ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ 3 ᠳ᠋ᠤᠭ᠋ᠠᠷ ᠰᠠᠷ᠎ᠠ ᠵᠢᠨ 14᠎ᠤ ᠡᠳᠦᠷ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠪᠠ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠬᠤᠷᠠᠯᠳᠤᠭᠤᠯᠵᠤ᠂ ᠲᠥᠪ ᠬᠣᠷᠢᠶᠠᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ 《ᠪᠦᠬᠦ ᠨᠠᠮ᠎ᠤᠨ ᠳᠣᠲᠣᠷ᠎ᠠ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ ᠠᠷᠠᠳ᠎ᠤᠨ ᠶᠠᠪᠤᠳᠠᠯ᠎ᠤᠨ ᠶᠠᠮᠤᠨ᠎ᠤ ᠰᠤᠷᠤᠯᠴᠠᠯᠭ᠎ᠠ ᠬᠥᠮᠦᠵᠢᠯ᠎ᠤᠨ ᠬᠡᠷᠡᠭᠵᠢᠭᠦᠯᠬᠦ ᠲᠥᠰᠥᠯ᠎ᠢ ᠬᠢᠨᠠᠨ ᠶᠠᠷᠢᠯᠴᠠᠵᠤ ᠪᠠᠲᠤᠯᠠᠨ ᠠᠷᠠᠳ᠎ᠤᠨ ᠶᠠᠪᠤᠳᠠᠯ᠎ᠤᠨ ᠶᠠᠮᠤᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠪᠠᠢ᠌ᠷᠢᠯᠠᠭᠤᠯᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠷᠠᠯ ᠲᠡᠬᠡᠷ᠎ᠡ᠄ 《ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠰᠤᠷᠤᠯᠴᠠᠯᠭ᠎ᠠ ᠬᠥᠮᠦᠵᠢᠯ᠎ᠢ 〈ᠬᠣᠶᠠᠷ᠎ᠢ ᠲᠤᠬᠳᠠᠭ᠋ᠠᠬᠰᠠᠨ〉᠎ᠢ ᠡᠷᠡᠰ ᠬᠦᠷᠢᠶᠡᠯᠡᠬᠦ ᠪᠣᠯᠭ᠋ᠠᠵᠤ᠂ 〈ᠬᠣᠶᠠᠷ᠎ᠢ ᠬᠠᠮᠠᠭ᠋ᠠᠯᠠᠬᠤ〉 ᠵᠢᠨ ᠴᠢᠬᠤᠯᠠ ᠰᠢᠯᠭ᠋ᠠᠯᠲᠠ ᠵᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡ᠊ᠢ᠃ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠳᠣᠲᠣᠭ᠋ᠠᠳᠤ ᠱᠠᠭ᠋ᠠᠷᠳᠠᠯᠭ᠎ᠠ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠰᠤᠷᠲᠠᠯ᠎ᠤᠨ ᠪᠠᠢ᠌ᠭᠤᠯᠤᠯᠲᠠ ᠵᠢ ᠴᠥᠬᠥᠷᠡᠰᠢ ᠦᠭᠡᠢ ᠭᠦᠨᠵᠡᠭᠡᠢ᠌ᠷᠡᠭᠦᠯᠬᠦ ᠵᠢᠨ ᠴᠢᠬᠤᠯᠠ ᠠᠷᠭ᠎ᠠ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠠᠩᠭᠢᠯᠠᠭ᠎ᠠ ᠵᠢᠨ ᠲᠤᠯᠭ᠋ᠠᠭᠤᠷᠢᠯᠠᠯ ᠭᠡᠳᠡᠭ᠎ᠢ ᠭᠦᠨᠵᠡᠭᠡᠢ ᠲᠠᠨᠢᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠪᠠᠷ ᠲᠣᠬᠢᠶᠠᠯ ᠪᠣᠯᠭ᠋ᠠᠵᠤ ᠥᠪᠡᠷ᠎ᠤᠨ ᠪᠡᠶ᠎ᠡ᠎ᠳᠤ᠎ᠪᠠᠨ ᠲᠤᠢ᠌ᠯᠪᠤᠷᠢᠲᠠᠢ ᠬᠤᠪᠢᠰᠬᠠᠯ ᠬᠢᠬᠦ ᠵᠣᠷᠢᠭ ᠰᠠᠨᠠᠭ᠎ᠠ ᠵᠢ ᠪᠠᠳᠠᠷᠠᠭᠤᠯᠵᠤ ᠬᠠᠷᠢᠭᠤᠴᠠᠯᠭ᠎ᠠ ᠡᠬᠦᠷᠬᠡᠯᠡᠯ᠎ᠢ ᠴᠢᠩᠭ᠋ᠠᠳᠬᠠᠵᠤ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ᠎ᠢ ᠰᠥᠷᠦᠨ ᠤᠷᠤᠭᠰᠢᠯᠠᠬᠤ ᠰᠤᠷᠲᠠᠯ᠎ᠤᠨ ᠪᠠᠢ᠌ᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠯᠠᠪᠳᠠᠭᠤᠨ ᠵᠶ᠋ᠠᠷ ᠬᠤᠯᠠ ᠠᠶᠠᠯᠠᠬᠤ ᠵᠢ ᠬᠠᠮᠠᠭ᠋ᠠᠯᠠᠬᠤ ᠬᠡᠷᠡᠭᠲᠡᠢ》 ᠭᠡᠵᠤ ᠱᠠᠭ᠋ᠠᠷᠳᠠᠪᠠ᠃
ᠬᠤᠷᠠᠯ ᠲᠡᠬᠡᠷ᠎ᠡ᠄ 《ᠠᠷᠠᠳ᠎ᠤᠨ ᠶᠠᠪᠤᠳᠠᠯ᠎ᠤᠨ ᠶᠠᠮᠤᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠴᠢᠨᠠᠷᠵᠢᠭᠤᠨ ᠠᠬᠢᠭᠤᠯᠵᠤ᠂ ᠬᠣᠯᠪᠣᠭᠳᠠᠯ ᠪᠦᠬᠦᠢ ᠠᠵᠢᠯ᠎ᠢ ᠪᠤᠰᠢᠭᠤᠬᠠᠨ ᠡᠬᠢᠯᠡᠬᠦᠯᠬᠡᠳ ᠪᠦᠬᠦ ᠲᠠᠯ᠎ᠠ᠎ᠪᠠᠷ ᠥᠷᠨᠢᠭᠦᠯᠬᠦ ᠬᠡᠷᠡᠭᠲᠡᠢ᠃ ᠰᠤᠷᠤᠯᠴᠠᠨ ᠰᠤᠳᠤᠯᠤᠨ ᠶᠠᠷᠢᠯᠴᠠᠬᠤ ᠠᠵᠢᠯ᠎ᠢ ᠭᠦᠨᠵᠡᠭᠡᠢ᠌ᠷᠡᠭᠦᠯᠵᠦ᠂ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠪᠣᠯᠣᠨ ᠲᠥᠪ᠎ᠤᠨ ᠨᠠᠢ᠍ᠮᠠᠨ ᠲᠣᠭᠲᠠᠭ᠋ᠠᠯ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠬᠤ ᠬᠡᠷᠡᠭᠲᠡᠢ᠃ ᠠᠰᠠᠭᠤᠳᠠᠯ᠎ᠢ ᠬᠢᠨᠠᠮᠠᠭ᠋ᠠᠢ ᠪᠠᠢ᠌ᠴᠠᠭ᠋ᠠᠨ ᠳᠡᠯᠭᠡᠵᠦ᠂ ᠤᠷᠴᠢᠮ᠎ᠤᠨ ᠵᠢᠯ᠎ᠤᠨ ᠲᠤᠷᠰᠢᠬᠢ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠲᠤᠷᠰᠢᠯᠭ᠎ᠠ᠂ ᠦᠷ᠎ᠡ ᠪᠦᠲᠦᠮᠵᠢ ᠵᠢ ᠳ᠋ᠦᠩᠨᠡᠨ ᠡᠮᠬᠢᠯᠡᠭᠰᠡᠨ ᠰᠠᠭᠤᠷᠢᠨ ᠳᠡᠭᠡᠷ᠎ᠡ ᠨᠠᠮ᠎ᠤᠨ ᠲᠥᠪ ᠬᠣᠷᠢᠶᠠᠨ᠎ᠤ ᠰᠢᠨ᠎ᠡ ᠪᠠᠢ᠌ᠷᠢᠯᠠᠭᠤᠯᠤᠯᠲᠠ ᠰᠢᠨ᠎ᠡ ᠱᠠᠭ᠋ᠠᠷᠳᠠᠯᠭ᠎ᠠ ᠵᠢᠴᠢ ᠤᠯᠠᠨ ᠲᠦᠮᠡᠨ᠎ᠤ ᠲᠤᠰᠬᠠᠯ ᠴᠢᠩᠭ᠎ᠠ ᠲᠣᠪᠣᠢ᠌ᠮ᠎ᠠ ᠠᠰᠠᠭᠤᠳᠠᠯ᠎ᠢ ᠬᠠᠷᠭᠤᠭᠤᠯᠤᠨ ᠢᠯᠡᠳᠬᠡᠵᠦ ᠥᠪᠡᠷ᠎ᠢ᠎ᠪᠠᠨ ᠭᠦᠨᠵᠡᠭᠡᠢ ᠪᠠᠢ᠌ᠴᠠᠭ᠋ᠠᠵᠤ ᠥᠪᠡᠷ᠎ᠢ᠎ᠪᠠᠨ ᠵᠠᠯᠠᠷᠠᠭᠤᠯᠵᠤ᠂ ᠠᠰᠠᠭᠤᠳᠠᠯ᠎ᠤᠨ ᠨᠠᠷᠢᠨ ᠲᠠᠩᠰᠠ ᠪᠠᠢ᠌ᠭᠤᠯᠤᠭ᠋ᠠᠳ ᠠᠰᠠᠭᠤᠳᠠᠯ᠎ᠤᠨ ᠦᠨᠳᠦᠰᠦ ᠰᠤᠷᠪᠤᠯᠵᠢ ᠵᠢ ᠭᠦᠨ ᠠᠭᠤᠳᠠᠯᠬᠤ ᠬᠡᠷᠡᠭᠲᠡᠢ᠃ ᠴᠡᠭᠴᠡᠯᠡᠨ ᠰᠠᠢ᠌ᠵᠢᠷᠠᠭᠤᠯᠬᠤ ᠠᠷᠭ᠎ᠠ ᠲᠣᠭᠲᠠᠭ᠋ᠠᠵᠤ᠂ ᠡᠬᠡ ᠲᠠᠩᠰᠠ ᠵᠢᠨ ᠮᠠᠶᠢᠭ᠎ᠤᠨ ᠬᠠᠮᠢᠶᠠᠷᠤᠯᠲᠠ᠂ ᠲᠥᠷᠥᠯ ᠵᠦᠢᠯᠴᠢᠯᠡᠨ ᠠᠬᠢᠭᠤᠯᠬᠤ ᠠᠷᠭ᠎ᠠ ᠪᠠᠷ ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠢ ᠭᠦᠨᠵᠡᠭᠡᠢ᠌ᠷᠡᠭᠦᠯᠦᠨ᠂ ᠬᠡᠯᠪᠡᠷᠢᠴᠢ ᠦᠵᠡᠯ᠎ᠢ ᠴᠡᠭᠴᠡᠯᠡᠨ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠪᠠᠢ᠌ᠷᠢᠯᠠᠭᠤᠯᠤᠯᠲᠠ ᠵᠢᠨ ᠠᠷᠭ᠎ᠠ ᠵᠢᠨ ᠲᠣᠬᠢᠷᠠᠭᠤᠯᠤᠯᠲᠠ ᠵᠢ ᠡᠷᠡᠰ ᠨᠠᠢ᠌ᠳᠠᠪᠤᠷᠢᠵᠢᠭᠤᠯᠬᠤ ᠬᠡᠷᠡᠭᠲᠡᠢ᠃ ᠨᠡᠬᠡᠬᠡᠯᠳᠡ᠎ᠲᠠᠢ᠎ᠪᠠᠷ ᠰᠤᠷᠭ᠋ᠠᠨ ᠬᠥᠮᠥᠵᠢᠭᠦᠯᠬᠦ᠂ ᠥᠷᠭᠡᠨ ᠵᠶ᠋ᠡᠷ ᠰᠠᠨᠠᠯ ᠬᠤᠷᠢᠶᠠᠬᠤ ᠵᠢ ᠪᠠᠷᠢᠮᠲᠠᠯᠠᠵᠤ ᠪᠠᠢ᠌ᠴᠠᠭ᠋ᠠᠨ ᠰᠤᠳᠤᠯᠤᠯᠲᠠ ᠵᠢ ᠰᠠᠢ᠌ᠵᠢᠷᠠᠭᠤᠯᠵᠤ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ᠂ 〈ᠬᠣᠶᠠᠷ ᠬᠦᠴᠦᠯᠡᠬᠦ〉 ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠬᠤ᠎ᠪᠠᠷ ᠭᠣᠣᠯᠯᠠᠭᠤᠯᠤᠨ 〈ᠲᠦᠷᠪᠡᠨ ᠰᠢᠰᠲ᠋ᠧᠮ》〉᠎ᠢ ᠲᠡᠭᠦᠯᠳᠡᠷᠵᠢᠭᠦᠯᠵᠦ ᠤᠯᠠᠨ ᠲᠦᠮᠡᠨ᠎ᠳᠤ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠰᠠᠢ᠌ᠨ ᠶᠠᠪᠤᠳᠠᠯ᠂ ᠪᠣᠳᠠᠲᠠᠢ ᠶᠠᠪᠤᠳᠠᠯ ᠬᠢᠵᠦ ᠬᠦᠴᠢᠷ ᠶᠠᠪᠤᠳᠠᠯ᠎ᠢ᠎ᠨᠢ ᠰᠢᠢ᠍ᠳᠪᠦᠷᠢᠯᠡᠵᠦ ᠥᠭᠬᠦ ᠬᠡᠷᠡᠭᠲᠡᠢ》 ᠬᠡᠯᠡ᠃
ᠬᠤᠷᠠᠯ ᠲᠡᠬᠡᠷ᠎ᠡ᠄ 《ᠰᠤᠷᠤᠯᠴᠠᠯᠭ᠎ᠠ ᠬᠥᠮᠦᠵᠢᠯ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠠᠵᠢᠯ᠎ᠤᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠌ᠵᠢᠭᠤᠯᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ ᠰᠤᠷᠤᠯᠴᠠᠯᠭ᠎ᠠ ᠬᠥᠮᠦᠵᠢᠯ᠎ᠤᠨ ᠪᠦᠬᠦ ᠲᠠᠯ᠎ᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ 〈ᠨᠢᠭᠡ ᠠᠵᠢᠯ᠎ᠤᠨ ᠪᠠᠢ᠌ᠷᠢ ᠬᠣᠶᠠᠷ ᠬᠠᠷᠢᠭᠤᠴᠠᠯᠭ᠎ᠠ〉 ᠵᠢ ᠨᠠᠢ᠌ᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠢ᠌ᠭ᠎ᠠ ᠨᠢᠬᠡᠴᠢ ᠪᠣᠯᠣᠨ ᠬᠦᠷᠢᠶᠡᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃ ᠡᠯ᠎ᠡ ᠨᠢᠬᠡᠴᠢ ᠵᠢᠨ᠎ᠬᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠢ ᠴᠢᠬᠤᠯᠠ ᠤᠯᠤᠰ ᠲᠦᠷᠦ ᠵᠢᠨ ᠡᠭᠦᠷᠭᠡ᠎ᠪᠠᠨ ᠪᠣᠯᠭ᠋ᠠᠵᠤ ᠴᠢᠬᠤᠯᠠᠴᠢᠯᠠᠬᠤ ᠵᠢᠨ ᠶᠡᠬᠡ᠎ᠪᠠᠷ ᠴᠢᠬᠤᠯᠠᠴᠢᠯᠠᠨ ᠨᠢᠮᠪᠠᠢ ᠵᠣᠬᠢᠶᠠᠨ ᠪᠠᠢ᠌ᠭᠤᠯᠵᠤ ᠨᠠᠮ᠎ᠤᠨ ᠭᠡᠰᠢᠭᠦᠨ ᠺᠠᠳ᠋ᠷᠴᠤᠳ᠎ᠢ ᠠᠵᠢᠯ᠎ᠤᠨ ᠰᠤᠷᠲᠠᠯ ᠵᠶ᠋ᠠᠨ ᠦᠷᠭᠦᠯᠵᠢᠯᠡᠨ ᠰᠠᠢ᠌ᠵᠢᠷᠠᠭᠤᠯᠬᠤ ᠲᠡᠢ᠌ᠰᠢ ᠵᠢᠯᠤᠭᠣᠳᠴᠤ ᠠᠵᠢᠯ ᠬᠢᠵᠦ ᠦᠢ᠍ᠯᠡᠰ ᠪᠣᠰᠬᠠᠬᠤ ᠴᠤᠭ ᠰᠦᠯᠳᠡ᠎ᠪᠠᠨ ᠴᠢᠨᠠᠭᠰᠢᠳᠠ ᠪᠠᠳᠠᠷᠠᠭᠤᠯᠵᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ》 ᠭᠡᠵᠤ ᠲᠤᠷᠠᠳᠤᠬᠰᠠᠨ ᠪᠠᠢ᠌ᠨ᠎ᠠ᠃