ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠲᠦᠷᠪᠡᠳᠤᠬᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2025-01-09

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠳᠥᠷᠪᠡᠳᠦᠭᠡᠷ ᠬᠤᠷᠠᠯ 1 ᠳ᠋ᠤᠬᠡᠷ ᠰᠠᠷ᠎ᠠ ᠵᠢᠨ 8᠎ᠤ ᠦᠳᠡ ᠵᠢᠨ ᠡᠮᠦᠨ᠎ᠡ ᠬᠤᠷᠠᠯᠳᠤᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠢ 1 ᠳ᠋ᠦᠭᠡᠷ ᠰᠠᠷ᠎ᠠ ᠵᠢᠨ 14᠎ᠤ ᠡᠳᠦᠷ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭᠲᠠᠪᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠳᠤ ᠣᠲᠣ 67 ᠪᠦᠷᠢᠯᠳᠦᠭᠦᠨ᠎ᠲᠠᠢ᠂ ᠲᠣᠰ ᠬᠤᠷᠠᠯ᠎ᠳᠤ 51 ᠬᠥᠮᠥᠨ ᠣᠷᠣᠯᠴᠠᠵᠤ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠨ᠎ᠡ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠪᠠᠢ᠌ᠩᠭᠤ ᠵᠢᠨ ᠳᠡᠳ᠋ ᠡᠷᠬᠢᠯᠡᠭᠴᠢ ᠯᠢᠨ ᠱᠤᠤ ᠴᠦᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠬᠢᠯᠡᠭᠴᠢ ᠰᠦᠨ ᠱᠣᠸ᠋ ᠴᠧᠩ᠎ᠤᠨ ᠨᠠᠶ᠋ᠢᠳᠠᠯᠭ᠎ᠠ᠎ᠪᠠᠷ ᠬᠤᠷᠠᠯ᠎ᠢ ᠡᠷᠬᠢᠯᠡᠪᠡ᠃ ᠦᠪᠤᠷ ᠮᠤᠡᠭᠭᠤᠯ᠎ᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ ᠳ᠋ᠤᠸᠠᠨ ᡁᠢ ᠴᠢᠶᠠᠩ᠂ ᠯᠢ ᠪᠢᠩ ᠷᠦᠩ᠂ ᠦ᠋ ᠶᠠᠨ ᠭᠠᠩ ᠬᠤᠷᠠᠯ᠎ᠳᠤ ᠣᠷᠣᠯᠴᠠᠵᠠᠢ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠵᠧᠩ ᠬᠤᠡᠭ ᠳᠤᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠳᠠᠷᠤᠭ᠎ᠠ ᠶᠠᠩ ᠽᠥᠩ ᠷᠧᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠪᠠᠢ᠌ᠴᠠᠭ᠋ᠠᠬᠤ ᠳᠠᠷᠤᠭ᠎ᠠ ᠯᠢ ᠶᠦᠩ ᠵᠢᠶᠦ᠋ᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠪᠠᠢ᠌ᠭᠤᠯᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠸᠠᠨ ᠴᠤᠤ ᠴᠢ ᠬᠤᠷᠠᠯ᠎ᠳᠤ ᠰᠤᠯᠠ ᠣᠷᠣᠯᠴᠠᠪᠠ᠃
   ᠬᠤᠷᠠᠯ᠎ᠤᠨ ᠵᠥᠪᠯᠡᠬᠦ ᠵᠦᠢ᠍ᠯ᠎ᠢ ᠪᠠᠲᠤᠯᠠᠭᠰᠠᠨ᠎ᠤ ᠳᠠᠷᠠᠭ᠎ᠠ ᠬᠤᠷᠠᠯ ᠲᠡᠬᠡᠷ᠎ᠡ ᠳ᠋ᠤᠸᠠᠨ ᡁᠢ ᠴᠢᠶᠠᠩ᠂ ᠵᠧᠩ ᠬᠤᠡᠭ ᠲᠣᠣ ᠵᠢᠨ ᠬᠢᠭᠰᠡᠨ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ᠎ᠪᠠᠷ ᠳᠡᠪᠰᠢᠭᠦᠯᠦᠭᠰᠡᠨ ᠬᠥᠮᠥᠰ᠎ᠤᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠵᠢ ᠰᠤᠨᠤᠰᠤᠬᠰᠠᠨ ᠪᠦᠬᠡᠳ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ᠎ᠪᠠᠷ ᠲᠡᠪᠰᠢᠬᠦᠯᠦᠭᠰᠡᠳ᠎ᠤᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠵᠢᠨ ᠮᠠᠲᠸᠷᠢᠶᠠᠯ᠎ᠢ ᠦᠪᠡᠷ᠎ᠲᠤ᠎ᠨᠢ ᠦᠭᠪᠡ᠃
   ᠬᠤᠷᠠᠯ ᠲᠡᠬᠡᠷ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ (ᠨᠣᠣᠷᠠᠭ) ᠵᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ᠎ᠪᠠᠨ ᠪᠠᠲᠤᠯᠠᠵᠤ ᠦᠪᠤᠷ ᠮᠤᠡᠭᠭᠤᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ 2025 ᠣᠨ᠎ᠤ ᠠᠵᠢᠯ᠎ᠤᠨ ᠵᠠᠡᠭᠬᠢᠯᠠᠭ᠎ᠠ ᠵᠢ ᠬᠢᠨᠠᠨ ᠵᠦᠪᠯᠡᠵᠡᠢ᠃
   ᠬᠤᠷᠠᠯ ᠲᠡᠬᠡᠷ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠵᠥᠪᠯᠡᠬᠦ ᠵᠦᠢ᠍ᠯ (ᠲᠥᠰᠥᠯ)᠂ ᠶᠠᠪᠤᠴᠨ (ᠲᠥᠰᠥᠯ)᠂ ᠲᠡᠷᠢᠭᠦᠯᠡᠭᠴᠢᠳ᠎ᠤᠨ ᠪᠦᠯᠬᠦᠮ ᠪᠠ ᠨᠠᠷᠢᠨ ᠪᠢᠴᠢᠭ᠎ᠤᠨ ᠳᠠᠷᠤᠭ᠎ᠠ ᠵᠢᠨ ᠨᠡᠷᠡᠰ (ᠲᠥᠰᠥᠯ)᠂ ᠲᠡᠷᠢᠭᠦᠯᠡᠭᠴᠢᠳ᠎ᠤᠨ ᠪᠦᠯᠬᠦᠮ᠎ᠤᠨ ᠪᠠᠢ᠌ᠩᠭᠤ ᠵᠢᠨ ᠲᠡᠷᠢᠭᠦᠯᠡᠭᠴᠢ ᠵᠢᠨ ᠨᠡᠷᠡᠰ (ᠲᠥᠰᠥᠯ)᠂ ᠭᠦᠢ᠍ᠴᠡᠳᠬᠡᠬᠦ ᠲᠡᠷᠢᠭᠦᠯᠡᠭᠴᠢ ᠵᠢᠨ ᠳᠤᠭᠤᠢ᠌ᠯᠠᠩ᠎ᠤᠨ ᠨᠡᠷᠡᠰ (ᠲᠥᠰᠥᠯ)᠂ ᠳᠡᠳ᠋ ᠨᠠᠷᠢᠨ ᠪᠢᠴᠢᠭ᠎ᠤᠨ ᠳᠠᠷᠤᠭ᠎ᠠ ᠵᠢᠨ ᠨᠡᠷᠡᠰ (ᠲᠥᠰᠥᠯ)᠂ ᠰᠤᠯᠠ ᠣᠷᠣᠯᠴᠠᠬᠤ ᠬᠥᠮᠥᠰ᠎ᠤᠨ ᠨᠡᠷᠡᠰ᠎ᠢ ᠬᠢᠨᠠᠨ ᠵᠥᠪᠯᠡᠭᠰᠡᠨ ᠪᠥᠭᠡᠳ ᠪᠠᠲᠤᠯᠠᠪᠠ᠃
   ᠬᠤᠷᠠᠯ ᠲᠡᠬᠡᠷ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ᠎ᠤᠨ ᠰᠠᠨᠠᠯ ᠵᠥᠪᠯᠡᠯᠭᠡ ᠳᠤᠷᠠᠳᠬᠤ ᠵᠢ ᠵᠣᠭᠰᠤᠭ᠋ᠠᠬᠤ ᠴᠠᠭ᠎ᠤᠨ ᠲᠤᠬᠠᠢ ᠲᠣᠭᠲᠠᠭ᠋ᠠᠯ (ᠲᠥᠰᠥᠯ)᠎ᠢ ᠬᠢᠨᠠᠨ ᠵᠥᠪᠯᠡᠭᠰᠡᠨ ᠪᠥᠭᠡᠳ ᠪᠠᠲᠤᠯᠠᠵᠠᠢ᠃  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠵᠥᠪᠯᠡᠯᠭᠡ ᠵᠢ ᠪᠠᠲᠤᠯᠠᠬᠤ ᠠᠷᠭ᠎ᠠ (ᠲᠥᠰᠥᠯ)᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠢᠬᠡ ᠪᠦᠯᠦᠭ  ᠲᠤᠰᠬᠠᠢ ᠺᠣᠮᠢᠰ᠎ᠤᠨ ᠡᠷᠬᠢᠯᠡᠭᠴᠢ ᠭᠡᠰᠢᠭᠦᠨ᠎ᠤ ᠵᠢᠱ᠌ᠢᠭᠳᠡᠭᠴᠢ ᠵᠢ ᠨᠡᠷ᠎ᠡ ᠳᠤᠷᠠᠳᠬᠤ ᠪᠠ ᠪᠠᠲᠤᠯᠠᠬᠤ ᠠᠷᠭ᠎ᠠ (ᠲᠥᠰᠥᠯ)᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ᠎ᠤ ᠪᠡᠯᠡᠳᠬᠡᠯ ᠬᠤᠷᠠᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠵᠥᠪᠯᠡᠯᠭᠡ ᠵᠢ ᠬᠢᠨᠠᠨ ᠪᠠᠢ᠌ᠴᠠᠭ᠋ᠠᠬᠤ ᠺᠣᠮᠢᠰ᠎ᠤᠨ ᠪᠦᠷᠢᠯᠳᠦᠭᠦᠨ᠎ᠳᠤ ᠲᠣᠬᠢᠷᠠᠭᠤᠯᠤᠯᠲᠠ ᠬᠢᠬᠦ ᠲᠤᠬᠠᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ᠎ᠤ ᠲᠣᠭᠲᠠᠭ᠋ᠠᠯ (ᠲᠥᠰᠥᠯ)᠎ᠢ ᠬᠢᠨᠠᠨ ᠵᠦᠪᠯᠡᠵᠤ ᠪᠠᠳᠤᠯᠠᠪᠠ᠃
    ᠬᠤᠷᠠᠯ ᠲᠡᠬᠡᠷ᠎ᠡ ᠠᠢ ᠯᠢ ᠬᠤᠸᠠ ᠨᠥᠬᠥᠷ᠎ᠤᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠢᠷᠭᠡᠨ᠎ᠤ ᠪᠠ ᠬᠠᠷᠢᠶᠠᠲᠤ ᠨᠠᠷ᠎ᠤᠨ ᠭᠠᠳᠠᠭ᠋ᠠᠳᠤ ᠶᠠᠪᠤᠳᠠᠯ᠎ᠤᠨ ᠵᠥᠪᠯᠡᠯ᠎ᠤᠨ ᠡᠷᠬᠢᠯᠡᠭᠴᠢ ᠭᠡᠰᠢᠭᠦᠨ᠎ᠤ ᠲᠤᠰᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠢ ᠬᠦᠯᠢᠶᠡᠨ ᠠᠪᠬᠤ ᠲᠤᠬᠠᠢ  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠣᠭᠲᠠᠭ᠋ᠠᠯ᠎ᠢ ᠬᠢᠨᠠᠨ ᠵᠦᠪᠯᠡᠵᠤ ᠪᠠᠲᠤᠯᠠᠵᠠᠢ᠃
   ᠬᠤᠷᠠᠯ ᠲᠡᠬᠡᠷ᠎ᠡ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠥᠯᠥᠭᠡᠯᠡᠭᠴᠢ ᠵᠢᠨ ᠬᠢᠷᠢ ᠬᠡᠮ᠎ᠢ ᠬᠢᠨᠠᠨ ᠪᠠᠢ᠌ᠴᠠᠭ᠋ᠠᠬᠤ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ ᠭᠦᠸᠧ ᠰᠢᠨ᠎ᠤ ᠬᠢᠭᠰᠡᠨ ᠨᠢᠬᠡ ᠪᠦᠯᠦᠭ ᠲᠥᠯᠥᠭᠡᠯᠡᠭᠴᠢ ᠵᠢᠨ ᠬᠢᠷᠢ ᠬᠡᠮ᠎ᠤᠨ ᠲᠤᠬᠠᠢ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠬᠢᠨᠠᠨ ᠵᠥᠪᠯᠡᠵᠦ ᠪᠠᠲᠤᠯᠠᠵᠠᠢ᠃
   ᠬᠤᠷᠠᠯ᠎ᠠᠴᠠ ᠠᠵᠢᠯᠲᠠᠨ᠎ᠤ ᠶᠠᠪᠤᠳᠠᠯ᠎ᠤᠨ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ ᠤᠴᠢᠷ ᠶᠠᠪᠤᠳᠠᠯ᠎ᠢ ᠪᠠᠲᠤᠯᠠᠪᠠ᠃
    ᠯᠢᠨ ᠱᠤᠤ ᠴᠦᠨ ᠰᠢᠨ᠎ᠡ᠎ᠪᠠᠷ ᠲᠤᠰᠢᠶᠠᠯ᠎ᠳᠤ  ᠭᠠᠷᠤᠬᠰᠠᠳ᠎ᠲᠤ ᠲᠤᠰᠢᠶᠠᠯ᠎ᠳᠤ ᠲᠣᠮᠢᠯᠠᠬᠤ ᠪᠢᠴᠢᠭ ᠭᠠᠷᠳᠠᠭᠤᠯᠵᠠᠢ᠃
    ᠰᠢᠨ᠎ᠡ᠎ᠪᠠᠷ ᠲᠤᠰᠢᠶᠠᠯ᠎ᠳᠤ  ᠭᠠᠷᠤᠬᠰᠠᠳ ᠦᠨᠳᠦᠰᠦᠨ ᠬᠠᠤᠯᠢ᠎ᠳᠤ ᠲᠥᠪ ᠴᠢᠩᠭ᠎ᠠ᠎ᠪᠠᠷ ᠲᠠᠡᠭᠭ᠋ᠠᠷᠢᠬᠯᠠᠬᠰᠠᠨ ᠪᠠᠢ᠌ᠨ᠎ᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠡᠯ᠎ᠡ ᠲᠤᠰᠬᠠᠢ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠤᠷᠠᠯ᠎ᠳᠤ ᠰᠤᠯᠠ ᠣᠷᠣᠯᠴᠠᠪᠠ᠃
 


   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠵᠢᠨ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠬᠤᠷᠠᠯ ᠬᠣᠶᠠᠳᠤᠭ᠋ᠠᠷ ᠪᠥᠬᠥᠳᠡ ᠬᠤᠷᠠᠯ ᠬᠢᠪᠡ
 
            