5 ᠳ᠋ᠤᠭ᠋ᠠᠷ ᠰᠠᠷ᠎ᠠ ᠵᠢᠨ 23᠎ᠤ ᠡᠳᠦᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠎ᠠ ᠵᠢᠨ᠎ᠬᠢᠨ᠎ᠠᠴᠠ ᠣᠢ᠌ᠯᠠᠭ᠋ᠠᠭᠰᠠᠨ᠎ᠨᠢ᠂ ᠳᠣᠯᠣᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠥᠪᠡᠷ ᠵᠶ᠋ᠡᠨ ᠬᠦᠴᠦᠷᠬᠡᠭᠵᠢᠭᠰᠡᠨ ᠵᠢᠱ᠌ᠢᠶᠡᠴᠢ ᠪᠠ ᠵᠡᠮᠳᠡᠭᠴᠦᠳ᠎ᠢ ᠲᠤᠰᠠᠯᠠᠭᠰᠠᠨ ᠲᠡᠷᠢᠭᠦᠨ᠎ᠤ ᠬᠥᠮᠥᠰ᠎ᠢ ᠬᠦᠬᠢᠬᠦᠯᠬᠦ ᠶᠡᠬᠡ ᠬᠤᠷᠠᠯ ᠳᠡᠭᠡᠷ᠎ᠡ ᠮᠠᠨ᠎ᠤ ᠣᠷᠣᠨ᠎ᠤ ᠨᠡᠶ᠋ᠢᠲᠡ 6 ᠬᠤᠪᠢ ᠬᠥᠮᠥᠨ᠂ 6 ᠬᠠᠮᠲᠤ ᠬᠦᠬᠢᠬᠦᠯᠦᠭᠳᠡᠪᠡ᠃
ᠬᠥᠬᠡᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠬᠣᠶᠠᠳᠤᠭ᠋ᠠᠷ ᠳᠡᠰ᠎ᠤᠨ ᠴᠠᠭᠳᠠᠭ᠋ᠠᠨ ᠳᠠᠷᠤᠭ᠎ᠠ ᠸᠠᠩ ᠰᠢᠶᠣᠣ ᠴᠢᠶᠠᠨ᠂ ᠥᠪᠥᠷ ᠮᠣᠩᠭᠣᠯ᠎ᠤᠨ ᠴᠤᠸᠠᠡᠭ ᠴᠢ ᠣᠶᠤᠨᠲᠤ ᠡᠯᠧᠺᠲᠷᠣᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠵᠠᠩ ᡁᠢ ᠵᠢᠶᠧ᠂ ᠥᠪᠥᠷ ᠮᠣᠩᠭᠣᠯ᠎ᠤᠨ 《ᠴᠢᠡᠭ ᠱᠠᠨ》 ᠵᠡᠮᠳᠡᠭᠴᠦᠳ᠎ᠤᠨ ᠶᠡᠷᠦᠩᠬᠡᠢ᠌ᠯᠡᠭᠰᠡᠨ ᠲᠤᠰᠠᠯᠠᠬᠤ ᠴᠢᠨᠠᠷᠲᠠᠢ ᠦᠢ᠍ᠯᠡᠴᠢᠯᠡᠭᠡᠨ᠎ᠤ ᠲᠥᠪ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ ᠬᠤ᠌ ᠪᠠᠢ ᠢᠦᠢ᠂ ᠠᠪᠠᠭ᠎ᠠ ᠬᠣᠰᠢᠭᠤᠨ᠎ᠤ 《ᠲᠠᠪᠤᠨ ᠡᠷᠳᠡᠨᠢ》 ᠦᠨᠳᠦᠰᠦᠲᠡᠨ᠎ᠤ ᠭᠠᠷ ᠤᠷᠠᠯᠠᠯ᠎ᠤᠨ ᠠᠵᠢᠯ᠎ᠤᠨ ᠲᠠᠰᠤᠭ᠎ᠤᠨ ᠡᠭᠦᠳᠦᠨ ᠪᠠᠢ᠌ᠭᠤᠯᠤᠭᠴᠢ ᠡᠷᠳᠡᠨᠢᠪᠠᠭ᠋ᠠᠲᠤᠷ᠂ ᠥᠪᠥᠷ ᠮᠣᠩᠭᠣᠯ᠎ᠤᠨ ᠬᠣᠩ ᠫᠠᠨ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠬᠣᠩ ᠪᠥᠸᠧ ᠵᠡᠷᠭᠡ 5 ᠵᠡᠮᠳᠡᠭ ᠬᠥᠮᠥᠨ 《ᠪᠥᠬᠥ ᠤᠯᠤᠰ᠎ᠤᠨ ᠦᠪᠡᠷ ᠵᠶ᠋ᠡᠨ ᠬᠦᠴᠦᠷᠬᠡᠭᠵᠢᠭᠰᠡᠨ ᠵᠢᠱ᠌ᠢᠶᠡᠴᠢ》 ᠵᠢᠨ ᠢᠷᠠᠭᠤ ᠠᠯᠳᠠᠷ᠎ᠢ ᠭᠥᠷᠳᠡᠪᠡ᠃ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠢᠨ ᠭᠠᠢ᠌ᠯᠢ ᠵᠢᠨ ᠪᠤᠰᠤ ᠣᠷᠣᠯᠭ᠎ᠠ ᠵᠢᠨ ᠭᠠᠵᠠᠷ᠂ ᠪᠤᠭᠤᠲᠤ ᠬᠤᠳᠠ ᠵᠢᠨ ᠵᠡᠮᠳᠡᠭᠴᠦᠳ᠎ᠤᠨ ᠡᠷᠡᠭᠦᠯᠵᠢᠯ᠎ᠤᠨ ᠲᠥᠪ᠂ 《9 · 3》 ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠤᠯᠠᠭ᠋ᠠᠨᠬᠠᠳᠠ ᠬᠤᠳᠠ ᠵᠢᠨ ᠬᠣᠷᠢᠶ᠎ᠠ᠂ ᠲᠦᠴᠢᠦᠸᠠᠨ ᠰᠢᠶᠠᠨ᠎ᠤ ᠵᠡᠮᠳᠡᠭᠴᠦᠳ᠎ᠤᠨ ᠬᠣᠯᠪᠣᠭ᠎ᠠ᠂ ᠬᠦᠷᠢᠶ᠎ᠡ ᠬᠣᠰᠢᠭᠤᠨ᠎ᠤ ᠵᠡᠮᠳᠡᠭᠴᠦᠳ᠎ᠤᠨ ᠬᠣᠯᠪᠣᠭ᠎ᠠ᠂ ᠦᠦᠰᠢᠨ ᠬᠣᠰᠢᠭᠤᠨ᠎ᠤ ᠵᠡᠮᠳᠡᠭᠴᠦᠳ᠎ᠤᠨ ᠬᠣᠯᠪᠣᠭ᠎ᠠ ᠵᠡᠷᠭᠡ 6 ᠬᠠᠮᠲᠤ 《ᠪᠦᠬᠦ ᠤᠯᠤᠰ᠎ᠤᠨ ᠵᠡᠮᠳᠡᠭᠴᠦᠳ᠎ᠤᠨ ᠠᠵᠢᠯ᠎ᠤᠨ ᠲᠡᠷᠢᠭᠦᠨ᠎ᠤ ᠬᠠᠮᠲᠤ》 ᠵᠢᠨ ᠢᠷᠠᠭᠤ ᠠᠯᠳᠠᠷ᠎ᠢ ᠬᠦᠷᠳᠡᠪᠡ᠃ ᠠᠯᠠᠱ᠌ᠠ ᠠᠢ᠌ᠮᠠᠭ᠎ᠤᠨ ᠵᠡᠮᠳᠡᠭᠴᠦᠳ᠎ᠤᠨ ᠬᠣᠯᠪᠣᠭ᠎ᠠ ᠵᠢᠨ ᠬᠡᠷᠡᠭ ᠡᠷᠬᠢᠯᠡᠭᠴᠢᠳ᠎ᠤᠨ ᠳᠠᠷᠤᠭ᠎ᠠ ᠴᠠᠡᠭ ᠶᠢᠨᠬᠤᠸᠡᠠᠷ 《ᠪᠥᠬᠥ ᠤᠯᠤᠰ᠎ᠤᠨ ᠵᠡᠮᠳᠡᠭᠴᠦᠳ᠎ᠤᠨ ᠠᠵᠢᠯ᠎ᠤᠨ ᠲᠡᠷᠢᠭᠦᠨ᠎ᠤ ᠬᠤᠪᠢ ᠬᠥᠮᠥᠨ》᠎ᠤ ᠢᠷᠠᠭᠤ ᠠᠯᠳᠠᠷ᠎ᠢ ᠭᠥᠷᠳᠡᠪᠡ᠃