ᠠᠷᠠᠳ᠎ᠤᠨ ᠶᠠᠪᠤᠳᠠᠯ᠎ᠤᠨ ᠶᠠᠮᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩᠤᠨᠬᠢᠨᠤ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ᠎ᠬᠢᠨ 4 ᠳ᠋ᠤᠬᠡᠷ ᠰᠠᠷ᠎ᠠ ᠵᠢᠨ 21᠎ᠤ ᠡᠳᠦᠷ᠎ᠤᠨ ᠦᠳᠡ ᠵᠢᠨ ᠬᠣᠢ᠌ᠨ᠎ᠠ ᠰᠤᠷᠤᠯᠴᠠᠬᠤ (ᠥᠷᠭᠡᠳᠬᠡᠭᠰᠡᠨ) ᠬᠤᠷᠠᠯ ᠪᠠ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠵᠢᠯᠤᠭᠣᠳᠬᠤ ᠮᠡᠳᠡᠭᠦᠯᠦᠯᠲᠡ ᠵᠢᠨ ᠬᠤᠷᠠᠯ ᠬᠤᠷᠠᠯᠳᠤᠭᠤᠯᠵᠤ ᠰᠢ ᠵᠢᠨ ᠫᠢᠡᠭ ᠶᠡᠷᠤᠡᠭᠭᠡᠢ ᠱᠦᠵᠢ ᠵᠢᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠪᠠ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠤᠯᠠᠮ ᠭᠦᠨᠵᠡᠭᠡᠢ ᠰᠤᠷᠤᠯᠴᠠᠨ ᠣᠢ᠌ᠯᠠᠭ᠋ᠠᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ᠎ᠢ ᠡᠷᠭᠢᠯᠡᠪᠡ᠃
ᠬᠤᠷᠠᠯ ᠲᠡᠬᠡᠷ᠎ᠡ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠬᠣᠶᠠᠳᠤᠭ᠋ᠠᠷ ᠬᠢᠨᠠᠨ ᠪᠠᠢ᠌ᠴᠠᠭ᠋ᠠᠬᠤ ᠲᠠᠰᠤᠭ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠥᠬᠥᠳ᠎ᠢ ᠤᠷᠢᠵᠤ ᠵᠢᠯᠤᠭᠣᠳᠬᠤ ᠮᠡᠳᠡᠭᠦᠯᠦᠯᠲᠡ ᠬᠢᠯᠭᠡᠵᠡᠢ᠃ ᠮᠡᠳᠡᠬᠦᠯᠤᠯᠳᠡ᠎ᠳᠤ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠵᠢ ᠭᠦᠨᠵᠡᠭᠡᠢ ᠣᠢ᠌ᠯᠠᠭ᠋ᠠᠵᠤ᠂ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠣᠯᠣᠭᠰᠠᠨ ᠢᠯᠡᠳᠲᠡ ᠦᠷ᠎ᠡ ᠪᠦᠲᠦᠮᠵᠢ ᠵᠢ ᠭᠦᠢ᠍ᠴᠡᠳ ᠲᠠᠨᠢᠵᠤ᠂ ᠣᠳᠣᠬᠠᠨ᠎ᠳᠤ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠣᠨᠣᠪᠴᠢᠲᠠᠶ ᠡᠵᠡᠮᠰᠢᠵᠦ᠂ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠪᠠᠢ᠌ᠩᠭᠤ ᠪᠥᠭᠡᠳ ᠤᠷᠲᠤ ᠬᠤᠭᠤᠴᠠᠭ᠎ᠠ᠎ᠪᠠᠷ ᠭᠦᠨᠵᠡᠭᠡᠢ᠌ᠷᠡᠭᠦᠯᠦᠨ ᠨᠠᠢ᠌ᠳᠠᠪᠤᠷᠢᠵᠢᠭᠤᠯᠬᠤ ᠵᠡᠷᠭᠡ ᠳᠥᠷᠪᠡᠨ ᠲᠠᠯ᠎ᠠ᠎ᠪᠠᠷ ᠭᠣᠣᠯᠳᠠᠯᠭ᠎ᠠ ᠪᠣᠯᠭ᠋ᠠᠵᠤ᠂ ᠤᠷᠴᠢᠮ᠎ᠤᠨ ᠬᠡᠳᠦᠨ ᠵᠢᠯ᠎ᠳᠤ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ ᠨᠡᠢ᠌ᠲᠡᠯᠢᠭ ᠵᠢᠱ᠌ᠢᠶ᠎ᠡ᠎ᠲᠠᠢ ᠤᠶᠠᠯᠳᠤᠭᠤᠯᠤᠨ ᠭᠦᠨᠵᠡᠭᠡᠢ ᠲᠠᠢ᠌ᠯᠤᠮᠵᠢ ᠬᠢᠪᠡ᠃
ᠬᠤᠷᠠᠯ ᠲᠡᠬᠡᠷ᠎ᠡ᠄ 《ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠠᠬᠢᠭᠤᠯᠬᠤ ᠪᠣᠯ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠣᠯᠣᠨ᠎ᠠ᠃ ᠰᠤᠷᠤᠯᠴᠠᠯᠭ᠎ᠠ᠎ᠪᠠᠨ ᠭᠦᠨᠵᠡᠭᠡᠢ᠌ᠷᠡᠭᠦᠯᠵᠦ ᠦᠨᠳᠦᠰᠦ᠎ᠪᠠᠨ ᠪᠡᠬᠢᠵᠢᠭᠦᠯᠵᠦ ᠦᠨᠳᠦᠰᠦ᠎ᠪᠠᠨ ᠪᠠᠲᠤᠳᠬᠠᠬᠤ ᠬᠡᠷᠡᠭᠲᠡᠢ᠃ ᠨᠠᠮ᠎ᠤᠨ ᠭᠡᠰᠢᠭᠦᠨ᠂ ᠺᠠᠳ᠋ᠷᠴᠤᠳ᠎ᠢ ᠵᠣᠬᠢᠶᠠᠨ ᠪᠠᠢ᠌ᠭᠤᠯᠤᠨ ᠡᠮᠦᠨᠡᠬᠢ ᠬᠤᠭᠤᠴᠠᠭ᠋ᠠᠨ᠎ᠤ ᠰᠤᠷᠤᠯᠴᠠᠯᠭ᠎ᠠ ᠵᠢᠨ ᠰᠠᠭᠤᠷᠢᠨ ᠳᠡᠭᠡᠷ᠎ᠡ ᠨᠡᠢ᠌ᠲᠡᠯᠢᠭ ᠵᠢᠱ᠌ᠢᠶ᠎ᠡ ᠵᠢ ᠤᠯᠠᠮ ᠰᠠᠢ᠌ᠲᠤᠷ ᠰᠤᠷᠤᠯᠴᠠᠨ ᠰᠠᠢ᠌ᠲᠤᠷ ᠬᠡᠷᠡᠭᠯᠡᠵᠦ ᠲᠤᠰᠬᠠᠢ ᠰᠡᠳᠦᠪ ᠵᠶ᠋ᠡᠷ ᠰᠤᠳᠤᠯᠤᠨ ᠶᠠᠷᠢᠯᠴᠠᠬᠤ ᠪᠠ ᠭᠦᠨᠵᠡᠭᠡᠢ ᠵᠠᠳᠠᠯᠤᠨ ᠰᠢᠨᠵᠢᠯᠡᠬᠦ ᠵᠢ ᠥᠷᠨᠢᠭᠦᠯᠵᠦ ᠨᠠᠮ᠎ᠤᠨ ᠤᠨᠤᠯ᠎ᠤᠨ ᠰᠢᠨ᠎ᠡ ᠵᠢ ᠡᠭᠦᠳᠬᠦ ᠳᠤᠮᠳᠠ᠎ᠠᠴᠠ ᠨᠠᠮᠴᠢ ᠴᠢᠨᠠᠷ᠎ᠤᠨ ᠰᠢᠮ᠎ᠡ ᠲᠡᠵᠢᠭᠡᠯ᠎ᠢ ᠦᠷᠭᠦᠯᠵᠢᠯᠡᠨ ᠰᠢᠩᠭᠡᠬᠡᠨ ᠠᠪᠴᠤ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠬᠡᠪ ᠰᠤᠷᠲᠠᠯ᠎ᠢ ᠳᠠᠪᠲᠠᠨ ᠪᠣᠯᠪᠠᠰᠤᠷᠠᠭᠤᠯᠬᠤ ᠵᠢ ᠡᠳᠦᠷ ᠲᠤᠳᠤᠮ᠎ᠤᠨ ᠠᠮᠢᠳᠤᠷᠠᠯ᠎ᠳᠤ᠎ᠪᠠᠨ ᠠᠭᠤᠰᠬᠠᠵᠤ ᠵᠠᠡᠭᠰᠢᠯ ᠪᠤᠯᠭ᠋ᠠᠬᠤ ᠬᠡᠷᠡᠭᠲᠡᠢ᠃ ᠭᠣᠣᠯᠳᠠᠯᠭ᠎ᠠ ᠵᠢ ᠲᠤᠪᠤᠢ᠍ᠢ᠍ᠯᠭ᠋ᠠᠵᠤ ᠰᠢᠰᠲ᠋ᠧᠮ᠎ᠲᠠᠢ᠎ᠪᠠᠷ ᠠᠬᠢᠭᠤᠯᠬᠤ ᠬᠡᠷᠡᠭᠲᠡᠢ᠃ ᠲᠥᠪ᠎ᠠᠴᠠ ᠵᠢᠭᠰᠠᠭ᠋ᠠᠭᠰᠠᠨ 2 ᠬᠤᠪᠢ ᠠᠰᠠᠭᠤᠳᠠᠯ᠎ᠤᠨ ᠨᠠᠷᠢᠨ ᠳᠠᠩᠰᠠ᠎ᠲᠠᠢ ᠬᠠᠷᠢᠴᠠᠭᠤᠯᠤᠨ ᠪᠦᠬᠦ ᠲᠠᠯ᠎ᠠ᠎ᠪᠠᠷ ᠡᠮᠬᠢᠯᠡᠵᠦ ᠦᠨᠳᠦᠰᠦ ᠰᠤᠷᠪᠤᠯᠵᠢ ᠵᠢ᠎ᠨᠢ ᠭᠦᠨ ᠤᠬᠤᠴᠢᠯᠠᠪᠠ᠃ ᠵᠣᠷᠢᠭᠲᠠᠢ᠎ᠪᠠᠷ ᠠᠰᠠᠭᠤᠳᠠᠯ᠎ᠳᠤ ᠵᠥᠪ ᠵᠶ᠋ᠡᠷ ᠬᠠᠨᠳᠤᠵᠤ᠂ ᠠᠰᠠᠭᠤᠳᠠᠯ᠎ᠢ ᠢᠯᠡᠷᠡᠭᠦᠯᠵᠦ᠂ ᠥᠪᠡᠷ᠎ᠢ᠎ᠪᠠᠨ ᠪᠠᠢ᠌ᠴᠠᠭ᠋ᠠᠬᠤ᠂ ᠰᠡᠳᠬᠢᠯ᠎ᠤᠨ ᠦᠭᠡ᠎ᠪᠠᠨ ᠶᠠᠷᠢᠯᠴᠠᠬᠤ ᠵᠡᠷᠭᠡ ᠤᠯᠠᠨ ᠠᠷᠭ᠎ᠠ ᠬᠡᠯᠪᠡᠷᠢ᠎ᠪᠠᠷ ᠬᠦᠷᠦᠯᠴᠡᠬᠦ ᠦᠭᠡᠢ ᠲᠠᠯ᠎ᠠ᠎ᠪᠠᠨ ᠡᠷᠢᠪᠡ᠃ ᠤᠴᠢᠷ ᠶᠠᠪᠤᠳᠠᠯ᠎ᠢ ᠠᠷᠭ᠋ᠠᠴᠠᠬᠤ᠂ ᠪᠣᠳᠠᠲᠠᠢ᠎ᠠᠴᠠ ᠵᠠᠢ᠌ᠯᠠᠵᠤ ᠬᠣᠭᠣᠰᠤᠨ᠎ᠢ ᠡᠷᠢᠬᠦ ᠵᠡᠷᠭᠡ ᠦᠵᠡᠭᠳᠡᠯ᠎ᠢ ᠲᠥᠪ ᠴᠢᠩᠭ᠎ᠠ᠎ᠪᠠᠷ ᠵᠠᠯᠠᠷᠠᠭᠤᠯᠤᠨ ᠵᠠᠰᠠᠬᠤ ᠬᠡᠷᠡᠭᠳᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠣᠳᠣᠬᠠᠨ᠎ᠳᠤ ᠥᠭᠡᠷᠡᠴᠢᠯᠡᠵᠦ ᠪᠣᠯᠬᠤ ᠵᠢ᠎ᠨᠢ ᠳᠠᠷᠤᠢ᠌ᠬᠠᠨ ᠥᠭᠡᠷᠡᠴᠢᠯᠡᠵᠦ᠂ ᠠᠪᠤᠨ ᠳᠣᠣᠷ᠎ᠠ᠎ᠪᠠᠨ ᠰᠢᠢ᠍ᠳᠪᠦᠷᠢᠯᠡᠬᠦ᠎ᠳᠤ ᠬᠦᠴᠢᠷᠲᠡᠢ ᠵᠢ᠎ᠨᠢ ᠴᠠᠭ ᠬᠤᠭᠤᠴᠠᠭ᠎ᠠ ᠵᠢ᠎ᠨᠢ ᠲᠣᠳᠣᠷᠬᠠᠢ᠌ᠯᠠᠵᠤ ᠲᠠᠩᠰᠠ ᠵᠢ ᠬᠠᠷᠭᠤᠭᠤᠯᠤᠨ᠎ᠠ᠃ ᠵᠢᠱ᠌ᠢᠶ᠎ᠡ ᠦᠵᠡᠭᠦᠯᠦᠨ ᠲᠠᠢ᠍ᠢ᠍ᠴᠢᠯᠠᠵᠤ ᠳᠡᠭᠡᠷ᠎ᠡ ᠳᠣᠣᠷ᠎ᠠ ᠱᠠᠲᠤ᠎ᠪᠠᠷ ᠵᠶ᠋ᠠᠨ ᠬᠠᠮᠵᠢᠯᠴᠠᠬᠤ ᠬᠡᠷᠡᠭᠲᠡᠢ᠃ ᠡᠯ᠎ᠡ ᠨᠢᠬᠡᠴᠢ ᠵᠢᠨ ᠤᠳᠤᠷᠢᠳᠬᠤ ᠪᠠᠭ ᠲᠦᠷᠦᠭᠦᠯᠡᠨ ᠲᠤᠰ ᠪᠡᠶ᠎ᠡ ᠵᠢᠨ ᠰᠤᠷᠤᠯᠴᠠᠯᠭ᠎ᠠ ᠬᠥᠮᠦᠵᠢᠯ᠎ᠢ ᠰᠠᠢ᠌ᠲᠤᠷ ᠬᠢᠬᠦ᠎ᠪᠠᠷ ᠪᠠᠷᠠᠬᠤ ᠦᠭᠡᠢ ᠪᠠᠰᠠ ᠡᠯ᠎ᠡ ᠵᠦᠢ᠍ᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠠᠳᠠᠯᠢ ᠳᠠᠪᠲᠠᠮᠵᠢ ᠵᠢ ᠪᠠᠷᠢᠮᠲᠠᠯᠠᠵᠤ 《ᠲᠡᠬᠡᠷ᠎ᠡ᠎ᠨᠢ ᠬᠠᠯᠠᠭᠤᠷᠠᠵᠤ ᠲᠤᠤᠷ᠎ᠠ᠎ᠨᠢ ᠬᠦᠢ᠍ᠳᠡᠷᠡᠬᠦ》᠎ᠠᠴᠠ ᠰᠡᠷᠭᠡᠢ᠌ᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠢ ᠵᠢᠯᠤᠭᠣᠳᠴᠤ ᠪᠠᠢ᠌ᠭ᠋ᠠᠳ ᠰᠤᠷᠲᠠᠯ᠎ᠢ᠎ᠨᠢ ᠦᠷᠭᠦᠯᠵᠢᠯᠡᠨ ᠰᠠᠢ᠌ᠵᠢᠷᠠᠭᠤᠯᠤᠨ ᠳᠡᠭᠡᠭᠰᠢᠯᠡᠭᠦᠯᠬᠦ ᠬᠡᠷᠡᠭᠲᠡᠢ᠃ ᠤᠯᠤᠰ ᠲᠥᠷᠥ ᠵᠢᠨ ᠴᠢᠭᠯᠡᠯ ᠪᠠ ᠪᠣᠳᠠᠲᠠᠢ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠵᠦ᠂ ᠳᠥᠭᠥᠮ ᠳᠥᠲᠡ ᠪᠣᠳᠠᠲᠠᠢ ᠵᠢ ᠡᠷᠬᠢᠮᠯᠡᠬᠦ ᠵᠢ ᠪᠠᠷᠢᠮᠲᠠᠯᠠᠨ᠂ ᠶᠠᠪᠤᠴᠠ ᠳᠤᠮᠳᠠᠬᠢ ᠬᠡᠯᠪᠡᠷᠢ ᠵᠢᠨ ᠦᠵᠡᠯ᠎ᠢ ᠴᠢᠩᠭ᠎ᠠ ᠰᠡᠷᠭᠡᠢ᠌ᠯᠡᠬᠦ ᠬᠡᠷᠡᠭᠲᠡᠢ᠃
ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠡᠯ᠎ᠡ ᠵᠤᠷᠭ᠋ᠠᠨ (ᠲᠣᠪᠴᠢᠶ᠎ᠠ)᠂ ᠳᠤᠮᠳᠠᠳᠤ ᠤᠯᠤᠰ᠎ᠤᠨ ᠨᠠᠰᠤᠲᠠᠢ᠌ᠴᠤᠳ᠎ᠤᠨ ᠨᠡᠢ᠌ᠭᠡᠮᠯᠢᠭ᠂ ᠡᠯ᠎ᠡ ᠰᠢᠭᠤᠳ ᠬᠠᠷᠢᠶ᠎ᠠ ᠨᠢᠬᠡᠴᠢ ᠵᠢᠨ ᠪᠥᠬᠥ ᠨᠠᠮ᠎ᠤᠨ ᠭᠡᠰᠢᠭᠦᠨ ᠺᠠᠳ᠋ᠷᠴᠤᠳ ᠲᠤᠬᠠᠢ ᠵᠢᠨ ᠲᠠᠯᠠᠪᠠᠶ ᠪᠤᠶᠤ ᠸᠢᠳᠢᠤ᠋᠎ᠪᠠᠷ ᠬᠤᠷᠠᠯ᠎ᠳᠤ ᠣᠷᠣᠯᠴᠠᠪᠠ᠃