ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠠᠢ᠌ᠩᠭᠤ ᠵᠢᠨ ᠬᠣᠷᠢᠶ᠎ᠠ ᠵᠢᠨ ᠶᠢᠰᠦᠳᠦᠭᠡᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄ 2024-09-27

ᠵᠠᠩ ᠶᠠᠨ ᠺᠦᠨ ᠬᠤᠷᠠᠯ᠎ᠢ ᠡᠷᠭᠢᠯᠡᠪᠡ
 

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠠᠢ᠌ᠩᠭᠤ ᠵᠢᠨ ᠬᠣᠷᠢᠶ᠎ᠠ ᠵᠢᠨ ᠶᠢᠰᠦᠳᠦᠭᠡᠷ ᠬᠤᠷᠠᠯ 9 ᠳ᠋ᠤᠬᠡᠷ ᠰᠠᠷ᠎ᠠ ᠵᠢᠨ 26᠎ᠤ ᠦᠳᠡ ᠵᠢᠨ ᠡᠮᠦᠨ᠎ᠡ ᠬᠥᠬᠡᠬᠣᠲᠠ᠎ᠳᠤ ᠡᠬᠢᠯᠡᠪᠡ᠃ ᠬᠤᠷᠠᠯ ᠲᠡᠬᠡᠷ᠎ᠡ ᠰᠢ ᠵᠢᠨ ᠫᠢᠩ ᠶᠡᠷᠦᠩᠬᠡᠢ ᠱᠦᠵᠢ ᠵᠢᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠬᠤᠷᠠᠯ ᠪᠠᠢ᠌ᠭᠤᠯᠤᠭᠳᠠᠭᠰᠠᠨ 75 ᠵᠢᠯ᠎ᠤᠨ ᠤᠢ ᠵᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠵᠤ᠂ 《ᠥᠨᠳᠥᠷ ᠠᠴᠢᠶᠠᠨ᠎ᠤ ᠡᠨᠧᠷᠭᠢ᠎ᠲᠠᠢ ᠠᠵᠤ ᠦᠢ᠍ᠯᠡᠰ᠎ᠤᠨ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ᠎ᠪᠠᠷ ᠬᠡᠯᠪᠡᠷᠢ ᠵᠢ ᠬᠤᠪᠢᠷᠠᠭᠤᠯᠤᠨ ᠬᠥᠭᠵᠢᠭᠦᠯᠬᠦ ᠵᠢ ᠠᠬᠢᠭᠤᠯᠬᠤ》 ᠵᠢᠨ ᠲᠣᠭᠣᠷᠢᠨ᠎ᠳᠤ ᠲᠤᠰᠬᠠᠢ ᠰᠡᠳᠦᠪᠲᠦ ᠵᠠᠰᠠᠭ᠎ᠤᠨ ᠶᠠᠪᠤᠳᠠᠯ᠎ᠢ ᠵᠥᠪᠯᠡᠬᠦ ᠴᠢᠨᠠᠷᠲᠠᠢ ᠵᠥᠪᠯᠡᠯᠭᠡ ᠬᠢᠵᠡᠢ ᠃
  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ᠎ᠢ ᠡᠷᠭᠢᠯᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠤᠤ ᠶᠦᠩ ᠪᠥᠸᠧ ᠪᠠᠢ᠌ᠳᠠᠯ᠎ᠤᠨ ᠮᠡᠳᠡᠭᠡᠯᠡᠯ ᠬᠢᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠠᠨ ᠷᠦᠨ ᠱᠧᠩ ᠭᠣᠣᠯ ᠰᠡᠳᠦᠪᠲᠦ ᠶᠠᠷᠢᠶ᠎ᠠ ᠲᠠᠯᠪᠢᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠥᠸᠧ ᡁᠢ ᠬᠤ᠌᠂ ᠴᠡᠴᠡᠭ᠂ ᠵᠠᠩ ᠪᠠᠢ ᠴᠧᠩ ᠪᠤᠯᠤᠨ ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ᠃
   ᠬᠤᠷᠠᠯ ᠳᠡᠭᠡᠷ᠎ᠡ ᠴᠧᠩ ᠰᠢ᠂ ᠳ᠋ᠦ᠋ ᠹᠸᠡᠭ ᠯᠢᠶᠠᠨ᠂ ᠵᠠᠩ ᠬᠣᠩ ᠵᠡᠷᠭᠡ 3 ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠪᠣᠯᠣᠨ ᠪᠤᠭᠤᠲᠤ ᠬᠤᠳᠠ᠂ ᠲᠦᠩᠯᠢᠶᠣᠣ ᠬᠤᠳᠠ ᠵᠢᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠵᠥᠪᠯᠡᠬᠦ ᠰᠡᠳᠦᠪ᠎ᠤᠨ ᠲᠣᠭᠣᠷᠢᠨ᠎ᠳᠤ ᠶᠠᠷᠢᠶ᠎ᠠ ᠲᠠᠯᠪᠢᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠠᠵᠢᠯ᠎ᠤᠨ ᠪᠠᠢ᠌ᠳᠠᠯ ᠵᠶ᠋ᠠᠨ ᠲᠠᠨᠢᠯᠴᠠᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠭᠡᠰᠢᠭᠦᠳ᠎ᠲᠠᠢ ᠲᠤᠬᠠᠢ ᠵᠢᠨ ᠲᠠᠯᠠᠪᠠᠢ᠎ᠳᠤ ᠰᠠᠨᠠᠯ ᠵᠶ᠋ᠠᠨ ᠰᠣᠯᠢᠯᠴᠠᠪᠠ᠃
     ᠣᠷᠳᠣᠰ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠪᠣᠯᠣᠨ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠸᠠᠩ ᠮᠢᠩ ᠫᠧᠢ 9 ᠳ᠋ᠤᠬᠡᠷ ᠰᠠᠷ᠎ᠠ ᠵᠢᠨ 25᠎ᠤ ᠡᠳᠦᠷ᠎ᠤᠨ ᠦᠳᠡ ᠵᠢᠨ ᠬᠣᠢ᠌ᠨ᠎ᠠ ᠤᠷᠢᠯᠭ᠎ᠠ᠎ᠪᠠᠷ ᠲᠤᠰᠬᠠᠢ ᠰᠡᠳᠦᠪᠲᠦ ᠲᠠᠢ᠌ᠯᠤᠮᠵᠢ ᠬᠢᠭᠰᠡᠨ ᠪᠠᠢ᠌ᠨ᠎ᠠ᠃







         

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠴᠢᠶᠠᠩ ᠨᠢᠩᠰᠢᠶᠠ᠂ ᠥᠪᠥᠷ ᠮᠣᠩᠭᠣᠯ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ᠄ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠰᠠᠢ᠌ᠲᠤᠷ ᠬᠢᠵᠦ ᠴᠢᠨᠠᠷᠯᠢᠭ ᠬᠥᠭᠵᠢᠯᠲᠡ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠤ ᠴᠢᠬᠤᠯᠠᠴᠢᠯᠠᠯ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠮᠤᠵᠢ ᠶᠠᠮᠤᠨ᠎ᠤ ᠱᠠᠲᠤᠨ᠎ᠤ ᠭᠣᠣᠯ ᠤᠳᠤᠷᠢᠳᠬᠤ ᠺᠠᠳ᠋ᠷᠴᠤᠳ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠤᠪᠳᠤ ᠰᠤᠳᠤᠯᠤᠨ ᠰᠤᠳᠤᠯᠤᠨ ᠶᠠᠷᠢᠯᠴᠠᠬᠤ ᠠᠡᠭᠬᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠪᠠ
ᠰᠦᠨ ᠱᠤᠤ ᠴᠧᠩ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ᠎ᠳᠤ ᠬᠦᠷᠴᠦ ᠰᠤᠷᠪᠤᠯᠵᠢᠯᠠᠬᠤ᠎ᠪᠠᠷ ᠢᠷᠡᠭᠰᠡᠨ ᠤᠯᠠᠨ ᠲᠦᠮᠡᠨ᠎ᠲᠠᠢ ᠠᠭᠤᠯᠵᠠᠪᠠ
 
            