ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠥᠬᠡᠬᠣᠲᠠ ᠵᠢᠨ᠎ᠬᠢᠨ ᠠᠷᠠᠳ᠎ᠤᠨ ᠠᠮᠢᠳᠤᠷᠠᠯ᠎ᠢ ᠡᠷᠴᠢᠮ᠎ᠲᠠᠢ ᠪᠠᠳᠤᠯᠠᠭ᠋ᠠᠳ ᠨᠠᠰᠤᠳᠠᠢ᠌ᠴᠤᠳ᠎ᠤᠨ ᠠᠮᠢᠳᠤᠷᠠᠯ ᠵᠢ ᠵᠢᠷᠭ᠋ᠠᠯ ᠨᠡᠮᠡᠷᠢᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2025-05-12

    ᠬᠥᠬᠡᠬᠣᠲᠠ ᠵᠢᠨ᠎ᠬᠢᠨ ᠠᠷᠠᠳ᠎ᠤᠨ ᠠᠮᠢᠳᠤᠷᠠᠯ᠎ᠤᠨ ᠳᠦᠷᠢᠮ᠎ᠤᠨ ᠲᠦᠷᠢᠮ᠎ᠤᠨ ᠰᠢᠰᠲᠸᠮ᠎ᠢ  ᠲᠡᠭᠦᠯᠳᠡᠷᠵᠢᠭᠦᠯᠬᠦ ᠠᠵᠢᠯ᠎ᠢ ᠰᠠᠨᠠᠭ᠋ᠠᠴᠢᠯᠠᠭ᠎ᠠ᠎ᠠᠴᠠ᠎ᠪᠠᠨ ᠲᠥᠯᠥᠪᠵᠢᠭᠦᠯᠵᠦ᠂ ᠤᠯᠠᠨ ᠲᠦᠮᠡᠨ᠎ᠳᠤ ᠰᠡᠳᠬᠢᠯ᠎ᠤᠨ ᠵᠤᠪᠠᠨᠢᠯ᠎ᠢ ᠰᠠᠢ᠌ᠲᠤᠷ ᠰᠢᠢ᠍ᠳᠪᠤᠷᠢᠯᠡᠬᠡᠳ  ᠠᠷᠠᠳ᠎ᠤᠨ ᠠᠮᠢᠳᠤᠷᠠᠯ᠎ᠢ ᠳᠤᠯᠠᠭ᠋ᠠᠴᠠ ᠎ᠲᠠᠢ᠂ ᠠᠷᠠᠳ᠎ᠤᠨ ᠰᠡᠳᠬᠢᠯ᠎ᠳᠤ ᠵᠢᠷᠭ᠋ᠠᠯ ᠪᠢᠯᠬᠠᠭᠤᠯᠵᠤ ᠪᠠᠢ᠌ᠨ᠎ᠠ᠃

 

   ᠲᠦᠬᠡᠮᠡᠯ ᠬᠠᠷᠠᠭ᠋ᠠᠯᠵᠠᠯ ᠵᠶ᠋ᠡᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠢ ᠠᠬᠢᠭᠤᠯᠵᠤ ᠪᠠᠢ᠌ᠨ᠎ᠠ
 
    ᠰᠢᠨ᠎ᠡ ᠬᠣᠲᠠ ᠲᠣᠭᠣᠷᠢᠭ᠎ᠤᠨ 《ᠰᠤᠶᠤᠯ》 ᠨᠡᠢ᠌ᠭᠡᠮ ᠲᠣᠭᠣᠷᠢᠭ᠎ᠤᠨ ᠨᠠᠰᠣᠳᠠᠢ᠌ᠴᠤᠳ᠎ᠤᠨ ᠬᠣᠭᠣᠯᠠᠨ ᠭᠡᠷ᠎ᠲᠤ ᠬᠣᠭᠣᠯᠠ ᠢᠳᠡᠵᠦ ᠪᠠᠢ᠌ᠭᠰᠠᠨ ᠯᠢᠦ ᠨᠠᠰᠤᠲᠠᠨ᠄ 《ᠣᠳᠣ ᠦᠨᠡᠬᠡᠷ ᠳᠥᠭᠥᠮ ᠪᠣᠯᠵᠠᠢ᠂ ᡽ ᠨᠠᠰᠤ ᠠᠬᠢᠭᠰᠠᠨ ᠪᠣᠯᠬᠣᠷ ᠨᠠᠰᠤᠲᠠᠨ᠎ᠢ ᠲᠤᠰᠠᠯᠠᠬᠤ ᠬᠣᠭᠣᠯᠠᠨ ᠭᠡᠷ ᠎ᠲᠠᠢ ᠪᠤᠯᠤᠬᠰᠠᠨ᠎ᠨᠢ ᠮᠠᠨ᠎ᠤ ᠬᠣᠶᠠᠭᠤᠯᠠ ᠵᠢᠨ ᠬᠣᠭᠣᠯᠠ ᠢᠳᠡᠬᠦ ᠬᠦᠴᠢᠷ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠭᠰᠡᠨ ᠪᠥᠭᠡᠳ ᠬᠡᠦᠬᠡᠳ᠎ᠤᠨ ᠳᠠᠷᠤᠭ᠋ᠠᠰᠤ ᠵᠢ ᠴᠤ᠌ ᠪᠠᠭ᠎ᠠ ᠪᠤᠰᠤ ᠬᠦᠡᠭᠭᠡᠯᠡᠯ᠎ᠡ》 ᠭᠡᠵᠦ ᠢᠨᠢᠶᠡᠮᠰᠦᠭᠯᠡᠨ ᠬᠡᠯᠡᠪᠡ᠃ ᠬᠦᠬᠡᠬᠤᠳᠠ ᠵᠢᠨ ᠰᠢᠨ᠎ᠡ ᠬᠣᠲᠠ ᠲᠣᠭᠣᠷᠢᠭ᠎ᠤᠨ 《ᠰᠤᠶᠤᠯ》 ᠨᠡᠢ᠌ᠭᠡᠮ ᠲᠣᠭᠣᠷᠢᠭ᠎ᠤᠨ  ᠨᠠᠰᠤᠳᠠᠢ᠌ᠴᠤᠳ᠎ᠤᠨ ᠬᠣᠭᠣᠯᠠᠨ ᠭᠡᠷ᠎ᠨᠢ  ᠲᠡᠳᠡᠨ᠎ᠤ ᠬᠣᠭᠣᠯᠠ ᠢᠳᠡᠬᠦ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠭᠰᠡᠨ ᠪᠥᠭᠡᠳ ᠬᠡᠦᠬᠡᠳ᠎ᠤᠳ᠎ᠤᠨ ᠳᠠᠷᠤᠭ᠋ᠠᠰᠤ ᠵᠢ ᠴᠤ᠌ ᠬᠥᠩᠭᠡᠯᠡᠭᠰᠡᠨ ᠪᠠᠢ᠌ᠨ᠎ᠠ᠃ ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠲᠥᠷᠥ ᠵᠢᠨ ᠪᠣᠳᠣᠯᠭ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠴᠢᠬᠤᠯᠠ ᠡᠯᠧᠮᠧᠨ᠋ᠲ᠎ᠤᠨ ᠡᠬᠢ ᠪᠠᠶᠠᠯᠢᠭ᠎ᠢ ᠡᠮᠬᠢᠯᠡᠬᠡᠳ ᠳᠤᠲᠠᠭᠤᠳᠠᠯ ᠪᠠᠭᠤᠷᠠᠢ ᠵᠦᠢ᠍ᠯ᠎ᠢ ᠨᠥᠬᠥᠪᠦᠷᠢᠯᠡᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠲᠦᠪᠰᠢᠨ᠎ᠢ ᠪᠦᠬᠦ ᠲᠠᠯ᠎ᠠ᠎ᠪᠠᠷ ᠲᠡᠭᠡᠭᠰᠢᠯᠡᠬᠦᠯᠤᠬᠡᠳ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠠᠵᠢᠯ᠎ᠢ ᠶᠡᠬᠡ᠎ᠪᠠᠷ ᠦᠷᠨᠢᠬᠦᠯᠵᠤ᠂ ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 12 ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠬᠥᠬᠡᠬᠣᠲᠠ ᠵᠢᠨ ᠨᠠᠰᠤᠲᠠᠢ᠌ᠴᠤᠳ᠎ᠤᠨ ᠬᠣᠭᠣᠯᠠ ᠤᠮᠳᠠ ᠵᠢᠨ ᠦᠢ᠍ᠯᠡᠴᠢᠯᠡᠭᠡ ᠵᠢ ᠢᠳᠡᠪᠬᠢᠲᠡᠢ ᠬᠥᠭᠵᠢᠭᠦᠯᠬᠦ ᠠᠵᠢᠯᠯᠠᠭ᠎ᠠ ᠵᠢᠨ ᠲᠥᠰᠥᠯ》 ᠵᠡᠷᠭᠡ ᠳᠦᠷᠢᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠨᠡᠢ᠌ᠲᠡᠯᠡᠵᠦ᠂ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠴᠡᠭ᠎ᠤᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠣᠨ᠎ᠤ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡᠨ᠎ᠤ ᠳᠤᠲᠠᠭᠤᠳᠠᠯ᠎ᠢ ᠨᠥᠬᠥᠪᠦᠷᠢᠯᠡᠨ᠂ ᠬᠤᠳᠠ ᠬᠥᠳᠡᠭᠡ ᠵᠢ ᠬᠠᠮᠤᠷᠤᠭᠰᠠᠨ᠂ ᠪᠠᠢ᠌ᠷᠢᠰᠢᠯ᠎ᠨᠢ ᠵᠦᠢ ᠵᠣᠬᠢᠰᠲᠠᠢ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡᠨ᠎ᠤ ᠲᠤᠤᠷᠵᠢᠯ᠎ᠢ ᠪᠠᠢ᠌ᠭᠤᠯᠵᠤ᠂ ᠪᠦᠬᠦ ᠬᠤᠳᠠ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠎ᠲᠤ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠵᠢ ᠨᠡᠢ᠌ᠳᠡᠮ ᠬᠠᠮᠤᠷᠤᠭᠤᠯᠵᠤ᠂ ᠬᠦᠴᠢᠷᠳᠡᠯ᠎ᠲᠠᠢ ᠨᠠᠰᠤᠲᠠᠢ᠌ᠴᠤᠳ᠎ᠲᠤ ᠬᠠᠨᠳᠤᠭᠤᠯᠤᠭᠰᠠᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠵᠢ ᠨᠡᠩ ᠳᠥᠭᠥᠮ ᠳᠥᠲᠡ ᠪᠤᠯᠭ᠋ᠠᠪᠠ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠰ᠎ᠤᠨ ᠬᠠᠲᠠᠭᠤ ᠬᠡᠷᠡᠭᠰᠡᠯ᠎ᠤᠨ ᠪᠦᠲᠦᠭᠡᠨ ᠪᠠᠢ᠌ᠭᠤᠯᠤᠯᠲᠠ᠎ᠳᠤ ᠪᠡᠯᠡ ᠮᠥᠩᠭᠥ ᠵᠢ ᠶᠡᠬᠡ᠎ᠪᠠᠷ ᠣᠷᠣᠭᠤᠯᠤᠨ ᠬᠡᠷᠡᠭᠯᠡᠵᠦ᠂ ᠨᠠᠰᠤᠲᠠᠢ᠌ᠴᠤᠳ᠎ᠲᠤ ᠲᠤᠰᠠᠯᠠᠬᠤ ᠬᠣᠭᠣᠯᠠᠨ ᠴᠡᠭ᠎ᠢ 358 ᠪᠠᠢ᠌ᠭᠤᠯᠤᠨ ᠪᠦᠲᠦᠭᠡᠵᠦ᠂ ᠬᠣᠲᠠ ᠵᠢᠨ 《ᠨᠢᠭᠡ ᠮᠥᠴᠡ ᠵᠢᠨ ᠲᠤᠳᠤᠷᠠᠬᠢ》 ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭᠣᠷᠢᠭ᠎ᠲᠤ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠵᠢ ᠪᠦᠬᠦᠨ᠎ᠢ ᠬᠠᠮᠤᠷᠬᠤ ᠵᠢ ᠪᠡᠶᠡᠯᠡᠭᠦᠯᠦᠨ᠂ ᠨᠠᠰᠤᠲᠠᠢ᠌ᠴᠤᠳ᠎ᠲᠤ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ ᠦᠢ᠍ᠯᠡᠴᠢᠯᠡᠵᠦ᠂ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ 《ᠡᠴᠦᠰ᠎ᠤᠨ ᠨᠢᠭᠡ ᠮᠧᠲᠷ》᠎ᠢ ᠨᠡᠪᠳᠡᠷᠡᠬᠦᠯᠪᠡ᠃


  ᠨᠡᠢ᠌ᠭᠡᠮ᠎ᠤᠨ ᠲᠤᠰᠠᠯᠠᠮᠵᠢ ᠬᠠᠯᠠᠭᠤᠨ ᠳᠤᠯᠠᠭ᠋ᠠᠨ ᠪᠥᠭᠡᠳ ᠬᠦᠴᠦᠨ᠎ᠲᠠᠢ ᠪᠠᠢ᠌ᠨ᠎ᠠ


    ᠨᠡᠢ᠌ᠭᠡᠮ᠎ᠤᠨ  ᠲᠤᠰᠠᠯᠠᠮᠵᠢ ᠵᠢᠨ ᠪᠦᠷᠬᠦᠴᠡ ᠵᠢᠨ ᠬᠡᠪᠴᠢᠶ᠎ᠡ ᠵᠢ ᠢᠳᠡᠪᠬᠢᠲᠡᠢ᠎ᠪᠠᠷ ᠥᠷᠭᠡᠳᠬᠡᠨ᠂ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠪᠠᠷ ᠰᠠᠭᠤᠷᠢ ᠪᠣᠯᠭ᠋ᠠᠭᠰᠠᠨ᠂ ᠲᠤᠰᠬᠠᠢ ᠵᠦᠢ᠍ᠯ ᠵᠶ᠋ᠡᠷ ᠲᠤᠰᠠᠯᠠᠬᠤ ᠵᠢ ᠬᠠᠷᠢᠯᠴᠠᠨ ᠢᠵᠢ ᠪᠦᠷᠢᠳᠦᠭᠦᠯᠦᠭᠰᠡᠨ᠂ ᠨᠡᠢ᠌ᠭᠡᠮ᠎ᠤᠨ ᠬᠦᠴᠦᠨ ᠥᠷᠭᠡᠨ ᠵᠶ᠋ᠡᠷ ᠣᠷᠣᠯᠴᠠᠭᠰᠠᠨ ᠶᠡᠷᠦᠩᠬᠡᠢ᠌ᠯᠡᠭᠰᠡᠨ ᠲᠤᠰᠠᠯᠠᠮᠵᠢ ᠵᠢᠨ ᠪᠠᠢ᠌ᠷᠢᠰᠢᠯ᠎ᠢ ᠪᠣᠶ ᠪᠣᠯᠭ᠋ᠠᠵᠤ᠂ ᠨᠠᠩ ᠣᠯᠠᠨ ᠬᠦᠴᠢᠷᠳᠡᠯᠲᠡᠢ ᠣᠯᠠᠨ ᠲᠦᠮᠡᠨ᠎ᠢ ᠪᠠᠲᠤᠯᠠᠭ᠎ᠠ ᠵᠢᠨ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠨᠡᠢ᠌ᠭᠡᠮ᠎ᠤᠨ ᠲᠤᠰᠠᠯᠠᠮᠵᠢ ᠵᠢᠨ ᠪᠠᠷᠢᠮᠵᠢᠶ᠎ᠠ ᠵᠢ ᠣᠯᠠᠨ ᠤᠳᠠᠭ᠎ᠠ ᠳᠡᠭᠡᠭᠰᠢᠯᠡᠭᠦᠯᠦᠨ᠂ 《ᠪᠠᠲᠤᠯᠠᠬᠤ ᠶᠣᠰᠣᠲᠠᠢ ᠵᠢ᠎ᠨᠢ ᠴᠥᠮ ᠪᠠᠲᠤᠯᠠᠵᠤ᠂ ᠠᠪᠤᠷᠠᠪᠠᠰᠤ ᠵᠣᠬᠢᠬᠤ ᠵᠢ᠎ᠨᠢ ᠴᠥᠮ ᠠᠪᠤᠷᠠᠵᠤ᠂ ᠲᠡᠵᠢᠭᠡᠪᠡᠰᠦ ᠵᠣᠬᠢᠬᠤ ᠵᠢ᠎ᠨᠢ ᠴᠥᠮ ᠲᠡᠵᠢᠭᠡᠬᠦ》 ᠵᠢ ᠦᠨᠡᠨ ᠬᠦ᠌ ᠪᠡᠶᠡᠯᠡᠬᠦᠯᠪᠡ᠃ ᠬᠣᠲᠠ ᠵᠢᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ 2019 ᠣᠨ᠎ᠳᠤ 725 ᠲᠥᠭᠥᠷᠢᠭ\ ᠰᠠᠷ᠎ᠠ᠎ᠠᠴᠠ 2024 ᠣᠨ᠎ᠳᠤ 883 ᠲᠥᠭᠥᠷᠢᠭ\ ᠰᠠᠷ᠎ᠠ᠎ᠳᠤ ᠬᠦᠷᠲᠡᠯ᠎ᠡ ᠳᠡᠭᠡᠭᠰᠢᠯᠡᠭᠦᠯᠵᠦ᠂ 21.8%᠎ᠪᠠᠷ ᠨᠡᠮᠡᠭᠳᠡᠪᠡ᠃ ᠬᠥᠳᠡᠭᠡ ᠲᠣᠰᠬᠣᠨ᠎ᠤ ᠪᠠᠷᠢᠮᠵᠢᠶ᠎ᠠ᠎ᠨᠢ ᠰᠠᠷ᠎ᠠ᠎ᠳᠤ 510 ᠲᠥᠭᠥᠷᠢᠭ ᠪᠠᠢ᠌ᠭᠰᠠᠨ᠎ᠠᠴᠠ᠎ᠪᠠᠨ ᠰᠠᠷ᠎ᠠ᠎ᠳᠤ 645 ᠲᠥᠭᠥᠷᠢᠭ ᠪᠣᠯᠣᠨ ᠳᠡᠭᠡᠭᠰᠢᠯᠡᠵᠦ᠂ ᠨᠡᠮᠡᠭᠳᠡᠯ᠎ᠤᠨ ᠬᠡᠮᠵᠢᠶ᠎ᠡ᠎ᠨᠢ 26.5%᠎ᠳᠤ ᠬᠦᠷᠴᠡᠢ᠃ 2024 ᠣᠨ᠎ᠤ ᠡᠴᠦᠰ ᠪᠣᠯᠲᠠᠯ᠎ᠠ ᠪᠥᠬᠥ ᠬᠣᠲᠠ ᠵᠢᠨ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠭᠴᠢ 15.16 ᠲᠦᠮᠡᠨ ᠬᠥᠮᠥᠨ᠎ᠢ ᠬᠠᠮᠤᠷᠴᠤ᠂ 7.9 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠲᠠᠷᠬᠠᠭ᠋ᠠᠵᠤ᠂ ᠲᠠᠪᠤᠨ ᠵᠢᠯ᠎ᠤᠨ ᠡᠮᠦᠨᠡᠬᠢ᠎ᠠᠴᠠ 2.95 ᠲᠦᠮᠡᠨ ᠬᠥᠮᠥᠨ ᠨᠡᠮᠡᠭᠳᠡᠨ᠂ ᠪᠡᠯᠡ ᠮᠥᠩᠭᠥ ᠵᠢᠨ ᠵᠠᠷᠤᠯᠭ᠎ᠠ 1.6 ᠳ᠋ᠦᠩᠰᠢᠭᠤᠷ ᠲᠥᠭᠥᠷᠢᠭ ᠨᠡᠮᠡᠭᠳᠡᠵᠡᠢ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ 《ᠪᠣᠳᠠᠰ + ᠦᠢ᠍ᠯᠡᠴᠢᠯᠡᠭᠡ》 ᠲᠤᠰᠠᠯᠠᠮᠵᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢ ᠥᠷᠨᠢᠭᠦᠯᠵᠦ᠂ 《1+3+3+N》 ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ ᠰᠦᠪᠡᠭᠴᠢᠯᠡᠨ  ᠬᠡᠷᠡᠭᠴᠡᠭᠡ ᠶᠣᠰᠣᠭ᠋ᠠᠷ ᠥᠪᠡᠷᠮᠢᠴᠡᠵᠢᠭᠦᠯᠦᠭᠰᠡᠨ 《ᠦᠢ᠍ᠯᠡᠴᠢᠯᠡᠭᠡᠨ᠎ᠤ ᠨᠡᠢ᠌ᠯᠡᠯ ᠵᠢᠷᠤᠭ》᠎ᠢ ᠰᠢᠭᠢᠳᠬᠡᠨ ᠤᠷᠤᠭᠤᠯᠤᠬᠰᠠᠨ ᠵᠶ᠋ᠡᠷ  ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢ 《ᠪᠥᠬᠥ ᠤᠯᠤᠰ᠎ᠤᠨ ᠨᠡᠢ᠌ᠭᠡᠮ᠎ᠤᠨ  ᠲᠤᠰᠠᠯᠠᠮᠵᠢ ᠵᠢᠨ ᠰᠢᠨ᠎ᠡ ᠵᠢ ᠡᠭᠦᠳᠬᠦ ᠦᠢ᠍ᠯᠡᠳᠦᠯᠭᠡ ᠵᠢᠨ ᠮᠠᠡᠭᠯᠠᠢ ᠨᠢᠬᠡᠴᠢ》᠎ᠪᠠᠷ ᠲᠣᠭᠲᠠᠭ᠋ᠠᠵᠤ᠂ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠢᠯᠡᠳᠲᠡ ᠳᠡᠭᠡᠭᠰᠢᠯᠡᠭᠦᠯᠪᠡ᠃


ᠬᠡᠦᠬᠡᠳ᠎ᠤᠨ ᠠᠰᠠᠷᠠᠮᠵᠢ ᠵᠢ ᠨᠢᠳᠤᠨ᠎ᠳᠤ ᠦᠵᠡᠭᠳᠡᠵᠤ ᠭᠠᠷ᠎ᠲᠤ ᠪᠠᠷᠢᠬᠳᠠᠮ᠎ᠠ ᠪᠤᠯᠭ᠋ᠠᠪᠠ
 
  ᠪᠥᠬᠥ ᠬᠣᠲᠠ ᠵᠢᠨ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠤᠷᠴᠢᠮ᠎ᠤᠨ ᠵᠢᠯ ᠴᠥᠮ 10%᠎ᠠᠴᠠ ᠳᠡᠭᠡᠭᠰᠢ ᠳᠡᠭᠡᠭᠰᠢᠯᠡᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠪᠣᠳᠠᠰ᠎ᠤᠨ ᠪᠠ ᠣᠶᠤᠨ ᠰᠠᠨᠠᠭ᠋ᠠᠨ᠎ᠤ ᠬᠦᠷᠢᠶᠡᠨ᠎ᠳᠤ᠎ᠬᠢ ᠬᠣᠣᠰ ᠴᠢᠭᠯᠡᠯ ᠵᠶ᠋ᠡᠷ ᠲᠡᠭᠡᠭᠰᠢᠯᠡᠬᠦᠯᠪᠡ᠃ 1521 ᠲᠦᠮᠡᠨ ᠲᠥᠭᠥᠷᠢᠭ ᠣᠷᠣᠭᠤᠯᠵᠤ ᠬᠣᠷᠢᠨᠭᠡᠷ ᠰᠢᠶᠠᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠥᠪ᠎ᠢ ᠪᠠᠢ᠌ᠭᠤᠯᠤᠨ ᠳᠠᠭᠤᠰᠬᠠᠵᠤ᠂ ᠬᠣᠰᠢᠭᠤ ᠰᠢᠶᠠᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠥᠪ᠎ᠢ ᠨᠡᠢ᠌ᠳᠡᠮ ᠪᠦᠷᠬᠦᠬᠦᠯᠪᠡ᠃ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ 《ᠬᠡᠤᠬᠡᠳ᠎ᠢ ᠬᠠᠢ᠌ᠷ᠎ᠠ᠎ᠪᠠᠷ ᠬᠠᠮᠠᠭ᠋ᠠᠯᠠᠵᠤ ᠦᠰᠤᠨ ᠪᠤᠢ᠌ᠵᠢᠯᠳᠠ᠎ᠳᠤ᠎ᠨᠢ ᠬᠠᠨᠢ ᠪᠤᠯᠬᠤ》 ᠨᠠᠷᠠᠲᠤ ᠲᠥᠷᠥᠯ ᠲᠡᠮᠳᠡᠭᠲᠦ ᠵᠢ ᠦᠷᠭᠦᠯᠵᠢᠯᠡᠨ ᠪᠣᠶ ᠪᠣᠯᠭ᠋ᠠᠵᠤ᠂ ᠨᠠᠰᠤᠨ᠎ᠳᠤ ᠥᠯᠥ ᠭᠦᠷᠦᠭᠰᠡᠳ᠎ᠢ  ᠬᠠᠯᠠᠮᠵᠢᠯᠠᠬᠤ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠨᠡᠶ᠋ᠢᠲᠡ 40 ᠭᠠᠷᠤᠢ ᠬᠡᠷᠡᠭᠵᠢᠭᠦᠯᠵᠦ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠥᠷᠥᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ 20 ᠭᠠᠷᠤᠢ ᠨᠡᠪᠴᠢᠭᠦᠯᠦᠨ᠂ ᠨᠠᠰᠤᠨ᠎ᠳᠤ ᠥᠯᠥ ᠭᠦᠷᠦᠭᠰᠡᠳ᠎ᠲᠤ 5 ᠲᠦᠮᠡ ᠭᠠᠷᠤᠢ ᠬᠥᠮᠥᠨ ᠤᠳᠠᠭ᠎ᠠ ᠦᠢ᠍ᠯᠡᠴᠢᠯᠡᠪᠡ᠃ ᠰᠢᠨᠵᠢᠯᠡᠬᠦ ᠤᠬᠠᠭ᠋ᠠᠨᠴᠢ᠎ᠪᠠᠷ ᠬᠡᠦᠬᠡᠳ ᠪᠣᠢ᠌ᠵᠢᠭᠤᠯᠬᠤ᠂ ᠲᠥᠷᠥᠯ ᠰᠠᠳᠤᠨ᠎ᠤ ᠬᠠᠢ᠌ᠷ᠎ᠠ ᠰᠡᠳᠬᠢᠯᠭᠡ ᠵᠢ ᠠᠰᠠᠷᠠᠨ ᠬᠥᠮᠥᠵᠢᠭᠦᠯᠬᠦ ᠪᠠᠷᠢᠮᠵᠢᠶ᠎ᠠ ᠵᠢ ᠳᠣᠪᠣᠶ᠋ᠢᠯᠭ᠋ᠠᠵᠤ᠂ 《5 + 5》 ᠵᠢᠨ ᠨᠠᠷᠢᠯᠢᠭᠵᠢᠭᠤᠯᠤᠭᠰᠠᠨ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠠᠰᠠᠷᠠᠨ ᠬᠥᠮᠥᠵᠢᠭᠦᠯᠬᠦ ᠵᠠᠭᠪᠤᠷ᠎ᠢ ᠰᠦᠪᠡᠭᠴᠢᠯᠡᠨ ᠪᠠᠢ᠌ᠭᠤᠯᠵᠤ᠂ ᠥᠨᠥᠴᠢᠨ ᠬᠡᠦᠬᠡᠳ᠎ᠢ ᠬᠠᠪᠰᠤᠷᠤᠨ ᠶᠡᠷᠦᠩᠬᠡᠢ᠌ᠯᠡᠭᠰᠡᠨ ᠬᠥᠭᠵᠢᠯᠲᠡ ᠵᠢ ᠪᠡᠶᠡᠯᠡᠭᠦᠯᠪᠡ᠃ 《ᠬᠥᠬᠡᠬᠣᠲᠠ ᠵᠢᠨ ᠨᠡᠭᠦᠳᠡᠯ ᠬᠡᠦᠬᠡᠳ᠎ᠤᠨ ᠣᠷᠣᠰᠢᠨ ᠰᠠᠭᠤᠭ᠎ᠠ ᠭᠠᠵᠠᠷ᠎ᠲᠠᠭᠠᠨ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡᠨ᠎ᠤ ᠰᠠᠭᠤᠷᠢ ᠨᠠᠷᠢᠨ ᠲᠠᠩᠰᠠ》 ᠵᠢ ᠲᠣᠭᠲᠠᠭ᠋ᠠᠵᠤ᠂ 6 ᠲᠠᠯ᠎ᠠ ᠵᠢᠨ 21 ᠦᠢ᠍ᠯᠡᠴᠢᠯᠡᠭᠡᠨ᠎ᠤ ᠪᠤᠳᠠᠳᠠᠢ ᠠᠭᠤᠯᠭ᠎ᠠ ᠵᠢ ᠲᠣᠳᠣᠷᠬᠠᠢ᠌ᠯᠠᠨ᠂ ᠨᠡᠭᠦᠳᠡᠯ ᠬᠡᠦᠬᠡᠳ᠎ᠤᠨ ᠡᠷᠬᠡ ᠠᠰᠢᠭ᠎ᠤᠨ ᠴᠢᠨᠠᠷᠵᠢᠭᠤᠨ ᠪᠠᠲᠤᠯᠠᠭ᠎ᠠ ᠪᠠ ᠬᠠᠯᠠᠮᠵᠢᠯᠠᠬᠤ ᠦᠢ᠍ᠯᠡᠴᠢᠯᠡᠭᠡ ᠵᠢ ᠠᠳᠠᠯᠢ ᠲᠡᠭᠰᠢ᠎ᠪᠠᠷ ᠡᠳ᠋ᠯᠡᠬᠦᠯᠪᠡ᠃ ᠬᠥᠬᠡᠬᠣᠲᠠ ᠵᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠥᠪ᠎ᠤᠨ᠎ᠬᠢᠨ ᠵᠠᠰᠠᠭ᠎ᠤᠨ ᠣᠷᠳᠣᠨ ᠲᠤᠰᠬᠠᠢ ᠨᠡᠢ᠌ᠭᠡᠮ᠎ᠤᠨ ᠠᠵᠢᠯᠲᠠᠨ᠎ᠤ ᠦᠢ᠍ᠯᠡᠴᠢᠯᠡᠭᠡ ᠬᠤᠳᠠᠯᠳᠤᠨ ᠠᠪᠴᠤ ᠦᠭᠭᠦ ᠠᠷᠭ᠎ᠠ᠎ᠪᠠᠷ  ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠰᠡᠳᠬᠢᠴᠡ ᠵᠢᠨ ᠬᠤᠪᠢᠷᠠᠯᠲᠠ ᠵᠢ ᠦᠷᠭᠦᠯᠵᠢᠯᠡᠨ ᠠᠩᠬᠠᠷᠴᠤ᠂ ᠲᠤᠰᠬᠠᠢ ᠮᠡᠷᠭᠡᠵᠢᠯ᠎ᠤᠨ ᠰᠡᠳᠬᠢᠴᠡ ᠵᠢᠨ ᠬᠠᠯᠠᠮᠵᠢ ᠵᠢᠨ ᠦᠢ᠍ᠯᠡᠴᠢᠯᠡᠭᠡ ᠬᠠᠩᠭ᠋ᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ᠎ᠳᠤ ᠬᠦᠴᠦᠨ ᠨᠡᠮᠡᠷᠢᠯᠡᠭᠰᠡᠬᠡᠷ ᠪᠠᠢ᠌ᠨ᠎ᠠ᠃

  ᠭᠠᠵᠠᠷ ᠠᠷᠪᠢᠯᠠᠬᠤ ᠣᠷᠣᠰᠢᠭᠤᠯᠭ᠎ᠠ ᠵᠢ ᠭᠦᠨᠵᠡᠭᠡᠢ ᠠᠬᠢᠭᠤᠯᠪᠠ

ᠭᠠᠵᠠᠷ ᠰᠢᠷᠣᠢ ᠵᠢ ᠠᠷᠪᠢᠯᠠᠨ ᠠᠮᠢ ᠠᠬᠤᠢ᠌ᠯᠢᠭ᠂ ᠪᠣᠬᠢᠷᠲᠤᠯ ᠦᠭᠡᠢ ᠪᠣᠯᠪᠠᠰᠤᠨ᠂ ᠵᠠᠩ ᠳᠠᠳᠬᠠᠯ᠎ᠢ ᠥᠭᠡᠷᠡᠴᠢᠯᠡᠬᠦ᠂ ᠠᠷᠠᠳ᠎ᠲᠤ ᠠᠰᠢᠭ ᠬᠦᠷᠲᠡᠭᠡᠵᠦ ᠠᠷᠪᠢᠯᠠᠨ ᠭᠠᠮᠨᠠᠬᠤ᠎ᠪᠠᠷ ᠤᠳᠤᠷᠢᠳᠤᠮᠵᠢ ᠪᠣᠯᠭ᠋ᠠᠵᠤ᠂ ᠣᠯᠠᠨ ᠲᠦᠮᠡᠨ᠎ᠤ ᠦᠨᠳᠦᠰᠦᠨ ᠣᠷᠣᠰᠢᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠬᠤ ᠬᠢᠭᠡᠳ ᠡᠬᠢ ᠪᠠᠶᠠᠯᠢᠭ᠎ᠢ ᠠᠷᠪᠢᠯᠠᠬᠤ᠂ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠵᠡᠷᠭᠡ᠎ᠪᠠᠷ ᠴᠢᠬᠤᠯᠠᠴᠢᠯᠠᠭ᠋ᠠᠳ ᠭᠠᠵᠠᠷ ᠰᠢᠷᠣᠢ ᠵᠢ ᠠᠷᠪᠢᠯᠠᠨ ᠠᠮᠢ ᠠᠬᠤᠢ ᠵᠢᠨ ᠣᠷᠣᠰᠢᠭᠤᠯᠭ᠎ᠠ ᠵᠢᠨ ᠠᠵᠢᠯ᠎ᠢ ᠶᠡᠬᠡ᠎ᠪᠠᠷ ᠠᠬᠢᠭᠤᠯᠪᠠ ᠃ ᠡᠨᠡ ᠬᠦ᠌ ᠠᠵᠢᠯ᠎ᠢ 2019 ᠣᠨ᠎ᠳᠤ ᠦᠢ᠍ᠯᠡᠳᠦᠯᠭᠡᠵᠢᠭᠦᠯᠦᠭᠰᠡᠨ᠎ᠠᠴᠠ ᠨᠠᠭ᠋ᠠᠰᠢ ᠬᠥᠬᠡᠬᠣᠲᠠ ᠵᠢᠨ  ᠠᠮᠢ ᠠᠬᠤᠢ ᠵᠢᠨ ᠣᠷᠣᠰᠢᠭᠤᠯᠭ᠎ᠠ᠎ᠨᠢ ᠬᠤᠳᠠ ᠵᠢᠨ ᠠᠷᠠᠳ᠎ᠲᠤ ᠥᠷᠭᠡᠨ ᠵᠶ᠋ᠡᠷ ᠮᠡᠳᠡᠷᠡᠭᠳᠡᠵᠦ᠂ ᠪᠦᠬᠦ ᠬᠤᠳᠠ ᠵᠢᠨ 1160 ᠨᠥᠭᠴᠢᠭᠰᠡᠳ᠎ᠤᠨ ᠭᠡᠷ ᠪᠦᠯᠢ ᠵᠢᠨ᠎ᠬᠢᠨ ᠠᠮᠢ ᠠᠬᠤᠢ᠌ᠯᠢᠭ ᠣᠷᠣᠰᠢᠭᠤᠯᠭ᠎ᠠ ᠵᠢ  ᠰᠤᠡᠭᠭᠤᠵᠤ  ᠣᠷᠣᠰᠢᠭᠤᠯᠭ᠎ᠠ ᠵᠢᠨ ᠬᠦᠷᠢᠶ᠎ᠡ ᠴᠠᠷᠠᠭ᠋ᠠᠨ᠎ᠳᠤ᠎ᠬᠢ ᠵᠠᠩ ᠳᠠᠳᠬᠠᠯ᠎ᠢ  ᠦᠬᠡᠷᠡᠴᠢᠯᠡᠯᠳᠡ ᠵᠢ ᠦᠷᠭᠦᠯᠵᠢᠯᠡᠨ ᠠᠬᠢᠭᠤᠯᠵᠠᠢ᠃
   ᠬᠥᠬᠡᠬᠣᠲᠠ ᠵᠢᠨ 2024 ᠣᠨ᠎ᠤ ᠭᠠᠵᠠᠷ ᠰᠢᠷᠣᠢ ᠵᠢᠨ ᠠᠮᠢ  ᠠᠬᠤᠢ᠌ᠯᠢᠭ ᠣᠷᠣᠰᠢᠭᠤᠯᠭ᠎ᠠ ᠵᠢᠨ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠨᠥᠭᠴᠢᠭᠰᠡᠳ᠎ᠤᠨ ᠭᠡᠷ ᠪᠦᠯᠢ ᠵᠢᠨ᠎ᠬᠢᠨ᠄ 《ᠮᠢᠨᠤ ᠠᠪᠤ ᠨᠠᠰᠤ ᠨᠦᠭᠴᠢᠭᠰᠡᠨ᠎ᠤ ᠳᠠᠷᠠᠭ᠎ᠠ᠂ ᠣᠷᠣᠰᠢᠭᠤᠯᠬᠤ ᠠᠷᠭ᠎ᠠ ᠵᠢᠨ ᠲᠤᠬᠠᠢ ᠪᠢᠳᠠ ᠲᠠᠷᠢᠬᠢ᠎ᠪᠠᠨ ᠰᠢᠪᠬᠠᠵᠤ ᠪᠠᠢ᠌ᠳᠠᠯ᠎ᠠ ᠭᠡᠨᠡᠳᠲᠡ ᠵᠢᠨ ᠲᠣᠬᠢᠶᠠᠯ ᠵᠶ᠋ᠠᠷ ᠬᠥᠬᠡᠬᠣᠲᠠ᠎ᠳᠤ ᠤᠳᠤ ᠠᠮᠢ  ᠠᠬᠤᠢ᠌ᠯᠢᠭ ᠣᠷᠣᠰᠢᠭᠤᠯᠭ᠎ᠠ ᠵᠢᠨ ᠠᠵᠢᠯᠯᠠᠭ᠎ᠠ ᠬᠢᠵᠦ ᠪᠠᠢ᠌ᠬᠤ ᠵᠢ ᠣᠯᠵᠤ ᠮᠡᠳᠡᠵᠡᠢ᠂ ᠮᠢᠨᠤ ᠡᠵᠢ ᠵᠢᠨ ᠦᠵᠡᠬᠦ᠎ᠪᠠᠷ ᠡᠨᠡ ᠬᠦ᠌ ᠠᠷᠭ᠎ᠠ ᠬᠡᠯᠪᠡᠷᠢ᠎ᠨᠢ ᠮᠠᠰᠢ ᠰᠠᠢ᠌ᠨ᠂ ᠠᠪᠤ ᠠᠮᠢᠳᠤ ᠪᠠᠢ᠌ᠬᠤ᠎ᠳᠤ᠎ᠪᠠᠨ ᠡᠵᠢ᠎ᠲᠠᠢ᠎ᠪᠠᠨ ᠨᠦᠭᠴᠢᠭᠰᠡᠨ᠎ᠤ ᠳᠠᠷᠠᠭ᠋ᠠᠬᠢ ᠶᠠᠪᠤᠳᠠᠯ᠎ᠢ ᠦᠷᠭᠦᠯᠵᠢ ᠶᠠᠷᠢᠯᠴᠠᠳᠠᠭ᠂ ᠠᠪᠤ ᠵᠢᠨ ᠬᠦᠰᠡᠯ ᠡᠷᠡᠮᠡᠯᠵᠡᠯ᠎ᠨᠢ ᠴᠦ᠍ ᠡᠬᠡ ᠪᠠᠢ᠌ᠭ᠋ᠠᠯᠢ᠎ᠳᠤ᠎ᠪᠠᠨ ᠪᠤᠴᠠᠬᠤ ᠵᠢ ᠬᠦᠰᠡᠳᠡᠭ ᠪᠣᠯᠬᠣᠷ ᠪᠢᠳᠡ ᠨᠡᠷ᠎ᠡ ᠮᠡᠳᠡᠭᠦᠯᠵᠦ ᠣᠷᠣᠯᠴᠠᠪᠠ᠂ ᠡᠨᠡ ᠤᠳᠠᠭ᠎ᠠ ᠵᠢᠨ ᠴᠡᠴᠡᠭ᠎ᠤᠨ ᠲᠠᠪᠴᠠᠩ᠎ᠤᠨ ᠣᠷᠣᠰᠢᠭᠤᠯᠭ᠎ᠠ ᠵᠢ ᠮᠠᠰᠢ ᠰᠠᠢ᠌ᠨ ᠶᠠᠪᠤᠭᠳᠠᠭᠤᠯᠪᠠ᠂ ᠶᠣᠰᠣᠯᠠᠯ ᠲᠥᠪ ᠬᠢᠴᠢᠶᠡᠩᠭᠦᠢ᠂ ᠠᠪᠤ ᠵᠢᠨ ᠡᠬᠡ ᠪᠠᠢ᠌ᠭ᠋ᠠᠯᠢ᠎ᠳᠤ᠎ᠪᠠᠨ ᠪᠤᠴᠠᠬᠤ ᠬᠡᠰᠡᠨ ᠬᠦᠰᠡᠯ᠎ᠨᠢ ᠪᠡᠶᠡᠯᠡᠭᠰᠡᠨ ᠬᠡᠳᠡᠭ᠎ᠲᠤ ᠪᠢᠳᠡ ᠢᠳᠡᠬᠡᠵᠤ ᠪᠠᠢ᠌ᠨ᠎ᠠ》 ᠭᠡᠵᠦ ᠬᠡᠯᠡᠪᠡ᠃


  ᠨᠡᠢ᠌ᠭᠡᠮ᠎ᠤᠨ ᠵᠠᠰᠠᠯᠲᠠ ᠵᠢ ᠰᠢᠨ᠎ᠡ ᠡᠬᠦᠳᠤᠯᠳᠡ᠎ᠪᠠᠷ ᠬᠦᠭᠵᠢᠬᠦᠯᠪᠡ


     ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠰᠢᠨ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠢ᠎ᠪᠠᠷ ᠵᠢᠯᠤᠭᠣᠳᠴᠤ ᠪᠠᠢ᠌ᠭ᠋ᠠᠳ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠲᠠᠰᠤᠷᠠᠯᠳᠠ ᠦᠭᠡᠢ  ᠵᠢᠷᠤᠮᠵᠢᠭᠤᠯᠤᠬᠰᠠᠨ ᠵᠶ᠋ᠡᠷ ᠤᠷᠴᠢᠮ᠎ᠤᠨ ᠵᠢᠯ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠬᠦ ᠲᠤᠰᠬᠠᠢ ᠠᠵᠢᠯᠯᠠᠭ᠎ᠠ ᠵᠢ ᠥᠷᠨᠢᠭᠦᠯᠵᠦ᠂ 10 ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠠᠤᠯᠢ ᠶᠣᠰᠣᠭ᠋ᠠᠷ ᠴᠠᠭ᠋ᠠᠵᠠᠯᠠᠵᠤ᠂ 324 《ᠦᠬᠦᠰᠢᠷᠡᠮᠡᠯ》 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠭ᠋ᠠᠳ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠣᠷᠣᠨ ᠵᠠᠢ ᠵᠢ ᠲᠠᠰᠤᠷᠠᠯᠳᠠ ᠦᠭᠡᠢ ᠴᠡᠪᠡᠷᠰᠢᠭᠦᠯᠵᠦ᠂ ᠡᠷᠡᠭᠦᠯ ᠥᠭᠡᠳᠡᠷᠬᠡᠭ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠣᠷᠴᠢᠨ ᠨᠥᠬᠥᠴᠡᠯ᠎ᠢ ᠪᠤᠢ ᠪᠣᠯᠭ᠋ᠠᠪᠠ᠃ ᠪᠥᠬᠥ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠲᠠᠷᠢᠶᠠᠯᠠᠩ᠎ᠢ ᠳᠡᠮᠵᠢᠬᠦ᠂ ᠰᠤᠷᠤᠯᠭ᠎ᠠ ᠵᠢ ᠲᠡᠳᠬᠦᠬᠦ᠂ ᠬᠡᠷᠡᠭᠯᠡᠭᠡ ᠵᠢ ᠲᠡᠳᠬᠦᠬᠦ᠂ ᠡᠮ ᠡᠮᠨᠡᠯᠭᠡ ᠎ᠪᠠᠷ ᠲᠡᠳᠬᠦᠬᠦ ᠵᠡᠷᠭᠡ ᠠᠷᠭ᠎ᠠ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠵᠤ᠂ 3017 ᠲᠦᠮᠡ ᠭᠠᠷᠤᠢ ᠲᠥᠭᠥᠷᠢᠭ᠎ᠤᠨ ᠲᠡᠳᠬᠦᠪᠡ᠃






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠵᠠᠢ ᠦᠬᠡᠢ ᠦᠢ᠍ᠯᠡᠴᠢᠯᠡᠭᠡ᠎ᠪᠠᠷ ᠰᠡᠳᠬᠢᠯ᠎ᠢ᠎ᠨᠢ ᠲᠤᠯᠠᠭ᠋ᠠᠴᠠᠭᠤᠯᠵᠤ ᠪᠠᠢ᠌ᠨ᠎ᠠ — ᠦᠬᠠᠢ ᠬᠣᠲᠠ ᠵᠢᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢ᠎ᠪᠠᠨ ᠤᠯᠠᠨ ᠠᠷᠭ᠎ᠠ᠎ᠪᠠᠷ ᠳᠡᠭᠡᠭᠰᠢᠯᠡᠭᠦᠯᠵᠦ ᠪᠠᠢ᠌ᠨ᠎ᠠ
《〈ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ〉 ᠭᠤᠤᠯ ᠰᠡᠳᠤᠪᠳᠤ ᠠᠵᠢᠯᠯᠠᠭ᠎ᠠ》 — ᠤᠯᠠᠭ᠋ᠠᠨᠴᠠᠪ ᠬᠣᠲᠠ ᠵᠢᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠦᠰᠦᠨ ᠪᠣᠶ᠋ᠢᠵᠢᠯᠲᠠ ᠵᠢ ᠬᠠᠮᠠᠭ᠋ᠠᠯᠠᠬᠤ ᠲᠣᠣᠷ᠎ᠢ ᠪᠠᠳᠤ ᠰᠦᠯᠵᠢᠵᠤ ᠪᠠᠢ᠌ᠨ᠎ᠠ
《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠣᠣᠯ ᠰᠡᠳᠦᠪᠲᠦ ᠠᠵᠢᠯᠯᠠᠭ᠎ᠠ — ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠪᠡ
ᠬᠢᠩᠭ᠋ᠠᠨ ᠠᠢ᠌ᠮᠠᠭ᠎ᠤᠨ ᠨᠠᠰᠤᠨ᠎ᠳᠤ ᠦᠯᠤ ᠬᠦᠷᠤᠭ᠌ᠰᠡᠳ᠎ᠢ ᠬᠠᠮᠠᠭ᠋ᠠᠯᠠᠬᠤ ᠲᠦᠪ ᠬᠦᠴᠢᠷᠳᠡᠯ᠎ᠲᠠᠢ ᠬᠡᠤᠬᠡᠳ᠎ᠤᠨ ᠳᠤᠬᠠᠢ ᠰᠣᠷᠪᠣᠯᠵᠢᠯᠠᠭ᠎ᠠ ᠬᠢᠵᠠᠢ
ᠠᠷᠠᠳ᠎ᠤᠨ ᠶᠠᠪᠤᠳᠠᠯ᠎ᠤᠨ ᠲᠢᠩᠬᠢᠮ 《ᠳᠤᠮᠳᠠᠳᠤ ᠤᠯᠤᠰ᠎ᠤᠨ ᠭᠠᠵᠠᠷ᠎ᠤᠨ ᠨᠡᠷ᠎ᠡ ᠵᠢᠨ ᠶᠡᠬᠡ ᠬᠤᠷᠠᠯ》 (ᠬᠣᠶᠠᠳᠤᠭ᠋ᠠᠷ ᠤᠯᠠᠷᠢᠯ)᠎ᠤᠨ ᠫᠷᠤᠭ᠌ᠷᠠᠮ᠎ᠤᠨ ᠰᠢᠯᠭ᠋ᠠᠯᠲᠠ ᠵᠢᠨ ᠰᠡᠳᠦᠪ᠎ᠢ ᠨᠠᠶ᠋ᠢᠷᠠᠭᠤᠯᠤᠨ ᠰᠣᠩᠭᠣᠪᠠ
 
            