ᠭᠠᠯ ᠰᠡᠷᠭᠡᠢ᠌ᠯᠡᠬᠦ ᠪᠡᠯᠡᠳᠬᠡᠯ ᠲᠥᠰᠥᠯ᠎ᠢ ᠲᠤᠰᠬᠠᠢ᠌ᠯᠠᠨ ᠲᠣᠭᠲᠠᠭ᠋ᠠᠵᠤ᠂ ᠨᠡᠢ᠌ᠭᠡᠮ ᠲᠣᠭᠣᠷᠢᠭ᠎ᠤᠨ ᠨᠠᠰᠤᠲᠠᠢ᠌ᠴᠤᠳ᠎ᠤᠨ ᠭᠡᠨᠡᠳᠲᠡ ᠵᠢᠨ ᠬᠡᠷᠡᠭ᠎ᠤᠨ ᠪᠠᠴᠢᠮ᠎ᠢ ᠠᠪᠤᠷᠠᠬᠤ ᠠᠩᠭᠢ ᠵᠢ ᠪᠠᠢ᠌ᠭᠤᠯᠵᠤ᠂ ᠭᠠᠭᠴᠠᠭ᠋ᠠᠷ ᠰᠠᠭᠤᠭᠰᠠᠨ᠂ ᠭᠡᠷ᠎ᠲᠤ᠎ᠪᠠᠨ ᠬᠣᠴᠣᠷᠤᠭᠰᠠᠨ ᠨᠠᠰᠤᠲᠠᠢ᠌ᠴᠤᠳ᠎ᠤᠨ ᠭᠡᠷ ᠪᠦᠯᠢ ᠵᠢᠨ ᠤᠰᠤ᠂ ᠴᠠᠬᠢᠯᠭ᠋ᠠᠨ ᠵᠡᠷᠭᠡ ᠲᠥᠬᠦᠭᠡᠷᠦᠮᠵᠢ ᠵᠢᠨ ᠠᠶᠤᠯ ᠦᠬᠡᠢ ᠵᠢᠨ ᠪᠠᠢ᠌ᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ  ᠦᠷᠨᠢᠬᠦᠯᠤᠬᠡᠳ ᠡᠪᠳᠡᠭᠳᠡᠭᠰᠡᠨ᠂ ᠬᠠᠭᠤᠴᠢᠷᠠᠭᠰᠠᠨ ᠲᠥᠬᠦᠭᠡᠷᠦᠮᠵᠢ ᠵᠢ ᠴᠠᠭ ᠲᠤᠬᠠᠢ᠎ᠳᠤ᠎ᠨᠢ ᠰᠡᠯᠪᠢᠨ ᠵᠠᠰᠠᠯ᠎ᠠ᠃ ᠡᠨᠡ ᠵᠢᠯ ᠰᠦᠯᠵᠢᠶᠡᠨ᠎ᠤ ᠠᠵᠢᠯᠲᠠᠨ ᠨᠠᠰᠤᠲᠠᠢ᠌ᠴᠤᠳ᠎ᠤᠨ ᠭᠡᠷ ᠪᠦᠯᠢ ᠵᠢᠨ ᠠᠮᠢᠳᠤᠷᠠᠯ᠎ᠳᠤ ᠬᠡᠷᠡᠭᠯᠡᠬᠦ ᠴᠠᠬᠢᠯᠭ᠋ᠠᠨ᠎ᠤ ᠠᠮᠤᠷ ᠲᠦᠪᠰᠢᠨ᠎ᠤ ᠬᠡᠮ ᠰᠣᠭᠣᠭ᠎ᠢ 3 ᠤᠳᠠᠭ᠎ᠠ ᠪᠠᠢ᠌ᠴᠠᠭ᠋ᠠᠵᠤ᠂ ᠠᠮᠤᠷ ᠲᠦᠪᠰᠢᠨ᠎ᠤ ᠬᠡᠮ ᠰᠣᠭᠣᠭ᠎ᠢ ᠪᠦᠲᠦᠮᠵᠢᠲᠡᠶ ᠰᠡᠷᠭᠡᠢ᠌ᠯᠡᠪᠡ᠃

  《ᠰᠠᠨᠠᠭ᠎ᠠ ᠦᠬᠡᠢ ᠠᠮᠤᠷ》 ᠪᠠᠢ᠌ᠭᠰᠠᠨ᠎ᠠᠴᠠ᠎ᠪᠠᠨ 《ᠰᠠᠨᠠᠭ᠎ᠠ ᠠᠮᠤᠷ》 ᠪᠤᠯᠭ᠋ᠠᠵᠤ ᠲᠥᠬᠦᠭᠡᠷᠦᠮᠵᠢ᠎ᠪᠠᠨ ᠲᠡᠭᠦᠯᠳᠡᠷᠵᠢᠭᠦᠯᠦᠨ᠂ ᠨᠠᠰᠤᠲᠠᠢ᠌ᠴᠤᠳ᠎ᠤᠨ ᠣᠷᠣᠨ ᠰᠠᠭᠤᠴᠠ ᠵᠢᠨ ᠣᠷᠴᠢᠨ ᠲᠣᠭᠣᠷᠢᠨ᠎ᠢ ᠰᠢᠯᠢᠳᠡᠭᠵᠢᠬᠦᠯᠵᠤ ᠪᠠᠢ᠌ᠨ᠎ᠠ

     ᠫᠢᠩ ᠠᠨ ᠪᠠᠷᠠᠭᠤᠨ ᠨᠡᠢ᠌ᠭᠡᠮ ᠲᠣᠭᠣᠷᠢᠭ᠎ᠤᠨ᠎ᠬᠢᠨ 20 ᠭᠠᠷᠤᠢ ᠵᠢᠯ᠎ᠤᠨ ᠬᠠᠭᠤᠴᠢᠨ ᠬᠤᠷᠢᠶᠠᠯᠠᠯ᠎ᠤᠨ ᠨᠦᠬᠦᠴᠡᠯ᠎ᠢ ᠰᠠᠢ᠌ᠵᠢᠷᠠᠭᠤᠯᠬᠤ ᠵᠢᠨ ᠲᠥᠯᠥᠭᠡ 1650 ᠲᠦᠮᠡᠨ ᠲᠥᠭᠥᠷᠢᠭ᠎ᠤᠨ ᠥᠭᠡᠷᠡᠴᠢᠯᠡᠯᠲᠡ ᠵᠢᠨ ᠪᠡᠯᠡ ᠮᠥᠩᠭᠥ ᠣᠯᠵᠤ ᠰᠠᠭᠤᠭ᠋ᠠᠯᠢ ᠠᠷᠠᠳ᠎ᠤᠨ ᠲᠣᠭᠣᠷᠢᠭ᠎ᠤᠨ ᠰᠣᠶᠣᠯ᠎ᠤᠨ ᠠᠭᠤᠳᠠᠮ ᠲᠠᠯᠠᠪᠠᠢ᠎ᠳᠤ ᠠᠮᠠᠷᠠᠯᠲᠠ ᠵᠢᠨ ᠰᠠᠭᠤᠳᠠᠯ ᠲᠣᠬᠢᠷᠠᠭᠤᠯᠵᠤ ᠭᠡᠷᠡᠯᠲᠦᠭᠦᠯᠭᠡ ᠵᠢᠨ ᠲᠥᠬᠦᠭᠡᠷᠦᠮᠵᠢ ᠤᠭᠰᠠᠷᠠᠵᠤ᠂  ᠳᠤᠯᠠᠭ᠋ᠠᠯᠭ᠎ᠠ ᠵᠢᠨ ᠬᠣᠭᠣᠯᠠᠢ᠂  ᠣᠷᠣᠨ ᠰᠠᠭᠤᠴᠠ ᠵᠢᠨ ᠤᠯᠠᠨ ᠨᠡᠶ᠋ᠢᠲᠡ ᠵᠢᠨ ᠬᠡᠰᠡᠭ᠎ᠤᠨ ᠰᠠᠭ᠋ᠠᠳ ᠦᠬᠡᠢ ᠵᠠᠮ ᠪᠣᠯᠣᠨ ᠲᠦᠰᠢᠭᠦᠷ᠎ᠢ  ᠨᠠᠰᠤᠵᠢᠯᠳᠠ᠎ᠳᠤ ᠲᠤᠬᠢᠷᠠᠬᠤ ᠦᠬᠡᠷᠡᠴᠢᠯᠡᠯᠳᠡ᠎ᠪᠠᠷ ᠨᠠᠰᠤᠳᠠᠢ᠌ᠴᠤᠳ᠎ᠤᠨ ᠶᠠᠪᠤᠵᠤ ᠰᠠᠭᠤᠬᠤ᠎ᠳᠤ ᠲᠦᠬᠦᠮ ᠪᠤᠯᠭ᠋ᠠᠪᠠ᠃ ᠣᠳᠣᠬᠠᠨ᠎ᠳᠤ ᠫᠢᠩ ᠠᠨ ᠪᠠᠷᠠᠭᠤᠨ ᠨᠡᠢ᠌ᠭᠡᠮ ᠲᠣᠭᠣᠷᠢᠭ᠎ᠤᠨ᠎ᠬᠢᠨ ᠰᠢᠨ᠎ᠡ ᠳᠦᠷᠰᠦ ᠪᠠᠢ᠌ᠳᠠᠯ᠎ᠲᠠᠢ ᠪᠣᠯᠵᠤ᠂ ᠲᠡᠭᠰᠢᠬᠡᠨ ᠲᠤᠰᠤᠨ ᠵᠠᠮ᠂ ᠭᠡᠷᠡᠯᠲᠡᠢ ᠵᠠᠮ᠎ᠤᠨ ᠳ᠋ᠧᠩ᠂ ᠣᠶᠤᠨᠴᠢᠯᠠᠭᠰᠠᠨ ᠬᠠᠷᠢᠶ᠎ᠠ ᠲᠣᠭᠣᠷᠢᠭ᠎ᠤᠨ ᠮᠠᠰᠢᠨ ᠲᠡᠷᠭᠡ ᠡᠯᠧᠺᠲᠷᠣᠨ ᠪᠠᠭ᠋ᠠᠨ᠎ᠠ ᠪᠣᠯᠣᠨ 24 ᠴᠠᠭ ᠵᠶ᠋ᠡᠷ ᠬᠢᠨᠠᠬᠤ ᠰᠢᠰᠲᠸᠮ᠂ ᠨᠠᠰᠤᠲᠠᠢ᠌ᠴᠤᠳ᠎ᠤᠨ ᠠᠮᠠᠷᠠᠬᠤ ᠰᠠᠭᠤᠳᠠᠯ᠂ 2000 ᠲᠡᠭᠰᠢ ᠳᠥᠷᠪᠡᠯᠵᠢᠨ  ᠮᠸᠲᠷ᠎ᠤᠨ ᠭᠡᠷ᠎ᠤᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠤ ᠲᠠᠯᠠᠪᠠᠢ᠂ ᠬᠥᠮᠥᠨ ᠪᠣᠯᠣᠨ ᠲᠡᠷᠭᠡ ᠎ᠢ ᠰᠠᠯᠭ᠋ᠠᠬᠰᠠᠨ ᠠᠶᠤᠯ ᠦᠬᠡᠢ ᠵᠠᠮ ᠵᠡᠷᠭᠡ᠎ᠨᠢ ᠫᠢᠩ ᠠᠨ ᠪᠠᠷᠠᠭᠤᠨ ᠨᠡᠢ᠌ᠭᠡᠮ ᠲᠣᠭᠣᠷᠢᠭ᠎ᠲᠤ ᠠᠮᠢᠳᠤᠷᠠᠵᠤ ᠪᠠᠢ᠌ᠭ᠎ᠠ ᠨᠠᠰᠤᠲᠠᠢ᠌ᠴᠤᠳ᠎ᠲᠤ ᠲᠤᠢ᠌ᠯ᠎ᠤᠨ ᠬᠠᠯᠠᠭᠤᠨ ᠳᠤᠯᠠᠭ᠋ᠠᠨ  ᠰᠠᠨᠠᠭᠳᠠᠭᠤᠯᠬᠤ ᠠᠵᠢ᠃ ᠰᠠᠭᠤᠭ᠋ᠠᠯᠢ ᠠᠷᠠᠳ ᠰᠢᠦᠢ  ᠤᠪᠤᠬᠳᠤ᠄ 《  ᠰᠥᠨᠢ ᠤᠷᠤᠢ᠎ᠪᠠᠷ ᠭᠠᠳᠠᠭᠰᠢ ᠭᠠᠷᠬᠤ᠎ᠳᠤ᠎ᠪᠠᠨ ᠤᠨᠠᠵᠤ ᠲᠤᠰᠤᠨ᠎ᠠ ᠭᠡᠵᠤ ᠠᠶᠤᠬᠤ᠎ᠪᠠᠨ ᠪᠤᠯᠢᠵᠠᠢ》 ᠭᠡᠵᠤ ᠰᠡᠳᠬᠢᠯ ᠲᠦᠬᠦᠷᠡᠡᠭ ᠶᠠᠷᠢᠵᠤ ᠪᠠᠢ᠌ᠯ᠎ᠠ ᠃

  《ᠠᠵᠢᠯ᠎ᠤᠨ ᠪᠠᠢ᠌ᠷᠢ᠎ᠠᠴᠠ᠎ᠪᠠᠨ ᠰᠠᠯᠬᠤ》᠎ᠠᠴᠠ 《ᠲᠠᠬᠢᠨ ᠠᠵᠢᠯ᠎ᠤᠨ ᠪᠠᠢ᠌ᠷᠢ᠎ᠳᠤ ᠭᠠᠷᠬᠤ》 ᠬᠦᠷᠲᠡᠯ᠎ᠡ ᠦᠳᠡᠯᠤᠬᠡ ᠨᠠᠰᠤᠨ᠎ᠤ ᠬᠡᠷᠡᠯ ᠬᠢᠯᠪᠠᠭ᠎ᠠ ᠵᠢ᠎ᠨᠢ ᠪᠠᠳᠠᠷᠠᠭᠤᠯᠤᠭ᠋ᠠᠳ ᠨᠠᠰᠤᠲᠠᠢ᠌ᠴᠤᠳ᠎ᠤᠨ ᠵᠠᠯᠠᠭᠤ ᠨᠠᠰᠤᠨ᠎ᠤ ᠡᠷᠴᠢ ᠵᠤᠷᠢᠭ᠎ᠢ ᠲᠠᠬᠢᠨᠳᠠ ᠬᠦᠭᠵᠢᠭᠡᠵᠤ ᠪᠠᠢ᠌ᠨ᠎ᠠ

  ᠫᠢᠩ ᠠᠨ ᠪᠠᠷᠠᠭᠤᠨ ᠨᠡᠢ᠌ᠭᠡᠮ ᠲᠣᠭᠣᠷᠢᠭ᠎ᠤᠨ᠎ᠬᠢᠨ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠢ ᠲᠠᠢ᠍ᠢ᠍ᠴᠢᠯᠠᠵᠤ ᠰᠠᠭᠤᠭ᠋ᠠᠯᠢ ᠠᠷᠠᠳ᠎ᠤᠨ ᠲᠥᠯᠥᠭᠡᠯᠡᠭᠴᠢ ᠪᠠ ᠠᠰᠠᠷ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠭᠦᠯᠵᠦ ᠨᠡᠢ᠌ᠭᠡᠮ ᠲᠣᠭᠣᠷᠢᠭ᠎ᠤᠨ ᠬᠡᠷᠡᠭ ᠵᠥᠪᠯᠡᠬᠦ᠂ ᠵᠠᠰᠠᠬᠤ᠎ᠳᠤ ᠰᠠᠨᠠᠭ᠋ᠠᠴᠢᠯᠠᠭ᠎ᠠ᠎ᠠᠴᠠ᠎ᠨᠢ ᠤᠷᠤᠯᠴᠠᠭᠤᠯᠤᠭ᠋ᠠᠳ ᠨᠠᠰᠤᠲᠠᠢ᠌ᠴᠤᠳ ᠪᠠ ᠨᠡᠢ᠌ᠭᠡᠮ ᠲᠣᠭᠣᠷᠢᠭ᠎ᠤᠨ ᠠᠵᠢᠯ᠎ᠢ ᠵᠡᠷᠬᠡ᠎ᠪᠠᠷ ᠦᠷᠨᠢᠬᠦᠯᠤᠬᠡᠳ ᠠᠬᠠᠮᠠᠳ ᠨᠠᠮ᠎ᠤᠨ ᠭᠡᠰᠢᠭᠦᠨ᠎ᠤ ᠨᠠᠮ᠎ᠤᠨ ᠬᠡᠰᠢᠬᠦᠨ ᠬᠡᠳᠡᠭ ᠵᠶ᠋ᠡᠨ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠵᠢ ᠵᠣᠷᠢᠭᠵᠢᠭᠤᠯᠤᠨ ᠰᠠᠨᠠᠭ᠋ᠠᠴᠢᠯᠠᠵᠤ᠂ ᠨᠠᠰᠤᠲᠠᠢ᠌ᠴᠤᠳ᠎ᠤᠨ 《ᠤᠬᠠᠭ᠋ᠠᠨ᠎ᠤ ᠤᠭᠤᠳᠠ》 ᠵᠢᠨ ᠦᠢ᠍ᠯᠡᠳᠦᠯ᠎ᠢ ᠬᠦᠢ᠍ᠴᠡᠳ ᠪᠠᠳᠠᠷᠠᠭᠤᠯᠪᠠ᠃ 《ᠠᠵᠢᠯ᠎ᠤᠨ ᠪᠠᠢ᠌ᠷᠢ᠎ᠠᠴᠠ᠎ᠪᠠᠨ ᠰᠠᠯᠵᠤ》 《ᠠᠵᠢᠯ᠎ᠤᠨ ᠪᠠᠢ᠌ᠷᠢ᠎ᠳᠤ ᠭᠠᠷᠤᠭᠰᠠᠨ》 ᠬᠠᠮᠤᠭ᠎ᠤᠨ ᠨᠡᠢ᠌ᠲᠡᠯᠢᠭ ᠲᠥᠯᠥᠭᠡᠯᠡᠭᠴᠢ ᠪᠣᠯ  ᠨᠡᠢ᠌ᠭᠡᠮ ᠲᠣᠭᠣᠷᠢᠭ᠎ᠤᠨ ᠲᠡᠳᠬᠦᠪᠤᠷᠢ᠎ᠳᠤ ᠭᠠᠷᠤᠬᠰᠠᠨ ᠨᠠᠮ᠎ᠤᠨ ᠭᠡᠰᠢᠭᠦᠨ᠎ᠲᠠᠢ ᠱᠤ᠌ ᠴᠢᠶᠣᠤ ᠪᠣᠯᠣᠨ᠎ᠠ᠃᠎ᠲᠠᠢ ᠱᠤ᠌ ᠴᠢᠶᠣᠤ ᠲᠡᠳᠬᠦᠪᠤᠷᠢ᠎ᠳᠤ ᠭᠠᠷᠤᠬᠰᠠᠨ᠎ᠤ᠎ᠪᠠᠨ ᠲᠠᠷᠠᠭ᠎ᠠ ᠥᠩᠭᠡᠷᠡᠭᠰᠡᠨ᠎ᠤ ᠴᠣᠭ ᠰᠦᠯᠳᠡ᠎ᠨᠢ ᠠᠯᠠᠭ᠎ᠠ ᠪᠣᠯᠤᠭᠰᠠᠨ᠎ᠳᠤ ᠭᠡᠷ᠎ᠤᠨ ᠬᠥᠮᠥᠰ᠎ᠨᠢ ᠶᠡᠬᠡᠳᠡ ᠰᠠᠨᠠᠭ᠎ᠠ ᠪᠣᠯᠵᠤ ᠪᠠᠢ᠌ᠪᠠ᠃ ᠨᠡᠢ᠌ᠭᠡᠮ ᠲᠣᠭᠣᠷᠢᠭ᠎ᠤᠨ᠎ᠬᠢᠨ ᠪᠠᠢ᠌ᠳᠠᠯ᠎ᠢ ᠣᠢ᠌ᠯᠠᠭ᠋ᠠᠭᠰᠠᠨ᠎ᠤ ᠲᠠᠷᠠᠭ᠎ᠠ ᠨᠠᠷᠢᠨ ᠨᠢᠮᠪᠠᠢ ᠬᠦᠯᠢᠴᠡᠩᠭᠦᠢ᠎ᠪᠠᠷ ᠵᠢᠭ᠋ᠠᠨ ᠵᠢᠯᠤᠭᠤᠳᠤᠬᠰᠠᠨ ᠵᠶ᠋ᠡᠷ ᠤᠳᠤ᠎ᠲᠠᠢ ᠱᠤ᠌ ᠴᠢᠶᠣᠤ ᠫᠢᠩ ᠠᠨ ᠪᠠᠷᠠᠭᠤᠨ ᠨᠡᠢ᠌ᠭᠡᠮ ᠲᠣᠭᠣᠷᠢᠭ᠎ᠤᠨ ᠨᠠᠮ᠎ᠤᠨ ᠡᠭᠦᠷ᠎ᠤᠨ ᠵᠣᠬᠢᠶᠠᠨ ᠪᠠᠶ᠋ᠢᠭᠤᠯᠬᠤ ᠭᠡᠰᠢᠭᠦᠨ ᠪᠣᠯᠵᠤ ᠤᠯᠠᠨ ᠲᠦᠮᠡᠨ᠎ᠳᠤ ᠦᠢ᠍ᠯᠡᠴᠢᠯᠡᠬᠦ ᠠᠵᠢᠯ ᠳᠡᠭᠡᠷ᠎ᠡ ᠭᠡᠷᠡᠯ ᠭᠢᠯᠪᠠᠭ᠎ᠠ᠎ᠪᠠᠨ  ᠰᠠᠴᠤᠷᠠᠭᠤᠯᠤᠭ᠋ᠠᠳ ᠶᠤᠰᠤᠳᠠᠢ ᠮᠤᠷᠢᠨ ᠲᠡᠯ ᠲᠡᠬᠡᠬᠦᠷ ᠶᠠᠭ᠋ᠠᠷᠠᠵᠤ ᠶᠠᠪᠤᠨ᠎ᠠ᠃

   《ᠠᠰᠠᠷᠠᠬᠤ》᠎ᠠᠴᠠ 《  ᠵᠢᠷᠭ᠋ᠠᠬᠤ》 ᠬᠦᠷᠲᠡᠯ᠎ᠡ ᠠᠴᠢᠶᠠᠯᠠᠪᠤᠷᠢ ᠵᠢᠨ ᠰᠢᠨ᠎ᠡ ᠵᠢ ᠡᠭᠦᠳᠴᠦ᠂ ᠨᠠᠰᠤᠲᠠᠢ᠌ᠴᠤᠳ᠎ᠤᠨ ᠰᠣᠶᠣᠯ᠎ᠤᠨ ᠠᠮᠢᠳᠤᠷᠠᠯ᠎ᠢ ᠪᠠᠶᠠᠯᠢᠬ᠍ᠵᠢᠭᠤᠯᠵᠤ ᠪᠠᠢ᠌ᠨ᠎ᠠ

    ᠨᠡᠢ᠌ᠭᠡᠮ ᠲᠣᠭᠣᠷᠢᠭ᠎ᠤᠨ ᠨᠠᠰᠤᠲᠠᠢ᠌ᠴᠤᠳ᠎ᠤᠨ ᠰᠤᠷᠭ᠋ᠠᠨ ᠬᠥᠮᠦᠵᠢᠯ᠎ᠤᠨ ᠠᠭᠤᠯᠭ᠎ᠠ ᠪᠠ ᠠᠷᠭ᠎ᠠ ᠪᠠᠷᠢᠯ᠎ᠢ ᠲᠠᠰᠤᠷᠠᠯᠲᠠ ᠦᠭᠡᠢ ᠪᠠᠶᠠᠯᠢᠭᠵᠢᠭᠤᠯᠵᠤ ᠨᠠᠰᠤᠲᠠᠢ᠌ᠴᠤᠳ᠎ᠤᠨ ᠦᠵᠡᠯ ᠰᠠᠨᠠᠭ᠎ᠠ ᠶᠣᠰᠣ ᠮᠣᠷᠠᠯ᠂ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠦᠶ᠎ᠡ ᠵᠢᠨ᠎ᠬᠢᠨ᠎ᠲᠠᠢ᠎ᠪᠠᠨ ᠬᠣᠷᠰᠢᠯᠴᠠᠬᠤ᠂ ᠵᠤᠭ᠎ᠠ ᠴᠡᠡᠭᠭᠡᠬᠦᠨ ᠵᠡᠷᠭᠡ ᠰᠢᠷᠢᠰ ᠠᠵᠢᠯᠯᠠᠭ᠎ᠠ ᠵᠢ ᠥᠷᠨᠢᠭᠦᠯᠵᠦ᠂ ᠨᠡᠢ᠌ᠭᠡᠮ ᠲᠣᠭᠣᠷᠢᠭ᠎ᠤᠨ ᠨᠠᠰᠤᠲᠠᠢ᠌ᠴᠤᠳ᠎ᠤᠨ ᠨᠡᠷᠡᠬᠦᠢ ᠨᠢᠳᠤᠷᠭ᠎ᠠ ᠵᠢᠨ ᠠᠩᠭᠢ᠂ ᠨᠠᠰᠤᠲᠠᠢ᠌ᠴᠤᠳ᠎ᠤᠨ ᠶᠠᠩᠭ᠋ᠠᠷ ᠳᠠᠭᠤᠤ ᠵᠢᠨ ᠠᠩᠭᠢ᠂ ᠨᠠᠰᠤᠲᠠᠢ᠌ᠴᠤᠳ᠎ᠤᠨ ᠪᠡᠶ᠎ᠡ ᠴᠢᠭᠢᠷᠠᠭᠵᠢᠭᠤᠯᠬᠤ ᠲᠠᠮᠢᠷ᠎ᠤᠨ ᠠᠩᠭᠢ᠂ ᠨᠠᠰᠤᠲᠠᠢ᠌ᠴᠤᠳ᠎ᠤᠨ ᠤᠷᠠᠨ ᠪᠢᠴᠢᠯᠭᠡ ᠤᠷᠠᠨ ᠵᠢᠷᠤᠭ᠎ᠤᠨ ᠨᠡᠢ᠌ᠭᠡᠮᠯᠢᠭ᠂ ᠨᠠᠰᠤᠲᠠᠢ᠌ᠴᠤᠳ᠎ᠤᠨ ᠴᠤᠭ ᠵᠢᠪᠬᠤᠭ᠎ᠠ ᠤᠷᠠᠯᠢᠭ᠎ᠤᠨ ᠪᠦᠯᠬᠦᠮ ᠵᠡᠷᠭᠡ ᠵᠢ ᠪᠠᠢ᠌ᠭᠤᠯᠤᠭ᠋ᠠᠳ ᠣᠲᠣ ᠪᠣᠯᠲᠠᠯ᠎ᠠ᠂ ᠨᠠᠰᠤᠲᠠᠢ᠌ᠴᠤᠳ᠎ᠤᠨ ᠤᠷᠠᠨ ᠰᠠᠢ᠌ᠬᠠᠨ᠎ᠤ ᠬᠠᠮᠲᠤᠷᠠᠭᠰᠠᠨ ᠲᠣᠭᠯᠠᠯᠲᠠ ᠵᠢ ᠨᠡᠶ᠋ᠢᠲᠡ 8 ᠤᠳᠠᠭ᠎ᠠ ᠥᠷᠨᠢᠭᠦᠯᠵᠦ᠂ ᠨᠠᠰᠤᠲᠠᠢ᠌ᠴᠤᠳ᠎ᠤᠨ ᠠᠯᠪᠠᠨ ᠵᠢᠷᠤᠮ᠎ᠤᠨ ᠡᠮᠴᠢᠯᠡᠭᠡ᠎ᠳᠤ 10 ᠤᠳᠠᠭ᠎ᠠ ᠦᠢ᠍ᠯᠡᠴᠢᠯᠡᠵᠦ᠂ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠮᠡᠳᠡᠯᠭᠡ ᠵᠢᠨ ᠲᠠᠢ᠌ᠯᠤᠮᠵᠢ ᠵᠢ 14 ᠤᠳᠠᠭ᠎ᠠ ᠥᠷᠨᠢᠭᠦᠯᠵᠦ᠂ 《  ᠭᠠᠷ ᠭᠠᠷ ᠵᠶ᠋ᠡᠨ ᠬᠤᠯᠪᠤᠬᠤ》 ᠵᠡᠷᠭᠡ ᠦᠶ᠎ᠡ ᠵᠡᠷᠬᠡ ᠵᠢᠨ᠎ᠬᠢᠨ᠎ᠤ ᠬᠣᠭᠣᠷᠣᠨᠳᠣᠬᠢ ᠠᠵᠢᠯᠯᠠᠭ᠎ᠠ ᠵᠢ 6 ᠤᠳᠠᠭ᠎ᠠ ᠥᠷᠨᠢᠭᠦᠯᠪᠡ᠃ ᠪᠠᠰᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ ᠪᠠ ᠨᠡᠢ᠌ᠭᠡᠮ ᠲᠣᠭᠣᠷᠢᠭ᠎ᠤᠨ ᠰᠣᠶᠣᠯ᠎ᠤᠨ ᠲᠠᠯᠠᠪᠠᠶ ᠵᠡᠷᠭᠡ᠎ᠳᠤ ᠲᠦᠰᠢᠭᠯᠡᠨ ᠬᠥᠷᠰᠢ ᠵᠡᠷᠭᠡᠯᠡᠳᠡᠭᠡ ᠵᠢᠨ ᠬᠠᠷᠢᠯᠴᠠᠨ ᠬᠠᠪᠰᠤᠷᠤᠯᠴᠠᠬᠤ ᠠᠭᠤᠷ ᠠᠮᠢᠰᠬᠤᠯ᠎ᠢ ᠢᠳᠡᠪᠬᠢᠲᠡᠢ ᠪᠣᠶ ᠪᠤᠯᠭ᠋ᠠᠵᠤ ᠪᠠᠢ᠌ᠨ᠎ᠠ᠃
  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ᠎ᠬᠢᠨ ᠠᠷᠠᠳ᠎ᠤᠨ ᠠᠮᠢᠳᠤᠷᠠᠯ᠎ᠢ ᠡᠷᠴᠢᠮ᠎ᠲᠠᠢ ᠪᠠᠳᠤᠯᠠᠭ᠋ᠠᠳ ᠨᠠᠰᠤᠳᠠᠢ᠌ᠴᠤᠳ᠎ᠤᠨ ᠠᠮᠢᠳᠤᠷᠠᠯ ᠵᠢ ᠵᠢᠷᠭ᠋ᠠᠯ ᠨᠡᠮᠡᠷᠢᠯᠡᠵᠤ ᠪᠠᠢ᠌ᠨ᠎ᠠ
ᠵᠠᠢ ᠦᠬᠡᠢ ᠦᠢ᠍ᠯᠡᠴᠢᠯᠡᠭᠡ᠎ᠪᠠᠷ ᠰᠡᠳᠬᠢᠯ᠎ᠢ᠎ᠨᠢ ᠲᠤᠯᠠᠭ᠋ᠠᠴᠠᠭᠤᠯᠵᠤ ᠪᠠᠢ᠌ᠨ᠎ᠠ — ᠦᠬᠠᠢ ᠬᠣᠲᠠ ᠵᠢᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢ᠎ᠪᠠᠨ ᠤᠯᠠᠨ ᠠᠷᠭ᠎ᠠ᠎ᠪᠠᠷ ᠳᠡᠭᠡᠭᠰᠢᠯᠡᠭᠦᠯᠵᠦ ᠪᠠᠢ᠌ᠨ᠎ᠠ
《〈ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ〉 ᠭᠤᠤᠯ ᠰᠡᠳᠤᠪᠳᠤ ᠠᠵᠢᠯᠯᠠᠭ᠎ᠠ》 — ᠤᠯᠠᠭ᠋ᠠᠨᠴᠠᠪ ᠬᠣᠲᠠ ᠵᠢᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠦᠰᠦᠨ ᠪᠣᠶ᠋ᠢᠵᠢᠯᠲᠠ ᠵᠢ ᠬᠠᠮᠠᠭ᠋ᠠᠯᠠᠬᠤ ᠲᠣᠣᠷ᠎ᠢ ᠪᠠᠳᠤ ᠰᠦᠯᠵᠢᠵᠤ ᠪᠠᠢ᠌ᠨ᠎ᠠ
《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠣᠣᠯ ᠰᠡᠳᠦᠪᠲᠦ ᠠᠵᠢᠯᠯᠠᠭ᠎ᠠ — ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠪᠡ
ᠬᠢᠩᠭ᠋ᠠᠨ ᠠᠢ᠌ᠮᠠᠭ᠎ᠤᠨ ᠨᠠᠰᠤᠨ᠎ᠳᠤ ᠦᠯᠤ ᠬᠦᠷᠤᠭ᠌ᠰᠡᠳ᠎ᠢ ᠬᠠᠮᠠᠭ᠋ᠠᠯᠠᠬᠤ ᠲᠦᠪ ᠬᠦᠴᠢᠷᠳᠡᠯ᠎ᠲᠠᠢ ᠬᠡᠤᠬᠡᠳ᠎ᠤᠨ ᠳᠤᠬᠠᠢ ᠰᠣᠷᠪᠣᠯᠵᠢᠯᠠᠭ᠎ᠠ ᠬᠢᠵᠠᠢ
 
            