ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠯᠢ ᠴᠢᠶᠠᠩ ᠨᠢᠩᠰᠢᠶᠠ᠂ ᠥᠪᠥᠷ ᠮᠣᠩᠭᠣᠯ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ᠄ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠰᠠᠢ᠌ᠲᠤᠷ ᠬᠢᠵᠦ ᠴᠢᠨᠠᠷᠯᠢᠭ ᠬᠥᠭᠵᠢᠯᠲᠡ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠤ ᠴᠢᠬᠤᠯᠠᠴᠢᠯᠠᠯ᠎ᠠ
ᠨᠡᠶᠢᠲᠡᠯᠡᠭᠰᠡᠨ ᠴᠠᠭ᠄ 2024-10-25

   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ  ᠬᠤᠷᠢᠶ᠎ᠠ ᠵᠢᠨ ᠶᠡᠷᠤᠡᠭᠭᠡᠢ ᠰᠠᠢ᠌ᠳ ᠯᠢ ᠴᠢᠶᠠᠡᠭ 10 ᠳ᠋ᠤᠭ᠋ᠠᠷ ᠰᠠᠷ᠎ᠠ ᠵᠢᠨ 22᠎ᠠᠴᠠ 24᠎ᠤ ᠡᠳᠦᠷ ᠨᠢᠡᠭᠰᠢᠶᠨ᠂ ᠦᠪᠤᠷ ᠮᠤᠡᠭᠭᠤᠯ᠎ᠳᠤ ᠪᠠᠢ᠌ᠴᠠᠭ᠋ᠠᠨ ᠰᠤᠳᠤᠯᠪᠠ᠃
W020241025322062521797_ORIGIN.jpg    


     ᠯᠢ ᠴᠢᠶᠠᠩ  10 ᠰᠠᠷ᠎ᠠ ᠵᠢᠨ 23᠎ᠤ ᠡᠳᠦᠷ ᠥᠪᠥᠷ ᠮᠣᠩᠭᠣᠯ᠎ᠤᠨ ᠣᠷᠳᠣᠰ᠎ᠲᠤ ᠰᠢ ᠯᠢᠦ ᠭᠧᠦ ᠵᠢᠨ ᠯᠦᠩ ᠲᠧᠦ ᠭᠤᠸᠠᠢ ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠬᠥᠷᠥᠰᠥ ᠰᠢᠷᠣᠢ ᠵᠢ ᠬᠠᠮᠠᠭ᠋ᠠᠯᠠᠵᠤ ᠶᠡᠷᠦᠩᠬᠡᠢ᠌ᠯᠡᠭᠰᠡᠨ  ᠵᠠᠰᠠᠬᠰᠠᠨ ᠲᠤᠬᠠᠢ ᠪᠠᠢ᠌ᠴᠠᠭ᠋ᠠᠨ ᠰᠤᠳᠤᠯᠵᠤ ᠪᠠᠢ᠌ᠭ᠎ᠠ᠎ᠨᠢ  
     ᠵᠢᠷᠤᠭ᠎ᠢ ᠰᠢᠨᠬᠤᠸᠨ ᠬᠣᠷᠢᠶᠠᠨ᠎ᠤ ᠰᠤᠷᠪᠤᠯᠵᠢᠯᠠᠭᠴᠢ ᠬᠣᠠᠩ ᠵᠢᠩ ᠸᠠ ᠰᠡᠭᠦᠳᠡᠷᠯᠡᠪᠡ
    ᠰᠢᠨᠬᠤᠸᠠ ᠬᠣᠷᠢᠶᠠᠨ᠎ᠤ ᠬᠥᠬᠡᠬᠣᠲᠠ ᠵᠢᠨ 10 ᠰᠠᠷ᠎ᠠ ᠵᠢᠨ 24᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠽᠧᠦ ᠸᠧᠢ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠢ᠌ᠳ ᠯᠢ ᠴᠢᠶᠠᠩ 10 ᠳ᠋ᠤᠭ᠋ᠠᠷ ᠰᠠᠷ᠎ᠠ ᠵᠢᠨ 22᠎ᠠᠴᠠ 24᠎ᠤ ᠡᠳᠦᠷ ᠨᠢᠡᠭᠰᠢᠶᠨ᠂ ᠦᠪᠤᠷ ᠮᠤᠡᠭᠭᠤᠯ᠎ᠳᠤ ᠪᠠᠢ᠌ᠴᠠᠭ᠋ᠠᠨ ᠰᠤᠳᠤᠯᠪᠠ᠃ ᠯᠢ ᠴᠢᠶᠠᠡᠭ᠄ 《ᠰᠢ ᠵᠢᠨ ᠫᠢᠩ ᠶᠡᠷᠦᠩᠬᠡᠢ ᠱᠦᠵᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠤᠯᠤᠰ᠎ᠤᠨ ᠡᠨᠧᠷᠭᠢ ᠵᠢᠨ ᠠᠶᠤᠯ ᠦᠬᠡᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠤᠯᠤᠰ᠎ᠤᠨ ᠪᠠᠢ᠌ᠯᠳᠤᠬᠤ ᠪᠣᠳᠣᠯᠭ᠎ᠠ ᠪᠠ ᠪᠥᠬᠥ ᠲᠠᠯ᠎ᠠ ᠵᠢᠨ ᠬᠡᠷᠡᠭᠴᠡᠭᠡ ᠵᠢ ᠪᠣᠳᠣᠯᠬᠢᠯᠠᠨ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ᠎ᠪᠠᠷ ᠬᠥᠭᠵᠢᠭᠦᠯᠬᠦ ᠵᠢ ᠪᠠᠷᠢᠮᠲᠠᠯᠠᠵᠤ ᠡᠬᠢ ᠪᠠᠶᠠᠯᠢᠭ᠎ᠤᠨ ᠲᠥᠷᠥᠯᠬᠢ ᠳᠠᠪᠠᠭᠤᠯᠢᠭ᠎ᠲᠤ ᠰᠠᠭᠤᠷᠢᠯᠠᠨ ᠥᠪᠡᠷᠮᠢᠴᠡ ᠣᠨᠴᠠᠯᠢᠭ᠎ᠲᠠᠢ ᠳᠠᠪᠠᠭᠤᠯᠢᠭ ᠵᠶ᠋ᠠᠨ ᠪᠠᠳᠠᠷᠠᠭᠤᠯᠵᠤ 《ᠭᠤᠷᠪᠠᠨ ᠤᠮᠠᠷᠠᠲᠤ》 ᠵᠢᠨ ᠬᠠᠯᠬᠠᠪᠴᠢ ᠣᠶ ᠵᠢᠨ ᠰᠢᠰᠲᠸᠮ ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠰᠠᠢ᠌ᠲᠤᠷ ᠬᠢᠵᠦ  ᠴᠢᠨᠠᠷᠯᠢᠭ ᠬᠥᠭᠵᠢᠯᠲᠡ᠎ᠳᠤ ᠬᠦᠴᠦᠲᠡᠢ ᠪᠠᠲᠤᠯᠠᠭ᠎ᠠ ᠬᠠᠡᠭᠭ᠋ᠠᠬᠤ ᠬᠡᠷᠡᠭᠳᠡᠢ》 ᠭᠡᠵᠤ ᠴᠢᠬᠤᠯᠠᠴᠢᠯᠠᠪᠠ᠃
     ᠨᠢᠩᠰᠢᠶᠠ ᠵᠢᠨ ᠢᠷᠭ᠋ᠠᠢ᠎ᠳᠤ ᠯᠢ ᠴᠢᠶᠠᠩ ᠨᠢᠩᠰᠢᠶᠠ ᠵᠢᠨ ᠡᠯᠡᠰᠦ ᠮᠠᠩᠬᠠᠨ᠎ᠤ ᠨᠣᠭᠣᠭ᠋ᠠᠷᠠᠭᠤᠯᠤᠯᠲᠠ ᠪᠣᠯᠣᠨ ᠡᠯᠡᠰᠦᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢᠨ᠎ᠳᠤ ᠬᠦᠷᠴᠦ ᠬᠠᠳᠤᠨ ᠭᠣᠣᠯ᠎ᠤᠨ 《几》 ᠬᠡᠯᠪᠡᠷᠢ᠎ᠲᠠᠢ ᠨᠤᠭᠤᠯᠤᠭ᠎ᠠ ᠵᠢᠨ ᠨᠢᠩᠰᠢᠶᠠ ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠣᠯᠣᠨ ᠪᠦᠬᠦ ᠣᠷᠣᠨ᠎ᠤ ᠴᠦᠯᠯᠡᠷᠭᠡᠭᠵᠢᠯ᠎ᠢ ᠵᠠᠰᠠᠬᠤ ᠵᠡᠷᠭᠡ ᠬᠠᠷᠢᠭᠤ ᠮᠡᠳᠡᠭᠦᠯᠦᠯᠲᠡ ᠵᠢ ᠰᠤᠨᠤᠰᠤᠬᠰᠠᠨ ᠪᠦᠬᠡᠳ ᠰᠢᠭᠤᠢ᠌ᠲᠤ ᠭᠠᠵᠠᠷ᠎ᠲᠤ ᠬᠦᠷᠴᠦ ᠡᠯᠡᠰᠦ ᠵᠠᠰᠠᠭᠰᠠᠨ ᠪᠠᠭ᠋ᠠᠲᠤᠷ ᠸᠠᠩ ᠶᠢᠤ ᠳ᠋ᠸ ᠨᠠᠷ᠎ᠲᠠᠢ ᠲᠣᠭᠣᠷᠢᠨ ᠰᠠᠭᠤᠵᠤ ᠰᠠᠨᠠᠯ ᠵᠶ᠋ᠠᠨ ᠰᠣᠯᠢᠯᠴᠠᠪᠠ᠃ ᠯᠢ ᠴᠢᠶᠠᠩ ᠲᠤᠬᠠᠢ ᠵᠢᠨ ᠭᠠᠵᠠᠷ᠎ᠤᠨ ᠺᠠᠳ᠋ᠷ ᠤᠯᠠᠨ ᠲᠦᠮᠡᠨ᠎ᠤ ᠬᠡᠳᠦᠨ ᠠᠷᠪᠠᠨ ᠵᠢᠯ᠎ᠤᠨ ᠲᠤᠷᠰᠢ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ᠎ᠪᠠᠷ ᠬᠦᠴᠦᠯᠡᠨ ᠴᠢᠷᠮᠠᠢ᠌ᠭᠰᠠᠨ᠎ᠢ ᠮᠠᠰᠢᠳᠠ ᠰᠠᠢ᠌ᠰᠢᠶᠠᠬᠰᠠᠨ᠎ᠤ ᠬᠠᠮᠳᠤ᠄ 《ᠡᠯᠡᠰᠦ ᠵᠢ ᠵᠠᠰᠠᠬᠤ ᠡᠷᠴᠢ ᠵᠣᠷᠢᠭ ᠪᠣᠯᠣᠨ ᠵᠣᠷᠢᠭ ᠰᠠᠨᠠᠭ᠎ᠠ ᠵᠢ ᠤᠯᠠᠮᠵᠢᠯᠠᠵᠤ ᠰᠢᠨᠵᠢᠯᠡᠬᠦ ᠤᠬᠠᠭ᠋ᠠᠨᠴᠢ ᠠᠷᠭ᠎ᠠ ᠵᠢ ᠪᠠᠷᠢᠮᠲᠠᠯᠠᠵᠤ ᠣᠷᠣᠨ ᠪᠦᠰᠡ ᠵᠢᠨ ᠬᠠᠮᠵᠢᠯᠴᠠᠭ᠋ᠠᠨ᠎ᠤ ᠲᠣᠭᠲᠠᠴᠠ ᠵᠢ ᠲᠡᠬᠦᠯᠳᠡᠷᠵᠢᠬᠦᠯᠤᠬᠡᠳ ᠠᠮᠢ ᠠᠬᠤᠢ ᠵᠢᠨ ᠣᠷᠴᠢᠨ ᠲᠣᠭᠣᠷᠢᠨ᠎ᠢ ᠴᠢᠷᠮᠠᠢ᠌ᠨ ᠰᠠᠢ᠌ᠵᠢᠷᠠᠭᠤᠯᠬᠤ ᠵᠢᠨ ᠬᠠᠮᠲᠤ ᠤᠯᠠᠨ ᠲᠦᠷᠦᠯ᠎ᠤᠨ ᠡᠵᠡᠩᠨᠡᠯᠲᠡ ᠵᠢ ᠬᠥᠭᠵᠢᠭᠦᠯᠵᠦ ᠤᠯᠠᠨ ᠲᠦᠮᠡᠨ᠎ᠢ ᠲᠠᠢ᠍ᠢ᠍ᠴᠢᠯᠠᠨ ᠣᠷᠣᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠳᠡᠢ》 ᠭᠡᠵᠤ ᠵᠣᠷᠢᠭᠵᠢᠭᠤᠯᠪᠠ᠃ ᠣᠯᠣᠰ᠎ᠤᠨ ᠡᠨ᠋ᠸᠷᠬᠢ ᠵᠢᠨ ᠨᠢᠡᠭᠰᠢᠶᠨ᠎ᠳᠤ᠎ᠬᠢ ᠨᠡᠬᠦᠷᠡᠰᠤᠨ᠎ᠤ ᠺᠤᠮᠫᠠᠨᠢ ᠵᠢᠨ ᠨᠡᠭᠦᠷᠡᠰᠦ᠎ᠪᠠᠷ ᠲᠣᠰᠣ ᠦᠢ᠍ᠯᠡᠳᠬᠦ ᠲᠦᠷᠦᠯ ᠵᠦᠢ᠍ᠯ᠎ᠤᠨ ᠲᠣᠭᠣᠷᠢᠭ᠎ᠲᠤ ᠯᠢ ᠴᠢᠶᠠᠩ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠬᠥᠭᠵᠢᠯᠲᠡ ᠵᠢᠨ ᠪᠠᠢ᠌ᠳᠠᠯ᠎ᠢ ᠨᠠᠷᠢᠨ ᠣᠢ᠌ᠯᠠᠭ᠋ᠠᠵᠤ  ᠦᠢ᠍ᠯᠡᠳᠬᠦᠨ ᠪᠠ ᠬᠡᠷᠡᠭᠯᠡᠭᠡᠨ᠎ᠢ ᠪᠠᠢ᠌ᠴᠠᠭ᠋ᠠᠨ ᠦᠵᠡᠪᠡ᠃ 《ᠨᠢᠡᠭᠳᠦ᠋ᠡᠭ》᠎ᠤᠨ 200 ᠲᠦᠮᠡᠨ ᠺᠢᠯᠣᠸᠠᠲ᠎ᠤᠨ ᠨᠡᠢ᠌ᠯᠡᠮᠡᠯ ᠬᠡᠷᠡᠯ ᠴᠡᠨᠡᠭ᠎ᠤᠨ ᠰᠠᠭᠤᠷᠢᠨ ᠭᠠᠵᠠᠷ᠎ᠲᠤ ᠯᠢ ᠴᠢᠶᠠᠩ ᠨᠢᠩᠰᠢᠶᠠ ᠵᠢᠨ ᠰᠢᠨ᠎ᠡ ᠬᠡᠯᠪᠡᠷᠢ ᠵᠢᠨ ᠡᠨᠧᠷᠭᠢ ᠵᠢᠨ ᠰᠢᠰᠲ᠋ᠧᠮ᠎ᠢ ᠪᠠᠶ᠋ᠢᠭᠤᠯᠬᠤ᠂ ᠴᠠᠬᠢᠯᠭ᠋ᠠᠨ ᠬᠦᠴᠦᠨ᠎ᠢ ᠭᠠᠳᠠᠭᠰᠢ ᠬᠦᠷᠭᠡᠬᠦ ᠵᠠᠮ᠎ᠢ ᠨᠡᠭᠡᠭᠡᠬᠦ ᠵᠡᠷᠭᠡ ᠬᠠᠷᠢᠭᠤ ᠮᠡᠳᠡᠭᠦᠯᠦᠯᠲᠡ ᠵᠢ ᠰᠤᠨᠤᠰᠤᠬᠰᠠᠨ᠎ᠤ ᠲᠠᠷᠠᠭ᠎ᠠ ᠄ 《  ᠡᠨᠧᠷᠭᠢ ᠵᠢᠨ ᠪᠠᠲᠤᠯᠠᠭ᠎ᠠ ᠪᠣᠯᠣᠨ ᠠᠮᠤᠷ ᠲᠦᠪᠰᠢᠨ᠎ᠢ ᠬᠣᠷᠣᠮᠬᠠᠨ ᠵᠠᠭᠤᠷ᠎ᠠ ᠴᠤ᠌ ᠣᠮᠲᠣᠭ᠋ᠠᠢ᠌ᠯᠠᠵᠤ ᠪᠣᠯᠬᠤ ᠦᠭᠡᠢ᠂ ᠡᠨᠧᠷᠭᠢ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯ᠎ᠢ ᠦᠷᠭᠦᠯᠵᠢᠯᠡᠨ ᠥᠷᠨᠢᠭᠦᠯᠵᠦ ᠨᠡᠭᠦᠷᠡᠰᠦᠨ᠎ᠤ ᠡᠬᠢ ᠪᠠᠶᠠᠯᠢᠭ᠎ᠢ ᠲᠤᠬᠠᠢ ᠵᠢᠨ ᠭᠠᠵᠠᠷ ᠎ᠲᠤ᠎ᠨᠢ ᠭᠦᠨᠵᠡᠭᠡᠢ ᠪᠣᠯᠪᠠᠰᠤᠷᠠᠭᠤᠯᠬᠤ ᠠᠵᠢᠯ᠎ᠢ ᠠᠬᠢᠭᠤᠯᠤᠨ ᠶᠡᠷᠦᠩᠬᠡᠢ᠌ᠯᠡᠭᠰᠡᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠨᠡᠩ ᠤᠯᠠᠨ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠯᠡᠭᠡᠨ᠎ᠤ ᠦᠵᠡᠭᠳᠡᠯ᠎ᠳᠤ ᠬᠠᠨᠳᠤᠭᠤᠯᠤᠨ ᠲᠦᠷᠦ ᠵᠢᠨ ᠪᠣᠳᠣᠯᠭ᠎ᠠ ᠵᠢᠨ ᠵᠢᠯᠣᠭᠣᠳᠤᠯᠭ᠎ᠠ ᠪᠠ ᠳᠡᠮᠵᠢᠯᠭᠡ᠎ᠪᠠᠨ ᠴᠢᠩᠭ᠋ᠠᠳᠬᠠᠵᠤ ᠪᠠᠷᠢᠯᠭ᠎ᠠ ᠵᠢᠨ ᠭᠠᠳᠠᠷ ᠲᠠᠯ᠎ᠠ ᠢᠯᠠᠩᠭᠤᠶ᠎ᠠ ᠭᠡᠷ᠎ᠤᠨ ᠣᠷᠣᠢ ᠵᠢ ᠰᠠᠢ᠌ᠲᠤᠷ ᠠᠰᠢᠭᠯᠠᠵᠤ᠂ ᠭᠡᠷᠡᠯ ᠸᠣᠯᠲ ᠵᠡᠷᠭᠡ ᠰᠢᠨ᠎ᠡ ᠡᠨᠧᠷᠭᠢ ᠵᠢᠨ ᠬᠥᠭᠵᠢᠯᠲᠡ ᠵᠢᠨ ᠨᠦᠬᠡᠴᠨ ᠵᠢ ᠤᠯᠠᠮ ᠴᠢᠨᠠᠭᠰᠢᠳᠠ ᠪᠠᠳᠠᠷᠠᠭᠤᠯᠬᠤ ᠬᠡᠷᠡᠭᠲᠡᠢ》 ᠭᠡᠵᠤ ᠱᠠᠭ᠋ᠠᠷᠳᠠᠯ᠎ᠠ᠃
    ᠯᠢ ᠴᠢᠶᠠᠩ ᠥᠪᠥᠷ ᠮᠣᠩᠭᠣᠯ᠎ᠤᠨ ᠣᠷᠳᠣᠰ᠂ ᠬᠥᠬᠡᠬᠣᠲᠠ᠎ᠳᠤ ᠰᠢ ᠯᠢᠦ ᠭᠧᠦ ᠵᠢᠨ ᠯᠦᠩ ᠲᠧᠦ ᠭᠤᠸᠠᠢ ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠶᠡᠷᠦᠩᠬᠡᠢ᠌ᠯᠡᠭᠰᠡᠨ ᠵᠠᠰᠠᠯᠲᠠ᠂ ᠬᠥᠪᠴᠢ ᠵᠢᠨ ᠡᠯᠡᠰᠦᠨ ᠴᠦᠯ᠎ᠤᠨ ᠬᠣᠢ᠌ᠲᠤ ᠵᠠᠬ᠎ᠠ ᠵᠢᠨ ᠪᠢᠲᠡᠭᠦᠦ ᠤᠢ ᠵᠢᠨ ᠪᠦᠰᠡ ᠵᠢᠨ ᠪᠦᠲᠦᠭᠡᠨ ᠪᠠᠢ᠌ᠭᠤᠯᠤᠯᠲᠠ᠂ ᠳᠠᠯᠠᠨ ᠬᠠᠷ᠎ᠠ ᠠᠭᠤᠯᠠ ᠵᠢᠨ ᠡᠮᠦᠨ᠎ᠡ ᠪᠡᠯ᠎ᠤᠨ ᠠᠮᠢ ᠠᠬᠤᠢ ᠵᠢᠨ ᠵᠠᠰᠠᠯᠲᠠ᠂ 《ᠮᠸᠡᠭ ᠽᠤᠤ》 ᠡᠪᠡᠰᠤᠨ᠎ᠤ ᠪᠦᠯᠦᠭᠯᠡᠯ᠎ᠤᠨ ᠡᠪᠡᠰᠦᠨ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠰᠠᠢ᠌ᠨ ᠡᠭᠦᠯᠳᠡᠷ᠎ᠤᠨ ᠳᠡᠯᠭᠡᠷᠡᠭᠦᠯᠦᠯᠲᠡ᠂ ᠢᠯᠢ ᠵᠢᠨ ᠣᠶᠤᠨᠲᠤ ᠡᠷᠡᠭᠦᠯ ᠮᠡᠨᠳᠦ ᠵᠢᠨ ᠰᠦ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ ᠠᠵᠢᠯ᠎ᠢ ᠪᠠᠢ᠌ᠴᠠᠭ᠋ᠠᠨ  ᠰᠤᠳᠤᠯᠤᠬᠰᠠᠨ᠎ᠤ ᠲᠠᠷᠠᠭ᠎ᠠ᠄ 《〈ᠤᠮᠠᠷᠠᠲᠤ ᠵᠢᠨ ᠭᠤᠷᠪᠠᠨ ᠣᠷᠣᠨ〉 ᠎ᠤ ᠬᠠᠯᠬᠠᠪᠴᠢ ᠤᠢ ᠵᠢᠨ ᠰᠢᠰᠲᠸᠮ ᠵᠡᠷᠭᠡ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠬᠤ ᠪᠠ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠬᠤ ᠵᠢ ᠪᠠᠷᠢᠮᠲᠠᠯᠠᠵᠤ ᠡᠯ᠎ᠡ ᠲᠠᠯ᠎ᠠ ᠵᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠢ᠎ᠪᠠᠷ ᠬᠤᠷᠠᠮᠳᠤᠭᠤᠯᠵᠤ ᠪᠠᠢ᠌ᠭ᠋ᠠᠳ ᠠᠮᠢ ᠠᠬᠤᠢ ᠵᠢ ᠬᠠᠮᠠᠭ᠋ᠠᠯᠠᠵᠤ ᠰᠡᠷᠭᠦᠭᠡᠬᠦ ᠨᠡᠩ ᠶᠡᠬᠡ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠨᠥᠬᠥᠴᠡᠯ᠎ᠲᠠᠢ ᠠᠵᠤ ᠠᠬᠤᠢ᠌ᠯᠠᠯ᠎ᠤᠨ ᠰᠠᠭᠤᠷᠢ ᠰᠤᠳᠤᠯᠭ᠋ᠠᠨ ᠥᠷᠨᠢᠭᠦᠯᠬᠦ ᠵᠢ ᠳᠡᠮᠵᠢᠵᠦ ᠬᠠᠮᠢᠶ᠎ᠠ ᠪᠦᠬᠦᠢ ᠬᠦᠷᠢᠶ᠎ᠡ ᠴᠠᠷᠠᠭ᠎ᠠ᠎ᠳᠤ᠎ᠬᠢ ᠰᠢᠨᠵᠢᠯᠡᠬᠦ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠬᠥᠭᠵᠢᠯᠲᠡ᠎ᠳᠤ ᠲᠤᠯᠭ᠋ᠠᠭᠤᠷᠢᠯᠠᠯ ᠬᠠᠡᠭᠭ᠋ᠠᠬᠤ ᠬᠡᠷᠡᠭᠳᠡᠢ᠃ ᠡᠯᠡᠰᠦᠷᠬᠡᠭ ᠭᠠᠵᠠᠷ᠎ᠤᠨ ᠣᠶ ᠵᠢᠮᠢᠰ᠂ ᠬᠢᠲᠠᠳ ᠡᠪᠡᠰᠦᠨ ᠡᠮ᠎ᠤᠨ ᠮᠠᠲ᠋ᠧᠷᠢᠶᠠᠯ᠂ ᠠᠮᠢ ᠠᠬᠤᠢ ᠵᠢᠨ ᠵᠢᠭᠤᠯᠴᠢᠯᠠᠯ᠂ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠡᠷᠭᠡ ᠣᠨᠴᠠᠯᠢᠭᠲᠤ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠵᠦ  ᠡᠯᠡᠰᠦ ᠮᠠᠩᠬ᠎ᠠ ᠵᠢ ᠡᠷᠳᠡᠨᠢ ᠵᠢᠨ ᠬᠣᠲᠣᠭᠣᠷ ᠪᠣᠯᠭ᠋ᠠᠨ ᠬᠤᠪᠢᠷᠠᠭᠤᠯᠤᠭ᠋ᠠᠳ ᠠᠮᠢ ᠠᠬᠤᠢ ᠵᠢᠨ ᠦᠷ᠎ᠡ ᠠᠰᠢᠭ᠂ ᠠᠵᠤ ᠠᠬᠤᠢ ᠵᠢᠨ ᠦᠷ᠎ᠡ ᠠᠰᠢᠭ ᠪᠠ ᠨᠡᠢ᠌ᠭᠡᠮ᠎ᠤᠨ ᠦᠷ᠎ᠡ ᠠᠰᠢᠭ ᠵᠡᠷᠬᠡ ᠣᠯᠠᠨ ᠲᠠᠯ᠎ᠠ᠎ᠪᠠᠷ ᠠᠰᠢᠭ ᠭᠥᠷᠳᠡᠬᠦ ᠬᠡᠷᠡᠭᠳᠡᠢ》 ᠭᠡᠵᠤ ᠲᠤᠷᠠᠳᠪᠠ᠃
    ᠯᠢ ᠴᠢᠶᠠᠩ ᠳᠠᠯᠠᠳ ᠬᠣᠰᠢᠭᠤᠨ᠎ᠤ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠂ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠎ᠤᠨ ᠵᠢᠨ ᠱᠠᠨ ᠢᠯᠴᠢ ᠵᠢᠨ ᠴᠠᠬᠢᠯᠭ᠋ᠠᠨ᠎ᠤ ᠺᠣᠮᠫᠠᠨᠢ ᠵᠢ ᠰᠢᠨᠵᠢᠯᠡᠨ ᠪᠠᠢ᠌ᠴᠠᠭ᠋ᠠᠬᠤ᠎ᠳᠤ᠎ᠪᠠᠨ᠄ 《ᠴᠦᠯᠯᠡᠷᠬᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠪᠠ ᠡᠨᠧᠷᠭᠢ ᠵᠢᠨ ᠰᠠᠭᠤᠷᠢᠨ᠎ᠤ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠰᠢᠨ᠎ᠡ ᠡᠨᠧᠷᠭᠢ ᠪᠣᠯᠣᠨ ᠴᠡᠪᠡᠷ ᠡᠨᠧᠷᠭᠢ ᠵᠢ ᠬᠥᠭᠵᠢᠭᠦᠯᠬᠦ ᠵᠢ ᠨᠡᠩ ᠲᠣᠪᠣᠢ᠌ᠮ᠎ᠠ ᠪᠠᠢ᠌ᠷᠢᠨ᠎ᠳᠤ ᠲᠠᠯᠪᠢᠵᠤ ᠤᠯᠠᠮᠵᠢᠯᠠᠯᠲᠤ ᠡᠨᠧᠷᠭᠢ ᠪᠣᠯᠣᠨ ᠰᠢᠨ᠎ᠡ ᠡᠨᠧᠷᠭᠢ ᠵᠢᠨ ᠤᠯᠠᠨ ᠡᠨᠧᠷᠭᠢ ᠵᠢᠨ ᠬᠠᠷᠢᠯᠴᠠᠨ ᠨᠥᠬᠥᠪᠦᠷᠢᠯᠡᠬᠦ᠂ ᠭᠦᠨᠵᠡᠭᠡᠢ ᠠᠭᠤᠰᠤᠯᠴᠠᠬᠤ ᠵᠢ ᠠᠬᠢᠭᠤᠯᠬᠤ ᠬᠡᠷᠡᠭᠲᠡᠢ᠃ ᠨᠡᠭᠦᠷᠡᠰᠦ ᠵᠢ ᠴᠡᠪᠡᠷ ᠪᠥᠭᠡᠳ ᠥᠨᠳᠥᠷ ᠪᠦᠲᠦᠮᠵᠢᠲᠡᠶ᠎ᠪᠠᠷ ᠠᠰᠢᠭᠯᠠᠬᠤ ᠠᠵᠢᠯ᠎ᠢ ᠶᠡᠬᠡ᠎ᠪᠠᠷ ᠠᠬᠢᠭᠤᠯᠵᠤ ᠴᠠᠬᠢᠯᠭ᠋ᠠᠨ ᠭᠠᠷᠭ᠋ᠠᠬᠤ ᠪᠠ ᠢᠯᠴᠢ ᠬᠠᠩᠭ᠋ᠠᠬᠤ ᠦᠷ᠎ᠡ ᠪᠦᠲᠦᠮᠵᠢ ᠵᠢ ᠲᠡᠭᠡᠭᠰᠢᠯᠡᠬᠦᠯᠤᠬᠡᠳ ᠤᠯᠠᠨ ᠲᠦᠮᠡᠨ᠎ᠤ ᠳᠤᠯᠠᠭ᠋ᠠᠨ ᠪᠦᠯᠢᠶᠡᠨ ᠡᠪᠦᠯᠵᠢᠬᠦ ᠵᠢ ᠪᠠᠲᠤᠯᠠᠬᠤ ᠬᠡᠷᠡᠭᠲᠡᠢ》 ᠭᠡᠵᠤ ᠵᠢᠭ᠋ᠠᠪᠤᠷᠢᠯᠠᠯ᠎ᠠ᠃
   ᠯᠢ ᠴᠢᠶᠠᠩ ᠨᠢᠩᠰᠢᠶᠠ᠂ ᠥᠪᠥᠷ ᠮᠣᠩᠭᠣᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠭᠦᠢ᠍ᠴᠡᠳ ᠨᠤᠳᠠᠯᠠᠬᠰᠠᠨ᠎ᠤ ᠬᠠᠮᠳᠤ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ᠎ᠪᠠᠷ ᠡᠬᠦᠷᠬᠡᠯᠡᠨ ᠴᠢᠷᠮᠠᠢ᠌ᠭᠰᠠᠨ ᠳᠡᠭᠡᠷ᠎ᠡ᠎ᠪᠠᠨ ᠴᠢᠷᠮᠠᠢ᠌ᠵᠤ ᠪᠠᠢ᠌ᠭ᠋ᠠᠳ ᠪᠦᠬᠦ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠪᠡ᠃
    ᠦ᠋ ᠵᠧᠩ ᠯᠦᠩ ᠪᠠᠷ᠎ᠠ ᠪᠣᠯᠵᠤ ᠪᠠᠢ᠌ᠴᠠᠭ᠋ᠠᠨ  ᠰᠤᠳᠤᠯᠪᠠ᠃

   







  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠮᠤᠵᠢ ᠶᠠᠮᠤᠨ᠎ᠤ ᠱᠠᠲᠤᠨ᠎ᠤ ᠭᠣᠣᠯ ᠤᠳᠤᠷᠢᠳᠬᠤ ᠺᠠᠳ᠋ᠷᠴᠤᠳ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠤᠪᠳᠤ ᠰᠤᠳᠤᠯᠤᠨ ᠰᠤᠳᠤᠯᠤᠨ ᠶᠠᠷᠢᠯᠴᠠᠬᠤ ᠠᠡᠭᠬᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠪᠠ
ᠰᠦᠨ ᠱᠤᠤ ᠴᠧᠩ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ᠎ᠳᠤ ᠬᠦᠷᠴᠦ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠲᠠᠢ ᠠᠭᠤᠯᠵᠠᠪᠠ
 
            