ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
《〈ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ〉 ᠭᠤᠤᠯ ᠰᠡᠳᠤᠪᠳᠤ ᠠᠵᠢᠯᠯᠠᠭ᠎ᠠ》 — ᠤᠯᠠᠭ᠋ᠠᠨᠴᠠᠪ ᠬᠣᠲᠠ ᠵᠢᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠦᠰᠦᠨ ᠪᠣᠶ᠋ᠢᠵᠢᠯᠲᠠ ᠵᠢ ᠬᠠᠮᠠᠭ᠋ᠠᠯᠠᠬᠤ ᠲᠣᠣᠷ᠎ᠢ ᠪᠠᠳᠤ ᠰᠦᠯᠵᠢᠵᠤ ᠪᠠᠢ᠌ᠨ᠎ᠠ
ᠨᠡᠶᠢᠲᠡᠯᠡᠭᠰᠡᠨ ᠴᠠᠭ᠄ 2025-06-10

  ᠡᠨᠡ ᠵᠢᠯ᠎ᠤᠨ 《6 · 1》 ᠎ᠤ ᠳᠡᠯᠡᠬᠡᠢ ᠵᠢᠨ ᠬᠡᠦᠬᠡᠳ᠎ᠤᠨ ᠪᠠᠶᠠᠷ᠎ᠤᠨ ᠬᠤᠭᠤᠴᠠᠭ᠋ᠠᠨ᠎ᠳᠤ ᠤᠯᠠᠭ᠋ᠠᠨᠴᠠᠪ ᠬᠤᠳᠠ ᠵᠢᠨ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠣᠣᠯ ᠰᠡᠳᠦᠪᠲᠦ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ ᠡᠯ᠎ᠡ ᠭᠠᠵᠠᠷ᠎ᠤᠨ ᠬᠦᠴᠢᠷᠳᠡᠯ᠎ᠳᠤ ᠲᠤᠯᠭ᠋ᠠᠷᠠᠭᠰᠠᠨ᠂ ᠭᠡᠷ᠎ᠲᠤ᠎ᠪᠠᠨ ᠬᠣᠴᠣᠷᠤᠭᠰᠠᠨ ᠬᠡᠦᠬᠡᠳ᠎ᠲᠤ ᠠᠯᠢ ᠤᠯᠠᠨ ᠪᠠᠶᠠᠯᠢᠭ ᠰᠠᠢ᠌ᠬᠠᠨ ᠠᠵᠢᠯᠯᠠᠭ᠎ᠠ ᠥᠷᠨᠢᠭᠦᠯᠵᠡᠢ᠃


ᠬᠡᠦᠬᠡᠳ᠎ᠤᠨ ᠰᠡᠳᠬᠢᠯ᠎ᠤᠨ ᠬᠢᠯᠪᠠᠭ᠎ᠠ ᠠᠰᠠᠷᠠᠮᠵᠢ ᠵᠢᠨ ᠬᠦᠷᠢᠶᠡᠯᠡᠩ᠎ᠢ ᠬᠡᠢ᠌ᠬᠦᠯᠪᠡ


   6 ᠰᠠᠷ᠎ᠠ ᠵᠢᠨ 1 ᠎ᠤ ᠡᠳᠦᠷ ᠤᠯᠠᠭ᠋ᠠᠨᠴᠠᠪ ᠬᠤᠳᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠳᠤ᠂ ᠰᠢᠨ᠎ᠡ  ᠬᠤᠪᠴᠠᠰᠤ ᠵᠠᠰᠠᠯ᠎ᠲᠠᠢ ᠨᠢᠭᠡ ᠪᠦᠯᠦᠭ ᠬᠡᠦᠬᠡᠳ 《ᠦᠵᠡᠬᠦᠯᠡᠡᠭᠳᠤ ᠲᠤᠮᠳᠠᠳᠤ᠂ ᠬᠠᠪᠤᠷ ᠴᠠᠭ ᠠᠭᠤᠯᠠᠨ᠎ᠳᠤ ᠭᠠᠷᠬᠤᠢ》 ᠵᠢᠨ ᠬᠦᠭ ᠠᠶᠠᠰ᠎ᠢ ᠲᠠᠭ᠋ᠠᠵᠤ ᠲᠣᠭᠯᠠᠯᠲᠠ ᠵᠢᠨ ᠬᠥᠰᠢᠭᠡ᠎ᠪᠠᠨ ᠰᠡᠬᠦᠵᠦ᠂ ᠪᠠᠶᠠᠷ ᠪᠠᠶᠠᠰᠬᠤᠯᠠᠩᠲᠤ ᠬᠦᠭ ᠠᠶᠠᠰ᠂ ᠤᠮᠤᠭ ᠪᠠᠶᠠᠰᠬᠤᠯᠠᠩᠲᠤ ᠪᠥᠵᠢᠭ᠎ᠤᠨ ᠠᠯᠬᠤᠭ᠎ᠠ᠎ᠨᠢ  ᠬᠡᠤᠬᠡᠳ᠎ᠤᠨ ᠠᠮᠢᠵᠢᠷᠠᠯ᠎ᠤᠨ ᠬᠦᠴᠦᠨ ᠪᠣᠯᠣᠨ ᠴᠤᠭ ᠵᠤᠯᠢ ᠵᠢ ᠲᠠᠢ᠌ᠰᠠᠨ᠎ᠠ ᠢᠯᠡᠷᠡᠬᠦᠯᠵᠤ ᠲᠠᠯᠠᠪᠠᠢ ᠲᠦᠬᠦᠷᠡᠡᠭ ᠦᠵᠡᠭᠴᠢᠳ᠎ᠤᠨ ᠬᠠᠯᠠᠭᠤᠨ ᠤᠷᠮ᠎ᠠ ᠵᠢ ᠬᠣᠷᠣᠮᠬᠠᠨ ᠵᠠᠭᠤᠷ᠎ᠠ ᠬᠥᠭᠵᠢᠭᠡᠪᠡ᠃ ᠠᠰᠪᠤᠷ ᠴᠠᠭ᠋ᠠᠪᠤᠷ ᠬᠥᠭᠡᠷᠦᠬᠦᠨ ᠬᠡᠦᠬᠡᠳ᠎ᠤᠳ ᠲᠠᠢ᠌ᠰᠠᠨ᠎ᠳᠤ ᠭᠠᠷᠴᠤ᠂ 《ᠬᠦᠰᠡᠯ ᠵᠡᠭᠦᠳᠦ ᠵᠢᠨ ᠬᠡᠷᠡᠯ ᠬᠡᠬᠡ᠎ᠪᠠᠷ ᠢᠷᠡᠭᠡᠳᠦᠢ ᠵᠢ ᠭᠡᠢ᠌ᠭᠦᠯᠦᠶ᠎ᠡ》 ᠭᠡᠬᠦ ᠢᠷᠠᠭᠤ ᠴᠡᠭᠡᠯᠬᠡᠨ ᠪᠥᠭᠡᠳ ᠨᠢᠯᠬᠠᠰᠠᠭ ᠲᠠᠭᠤᠨ ᠵᠶ᠋ᠠᠷ  ᠤᠶᠠᠡᠭᠭ᠋ᠠᠯᠠᠯ᠎ᠠ᠃ 《ᠬᠦᠰᠡᠯ ᠵᠡᠭᠦᠳᠦ ᠪᠣᠯ ᠰᠥᠨᠢ ᠵᠢᠨ ᠣᠭᠲᠠᠷᠭᠤᠢ᠎ᠳᠠᠬᠢ ᠬᠠᠮᠤᠭ᠎ᠤᠨ ᠭᠡᠷᠡᠯᠲᠡᠢ ᠤᠳᠤ᠂ ᠪᠢᠳᠡᠨ᠎ᠢ ᠵᠢᠯᠣᠭᠣᠳᠤᠨ ᠠᠯᠤᠰ᠎ᠢ ᠵᠣᠷᠢᠬᠤ ᠪᠣᠯᠣᠨ᠎ᠠ ᠁》 ᠬᠡᠬᠦ ᠦᠭᠡ ᠥᠭᠦᠯᠡᠪᠦᠷᠢ ᠵᠢᠨ ᠳᠤᠮᠳᠠ ᠲᠡᠳᠡᠨ᠎ᠤ ᠢᠷᠡᠭᠡᠳᠦᠢ ᠵᠢᠨ ᠲᠤᠬᠠᠢ ᠬᠦᠰᠡᠯ ᠡᠷᠡᠮᠡᠯᠵᠡᠯ ᠪᠠ ᠡᠷᠢᠯᠳᠡ ᠵᠤᠷᠢᠯᠳᠠ ᠵᠢ ᠢᠯᠡᠷᠡᠭᠦᠯᠵᠦ᠂ ᠬᠡᠦᠬᠡᠳ᠎ᠤᠳ᠎ᠤᠨ ᠴᠡᠪᠡᠷ ᠲᠤᠩᠭ᠋ᠠᠯᠠᠭ ᠬᠠᠷᠠᠴᠠᠨ᠎ᠠᠴᠠ ᠭᠡᠷᠡᠯ ᠭᠢᠯᠪᠠᠭ᠎ᠠ ᠰᠠᠴᠤᠷᠠᠵᠤ᠂ ᠲᠤᠬᠠᠢ ᠵᠢᠨ ᠲᠠᠯᠠᠪᠠᠢ ᠵᠢᠨ ᠦᠵᠡᠭᠴᠢᠳ᠎ᠤᠨ ᠰᠡᠳᠬᠢᠯ᠎ᠢ ᠲᠡᠰᠬᠡᠯ ᠦᠭᠡᠢ ᠳᠣᠭᠳᠣᠯᠤᠭᠤᠯᠪᠠ᠃
    《ᠲᠠᠯ᠎ᠠ ᠨᠤᠲᠤᠭ᠎ᠤᠨ ᠡᠵᠢ ᠵᠢᠨ ᠣᠳᠣᠨ ᠮᠡᠴᠢᠳ》 ᠬᠡᠬᠦ ᠵᠦᠴᠤᠬᠡ᠎ᠨᠢ ᠦᠵᠡᠭᠴᠢᠳ᠎ᠢ ᠭᠦᠨ ᠭᠦᠨᠵᠡᠭᠡᠢ ᠲᠡᠦᠬᠡ ᠵᠢᠨ ᠣᠨ  ᠵᠢᠯ᠎ᠤᠳ᠎ᠲᠤ ᠲᠠᠳᠠᠨ ᠠᠪᠠᠴᠢᠭᠰᠠᠨ ᠶᠤᠮ᠃ ᠵᠦᠴᠦᠭᠡ᠎ᠳᠤ ᠲᠦᠬᠦᠢ᠌ᠮ᠎ᠠ ᠨᠠᠰᠤᠲᠠᠨ ᠪᠤᠯᠤᠨ 《ᠭᠤᠷᠪᠠᠨ ᠮᠢᠩᠭ᠋ᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠠᠰᠠᠷᠠᠨ ᠲᠡᠵᠢᠭᠡᠬᠦ》 ᠦᠯᠢᠭᠡᠷ᠎ᠢ ᠳᠠᠬᠢᠨᠲᠠ ᠢᠯᠡᠷᠡᠭᠦᠯᠵᠦ᠂ ᠪᠠᠭᠰᠢ ᠨᠠᠷ ᠤᠷᠠᠨ ᠨᠠᠷᠢᠯᠢᠭ ᠲᠣᠭᠯᠠᠯᠲᠠ᠎ᠪᠠᠷ ᠵᠶ᠋ᠠᠨ ᠲᠠᠯ᠎ᠠ ᠨᠤᠲᠤᠭ᠎ᠤᠨ ᠡᠬᠡᠴᠦᠦᠯ᠎ᠤᠨ ᠠᠤᠭ᠎ᠠ ᠬᠠᠢ᠌ᠷ᠎ᠠ ᠪᠣᠯᠣᠨ ᠬᠠᠷᠢᠭᠤᠴᠠᠯᠭ᠎ᠠ ᠵᠢ ᠦᠵᠡᠭᠦᠯᠵᠡᠢ᠃ 《ᠲᠦᠬᠦᠢ᠌ᠮ᠎ᠠ》 《ᠥᠨᠥᠴᠢᠨ ᠬᠡᠦᠬᠡᠳ》᠎ᠢ ᠲᠡᠪᠡᠷᠢᠵᠦ ᠨᠠᠮ ᠲᠠᠭᠤᠨ ᠵᠶ᠋ᠡᠷ ᠪᠦᠪᠡᠢ᠌ᠯᠡᠬᠦ᠎ᠳᠤ ᠬᠡᠦᠬᠡᠳ᠎ᠤᠳ 《ᠲᠠᠯ᠎ᠠ ᠨᠤᠲᠤᠭ᠎ᠤᠨ ᠡᠵᠢ》 ᠵᠢᠨ ᠬᠠᠢ᠌ᠷ᠎ᠠ ᠬᠠᠯᠠᠮᠵᠢ᠎ᠪᠠᠷ ᠢᠨᠢᠶᠡᠮᠰᠦᠭᠯᠡᠬᠦᠶ᠎ᠡ ᠲᠤᠬᠠᠢ ᠵᠢᠨ ᠲᠠᠯᠠᠪᠠᠢ᠎ᠳᠤ ᠪᠠᠢ᠌ᠭᠰᠠᠨ ᠤᠯᠠᠨ ᠦᠵᠡᠭᠴᠢᠳ᠎ᠤᠨ  ᠠᠯᠠᠭ ᠨᠢᠳᠦᠨ᠎ᠳᠤ ᠨᠢᠯᠪᠤᠰᠤ ᠮᠡᠯᠳᠡᠬᠡᠨᠡᠪᠡ᠃ ᠡᠨᠡ ᠬᠦ᠌ ᠦᠨᠡᠨ ᠪᠣᠳᠠᠲᠠᠢ ᠬᠡᠷᠡᠭ ᠶᠠᠪᠤᠳᠠᠯ᠎ᠢ ᠦᠨᠳᠦᠰᠦᠯᠡᠨ ᠨᠠᠢ᠌ᠷᠠᠭᠤᠯᠤᠭᠰᠠᠨ ᠵᠦᠴᠦᠭᠡ᠎ᠨᠢ ᠬᠡᠦᠬᠡᠳ᠎ᠤᠳ᠎ᠲᠤ ᠲᠡᠷᠡ ᠬᠦ᠌ ᠬᠡᠰᠡᠭ ᠲᠡᠦᠬᠡ ᠵᠢ ᠣᠢ᠌ᠯᠠᠭ᠋ᠠᠭᠤᠯᠤᠭᠰᠠᠨ ᠵᠶ᠋ᠠᠷ ᠪᠠᠷᠠᠬᠤ ᠦᠭᠡᠢ᠂ ᠨᠡᠩ ᠴᠤ᠌ 《ᠬᠠᠢ᠌ᠷ᠎ᠠ ᠪᠠ ᠬᠠᠷᠢᠭᠤᠴᠠᠯᠭ᠎ᠠ》 ᠵᠢᠨ ᠦᠷ᠎ᠡ ᠵᠢ ᠲᠡᠳᠡᠨ᠎ᠤ ᠰᠡᠳᠬᠢᠯ᠎ᠳᠤ  ᠦᠨᠳᠤᠰᠤᠯᠡᠬᠦᠯᠦᠭᠰᠡᠨ ᠶᠤᠮ᠃


  ᠬᠠᠯᠠᠭᠤᠨ ᠰᠡᠳᠬᠢᠯ ᠵᠶ᠋ᠡᠷ ᠲᠣᠬᠣᠨᠢᠭᠤᠯᠵᠤ ᠤᠨᠢᠨ ᠳᠡᠭᠡᠷ᠎ᠡ᠎ᠨᠢ ᠲᠡᠳᠬᠦᠵᠦ ᠬᠠᠯᠠᠮᠵᠢ ᠵᠢ ᠮᠡᠳᠡᠷᠡᠬᠦᠯᠪᠡ


   ᠤᠯᠠᠭ᠋ᠠᠨᠴᠠᠪ ᠬᠣᠲᠠ ᠵᠢᠨ ᠱᠠᠩᠳᠤ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠭᠡᠷ ᠪᠦᠯᠢ᠎ᠳᠤ ᠬᠦᠷᠴᠦ᠂ ᠬᠡᠦᠬᠡᠳ᠎ᠤᠳ᠎ᠲᠤ ᠪᠡᠯᠡᠭ ᠬᠦᠷᠭᠡᠵᠦ᠂ ᠢᠷᠦᠭᠡᠯ ᠵᠦᠡᠭᠨᠡᠯ ᠵᠶ᠋ᠡᠨ  ᠲᠡᠪᠰᠢᠬᠦᠯᠦᠭᠰᠡᠨ᠎ᠤ ᠬᠠᠮᠲᠤ ᠬᠡᠦᠬᠡᠳ ᠪᠠ ᠬᠠᠷᠠᠭ᠋ᠠᠯᠵᠠᠨ ᠬᠠᠮᠠᠭ᠋ᠠᠯᠠᠭᠴᠢ᠎ᠲᠠᠢ ᠳᠣᠲᠣᠨᠣ᠎ᠪᠠᠷ ᠶᠠᠷᠢᠯᠴᠠᠵᠤ᠂ ᠲᠡᠳᠡᠨ᠎ᠤ ᠠᠮᠢᠳᠤᠷᠠᠯ᠎ᠤᠨ ᠪᠠᠢ᠌ᠳᠠᠯ᠂ ᠰᠤᠷᠤᠯᠭ᠎ᠠ ᠵᠢᠨ ᠪᠠᠢ᠌ᠳᠠᠯ ᠪᠣᠯᠣᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠠᠰᠠᠭᠤᠳᠠᠯ᠎ᠢ ᠣᠢ᠌ᠯᠠᠭ᠋ᠠᠵᠤ᠂ ᠲᠡᠳᠡᠨ᠎ᠤ ᠬᠦᠰᠡᠯ ᠡᠷᠡᠮᠡᠯᠵᠡᠯ᠎ᠢ ᠬᠢᠨᠠᠮᠠᠭ᠋ᠠᠢ ᠰᠣᠨᠣᠰᠴᠤ᠂ ᠲᠡᠳᠡᠨ᠎ᠤ ᠢᠳᠡᠪᠬᠢᠲᠡᠢ᠎ᠪᠠᠷ ᠥᠭᠡᠳᠡᠯᠡᠨ ᠳᠠᠪᠰᠢᠵᠤ᠂ ᠴᠢᠷᠮᠠᠢ᠌ᠨ ᠰᠤᠷᠤᠯᠴᠠᠵᠤ᠂ ᠡᠷᠡᠭᠦᠯ ᠵᠶ᠋ᠡᠷ ᠦᠰᠦᠨ ᠪᠣᠢ᠌ᠵᠢᠬᠤ ᠵᠢ ᠵᠣᠷᠢᠭᠵᠢᠭᠤᠯᠵᠤ᠂ ᠬᠡᠦᠬᠡᠳ᠎ᠤᠨ ᠬᠢᠨᠠᠨ ᠬᠠᠮᠠᠭ᠋ᠠᠯᠠᠭᠴᠢ᠎ᠲᠠᠢ ᠨᠡᠪᠲᠡᠷᠡᠯᠴᠡᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠲᠤᠰᠠᠯᠠᠬᠤ ᠪᠠ ᠠᠰᠠᠷᠠᠮᠵᠢ ᠵᠢᠨ ᠲᠤᠬᠠᠢ ᠤᠯᠤᠰ᠎ᠤᠨ ᠲᠦᠷᠦ ᠵᠢᠨ ᠪᠣᠳᠣᠯᠭ᠎ᠠ ᠵᠢ ᠲᠡᠳᠡᠨ᠎ᠳᠤ ᠲᠠᠢ᠌ᠯᠪᠤᠷᠢᠯᠠᠬᠤ ᠵᠢᠨ ᠲᠠᠭ᠋ᠠᠤ ᠬᠢᠨᠠᠨ ᠬᠠᠷᠠᠭ᠋ᠠᠯᠵᠠᠬ᠍ᠴᠢ ᠵᠢ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠬᠡᠵᠦ᠂ ᠬᠡᠦᠬᠡᠳ᠎ᠤᠳ᠎ᠲᠤ ᠰᠠᠢ᠌ᠨ ᠰᠠᠢ᠌ᠬᠠᠨ ᠦᠰᠦᠨ ᠪᠣᠢ᠌ᠵᠢᠬᠤ ᠣᠷᠴᠢᠨ ᠨᠥᠬᠥᠴᠡᠯ᠎ᠢ ᠪᠤᠢ ᠪᠣᠯᠭ᠋ᠠᠵᠤ ᠥᠭᠬᠦ ᠵᠢᠨ ᠬᠠᠮᠲᠤ ᠪᠠᠰᠠ ᠪᠠᠶᠠᠷ᠎ᠤᠨ ᠡᠳᠦᠷ᠎ᠢ᠎ᠨᠢ ᠪᠠᠶᠠᠷ ᠬᠦᠷ᠎ᠲᠠᠢ ᠥᠩᠭᠡᠷᠡᠭᠦᠯᠬᠦ ᠬᠡᠷᠡᠭᠲᠡᠢ ᠭᠡᠵᠦ ᠱᠠᠭ᠋ᠠᠷᠳᠠᠵᠠᠢ᠃
   ᠤᠯᠠᠭ᠋ᠠᠨᠴᠠᠪ ᠬᠤᠳᠠ ᠵᠢᠨ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠲᠥᠪ᠎ᠤᠨ᠎ᠬᠢᠨ ᠤᠯᠠᠭ᠋ᠠᠨᠴᠠᠪ ᠬᠤᠳᠠ ᠵᠢᠨ [ᠰᠢᠶᠤᠤ ᠴᠸᠡᠭ ᠳ᠋ᠠ ᠠᠢ》 ᠰᠠᠢ᠌ᠨ ᠲᠤᠷᠠᠴᠤᠤᠯ᠎ᠤᠨ᠎ᠬᠢᠨ᠎ᠤ ᠨᠡᠢ᠌ᠭᠡᠮᠯᠢᠭ᠎ᠲᠠᠢ ᠬᠠᠮᠲᠤᠷᠠᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠲᠣᠬᠣᠨᠢᠭᠤᠯᠬᠤ ᠠᠵᠢᠯᠯᠠᠭ᠎ᠠ ᠥᠷᠨᠢᠭᠦᠯᠵᠦ᠂ ᠬᠡᠦᠬᠡᠳ᠎ᠲᠤ ᠭᠠᠷ᠎ᠤᠨ ᠪᠡᠯᠡᠭ ᠪᠠ ᠵᠥᠩᠨᠡᠯ ᠲᠡᠪᠰᠢᠬᠦᠯᠪᠡ᠃ ᠠᠵᠢᠯᠲᠠᠳ  ᠪᠤᠯᠤᠨ ᠰᠠᠢ᠌ᠨ ᠲᠤᠷᠠᠴᠤᠤᠯ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠭᠡᠷ᠎ᠲᠤ᠎ᠨᠢ ᠬᠦᠷᠴᠦ᠂ ᠬᠡᠦᠬᠡᠳ ᠪᠠ ᠭᠡᠷ᠎ᠤᠨ ᠠᠬᠠᠮᠠᠳ᠎ᠲᠠᠢ ᠳᠣᠲᠣᠨᠣᠰᠤᠭ ᠵᠶ᠋ᠠᠷ ᠶᠠᠷᠢᠯᠴᠠᠵᠤ᠂ ᠬᠡᠦᠬᠡᠳ᠎ᠤᠨ ᠠᠮᠢᠳᠤᠷᠠᠯ᠂ ᠰᠤᠷᠤᠯᠭ᠎ᠠ ᠪᠣᠯᠣᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢᠨ ᠪᠠᠢ᠌ᠳᠠᠯ᠎ᠢ ᠨᠠᠷᠢᠨ ᠯᠠᠪᠯᠠᠵᠤ᠂ ᠲᠡᠳᠡᠨ᠎ᠤ ᠪᠣᠳᠠᠲᠠᠢ ᠬᠡᠷᠡᠭᠴᠡᠭᠡ ᠪᠣᠯᠣᠨ ᠬᠦᠰᠡᠯ ᠡᠷᠡᠮᠡᠯᠵᠡᠯ᠎ᠢ ᠰᠣᠨᠣᠰᠪᠠ᠃ ᠲᠤᠬᠠᠢ ᠵᠢᠨ ᠲᠠᠯᠠᠪᠤᠷ᠎ᠲᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠤᠬᠠᠭᠤᠯᠭ᠎ᠠ ᠵᠢᠨ ᠳᠡᠪᠲᠡᠷ᠎ᠢ ᠲᠠᠷᠬᠠᠭ᠋ᠠᠬᠰᠠᠨ᠎ᠤ  ᠬᠠᠮᠲᠤ ᠬᠢᠨᠠᠨ ᠬᠠᠮᠠᠭ᠋ᠠᠯᠠᠭᠴᠢ᠎ᠳᠤ ᠭᠦᠢ᠍ᠴᠡᠳᠬᠡᠪᠡᠰᠦ ᠵᠣᠬᠢᠬᠤ ᠬᠢᠨᠠᠨ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠪᠠ ᠡᠴᠢᠭᠡ ᠡᠬᠡ ᠦᠷ᠎ᠡ ᠬᠡᠦᠬᠡᠳ᠎ᠤᠨ ᠬᠠᠷᠢᠴᠠᠭ᠎ᠠ ᠵᠢ ᠵᠥᠪ ᠵᠶ᠋ᠡᠷ ᠰᠢᠢ᠍ᠳᠪᠦᠷᠢᠯᠡᠬᠦ ᠠᠷᠭ᠎ᠠ ᠵᠡᠷᠭᠡ ᠵᠢ ᠬᠡᠯᠡᠵᠦ ᠥᠭᠬᠦ᠎ᠪᠠᠷ ᠳᠠᠮᠵᠢᠭᠤᠯᠤᠨ᠂ ᠬᠢᠨᠠᠨ ᠬᠠᠮᠠᠭ᠋ᠠᠯᠠᠭᠴᠢ᠎ᠳᠤ ᠨᠠᠰᠤᠨ᠎ᠳᠤ ᠥᠯᠥ ᠭᠦᠷᠦᠭᠰᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠵᠢ ᠬᠠᠮᠠᠭ᠋ᠠᠯᠠᠬᠤ ᠵᠢᠨ ᠴᠢᠬᠤᠯᠠ ᠴᠢᠨᠠᠷ ᠪᠠ ᠬᠠᠷᠢᠭᠤᠴᠠᠯᠭ᠎ᠠ ᠵᠢ ᠨᠠᠩ ᠲᠣᠳᠣᠷᠬᠠᠢ ᠶᠠᠷᠢᠵᠤ ᠦᠭᠬᠦᠯ᠎ᠡ᠃
  


 


   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠣᠣᠯ ᠰᠡᠳᠦᠪᠲᠦ ᠠᠵᠢᠯᠯᠠᠭ᠎ᠠ — ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠪᠡ
ᠬᠢᠩᠭ᠋ᠠᠨ ᠠᠢ᠌ᠮᠠᠭ᠎ᠤᠨ ᠨᠠᠰᠤᠨ᠎ᠳᠤ ᠦᠯᠤ ᠬᠦᠷᠤᠭ᠌ᠰᠡᠳ᠎ᠢ ᠬᠠᠮᠠᠭ᠋ᠠᠯᠠᠬᠤ ᠲᠦᠪ ᠬᠦᠴᠢᠷᠳᠡᠯ᠎ᠲᠠᠢ ᠬᠡᠤᠬᠡᠳ᠎ᠤᠨ ᠳᠤᠬᠠᠢ ᠰᠣᠷᠪᠣᠯᠵᠢᠯᠠᠭ᠎ᠠ ᠬᠢᠵᠠᠢ
ᠠᠷᠠᠳ᠎ᠤᠨ ᠶᠠᠪᠤᠳᠠᠯ᠎ᠤᠨ ᠲᠢᠩᠬᠢᠮ 《ᠳᠤᠮᠳᠠᠳᠤ ᠤᠯᠤᠰ᠎ᠤᠨ ᠭᠠᠵᠠᠷ᠎ᠤᠨ ᠨᠡᠷ᠎ᠡ ᠵᠢᠨ ᠶᠡᠬᠡ ᠬᠤᠷᠠᠯ》 (ᠬᠣᠶᠠᠳᠤᠭ᠋ᠠᠷ ᠤᠯᠠᠷᠢᠯ)᠎ᠤᠨ ᠫᠷᠤᠭ᠌ᠷᠠᠮ᠎ᠤᠨ ᠰᠢᠯᠭ᠋ᠠᠯᠲᠠ ᠵᠢᠨ ᠰᠡᠳᠦᠪ᠎ᠢ ᠨᠠᠶ᠋ᠢᠷᠠᠭᠤᠯᠤᠨ ᠰᠣᠩᠭᠣᠪᠠ
ᠪᠠᠶᠠᠨᠨᠠᠭᠤᠷ ᠬᠣᠲᠠ ᠵᠢᠨ ᠤᠷᠠᠳ᠎ᠤᠨ ᠡᠮᠦᠨᠡᠲᠦ ᠬᠣᠰᠢᠭᠤᠨ᠎ᠤ ᠠᠷᠠᠳ᠎ᠲᠤ ᠠᠰᠢᠭ ᠬᠦᠷᠲᠡᠭᠡᠬᠦ ᠨᠡᠢ᠌ᠬᠡᠮ ᠎ᠤᠨ ᠠᠵᠢᠯᠲᠠᠳ᠎ᠤᠨ ᠦᠢ᠍ᠯᠡᠴᠢᠯᠡᠭᠡᠨ᠎ᠤ ᠲᠥᠪ ᠬᠦᠴᠢᠷᠳᠡᠯ᠎ᠲᠠᠢ ᠬᠡᠤᠬᠡᠳ᠎ᠲᠠᠢ ᠬᠠᠮᠲᠤ 《6 · 1》 ᠎ᠢ ᠪᠠᠶᠠᠷᠯᠠᠨ ᠤᠭᠲᠤᠵᠠᠢ
ᠬᠥᠬᠡᠬᠣᠲᠠ ᠬᠦᠴᠢᠷᠳᠡᠯ᠎ᠲᠠᠢ ᠬᠡᠤᠬᠡᠳ᠎ᠢ ᠬᠠᠯᠠᠮᠵᠢᠯᠠᠨ ᠬᠠᠶ᠋ᠢᠷᠠᠯᠠᠬᠤ ᠨᠡᠶ᠋ᠢᠭᠡᠮ᠎ᠤᠨ ᠠᠵᠢᠯ᠎ᠤᠨ ᠭᠣᠤᠯ ᠰᠡᠳᠦᠪᠲᠦ ᠠᠵᠢᠯᠯᠠᠭ᠎ᠠ ᠥᠷᠨᠢᠭᠦᠯᠪᠡ
 
            