ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠢ᠌ᠷᠡᠭᠦᠯᠬᠦ ᠠᠵᠢᠯ᠎ᠤᠨ ᠪᠠᠢ᠌ᠷᠢᠯᠠᠭᠤᠯᠤᠯᠲᠠ ᠵᠢᠨ ᠲᠧᠯᠸᠢᠰ ᠤᠲᠠᠰᠤ ᠬᠤᠷᠠᠯ᠎ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄ 2025-04-23

    ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠢ᠌ᠷᠡᠭᠦᠯᠬᠦ ᠠᠵᠢᠯ᠎ᠤᠨ ᠪᠠᠢ᠌ᠷᠢᠯᠠᠭᠤᠯᠤᠯᠲᠠ ᠵᠢᠨ ᠲᠧᠯᠸᠢᠰ ᠤᠳᠠᠰᠤ ᠬᠤᠷᠠᠯ᠎ᠢ ᠬᠤᠷᠠᠯᠳᠤᠭᠤᠯᠵᠤ᠂ 《ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠢ᠌ᠷᠡᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (  《ᠰᠠᠨᠠᠯ》 ᠭᠡᠵᠦ ᠲᠤᠪᠴᠢᠯᠠᠶ᠎ᠠ)᠎ᠤᠨ ᠡᠭᠦᠷᠭᠡ ᠱᠠᠭ᠋ᠠᠷᠳᠠᠯᠭ᠎ᠠ ᠵᠢ ᠪᠠᠢ᠌ᠷᠢᠯᠠᠭᠤᠯᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠬᠤ᠌ ᠬᠠᠢ ᠹᠧᠩ ᠬᠤᠷᠠᠯ ᠡᠷᠭᠢᠯᠡᠪᠡ᠃
   ᠬᠤᠷᠠᠯ ᠲᠡᠬᠡᠷ᠎ᠡ᠄ 《ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠢ᠌ᠷᠡᠭᠦᠯᠬᠦ ᠪᠣᠯ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠢ ᠵᠢ ᠡᠷᠬᠢᠮᠯᠡᠭᠰᠡᠨ ᠠᠷᠭ᠎ᠠ᠂ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠲᠦᠷᠭᠡᠨ ᠬᠡᠷᠡᠭᠵᠢᠭᠦᠯᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ᠂  ᠨᠠᠰᠤᠲᠠᠢ᠌ᠴᠤᠳ᠎ᠲᠤ ᠵᠣᠯ ᠵᠢᠷᠭ᠋ᠠᠯᠲᠤ ᠥᠲᠡᠯᠦᠭᠡ ᠨᠠᠰᠤᠨ᠎ᠤ ᠠᠮᠢᠳᠤᠷᠠᠯ᠎ᠢ ᠨᠡᠩ ᠰᠠᠢ᠌ᠨ ᠡᠳ᠋ᠯᠡᠭᠦᠯᠬᠦ ᠵᠢᠨ ᠲᠤᠯᠭ᠋ᠠᠮ ᠱᠠᠭ᠋ᠠᠷᠳᠠᠯᠭ᠎ᠠ ᠮᠥᠨ》 ᠬᠡᠵᠡᠢ᠃
   ᠬᠤᠷᠠᠯ ᠲᠡᠬᠡᠷ᠎ᠡ᠄ 《ᠡᠯ᠎ᠡ ᠭᠠᠵᠠᠷ᠎ᠤᠨ᠎ᠬᠢᠨ ᠬᠣᠲᠠ ᠬᠥᠳᠡᠭᠡ ᠵᠢ ᠬᠠᠮᠤᠷᠤᠭᠰᠠᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠤᠷᠵᠢᠯ᠎ᠢ ᠲᠦᠷᠭᠡᠪᠴᠢᠯᠡᠨ ᠲᠡᠬᠦᠯᠳᠡᠷᠵᠢᠬᠦᠯᠤᠬᠡᠳ ᠲᠣᠰ ᠭᠠᠵᠠᠷ ᠣᠷᠣᠨ᠎ᠤ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠲᠤᠤᠷᠵᠢᠯ᠎ᠤᠨ ᠪᠠᠢ᠌ᠭᠤᠯᠤᠯᠲᠠ ᠪᠠ ᠴᠢᠳᠠᠮᠵᠢ ᠵᠢ ᠪᠠᠳᠠᠷᠠᠭᠤᠯᠵᠤ ᠪᠠᠢ᠌ᠭ᠎ᠠ ᠪᠠᠢ᠌ᠳᠠᠯ᠎ᠢ ᠬᠢᠨᠠᠮᠠᠭ᠋ᠠᠢ ᠡᠮᠬᠢᠯᠡᠵᠦ᠂ ᠭᠤᠷᠪᠠᠨ ᠱᠠᠲᠤᠨ᠎ᠤ ᠲᠣᠣᠷ ᠰᠦᠯᠵᠢᠶ᠎ᠡ ᠵᠢᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ  ᠠᠬᠢᠭᠤᠯᠵᠤ᠂ 〈ᠨᠢᠭᠡ ᠮᠥᠴᠡ ᠵᠢᠨ ᠲᠤᠳᠤᠷᠠᠬᠢ〉 ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠭᠡᠷ ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠪᠠᠢ᠌ᠭᠤᠯᠤᠮᠵᠢ ᠵᠢᠨ ᠭᠤᠷᠪᠠᠨ ᠲᠥᠷᠥᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠯᠪᠡᠷᠢ ᠪᠠᠢ᠌ᠳᠠᠯ᠎ᠢ ᠨᠠᠩ ᠰᠠᠢ᠌ᠲᠤᠷ ᠨᠡᠪᠲᠡᠷᠡᠭᠦᠯᠦᠨ ᠵᠣᠬᠢᠴᠠᠭᠤᠯᠵᠤ᠂ ᠭᠤᠷᠪᠠᠨ ᠲᠥᠷᠥᠯ᠎ᠤᠨ ᠦᠢ᠍ᠯᠡᠴᠢᠯᠡᠭᠡᠨ᠎ᠤ ᠲᠣᠰ ᠲᠣᠰ᠎ᠤᠨ ᠴᠢᠳᠠᠮᠵᠢ ᠵᠢ ᠴᠢᠩᠭ᠋ᠠᠷᠠᠭᠤᠯᠤᠨ᠂ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ ᠰᠢᠨ᠎ᠡ ᠲᠣᠭᠲᠠᠴᠠ ᠵᠢ ᠰᠦᠪᠡᠭᠴᠢᠯᠡᠵᠦ᠂ ᠨᠠᠰᠤᠲᠠᠢ᠌ᠴᠤᠳ᠎ᠲᠤ ᠭᠡᠷ ᠪᠦᠯᠢ᠂ ᠨᠡᠢ᠌ᠭᠡᠮ ᠲᠣᠭᠣᠷᠢᠭ᠂ ᠪᠠᠢ᠌ᠭᠤᠯᠤᠮᠵᠢ ᠵᠢᠨ ᠠᠯᠢᠨ᠎ᠳᠤ᠎ᠨᠢ ᠴᠤ᠌ ᠭᠡᠰᠡᠨ ᠴᠥᠮ ᠲᠥᠬᠥᠮ ᠳᠥᠲᠡ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠡᠳ᠋ᠯᠡᠭᠦᠯᠬᠦ ᠬᠡᠷᠡᠭᠲᠡᠢ᠃ ᠦᠨᠳᠦᠰᠦᠨ ᠵᠦᠢ᠍ᠯ᠎ᠢ ᠪᠠᠲᠤᠯᠠᠬᠤ ᠲᠦᠭᠡᠮᠡᠯ ᠬᠠᠷᠠᠭ᠋ᠠᠯᠵᠠᠯ᠎ᠤᠨ ᠵᠠᠬ᠎ᠠ ᠳᠡᠯᠭᠡᠭᠦᠷ᠎ᠤᠨ ᠭᠤᠷᠪᠠᠨ ᠲᠦᠷᠦᠯ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠯᠠᠪᠳᠠᠭᠤᠨ ᠪᠠᠲᠤᠲᠠᠢ ᠠᠬᠢᠭᠤᠯᠵᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠣᠷᠣᠵᠤ ᠰᠠᠭᠤᠬᠤ ᠴᠢᠬᠤᠯᠠᠲᠠᠢ ᠨᠠᠰᠤᠲᠠᠢ᠌ᠴᠤᠳ᠎ᠲᠤ ᠴᠥᠮ ᠲᠣᠬᠢᠷᠠᠮᠵᠢᠲᠠᠢ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠣᠯᠭᠣᠬᠤ ᠬᠡᠷᠡᠭᠲᠡᠢ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠭᠤᠷᠪᠠᠨ ᠲᠠᠯ᠎ᠠ ᠵᠢᠨ ᠬᠠᠮᠵᠢᠯᠴᠠᠬᠤ ᠲᠣᠭᠲᠠᠴᠠ ᠵᠢ ᠲᠠᠰᠤᠷᠠᠯᠲᠠ ᠦᠭᠡᠢ ᠲᠡᠬᠦᠯᠳᠡᠷᠵᠢᠬᠦᠯᠤᠬᠡᠳ ᠵᠠᠰᠠᠭ᠎ᠤᠨ ᠣᠷᠳᠣᠨ᠎ᠤ ᠭᠣᠣᠯᠯᠠᠬᠤ ᠦᠢ᠍ᠯᠡᠳᠦᠯ᠂ ᠵᠠᠬ᠎ᠠ ᠳᠡᠯᠭᠡᠭᠦᠷ᠎ᠤᠨ ᠡᠬᠢ ᠪᠠᠶᠠᠯᠢᠭ᠎ᠢ ᠲᠣᠬᠢᠷᠠᠭᠤᠯᠬᠤ ᠦᠢ᠍ᠯᠡᠳᠦᠯ᠂ ᠨᠡᠢ᠌ᠭᠡᠮ᠎ᠤᠨ ᠣᠷᠣᠯᠴᠠᠬᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ ᠬᠡᠷᠡᠭᠲᠡᠢ》 ᠭᠡᠵᠤ ᠴᠢᠬᠤᠯᠠᠴᠢᠯᠠᠯ᠎ᠠ᠃
   ᠬᠤᠷᠠᠯ ᠲᠡᠬᠡᠷ᠎ᠡ᠄ 《ᠡᠯ᠎ᠡ ᠭᠠᠵᠠᠷ᠎ᠤᠨ᠎ᠬᠢᠨ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ᠎ᠪᠠᠨ ᠴᠢᠩᠭ᠋ᠠᠳᠬᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠢ᠌ᠷᠡᠭᠦᠯᠬᠦ ᠠᠵᠢᠯ᠎ᠤᠨ ᠬᠠᠮ ᠬᠦᠴᠦᠨ᠎ᠢ ᠨᠢᠭᠲᠠᠷᠠᠭᠤᠯᠬᠤ ᠬᠡᠷᠡᠭᠲᠡᠢ᠃ ᠨᠠᠢ᠌ᠳᠠᠪᠤᠷᠢᠵᠢᠭᠤᠯᠬᠤ ᠲᠣᠭᠲᠠᠴᠠ ᠵᠢ ᠲᠡᠬᠦᠯᠳᠡᠷᠵᠢᠬᠦᠯᠵᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠳᠡᠮᠵᠢᠯᠭᠡ ᠵᠢ ᠣᠯᠬᠤ᠎ᠪᠠᠷ ᠢᠳᠡᠪᠬᠢᠲᠡᠢ ᠴᠢᠷᠮᠠᠢ᠌ᠵᠤ᠂ ᠨᠠᠰᠤᠲᠠᠢ᠌ᠴᠤᠳ᠎ᠤᠨ ᠠᠵᠢᠯ᠎ᠤᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠲᠦᠷᠦᠭᠦᠯᠡᠬᠦ ᠬᠠᠷᠢᠭᠤᠴᠠᠯᠭ᠎ᠠ ᠵᠢ ᠬᠢᠨᠠᠮᠠᠭ᠋ᠠᠢ ᠭᠦᠢ᠍ᠴᠡᠳᠬᠡᠬᠦ ᠬᠡᠷᠡᠭᠲᠡᠢ᠃ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠪᠡᠯᠡ ᠮᠥᠩᠭᠥ ᠲᠥᠬᠦᠭᠡᠷᠦᠮᠵᠢ ᠵᠢᠨ ᠪᠠᠲᠤᠯᠠᠭ᠎ᠠ᠂ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠷᠡᠭᠯᠡᠭᠡ ᠵᠡᠷᠭᠡ ᠵᠢ ᠴᠢᠩᠭ᠋ᠠᠳᠬᠠᠬᠤ ᠬᠡᠷᠡᠭᠲᠡᠢ᠃ ᠲᠥᠯᠦᠪᠵᠢᠭᠦᠯᠭᠡ᠎ᠪᠠᠷ ᠳᠠᠭ᠋ᠠᠭᠤᠯᠬᠤ ᠠᠵᠢᠯ᠎ᠢ ᠴᠢᠩᠭ᠋ᠠᠳᠬᠠᠵᠤ᠂ 〈ᠰᠠᠨᠠᠯ〉᠎ᠤᠨ ᠴᠢᠬᠤᠯᠠ ᠪᠠᠢ᠌ᠷᠢᠯᠠᠭᠤᠯᠤᠯᠲᠠ ᠵᠢ ᠲᠤᠰ ᠭᠠᠵᠠᠷ ᠣᠷᠣᠨ᠎ᠤ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠲᠣᠪᠴᠢ᠎ᠳᠤ ᠣᠷᠣᠭᠤᠯᠬᠤ ᠠᠵᠢᠯ᠎ᠢ ᠠᠬᠢᠭᠤᠯᠵᠤ ᠲᠤᠰ ᠭᠠᠵᠠᠷ ᠣᠷᠣᠨ᠎ᠤ ᠬᠥᠮᠥᠨ ᠠᠮᠠ ᠵᠢᠨ ᠨᠠᠰᠤᠵᠢᠯᠲᠠ ᠵᠢ ᠠᠷᠭ᠋ᠠᠴᠠᠭ᠋ᠠᠬᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠥᠭᠵᠢᠯᠲᠡ ᠵᠢ ᠠᠬᠢᠭᠤᠯᠬᠤ ᠬᠣᠯᠪᠣᠭᠳᠠᠯ ᠪᠦᠬᠦᠢ ᠲᠤᠰᠬᠠᠢ ᠵᠦᠢ᠍ᠯᠡᠰ᠎ᠤᠨ ᠲᠥᠯᠦᠪᠵᠢᠭᠦᠯᠭᠡ ᠵᠢ ᠰᠠᠢ᠌ᠲᠤᠷ ᠨᠠᠢ᠌ᠷᠠᠭᠤᠯᠤᠨ ᠵᠣᠬᠢᠶᠠᠬᠤ ᠬᠡᠷᠡᠭᠲᠡᠢ》 ᠭᠡᠵᠤ ᠱᠠᠭ᠋ᠠᠷᠳᠠᠪᠠ᠃
   ᠱᠠᠩᠬᠠᠢ᠂ ᠠᠨᠾᠦ᠋ᠢ᠂ ᠱᠠᠨᠳᠦ᠋ᠩ᠂ ᠴᠦᠩᠴᠢᠩ ᠵᠡᠷᠭᠡ ᠮᠤᠵᠢ (ᠬᠤᠳᠠ) ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ) ᠵᠢᠨ᠎ᠬᠢᠨ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠵᠠᠢ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠨᠠᠷᠢᠨ ᠪᠢᠴᠢᠭᠡᠴᠢ ᠵᠢᠨ ᠵᠢᠷᠭᠤᠳᠤᠭ᠋ᠠᠷ ᠲᠣᠪᠴᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠂ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠡᠭᠲ᠋ᠤᠸᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠪᠣᠯᠣᠨ ᠬᠣᠯᠪᠣᠭᠳᠠᠯ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠂ ᠠᠷᠠᠳ᠎ᠤᠨ ᠶᠠᠪᠤᠳᠠᠯ᠎ᠤᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ᠂ ᠰᠢᠭᠤᠳ ᠬᠠᠷᠢᠶ᠎ᠠ ᠨᠢᠬᠡᠴᠢ᠂ ᠶᠠᠮᠤᠨ᠎ᠤ ᠬᠠᠷᠢᠶ᠎ᠠ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠪᠠ᠃







   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠶᠠᠮᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ᠎ᠬᠢᠨ ᠰᠤᠷᠤᠯᠴᠠᠯᠭ᠎ᠠ ᠵᠢᠨ ᠬᠤᠷᠠᠯ ᠵᠢᠴᠢ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠬᠠᠪᠰᠤᠷᠤᠨ ᠵᠢᠯᠤᠭᠣᠳᠬᠤ ᠮᠡᠳᠡᠭᠦᠯᠦᠯᠲᠡ ᠵᠢᠨ ᠬᠤᠷᠠᠯ ᠡᠷᠬᠢᠯᠡᠪᠡ
ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ᠎ᠬᠢᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠬᠦ ᠵᠢᠨ ᠲᠣᠭᠣᠷᠢᠨ᠎ᠳᠤ ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠪᠡ
 
            