ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠣᠷᠢᠳᠤᠭ᠋ᠠᠷ ᠬᠤᠭᠤᠴᠠᠭ᠋ᠠᠨ᠎ᠤ ᠪᠠᠷᠠᠭᠤᠨ ᠤᠷᠤᠨ᠎ᠤ ᠦᠵᠡᠰᠬᠦᠯᠡᠩ᠎ᠤᠨ ᠴᠤᠭᠯᠠᠭ᠋ᠠᠨ ᠡᠬᠢᠯᠡᠵᠤ ᠶᠠᠩ ᠵᠢᠨ ᠪᠦᠯᠬᠦᠮ ᠳᠠᠭ᠋ᠠᠭᠤᠯᠤᠨ ᠣᠷᠣᠯᠴᠠᠪᠠ
ᠨᠡᠶᠢᠲᠡᠯᠡᠭᠰᠡᠨ ᠴᠠᠭ᠄ 2025-05-26

    ᠬᠣᠷᠢᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠠᠷᠠᠭᠤᠨ ᠣᠷᠣᠨ᠎ᠤ ᠣᠯᠠᠨ ᠤᠯᠤᠰ᠎ᠤᠨ ᠦᠵᠡᠰᠬᠦᠯᠡᠩ 5 ᠳ᠋ᠤᠭ᠋ᠠᠷ ᠰᠠᠷ᠎ᠠ ᠵᠢᠨ 25᠎ᠤ ᠡᠳᠦᠷ ᠴᠧᠩᠳᠦ᠋ ᠬᠣᠲᠠ᠎ᠳᠤ ᠡᠬᠢᠯᠡᠪᠡ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠠᠩ ᠵᠢᠨ ᠪᠦᠯᠬᠦᠮ ᠳᠠᠭ᠋ᠠᠭᠤᠯᠤᠨ ᠦᠵᠡᠰᠬᠦᠯᠡᠩ᠎ᠳᠤ ᠣᠷᠣᠯᠴᠠᠪᠠ᠃
     ᠲᠤᠰ ᠦᠵᠡᠰᠬᠦᠯᠡᠩ᠎ᠨᠢ 《ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠬᠥᠳᠡᠯᠭᠡᠬᠦ ᠬᠦᠴᠦᠨ᠎ᠢ ᠨᠡᠮᠡᠭᠳᠡᠭᠦᠯᠦᠨ ᠨᠡᠭᠡᠭᠡᠯᠲᠡ ᠵᠢ ᠥᠷᠭᠡᠳᠬᠡᠵᠦ ᠬᠥᠭᠵᠢᠯᠲᠡ ᠵᠢ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠵᠤ ᠡᠬᠢᠯᠡᠯᠲᠡ ᠵᠢᠨ ᠶᠣᠰᠣᠯᠠᠯ᠂  ᠪᠠᠷᠠᠭᠤᠨ ᠤᠷᠤᠨ᠎ᠤ ᠪᠡᠯᠡ ᠣᠷᠣᠭᠤᠯᠤᠯᠲᠠ ᠵᠢᠨ ᠴᠤᠭᠯᠠᠭ᠋ᠠᠨ᠂ ᠬᠤᠳᠠᠯᠳᠤᠨ ᠠᠪᠬᠤ ᠬᠤᠳᠠᠯᠳᠤᠭ᠋ᠠᠴᠢᠳ᠎ᠤᠨ ᠶᠡᠬᠡ ᠬᠤᠷᠠᠯ ᠪᠠ ᠠᠷᠠᠯᠵᠢᠶᠠᠨ᠎ᠤ ᠪᠡᠯᠡ ᠣᠷᠣᠭᠤᠯᠤᠯᠲᠠ ᠵᠢᠨ ᠰᠣᠯᠢᠯᠴᠠᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠰᠢᠷᠢᠰ ᠴᠢᠬᠤᠯᠠ ᠠᠵᠢᠯᠯᠠᠭ᠎ᠠ ᠵᠢ ᠡᠷᠬᠢᠯᠡᠪᠡ᠃ ᠥᠪᠥᠷ ᠮᠣᠩᠭᠣᠯ᠎ᠤᠨ 30 ᠰᠢᠬᠠᠮ ᠨᠢᠬᠡᠴᠢ ᠵᠢᠨ 80 ᠭᠠᠷᠤᠢ ᠠᠵᠤ ᠠᠬᠤᠢ᠌ᠯᠠᠯ ᠦᠵᠡᠰᠬᠦᠯᠡᠩ᠎ᠳᠤ ᠣᠷᠣᠯᠴᠠᠵᠤ᠂ 20 ᠭᠠᠷᠤᠢ ᠣᠨᠴᠠᠯᠢᠭᠲᠤ ᠠᠵᠤ ᠠᠬᠤᠢ᠌ᠯᠠᠯ ᠥᠪᠥᠷ ᠮᠣᠩᠭᠣᠯ᠎ᠤᠨ 176 ᠲᠡᠭᠰᠢ ᠳᠥᠷᠪᠡᠯᠵᠢᠨ ᠮᠧᠲᠷ᠎ᠤᠨ ᠣᠨᠴᠠ ᠴᠢᠮᠡᠭᠯᠡᠯ᠎ᠤᠨ ᠳᠦᠷᠢ ᠲᠥᠷᠬᠦ ᠵᠢᠨ ᠦᠵᠡᠭᠦᠯᠦᠯᠭᠡ ᠵᠢᠨ ᠲᠣᠭᠣᠷᠢᠭ᠎ᠲᠤ ᠳᠡᠯᠭᠡᠨ ᠦᠵᠡᠭᠦᠯᠵᠦ᠂ ᠥᠪᠥᠷ ᠮᠣᠩᠭᠣᠯ᠎ᠤᠨ ᠠᠵᠤ ᠠᠬᠤᠢ᠂ ᠰᠣᠶᠣᠯ ᠵᠤᠭ᠋ᠠᠴᠠᠯ᠂ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠬᠦᠷᠢᠶ᠎ᠡ ᠴᠠᠷᠠᠭ᠋ᠠᠨ᠎ᠳᠠᠬᠢ ᠬᠥᠭᠵᠢᠯᠲᠡ ᠵᠢᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠬᠠᠷᠠᠭᠤᠯᠵᠤ ᠮᠠᠨ᠎ᠤ ᠣᠷᠣᠨ᠎ᠤ ᠳᠠᠪᠠᠭᠤᠯᠢᠭ ᠠᠵᠤ ᠦᠢ᠍ᠯᠡᠰ᠎ᠤᠨ ᠪᠦᠯᠦᠭᠵᠢᠯ᠎ᠢ ᠪᠦᠬᠦ ᠲᠠᠯ᠎ᠠ᠎ᠪᠠᠷ ᠲᠠᠨᠢᠯᠴᠠᠭᠤᠯᠵᠠᠢ᠃

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠥᠪᠡᠷ ᠵᠶ᠋ᠡᠨ ᠬᠦᠴᠦᠷᠬᠡᠭᠵᠢᠭᠰᠡᠨ ᠵᠢᠱ᠌ᠢᠶᠡᠴᠢ ᠪᠠ ᠵᠡᠮᠳᠡᠭᠴᠦᠳ᠎ᠢ ᠲᠤᠰᠠᠯᠠᠭᠰᠠᠨ ᠲᠡᠷᠢᠭᠦᠨ᠎ᠤ ᠬᠥᠮᠥᠰ᠎ᠢ ᠬᠦᠬᠢᠬᠦᠯᠬᠦ ᠶᠡᠬᠡ ᠬᠤᠷᠠᠯ ᠳᠡᠭᠡᠷ᠎ᠡ ᠮᠠᠨ᠎ᠤ ᠤᠷᠤᠨ᠎ᠤ 6 ᠬᠤᠪᠢ ᠬᠥᠮᠥᠨ 6 ᠬᠠᠮᠲᠤ ᠬᠦᠬᠢᠬᠦᠯᠦᠭᠳᠡᠪᠡ
ᠣᠷᠣᠯᠭ᠎ᠠ ᠪᠠᠭ᠎ᠠ ᠬᠦᠮᠦᠰ᠎ᠤᠨ ᠦᠨᠳᠦᠰᠦᠨ᠎ᠠᠴᠠ᠎ᠨᠢ ᠲᠡᠳᠬᠦᠬᠦ ᠵᠢᠨ ᠲᠦᠯᠤᠬᠡ ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠡᠨᠡ ᠭᠤᠷᠪᠠᠨ ᠠᠵᠢᠯ᠎ᠢ ᠭᠣᠣᠯᠳᠠᠯᠭ᠎ᠠ᠎ᠲᠠᠢ᠎ᠪᠠᠷ ᠰᠠᠢ᠌ᠲᠤᠷ ᠬᠢᠬᠦ᠎ᠪᠠᠷ ᠪᠠᠢ᠌ᠨ᠎ᠠ
ᠴᠧᠨ ᠵᠢᠶᠧ ᠪᠤᠭᠤᠲᠤ ᠬᠣᠲᠠ ᠵᠢᠨ ᠪᠠᠶᠠᠨᠨ᠋ᠦᠪᠤᠭ᠎ᠠ ᠠᠭᠤᠷᠬᠠᠶ ᠵᠢᠨ ᠲᠣᠭᠣᠷᠢᠭ᠎ᠲᠤ ᠠᠷᠠᠳ᠎ᠤᠨ ᠶᠠᠪᠤᠳᠠᠯ᠎ᠤᠨ ᠠᠵᠢᠯ᠎ᠢ ᠪᠠᠶ᠋ᠢᠴᠠᠭ᠋ᠠᠨ ᠰᠤᠳᠤᠯᠪᠠ
ᠲᠢᠩᠬᠢᠮ᠎ᠤᠨ ᠳᠠᠷᠤᠭ᠎ᠠ ᠴᠧᠨ ᠵᠢᠶᠧ ᠬᠥᠬᠡᠬᠣᠲᠠ᠎ᠳᠤ ᠭᠦᠨᠵᠡᠭᠡᠢ᠌ᠷᠡᠨ ᠬᠠᠩᠰᠢ ᠵᠢᠨ ᠠ᠋ᠳᠤᠷ᠎ᠤᠨ ᠬᠢᠵᠢᠭ᠎ᠢ ᠰᠡᠷᠭᠡᠢ᠌ᠯᠡᠨ ᠡᠵᠡᠮᠳᠡᠬᠦ ᠪᠠ ᠳᠠᠭᠢᠵᠤ ᠱᠦᠭᠦᠷᠳᠡᠬᠦ ᠠᠵᠢᠯ᠎ᠢ ᠪᠠᠢ᠌ᠴᠠᠭ᠋ᠠᠨ ᠰᠤᠳᠤᠯᠪᠠ
ᠲᠢᠩᠬᠢᠮ ᠵᠢᠨ ᠳᠡᠳ᠋ ᠳᠠᠷᠤᠭ᠎ᠠ ᠹᠧᠩ ᠬᠤ᠌ ᠾᠧ ᠨᠠᠷ ᠪᠠᠶᠠᠨᠨᠠᠭᠤᠷ ᠬᠣᠲᠠ᠎ᠳᠤ ᠬᠦᠷᠴᠦ ᠠᠵᠢᠯ ᠪᠠᠢ᠌ᠴᠠᠭ᠋ᠠᠵᠤ ᠵᠢᠯᠣᠭᠣᠳᠪᠠ
 
            