ᠥᠪᠥᠷ ᠮᠣᠩᠭᠣᠯ 9 ᠵᠦᠢ᠍ᠯ᠎ᠤᠨ ᠢᠨᠵᠧᠨᠧᠷᠢᠩ᠎ᠤᠨ 30 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠪᠠᠢ᠌ᠷᠢᠯᠠᠭᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ 《〈ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠲᠥᠯᠦᠪᠵᠢᠭᠦᠯᠭᠡ ᠵᠢᠨ ᠬᠥᠲᠥᠯᠪᠦᠷᠢ (2024 — 2035 ᠣᠨ)〉 ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠰᠤᠷᠭ᠋ᠠᠨ ᠬᠥᠮᠦᠵᠢᠯ᠎ᠤᠨ ᠬᠦᠴᠦᠷᠬᠡᠭ ᠣᠷᠣᠨ᠎ᠢ ᠲᠦᠷᠬᠡᠬᠡᠨ ᠪᠦᠲᠦᠭᠡᠨ ᠪᠠᠶ᠋ᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠣᠷᠣᠨ᠎ᠢ ᠲᠦᠷᠬᠡᠬᠡᠨ ᠪᠠᠶ᠋ᠢᠭᠤᠯᠬᠤ ᠲᠤᠬᠠᠢ ᠪᠥᠬᠥ ᠲᠠᠯ᠎ᠠ᠎ᠪᠠᠷ ᠰᠢᠰᠲ᠋ᠧᠮ᠎ᠲᠠᠢ ᠪᠠᠢ᠌ᠷᠢᠯᠠᠭᠤᠯᠤᠯᠠ᠃
ᠰᠠᠨᠠᠯ᠎ᠳᠤ᠄ 《ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠵᠢᠨ ᠫᠢᠩ ᠶᠡᠷᠦᠩᠬᠡᠢ ᠱᠦᠵᠢ ᠵᠢᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠱᠤᠭᠤᠮ ᠵᠶ᠋ᠡᠷ ᠨᠠᠮ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠲᠤ᠎ᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠰᠤᠷᠭ᠋ᠠᠨ ᠬᠥᠮᠦᠵᠢᠯ᠎ᠤᠨ ᠤᠯᠤᠰ ᠲᠦᠷᠤᠴᠢ ᠰᠢᠨᠵᠢ ᠂ ᠠᠷᠠᠳ ᠲᠦᠮᠡᠨᠴᠢ ᠰᠢᠨᠵᠢ ᠂ ᠪᠠᠢ᠌ᠯᠳᠤᠬᠤ ᠪᠣᠳᠣᠯᠭ᠎ᠠ ᠵᠢᠨ ᠰᠢᠨᠵᠢ ᠵᠢ ᠡᠵᠡᠮᠳᠡᠵᠦ᠂ ᠰᠤᠷᠭ᠋ᠠᠨ ᠬᠥᠮᠦᠵᠢᠯ᠎ᠤᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠬᠦᠨᠵᠡᠬᠡᠢ᠌ᠷᠡᠬᠦᠯᠤᠬᠡᠳ ᠰᠤᠷᠭ᠋ᠠᠨ ᠬᠥᠮᠦᠵᠢᠯ᠎ᠤᠨ ᠬᠥᠭᠵᠢᠯᠲᠡ᠂ ᠰᠢᠨᠵᠢᠯᠡᠬᠦ ᠤᠬᠠᠭ᠋ᠠᠨ ᠮᠡᠷᠭᠡᠵᠢᠯ ᠡᠬᠦᠳᠤᠯᠳᠡ᠂ ᠴᠢᠳᠠᠪᠤᠷᠢᠲᠠᠨ᠎ᠢ ᠬᠥᠮᠥᠵᠢᠭᠦᠯᠬᠦ ᠵᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠴᠢᠨᠠᠷᠯᠢᠭ ᠰᠢᠰᠲᠸᠮ᠎ᠢ ᠲᠦᠷᠭᠡᠨ ᠪᠠᠢ᠌ᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠰᠢᠨ᠎ᠡ ᠵᠠᠮ ᠵᠶ᠋ᠠᠷ ᠵᠠᠮᠨᠠᠵᠤ ᠳᠤᠮᠳᠠ ᠲᠦᠪᠰᠢᠨ᠎ᠳᠤ ᠣᠷᠣᠬᠤ᠎ᠳᠤ ᠬᠦᠴᠦᠲᠡᠢ ᠲᠤᠯᠭ᠋ᠠᠭᠤᠷᠢᠯᠠᠯ ᠬᠠᠡᠭᠭ᠋ᠠᠬᠤ ᠬᠡᠷᠡᠭᠳᠡᠢ》 ᠬᠡᠵᠡᠢ᠃
ᠰᠠᠨᠠᠯ᠎ᠳᠤ 9 ᠵᠦᠢ᠍ᠯ᠎ᠤᠨ ᠢᠨᠵᠧᠨᠧᠷᠢᠩ᠂ 30 ᠭᠣᠣᠯᠳᠠᠯᠭ᠎ᠠ᠎ᠲᠠᠢ ᠡᠭᠦᠷᠭᠡ ᠵᠢ ᠪᠠᠢ᠌ᠷᠢᠯᠠᠭᠤᠯᠪᠠ᠄ ᠰᠢᠨ᠎ᠡ ᠴᠠᠭ ᠦᠶ᠎ᠡ ᠵᠢᠨ ᠶᠣᠰᠣ ᠰᠤᠷᠲᠠᠬᠤᠨ᠎ᠢ ᠪᠤᠢ ᠪᠣᠯᠭ᠋ᠠᠵᠤ ᠬᠥᠮᠥᠨ᠎ᠢ ᠬᠥᠮᠥᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠬᠥᠮᠦᠵᠢᠯ᠎ᠢ ᠴᠢᠩᠭ᠋ᠠᠳᠬᠠᠵᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠰᠤᠷᠤᠭᠴᠢᠳ᠎ᠤᠨ ᠶᠡᠷᠦᠩᠬᠡᠢ᠌ᠯᠡᠭᠰᠡᠨ ᠬᠡᠪ ᠴᠢᠨᠠᠷ᠎ᠢ ᠳᠡᠭᠡᠭᠰᠢᠯᠡᠭᠦᠯᠦᠨ᠎ᠡ᠃ ᠰᠠᠭᠤᠷᠢ ᠰᠤᠷᠭ᠋ᠠᠨ ᠬᠥᠮᠦᠵᠢᠯ᠎ᠤᠨ ᠰᠢᠯᠢᠳᠡᠭ᠎ᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠰᠠᠭᠤᠷᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠰᠢᠯᠢᠳᠡᠭᠵᠢᠭᠦᠯᠦᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠵᠢᠭᠤᠨ ᠪᠥᠭᠡᠳ ᠲᠡᠩᠴᠡᠭᠦᠷᠢᠲᠡᠢ ᠬᠥᠭᠵᠢᠬᠦ ᠪᠠ ᠬᠤᠳᠠ ᠬᠥᠳᠡᠭᠡ ᠵᠢ ᠨᠢᠭᠡ ᠴᠣᠭᠴᠠᠵᠢᠭᠤᠯᠬᠤ ᠠᠵᠢᠯ᠎ᠢ ᠠᠬᠢᠭᠤᠯᠵᠤ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠦᠨ ᠨᠡᠢ᠌ᠳᠡᠮ ᠠᠰᠢᠭ ᠬᠦᠷᠲᠡᠭᠡᠬᠦ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠤᠯᠠᠨ ᠶᠠᠩᠵᠤᠴᠢᠯᠠᠭᠰᠠᠨ ᠬᠥᠭᠵᠢᠯᠲᠡ ᠵᠢ ᠠᠬᠢᠭᠤᠯᠤᠨ᠎ᠠ᠃ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠤᠷᠬᠢᠯ᠎ᠢ ᠴᠣᠭᠴᠠᠯᠠᠬᠤ ᠢᠨᠵᠧᠨᠧᠷᠢᠩ᠎ᠢ ᠬᠡᠷᠡᠭᠵᠢᠭᠦᠯᠵᠦ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠥᠭᠡᠷᠡᠴᠢᠯᠡᠯᠲᠡ ᠬᠥᠭᠵᠢᠯᠲᠡ ᠵᠢ ᠲᠦᠷᠦᠯ ᠬᠤᠪᠢᠶᠠᠨ ᠠᠬᠢᠭᠤᠯᠵᠤ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠪᠠᠢ᠌ᠷᠢᠰᠢᠯ᠎ᠢ ᠰᠢᠯᠢᠳᠡᠭᠵᠢᠬᠦᠯᠤᠬᠡᠳ ᠲᠡᠷᠢᠭᠦᠨ ᠵᠡᠷᠭᠡ ᠵᠢᠨ ᠰᠢᠨᠵᠢᠯᠡᠭᠡᠨ᠎ᠤ ᠰᠠᠯᠠᠭ᠎ᠠ ᠵᠢ ᠲᠦᠷᠭᠡᠨ ᠪᠠᠢ᠌ᠭᠤᠯᠵᠤ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠵᠣᠬᠢᠶᠠᠨ ᠪᠠᠢ᠌ᠭᠤᠯᠤᠯᠲᠠ᠎ᠲᠠᠢ᠎ᠪᠠᠷ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠦᠷ᠎ᠡ ᠪᠦᠲᠦᠮᠵᠢ ᠵᠢ ᠲᠡᠭᠡᠭᠰᠢᠯᠡᠬᠦᠯᠬᠦ ᠲᠡᠭᠡᠭᠰᠢᠯᠡᠬᠦᠯᠤᠨ᠎ᠡ᠃ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠦᠢ᠍ᠯᠡᠴᠢᠯᠡᠭᠡᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠴᠢᠳᠠᠪᠤᠷᠢ ᠣᠯᠭᠣᠬᠤ ᠢᠨᠵᠧᠨᠧᠷᠢᠩ᠎ᠢ ᠬᠡᠷᠡᠭᠵᠢᠭᠦᠯᠵᠦ᠂ ᠰᠤᠷᠤᠭᠴᠢᠳ᠎ᠤᠨ ᠦᠰᠦᠨ ᠪᠣᠢ᠌ᠵᠢᠵᠤ ᠴᠢᠳᠠᠪᠤᠷᠢᠲᠠᠨ ᠪᠣᠯᠬᠤ ᠵᠠᠮ᠎ᠢ ᠥᠷᠭᠡᠳᠬᠡᠨ᠂ ᠵᠠᠩᠭᠢᠯᠠᠭ᠎ᠠ ᠵᠢᠨ ᠰᠤᠷᠭ᠋ᠠᠭᠤᠯᠢ ᠡᠷᠭᠢᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠦᠢ᠍ᠯᠡᠳᠪᠦᠷᠢᠯᠡᠯ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠦᠨ᠎ᠡ᠃ ᠰᠤᠷᠤᠯᠴᠠᠯᠭ᠎ᠠ ᠵᠢᠨ ᠬᠡᠯᠪᠡᠷᠢ ᠪᠦᠬᠦᠢ ᠨᠡᠢ᠌ᠭᠡᠮ᠎ᠤᠨ ᠪᠠᠢ᠌ᠭᠤᠯᠤᠯᠲᠠ ᠪᠠ ᠰᠤᠷᠭ᠋ᠠᠨ ᠬᠥᠮᠦᠵᠢᠯ᠎ᠤᠨ ᠲᠣᠭ᠋ᠠᠴᠢᠯᠠᠯᠲᠠ ᠵᠢᠨ ᠴᠢᠳᠠᠪᠤᠷᠢ ᠣᠯᠭᠣᠬᠤ ᠢᠨᠵᠧᠨᠧᠷᠢᠩ᠎ᠢ ᠬᠡᠷᠡᠭᠵᠢᠭᠦᠯᠵᠦ᠂ ᠤᠯᠠᠨ ᠨᠡᠶ᠋ᠢᠲᠡ ᠵᠢᠨ ᠨᠠᠰᠤᠨ ᠲᠤᠷᠰᠢᠲᠠ ᠰᠤᠷᠤᠯᠴᠠᠬᠤ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ ᠰᠤᠷᠭ᠋ᠠᠨ ᠬᠥᠮᠦᠵᠢᠯ᠎ᠤᠨ ᠲᠣᠭ᠋ᠠᠴᠢᠯᠠᠯᠲᠠ ᠪᠠ ᠵᠣᠬᠢᠶᠠᠮᠠᠯ ᠤᠶᠤᠨ ᠵᠶ᠋ᠡᠷ ᠰᠤᠷᠭ᠋ᠠᠨ ᠬᠥᠮᠦᠵᠢᠯ᠎ᠤᠨ ᠬᠤᠪᠢᠰᠤᠯᠲᠠ᠎ᠳᠤ ᠬᠦᠴᠦᠨ ᠨᠡᠮᠡᠷᠢᠯᠡᠬᠦ ᠵᠢ ᠠᠬᠢᠭᠤᠯᠤᠨ᠎ᠠ᠃ ᠥᠨᠳᠥᠷ ᠬᠡᠪ ᠪᠣᠯᠪᠠᠰᠤᠷᠠᠯ᠎ᠲᠠᠢ ᠲᠤᠰᠬᠠᠢ᠌ᠵᠢᠭᠰᠠᠨ ᠪᠠᠭᠰᠢ ᠵᠢᠨ ᠡᠩᠨᠡᠭᠡᠨ᠎ᠤ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠰᠤᠷᠭ᠋ᠠᠨ ᠬᠥᠮᠥᠵᠢᠭᠦᠯᠦᠭᠴᠢ ᠵᠢᠨ ᠵᠣᠷᠢᠭ ᠰᠠᠨᠠᠭ᠎ᠠ᠎ᠪᠠᠷ ᠰᠦᠭ ᠰᠦᠨᠡᠰᠦ ᠵᠢ ᠱᠤᠭᠤᠵᠤ ᠪᠠᠭᠰᠢ ᠵᠢ ᠬᠦᠴᠦᠷᠬᠡᠭᠵᠢᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠪᠠᠭᠰᠢ ᠵᠢᠨ ᠬᠠᠮᠢᠶᠠᠷᠤᠯᠲᠠ ᠪᠠ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠬᠦᠯᠤᠬᠡᠳ ᠳᠡᠭᠡᠳᠦ ᠲᠡᠰ᠎ᠤᠨ ᠴᠢᠳᠠᠪᠤᠷᠢᠲᠠᠨ᠎ᠢ ᠤᠨᠤᠪᠴᠢᠳᠠᠢ ᠬᠥᠮᠥᠵᠢᠭᠦᠯᠵᠦ᠂ ᠪᠠᠭᠰᠢ ᠵᠢᠨ ᠤᠯᠤᠰ ᠲᠦᠷᠦ ᠵᠢᠨ ᠪᠠᠢ᠌ᠷᠢ ᠰᠠᠭᠤᠷᠢ᠂ ᠨᠡᠢ᠌ᠭᠡᠮ᠎ᠤᠨ ᠪᠠᠢ᠌ᠷᠢ ᠰᠠᠭᠤᠷᠢ ᠪᠠ ᠠᠵᠢᠯ ᠮᠡᠷᠭᠡᠵᠢᠯ᠎ᠤᠨ ᠪᠠᠢ᠌ᠷᠢ ᠰᠠᠭᠤᠷᠢ ᠵᠢ ᠳᠡᠭᠡᠭᠰᠢᠯᠡᠭᠦᠯᠦᠨ᠎ᠡ᠃ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢᠨ ᠲᠦᠪᠰᠢᠨ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠰᠤᠷᠭ᠋ᠠᠨ ᠬᠥᠮᠦᠵᠢᠯ᠎ᠤᠨ ᠬᠣᠣᠰᠯᠠᠯ ᠪᠠᠢ᠌ᠭᠤᠯᠵᠤ ᠬᠠᠮᠲᠤ᠎ᠪᠠᠷ ᠪᠠᠶ᠋ᠢᠭᠤᠯᠬᠤ ᠠᠵᠢᠯ᠎ᠢ ᠭᠦᠨᠵᠡᠭᠡᠢ᠌ᠷᠡᠭᠦᠯᠵᠦ᠂ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠎ᠡ᠃ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢᠨ ᠪᠠᠢ᠌ᠭᠤᠯᠤᠯ ᠲᠣᠭᠲᠠᠴᠠ ᠵᠢ ᠰᠢᠯᠢᠳᠡᠭᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠰᠢᠯᠭ᠋ᠠᠯᠲᠠ ᠬᠢᠵᠦ ᠰᠣᠷᠣᠭᠴᠢ ᠡᠯᠰᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠴᠢᠳᠠᠪᠤᠷᠢᠲᠠᠨ᠎ᠢ ᠬᠥᠮᠥᠵᠢᠭᠦᠯᠬᠦ ᠪᠠ ᠠᠵᠢᠯ ᠣᠯᠭᠣᠯᠲᠠ ᠵᠢᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠵᠦ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠯᠡᠨ ᠠᠬᠢᠭᠤᠯᠬᠤ ᠲᠣᠭᠲᠠᠴᠠ ᠵᠢ ᠪᠠᠢ᠌ᠭᠤᠯᠤᠭ᠋ᠠᠳ ᠰᠤᠷᠭ᠋ᠠᠨ ᠬᠥᠮᠦᠵᠢᠯ᠎ᠤᠨ ᠣᠷᠣᠭᠤᠯᠤᠯᠲᠠ ᠵᠢᠨ ᠪᠠᠲᠤᠯᠠᠭ᠎ᠠ ᠵᠢᠨ ᠡᠷᠴᠢᠮ᠎ᠢ ᠴᠢᠩᠭ᠋ᠠᠷᠠᠭᠤᠯᠤᠨ᠎ᠠ᠃
ᠰᠠᠨᠠᠯ᠎ᠳᠤ ᠭᠣᠣᠯ ᠬᠠᠷᠠᠯᠲᠠ ᠵᠢ ᠲᠣᠳᠣᠷᠬᠠᠢ᠌ᠯᠠᠪᠠ᠄ 2027 ᠣᠨ ᠪᠣᠯᠬᠤ᠎ᠳᠤ ᠰᠤᠷᠭ᠋ᠠᠨ ᠬᠥᠮᠦᠵᠢᠯ ᠵᠶ᠋ᠡᠷ ᠣᠷᠣᠨ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠎ᠳᠤ ᠴᠢᠬᠤᠯᠠ ᠱᠠᠳᠤᠴᠢ ᠴᠢᠨᠠᠷᠲᠠᠢ ᠦᠷ᠎ᠡ ᠪᠦᠲᠦᠮᠵᠢ ᠣᠯᠣᠨ᠎ᠠ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠲᠦᠪᠰᠢᠨ᠎ᠢ ᠦᠷᠭᠦᠯᠵᠢᠯᠡᠨ ᠴᠢᠩᠭ᠋ᠠᠳᠬᠠᠵᠤ ᠴᠢᠨᠠᠷᠵᠢᠭᠤᠨ ᠰᠤᠷᠭ᠋ᠠᠨ ᠬᠥᠮᠦᠵᠢᠯ᠎ᠤᠨ ᠰᠢᠰᠲᠸᠮ᠎ᠢ ᠠᠩᠬ᠎ᠠ ᠠᠯᠬᠤᠮ ᠪᠦᠷᠢᠯᠳᠦᠭᠦᠯᠵᠦ᠂ ᠠᠷᠠᠳ ᠤᠯᠠᠨ᠎ᠤ ᠰᠤᠷᠭ᠋ᠠᠨ ᠬᠥᠮᠦᠵᠢᠯ᠎ᠤᠨ ᠬᠦᠷᠲᠡᠮᠵᠢ ᠵᠢᠨ ᠲᠥᠷᠥᠭᠳᠡᠯ᠎ᠢ ᠢᠯᠡᠳᠲᠡ ᠳᠡᠭᠡᠭᠰᠢᠯᠡᠭᠦᠯᠵᠦ᠂ ᠰᠤᠷᠭ᠋ᠠᠨ ᠬᠥᠮᠦᠵᠢᠯ᠎ᠤᠨ ᠵᠠᠩᠭᠢᠯᠠᠭ᠎ᠠ ᠵᠢᠨ ᠬᠦᠷᠢᠶᠡᠨ᠎ᠤ ᠥᠭᠡᠷᠡᠴᠢᠯᠡᠯᠲᠡ ᠵᠢ ᠪᠣᠳᠠᠲᠠᠢ ᠠᠬᠢᠴᠠ᠎ᠲᠠᠢ ᠪᠣᠯᠭ᠋ᠠᠨ᠎ᠠ᠃ 2035 ᠣᠨ ᠪᠣᠯᠬᠤ᠎ᠳᠤ ᠰᠤᠷᠭ᠋ᠠᠨ ᠬᠥᠮᠦᠵᠢᠯ᠎ᠤᠨ ᠬᠦᠴᠦᠷᠬᠡᠭ ᠣᠷᠣᠨ᠎ᠢ ᠪᠥᠬᠥ ᠲᠠᠯ᠎ᠠ᠎ᠪᠠᠷ ᠪᠠᠢ᠌ᠭᠤᠯᠤᠨ᠎ᠠ᠃ ᠰᠠᠭᠤᠷᠢ ᠰᠤᠷᠭ᠋ᠠᠨ ᠬᠥᠮᠦᠵᠢᠯ᠎ᠤᠨ ᠶᠠᠰᠤ ᠴᠢᠨᠠᠷ ᠪᠠᠷᠠᠭᠤᠨ ᠬᠡᠰᠡᠭ᠎ᠤᠨ ᠡᠮᠦᠨ᠎ᠡ ᠡᠩᠨᠡᠭᠡᠨ᠎ᠳᠤ ᠣᠷᠣᠵᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠶᠡᠷᠦᠩᠬᠡᠢ᠌ᠯᠡᠭᠰᠡᠨ ᠪᠣᠳᠠᠲᠤ ᠬᠦᠴᠦᠨ ᠢᠯᠡᠳᠲᠡ ᠴᠢᠩᠭ᠋ᠠᠷᠠᠵᠤ᠂ ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠰᠲᠸᠮ᠎ᠢ ᠦᠨᠳᠦᠰᠦᠨ᠎ᠳᠤ᠎ᠨᠢ ᠪᠠᠢ᠌ᠭᠤᠯᠤᠭ᠋ᠠᠳ ᠰᠤᠷᠤᠯᠴᠠᠯᠭ᠎ᠠ ᠵᠢᠨ ᠬᠡᠯᠪᠡᠷᠢ ᠪᠦᠬᠦᠢ ᠨᠡᠢ᠌ᠭᠡᠮ᠎ᠢ ᠪᠥᠬᠥ ᠲᠠᠯ᠎ᠠ᠎ᠪᠠᠷ ᠪᠦᠷᠢᠯᠳᠦᠭᠦᠯᠦᠨ᠂ ᠰᠤᠷᠭ᠋ᠠᠨ ᠬᠥᠮᠦᠵᠢᠯ᠎ᠢ ᠠᠷᠠᠳ ᠲᠦᠮᠡᠨ᠎ᠳᠤ ᠤᠯᠠᠮ ᠬᠠᠨᠤᠮᠵᠢᠳᠠᠢ ᠪᠤᠯᠭ᠋ᠠᠵᠤ ᠰᠤᠷᠭ᠋ᠠᠨ ᠬᠥᠮᠦᠵᠢᠯ᠎ᠤᠨ ᠤᠯᠤᠰ᠎ᠤᠨ ᠪᠠᠢ᠌ᠯᠳᠤᠬᠤ ᠪᠣᠳᠣᠯᠭ᠎ᠠ ᠪᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠲᠤᠯᠭ᠋ᠠᠭᠤᠷᠢᠯᠠᠬᠤ ᠬᠦᠴᠦᠨ᠎ᠢ ᠶᠡᠬᠡ᠎ᠪᠠᠷ ᠲᠡᠭᠡᠭᠰᠢᠯᠡᠬᠦᠯᠤᠨ᠎ᠡ᠃