ᠵᠠᠩ ᠶᠠᠨ ᠺᠦᠨ ᠬᠢᠨᠠᠨ ᠵᠦᠪᠯᠡᠯᠬᠡ᠎ᠳᠤ ᠤᠷᠤᠯᠴᠠᠵᠠᠢ
ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠭᠤᠷᠪᠠᠳᠤᠭ᠋ᠠᠷ ᠬᠤᠷᠠᠯᠳᠤᠭ᠋ᠠᠨ᠎ᠳᠤ ᠣᠷᠣᠯᠴᠠᠭᠰᠠᠨ ᠥᠪᠥᠷ ᠮᠣᠩᠭᠣᠯ᠎ᠳᠤ ᠰᠠᠭᠤᠭ᠎ᠠ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ 3 ᠰᠠᠷ᠎ᠠ ᠵᠢᠨ 8᠎ᠤ ᠡᠳᠦᠷ᠎ᠤᠨ ᠦᠳᠡ ᠵᠢᠨ ᠬᠣᠢ᠌ᠨ᠎ᠠ ᠠᠷᠠᠳ᠎ᠤᠨ ᠳᠡᠭᠡᠳᠦ ᠵᠡᠷᠬᠡ ᠵᠢᠨ ᠰᠢᠭᠦᠬᠦ ᠬᠤᠷᠢᠶ᠎ᠠ ᠪᠠ ᠠᠷᠠᠳ᠎ᠤᠨ ᠲᠡᠬᠡᠳᠤ ᠵᠡᠷᠬᠡ ᠵᠢᠨ ᠪᠠᠢ᠌ᠴᠠᠭ᠋ᠠᠬᠤ ᠬᠤᠷᠢᠶ᠎ᠠ ᠵᠢᠨ ᠠᠵᠢᠯ᠎ᠤᠨ ᠢᠯᠡᠳᠬᠡᠯ᠎ᠢ ᠬᠢᠨᠠᠨ ᠵᠦᠪᠯᠡᠪᠡ᠃ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ ᠬᠢᠨᠠᠨ ᠵᠦᠪᠯᠡᠯᠬᠡ᠎ᠳᠤ ᠤᠷᠤᠯᠴᠠᠯ᠎ᠠ᠃
ᠭᠡᠰᠢᠭᠦᠳ᠄ 《〈ᠬᠣᠶᠠᠷ ᠳᠡᠭᠡᠳᠦ ᠵᠡᠷᠬᠡ ᠵᠢᠨ ᠬᠣᠷᠢᠶ᠎ᠠ〉 ᠵᠢᠨ᠎ᠬᠢᠨ᠎ᠤ ᠠᠵᠢᠯ᠎ᠤᠨ ᠢᠯᠡᠳᠬᠡᠯ᠎ᠳᠤ ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠠᠷᠠᠳ᠎ᠤᠨ ᠲᠥᠯᠥᠭᠡ ᠬᠠᠤᠯᠢ ᠪᠠᠷᠢᠬᠤ᠂ ᠲᠥᠪ ᠭᠣᠣᠯᠴᠢ᠎ᠪᠠᠷ ᠬᠠᠤᠯᠢ ᠪᠠᠷᠢᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠵᠦ᠂ ᠠᠮᠤᠷ ᠠᠮᠤᠭᠤᠯᠠᠩ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠳᠤᠮᠳᠠ ᠰᠢᠨ᠎ᠡ ᠡᠭᠦᠷᠭᠡᠯᠡᠯ ᠪᠠ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠬᠦ ᠳᠤᠮᠳᠠ ᠰᠢᠨ᠎ᠡ ᠵᠢᠳᠬᠦᠯ ᠴᠢᠷᠮᠠᠢ᠌ᠯᠭ᠎ᠠ᠎ᠪᠠᠨ ᠢᠯᠡᠷᠡᠬᠦᠯᠤᠬᠡᠳ ᠬᠠᠤᠯᠢ ᠴᠠᠭ᠋ᠠᠵᠠ ᠵᠢᠨ ᠥᠭᠡᠷᠡᠴᠢᠯᠡᠯᠲᠡ ᠵᠢ ᠠᠬᠢᠭᠤᠯᠬᠤ ᠳᠤᠮᠳᠠ ᠰᠢᠨ᠎ᠡ ᠠᠬᠢᠴᠠ᠎ᠲᠠᠢ ᠪᠣᠯᠵᠤ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠦᠢ᠍ᠯᠡᠳᠦᠯᠭᠡᠵᠢᠭᠦᠯᠬᠦ ᠳᠤᠮᠳᠠ ᠰᠢᠨ᠎ᠡ ᠳᠦᠷᠰᠦ ᠪᠠᠢ᠌ᠳᠠᠯ ᠵᠶ᠋ᠠᠨ ᠢᠯᠡᠷᠡᠬᠦᠯᠵᠡᠢ》 ᠬᠡᠵᠡᠬᠡᠪᠡ᠃
ᠭᠡᠰᠢᠭᠦᠨ ᠧ ᠰᠢᠶᠣᠣ ᠮᠧᠶ᠄ 《〈ᠬᠣᠶᠠᠷ ᠳᠡᠭᠡᠳᠦ ᠵᠡᠷᠬᠡ ᠵᠢᠨ ᠰᠢᠭᠦᠬᠦ ᠬᠣᠷᠢᠶ᠎ᠠ〉 ᠵᠢᠨ ᠠᠵᠢᠯ᠎ᠤᠨ ᠢᠯᠡᠳᠬᠡᠯ ᠢ ᠰᠣᠨᠣᠰᠴᠤ ᠰᠤᠳᠤᠯᠤᠨ ᠤᠩᠰᠢᠭ᠋ᠠᠳ᠂ ᠥᠩᠭᠡᠷᠡᠭᠰᠡᠨ ᠨᠢᠭᠡ ᠵᠢᠯ᠎ᠳᠤ ᠠᠷᠠᠳ᠎ᠤᠨ ᠳᠡᠭᠡᠳᠦ ᠵᠡᠷᠬᠡ ᠵᠢᠨ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠵᠡᠷᠬᠡ ᠵᠢᠨ ᠪᠠᠢ᠌ᠴᠠᠭ᠋ᠠᠬᠤ ᠬᠣᠷᠢᠶ᠎ᠠ ᠵᠢᠨ᠎ᠬᠢᠨ ᠤᠯᠤᠰ᠎ᠤᠨ ᠠᠮᠤᠷ ᠲᠦᠪᠰᠢᠨ ᠪᠠ ᠨᠡᠢ᠌ᠭᠡᠮ᠎ᠤᠨ ᠲᠣᠭᠲᠠᠭᠤᠨ᠎ᠢ ᠬᠠᠮᠠᠭ᠋ᠠᠯᠠᠬᠤ᠂ ᠴᠢᠨᠠᠷᠯᠢᠭ ᠬᠥᠭᠵᠢᠯᠲᠡ᠎ᠳᠤ ᠦᠢ᠍ᠯᠡᠴᠢᠯᠡᠬᠦ᠂ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠪᠠᠲᠤᠯᠠᠬᠤ ᠵᠡᠷᠭᠡ ᠲᠠᠯ᠎ᠠ᠎ᠪᠠᠷ ᠢᠯᠡᠳᠲᠡ ᠠᠮᠵᠢᠯᠲᠠ ᠣᠯᠵᠤ᠂ ᠡᠯ᠎ᠡ ᠵᠦᠢ᠍ᠯ᠎ᠤᠨ ᠠᠵᠢᠯ᠎ᠳᠤ᠎ᠪᠠᠨ ᠴᠦ᠍ ᠯᠤᠳᠤ ᠪᠦᠲᠦᠮᠵᠢ ᠣᠯᠣᠭᠰᠠᠨ᠎ᠢ ᠮᠡᠳᠡᠯ᠎ᠡ》 ᠬᠡᠵᠡᠢ᠃ ᠭᠡᠰᠢᠭᠦᠳ ᠶᠠᠷᠢᠯᠴᠠᠭ᠋ᠠᠨ᠎ᠤ ᠳᠤᠮᠳᠠ᠂ 《ᠬᠣᠶᠠᠷ ᠳᠡᠭᠡᠳᠦ ᠵᠡᠷᠬᠡ ᠵᠢᠨ ᠰᠢᠭᠦᠬᠦ ᠬᠣᠷᠢᠶ᠎ᠠ》 ᠵᠢᠨ ᠠᠵᠢᠯ᠎ᠤᠨ ᠢᠯᠡᠳᠬᠡᠯ᠎ᠤᠨ ᠲᠣᠭᠣᠷᠢᠨ᠎ᠳᠤ ᠲᠣᠰ ᠪᠡᠶ᠎ᠡ ᠵᠢᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠭᠰᠡᠨ ᠪᠠ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠴᠢᠨᠠᠷᠯᠢᠭ ᠬᠥᠭᠵᠢᠯᠲᠡ ᠵᠢ ᠪᠠᠲᠤᠯᠠᠬᠤ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠳᠡᠮᠵᠢᠬᠦ᠂ ᠭᠠᠳᠠᠭ᠋ᠠᠳᠤ᠎ᠳᠤ ᠬᠣᠯᠪᠣᠭᠳᠠᠬᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠠᠬᠢᠭᠤᠯᠬᠤ᠂ ᠵᠣᠬᠢᠶᠠᠮᠠᠯ ᠣᠶᠤᠨᠯᠢᠭ᠎ᠤᠨ ᠬᠠᠤᠯᠢ ᠲᠣᠭᠲᠠᠭ᠋ᠠᠬᠤ ᠵᠢ ᠠᠬᠢᠭᠤᠯᠬᠤ᠂ ᠠᠷᠠᠳ ᠣᠯᠠᠨ᠎ᠤ ᠪᠠᠴᠢᠮᠳᠠᠯ ᠬᠦᠴᠢᠷᠳᠡᠯ ᠵᠣᠪᠠᠨᠢᠯ ᠬᠦᠰᠡᠯ᠎ᠢ ᠨᠠᠩ ᠶᠡᠬᠡ ᠡᠷᠴᠢᠮ ᠵᠶ᠋ᠡᠷ ᠰᠢᠢ᠍ᠳᠪᠦᠷᠢᠯᠡᠬᠦ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠪᠠ᠃
《ᠬᠡᠰᠢᠬᠦᠨ᠎ᠤ ᠲᠤᠰᠢᠶᠠᠯ ᠬᠠᠷᠢᠭᠤᠴᠠᠯᠭ᠎ᠠ᠎ᠪᠠᠨ ᠤᠯᠠᠮ ᠰᠠᠢ᠌ᠲᠤᠷ ᠭᠦᠢ᠍ᠴᠡᠳᠬᠡᠵᠦ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠬᠤ᠎ᠯᠤᠭ᠎ᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠠᠷᠢᠴᠨ ᠪᠠ ᠬᠦᠴᠤᠯᠡᠴᠨ ᠵᠢ ᠣᠨᠣᠪᠴᠢᠲᠠᠶ ᠡᠷᠢᠨ ᠣᠯᠵᠤ ᠰᠠᠨᠠᠭᠤᠯᠭ᠎ᠠ ᠵᠢ ᠨᠡᠡᠭ ᠠᠯᠤᠰ ᠬᠡᠳᠤ ᠵᠢᠨ ᠪᠠ ᠨᠠᠷᠢᠯᠢᠭ ᠤᠨᠤᠪᠴᠢᠳᠠᠢ ᠪᠤᠯᠭ᠋ᠠᠵᠤ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠬᠤ ᠭᠦᠨᠴᠡ ᠵᠢ ᠥᠷᠭᠡᠳᠬᠡᠵᠦ᠂ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠵᠢ ᠲᠡᠭᠡᠭᠰᠢᠯᠡᠬᠦᠯᠤᠬᠡᠳ ᠬᠠᠤᠯᠢ ᠪᠠᠷᠢᠬᠤ ᠠᠵᠢᠯ᠎ᠤᠨ ᠣᠳᠣᠬᠢᠴᠢᠯᠠᠯᠲᠠ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢ ᠲᠤᠯᠭ᠋ᠠᠭᠤᠷᠢᠯᠠᠬᠤ ᠪᠠ ᠲᠡᠭᠦᠨ᠎ᠳᠤ ᠦᠢ᠍ᠯᠡᠴᠢᠯᠡᠬᠦ᠎ᠳᠤ ᠬᠦᠴᠦᠨ ᠨᠡᠮᠡᠷᠢᠯᠡᠨ᠎ᠡ》 ᠭᠡᠵᠦ ᠭᠡᠰᠢᠭᠦᠳ ᠰᠠᠨᠠᠯ ᠨᠢᠭᠡᠲᠡᠢ ᠢᠯᠡᠷᠬᠡᠢ᠌ᠯᠡᠪᠡ᠃
ᠥᠪᠥᠷ ᠮᠣᠩᠭᠣᠯ᠎ᠳᠤ ᠰᠠᠭᠤᠭ᠎ᠠ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠪᠠᠢ ᠴᠢᠩ ᠶᠤᠸᠠᠨ᠂ ᠬᠦᠤᠳᠠᠭᠤᠯᠨ᠂ ᠰᠦᠨ ᠵᠢᠶᠦ᠋ᠨ ᠴᠢᠩ᠂ ᠠᠨ ᠷᠦᠨ ᠱᠧᠩ ᠨᠠᠷ ᠥᠪᠡᠷ ᠥᠪᠡᠷ᠎ᠤᠨ ᠪᠠᠢ᠌ᠭ᠎ᠠ ᠳᠤᠭᠤᠢ᠌ᠯᠠᠩ᠎ᠤᠨ ᠶᠠᠷᠢᠯᠴᠠᠭ᠎ᠠ᠎ᠳᠤ ᠣᠷᠣᠯᠴᠠᠪᠠ᠃