ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠵᠢᠨ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄ 2025-01-09

ᠰᠦᠨ ᠱᠤᠤ ᠴᠧᠩ ᠬᠤᠷᠠᠯ ᠡᠷᠬᠢᠯᠡᠪᠡ


   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ᠎ᠬᠢᠨ 1 ᠳ᠋ᠤᠬᠡᠷ ᠰᠠᠷ᠎ᠠ ᠵᠢᠨ 8᠎ᠤ ᠡᠳᠦᠷ ᠬᠤᠷᠠᠯ ᠬᠤᠷᠠᠯᠳᠤᠭᠤᠯᠵᠤ  ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠲᠥᠪ ᠬᠣᠷᠢᠶ᠎ᠠ ᠵᠢᠨ ᠵᠠᠷᠯᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠨ᠂ ᠨᠠᠢ᠌ᠳᠠᠪᠤᠷᠢᠵᠢᠭᠤᠯᠬᠤ ᠠᠷᠭ᠎ᠠ ᠵᠢ ᠪᠠᠢ᠌ᠷᠢᠯᠠᠭᠤᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ  ᠴᠢᠨᠠᠷᠵᠢᠭᠤᠨ ᠬᠤᠷᠠᠯᠳᠤᠭᠤᠯᠬᠤ᠎ᠳᠤ ᠪᠠᠲᠤ ᠰᠠᠭᠤᠷᠢ ᠵᠢ ᠲᠠᠯᠪᠢᠯ᠎ᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠪᠡ᠃
   ᠬᠤᠷᠠᠯ ᠲᠡᠬᠡᠷ᠎ᠡ᠄ 《ᠰᠢ ᠵᠢᠨ ᠫᠢᠩ ᠶᠡᠷᠦᠩᠬᠡᠢ ᠱᠦᠵᠢ ᠎ᠤ ᠴᠢᠬᠤᠯᠠ ᠶᠠᠷᠢᠶ᠎ᠠ᠎ᠨᠢ ᠤᠳᠬ᠎ᠠ ᠭᠦᠨ᠂ ᠦᠵᠡᠯ ᠰᠠᠨᠠᠭ᠎ᠠ᠂ ᠥᠭᠦᠯᠡᠯᠲᠡ ᠭᠦᠨ ᠭᠦᠨᠵᠡᠭᠡᠢ᠂ ᠠᠮᠢᠳᠤ ᠴᠣᠪᠣᠭᠣᠯᠢᠭ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ ᠪᠦᠬᠡᠳ ᠤᠯᠤᠰ ᠲᠥᠷᠥᠴᠢ ᠴᠢᠨᠠᠷ᠂ ᠦᠵᠡᠯ ᠰᠠᠨᠠᠭ᠋ᠠᠴᠢ ᠴᠢᠨᠠᠷ᠂  ᠪᠠᠢ᠌ᠯᠳᠤᠬᠤ ᠪᠣᠳᠣᠯᠭ᠎ᠠ ᠵᠢᠨ ᠴᠢᠨᠠᠷ᠂ ᠵᠢᠯᠤᠭᠣᠳᠬᠤ ᠴᠢᠨᠠᠷ ᠪᠠ ᠬᠠᠨᠳᠤᠯᠭ᠋ᠠᠲᠤ ᠴᠢᠨᠠᠷ ᠮᠠᠰᠢ ᠴᠢᠡᠭᠭ᠎ᠠ᠂ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠨᠠᠮ᠎ᠤᠨ ᠰᠠᠬᠢᠯᠭ᠎ᠠ  ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ》 ᠬᠡᠯ᠎ᠡ᠃
   ᠬᠤᠷᠠᠯ ᠲᠡᠬᠡᠷ᠎ᠡ᠄ 《ᠪᠦᠬᠦ ᠣᠷᠣᠨ᠎ᠤ ᠨᠠᠮ᠎ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠮᠤᠵᠢ ᠵᠢᠨ ᠱᠠᠲᠤᠨ᠎ᠤ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠪᠣᠯᠣᠨ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠵᠤ ᠪᠠᠢ᠌ᠭ᠋ᠠᠳ ᠶᠡᠷᠦᠩᠬᠡᠢ ᠱᠦᠵᠢ ᠰᠢ ᠵᠢᠨ ᠫᠢᠩ ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠭᠦᠨᠵᠡᠭᠡᠢ ᠣᠢ᠌ᠯᠠᠭ᠋ᠠᠨ ᠡᠵᠡᠮᠰᠢᠵᠦ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃ 〈ᠬᠣᠶᠠᠷ᠎ᠢ  ᠲᠤᠬᠳᠠᠭ᠋ᠠᠬᠰᠠᠨ〉᠎ᠢ ᠬᠦᠷᠢᠶᠡᠯᠡᠬᠦ᠂ 〈ᠬᠣᠶᠠᠷ᠎ᠢ ᠬᠠᠮᠠᠭ᠋ᠠᠯᠠᠬᠤ〉᠎ᠢ ᠢᠮᠠᠭᠲᠠ ᠬᠠᠮᠤᠭ᠎ᠤᠨ ᠶᠡᠬᠡ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠳᠦᠷᠢᠮ ᠪᠣᠯᠭ᠋ᠠᠵᠤ ᠴᠢᠡᠭ ᠰᠡᠳᠬᠢᠯ᠎ᠠᠴᠠ᠎ᠪᠠᠨ ᠪᠠᠳᠤ ᠰᠠᠬᠢᠭ᠋ᠠᠳ ᠰᠢ ᠵᠢᠨ ᠫᠢᠩ ᠶᠡᠷᠦᠩᠬᠡᠢ ᠱᠦᠵᠢ ᠵᠢᠨ ᠵᠢᠭ᠋ᠠᠭᠰᠠᠨ ᠴᠢᠭᠯᠡᠯ᠎ᠢ ᠭᠤᠢ᠌ᠪᠢᠰᠢ ᠦᠭᠡᠢ ᠪᠠᠷᠢᠮᠲᠠᠯᠠᠨ ᠥᠪᠥᠷ ᠮᠣᠩᠭᠣᠯ᠎ᠤᠨ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠬᠢᠬᠦ ᠬᠡᠷᠡᠭᠲᠡᠢ᠃ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠬᠤ ᠵᠢ ᠨᠠᠰᠤᠨ ᠲᠤᠷᠰᠢᠲᠠ ᠵᠢᠨ ᠵᠠᠪᠠᠯ ᠰᠤᠷᠬᠤ ᠬᠢᠴᠢᠶᠡᠯ ᠵᠶ᠋ᠡᠨ ᠪᠣᠯᠭ᠋ᠠᠵᠤ ᠲᠡᠭᠦᠨ᠎ᠤ ᠳᠤᠮᠳᠠ᠎ᠠᠴᠠ ᠨᠠᠮᠴᠢ ᠴᠢᠨᠠᠷ᠎ᠤᠨ ᠰᠢᠮ᠎ᠡ ᠲᠡᠵᠢᠭᠡᠯ᠎ᠢ ᠴᠢᠳᠠᠮᠠᠭ᠋ᠠᠢ ᠰᠢᠩᠭᠡᠬᠡᠨ᠂ ᠵᠠᠰᠠᠭ ᠶᠠᠪᠤᠭᠤᠯᠬᠤ ᠶᠣᠰᠣ ᠵᠢ ᠣᠢ᠌ᠯᠠᠭ᠋ᠠᠵᠤ ᠪᠡᠶᠡᠴᠢ ᠶᠢᠷᠲᠢᠨᠴᠦ᠎ᠪᠠᠨ ᠥᠭᠡᠷᠡᠴᠢᠯᠡᠬᠦ᠂ ᠠᠵᠢᠯ ᠵᠶ᠋ᠠᠨ ᠶᠡᠷᠦᠩᠬᠡᠢ᠌ᠯᠡᠨ ᠵᠢᠯᠤᠭᠣᠳᠬᠤ ᠪᠠ ᠠᠬᠢᠭᠤᠯᠬᠤ᠎ᠳᠤ ᠨᠡᠩ ᠰᠠᠢ᠌ᠲᠤᠷ ᠬᠡᠷᠡᠭᠯᠡᠬᠦ ᠬᠡᠷᠡᠭᠲᠡᠢ᠃ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠭᠰᠠᠨ ᠤᠷᠢᠲᠠᠯ ᠳᠣᠣᠷ᠎ᠠ ᠵᠣᠷᠢᠭᠲᠠᠢ᠎ᠪᠠᠷ ᠬᠢᠵᠦ ᠵᠣᠷᠢᠭᠲᠠᠢ᠎ᠪᠠᠷ ᠲᠤᠷᠰᠢᠵᠤ ᠵᠣᠷᠢᠭᠲᠠᠢ᠎ᠪᠠᠷ ᠰᠢᠢ᠍ᠳᠪᠦᠷᠢ ᠭᠠᠷᠭ᠋ᠠᠨ ᠪᠦᠬᠦ ᠰᠡᠳᠬᠢᠯ ᠪᠦᠬᠦ ᠬᠦᠴᠦᠨ ᠵᠶ᠋ᠡᠷ ᠵᠶ᠋ᠡᠨ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠴᠠᠷᠠᠭ᠎ᠠ᠎ᠳᠤ᠎ᠬᠢ ᠠᠵᠢᠯ ᠵᠶ᠋ᠠᠨ ᠰᠠᠢ᠌ᠲᠤᠷ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ 《ᠨᠢᠭᠡᠳᠦᠭᠡᠷ ᠬᠠᠷᠢᠭᠤᠴᠠᠯᠭ᠋ᠠᠲᠠᠨ》᠎ᠤ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ 《ᠨᠢᠭᠡ ᠠᠵᠢᠯ᠎ᠤᠨ ᠪᠠᠢ᠌ᠷᠢ ᠬᠣᠶᠠᠷ ᠬᠠᠷᠢᠭᠤᠴᠠᠯᠭ᠎ᠠ᠎ᠲᠠᠢ ᠪᠠᠢ᠌ᠬᠤ》 ᠵᠢ ᠴᠢᠨᠠᠭᠰᠢᠳᠠ ᠨᠠᠢ᠌ᠳᠠᠪᠤᠷᠢᠵᠢᠭᠤᠯᠵᠤ᠂ ᠬᠠᠷᠢᠶᠠᠯᠠᠭᠳᠠᠭᠰᠠᠳ᠎ᠢ ᠴᠢᠩᠭ᠎ᠠ ᠬᠠᠮᠢᠶᠠᠷᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠠᠲᠤ ᠪᠤᠢ ᠪᠣᠯᠭ᠋ᠠᠵᠤ᠂ ᠪᠡᠶ᠎ᠡ᠎ᠪᠠᠨ ᠴᠢᠩᠭ᠎ᠠ ᠱᠠᠭ᠋ᠠᠷᠳᠠᠵᠤ ᠡᠯ᠎ᠡ ᠲᠠᠯ᠎ᠠ ᠵᠢᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ》 ᠭᠡᠵᠤ ᠲᠤᠷᠠᠳᠪᠠ᠃
  ᠬᠤᠷᠠᠯ ᠲᠡᠬᠡᠷ᠎ᠡ᠄ 《ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠨᠠᠮ᠎ᠤᠨ ᠲᠥᠪ ᠬᠣᠷᠢᠶᠠᠨ᠎ᠤ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ 〈ᠭᠤᠷᠪᠠ ᠵᠢ ᠢᠯᠭ᠋ᠠᠬᠤ〉 ᠵᠢ ᠨᠠᠢ᠌ᠳᠠᠪᠤᠷᠢᠵᠢᠭᠤᠯᠵᠤ᠂ ᠬᠢᠨᠠᠨ ᠰᠢᠯᠭ᠋ᠠᠵᠤ ᠦᠨᠡᠯᠡᠬᠦ᠂ ᠤᠨᠢᠨ ᠳᠡᠭᠡᠷ᠎ᠡ᠎ᠨᠢ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠵᠢ  ᠲᠡᠬᠦᠯᠳᠡᠷᠵᠢᠬᠦᠯᠤᠬᠡᠳ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠵᠢ ᠨᠡᠩ ᠰᠠᠢ᠌ᠲᠤᠷ ᠵᠣᠷᠢᠭᠵᠢᠭᠤᠯᠬᠤ ᠬᠡᠷᠡᠭᠲᠡᠢ᠃ ᠢᠯᠵᠢᠷᠡᠯ᠎ᠢ ᠵᠠᠯᠬᠠᠭ᠋ᠠᠨ ᠰᠢᠳᠬᠡᠬᠦ ᠰᠦᠷ ᠬᠦᠴᠦᠲᠦ ᠪᠠᠢ᠌ᠳᠠᠯ᠎ᠢ ᠪᠠᠲᠤᠯᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭᠵᠢᠭᠦᠯᠬᠦ 〈ᠲᠦᠷᠪᠡᠨ ᠪᠠᠢ᠌ᠳᠠᠯ〉 ᠎ᠢ ᠰᠠᠢ᠌ᠲᠤᠷ ᠠᠰᠢᠭᠯᠠᠵᠤ᠂ ᠲᠡᠮᠦᠷ ᠮᠡᠲᠦ ᠰᠠᠬᠢᠯᠭ᠎ᠠ ᠪᠠᠲᠤ᠎ᠪᠠᠷ ᠰᠠᠢ᠌ᠨ ᠰᠠᠢ᠌ᠬᠠᠨ ᠤᠯᠤᠰ ᠲᠦᠷᠦ ᠵᠢᠨ ᠠᠮᠢ ᠠᠬᠤᠢ ᠵᠢ ᠪᠡᠬᠢᠵᠢᠭᠦᠯᠬᠦ ᠬᠡᠷᠡᠭᠲᠡᠢ᠃ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠪᠠᠢ᠌ᠩᠭᠤᠵᠢᠭᠤᠯᠬᠤ ᠪᠠ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠢ᠌ᠯᠭ᠋ᠠᠬᠤ ᠵᠢ ᠯᠠᠪᠳᠠᠭᠤᠨ ᠠᠬᠢᠭᠤᠯᠵᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ᠎ᠢ ᠪᠠᠢ᠌ᠩᠭᠤ ᠵᠢᠨ ᠴᠢᠨᠠᠷᠲᠠᠢ ᠥᠷᠨᠢᠭᠦᠯᠵᠦ ᠨᠠᠮ᠎ᠤᠨ ᠭᠡᠰᠢᠭᠦᠨ᠂ ᠺᠠᠳ᠋ᠷᠴᠤᠳ᠎ᠢ ᠵᠢᠯᠤᠭᠣᠳᠴᠤ ᠪᠠᠢ᠌ᠭ᠋ᠠᠳ ᠨᠠᠮ᠎ᠤᠨ ᠰᠠᠬᠢᠯᠭ᠎ᠠ ᠵᠢ ᠡᠳᠦᠷ ᠲᠤᠳᠤᠮ᠎ᠤᠨ ᠬᠡᠷᠡᠭᠴᠡᠭᠡ᠎ᠲᠠᠢ ᠪᠣᠯᠪᠠᠴᠤ ᠦᠯᠤ ᠮᠡᠳᠡᠭᠳᠡᠬᠦ ᠦᠭᠡ ᠶᠠᠷᠢᠶ᠎ᠠ ᠦᠢ᠍ᠯᠡ ᠠᠵᠢᠯᠯᠠᠭ᠎ᠠ ᠵᠢᠨ ᠪᠠᠷᠢᠮᠵᠢᠶ᠎ᠠ ᠪᠣᠯᠭ᠋ᠠᠬᠤ ᠬᠡᠷᠡᠭᠲᠡᠢ》 ᠬᠡᠵᠡᠢ᠃
   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠬᠤᠷᠠᠯ ᠬᠣᠶᠠᠳᠤᠭ᠋ᠠᠷ ᠪᠥᠬᠥᠳᠡ ᠬᠤᠷᠠᠯ ᠬᠢᠪᠡ
 
            