ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠴᠢᠨᠠᠷᠯᠢᠭ ᠬᠥᠭᠵᠢᠯᠲᠡ ᠥᠭᠡᠷᠡᠴᠢᠯᠡᠯᠲᠡ ᠵᠢᠨ ᠲᠤᠷᠰᠢᠯᠲᠠ ᠵᠢᠨ 《ᠡᠭᠦᠳᠡ᠎ᠪᠠᠨ ᠨᠡᠭᠡᠭᠡᠵᠦ ᠡᠮᠨᠡᠯᠭᠡ ᠵᠢᠨ ᠬᠣᠷᠢᠶ᠎ᠠ ᠡᠷᠭᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠪᠠᠢ᠌ᠭᠤᠯᠤᠮᠵᠢ ᠵᠢᠨ ᠥᠨᠥᠴᠢᠨ ᠬᠡᠦᠬᠡᠳ᠎ᠤᠨ ᠡᠳᠦᠷ ᠢᠷᠡᠬᠦᠶ᠎ᠡ ᠪᠠᠭ᠋ᠠᠰᠴᠤ ᠪᠠᠢ᠌ᠬᠤ᠂ ᠵᠡᠮᠳᠡᠭ᠎ᠤᠨ ᠬᠡᠮᠵᠢᠶ᠎ᠡ ᠡᠳᠦᠷ ᠢᠷᠡᠬᠦᠶ᠎ᠡ ᠨᠣᠴᠢᠲᠠᠢ ᠪᠣᠯᠵᠤ ᠪᠠᠢ᠌ᠬᠤ ᠪᠥᠭᠡᠳ ᠬᠦᠴᠢᠷᠳᠡᠯ᠎ᠳᠤ ᠲᠤᠯᠭ᠋ᠠᠷᠠᠵᠤ ᠪᠠᠢ᠌ᠬᠤ᠂ ᠭᠡᠷ᠎ᠲᠤ᠎ᠪᠠᠨ ᠬᠣᠴᠣᠷᠤᠭᠰᠠᠨ᠂ ᠨᠡᠭᠦᠳᠡᠯ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠬᠡᠷᠡᠭᠴᠡᠭᠡ ᠱᠠᠭ᠋ᠠᠷᠳᠠᠯᠭ᠎ᠠ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠢᠨ᠎ᠡ ᠪᠠᠢ᠌ᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠥᠨᠥᠴᠢᠨ ᠵᠡᠮᠳᠡᠭ ᠬᠡᠦᠬᠡᠳ᠎ᠢ ᠥᠰᠬᠡᠨ ᠬᠥᠮᠥᠵᠢᠭᠦᠯᠬᠦ᠂ ᠡᠮᠴᠢᠯᠡᠭᠡ᠂ ᠡᠷᠡᠭᠦᠯᠵᠢᠯ᠂ ᠰᠤᠷᠭ᠋ᠠᠨ ᠬᠥᠮᠦᠵᠢᠯ᠂ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ 《ᠵᠢᠵᠢᠭ ᠰᠠᠵᠢᠭ》 ᠵᠶ᠋ᠡᠷ ᠪᠠᠢ᠌ᠭᠤᠯᠤᠮᠵᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠬᠡᠯᠪᠡᠷᠢ ᠵᠢ ᠬᠤᠪᠢᠷᠠᠭᠤᠯᠬᠤ 《ᠶᠡᠬᠡ ᠬᠤᠪᠢᠰᠤᠯᠲᠠ》 ᠵᠢ ᠲᠠᠢ᠌ᠴᠢᠯᠠᠬᠰᠠᠨ ᠪᠠᠢ᠌ᠨ᠎ᠠ᠃

ᠲᠥᠷᠥᠯ ᠰᠠᠳᠤᠨ᠎ᠤ ᠬᠠᠢ᠌ᠷ᠎ᠠ ᠵᠢ ᠳᠠᠮᠵᠢᠭᠤᠯᠵᠤ᠂ ᠬᠡᠦᠬᠡᠳ᠎ᠤᠨ ᠰᠡᠳᠬᠢᠯ᠎ᠢ ᠲᠤᠯᠠᠭ᠋ᠠᠴᠠᠭᠤᠯᠤᠭ᠋ᠠᠳ ᠴᠢᠯᠤᠬᠡᠳᠡᠢ ᠦᠰᠬᠡᠵᠤ ᠪᠠᠢ᠌ᠨ᠎ᠠ
ᠴᠢᠯᠦᠭᠡᠲᠡᠢ ᠦᠰᠬᠡᠬᠦ᠎ᠨᠢ ᠥᠨᠥᠴᠢᠨ ᠵᠡᠮᠳᠡᠭ ᠬᠡᠦᠬᠡᠳ᠎ᠲᠤ ᠭᠡᠷ ᠪᠦᠯᠢ ᠵᠢᠨ ᠬᠠᠯᠠᠭᠤᠨ ᠳᠤᠯᠠᠭ᠋ᠠᠨ᠎ᠢ ᠡᠳ᠋ᠯᠡᠭᠦᠯᠵᠦ᠂ ᠠᠰᠠᠷᠠᠮᠵᠢ ᠵᠢᠨ ᠬᠦᠷᠢᠶᠡᠯᠡᠩ ᠬᠢᠭᠡᠳ ᠨᠡᠢ᠌ᠭᠡᠮ᠎ᠤᠨ ᠠᠭᠤᠰᠤᠯᠴᠠᠯ᠎ᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠪᠤᠭᠤᠲᠤ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ`ᠤᠨ᠎ᠬᠢᠨ 《ᠶᠡᠬᠡ ᠭᠡᠷ ᠪᠦᠯᠢ + ᠵᠢᠵᠢᠭ ᠭᠡᠷ ᠪᠦᠯᠢ》 ᠵᠢᠨ ᠬᠠᠷᠠᠭ᠋ᠠᠯᠵᠠᠬᠤ ᠣᠨᠣᠯᠵᠢᠬᠤᠨ᠎ᠢ ᠪᠠᠷᠢᠮᠲᠠᠯᠠᠨ ᠢᠳᠡᠪᠬᠢᠲᠡᠢ ᠰᠦᠪᠡᠭᠴᠢᠯᠡᠵᠦ᠂ ᠭᠤᠶᠤᠴᠢᠯᠠᠬᠤ᠂ ᠦᠨᠡᠯᠡᠬᠦ᠂ ᠡᠮᠨᠡᠯᠭᠡ᠎ᠳᠤ ᠣᠷᠣᠬᠤ᠂ ᠥᠰᠬᠡᠨ ᠬᠥᠮᠥᠵᠢᠭᠦᠯᠬᠦ᠎ᠠᠴᠠ ᠡᠮᠨᠡᠯᠭᠡ᠎ᠠᠴᠠ ᠭᠠᠷᠬᠤ ᠬᠦᠷᠲᠡᠯᠡᠬᠢ ᠪᠥᠬᠥ ᠶᠠᠪᠤᠴᠠ ᠵᠢ ᠨᠢᠭᠡ ᠴᠣᠭᠴᠠᠵᠢᠭᠤᠯᠤᠭᠰᠠᠨ ᠦᠢ᠍ᠯᠡᠴᠢᠯᠡᠭᠡᠨ᠎ᠤ ᠰᠢᠰᠲᠸᠮ᠎ᠢ ᠪᠠᠢ᠌ᠭᠤᠯᠵᠤ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠲᠤ ᠬᠠᠯᠠᠭᠤᠨ ᠳᠤᠯᠠᠭ᠋ᠠᠨ ᠦᠰᠦᠨ ᠪᠣᠶ᠋ᠢᠵᠢᠯᠲᠠ ᠵᠢᠨ ᠬᠠᠮᠠᠭ᠋ᠠᠯᠠᠯᠲᠠ ᠵᠢᠨ ᠰᠢᠬᠦᠷ ᠬᠠᠩᠭ᠋ᠠᠵᠤ ᠥᠭᠭᠦᠨ᠎ᠡ᠃ ᠳᠠᠭᠤᠷᠢᠶᠠᠮᠠᠯ ᠭᠡᠷ ᠪᠦᠯᠢ ᠵᠢᠨ ᠠᠰᠠᠷᠠᠨ ᠬᠥᠮᠥᠵᠢᠭᠦᠯᠬᠦ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠶᠠᠳᠠᠭᠤ ᠬᠦᠴᠢᠷᠳᠡᠯᠲᠡᠢ ᠵᠡᠮᠳᠡᠭ ᠬᠡᠦᠬᠡᠳ᠎ᠢ ᠲᠥᠪᠯᠡᠷᠡᠭᠦᠯᠦᠨ ᠠᠰᠠᠷᠠᠨ ᠬᠥᠮᠥᠵᠢᠭᠦᠯᠬᠦ᠂ ᠲᠦᠷ ᠴᠠᠭ ᠨᠠᠢ᠌ᠳᠠᠨ ᠠᠰᠠᠷᠠᠨ ᠲᠡᠵᠢᠭᠡᠬᠦ ᠪᠠ ᠡᠳᠦᠷ ᠲᠤᠲᠤᠮ᠎ᠤᠨ ᠠᠰᠠᠷᠠᠨ ᠬᠠᠷᠠᠭ᠋ᠠᠯᠵᠠᠬᠤ ᠵᠡᠷᠭᠡ ᠣᠯᠠᠨ ᠡᠰᠢᠲᠦ ᠦᠢ᠍ᠯᠡᠴᠢᠯᠡᠭᠡ ᠵᠢ ᠡᠭᠦᠷᠭᠡᠯᠡᠵᠦ᠂ ᠢᠯᠠᠩᠭᠤᠶ᠎ᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠢ ᠳᠥᠪᠬᠢᠨᠡᠭᠦᠯᠦᠨ ᠠᠰᠠᠷᠠᠨ ᠬᠥᠮᠥᠵᠢᠭᠦᠯᠬᠦ ᠠᠵᠢᠯ᠎ᠤᠨ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠪᠠ᠃ ᠠᠰᠠᠷᠠᠨ ᠬᠥᠮᠥᠵᠢᠭᠦᠯᠬᠦ ᠵᠠᠭᠪᠤᠷ᠎ᠤᠨ ᠰᠢᠨ᠎ᠡ ᠵᠢ ᠡᠭᠦᠳᠬᠦ ᠲᠠᠯ᠎ᠠ᠎ᠪᠠᠷ᠂ ᠠᠰᠠᠷᠠᠮᠵᠢ ᠵᠢᠨ ᠬᠦᠷᠢᠶᠡᠯᠡᠩ᠎ᠤᠨ᠎ᠬᠢᠨ 《4+1》 ᠲᠠᠰ ᠬᠤᠪᠢᠶᠠᠨ ᠠᠰᠠᠷᠠᠨ ᠬᠥᠮᠥᠵᠢᠭᠦᠯᠬᠦ ᠠᠷᠭ᠎ᠠ ᠵᠢ ᠭᠠᠷᠭ᠋ᠠᠪᠠ᠃
ᠬᠡᠦᠬᠡᠳ᠎ᠤᠨ ᠨᠠᠰᠤ ᠵᠢᠯ᠂ ᠪᠡᠶ᠎ᠡ ᠰᠡᠳᠬᠢᠯ᠎ᠤᠨ ᠪᠠᠢ᠌ᠳᠠᠯ ᠵᠡᠷᠭᠡ ᠨᠥᠬᠥᠴᠡᠯ᠎ᠢ ᠦᠨᠳᠦᠰᠦᠯᠡᠨ᠂ ᠳᠠᠭᠤᠷᠢᠶᠠᠮᠠᠯ ᠭᠡᠷ ᠪᠦᠯᠢ ᠵᠢᠨ ᠲᠣᠭᠣᠷᠢᠭ (ᠡᠷᠡᠭᠦᠯ ᠴᠢᠭᠢᠷᠠᠭ ᠬᠡᠦᠬᠡᠳ᠎ᠢ ᠲᠥᠪᠬᠢᠨᠡᠭᠦᠯᠬᠦ)᠂ ᠲᠥᠪᠯᠡᠷᠡᠭᠦᠯᠦᠨ ᠥᠰᠬᠡᠨ ᠬᠥᠮᠥᠵᠢᠭᠦᠯᠬᠦ ᠲᠣᠭᠣᠷᠢᠭ (ᠵᠡᠮᠳᠡᠭ ᠬᠡᠦᠬᠡᠳ᠎ᠢ ᠬᠠᠷᠠᠭ᠋ᠠᠯᠵᠠᠬᠤ)᠂ ᠬᠦᠨᠳᠦ ᠡᠪᠡᠳᠴᠢᠲᠡᠨ᠎ᠤ ᠰᠤᠪᠢᠯᠠᠯᠲᠠ ᠵᠢᠨ ᠲᠣᠭᠣᠷᠢᠭ (ᠨᠤᠴᠢᠳᠠᠢ ᠵᠡᠮᠳᠡᠭ ᠬᠡᠦᠬᠡᠳ᠎ᠢ ᠠᠰᠠᠷᠠᠬᠤ)᠂ ᠠᠮᠤᠷ ᠲᠠᠢ᠌ᠪᠤᠩ ᠰᠤᠪᠢᠯᠠᠯᠲᠠ ᠵᠢᠨ ᠲᠣᠭᠣᠷᠢᠭ (ᠡᠴᠦᠰ᠎ᠤᠨ ᠬᠤᠭᠤᠴᠠᠭ᠋ᠠᠨ᠎ᠤ ᠬᠡᠦᠬᠡᠳ᠎ᠢ ᠬᠠᠯᠠᠮᠵᠢᠯᠠᠬᠤ) ᠪᠠ ᠵᠠᠯᠠᠭᠤᠴᠤᠳ ᠪᠠᠭ᠋ᠠᠴᠤᠳ᠎ᠤᠨ ᠣᠷᠣᠨ ᠰᠠᠭᠤᠴᠠ (ᠥᠰᠪᠦᠷᠢ ᠦᠶ᠎ᠡ ᠵᠢᠨ ᠬᠡᠦᠬᠡᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ) ᠵᠢ ᠨᠠᠷᠢᠨ ᠨᠢᠮᠪᠠᠢ ᠢᠯᠭ᠋ᠠᠨ ᠭᠠᠷᠭ᠋ᠠᠪᠠ᠃ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠣᠷᠣᠨ ᠬᠤᠪᠢᠶᠠᠬᠤ᠎ᠪᠠᠷ ᠳᠠᠮᠵᠢᠭᠤᠯᠤᠨ᠂ ᠠᠳᠠᠯᠢ ᠪᠤᠰᠤ ᠪᠠᠢ᠌ᠳᠠᠯ᠎ᠲᠠᠢ ᠬᠡᠦᠬᠡᠳ᠎ᠲᠤ ᠨᠠᠷᠢᠯᠢᠭ ᠣᠨᠣᠴᠠᠲᠠᠢ᠂ ᠥᠪᠡᠷᠮᠢᠴᠡ ᠣᠨᠴᠠᠯᠢᠭ᠎ᠲᠠᠢ ᠥᠰᠬᠡᠨ ᠪᠣᠢ᠌ᠵᠢᠭᠤᠯᠬᠤ ᠣᠷᠴᠢᠨ ᠲᠣᠭᠣᠷᠢᠨ᠎ᠢ ᠬᠠᠡᠭᠭ᠋ᠠᠯ᠎ᠠ᠃ ᠣᠳᠣᠬᠠᠨ᠎ᠳᠤ᠂ ᠠᠰᠠᠷᠠᠮᠵᠢ ᠵᠢᠨ ᠬᠦᠷᠢᠶᠡᠯᠡᠩ᠎ᠨᠢ ᠨᠢᠭᠡᠨᠲᠡ ᠠᠰᠠᠷᠠᠨ ᠲᠡᠵᠢᠭᠡᠬᠦ ᠬᠥᠮᠥᠨ ᠦᠭᠡᠢ 6 ᠬᠡᠦᠬᠡᠳ᠎ᠢ ᠭᠥᠯᠢᠶᠡᠨ ᠠᠪᠴᠤ᠂ ᠲᠠᠰ ᠬᠤᠪᠢᠶᠠᠨ ᠥᠰᠬᠡᠨ ᠬᠥᠮᠥᠵᠢᠭᠦᠯᠬᠦ ᠠᠷᠭ᠎ᠠ᠎ᠪᠠᠷ ᠳᠠᠮᠵᠢᠭᠤᠯᠤᠨ ᠲᠡᠳᠡᠨ᠎ᠳᠤ ᠪᠡᠶ᠎ᠡ᠎ᠳᠤᠨᠢ ᠲᠣᠬᠢᠷᠠᠭᠤᠯᠤᠨ ᠥᠰᠬᠡᠨ ᠬᠥᠮᠥᠵᠢᠭᠦᠯᠬᠦ ᠲᠥᠰᠥᠯ ᠲᠣᠭᠲᠠᠭ᠋ᠠᠨ ᠥᠭᠴᠦ᠂ ᠬᠠᠨᠤᠮᠵᠢ ᠵᠢᠨ ᠬᠡᠮᠵᠢᠶ᠎ᠡ 98% ᠬᠦᠷᠦᠭᠰᠡᠨ ᠪᠠᠢ᠌ᠨ᠎ᠠ᠃ ᠵᠦᠷᠢᠶᠡᠴᠢᠯᠡᠭᠰᠡᠨ ᠦᠢ᠍ᠯᠡᠴᠢᠯᠡᠭᠡ ᠵᠢ ᠬᠡᠷᠡᠭᠵᠢᠭᠦᠯᠵᠦ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠪᠤᠯᠭ᠋ᠠᠨ᠎ᠢ ᠴᠥᠮ ᠲᠣᠬᠢᠷᠠᠮᠵᠢᠲᠠᠢ ᠣᠷᠴᠢᠨ ᠲᠣᠭᠣᠷᠢᠨ᠎ᠳᠤ ᠲᠣᠬᠢᠲᠠᠢ ᠬᠠᠷᠠᠭ᠋ᠠᠯᠵᠠᠯ ᠪᠠ ᠬᠠᠢ᠌ᠷ᠎ᠠ ᠬᠠᠯᠠᠮᠵᠢ ᠬᠦᠷᠲᠡᠭᠡᠵᠦ᠂ ᠲᠡᠳᠡᠨ᠎ᠤ ᠠᠮᠢᠳᠤᠷᠠᠯ᠂ ᠰᠡᠳᠬᠢᠴᠡ᠂ ᠥᠰᠦᠯᠲᠡ ᠪᠣᠶ᠋ᠢᠵᠢᠯᠲᠠ ᠵᠡᠷᠭᠡ ᠣᠯᠠᠨ ᠲᠠᠯ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠠᠯᠢ ᠴᠢᠳᠠᠬᠤ᠎ᠪᠠᠷ ᠬᠠᠡᠭᠭ᠋ᠠᠬᠰᠠᠨ᠎ᠤ ᠬᠠᠮᠳᠤ ᠠᠰᠠᠷᠠᠮᠵᠢ ᠵᠢᠨ ᠬᠦᠷᠢᠶᠡᠯᠡᠩ᠎ᠤᠨ᠎ᠬᠢᠨ 《ᠲᠠᠪᠤᠨ ᠬᠡᠮᠵᠢᠯᠲᠦ》 ᠰᠤᠪᠢᠯᠠᠯᠲᠠ ᠵᠢᠨ ᠪᠠᠷᠢᠮᠵᠢᠶ᠎ᠠ ᠵᠢᠨ ᠰᠢᠰᠲ᠋ᠧᠮ᠎ᠢ ᠢᠳᠡᠪᠬᠢᠲᠡᠢ ᠪᠠᠢ᠌ᠭᠤᠯᠵᠤ᠂ ᠠᠮᠢᠳᠤᠷᠠᠯ᠎ᠤᠨ ᠬᠠᠷᠠᠭ᠋ᠠᠯᠵᠠᠯ᠂ ᠨᠡᠪᠲᠡᠷᠡᠯᠴᠡᠬᠦ ᠤᠷ᠎ᠠ ᠮᠡᠷᠭᠡᠵᠢᠯ᠂ ᠤᠷᠮ᠎ᠠ ᠰᠡᠳᠬᠢᠯᠭᠡ ᠵᠢᠨ ᠬᠠᠮᠢᠶᠠᠷᠤᠯᠲᠠ ᠵᠡᠷᠭᠡ ᠠᠵᠢᠯᠯᠠᠭ᠋ᠠᠨ᠎ᠤ ᠶᠠᠪᠤᠴᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠤᠪᠢᠯᠠᠭᠴᠢ ᠵᠢᠨ ᠦᠨᠡᠮᠯᠡᠯ᠎ᠲᠠᠢ᠎ᠪᠠᠷ ᠠᠵᠢᠯ᠎ᠤᠨ ᠪᠠᠢ᠌ᠷᠢ᠎ᠳᠤ ᠭᠠᠷᠬᠤ ᠨᠣᠷᠮ᠎ᠠ ᠵᠢ 70% ᠪᠠᠢ᠌ᠭᠰᠠᠨ᠎ᠠᠴᠠ 95% ᠪᠣᠯᠭ᠋ᠠᠨ ᠳᠡᠭᠡᠭᠰᠢᠯᠡᠭᠦᠯᠵᠦ᠂ ᠣᠨ᠎ᠤ ᠰᠤᠪᠢᠯᠠᠯᠲᠠ᠎ᠳᠤ 《ᠡᠨᠳᠡᠯ ᠦᠭᠡᠢ》 ᠪᠠᠢ᠌ᠬᠤ ᠵᠢ ᠪᠡᠶᠡᠯᠡᠭᠦᠯᠪᠡ᠃ ᠰᠢᠨ᠎ᠡ᠎ᠪᠠᠷ ᠨᠡᠮᠡᠭᠰᠡᠨ 《ᠰᠢᠷᠬ᠎ᠠ᠎ᠲᠠᠢ ᠬᠡᠦᠬᠡᠳ᠎ᠢ ᠲᠣᠬᠣᠨᠢᠭᠤᠯᠬᠤ ᠶᠠᠪᠤᠴᠠ》᠎ᠳᠤ ᠡᠯᠡᠰᠦᠨ ᠴᠠᠷ᠎ᠠ ᠵᠢᠨ ᠡᠮᠴᠢᠯᠡᠭᠡ᠂ ᠳᠡᠭᠦᠦ ᠬᠥᠭᠵᠢᠮ᠎ᠤᠨ ᠵᠠᠰᠠᠯᠭ᠎ᠠ ᠵᠡᠷᠭᠡ ᠡᠮ᠎ᠤᠨ ᠪᠤᠰᠤ ᠬᠠᠮᠢᠶᠠᠷᠤᠯᠲᠠ ᠵᠢᠨ ᠠᠷᠭ᠎ᠠ ᠪᠠᠷᠢᠯ᠎ᠢ ᠬᠡᠷᠡᠭᠯᠡᠨ᠂ ᠬᠡᠦᠬᠡᠳ᠎ᠤᠨ ᠤᠷᠮ᠎ᠠ ᠰᠡᠳᠬᠢᠯᠭᠡ ᠵᠢᠨ ᠲᠣᠭᠲᠠᠪᠤᠷᠢᠵᠢᠯᠲᠠ ᠵᠢᠨ ᠨᠣᠷᠮ᠎ᠠ ᠵᠢ 50%᠎ᠪᠠᠷ ᠳᠡᠭᠡᠭᠰᠢᠯᠡᠭᠦᠯᠵᠦ᠂ ᠣᠷᠣᠰᠢᠨ ᠲᠣᠭᠲᠠᠨᠢᠬᠤ ᠦᠨᠳᠦᠰᠦᠨ ᠪᠠᠲᠤᠯᠠᠭ᠎ᠠ᠎ᠠᠴᠠ ᠪᠥᠬᠥ ᠲᠠᠯ᠎ᠠ ᠵᠢᠨ ᠬᠥᠮᠥᠯᠢᠭ ᠰᠣᠶᠣᠯᠴᠢ ᠬᠠᠯᠠᠮᠵᠢᠯᠠᠯ ᠲᠡᠢ᠌ᠰᠢ ᠬᠤᠪᠢᠷᠠᠭᠤᠯᠪᠠ᠃
ᠡᠷᠡᠬᠦᠯᠵᠢᠬᠦᠯᠬᠦ ᠪᠠ ᠰᠤᠷᠭ᠋ᠠᠨ ᠬᠥᠮᠦᠵᠢᠯ᠎ᠢ ᠨᠡᠬᠡᠬᠡᠯᠳᠡ᠎ᠲᠠᠢ ᠲᠠᠯᠪᠢᠵᠤ ᠬᠡᠤᠬᠡᠳ᠎ᠤᠨ ᠲᠠᠯᠳᠠ ᠴᠢᠳᠠᠪᠤᠷᠢ ᠵᠢ ᠬᠦᠭᠵᠢᠬᠡᠨ ᠢᠷᠡᠬᠡᠳᠤᠢ᠎ᠳᠤ᠎ᠪᠠᠨ ᠢᠳᠡᠬᠡᠯ ᠲᠡᠬᠦᠯᠳᠡᠷ ᠪᠤᠯᠭ᠋ᠠᠵᠤ ᠪᠠᠢ᠌ᠨ᠎ᠠ
ᠡᠷᠡᠭᠦᠯ ᠮᠡᠨᠳᠦ ᠵᠢᠨ ᠰᠤᠷᠭ᠋ᠠᠨ ᠬᠥᠮᠦᠵᠢᠯ᠎ᠤᠨ ᠨᠡᠭᠡᠭᠡᠯᠲᠡ᠎ᠨᠢ ᠣᠨᠴᠠᠭ᠋ᠠᠶ ᠬᠡᠦᠬᠡᠳ᠎ᠲᠤ ᠳᠠᠯᠳᠠ ᠴᠢᠳᠠᠪᠤᠷᠢ ᠵᠢ ᠠᠭᠤᠳᠠᠯᠬᠤ ᠲᠣᠬᠢᠶᠠᠯ ᠣᠯᠭᠣᠵᠤ᠂ ᠲᠤᠰᠬᠠᠢ ᠮᠡᠷᠭᠡᠵᠢᠯ᠎ᠤᠨ ᠡᠷᠡᠭᠦᠯᠵᠢᠯ᠎ᠤᠨ ᠲᠦᠭᠡᠮᠡᠯᠵᠢᠯᠲᠡ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠪᠠᠢ᠌ᠬᠤ ᠵᠢ ᠠᠬᠢᠭᠤᠯᠪᠠ᠃ ᠡᠷᠡᠭᠦᠯᠵᠢᠭᠦᠯᠬᠦ ᠡᠮᠴᠢᠯᠡᠭᠡ ᠵᠢ ᠲᠤᠰᠬᠠᠢ᠌ᠵᠢᠭᠤᠯᠬᠤ ᠶᠠᠪᠤᠴᠠ᠎ᠳᠤ ᠪᠤᠭᠤᠲᠤ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠨᠢ ᠬᠣᠲᠠ ᠵᠢᠨ ᠲᠠᠰ᠎ᠤᠨ ᠡᠷᠡᠭᠦᠯᠵᠢᠯ᠎ᠤᠨ ᠴᠡᠭ᠎ᠤᠨ ᠲᠣᠭᠲᠠᠭ᠋ᠠᠭᠰᠠᠨ ᠪᠠᠢ᠌ᠭᠤᠯᠤᠮᠵᠢ ᠪᠣᠯᠵᠤ᠂ ᠥᠨᠥᠴᠢᠨ ᠵᠡᠮᠳᠡᠭ ᠬᠡᠦᠬᠡᠳ᠎ᠤᠨ ᠪᠡᠶ᠎ᠡ ᠮᠠᠬᠠᠪᠤᠳ᠎ᠤᠨ ᠴᠢᠳᠠᠮᠵᠢ ᠵᠢ ᠰᠠᠢ᠌ᠵᠢᠷᠠᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠢ᠌ᠨ᠎ᠠ᠃ ᠠᠰᠠᠷᠠᠮᠵᠢ ᠵᠢᠨ ᠬᠦᠷᠢᠶᠡᠯᠡᠩ᠎ᠨᠢ ᠪᠤᠭᠤᠲᠤ ᠬᠣᠲᠠ ᠵᠢᠨ ᠣᠷᠣᠢ᠌ᠯᠠᠭᠰᠠᠨ ᠭᠤᠷᠪᠠᠨ ᠲᠤᠰᠬᠠᠢ ᠡᠷᠡᠭᠦᠯᠵᠢᠯ᠎ᠤᠨ ᠪᠠᠢ᠌ᠭᠤᠯᠤᠮᠵᠢ ᠵᠢ ᠣᠷᠣᠭᠤᠯᠤᠨ ᠠᠪᠴᠢᠷᠠᠵᠤ᠂ 《ᠤᠯᠠᠮᠵᠢᠯᠠᠯᠲᠤ ᠡᠷᠡᠭᠦᠯᠵᠢᠯ + ᠬᠢᠲᠠᠳ ᠡᠮᠨᠡᠯᠭᠡ ᠵᠢᠨ ᠡᠷᠡᠭᠦᠯᠵᠢᠯ》᠎ᠤᠨ ᠶᠡᠷᠦᠩᠬᠡᠢ᠌ᠯᠡᠭᠰᠡᠨ ᠵᠠᠭᠪᠤᠷ᠎ᠢ ᠬᠡᠷᠡᠭᠯᠡᠨ᠂ ᠬᠡᠦᠬᠡᠳ᠎ᠤᠨ ᠬᠥᠳᠡᠯᠭᠡᠭᠡᠨ᠂ ᠦᠭᠡ ᠬᠡᠯᠡ᠂ ᠲᠠᠨᠢᠨ ᠮᠡᠳᠡᠬᠦᠢ ᠵᠡᠷᠭᠡ ᠣᠯᠠᠨ ᠲᠠᠯ᠎ᠠ ᠵᠢᠨ ᠴᠢᠳᠠᠮᠵᠢ ᠵᠢ ᠢᠯᠡᠳᠲᠡ ᠰᠠᠢ᠌ᠵᠢᠷᠠᠭᠤᠯᠪᠠ᠃ ᠡᠷᠡᠭᠦᠯᠵᠢᠯ᠎ᠤᠨ ᠬᠢᠴᠢᠶᠡᠯ ᠴᠦ᠍ ᠥᠩᠭᠡᠷᠡᠭᠰᠡᠨ᠎ᠳᠤ ᠬᠥᠮᠥᠨ ᠪᠦᠷᠢ ᠡᠳᠦᠷ᠎ᠲᠤ 1 ᠴᠠᠭ ᠪᠠᠢ᠌ᠭᠰᠠᠨ᠎ᠠᠴᠠ᠎ᠪᠠᠨ 5 ᠴᠠᠭ ᠪᠣᠯᠣᠨ ᠨᠡᠮᠡᠭᠳᠡᠵᠦ᠂ ᠪᠦᠷᠬᠦᠴᠡ ᠵᠢᠨ ᠨᠣᠷᠮ᠎ᠠ ᠵᠢ 80%᠎ᠪᠠᠷ ᠳᠡᠭᠡᠭᠰᠢᠯᠡᠭᠦᠯᠵᠡᠢ᠃ ᠡᠭᠦᠨ᠎ᠠᠴᠠ ᠭᠠᠳᠠᠨ᠎ᠠ ᠠᠰᠠᠷᠠᠮᠵᠢ ᠵᠢᠨ ᠬᠦᠷᠢᠶᠡᠯᠡᠩ᠎ᠨᠢ ᠪᠠᠰᠠ ᠪᠤᠭᠤᠲᠤ ᠬᠣᠲᠠ ᠵᠢᠨ ᠰᠢᠭᠤᠢ ᠲᠣᠭᠣᠷᠢᠭ᠎ᠤᠨ ᠠᠭᠤᠰᠤᠯᠴᠠᠭᠰᠠᠨ ᠰᠤᠷᠭ᠋ᠠᠨ ᠬᠥᠮᠦᠵᠢᠯ᠎ᠤᠨ ᠡᠷᠡᠭᠦᠯᠵᠢᠯ᠎ᠤᠨ ᠲᠣᠭᠣᠷᠢᠨ ᠵᠢᠯᠤᠭᠣᠳᠬᠤ ᠠᠵᠢᠯ᠎ᠢ ᠡᠭᠦᠷᠭᠡᠯᠡᠵᠦ᠂ ᠰᠢᠭᠤᠢ ᠲᠣᠭᠣᠷᠢᠭ᠎ᠤᠨ ᠣᠯᠠᠨ ᠰᠤᠷᠭ᠋ᠠᠭᠤᠯᠢ ᠵᠢᠨ ᠪᠠᠭᠰᠢ ᠨᠠᠷ᠎ᠲᠤ ᠡᠷᠡᠭᠦᠯᠵᠢᠯ᠎ᠤᠨ ᠪᠣᠯᠪᠠᠰᠤᠷᠠᠯ ᠬᠢᠵᠦ᠂ 10 ᠭᠠᠷᠤᠢ ᠬᠡᠦᠬᠡᠳ᠎ᠲᠤ ᠠᠭᠤᠰᠤᠯᠴᠠᠭᠰᠠᠨ ᠰᠤᠷᠭ᠋ᠠᠨ ᠬᠥᠮᠦᠵᠢᠯ᠂ ᠡᠷᠡᠭᠦᠯᠵᠢᠯ᠎ᠤᠨ ᠵᠢᠯᠣᠭᠣᠳᠤᠯᠭ᠎ᠠ ᠬᠢᠵᠦ ᠥᠭᠴᠡᠢ᠃ ᠡᠷᠬᠢᠨ ᠲᠣᠭᠣᠷᠢᠨ᠎ᠤ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠶᠠᠳᠠᠭᠤ ᠬᠦᠴᠢᠷᠳᠡᠯ᠎ᠲᠠᠢ ᠭᠡᠷ ᠪᠦᠯᠢ ᠵᠢᠨ 4 ᠬᠡᠦᠬᠡᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠡᠷᠡᠭᠦᠯᠵᠢᠭᠦᠯᠬᠦ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡ ᠬᠠᠩᠭ᠋ᠠᠵᠤ᠂ ᠡᠳᠦᠷ ᠪᠦᠷᠢ ᠳᠤᠮᠳᠠᠴᠢ᠎ᠪᠠᠷ 7 ᠬᠢᠴᠢᠶᠡᠯ᠎ᠤᠨ ᠴᠠᠭ ᠬᠠᠩᠭ᠋ᠠᠬᠤ ᠵᠢᠨ ᠬᠠᠮᠲᠤ 《ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ》 ᠵᠢ ᠤᠶᠠᠯᠳᠤᠭᠤᠯᠬᠤ ᠠᠷᠭ᠎ᠠ ᠪᠠᠷ ᠭᠡᠷ᠎ᠤᠨ ᠠᠬᠠᠮᠠᠳ᠎ᠢ 10 ᠭᠠᠷᠤᠢ ᠤᠳᠠᠭ᠎ᠠ ᠪᠣᠯᠪᠠᠰᠤᠷᠠᠭᠤᠯᠵᠤ᠂ ᠨᠡᠶ᠋ᠢᠲᠡ 600 ᠭᠠᠷᠤᠢ ᠤᠳᠠᠭ᠎ᠠ ᠦᠢ᠍ᠯᠡᠴᠢᠯᠡᠨ᠂ ᠬᠡᠦᠬᠡᠳ᠎ᠤᠨ ᠡᠷᠡᠭᠦᠯᠵᠢᠯ᠎ᠤᠨ ᠦᠷ᠎ᠡ ᠪᠦᠲᠦᠮᠵᠢ ᠪᠠ ᠭᠡᠷ ᠪᠦᠯᠢ ᠵᠢᠨ ᠵᠣᠯ ᠵᠢᠷᠭ᠋ᠠᠯᠲᠤ ᠲᠥᠷᠥᠭᠳᠡᠯ᠎ᠢ ᠪᠦᠲᠦᠮᠵᠢᠲᠡᠶ ᠳᠡᠭᠡᠭᠰᠢᠯᠡᠭᠦᠯᠪᠡ᠃ ᠣᠨᠴᠠᠭ᠋ᠠᠶ ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠠᠰᠠᠷᠠᠮᠵᠢ ᠵᠢᠨ ᠬᠦᠷᠢᠶᠡᠯᠡᠩ᠎ᠤᠨ᠎ᠬᠢᠨ ᠪᠥᠬᠥ ᠬᠣᠲᠠ ᠵᠢᠨ ᠠᠩᠬᠠᠳᠠᠭᠴᠢ ᠣᠨᠴᠠᠭ᠋ᠠᠶ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠤᠷᠬᠤ ᠨᠠᠰᠤᠨ᠎ᠠᠴᠠ ᠡᠮᠦᠨᠡᠬᠢ ᠬᠡᠰᠡᠭ᠎ᠢ ᠡᠷᠭᠢᠯᠡᠵᠦ᠂ 《ᠮᠸᠡᠭ ᠴᠦ᠋》 ᠠᠡᠭᠭᠢ᠂ 《 ᠵᠦᠸᠸ ᠶᠦᠸᠸ》 ᠠᠩᠭᠢ᠂ 《ᠪᠧᠢ ᠯᠧ》 ᠠᠩᠭᠢ ᠡᠷᠬᠢᠯᠡᠬᠡᠳ 3 — 6 ᠨᠠᠰᠤᠨ᠎ᠤ 15 ᠬᠡᠦᠬᠡᠳ᠎ᠲᠤ ᠴᠢᠭᠯᠡᠭᠦᠯᠦᠨ ᠤᠷᠹ ᠬᠥᠭᠵᠢᠮ᠂ ᠮᠤᠨᠲ᠋ᠠᠽᠤᠯᠢ᠂ ᠪᠦᠲᠦᠭᠡᠯᠴᠢ ᠵᠢᠷᠤᠭ ᠵᠢᠷᠤᠬᠤ ᠵᠡᠷᠭᠡ ᠰᠣᠨᠢᠷᠬᠠᠯᠲᠤ ᠰᠤᠷᠭ᠋ᠠᠨ ᠬᠥᠮᠦᠵᠢᠯ᠎ᠤᠨ ᠠᠵᠢᠯᠯᠠᠭ᠎ᠠ ᠥᠷᠨᠢᠭᠦᠯᠵᠦ᠂ ᠥᠨᠥᠴᠢᠨ ᠵᠡᠮᠳᠡᠭ ᠬᠡᠦᠬᠡᠳ᠎ᠤᠨ ᠶᠡᠬᠡ ᠲᠠᠷᠢᠬᠢᠨ᠎ᠤ ᠴᠢᠳᠠᠮᠵᠢ ᠵᠢᠨ ᠪᠣᠶ᠋ᠢᠵᠢᠯᠲᠠ᠎ᠳᠤ ᠬᠦᠴᠦ ᠨᠡᠮᠡᠷᠢᠯᠡᠪᠡ᠃ ᠡᠭᠦᠨ᠎ᠤ ᠵᠡᠷᠭᠡ᠎ᠳᠤ ᠥᠨᠥᠴᠢᠷᠡᠮᠡᠯ ᠬᠡᠮ᠎ᠤᠨ ᠵᠢᠱ᠌ᠢᠶ᠎ᠡ ᠦᠵᠡᠭᠦᠯᠬᠦ ᠠᠩᠭᠢ ᠪᠠᠢ᠌ᠭᠤᠯᠵᠤ᠂ ᠲᠡᠷᠢᠭᠦᠨ᠎ᠤ ᠲᠣᠨᠣᠭ ᠲᠥᠬᠦᠭᠡᠷᠦᠮᠵᠢ ᠪᠣᠯᠣᠨ ᠮᠡᠷᠭᠡᠵᠢᠯ᠎ᠢ ᠣᠷᠣᠭᠤᠯᠤᠨ ᠠᠪᠴᠢᠷᠠᠵᠤ᠂ ᠱᠧᠨᠵᠧᠨ᠎ᠲᠠᠢ ᠪᠠᠭᠰᠢ ᠵᠢ ᠪᠣᠯᠪᠠᠰᠤᠷᠠᠭᠤᠯᠬᠤ ᠬᠡᠯᠡᠯᠴᠡᠭᠡᠷ ᠲᠣᠭᠲᠠᠵᠤ᠂ 12 ᠪᠠᠭᠰᠢ᠎ᠳᠤ ᠨᠡᠶ᠋ᠢᠲᠡ ᠵᠢᠨ ᠠᠰᠠᠷᠠᠮᠵᠢ ᠵᠢᠨ ᠪᠣᠯᠪᠠᠰᠤᠷᠠᠯ ᠬᠦᠷᠲᠡᠭᠡᠪᠡ᠃ 24 ᠨᠡᠷᠡᠰ ᠥᠨᠥᠴᠢᠷᠡᠮᠡᠯ ᠬᠡᠮ᠎ᠲᠠᠢ ᠬᠡᠦᠬᠡᠳ᠎ᠲᠤ ᠴᠢᠭᠯᠡᠭᠦᠯᠦᠨ᠂ ᠣᠯᠠᠨ ᠤᠯᠤᠰ᠎ᠤᠨ ᠨᠡᠢ᠌ᠳᠡᠮ ᠬᠡᠷᠡᠭᠯᠡᠬᠦ ᠵᠢᠭ᠋ᠠᠨ ᠰᠤᠷᠭ᠋ᠠᠯᠲᠠ ᠵᠢᠨ ᠠᠷᠭ᠎ᠠ ᠵᠢ ᠬᠡᠷᠡᠭᠯᠡᠨ᠂ ᠣᠨᠴᠠᠯᠢᠭᠲᠤ ᠠᠭᠤᠰᠤᠯᠴᠠᠯ᠎ᠤᠨ ᠬᠢᠴᠢᠶᠡᠯ᠎ᠢ ᠥᠷᠨᠢᠭᠦᠯᠵᠦ᠂ ᠬᠥᠮᠥᠨ ᠪᠦᠷᠢ ᠡᠳᠦᠷ᠎ᠲᠤ 6 ᠴᠠᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠠ ᠡᠷᠡᠭᠦᠯᠵᠢᠯ᠎ᠤᠨ ᠪᠣᠯᠪᠠᠰᠤᠷᠠᠯ᠎ᠢ ᠪᠡᠶᠡᠯᠡᠭᠦᠯᠵᠦ᠂ ᠦᠨᠡᠨ ᠬᠦ᠌ ᠠᠪᠢᠶᠠᠰᠲᠤ᠎ᠨᠢ ᠲᠣᠬᠢᠷᠠᠭᠤᠯᠤᠨ ᠵᠢᠭ᠋ᠠᠨ ᠰᠤᠷᠭ᠋ᠠᠬᠤ ᠵᠢ ᠪᠡᠶᠡᠯᠡᠬᠦᠯᠪᠡ᠃

ᠨᠡᠬᠡᠬᠡᠯᠳᠡᠯᠢᠭ ᠡᠮᠴᠢᠯᠡᠬᠡᠨ ᠵᠶ᠋ᠡᠷ ᠬᠡᠤᠬᠡᠳ᠎ᠢ ᠬᠠᠮᠠᠭ᠋ᠠᠯᠠᠬᠤ ᠲᠤᠤᠷᠵᠢᠯ᠎ᠢ ᠪᠠᠢ᠌ᠭᠤᠯᠤᠭ᠋ᠠᠳ ᠬᠡᠤᠬᠡᠳ᠎ᠤᠨ ᠡᠷᠡᠬᠦᠯ ᠮᠡᠨᠳᠤ ᠵᠢ ᠪᠠᠳᠤᠯᠠᠵᠤ ᠪᠠᠢ᠌ᠨ᠎ᠠ
ᠪᠤᠭᠤᠲᠤ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠳᠤ 《ᠭᠤᠷᠪᠠᠨ ᠵᠠᠮ》᠎ᠤᠨ ᠡᠮᠴᠢᠯᠡᠭᠡᠨ᠎ᠤ ᠲᠣᠣᠷ ᠰᠦᠯᠵᠢᠶ᠎ᠡ ᠵᠢ ᠪᠠᠢ᠌ᠭᠤᠯᠵᠤ᠂ ᠬᠡᠦᠬᠡᠳ᠎ᠤᠨ ᠡᠷᠡᠭᠦᠯ ᠮᠡᠨᠳᠦ ᠵᠢ ᠬᠠᠮᠠᠭ᠋ᠠᠯᠠᠵᠤ ᠪᠠᠢ᠌ᠨ᠎ᠠ᠃ ᠰᠠᠭ᠋ᠠᠳ ᠦᠭᠡᠢ ᠵᠠᠮ᠎ᠢ ᠲᠠᠰᠤᠷᠠᠯᠲᠠ ᠦᠭᠡᠢ ᠥᠷᠭᠡᠳᠬᠡᠵᠦ᠂ ᠪᠤᠭᠤᠲᠤ ᠬᠣᠲᠠ ᠵᠢᠨ ᠬᠣᠶᠠᠳᠤᠭ᠋ᠠᠷ ᠬᠠᠷᠢᠶᠠᠲᠤ ᠡᠮᠨᠡᠯᠭᠡ ᠵᠢᠨ ᠬᠣᠷᠢᠶ᠎ᠠ᠂ ᠳᠥᠷᠪᠡᠳᠦᠭᠡᠷ ᠡᠮᠨᠡᠯᠭᠡ ᠵᠢᠨ ᠬᠣᠷᠢᠶ᠎ᠠ ᠵᠡᠷᠭᠡ 5 ᠡᠮᠨᠡᠯᠭᠡ ᠵᠢᠨ ᠬᠣᠷᠢᠶ᠎ᠠ᠎ᠯᠤᠭ᠎ᠠ ᠬᠠᠮᠲᠤᠷᠠᠯᠴᠠᠭᠰᠠᠨ ᠰᠠᠭᠤᠷᠢᠨ ᠳᠡᠭᠡᠷ᠎ᠡ ᠪᠤᠭᠤᠲᠤ ᠵᠢᠨ ᠭᠣᠣᠯ ᠡᠮᠨᠡᠯᠭᠡ ᠵᠢᠨ ᠬᠣᠷᠢᠶ᠎ᠠ᠎ᠯᠤᠭ᠎ᠠ ᠵᠥᠪᠯᠡᠯᠴᠡᠭᠡᠷ ᠲᠤᠬᠳᠠᠪᠠ᠃ ᠬᠡᠦᠬᠡᠳ ᠪᠠᠭ᠋ᠠᠴᠤᠳ᠎ᠲᠤ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠲᠣᠬᠢᠶᠠᠯᠳᠤᠪᠠᠯ᠂ ᠰᠠᠭ᠋ᠠᠳ ᠦᠭᠡᠢ ᠵᠠᠮ᠎ᠢ ᠳᠠᠷᠤᠢ ᠲᠦᠷᠭᠡᠨ ᠡᠬᠢᠯᠡᠭᠦᠯᠵᠦ᠂ ᠠᠪᠤᠷᠠᠨ ᠵᠠᠰᠠᠬᠤ ᠵᠢ ᠳᠠᠭ᠋ᠠᠬᠤ ᠴᠠᠭ᠎ᠢ 30 ᠮᠢᠨᠦ᠋ᠲ᠎ᠤᠨ ᠳᠣᠲᠣᠷ᠎ᠠ ᠪᠣᠭᠣᠨᠢᠰᠬᠠᠵᠤ᠂ ᠦᠬᠦᠯᠲᠡ ᠵᠢᠨ ᠨᠣᠷᠮ᠎ᠠ ᠵᠢ 26%᠎ᠪᠠᠷ ᠪᠠᠭᠤᠷᠠᠭᠤᠯᠪᠠ᠃ ᠠᠯᠤᠰ ᠵᠠᠢ ᠵᠢᠨ ᠨᠡᠪᠲᠡᠷᠡᠬᠦ ᠵᠠᠮ ᠴᠢᠬᠤᠯᠠ ᠦᠢ᠍ᠯᠡᠳᠦᠯ ᠪᠠᠳᠠᠷᠠᠭᠤᠯᠵᠤ᠂ ᠠᠰᠠᠷᠠᠮᠵᠢ ᠵᠢᠨ ᠬᠦᠷᠢᠶᠡᠯᠡᠩ ᠬᠢᠭᠡᠳ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠶᠡᠷᠦᠩᠬᠡᠢ ᠡᠮᠨᠡᠯᠭᠡ ᠵᠢᠨ ᠬᠣᠷᠢᠶ᠎ᠠ ᠵᠢᠨ ᠳᠣᠯᠣᠳᠤᠭ᠋ᠠᠷ ᠠᠨᠠᠭ᠋ᠠᠬᠤ ᠤᠬᠠᠭ᠋ᠠᠨ᠎ᠤ ᠲᠥᠪ (《8 · 1》 ᠡᠮᠨᠡᠯᠭᠡ ᠵᠢᠨ ᠬᠣᠷᠢᠶ᠎ᠠ)᠎ᠳᠤ 5G ᠵᠢᠨ ᠠᠯᠤᠰ ᠵᠠᠢ ᠵᠢᠨ ᠬᠠᠮ ᠣᠨᠣᠰᠢᠯᠠᠯᠲᠠ ᠥᠷᠨᠢᠭᠦᠯᠵᠦ᠂ ᠬᠦᠴᠢᠷ ᠲᠦᠪᠡᠭᠲᠡᠢ ᠡᠪᠡᠳᠴᠢᠨ᠎ᠤ ᠵᠢᠱ᠌ᠢᠶ᠎ᠡ ᠵᠢᠨ ᠣᠨᠣᠰᠢᠯᠠᠯᠲᠠ ᠵᠢᠨ ᠨᠣᠷᠮ᠎ᠠ ᠵᠢ 35%᠎ᠪᠠᠷ ᠳᠡᠭᠡᠭᠰᠢᠯᠡᠭᠦᠯᠪᠡ᠃ ᠡᠭᠦᠨ᠎ᠠᠴᠠ ᠭᠠᠳᠠᠨ᠎ᠠ ᠪᠠᠰᠠ ᠲᠣᠭᠲᠠᠮᠠᠯ ᠬᠤᠭᠤᠴᠠᠭ᠎ᠠ᠎ᠲᠠᠢ᠎ᠪᠠᠷ ᠲᠤᠰᠬᠠᠢ ᠮᠡᠷᠭᠡᠵᠢᠯᠲᠡᠨ᠎ᠢ ᠤᠷᠢᠵᠤ ᠡᠮᠨᠡᠯᠭᠡ᠎ᠳᠤ ᠰᠠᠭᠤᠯᠭ᠋ᠠᠨ ᠡᠮᠨᠡᠭᠦᠯᠵᠦ᠂ ᠨᠠᠷᠢᠯᠢᠭ ᠣᠨᠣᠴᠠᠲᠠᠢ ᠡᠮᠨᠡᠨ ᠵᠠᠰᠠᠬᠤ ᠲᠥᠰᠥᠯ ᠲᠣᠭᠲᠠᠭ᠋ᠠᠯᠭ᠋ᠠᠭᠰᠠᠨ ᠪᠠᠢ᠌ᠨ᠎ᠠ᠃ ᠬᠢᠲᠠᠳ ᠡᠮᠨᠡᠯᠭᠡ ᠵᠢᠨ ᠵᠠᠮ ᠡᠳᠦᠷ ᠢᠷᠡᠬᠦᠶ᠎ᠡ ᠲᠡᠭᠦᠯᠳᠡᠷᠵᠢᠵᠦ᠂ ᠠᠰᠠᠷᠠᠮᠵᠢ ᠵᠢᠨ ᠬᠦᠷᠢᠶᠡᠯᠡᠩ᠎ᠨᠢ ᠦᠢ᠍ᠯᠡᠴᠢᠯᠡᠭᠡ ᠬᠤᠳᠠᠯᠳᠤᠨ ᠠᠪᠬᠤ᠂ ᠰᠠᠢ᠌ᠨ ᠳᠤᠷ᠎ᠠ᠎ᠠᠴᠠ᠎ᠪᠠᠨ ᠬᠠᠪᠰᠤᠷᠤᠨ ᠲᠡᠳᠬᠦᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠡᠮᠨᠡᠯᠭᠡ ᠵᠢᠨ ᠠᠵᠢᠯᠲᠠᠨ᠎ᠤ ᠬᠢᠲᠠᠳ ᠡᠮᠨᠡᠯᠭᠡ ᠵᠢᠨ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠦᠨ᠂ ᠲᠤᠰᠬᠠᠢ ᠮᠡᠷᠭᠡᠵᠢᠯ᠎ᠤᠨ ᠬᠢᠲᠠᠳ ᠡᠮᠨᠡᠯᠭᠡ ᠵᠢᠨ ᠪᠦᠯᠬᠦᠮ᠎ᠢ ᠪᠣᠶ ᠪᠣᠯᠭ᠋ᠠᠪᠠ᠃ ᠬᠢᠲᠠᠳ ᠡᠮᠨᠡᠯᠭᠡ ᠵᠢᠨ ᠣᠨᠣᠰᠢᠯᠠᠨ ᠡᠮᠨᠡᠬᠦ ᠵᠢ ᠤᠳᠠᠭ᠋ᠠᠨ ᠴᠢᠨᠠᠷᠲᠠᠢ ᠡᠪᠡᠳᠴᠢᠨ᠎ᠲᠠᠢ ᠬᠡᠦᠬᠡᠳ᠎ᠢ ᠡᠮᠨᠡᠨ ᠵᠠᠰᠠᠬᠤ᠎ᠳᠤ ᠠᠭᠤᠰᠬᠠᠵᠤ᠂ ᠵᠡᠭᠦᠦ ᠲᠥᠭᠡᠨᠡᠯᠭᠡ᠂ ᠢᠯᠢᠵᠦ ᠨᠤᠬᠤᠯᠠᠬᠤ ᠵᠡᠷᠭᠡ ᠡᠮ᠎ᠤᠨ ᠪᠤᠰᠤ ᠡᠮᠨᠡᠬᠦ ᠠᠷᠭ᠎ᠠ ᠵᠢ ᠥᠷᠨᠢᠭᠦᠯᠦᠨ᠂ ᠤᠳᠠᠭ᠋ᠠᠨ ᠴᠢᠨᠠᠷᠲᠠᠢ ᠡᠪᠡᠳᠴᠢᠨ᠎ᠲᠠᠢ ᠬᠡᠦᠬᠡᠳ᠎ᠤᠨ ᠡᠪᠡᠳᠴᠢᠨ᠎ᠤ ᠢᠯᠡᠷᠡᠯ᠎ᠢ ᠨᠠᠮᠳᠠᠭᠤᠯᠬᠤ ᠨᠣᠷᠮ᠎ᠠ ᠵᠢ 75%᠎ᠳᠤ ᠬᠦᠷᠦᠬᠦᠯᠦᠭᠰᠡᠨ ᠪᠠᠢ᠌ᠨ᠎ᠠ᠃