ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠰᠦᠨ ᠱᠤᠤ ᠴᠧᠩ ᠬᠥᠬᠡᠬᠣᠲᠠ᠎ᠳᠤ ᠪᠣᠳᠣᠯᠭ᠎ᠠ ᠵᠢᠨ ᠬᠦᠴᠦᠨ᠎ᠤ ᠠᠵᠤ ᠦᠢ᠍ᠯᠡᠰ᠎ᠤᠨ ᠲᠤᠬᠠᠢ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2025-01-03

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 1 ᠳ᠋ᠤᠬᠡᠷ ᠰᠠᠷ᠎ᠠ ᠵᠢᠨ 2᠎ᠤᠨ ᠡᠳᠦᠷ ᠬᠥᠬᠡᠬᠣᠲᠠ ᠵᠢᠨ ᠵᠢᠶᠧ ᠯᠢ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠳᠤ ᠪᠠᠢ᠌ᠴᠠᠭ᠋ᠠᠨ  ᠰᠤᠳᠤᠯᠤᠬᠰᠠᠨ ᠪᠥᠭᠡᠳ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠪᠠ᠃
 W020250103306279588978_ORIGIN.jpg 
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 1 ᠳ᠋ᠤᠬᠡᠷ ᠰᠠᠷ᠎ᠠ ᠵᠢᠨ 2᠎ᠤᠨ ᠡᠳᠦᠷ ᠳᠤᠮᠳᠠᠳᠤ ᠤᠯᠤᠰ᠎ᠤᠨ ᠰᠢᠯᠵᠢᠮᠡᠯ ᠲᠣᠭ᠎ᠠ ᠪᠠᠷᠢᠮᠲᠠ ᠵᠢᠨ ᠲᠥᠪ᠎ᠲᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠡᠵᠡᠩᠨᠡᠯᠲᠡ ᠵᠢᠨ ᠪᠠᠢ᠌ᠳᠠᠯ᠎ᠢ ᠰᠢᠨᠵᠢᠯᠡᠨ ᠪᠠᠢ᠌ᠴᠠᠭ᠋ᠠᠪᠠ᠃ ᠲᠠᠯ᠎ᠠ ᠨᠤᠲᠤᠭ᠎ᠤᠨ ᠡᠬᠦᠯᠨ · ᠥᠪᠥᠷ ᠮᠣᠩᠭᠣᠯ᠎ᠤᠨ ᠰᠣᠨᠢᠨ ᠮᠡᠳᠡᠭᠡᠨ᠎ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ

 W020250103306279611877_ORIGIN.jpg



    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 1 ᠳ᠋ᠤᠬᠡᠷ ᠰᠠᠷ᠎ᠠ ᠵᠢᠨ 2᠎ᠤᠨ ᠡᠳᠦᠷ ᠬᠣᠷᠢᠨᠭᠡᠷ᠎ᠤᠨ ᠲᠣᠭ᠎ᠠ ᠪᠠᠷᠢᠮᠲᠠ ᠵᠢᠨ ᠲᠣᠮᠣ ᠠᠰᠠᠷ᠎ᠲᠤ ᠲᠥᠷᠥᠯ ᠵᠦᠢ᠍ᠯ᠎ᠤᠨ ᠡᠵᠡᠩᠨᠡᠯᠲᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ᠃ ᠲᠠᠯ᠎ᠠ ᠨᠤᠲᠤᠭ᠎ᠤᠨ ᠡᠬᠦᠯᠨ · ᠥᠪᠥᠷ ᠮᠣᠩᠭᠣᠯ᠎ᠤᠨ ᠰᠣᠨᠢᠨ ᠮᠡᠳᠡᠭᠡᠨ᠎ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
    ᠰᠦᠨ ᠱᠤᠤ ᠴᠧᠩ ᠤᠷᠢᠳ ᠬᠣᠵᠢᠳ ᠳᠤᠮᠳᠠᠳᠤ ᠤᠯᠤᠰ᠎ᠤᠨ ᠨᠡᠭᠦᠳᠡᠯ ᠬᠣᠯᠪᠣᠭ᠎ᠠ ᠵᠢᠨ ᠲᠣᠭ᠎ᠠ ᠪᠠᠷᠢᠮᠲᠠ ᠵᠢᠨ ᠲᠥᠪ᠂ ᠬᠣᠷᠢᠨᠭᠡᠷ᠎ᠤᠨ ᠲᠣᠭ᠎ᠠ ᠪᠠᠷᠢᠮᠲᠠ ᠵᠢᠨ ᠲᠣᠮᠣ ᠠᠰᠠᠷ᠎ᠲᠤ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠡᠵᠡᠩᠨᠡᠯᠲᠡ ᠵᠢᠨ ᠪᠠᠢ᠌ᠳᠠᠯ᠎ᠢ ᠰᠢᠨᠵᠢᠯᠡᠨ ᠪᠠᠢ᠌ᠴᠠᠭ᠋ᠠᠵᠤ᠂ ᠲᠦᠷᠦᠯ ᠵᠦᠢ᠍ᠯ᠎ᠤᠨ ᠠᠵᠢᠯᠴᠢᠨ ᠬᠡᠷᠡᠭᠯᠡᠬᠦ᠂ ᠭᠠᠵᠠᠷ ᠬᠡᠷᠡᠭᠯᠡᠬᠦ᠂ ᠴᠠᠬᠢᠯᠭ᠋ᠠᠨ ᠬᠡᠷᠡᠭᠯᠡᠬᠦ ᠪᠠ ᠡᠵᠡᠩᠨᠡᠯᠲᠡ ᠵᠢᠨ ᠦᠷ᠎ᠡ ᠠᠰᠢᠭ ᠵᠡᠷᠭᠡ ᠪᠠᠢ᠌ᠳᠠᠯ᠎ᠢ ᠭᠣᠣᠯᠳᠠᠯᠭ᠎ᠠ᠎ᠲᠠᠢ ᠣᠢ᠌ᠯᠠᠭ᠋ᠠᠪᠠ᠃
W020250103306279646813_ORIGIN.jpg 
 


   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ 1 ᠳ᠋ᠤᠬᠡᠷ ᠰᠠᠷ᠎ᠠ ᠵᠢᠨ 2᠎ᠤᠨ ᠡᠳᠦᠷ ᠬᠥᠬᠡᠬᠣᠲᠠ ᠵᠢᠨ ᠵᠢᠶᠧ ᠯᠢ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠳᠤ ᠪᠠᠢ᠌ᠴᠠᠭ᠋ᠠᠨ  ᠰᠤᠳᠤᠯᠤᠬᠰᠠᠨ ᠪᠥᠭᠡᠳ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠪᠠ᠃ ᠲᠠᠯ᠎ᠠ ᠨᠤᠲᠤᠭ᠎ᠤᠨ ᠡᠬᠦᠯᠨ · ᠥᠪᠥᠷ ᠮᠣᠩᠭᠣᠯ᠎ᠤᠨ ᠰᠣᠨᠢᠨ ᠮᠡᠳᠡᠭᠡᠨ᠎ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
   
    ᠬᠣᠯᠪᠣᠭᠳᠠᠯ ᠪᠦᠬᠦᠢ ᠪᠠᠢ᠌ᠳᠠᠯ᠎ᠤᠨ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ ᠰᠦᠨ ᠱᠤᠤ ᠴᠸᠡᠭ᠄ 《ᠪᠣᠳᠣᠯᠭ᠎ᠠ ᠵᠢᠨ ᠬᠦᠴᠦᠨ᠎ᠤ ᠠᠵᠤ ᠦᠢ᠍ᠯᠡᠰ᠎ᠢ ᠬᠥᠭᠵᠢᠭᠦᠯᠬᠦ ᠪᠣᠯ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠬᠦ ᠵᠢᠨ ᠴᠢᠬᠤᠯᠠ ᠴᠢᠭᠯᠡᠯ ᠪᠣᠯᠣᠨ᠎ᠠ᠃ ᠬᠥᠬᠡᠬᠣᠲᠠ ᠵᠢᠨ ᠪᠣᠳᠣᠯᠭ᠎ᠠ ᠵᠢᠨ ᠬᠦᠴᠦᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠮᠠᠰᠢ ᠰᠠᠢ᠌ᠨ ᠪᠠᠢ᠌ᠨ᠎ᠠ᠂ ᠳᠠᠷᠠᠭ᠋ᠠᠴᠢ ᠎ᠪᠠᠷ ᠨᠡᠩ ᠰᠠᠢ᠌ᠨ ᠬᠢᠵᠦ ᠭᠣᠣᠯᠳᠠᠯᠭ᠎ᠠ᠎ᠪᠠᠨ ᠬᠡᠯᠬᠢᠶ᠎ᠡ ᠵᠢ ᠤᠷᠲᠤᠳᠬᠠᠬᠤ᠂ ᠨᠡᠮᠡᠯᠲᠡ ᠦᠷᠳᠡᠭ᠎ᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ᠠᠵᠤ ᠦᠢ᠍ᠯᠡᠰ᠎ᠤᠨ ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠷ᠎ᠡ ᠠᠰᠢᠭ᠎ᠢ ᠡᠷᠬᠢᠮᠯᠡᠵᠦ ᠠᠷᠭ᠎ᠠ ᠪᠦᠬᠦᠨ᠎ᠢ ᠰᠦᠪᠡᠭᠴᠢᠯᠡᠵᠦ ᠪᠠᠢ᠌ᠭ᠋ᠠᠳ ᠮᠦ᠍ ᠪᠦᠷᠢ ᠵᠢᠨ ᠳᠤᠮᠳᠠᠴᠢ ᠦᠢ᠍ᠯᠡᠳᠬᠦᠨ᠎ᠤ ᠦᠷᠳᠡᠭ᠂ ᠮᠦ᠍ ᠪᠦᠷᠢ ᠵᠢᠨ ᠳᠤᠮᠳᠠᠴᠢ ᠭᠠᠢ᠌ᠯᠢ ᠵᠢᠨ ᠣᠷᠣᠯᠭ᠎ᠠ ᠵᠢ ᠲᠡᠭᠡᠭᠰᠢᠯᠡᠬᠦᠯᠤᠬᠡᠳ ᠪᠣᠳᠣᠯᠭ᠎ᠠ ᠵᠢᠨ ᠬᠦᠴᠦᠨ᠎ᠤ ᠠᠵᠤ ᠦᠢ᠍ᠯᠡᠰ᠎ᠤᠨ ᠠᠵᠤ ᠠᠬᠤᠢ ᠵᠢᠨ ᠨᠡᠮᠡᠭᠳᠡᠯ᠂ ᠡᠳ᠋᠎ᠤᠨ ᠵᠠᠰᠠᠭ᠎ᠤᠨ ᠣᠷᠣᠯᠭ᠎ᠠ᠂ ᠤᠯᠠᠨ ᠲᠦᠮᠡᠨ᠎ᠤ ᠠᠵᠢᠯ ᠣᠯᠭᠣᠯᠲᠠ᠎ᠳᠤ ᠦᠵᠡᠭᠦᠯᠬᠦ ᠬᠤᠪᠢ ᠨᠡᠮᠡᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠡᠭᠡᠵᠢᠩ᠎ᠯᠦᠭᠡ ᠵᠢᠨ ᠪᠦᠬᠦ ᠲᠠᠯ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠡᠭᠡᠵᠢᠩ᠎ᠤᠨ ᠬᠦᠴᠦᠨ᠎ᠢ ᠠᠰᠢᠭᠯᠠᠨ ᠪᠣᠳᠣᠯᠭ᠎ᠠ ᠵᠢᠨ ᠬᠦᠴᠦᠨ᠎ᠤ ᠠᠵᠤ ᠦᠢ᠍ᠯᠡᠰ᠎ᠤᠨ ᠪᠤᠵᠠᠭ᠋ᠠᠢ᠌ᠷᠠᠨ ᠬᠦᠴᠦᠷᠬᠡᠭᠵᠢᠬᠦ ᠵᠢ ᠠᠬᠢᠭᠤᠯᠬᠤ ᠬᠡᠷᠡᠭᠳᠡᠢ》 ᠬᠡᠵᠡᠢ᠃
    ᠪᠠᠢ᠌ᠴᠠᠭ᠋ᠠᠨ ᠰᠤᠳᠤᠯᠤᠯᠲᠠ ᠵᠢᠨ ᠬᠤᠭᠤᠴᠠᠭ᠋ᠠᠨ᠎ᠳᠤ ᠰᠦᠨ ᠱᠤᠤ ᠴᠧᠩ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠬᠦᠳᠡ ᠬᠤᠷᠠᠯ ᠪᠠ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠲᠤᠰᠬᠠᠢ᠌ᠯᠠᠨ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠰᠦᠨ ᠱᠤᠤ ᠴᠸᠡᠭ᠄ 《ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠭᠰᠠᠨ 〈ᠨᠢᠭᠡ ᠭᠣᠣᠯ ᠰᠢᠵᠢᠮ〉᠎ᠢ  ᠲᠤᠭᠤᠰᠢᠯᠠᠭᠤᠯᠵᠤ᠂ 〈ᠬᠣᠶᠠᠷ ᠶᠡᠬᠡ ᠶᠠᠪᠤᠳᠠᠯ〉᠎ᠢ ᠰᠠᠢ᠌ᠲᠤᠷ ᠬᠢᠬᠦ᠂ 〈ᠲᠠᠪᠤᠨ ᠶᠡᠬᠡ ᠡᠭᠦᠷᠭᠡ〉 ᠵᠢ ᠪᠡᠶᠡᠯᠡᠭᠦᠯᠬᠦ᠂ 〈ᠵᠢᠷᠭᠤᠭ᠋ᠠᠨ ᠢᠨᠵᠧᠨᠧᠷᠢᠩ〉᠎ᠢ ᠬᠡᠷᠡᠭᠵᠢᠭᠦᠯᠬᠦ᠂ 〈ᠵᠢᠷᠭᠤᠭ᠋ᠠᠨ ᠠᠵᠢᠯᠯᠠᠭ᠎ᠠ〉 ᠵᠢ ᠥᠷᠨᠢᠭᠦᠯᠬᠦ ᠵᠡᠷᠭᠡ᠎ᠨᠢ ᠴᠥᠮ ᠰᠢ ᠵᠢᠨ ᠫᠢᠩ  ᠶᠡᠷᠦᠩᠬᠡᠢ ᠱᠦᠵᠢ ᠵᠢᠨ ᠵᠢᠭ᠋ᠠᠭᠰᠠᠨ ᠴᠢᠭᠯᠡᠯ ᠵᠶ᠋ᠡᠷ ᠭᠤᠢ᠌ᠪᠢᠰᠢ ᠦᠭᠡᠢ ᠤᠷᠤᠭᠰᠢᠯᠠᠬᠤ ᠪᠣᠳᠠᠲᠠᠢ ᠰᠡᠳᠬᠢᠴᠡ ᠪᠠ ᠠᠷᠭ᠎ᠠ ᠪᠣᠯᠣᠨ᠎ᠠ᠃ 〈ᠵᠢᠷᠭᠤᠭ᠋ᠠᠨ ᠠᠵᠢᠯᠯᠠᠭ᠎ᠠ〉  ᠪᠣᠯ ᠨᠢᠭᠲᠠ ᠬᠣᠯᠪᠣᠭ᠎ᠠ᠎ᠲᠠᠢ ᠣᠷᠭ᠋ᠠᠨᠢᠭ ᠪᠦᠬᠦᠯᠢ ᠴᠣᠭᠴᠠ ᠮᠥᠨ᠂ ᠡᠯ᠎ᠡ ᠠᠵᠢᠯ ᠲᠦᠷᠦᠯ᠂ ᠡᠯ᠎ᠡ ᠰᠢᠰᠲ᠋ᠧᠮ᠂ ᠡᠯ᠎ᠡ ᠨᠢᠭᠡᠴᠢ ᠪᠠ ᠡᠯ᠎ᠡ ᠵᠦᠢ᠍ᠯᠡᠰ᠎ᠲᠤ ᠴᠥᠮ  ᠪᠠᠷᠢᠴᠨ᠎ᠪᠠᠨ ᠣᠨᠣᠪᠴᠢᠲᠠᠶ ᠡᠷᠢᠨ ᠣᠯᠵᠤ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠨ ᠨᠢᠭᠡᠳᠦᠯᠲᠡᠢ ᠲᠦᠯᠦᠪᠵᠢᠬᠦᠯᠬᠡ᠎ᠪᠠᠨ ᠴᠢᠩᠭ᠋ᠠᠳᠬᠠᠨ᠂  ᠬᠠᠮ ᠬᠦᠴᠦᠨ᠎ᠢ ᠨᠢᠭᠲᠠᠷᠠᠭᠤᠯᠵᠤ᠂ ᠥᠪᠡᠷ ᠥᠪᠡᠷ᠎ᠤᠨ ᠠᠵᠢᠯ ᠵᠶ᠋ᠠᠨ ᠬᠢᠵᠦ᠂ ᠨᠢᠭᠡ ᠯᠡ ᠲᠠᠯ᠎ᠠ ᠵᠢ ᠬᠢᠬᠦ ᠵᠢ ᠰᠡᠷᠭᠡᠢ᠌ᠯᠡᠬᠦ ᠬᠡᠷᠡᠭᠲᠡᠢ᠃ ᠵᠠᠰᠠᠭ᠎ᠤᠨ ᠣᠷᠳᠣᠨ ᠪᠠ ᠪᠦᠲᠦᠮᠵᠢᠲᠡᠶ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠨᠢᠭᠡᠳᠦᠯᠲᠡᠢ ᠲᠥᠯᠥᠪᠯᠡᠵᠦ ᠵᠠᠬ᠎ᠠ ᠳᠡᠯᠭᠡᠭᠦᠷ᠎ᠤᠨ ᠤᠬᠠᠮᠰᠠᠷ᠎ᠢ ᠤᠯᠠᠮ ᠴᠢᠩᠭ᠋ᠠᠷᠠᠭᠤᠯᠤᠨ᠂ ᠵᠠᠬ᠎ᠠ ᠳᠡᠯᠭᠡᠭᠦᠷ᠎ᠤᠨ ᠵᠢᠮ᠎ᠡ ᠵᠢ ᠵᠢᠷᠤᠮᠯᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠳᠤ ᠨᠡᠩ ᠰᠠᠢ᠌ᠲᠤᠷ ᠲᠦᠰᠢᠭᠯᠡᠨ ᠠᠵᠤ ᠠᠬᠤᠢ ᠵᠢᠨ ᠬᠥᠭᠵᠢᠯᠲᠡ᠂ ᠨᠡᠢ᠌ᠭᠡᠮ᠎ᠤᠨ ᠵᠠᠰᠠᠯᠲᠠ ᠪᠠ ᠤᠯᠠᠨ ᠲᠦᠮᠡᠨ᠎ᠳᠤ ᠦᠢ᠍ᠯᠡᠴᠢᠯᠡᠬᠦ 《ᠭᠤᠷᠪᠠᠨ ᠲᠦᠪᠰᠢᠨ》᠎ᠢ ᠳᠡᠭᠡᠭᠰᠢᠯᠡᠭᠦᠯᠬᠦ ᠬᠡᠷᠡᠭᠲᠡᠢ᠃ ᠰᠣᠶᠣᠯ᠎ᠤᠨ ᠢᠲᠡᠭᠡᠯ ᠵᠶ᠋ᠡᠨ ᠪᠠᠲᠤᠳᠬᠠᠵᠤ᠂ ᠤᠮᠠᠷᠠᠲᠤ ᠵᠢᠨ ᠰᠣᠶᠣᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠠᠵᠢᠯ ᠬᠢᠵᠦ ᠦᠢ᠍ᠯᠡᠰ ᠪᠣᠰᠬᠠᠬᠤ ᠴᠤᠭ ᠰᠦᠯᠳᠡ᠎ᠪᠠᠨ ᠲᠠᠰᠤᠷᠠᠯᠲᠠ ᠦᠭᠡᠢ ᠪᠠᠳᠠᠷᠠᠭᠤᠯᠬᠤ ᠬᠡᠷᠡᠭᠲᠡᠢ᠃
   ᠪᠤᠤ ᠭᠠᠡᠭ᠂ ᠢᠦᠢ ᠯᠢ ᠰᠢᠨ᠂ ᠪᠦᠦ ᠰᠢᠶᠠᠨ ᠬᠤᠸᠠ ᠨᠠᠷ ᠪᠠᠢ᠌ᠴᠠᠭ᠋ᠠᠨ ᠰᠤᠳᠤᠯᠤᠯᠳᠠ᠎ᠳᠤ ᠣᠷᠣᠯᠴᠠᠪᠠ᠃


 





 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠲᠦᠷᠪᠡᠳᠤᠬᠡᠷ ᠬᠤᠷᠠᠯ ᠬᠤᠷᠠᠯᠳᠤᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠵᠢᠨ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠪᠠ
 
            