ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
2023 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠨᠡᠶᠢᠲᠡᠯᠡᠭᠰᠡᠨ ᠴᠠᠭ᠄ 2023-02-08

ᠲᠥᠯᠥᠭᠡᠯᠡᠭᠴᠢᠳ ᠠ᠋᠄
    ᠤᠳᠤ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ ᠵᠶ᠋ᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠰᠠᠨᠠᠯ ᠵᠶ᠋ᠠᠨ ᠳᠤᠷᠠᠳᠬᠤ ᠪᠣᠯᠪᠠᠤ᠃
    ᠨᠢᠭᠡ᠂ ᠥᠩᠭᠡᠷᠡᠭᠰᠡᠨ ᠲᠠᠪᠤᠨ ᠵᠢᠯ᠎ᠤᠨ ᠠᠵᠢᠯ᠎ᠤᠨ ᠡᠷᠭᠢᠴᠡᠭᠦᠯᠦᠯ
    ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠨᠢᠭᠡᠳᠦᠭᠡᠷ ᠬᠤᠷᠠᠯᠳᠤᠭ᠋ᠠᠨ᠎ᠠᠴᠠ ᠨᠠᠭ᠋ᠠᠰᠢᠬᠢ ᠲᠠᠪᠤᠨ ᠵᠢᠯ ᠪᠣᠯ ᠲᠤᠩ ᠶᠡᠷᠦ ᠪᠤᠰᠤ ᠵᠢᠨ ᠲᠠᠪᠤᠨ ᠵᠢᠯ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ ᠲᠠᠪᠤᠨ ᠵᠢᠯ ᠳᠠᠷᠠᠭ᠋ᠠᠯᠠᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠨ᠂ 2019 ᠣᠨ᠎ᠳᠤ ᠮᠠᠨ᠎ᠤ ᠣᠷᠣᠨ᠎ᠳᠤ ᠮᠣᠷᠢᠯᠠᠨ ᠰᠠᠭ᠋ᠠᠲᠠᠵᠤ ᠰᠢᠨᠵᠢᠯᠡᠨ ᠪᠠᠶ᠋ᠢᠴᠠᠭ᠋ᠠᠭᠰᠠᠨ᠎ᠤ ᠬᠠᠮᠲᠤ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠵᠢᠨ ᠥᠪᠥᠷ ᠮᠣᠩᠭᠤᠯ᠎ᠤᠨ ᠬᠥᠭᠵᠢᠯᠲᠡ᠎ᠳᠤ ᠤᠷᠤᠭᠰᠢᠯᠠᠬᠤ ᠴᠢᠭᠯᠡᠯ᠎ᠢ ᠵᠢᠭ᠋ᠠᠨ ᠥᠭᠴᠦ᠂ ᠦᠨᠳᠦᠰᠦᠨ ᠵᠢᠷᠤᠮᠯᠠᠯ᠎ᠢ ᠬᠠᠩᠭ᠋ᠠᠵᠤ ᠥᠭᠪᠡ᠃ ᠦᠨᠳᠦᠰᠦᠲᠡᠨ᠎ᠨᠦᠭᠦᠳ᠎ᠤᠨ ᠠᠷᠠᠳ ᠲᠦᠮᠡᠨ ᠢᠮᠠᠭᠲᠠ ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠨ᠂ ᠣᠷᠣᠨ ᠳᠠᠶᠠᠭ᠋ᠠᠷ ᠰᠡᠳᠬᠢᠯ ᠨᠢᠭᠡᠳᠴᠦ ᠬᠦᠴᠦ᠎ᠪᠠᠨ ᠬᠠᠮᠲᠤᠳᠬᠠᠨ ᠬᠥᠭᠵᠢᠯᠲᠡ ᠵᠢ ᠠᠳᠬᠤᠵᠤ᠂ ᠥᠭᠡᠷᠡᠴᠢᠯᠡᠯᠲᠡ ᠵᠢ ᠠᠬᠢᠭᠤᠯᠤᠨ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂ ᠪᠦᠯᠬᠦᠮᠳᠡᠯ᠎ᠢ ᠴᠢᠩᠭ᠋ᠠᠷᠠᠭᠤᠯᠤᠨ᠂ ᠠᠮᠤᠷ ᠲᠦᠪᠰᠢᠨ᠎ᠢ ᠬᠠᠮᠠᠭ᠋ᠠᠯᠠᠵᠤ᠂ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠴᠢᠬᠤᠯᠠ ᠶᠡᠭᠡ ᠠᠮᠵᠢᠯᠲᠠ ᠪᠦᠲᠦᠭᠡᠯ ᠣᠯᠬᠤ ᠵᠢ ᠠᠬᠢᠭᠤᠯᠤᠭᠰᠠᠨ ᠪᠠᠶ᠋ᠢᠨ᠎ᠠ᠃
   — ᠪᠦᠬᠦ ᠲᠠᠯ᠎ᠠ᠎ᠪᠠᠷ ᠴᠢᠨᠡᠭᠡᠯᠢᠭᠵᠢᠬᠦ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠤ᠎ᠪᠠᠨ ᠪᠡᠶᠡᠯᠡᠭᠦᠯᠪᠡ᠃ ᠣᠷᠣᠨ ᠳᠠᠶᠠᠭ᠋ᠠᠷ ᠵᠶ᠋ᠠᠨ ᠬᠦᠴᠦᠯᠡᠨ ᠴᠢᠷᠮᠠᠶ᠋ᠢᠵᠤ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ᠂ 157 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠪᠦᠬᠦᠨ ᠵᠶ᠋ᠠᠷ ᠵᠶ᠋ᠠᠨ ᠶᠠᠳᠠᠭᠤ᠎ᠠᠴᠠ ᠠᠩᠭᠢᠵᠢᠷᠠᠵᠤ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠦᠬᠦᠨ ᠵᠶ᠋ᠠᠷ ᠵᠶ᠋ᠠᠨ ᠶᠠᠳᠠᠭᠤ ᠨᠡᠷ᠎ᠡ᠎ᠪᠠᠨ ᠬᠠᠰᠤᠭᠤᠯᠵᠤ᠂ 3681 ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ ᠪᠦᠬᠦᠨ ᠵᠶ᠋ᠠᠷ ᠵᠶ᠋ᠠᠨ ᠶᠠᠳᠠᠭᠤ ᠵᠢᠨ ᠵᠢᠭᠰᠠᠭ᠋ᠠᠯᠲᠠ᠎ᠠᠴᠠ ᠭᠠᠷᠴᠤ᠂ ᠬᠠᠷᠢᠴᠠᠯᠠᠰᠢ ᠦᠭᠡᠢ ᠶᠠᠳᠠᠭᠤ ᠬᠦᠴᠢᠷᠳᠡᠯᠲᠡᠢ ᠪᠠᠶ᠋ᠢᠬᠤ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠰᠢᠢ᠍ᠳᠪᠦᠷᠢᠯᠡᠨ᠂ ᠪᠦᠬᠦ ᠤᠯᠤᠰ᠎ᠲᠠᠢ ᠬᠠᠮᠲᠤ᠎ᠪᠠᠷ ᠴᠢᠨᠡᠭᠡᠯᠢᠭᠵᠢᠬᠦ ᠵᠡᠭᠦᠳᠦ᠎ᠪᠠᠨ ᠲᠡᠷᠭᠡᠯᠰᠢᠭᠦᠯᠬᠦ᠎ᠪᠠᠷ ᠰᠢᠨ᠎ᠡ ᠠᠶᠠᠨ᠎ᠳᠤ ᠮᠣᠷᠳᠠᠭᠰᠠᠨ ᠪᠠᠶ᠋ᠢᠨ᠎ᠠ᠃
   — ᠶᠡᠷᠦᠩᠬᠡᠶ᠋ᠢᠯᠡᠭᠰᠡᠨ ᠠᠵᠤ ᠠᠬᠤᠢ ᠵᠢᠨ ᠪᠣᠳᠠᠲᠤ ᠬᠦᠴᠦᠨ ᠶᠡᠭᠡ ᠬᠡᠮᠵᠢᠶ᠎ᠡ᠎ᠪᠠᠷ ᠳᠡᠭᠡᠭᠰᠢᠯᠡᠪᠡ᠃ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 1.5 ᠲᠦᠮᠡᠨ ᠳ᠋ᠦᠩᠰᠢᠭᠤᠷ ᠲᠥᠭᠦᠷᠢᠭ ᠪᠠᠶ᠋ᠢᠭᠰᠠᠨ᠎ᠠᠴᠠ᠎ᠪᠠᠨ 2.2 ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠨ᠂ ᠬᠥᠮᠥᠨ ᠳᠤᠮᠳᠠᠴᠢ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 6.1 ᠲᠦᠮᠡᠨ ᠲᠥᠭᠦᠷᠢᠭ ᠪᠠᠶ᠋ᠢᠭᠰᠠᠨ᠎ᠠᠴᠠ᠎ᠪᠠᠨ 9.2 ᠲᠦᠮᠡᠨ ᠲᠥᠭᠦᠷᠢᠭ ᠪᠣᠯᠵᠤ ᠨᠡᠮᠡᠭᠳᠡᠪᠡ᠃ ᠠᠮᠤ ᠪᠤᠳᠠᠭ᠋ᠠᠨ᠎ᠤ ᠶᠡᠷᠦᠩᠬᠡᠢ ᠤᠨᠠᠯᠲᠠ ᠪᠦᠬᠦ ᠤᠯᠤᠰ᠎ᠤᠨ ᠠᠷᠪᠠᠳᠤᠭ᠋ᠠᠷ᠎ᠲᠤ ᠪᠠᠶ᠋ᠢᠭᠰᠠᠨ᠎ᠠᠴᠠ᠎ᠪᠠᠨ ᠳᠡᠭᠡᠭᠰᠢᠯᠡᠨ ᠵᠢᠷᠭᠤᠳᠤᠭ᠋ᠠᠷ ᠪᠠᠶ᠋ᠢᠷᠢᠨ᠎ᠳᠤ ᠵᠢᠭᠰᠠᠭ᠋ᠠᠭᠳᠠᠵᠤ᠂ ᠦᠨᠢᠶᠡᠨ ᠰᠦ᠂ ᠬᠤᠨᠢᠨ ᠮᠢᠬ᠎ᠠ᠂ ᠦᠬᠡᠷ᠎ᠤᠨ ᠮᠢᠬ᠎ᠠ ᠪᠠ ᠢᠮᠠᠭ᠋ᠠᠨ ᠨᠣᠣᠯᠣᠭᠤᠷ᠂ ᠲᠡᠵᠢᠭᠡᠯ ᠡᠪᠡᠰᠦᠨ᠎ᠤ ᠭᠠᠷᠤᠯᠲᠠ ᠪᠦᠬᠦ ᠤᠯᠤᠰ᠎ᠲᠤ ᠲᠦᠷᠦᠭᠦᠯᠡᠪᠡ᠃ ᠨᠡᠶ᠋ᠢᠲᠡ 53 ᠳ᠋ᠦᠩᠰᠢᠭᠤᠷ ᠭᠠᠷᠤᠢ ᠲᠤᠨ ᠨᠡᠭᠦᠷᠡᠰᠦ ᠦᠢ᠍ᠯᠡᠳᠪᠦᠷᠢᠯᠡᠨ᠂ 2.9 ᠲᠦᠮᠡᠨ ᠳ᠋ᠦᠩᠰᠢᠭᠤᠷ ᠭ᠋ᠷᠡᠳᠦ᠋ᠰ ᠣᠷᠴᠢᠮ ᠴᠠᠬᠢᠯᠭ᠋ᠠᠨ ᠭᠠᠷᠭ᠋ᠠᠵᠤ᠂ ᠨᠡᠭᠦᠷᠡᠰᠦ᠂ ᠴᠠᠬᠢᠯᠭ᠋ᠠᠨ᠎ᠤ ᠬᠠᠩᠭ᠋ᠠᠯᠭ᠎ᠠ ᠵᠢ ᠪᠠᠲᠤᠯᠠᠭᠰᠠᠨ ᠬᠡᠮᠵᠢᠶ᠎ᠡ ᠴᠥᠮ ᠪᠦᠬᠦ ᠤᠯᠤᠰ᠎ᠲᠤ ᠲᠦᠷᠦᠭᠦᠯᠡᠪᠡ᠃
   — ᠬᠤᠳᠠ ᠬᠥᠳᠡᠭᠡ ᠵᠢᠨ ᠳᠦᠷᠰᠦ ᠪᠠᠶ᠋ᠢᠳᠠᠯ᠎ᠳᠤ ᠯᠤᠲᠤ ᠶᠡᠭᠡ ᠬᠤᠪᠢᠷᠠᠯᠲᠠ ᠭᠠᠷᠪᠠ᠃ ᠬᠤᠳᠠ ᠪᠠᠯᠭ᠋ᠠᠰᠤᠵᠢᠯᠲᠠ ᠵᠢᠨ ᠨᠤᠷᠮ᠎ᠠ 64.6% ᠪᠠᠶ᠋ᠢᠭᠰᠠᠨ᠎ᠠᠴᠠ᠎ᠪᠠᠨ 69% ᠰᠢᠬᠠᠮ ᠪᠣᠯᠵᠤ ᠳᠡᠭᠡᠭᠰᠢᠯᠡᠨ᠂ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠪᠦᠬᠦ ᠲᠠᠯ᠎ᠠ᠎ᠪᠠᠷ ᠠᠬᠢᠵᠤ᠂ ᠵᠡᠭᠦᠨ ᠳᠤᠮᠳᠠᠳᠤ ᠪᠠᠷᠠᠭᠤᠨ ᠬᠡᠰᠡᠭ᠎ᠤᠨ ᠵᠦᠷᠢᠶᠡᠵᠢᠭᠰᠡᠨ ᠵᠣᠬᠢᠴᠠᠩᠭᠤᠢ ᠬᠥᠭᠵᠢᠬᠦ ᠪᠠᠶ᠋ᠢᠷᠢᠰᠢᠯ ᠠᠩᠬ᠎ᠠ ᠠᠯᠬᠤᠮ ᠪᠦᠷᠢᠯᠳᠦᠪᠡ᠃ ᠴᠢᠭᠤᠯᠤᠯᠲᠤ ᠬᠠᠭ᠋ᠠᠯᠭ᠎ᠠ᠎ᠠᠴᠠ ᠬᠦᠬᠡᠬᠤᠳᠠ᠂ ᠲᠦᠩᠯᠢᠶᠣᠣ᠎ᠠᠴᠠ ᠰᠢᠨ ᠮᠢᠨ᠂ ᠬᠠᠷᠠᠴᠢᠨ᠎ᠠᠴᠠ ᠤᠯᠠᠭ᠋ᠠᠨᠬᠠᠳᠠ ᠬᠦᠷᠬᠦ ᠲᠦᠷᠭᠡᠨ᠎ᠤ ᠲᠡᠮᠦᠷ ᠵᠠᠮ ᠵᠠᠯᠭ᠋ᠠᠭ᠎ᠠ᠎ᠪᠠᠷ ᠲᠡᠷᠭᠡ ᠨᠡᠪᠳᠡᠷᠡᠵᠦ᠂ ᠵᠠᠰᠠᠮᠠᠯ ᠵᠠᠮ᠎ᠤᠨ ᠤᠷᠲᠤ 1.7 ᠲᠦᠮᠡᠨ ᠺᠢᠯᠣᠮᠧᠳ᠋ᠷ ᠨᠡᠮᠡᠭᠳᠡᠨ᠂ ᠬᠦᠬᠡᠬᠤᠳᠠ ᠰᠢᠨ᠎ᠡ ᠨᠢᠰᠬᠡᠯ᠎ᠤᠨ ᠪᠠᠭᠤᠳᠠᠯ᠎ᠤᠨ ᠭᠤᠣᠯ ᠴᠣᠭᠴᠠ ᠵᠢᠨ ᠪᠠᠷᠢᠯᠭ᠎ᠠ ᠳᠠᠭᠤᠰᠴᠤ᠂ 21 ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠪᠠᠶ᠋ᠢᠭᠤᠯᠵᠤ ᠳᠠᠭᠤᠰᠬᠠᠨ᠂ ᠤᠰᠤᠨ ᠠᠰᠢᠭᠯᠠᠯᠲᠠ᠂ ᠡᠨᠧᠷᠬᠢ᠂ ᠮᠡᠳᠡᠭᠡ ᠵᠠᠩᠭᠢ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠎ᠢ ᠪᠠᠶ᠋ᠢᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠪᠠ᠃
   — ᠬᠥᠭᠵᠢᠯᠲᠡ ᠵᠢᠨ ᠬᠥᠳᠡᠯᠭᠡᠬᠦ ᠬᠦᠴᠦᠨ ᠠᠮᠢᠳᠤᠯᠢᠭ ᠬᠦᠴᠦᠨ ᠢᠯᠡᠳᠲᠡ ᠨᠡᠮᠡᠭᠳᠡᠪᠡ᠃ ᠴᠢᠬᠤᠯᠠ ᠬᠦᠷᠢᠶ᠎ᠡ ᠪᠠ ᠵᠠᠩᠭᠢᠯᠠᠭ᠎ᠠ ᠵᠢᠨ ᠭᠤᠭᠴᠣᠭ᠋ᠠᠨ᠎ᠤ ᠥᠭᠡᠷᠡᠴᠢᠯᠡᠯᠲᠡ᠎ᠳᠤ ᠰᠢᠪᠲᠤᠯᠤᠯᠲᠠ ᠵᠢᠨ ᠴᠢᠨᠠᠷᠲᠠᠢ ᠠᠬᠢᠴᠠ᠎ᠲᠠᠢ ᠪᠣᠯᠵᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ 71% ᠬᠠᠰᠤᠵᠤ᠂ ᠠᠵᠤ ᠠᠬᠤᠶ᠋ᠢᠯᠠᠯ᠎ᠳᠤ ᠬᠤᠯᠪᠣᠭᠳᠠᠬᠤ ᠡᠵᠡᠩᠨᠡᠯᠲᠡ ᠵᠢᠨ ᠵᠥᠪᠰᠢᠶᠡᠷᠡᠯ᠎ᠤᠨ ᠵᠦᠢ᠍ᠯᠡᠰ ᠪᠦᠬᠦᠨ᠎ᠳᠤ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ ᠵᠢ ᠬᠡᠷᠡᠭᠵᠢᠭᠦᠯᠪᠡ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ ᠠᠮᠵᠢᠯᠲᠠ᠎ᠲᠠᠢ ᠳᠠᠭᠤᠰᠴᠤ᠂ ᠪᠦᠬᠦ ᠣᠷᠣᠨ᠎ᠤ ᠡᠯ᠎ᠡ ᠱᠠᠲᠤᠨ᠎ᠤ 244 ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠢ ᠳᠠᠬᠢᠨᠲᠠ ᠵᠣᠬᠢᠶᠠᠨ ᠪᠠᠶ᠋ᠢᠭᠤᠯᠵᠤ ᠨᠡᠶ᠋ᠢᠯᠡᠭᠦᠯᠦᠨ᠂ 《ᠭᠤᠷᠪᠠᠨ ᠬᠠᠩᠭ᠋ᠠᠯᠭ᠎ᠠ ᠨᠢᠭᠡ ᠠᠳᠠᠯ ᠠᠬᠤᠢ》 ᠵᠢᠨ ᠬᠠᠮᠢᠶᠠᠷᠤᠯᠲᠠ ᠵᠢ ᠰᠠᠯᠭ᠋ᠠᠨ ᠰᠢᠯᠵᠢᠭᠦᠯᠵᠦ ᠲᠤᠰᠢᠶᠠᠬᠤ ᠵᠡᠷᠭᠡ ᠲᠡᠦᠬᠡᠲᠦ ᠴᠢᠨᠠᠷᠲᠠᠢ ᠬᠦᠴᠢᠷ ᠠᠰᠠᠭᠤᠳᠠᠯ᠎ᠢ ᠦᠨᠳᠦᠰᠦᠨ᠎ᠳᠤ᠎ᠪᠠᠨ ᠰᠢᠢ᠍ᠳᠪᠦᠷᠢᠯᠡᠪᠡ᠃ 2021 ᠣᠨ᠎ᠠᠴᠠ ᠨᠠᠭ᠋ᠠᠰᠢ ᠳ᠋ᠠ ᠵᠦᠩ ᠠᠭᠤᠷᠬᠠᠢ ᠵᠢᠨ ᠦᠢ᠍ᠯᠡᠰ᠂ ᠶᠢᠦ ᠷᠠᠨ ᠮᠠᠯ ᠠᠵᠤ ᠠᠬᠤᠢ᠂ ᠳ᠋ᠠ ᠲᠠᠩ ᠡᠮ᠎ᠤᠨ ᠦᠢ᠍ᠯᠡᠰ᠂ ᠰᠢᠨᠬᠤᠸᠠ ᠲᠠᠷᠬᠠᠭ᠋ᠠᠬᠤ ᠪᠦᠯᠦᠭᠯᠡᠯ᠂ ᠧᠦ ᠵᠢᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠠᠮᠵᠢᠯᠲᠠ᠎ᠲᠠᠢ᠎ᠪᠠᠷ ᠰᠲ᠋ᠣᠺ᠎ᠤᠨ ᠵᠠᠬ᠎ᠠ᠎ᠳᠤ ᠭᠠᠷᠴᠤ᠂ ᠮᠠᠨ᠎ᠤ ᠣᠷᠣᠨ᠎ᠤ ᠠᠵᠤ ᠠᠬᠤᠶ᠋ᠢᠯᠠᠯ 9 ᠵᠢᠯ A ᠰᠲ᠋ᠣᠺ᠎ᠤᠨ ᠵᠠᠬ᠎ᠠ᠎ᠳᠤ ᠭᠠᠷᠤᠭᠰᠠᠨ ᠦᠭᠡᠢ ᠪᠠᠶ᠋ᠢᠳᠠᠯ᠎ᠢ ᠡᠴᠦᠰᠯᠡᠭᠦᠯᠪᠡ᠃ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠤᠭ᠎ᠠ ᠵᠢᠯ ᠳᠤᠮᠳᠠᠴᠢ᠎ᠪᠠᠷ 8%᠎ᠠᠴᠠ ᠳᠡᠭᠡᠭᠰᠢ ᠨᠡᠮᠡᠭᠳᠡᠨ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠤᠭᠰᠠᠨ ᠪᠡᠯᠡ ᠮᠥᠩᠭᠦ ᠨᠡᠶ᠋ᠢᠳᠡ ᠲᠦᠮᠡᠨ ᠳ᠋ᠦᠩᠰᠢᠭᠤᠷ ᠲᠥᠭᠦᠷᠢᠭ᠎ᠢ ᠳᠠᠪᠠᠪᠠ᠃
   — ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ ᠯᠠᠪᠳᠠᠭᠤᠨ ᠵᠶ᠋ᠠᠷ ᠳᠡᠭᠡᠭᠰᠢᠯᠡᠪᠡ᠃ ᠰᠠᠭᠤᠭ᠋ᠠᠯᠢ ᠠᠷᠠᠳ᠎ᠤᠨ ᠤᠷᠤᠯᠭ᠎ᠠ ᠵᠢᠨ ᠨᠡᠮᠡᠭᠳᠡᠯ᠎ᠤᠨ ᠬᠤᠷᠳᠤᠴᠠ ᠶᠡᠷᠦᠩᠬᠡᠢ᠎ᠳᠤ᠎ᠪᠠᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ᠎ᠠᠴᠠ ᠲᠦᠷᠭᠡᠨ ᠪᠠᠶ᠋ᠢᠵᠤ᠂ ᠪᠦᠬᠦ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠤᠯᠬᠤ ᠤᠷᠤᠯᠭ᠎ᠠ 2.6 ᠲᠦᠮᠡᠨ ᠲᠥᠭᠦᠷᠢᠭ ᠪᠠᠶ᠋ᠢᠭᠰᠠᠨ᠎ᠠᠴᠠ᠎ᠪᠠᠨ 3.6 ᠲᠦᠮᠡᠨ ᠲᠥᠭᠦᠷᠢᠭ ᠰᠢᠬᠠᠮ ᠪᠣᠯᠵᠤ ᠨᠡᠮᠡᠭᠳᠡᠪᠡ᠃ ᠬᠤᠳᠠ ᠪᠠᠯᠭ᠋ᠠᠰᠤᠨ᠎ᠤ ᠠᠵᠢᠯ ᠣᠯᠣᠭᠰᠠᠳ᠎ᠢ ᠵᠢᠯ ᠳᠤᠮᠳᠠᠴᠢ᠎ᠪᠠᠷ 20 ᠲᠦᠮᠡᠨ ᠬᠥᠮᠥᠨ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠰᠤᠷᠭ᠋ᠠᠨ ᠬᠥᠮᠦᠵᠢᠯ᠎ᠤᠨ ᠲᠦᠭᠡᠮᠡᠯᠵᠢᠯ᠂ ᠡᠮᠴᠢᠯᠡᠭᠡ ᠡᠷᠡᠭᠦᠯ ᠬᠠᠮᠠᠭ᠋ᠠᠯᠠᠯ᠂ ᠰᠣᠶᠣᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠢᠷᠢ ᠲᠦᠪᠰᠢᠨ ᠪᠦᠬᠦ ᠲᠠᠯ᠎ᠠ᠎ᠪᠠᠷ ᠳᠡᠭᠡᠭᠰᠢᠯᠡᠪᠡ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠥᠩᠭᠡᠷᠡᠭᠰᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠤᠨ ᠲᠦᠷᠦᠯ ᠵᠦᠢ᠍ᠯ᠎ᠢ ᠨᠡᠶ᠋ᠢᠲᠡ 2970᠂ 140 ᠲᠦᠮᠡᠨ ᠢᠵᠢ᠂ 1.55 ᠳ᠋ᠦᠩᠰᠢᠭᠤᠷ ᠲᠡᠭᠰᠢ ᠳᠥᠷᠪᠡᠯᠵᠢᠨ ᠮᠧᠳ᠋ᠷ ᠰᠢᠢ᠍ᠳᠪᠦᠷᠢᠯᠡᠵᠦ᠂ ᠬᠠᠭᠤᠴᠢᠨ ᠰᠠᠭᠤᠭ᠋ᠠᠯᠢ ᠲᠣᠭᠤᠷᠢᠭ᠎ᠢ 5108᠂ ᠳᠦᠭᠦᠮ ᠪᠦᠲᠦᠴᠡᠲᠦ ᠣᠷᠣᠨ ᠰᠠᠭᠤᠴᠠ ᠵᠢᠨ ᠲᠣᠭᠤᠷᠢᠭ᠎ᠢ 26 ᠲᠦᠮᠡᠨ ᠢᠵᠢ ᠣᠷᠴᠢᠮ᠂ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ 9.6 ᠲᠦᠮᠡᠨ ᠢᠵᠢ ᠭᠡᠷ ᠪᠠᠶ᠋ᠢᠰᠢᠩ᠎ᠢ ᠥᠭᠡᠷᠡᠴᠢᠯᠡᠨ ᠰᠢᠨᠡᠳᠬᠡᠵᠦ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢ 2 ᠲᠦᠮᠡᠨ ᠢᠵᠢ ᠪᠠᠶ᠋ᠢᠭᠤᠯᠤᠨ᠂ 600 ᠭᠠᠷᠤᠢ ᠲᠦᠮᠡᠨ ᠤᠯᠠᠨ ᠲᠦᠮᠡᠨ᠎ᠤ ᠠᠮᠤᠭᠤᠯᠠᠩ ᠰᠠᠭᠤᠷᠢᠰᠢᠬᠤ ᠵᠡᠭᠦᠳᠦ ᠵᠢ᠎ᠨᠢ ᠲᠡᠷᠭᠡᠯᠰᠢᠭᠦᠯᠦᠭᠰᠡᠨ ᠪᠠᠶ᠋ᠢᠨ᠎ᠠ᠃
   — ᠠᠮᠢ ᠠᠬᠤᠢ ᠣᠷᠴᠢᠨ ᠲᠣᠭᠤᠷᠢᠨ᠎ᠤ ᠴᠢᠨᠠᠷ ᠴᠢᠨᠰᠠᠭ᠎ᠠ ᠦᠷᠭᠦᠯᠵᠢᠯᠡᠨ ᠰᠠᠶ᠋ᠢᠵᠢᠷᠠᠪᠠ᠃ ᠲᠥᠪ᠎ᠤᠨ ᠨᠢᠭᠡᠳᠦᠭᠡᠷ ᠡᠭᠡᠯᠵᠢ ᠵᠢᠨ ᠣᠷᠴᠢᠨ ᠲᠣᠭᠤᠷᠢᠨ᠎ᠤ ᠰᠢᠮᠳᠠᠭᠤᠯᠤᠨ ᠪᠠᠶ᠋ᠢᠴᠠᠭ᠋ᠠᠭᠰᠠᠨ ᠪᠠ 《ᠪᠤᠴᠠᠵᠤ ᠪᠠᠶ᠋ᠢᠴᠠᠭ᠋ᠠᠨ ᠦᠵᠡᠬᠦ》᠎ᠳᠤ ᠴᠡᠭᠴᠡᠯᠡᠨ ᠰᠠᠶ᠋ᠢᠵᠢᠷᠠᠭᠤᠯᠬᠤ᠎ᠪᠠᠷ ᠲᠤᠰᠬᠠᠭᠰᠠᠨ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠦᠨ᠂ ᠬᠠᠲᠤᠨ ᠭᠤᠣᠯ᠂ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ》᠂ ᠴᠠᠭ᠋ᠠᠨᠨᠠᠭᠤᠷ ᠵᠡᠷᠭᠡ ᠭᠤᠣᠯᠳᠠᠯᠭ᠎ᠠ ᠪᠣᠯᠬᠤ ᠨᠠᠭᠤᠷ ᠭᠤᠣᠯ᠎ᠤᠨ ᠰᠠᠪᠠ ᠭᠠᠵᠠᠷ᠎ᠤᠨ ᠵᠠᠰᠠᠯᠲᠠ ᠵᠢᠨ ᠦᠷ᠎ᠡ ᠪᠦᠲᠦᠮᠵᠢ ᠢᠯᠡᠷᠬᠡᠢ ᠪᠠᠶ᠋ᠢᠵᠤ᠂ ᠲᠣᠭᠲᠠᠭ᠋ᠠᠯ ᠪᠠ ᠬᠠᠤᠯᠢ᠎ᠠᠴᠠ ᠵᠥᠷᠢᠴᠡᠵᠦ ᠨᠤᠲᠤᠭ ᠪᠡᠯᠴᠢᠭᠡᠷ ᠣᠶ᠋ᠢᠲᠤ ᠭᠠᠵᠠᠷ᠎ᠢ ᠡᠪᠳᠡᠭᠰᠡᠨ ᠠᠰᠠᠭᠤᠳᠠᠯ᠎ᠤᠳ᠎ᠢ ᠪᠦᠲᠦᠮᠵᠢᠳᠠᠢ ᠴᠡᠭᠴᠡᠯᠡᠨ ᠵᠠᠰᠠᠪᠠ᠃ ᠨᠡᠶ᠋ᠢᠲᠡ 3700 ᠭᠠᠷᠤᠢ ᠲᠦᠮᠡᠨ ᠮᠦ᠍ ᠣᠶ᠋ᠢᠵᠢᠭᠤᠯᠵᠤ᠂ 1.2 ᠳ᠋ᠦᠩᠰᠢᠭᠤᠷ ᠭᠠᠷᠤᠢ ᠮᠦ᠍ ᠡᠪᠡᠰᠦ ᠲᠠᠷᠢᠵᠤ᠂ 5400 ᠭᠠᠷᠤᠢ ᠲᠦᠮᠡᠨ ᠮᠦ᠍ ᠡᠯᠡᠰᠦ ᠵᠢ ᠰᠡᠷᠭᠡᠶ᠋ᠢᠯᠡᠨ ᠵᠠᠰᠠᠵᠤ᠂ ᠴᠥᠮ ᠪᠦᠭᠦ ᠤᠯᠤᠰ᠎ᠤᠨ ᠲᠡᠷᠢᠭᠦᠨ᠎ᠳᠤ ᠣᠷᠣᠵᠤ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠲᠣᠭᠤᠷᠢᠭ᠎ᠢ 10 ᠪᠠ 《ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ》 ᠵᠢᠨ ᠦᠢ᠍ᠯᠡᠳᠦᠯᠭᠡᠵᠢᠭᠦᠯᠵᠦ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ 8 ᠡᠭᠦᠳᠦᠨ ᠪᠠᠶ᠋ᠢᠭᠤᠯᠪᠠ᠃
   — ᠬᠦᠨᠳᠦ ᠬᠡᠴᠡᠭᠦᠦ ᠲᠦᠭᠰᠢᠭᠦᠷᠢ ᠵᠢᠨ ᠳᠠᠯᠳᠠ ᠭᠡᠮ᠎ᠢ ᠪᠦᠲᠦᠮᠵᠢᠳᠠᠢ ᠰᠡᠷᠭᠡᠶ᠋ᠢᠯᠡᠪᠡ᠃ ᠨᠠᠮ᠎ᠤᠨ ᠲᠥᠪ ᠬᠤᠷᠢᠶᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠡᠵᠡᠨ᠎ᠡ᠂ ᠮᠠᠨᠵᠤᠤᠷ᠂ ᠡᠷᠢᠶᠡᠨ ᠬᠤᠳᠠ᠂ ᠬᠦᠬᠡᠬᠤᠳᠠ ᠵᠡᠷᠭᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠪᠦᠬᠦ ᠬᠦᠴᠦᠨ ᠵᠶ᠋ᠠᠷ ᠵᠶ᠋ᠠᠨ ᠰᠢᠢ᠍ᠳᠪᠦᠷᠢᠯᠡᠵᠦ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠬᠠᠮᠠᠭ᠋ᠠᠯᠠᠪᠠ᠃ ᠵᠠᠰᠠᠭ᠎ᠤᠨ ᠣᠷᠳᠣᠨ᠎ᠤ ᠬᠡᠲᠦᠷᠬᠡᠢ ᠥᠷᠢ ᠲᠠᠯᠪᠢᠵᠤ ᠪᠠᠶ᠋ᠢᠭᠰᠠᠨ ᠡᠮᠬᠢ ᠵᠠᠮᠪᠠᠷᠠᠭ᠎ᠠ ᠦᠭᠡᠢ ᠪᠠᠶ᠋ᠢᠳᠠᠯ᠎ᠢ ᠡᠷᠡᠰ ᠴᠡᠭᠴᠡᠯᠡᠨ ᠵᠠᠰᠠᠵᠤ᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠣᠭᠲᠠᠭ᠋ᠠᠯ ᠪᠠ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠤᠳ᠎ᠢ ᠴᠢᠩᠭ᠎ᠠ ᠬᠦᠴᠦᠲᠡᠢ ᠴᠡᠭᠴᠡᠯᠡᠨ ᠵᠠᠰᠠᠵᠤ᠂ ᠮᠥᠩᠭᠦᠨ ᠭᠦᠢ᠍ᠯᠭᠡᠭᠡᠨ᠎ᠤ ᠬᠦᠷᠢᠶᠡᠨ᠎ᠳᠤ ᠥᠭᠡᠷᠡᠴᠢᠯᠡᠯᠲᠡ ᠬᠢᠵᠦ ᠲᠦᠭᠰᠢᠭᠦᠷᠢ ᠵᠢ᠎ᠨᠢ ᠠᠷᠢᠯᠭ᠋ᠠᠬᠤ ᠵᠢ ᠭᠦᠨᠵᠡᠭᠡᠢ ᠠᠬᠢᠭᠤᠯᠵᠤ᠂ ᠤᠤᠯ᠎ᠤᠨ ᠪᠤᠤ ᠱᠠᠩ ᠪᠠᠩᠬᠢ᠂ ᠰᠢᠨ᠎ᠡ ᠴᠠᠭ ᠦᠶ᠎ᠡ ᠢᠲᠡᠭᠡᠮᠵᠢᠲᠦ ᠨᠠᠶ᠋ᠢᠳᠠᠯᠭ᠎ᠠ ᠵᠢᠨ ᠲᠦᠭᠰᠢᠭᠦᠷᠢ ᠵᠢ ᠲᠣᠬᠢᠲᠠᠢ ᠰᠢᠢ᠍ᠳᠪᠦᠷᠢᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠢ ᠲᠡᠮᠡᠴᠡᠯ ᠲᠡᠭᠦᠰ ᠠᠮᠵᠢᠯᠲᠠ᠎ᠲᠠᠢ᠎ᠪᠠᠷ ᠳᠠᠭᠤᠰᠴᠤ᠂ ᠨᠡᠶ᠋ᠢᠭᠡᠮ᠎ᠤᠨ ᠠᠮᠤᠷ ᠲᠦᠪᠰᠢᠨ᠂ ᠠᠶᠤᠯ ᠦᠭᠡᠢ ᠦᠢ᠍ᠯᠡᠳᠪᠦᠷᠢᠯᠡᠯ᠂ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠪᠠᠶ᠋ᠢᠳᠠᠯ ᠦᠷᠭᠦᠯᠵᠢᠯᠡᠨ ᠰᠠᠶ᠋ᠢᠵᠢᠷᠠᠵᠤ᠂ ᠨᠡᠶ᠋ᠢᠭᠡᠮ᠎ᠤᠨ ᠶᠡᠭᠡ ᠪᠠᠶ᠋ᠢᠳᠠᠯ᠎ᠤᠨ ᠲᠣᠭᠲᠠᠭᠤᠨ ᠪᠠᠶ᠋ᠢᠬᠤ ᠵᠢ ᠪᠠᠲᠤᠯᠠᠪᠠ᠃
   — ᠦᠨᠳᠦᠰᠦᠲᠡᠨ᠎ᠤ ᠪᠦᠯᠬᠦᠮᠳᠡᠯ᠎ᠤᠨ ᠪᠠᠶ᠋ᠢᠳᠠᠯ ᠪᠠᠬᠢᠵᠢᠨ ᠬᠥᠭᠵᠢᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠵᠶ᠋ᠠᠷ ᠭᠤᠣᠯ ᠰᠢᠵᠢᠮ ᠪᠣᠯᠭ᠋ᠠᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠶᠡᠭᠡ᠎ᠪᠠᠷ ᠲᠦᠭᠡᠮᠡᠯᠵᠢᠭᠦᠯᠦᠨ ᠳᠡᠯᠭᠡᠷᠡᠭᠦᠯᠵᠦ᠂ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠬᠦ ᠲᠠᠯ᠎ᠠ᠎ᠪᠠᠷ ᠬᠡᠷᠡᠭᠵᠢᠭᠦᠯᠦᠨ ᠬᠡᠷᠡᠭᠯᠡᠵᠦ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠠ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠢᠰᠲ᠋ᠧᠮ᠎ᠲᠠᠢ ᠲᠡᠭᠦᠯᠳᠡᠷᠵᠢᠭᠦᠯᠦᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠵᠢ ᠥᠷᠭᠡᠨ ᠳᠡᠯᠭᠡᠷᠡᠩᠭᠦᠢ ᠠᠬᠢᠭᠤᠯᠤᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠶᠡᠭᠡ ᠪᠦᠯᠬᠦᠮᠳᠡᠯ᠎ᠤᠨ ᠰᠠᠶ᠋ᠢᠨ ᠰᠠᠶ᠋ᠢᠬᠠᠨ ᠪᠠᠶ᠋ᠢᠳᠠᠯ᠎ᠢ ᠨᠡᠩ ᠢᠯᠡᠭᠦᠦ ᠨᠠᠨᠳᠢᠩᠨᠠᠨ ᠡᠷᠬᠢᠮᠯᠡᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ ᠵᠶ᠋ᠠᠨ ᠬᠠᠶ᠋ᠢᠷᠠᠯᠠᠨ ᠬᠠᠮᠠᠭ᠋ᠠᠯᠠᠪᠠ᠃
    ᠲᠠᠪᠤᠨ ᠵᠢᠯ᠎ᠤᠨ ᠲᠤᠷᠰᠢ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠨ᠂ ᠴᠢᠬᠤᠯᠠ ᠶᠡᠭᠡ ᠵᠦᠢ᠍ᠯᠡᠰ᠂ ᠴᠢᠬᠤᠯᠠ ᠠᠰᠠᠭᠤᠳᠠᠯ᠎ᠳᠤ ᠵᠢᠭ᠋ᠠᠪᠤᠷᠢ ᠠᠪᠬᠤ ᠪᠠ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠦᠨ᠂ ᠡᠯ᠎ᠡ ᠲᠠᠯ᠎ᠠ ᠵᠢᠨ᠎ᠬᠢᠨ᠎ᠤ ᠬᠢᠨᠠᠯᠲᠠ ᠲᠠᠯᠪᠢᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢᠳ᠎ᠤᠨ 2953 ᠬᠤᠪᠢ ᠰᠠᠨᠠᠭᠤᠯᠭ᠎ᠠ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ 3329 ᠬᠤᠪᠢ ᠰᠠᠨᠠᠯ ᠳᠤᠷᠠᠳᠤᠯᠭ᠎ᠠ ᠵᠢ ᠭᠦᠢ᠍ᠴᠡᠳᠬᠡᠪᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠳᠤ ᠳᠡᠪᠰᠢᠭᠦᠯᠵᠦ ᠬᠢᠨᠠᠨ ᠵᠥᠪᠰᠢᠶᠡᠷᠡᠭᠦᠯᠦᠭᠰᠡᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠤᠨ ᠲᠠᠯ᠎ᠠ ᠵᠢᠨ ᠰᠠᠨᠠᠯ ᠵᠥᠪᠯᠡᠯᠭᠡ 141 ᠵᠦᠢ᠍ᠯ ᠪᠠᠶ᠋ᠢᠵᠤ᠂ ᠵᠠᠰᠠᠭ᠎ᠤᠨ ᠣᠷᠳᠣᠨ᠎ᠤ 87 ᠳᠦᠷᠢᠮ ᠲᠣᠭᠲᠠᠭ᠋ᠠᠯ᠎ᠢ ᠲᠣᠭᠲᠠᠭ᠋ᠠᠵᠤ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭ᠋ᠠᠨ᠂ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠦᠷᠭᠦᠯᠵᠢᠯᠡᠨ ᠴᠢᠩᠭ᠋ᠠᠷᠠᠪᠠ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ᠂ ᠴᠡᠷᠢᠭ ᠠᠩᠭᠢ ᠪᠠ ᠣᠷᠣᠨ ᠨᠤᠲᠤᠭ᠎ᠤᠨ ᠵᠣᠬᠢᠴᠠᠭᠤᠯᠭ᠎ᠠ᠂ ᠬᠤᠶᠠᠷ᠎ᠢ ᠬᠦᠷᠢᠶᠡᠯᠡᠬᠦ ᠪᠠ ᠠᠰᠠᠷᠠᠨ ᠬᠠᠷᠠᠭ᠋ᠠᠯᠵᠠᠬᠤ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠂ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ ᠵᠡᠷᠭᠡ ᠠᠵᠢᠯ ᠴᠥᠮ ᠰᠢᠨ᠎ᠡ ᠠᠮᠵᠢᠯᠲᠠ ᠣᠯᠵᠤ᠂ ᠭᠠᠳᠠᠭ᠋ᠠᠳᠤ ᠶᠠᠪᠤᠳᠠᠯ ᠪᠠ ᠬᠠᠷᠢᠶᠠᠲᠤ ᠵᠢᠨ ᠶᠠᠪᠤᠳᠠᠯ᠂ ᠲᠤᠭ᠎ᠠ ᠪᠦᠷᠢᠳᠬᠡᠯ ᠪᠠᠶ᠋ᠢᠴᠠᠭ᠋ᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠂ ᠳᠠᠩᠰᠠ ᠡᠪᠬᠡᠮᠡᠯ ᠪᠠ ᠨᠢᠭᠤᠴᠠ ᠵᠢ ᠬᠠᠮᠠᠭ᠋ᠠᠯᠠᠬᠤ᠂ ᠵᠥᠪᠳᠡᠭᠴᠢ ᠪᠠ ᠰᠣᠶᠣᠯ ᠲᠡᠦᠬᠡ᠂ ᠭᠠᠵᠠᠷ ᠬᠥᠳᠡᠯᠦᠯᠲᠡ ᠪᠠ ᠴᠠᠭ ᠠᠭᠤᠷ᠂ ᠭᠠᠵᠠᠷ ᠰᠢᠨᠵᠢᠯᠡᠭᠡᠨ᠎ᠤ ᠬᠡᠮᠵᠢᠨ ᠵᠢᠷᠤᠭᠯᠠᠯ ᠵᠡᠷᠭᠡ ᠠᠵᠢᠯ ᠦᠢ᠍ᠯᠡᠰ ᠴᠥᠮ ᠰᠢᠨ᠎ᠡ ᠳᠠᠪᠰᠢᠯᠲᠠ᠎ᠲᠠᠢ ᠪᠣᠯᠵᠤ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠶ᠋ᠢᠭᠡᠮᠯᠢᠭ᠂ ᠤᠳᠬ᠎ᠠ ᠤᠷᠠᠯᠢᠭ᠎ᠤᠨ᠎ᠬᠢᠨ᠎ᠤ ᠬᠤᠯᠪᠤᠭ᠎ᠠ᠂ ᠵᠡᠮᠳᠡᠭᠴᠦᠳ᠎ᠤᠨ ᠬᠤᠯᠪᠣᠭ᠋ᠠᠲᠤ ᠬᠤᠷᠠᠯ᠂ ᠤᠯᠠᠭ᠋ᠠᠨ ᠵᠠᠭ᠋ᠠᠯᠮᠠᠶ᠋ᠢᠳᠠᠨ᠎ᠤ ᠨᠡᠶ᠋ᠢᠭᠡᠮᠯᠢᠭ᠂ ᠨᠠᠰᠤᠲᠠᠶ᠋ᠢᠴᠤᠳ᠎ᠤᠨ ᠠᠵᠢᠯ᠎ᠤᠨ ᠵᠥᠪᠯᠡᠯ᠂ ᠬᠤᠶ᠋ᠢᠴᠢ ᠦᠶ᠎ᠡ᠎ᠪᠠᠨ ᠬᠠᠯᠠᠮᠵᠢᠯᠠᠬᠤ ᠠᠵᠢᠯ᠎ᠤᠨ ᠵᠥᠪᠯᠡᠯ ᠵᠡᠷᠭᠡ ᠵᠣᠬᠢᠶᠠᠨ ᠪᠠᠶ᠋ᠢᠭᠤᠯᠤᠯᠲᠠ᠎ᠳᠤ ᠴᠥᠮ ᠰᠢᠨ᠎ᠡ ᠳᠦᠷᠰᠦ ᠪᠠᠶ᠋ᠢᠳᠠᠯ ᠢᠯᠡᠷᠡᠪᠡ᠃
    ᠲᠥᠯᠥᠭᠡᠯᠡᠭᠴᠢᠳ ᠠ᠋! ᠰᠠᠶᠢᠬᠠᠨ ᠥᠩᠭᠡᠷᠡᠭᠰᠡᠨ 2022 ᠣᠨ ᠪᠣᠯ ᠨᠠᠮ ᠪᠠ ᠤᠯᠤᠰ᠎ᠤᠨ ᠲᠡᠦᠬᠡᠨ᠎ᠳᠠᠬᠢ ᠬᠥᠰᠢᠶ᠎ᠡ ᠳᠤᠷᠠᠰᠬᠠᠯ᠎ᠤᠨ ᠠᠴᠢ ᠬᠤᠯᠪᠣᠭᠳᠠᠯ᠎ᠲᠠᠢ ᠨᠢᠭᠡ ᠵᠢᠯ ᠪᠣᠯᠣᠨ᠎ᠠ᠃ ᠪᠢᠳᠡ ᠨᠠᠮ᠎ᠤᠨ ᠲᠥᠪ ᠬᠤᠷᠢᠶᠠᠨ᠎ᠤ 《ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ᠂ ᠠᠵᠤ ᠠᠬᠤᠢ ᠵᠢ ᠲᠣᠭᠲᠠᠭᠤᠨ ᠪᠠᠶ᠋ᠢᠯᠭ᠋ᠠᠵᠤ᠂ ᠬᠥᠭᠵᠢᠯᠲᠡ ᠵᠢ ᠠᠮᠤᠷ ᠲᠦᠪᠰᠢᠨ ᠪᠠᠶ᠋ᠢᠯᠭ᠋ᠠᠬᠤ》 ᠴᠢᠬᠤᠯᠠ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠠᠭ᠋ᠠᠭᠤᠯᠭ᠎ᠠ ᠳᠣᠣᠷ᠎ᠠ᠂ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ᠎ᠳᠤ ᠤᠷᠤᠭᠰᠢᠯᠠᠨ᠂ ᠬᠦᠴᠢᠷ᠎ᠤᠨ ᠳᠤᠮᠳᠠ ᠪᠦᠲᠦᠭᠡᠬᠦ᠎ᠪᠠᠷ ᠴᠢᠷᠮᠠᠶ᠋ᠢᠵᠤ᠂ ᠪᠦᠬᠦ ᠵᠢᠯ᠎ᠤᠨ ᠡᠯ᠎ᠡ ᠵᠦᠢ᠍ᠯ᠎ᠤᠨ ᠬᠠᠷᠠᠯᠲᠠ ᠡᠭᠦᠷᠭᠡ᠎ᠪᠠᠨ ᠨᠡᠯᠢᠶᠡᠳ ᠰᠠᠶ᠋ᠢᠨ ᠪᠡᠶᠡᠯᠡᠭᠦᠯᠪᠡ᠃ ᠵᠢᠱ᠌ᠢᠯᠲᠡ᠎ᠪᠠᠷ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ 4%᠎ᠠᠴᠠ ᠳᠡᠭᠡᠭᠰᠢ ᠨᠡᠮᠡᠭᠳᠡᠨ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ 8%᠎ᠠᠴᠠ ᠳᠡᠭᠡᠭᠰᠢ ᠨᠡᠮᠡᠭᠳᠡᠵᠦ᠂ ᠪᠦᠭᠦ ᠤᠯᠤᠰ᠎ᠤᠨ ᠭᠤᠷᠪᠠᠳᠤᠭ᠋ᠠᠷ᠎ᠲᠤ ᠪᠠᠶ᠋ᠢᠷᠢᠯᠠᠵᠤ᠂ ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠲᠠ 15%᠎ᠠᠴᠠ ᠳᠡᠭᠡᠭᠰᠢ ᠨᠡᠮᠡᠭᠳᠡᠨ᠂ ᠪᠦᠭᠦ ᠤᠯᠤᠰ᠎ᠤᠨ ᠲᠡᠷᠢᠭᠦᠨ᠎ᠳᠤ ᠪᠠᠶ᠋ᠢᠷᠢᠯᠠᠵᠤ᠂ ᠡᠩ᠎ᠤᠨ ᠤᠯᠠᠨ ᠨᠡᠶ᠋ᠢᠲᠡ ᠵᠢᠨ ᠲᠥᠰᠥᠪ᠎ᠤᠨ ᠤᠷᠤᠯᠭ᠎ᠠ 20.2% ᠨᠡᠮᠡᠭᠳᠡᠵᠦ᠂ ᠪᠦᠭᠦ ᠤᠯᠤᠰ᠎ᠤᠨ ᠬᠤᠶᠠᠳᠤᠭ᠋ᠠᠷ᠎ᠲᠤ ᠪᠠᠶ᠋ᠢᠷᠢᠯᠠᠪᠠ᠃
    ᠨᠢᠭᠡ ᠵᠢᠯ᠎ᠤᠨ ᠲᠤᠷᠰᠢ᠂ ᠪᠢᠳᠡ ᠡᠷᠲᠡ᠎ᠠᠴᠠ ᠭᠠᠷᠳᠠᠵᠤ ᠠᠵᠢᠯᠯᠠᠬᠤ ᠵᠢ ᠪᠠᠷᠢᠮᠲᠠᠯᠠᠪᠠ᠂ ᠵᠢᠯ᠎ᠤᠨ ᠡᠬᠢᠨ᠎ᠠᠴᠠ ᠡᠬᠢᠯᠡᠨ ᠲᠦᠷᠦ ᠵᠢᠨ ᠪᠣᠳᠣᠯᠭ᠎ᠠ ᠵᠢᠨ 《ᠬᠠᠮ ᠠᠷᠭ᠎ᠠ ᠪᠣᠳᠣᠯᠭ᠎ᠠ》 ᠵᠢ ᠲᠠᠰᠤᠷᠠᠯᠲᠠ ᠦᠭᠡᠢ ᠨᠡᠶ᠋ᠢᠲᠡᠯᠡᠨ ᠭᠠᠷᠭ᠋ᠠᠵᠤ᠂ ᠠᠵᠤ ᠠᠬᠤᠢ ᠵᠢ ᠲᠣᠭᠲᠠᠭᠤᠨ ᠪᠠᠶ᠋ᠢᠯᠭ᠋ᠠᠬᠤ 40 ᠵᠤᠷᠪᠤᠰ ᠲᠥᠬᠦᠷ ᠲᠦᠷᠦ ᠵᠢᠨ ᠪᠣᠳᠣᠯᠭ᠎ᠠ᠂ 21 ᠵᠤᠷᠪᠤᠰ ᠦᠷᠭᠦᠯᠵᠢᠯᠡᠭᠰᠡᠨ ᠲᠦᠷᠦ ᠵᠢᠨ ᠪᠣᠳᠣᠯᠭ᠎ᠠ ᠵᠢ ᠤᠷᠢᠳ ᠬᠤᠵᠢᠳ ᠲᠣᠭᠲᠠᠭ᠋ᠠᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ 181 ᠵᠤᠷᠪᠤᠰ᠂ ᠠᠵᠤ ᠦᠢ᠍ᠯᠡᠰ᠎ᠢ ᠴᠢᠨᠠᠷ ᠰᠠᠶ᠋ᠢᠲᠠᠢ ᠬᠥᠭᠵᠢᠭᠦᠯᠬᠦ 130 ᠵᠤᠷᠪᠤᠰ᠂ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ 9 ᠵᠤᠷᠪᠤᠰ᠂ ᠵᠠᠰᠠᠮᠠᠯ ᠵᠠᠮ᠎ᠤᠨ ᠪᠡᠯᠡ ᠤᠷᠤᠭᠤᠯᠤᠯᠲᠠ ᠵᠢᠨ 6 ᠵᠤᠷᠪᠤᠰ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠠᠶ᠋ᠢᠭᠤᠯᠤᠯᠲᠠ ᠵᠢᠨ 11 ᠵᠤᠷᠪᠤᠰ ᠪᠠ ᠠᠵᠤ ᠦᠢ᠍ᠯᠡᠳᠪᠦᠷᠢ᠂ ᠦᠢ᠍ᠯᠡᠴᠢᠯᠡᠭᠡᠨ᠎ᠤ ᠦᠢ᠍ᠯᠡᠰ᠂ ᠪᠠᠷᠢᠯᠭ᠎ᠠ ᠵᠢᠨ ᠦᠢ᠍ᠯᠡᠰ᠂ ᠰᠢᠨ᠎ᠡ ᠡᠨᠧᠷᠬᠢ ᠵᠢᠨ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠪᠦᠲᠦᠭᠡᠨ ᠪᠠᠶ᠋ᠢᠭᠤᠯᠤᠯᠲᠠ ᠵᠢᠨ ᠲᠦᠷᠦ ᠵᠢᠨ ᠪᠣᠳᠣᠯᠭ᠎ᠠ᠎ᠨᠤᠭᠤᠳ᠎ᠢ ᠨᠡᠶ᠋ᠢᠲᠡᠯᠡᠵᠦ᠂ ᠠᠵᠤ ᠠᠬᠤᠢ ᠵᠢᠨ ᠨᠡᠮᠡᠭᠳᠡᠯ᠎ᠳᠤ 《ᠪᠠᠲᠤ ᠳᠡᠭᠡᠭᠰᠢᠯᠡᠭᠦᠯᠬᠦ ᠠᠷᠭ᠎ᠠ》 ᠵᠢ ᠬᠡᠷᠡᠭᠯᠡᠨ᠂ ᠵᠠᠬ᠎ᠠ ᠳᠡᠯᠭᠡᠭᠦᠷ᠎ᠤᠨ ᠭᠤᠣᠯ ᠴᠣᠭᠴᠠ᠎ᠳᠤ 《ᠰᠡᠳᠬᠢᠯ ᠠᠮᠤᠷ ᠬᠥᠭᠵᠢᠬᠦ ᠪᠣᠳᠣᠯᠭ᠎ᠠ》 ᠲᠣᠭᠲᠠᠭ᠋ᠠᠵᠤ ᠥᠭᠪᠡ᠃ 3343 ᠴᠢᠬᠤᠯᠠ ᠶᠡᠭᠡ ᠲᠦᠷᠦᠯ ᠵᠦᠢ᠍ᠯ᠎ᠢ ᠬᠡᠷᠡᠭᠵᠢᠭᠦᠯᠦᠨ᠂ ᠪᠦᠲᠦᠭᠡᠨ ᠪᠠᠶ᠋ᠢᠭᠤᠯᠤᠯᠲᠠ ᠵᠢᠨ ᠪᠡᠯᠡ ᠤᠷᠤᠭᠤᠯᠤᠯᠲᠠ 6000 ᠳ᠋ᠦᠩᠰᠢᠭᠤᠷ ᠲᠥᠭᠦᠷᠢᠭ᠎ᠢ ᠳᠠᠪᠠᠵᠤ᠂ ᠠᠵᠤ ᠦᠢ᠍ᠯᠡᠳᠪᠦᠷᠢ ᠵᠢᠨ ᠪᠡᠯᠡ ᠤᠷᠤᠭᠤᠯᠤᠯᠲᠠ 40%᠎ᠠᠴᠠ ᠳᠡᠭᠡᠭᠰᠢ ᠨᠡᠮᠡᠭᠳᠡᠵᠦ᠂ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠪᠡᠯᠡ ᠤᠷᠤᠭᠤᠯᠤᠯᠲᠠ 85%᠎ᠠᠴᠠ ᠳᠡᠭᠡᠭᠰᠢ ᠨᠡᠮᠡᠭᠳᠡᠨ᠂ ᠰᠢᠨ᠎ᠡ ᠡᠨᠧᠷᠬᠢ ᠵᠢᠨ ᠪᠡᠯᠡ ᠤᠷᠤᠭᠤᠯᠤᠯᠲᠠ 5 ᠳᠠᠬᠢᠨ᠎ᠠᠴᠠ ᠳᠡᠭᠡᠭᠰᠢ ᠨᠡᠮᠡᠭᠳᠡᠵᠦ᠂ ᠨᠢᠭᠡ ᠪᠦᠯᠦᠭ ᠴᠢᠬᠤᠯᠠ ᠶᠡᠭᠡ ᠠᠵᠤ ᠦᠢ᠍ᠯᠡᠰ ᠪᠠ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠪᠣᠳᠠᠲᠠᠶ᠋ᠢᠵᠢᠭᠤᠯᠤᠨ᠂ ᠨᠡᠮᠡᠭᠳᠡᠯ᠎ᠢ ᠲᠣᠭᠲᠠᠭᠤᠨ ᠪᠠᠶ᠋ᠢᠯᠭ᠋ᠠᠬᠤ᠂ ᠪᠦᠲᠦᠴᠡ ᠵᠢ ᠲᠣᠬᠢᠷᠠᠭᠤᠯᠬᠤ᠂ ᠰᠠᠭᠤᠷᠢ ᠵᠢ ᠪᠠᠬᠢᠵᠢᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃
    ᠨᠢᠭᠡ ᠵᠢᠯ᠎ᠤᠨ ᠲᠤᠷᠰᠢ᠂ ᠪᠢᠳᠡ ᠶᠡᠭᠡ ᠪᠠᠶ᠋ᠢᠳᠠᠯ᠎ᠢ ᠪᠠᠲᠤᠯᠠᠵᠤ᠂ ᠶᠡᠭᠡ ᠪᠠᠶ᠋ᠢᠳᠠᠯ᠎ᠳᠤ ᠦᠢ᠍ᠯᠡᠴᠢᠯᠡᠬᠦ ᠵᠢ ᠪᠠᠷᠢᠮᠲᠠᠯᠠᠪᠠ᠂ ᠤᠯᠤᠰ᠎ᠤᠨ ᠡᠨᠧᠷᠬᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠨ᠂ ᠨᠡᠭᠦᠷᠡᠰᠦᠨ᠎ᠤ ᠭᠠᠷᠤᠯᠲᠠ 12.2 ᠳ᠋ᠦᠩᠰᠢᠭᠤᠷ ᠲᠤᠨ᠂ ᠴᠠᠬᠢᠯᠭ᠋ᠠᠨ ᠭᠠᠷᠭ᠋ᠠᠭᠰᠠᠨ ᠬᠡᠮᠵᠢᠶ᠎ᠡ 6465 ᠳ᠋ᠦᠩᠰᠢᠭᠤᠷ ᠭ᠋ᠷᠡᠳᠦ᠋ᠰ᠂ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠡᠭᠦᠷᠭᠡ᠎ᠪᠠᠨ 9.45 ᠳ᠋ᠦᠩᠰᠢᠭᠤᠷ ᠲᠤᠨ᠂ ᠭᠠᠳᠠᠭᠰᠢ ᠴᠠᠬᠢᠯᠭ᠋ᠠᠨ ᠳᠠᠮᠵᠢᠭᠤᠯᠤᠭᠰᠠᠨ ᠬᠡᠮᠵᠢᠶ᠎ᠡ 2640 ᠳ᠋ᠦᠩᠰᠢᠭᠤᠷ ᠭ᠋ᠷᠡᠳᠦ᠋ᠰ᠎ᠢ ᠪᠡᠶᠡᠯᠡᠭᠦᠯᠦᠨ᠂ ᠴᠥᠮ ᠪᠦᠬᠦ ᠤᠯᠤᠰ᠎ᠤᠨ ᠲᠡᠷᠢᠭᠦᠨ᠎ᠳᠤ ᠪᠠᠶ᠋ᠢᠷᠢᠯᠠᠪᠠ; 400 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠪᠠ ᠰᠢᠷ᠎ᠠ ᠪᠤᠷᠴᠠᠭ᠂ ᠲᠣᠰᠣᠯᠢᠭ ᠲᠠᠷᠢᠮᠠᠯ᠎ᠢ ᠥᠷᠭᠡᠳᠬᠡᠨ ᠲᠠᠷᠢᠬᠤ ᠡᠭᠦᠷᠭᠡ᠎ᠪᠠᠨ ᠪᠡᠶᠡᠯᠡᠭᠦᠯᠵᠦ᠂ ᠠᠮᠤ ᠪᠤᠳᠠᠭ᠋ᠠᠨ᠎ᠤ ᠤᠨᠠᠯᠲᠠ 780 ᠳ᠋ᠦᠩᠰᠢᠭᠤᠷ ᠵᠢᠩ᠂ ᠦᠨᠢᠶᠡᠨ ᠰᠦ ᠵᠢᠨ ᠭᠠᠷᠤᠯᠲᠠ 720 ᠲᠦᠮᠡᠨ ᠲᠣᠨ᠂ ᠮᠢᠬᠠᠨ᠎ᠤ ᠲᠦᠷᠦᠯ᠎ᠤᠨ ᠭᠠᠷᠤᠯᠲᠠ 282 ᠲᠦᠮᠡᠨ ᠲᠣᠨ᠂ ᠴᠥᠮ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠢ ᠰᠢᠯᠢᠳᠡᠭᠵᠢᠭᠦᠯᠵᠦ᠂ ᠣᠯᠠᠨ ᠡᠭᠡᠯᠵᠢ ᠵᠢᠨ ᠬᠢᠵᠢᠭ᠎ᠤᠨ ᠪᠠᠶ᠋ᠢᠳᠠᠯ᠎ᠢ ᠦᠳᠲᠡᠷ ᠲᠦᠷᠭᠡᠨ ᠰᠢᠢ᠍ᠳᠪᠦᠷᠢᠯᠡᠪᠡ᠂ ᠣᠨᠴᠠᠭ᠋ᠠᠶ᠋ᠢᠯᠠᠨ ᠣᠷᠣᠨ ᠳᠠᠶᠠᠭ᠋ᠠᠷ ᠨᠢᠭᠡ ᠬᠥᠯᠭᠡ ᠰᠢᠲᠠᠷ᠎ᠠ᠎ᠲᠠᠢ ᠠᠳᠠᠯᠢ᠎ᠪᠠᠷ ᠳᠡᠭᠡᠳᠦ ᠳᠣᠣᠷᠠᠳᠤ ᠱᠠᠲᠤ᠎ᠪᠠᠷ ᠵᠶ᠋ᠠᠨ ᠨᠢᠭᠡ ᠰᠡᠳᠬᠢᠯ ᠵᠶ᠋ᠠᠷ ᠬᠦᠬᠡᠬᠤᠲᠠ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠡᠬᠢᠯᠡᠭᠦᠯᠵᠦ᠂ 23.74 ᠲᠦᠮᠡᠨ ᠣᠶᠤᠲᠠᠳ᠎ᠢ ᠡᠮᠬᠢ ᠵᠢᠷᠤᠮ᠎ᠲᠠᠢ᠎ᠪᠠᠷ ᠵᠣᠬᠢᠶᠠᠨ ᠪᠠᠶ᠋ᠢᠭᠤᠯᠵᠤ ᠨᠤᠲᠤᠭ᠎ᠲᠤ᠎ᠨᠢ ᠬᠠᠷᠢᠭᠤᠯᠵᠤ᠂ 《ᠰᠢᠨ᠎ᠡ ᠠᠷᠪᠠᠨ ᠵᠤᠷᠪᠤᠰ》᠎ᠤᠨ ᠳᠠᠷᠠᠭ᠎ᠠ ᠪᠦᠬᠦ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠯᠠᠪᠳᠠᠭᠤᠨ ᠲᠣᠭᠲᠠᠭᠤᠨ ᠵᠶ᠋ᠠᠷ ᠰᠢᠯᠵᠢᠨ ᠬᠤᠪᠢᠷᠠᠬᠤ ᠵᠢ ᠪᠡᠶᠡᠯᠡᠭᠦᠯᠪᠡ᠃ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠵᠡᠮᠳᠡᠭᠴᠦᠳ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ᠎ᠳᠤ ᠦᠢ᠍ᠯᠡᠴᠢᠯᠡᠭᠡ ᠪᠠᠲᠤᠯᠠᠭ᠎ᠠ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠣᠶ᠋ᠢᠷ᠎ᠠ ᠵᠢᠨ ᠵᠢᠯ᠎ᠤᠳ᠎ᠲᠠᠬᠢ ᠲᠣᠮᠣ ᠬᠡᠯᠪᠡᠷᠢ ᠵᠢᠨ ᠠᠮᠤᠷ᠎ᠢ ᠬᠠᠮᠠᠭ᠋ᠠᠯᠠᠨ ᠲᠣᠭᠲᠠᠭᠤᠨ᠎ᠢ ᠪᠠᠲᠤᠯᠠᠬᠤ ᠠᠵᠢᠯ᠎ᠳᠤ ᠬᠠᠮᠤᠭ᠎ᠤᠨ ᠰᠠᠶ᠋ᠢᠨ ᠦᠷ᠎ᠡ ᠪᠦᠲᠦᠮᠵᠢ ᠣᠯᠪᠠ᠃
    ᠨᠢᠭᠡ ᠵᠢᠯ᠎ᠤᠨ ᠲᠤᠷᠰᠢ᠂ ᠪᠢᠳᠠ ᠠᠵᠤ ᠦᠢ᠍ᠯᠡᠰ᠎ᠢ ᠪᠣᠶ᠋ᠢᠵᠢᠭᠤᠯᠬᠤ᠂ ᠬᠥᠳᠡᠯᠭᠡᠭᠴᠢ ᠴᠢᠳᠠᠪᠤᠷᠢ᠎ᠪᠠᠨ ᠰᠣᠯᠢᠬᠤ ᠵᠢ ᠪᠠᠷᠢᠮᠲᠠᠯᠠᠪᠠ᠂ 8 ᠲᠣᠮᠣ ᠠᠵᠤ ᠦᠢ᠍ᠯᠡᠰ᠎ᠤᠨ ᠪᠦᠯᠦᠭᠵᠢᠯ ᠪᠠ 12 ᠵᠤᠷᠪᠤᠰ ᠭᠤᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ ᠵᠢ ᠨᠠᠷᠢᠨ ᠨᠢᠮᠪᠠᠢ ᠰᠡᠳᠦᠨ ᠲᠥᠯᠥᠪᠯᠡᠵᠦ᠂ 《ᠬᠤᠶᠠᠷ ᠵᠢᠷᠤᠭ ᠬᠤᠶᠠᠷ ᠬᠥᠮᠥᠷᠭᠡ ᠬᠤᠶᠠᠷ ᠬᠦᠰᠦᠨᠦᠭᠲᠦ》 ᠵᠢᠨ ᠠᠬᠢᠭᠤᠯᠬᠤ ᠲᠣᠭᠲᠠᠴᠠ ᠵᠢ ᠬᠡᠷᠡᠭᠵᠢᠭᠦᠯᠵᠦ᠂ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠲᠦᠷᠦᠯ ᠵᠦᠢ᠍ᠯ᠎ᠢ 140 ᠪᠠᠶ᠋ᠢᠭᠤᠯᠵᠤ᠂ ᠬᠡᠯᠬᠢᠶ᠎ᠡ ᠵᠢᠨ ᠭᠤᠣᠯ ᠪᠣᠯᠬᠤ ᠠᠵᠤ ᠠᠬᠤᠶ᠋ᠢᠯᠠᠯ᠎ᠢ ᠵᠠᠭᠤ ᠰᠢᠬᠠᠮ ᠪᠣᠳᠠᠲᠠᠶ᠋ᠢᠵᠢᠭᠤᠯᠵᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠣᠢ ᠪᠣᠯᠤᠭᠰᠠᠨ ᠠᠵᠤ ᠦᠢ᠍ᠯᠡᠰ᠎ᠤᠨ ᠨᠡᠮᠡᠭᠳᠡᠯ ᠦᠷᠲᠡᠭ᠎ᠢ 15%᠎ᠠᠴᠠ ᠳᠡᠭᠡᠭᠰᠢ ᠨᠡᠮᠡᠭᠳᠡᠭᠦᠯᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠢ 30%᠎ᠠᠴᠠ ᠳᠡᠭᠡᠭᠰᠢ ᠨᠡᠮᠡᠭᠳᠡᠭᠦᠯᠵᠦ᠂ ᠲᠤᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠢ 40%᠎ᠠᠴᠠ ᠳᠡᠭᠡᠭᠰᠢ ᠨᠡᠮᠡᠭᠳᠡᠭᠦᠯᠪᠡ᠃ ᠣᠨᠴᠠᠭ᠋ᠠᠶ᠋ᠢᠯᠠᠨ ᠰᠢᠨ᠎ᠡ ᠣᠨᠣᠯᠵᠢᠬᠤᠨ ᠵᠶ᠋ᠠᠷ ᠰᠢᠨ᠎ᠡ ᠡᠨᠧᠷᠬᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠨ᠂ ᠨᠡᠭᠡᠭᠡᠨ ᠠᠰᠢᠭᠯᠠᠬᠤ ᠵᠢ ᠠᠳᠬᠤᠭᠰᠠᠨ ᠮᠥᠷᠲᠡᠭᠡᠨ ᠪᠠᠰᠠ ᠲᠤᠨᠤᠭ ᠲᠥᠬᠦᠭᠡᠷᠦᠮᠵᠢ ᠦᠢ᠍ᠯᠡᠳᠬᠦ ᠵᠢ ᠠᠳᠬᠤᠵᠤ᠂ ᠲᠥᠪ᠎ᠤᠨ ᠠᠵᠤ ᠠᠬᠤᠶ᠋ᠢᠯᠠᠯ᠎ᠯᠤᠭ᠎ᠠ ᠬᠠᠮᠲᠤᠷᠠᠯᠴᠠᠬᠤ ᠵᠢ ᠠᠬᠢᠭᠤᠯᠤᠭᠰᠠᠨ ᠮᠥᠷᠲᠡᠭᠡᠨ ᠪᠠᠰᠠ ᠣᠷᠣᠨ ᠨᠤᠲᠤᠭ᠎ᠤᠨ ᠠᠵᠤ ᠠᠬᠤᠶ᠋ᠢᠯᠠᠯ᠎ᠤᠨ ᠣᠷᠤᠯᠴᠠᠬᠤ ᠵᠢ ᠠᠬᠢᠭᠤᠯᠤᠨ᠂ ᠮᠠᠰᠢᠨ ᠴᠣᠭᠴᠠᠯᠠᠪᠤᠷᠢ ᠵᠢ 2000 ᠲᠦᠮᠡᠨ ᠺᠢᠯᠣᠸᠠᠲ ᠰᠢᠨ᠎ᠡ᠎ᠪᠠᠷ ᠨᠡᠮᠡᠭᠳᠡᠭᠦᠯᠵᠦ᠂ ᠪᠠᠷᠤᠭ 1 ᠳ᠋ᠦᠩᠰᠢᠭᠤᠷ ᠺᠢᠯᠣᠸᠠᠲ᠎ᠢ ᠴᠣᠬᠤᠯᠠᠪᠤᠷᠢᠯᠠᠨ ᠵᠥᠪᠰᠢᠶᠡᠷᠡᠭᠦᠯᠵᠦ ᠬᠡᠷᠡᠭᠵᠢᠭᠦᠯᠦᠨ᠂ ᠵᠠᠬ᠎ᠠ ᠳᠡᠯᠭᠡᠭᠦᠷᠴᠢᠯᠡᠭᠰᠡᠨ 6 ᠲᠦᠷᠦᠯ᠎ᠤᠨ ᠬᠡᠷᠡᠭᠯᠡᠭᠡᠨ᠎ᠤ ᠠᠬᠤᠢ ᠲᠠᠯᠠᠪᠠᠢ ᠵᠢᠨ ᠲᠦᠷᠦᠯ ᠵᠦᠢ᠍ᠯ᠎ᠢ 3000 ᠭᠠᠷᠤᠢ ᠲᠦᠮᠡᠨ ᠺᠢᠯᠣᠸᠠᠲ ᠪᠠᠶ᠋ᠢᠭᠤᠯᠵᠤ᠂ 1300 ᠭᠠᠷᠤᠢ ᠳ᠋ᠦᠩᠰᠢᠭᠤᠷ ᠭ᠋ᠷᠡᠳᠦ᠋ᠰ᠎ᠤᠨ ᠴᠠᠬᠢᠯᠭ᠋ᠠᠨ ᠭᠠᠷᠭ᠋ᠠᠵᠤ᠂ ᠭᠤᠷᠪᠠᠨ ᠬᠠᠪᠴᠢᠯ᠎ᠤᠨ ᠢᠨᠵᠧᠨᠧᠷᠢᠩ᠎ᠤᠨ ᠨᠢᠭᠡ ᠵᠢᠯ᠎ᠤᠨ ᠴᠠᠬᠢᠯᠭ᠋ᠠᠨ ᠭᠠᠷᠭ᠋ᠠᠬᠤ ᠬᠡᠮᠵᠢᠶ᠎ᠡ᠎ᠠᠴᠠ ᠳᠠᠪᠠᠪᠠ᠂ ᠰᠠᠯᠬᠢ ᠭᠡᠷᠡᠯ ᠣᠰᠤᠳᠦ᠋ᠷᠦᠭᠴᠢ ᠨᠥᠭᠡᠴᠡ ᠵᠢᠨ ᠠᠵᠤ ᠦᠢ᠍ᠯᠡᠰ᠎ᠤᠨ ᠪᠦᠯᠦᠭᠵᠢᠯ ᠪᠠ ᠬᠦᠬᠡᠬᠤᠲᠠ ᠪᠤᠭᠤᠲᠤ ᠣᠷᠳᠣᠰ ᠲᠦᠩᠯᠢᠶᠣᠣ ᠵᠢᠨ ᠲᠤᠨᠤᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ᠎ᠢ ᠪᠠᠶ᠋ᠢᠭᠤᠯᠵᠤ ᠡᠬᠢᠯᠡᠪᠡ᠃
    ᠨᠢᠭᠡ ᠵᠢᠯ᠎ᠤᠨ ᠲᠤᠷᠰᠢ᠂ ᠪᠢᠳᠡ ᠥᠭᠡᠷᠡᠴᠢᠯᠡᠯᠲᠡ ᠵᠢ ᠠᠳᠬᠤᠵᠤ ᠨᠡᠭᠡᠭᠡᠯᠲᠡ᠎ᠪᠠᠨ ᠥᠷᠭᠡᠳᠬᠡᠬᠦ ᠵᠢ ᠪᠠᠷᠢᠮᠲᠠᠯᠠᠪᠠ᠂ ᠪᠦᠬᠦ ᠣᠷᠣᠨ᠎ᠳᠤ ᠬᠠᠯᠠᠮᠰᠢᠯ ᠤᠲᠠᠰᠤ 《12345》 ᠵᠢ ᠳᠡᠯᠭᠡᠷᠡᠭᠦᠯᠦᠨ ᠬᠡᠷᠡᠭᠯᠡᠵᠦ᠂ ᠴᠤᠤᠷᠢᠶᠠᠲᠤᠨ ᠳᠠᠭ᠋ᠠᠭᠰᠠᠨ ᠨᠤᠷᠮ᠎ᠠ᠂ ᠭᠦᠢ᠍ᠴᠡᠳᠬᠡᠵᠦ ᠳᠠᠭᠤᠰᠬᠠᠭᠰᠠᠨ ᠨᠣᠷᠮ᠎ᠠ᠂ ᠬᠠᠨᠤᠮᠵᠢ ᠵᠢᠨ ᠨᠣᠷᠮ᠎ᠠ᠎ᠳᠤ ᠰᠠᠷ᠎ᠠ᠎ᠪᠠᠷ ᠨᠡᠷᠡᠰ᠎ᠤᠨ ᠵᠢᠭᠰᠠᠭ᠋ᠠᠯᠲᠠ ᠬᠢᠵᠦ᠂ ᠨᠡᠷᠡᠰ᠎ᠲᠤ ᠬᠤᠶ᠋ᠢᠭᠤᠷ ᠵᠢᠭᠰᠠᠭ᠋ᠠᠭᠳᠠᠵᠤ ᠪᠠᠶ᠋ᠢᠭ᠎ᠠ ᠵᠢ᠎ᠨᠢ ᠭᠤᠣᠯᠳᠠᠯᠭ᠎ᠠ᠎ᠲᠠᠢ ᠠᠩᠬᠠᠷᠤᠨ ᠰᠢᠮᠳᠠᠭᠤᠯᠪᠠ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ᠂ ᠢᠨᠵᠧᠨᠧᠷᠢᠩ᠎ᠤᠨ ᠲᠦᠷᠦᠯ ᠵᠦᠢ᠍ᠯ᠎ᠢ ᠬᠢᠨᠠᠨ ᠵᠥᠪᠰᠢᠶᠡᠷᠡᠬᠦ ᠪᠠ 《ᠭᠡᠷᠡᠴᠢ ᠪᠠ ᠦᠨᠡᠮᠯᠡᠯ᠎ᠢ ᠰᠠᠯᠭ᠋ᠠᠬᠤ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ 《ᠬᠤᠶᠠᠷ᠎ᠢ ᠰᠢᠯᠢᠳᠡᠭᠵᠢᠭᠦᠯᠬᠦ》 ᠲᠤᠰᠬᠠᠢ ᠠᠵᠢᠯᠯᠠᠭ᠋ᠠᠨ᠎ᠢ ᠥᠷᠨᠢᠭᠦᠯᠦᠨ᠂ ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠲᠤ ᠵᠠᠰᠠᠭ ᠵᠠᠬᠢᠷᠭ᠋ᠠᠨ᠎ᠤ ᠡᠷᠬᠡ ᠵᠢᠨ 38 ᠵᠦᠢ᠍ᠯᠡᠰ᠎ᠢ ᠪᠠᠭᠤᠯᠭ᠋ᠠᠨ ᠥᠭᠴᠦ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠷᠬᠡ ᠵᠢᠨ ᠵᠦᠢ᠍ᠯᠡᠰ᠎ᠤᠨ 72᠎ᠢ ᠬᠦᠴᠦᠨ ᠦᠭᠡᠢ ᠪᠣᠯᠭ᠋ᠠᠵᠦ᠂ 679 ᠵᠢ᠎ᠨᠢ ᠳᠣᠷᠣᠭᠰᠢ ᠪᠠᠭᠤᠯᠭ᠋ᠠᠨ᠂ ᠠᠵᠢᠯ ᠶᠠᠪᠤᠳᠠᠯ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ 49.4%᠂ ᠭᠤᠭᠴᠤᠭ᠎ᠠ ᠵᠢ 20.8%᠂ ᠮᠠᠲ᠋ᠧᠷᠢᠶᠠᠯ᠎ᠢ 26.5% ᠪᠠᠭ᠋ᠠᠰᠬᠠᠪᠠ᠂ ᠬᠢᠯᠢ ᠵᠢᠨ ᠪᠣᠭᠤᠮᠲᠠ ᠵᠢᠨ 《ᠥᠩᠭᠡᠷᠡᠭᠦᠯᠬᠦ》 ᠪᠠ 《ᠰᠡᠷᠭᠡᠶ᠋ᠢᠯᠡᠬᠦ》 ᠵᠢ ᠨᠢᠭᠡᠳᠦᠯᠲᠡᠢ ᠲᠥᠯᠥᠪᠯᠡᠨ᠂ 《ᠲᠤᠯᠤᠭ᠋ᠠᠨ ᠠᠵᠢᠯ᠎ᠢ ᠡᠬᠢᠯᠡᠭᠦᠯᠬᠦ》 ᠠᠷᠭ᠎ᠠ ᠬᠡᠮᠵᠢᠶ᠎ᠡ᠎ᠳᠤ ᠰᠢᠨ᠎ᠡ ᠵᠢ ᠡᠭᠦᠳᠴᠦ᠂ ᠬᠢᠯᠢ᠎ᠪᠠᠷ ᠳᠠᠮᠵᠢᠵᠤ ᠥᠩᠭᠡᠷᠡᠭᠰᠡᠨ ᠳᠤᠮᠳᠠᠳᠦ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ 7337 ᠴᠤᠪᠤᠭ᠎ᠠ ᠪᠠᠶ᠋ᠢᠵᠤ᠂ 19% ᠨᠡᠮᠡᠭᠳᠡᠨ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠲᠤᠭ᠎ᠠ 15%15᠎ᠠᠴᠠ ᠳᠡᠭᠡᠭᠰᠢ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠤᠭᠰᠠᠨ ᠵᠠᠰᠠᠭ ᠪᠠ ᠠᠵᠤ ᠠᠬᠤᠶ᠋ᠢᠯᠠᠯ᠎ᠤᠨ ᠬᠠᠷᠢᠯᠴᠠᠭ᠎ᠠ ᠵᠥᠪᠳᠡᠯᠴᠡᠭᠡ 66 ᠤᠳᠠᠭ᠎ᠠ ᠪᠠᠶ᠋ᠢᠵᠤ᠂ 257 ᠠᠵᠤ ᠠᠬᠤᠶ᠋ᠢᠯᠠᠯ᠎ᠢ ᠬᠠᠷᠢᠯᠴᠠᠭᠤᠯᠵᠤ᠂ ᠠᠶ᠋ᠢᠮᠠᠭ ᠬᠤᠲᠠ ᠵᠢᠨ ᠨᠠᠮ ᠵᠠᠰᠠᠭ᠎ᠤᠨ ᠭᠤᠣᠯ ᠬᠠᠷᠢᠭᠤᠴᠠᠯᠭ᠋ᠠᠲᠠᠨ ᠨᠥᠬᠦᠳ ᠬᠤᠳᠠᠯᠳᠤᠭ᠋ᠠᠴᠢᠨ ᠤᠷᠢᠬᠤ ᠠᠵᠢᠯᠯᠠᠭ᠎ᠠ ᠵᠢ 217 ᠤᠳᠠᠭ᠎ᠠ ᠥᠷᠨᠢᠭᠦᠯᠵᠦ᠂ ᠪᠦᠬᠦ ᠣᠷᠣᠨ᠎ᠳᠤ 3300 ᠭᠠᠷᠤᠢ ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠵᠢ ᠣᠷᠣᠭᠤᠯᠤᠨ ᠠᠪᠴᠢᠷᠠᠪᠠ᠃
    ᠨᠢᠭᠡ ᠵᠢᠯ᠎ᠤᠨ ᠲᠤᠷᠰᠢ᠂ ᠪᠢᠳᠡ ᠣᠷᠤᠭᠤᠯᠤᠯᠲᠠ᠎ᠪᠠᠨ ᠨᠡᠮᠡᠭᠳᠡᠭᠦᠯᠦᠨ ᠰᠢᠨ᠎ᠡ ᠵᠢ ᠡᠭᠦᠳᠬᠦ᠎ᠪᠠᠨ ᠠᠬᠢᠭᠤᠯᠬᠤ ᠵᠢ ᠪᠠᠷᠢᠮᠲᠠᠯᠠᠪᠠ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠠᠬᠢ ᠣᠷᠤᠭᠤᠯᠤᠯᠲᠠ᠎ᠪᠠᠨ 36.9% ᠨᠡᠮᠡᠭᠳᠡᠭᠦᠯᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠢᠷᠢ ᠲᠦᠪᠰᠢᠨ᠎ᠤ ᠶᠡᠷᠦᠩᠬᠡᠶ᠋ᠢᠯᠡᠭᠰᠡᠨ ᠵᠢᠭ᠋ᠠᠯᠲᠠ ᠲᠤᠭ᠎ᠠ ᠪᠦᠬᠦ ᠤᠯᠤᠰ᠎ᠤᠨ ᠳᠤᠮᠳᠠ ᠵᠡᠷᠭᠡ ᠵᠢᠨ ᠰᠢᠨ᠎ᠡ ᠵᠢ ᠡᠭᠦᠳᠬᠦ ᠭᠠᠵᠠᠷ ᠣᠷᠣᠨ᠎ᠤ ᠡᠩᠨᠡᠭᠡᠨ᠎ᠳᠤ ᠠᠩᠬᠠᠳᠤᠭ᠋ᠠᠷ ᠤᠳᠠᠭ᠎ᠠ ᠵᠢᠭᠰᠠᠭ᠋ᠠᠭᠳᠠᠪᠠ᠃ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠂ ᠪᠠᠶᠠᠨᠨᠠᠭᠤᠷ᠎ᠲᠠᠬᠢ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠂ ᠣᠷᠳᠣᠰ᠎ᠲᠠᠬᠢ ᠤᠯᠤᠰ᠎ᠤᠨ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠤᠨ ᠰᠢᠨ᠎ᠡ ᠡᠭᠦᠳᠦᠯᠲᠡ ᠵᠢᠨ ᠵᠢᠱ᠌ᠢᠶ᠎ᠡ ᠦᠵᠡᠭᠦᠯᠬᠦ ᠲᠣᠭᠤᠷᠢᠭ ᠵᠥᠪᠰᠢᠶᠡᠷᠡᠯ ᠣᠯᠵᠤ᠂ 2 ᠲᠤᠷᠰᠢᠯᠲᠠ ᠵᠢᠨ ᠲᠠᠰᠤᠭ᠎ᠢ ᠪᠦᠬᠦ ᠤᠯᠤᠰ᠎ᠤᠨ ᠭᠤᠣᠯᠳᠠᠯᠭ᠎ᠠ ᠪᠣᠯᠬᠤ ᠲᠤᠷᠰᠢᠯᠲᠠ ᠵᠢᠨ ᠲᠠᠰᠤᠭ᠎ᠤᠨ ᠴᠤᠪᠤᠷᠠᠯ᠎ᠳᠤ ᠣᠷᠣᠭᠤᠯᠤᠨ᠂ ᠤᠯᠤᠰ᠎ᠤᠨ ᠳᠡᠰ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠢᠨ᠎ᠡ ᠡᠭᠦᠳᠦᠯᠲᠡ ᠵᠢᠨ 5 ᠲᠠᠪᠴᠠᠩ᠎ᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠳᠤ ᠪᠠᠶ᠋ᠢᠭᠤᠯᠵᠤ᠂ 8 ᠠᠵᠤ ᠠᠬᠤᠶ᠋ᠢᠯᠠᠯ ᠤᠯᠤᠰ᠎ᠤᠨ ᠦᠷ᠎ᠡ ᠡᠭᠦᠯᠳᠡᠷ᠎ᠤᠨ ᠦᠢ᠍ᠯᠡᠰ᠎ᠤᠨ ᠡᠩᠨᠡᠭᠡᠨ᠎ᠤ ᠬᠡᠯᠪᠡᠷᠢ ᠪᠦᠬᠦᠢ ᠠᠵᠤ ᠠᠬᠤᠶ᠋ᠢᠯᠠᠯ ᠪᠣᠯᠵᠤ᠂ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠵᠤ ᠡᠵᠡᠩᠨᠡᠨ ᠠᠵᠢᠯᠯᠠᠭᠤᠯᠵᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ 300᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶ᠋ᠢᠯᠠᠯ 760 ᠰᠢᠨ᠎ᠡ᠎ᠪᠠᠷ ᠨᠡᠮᠡᠭᠳᠡᠪᠡ᠃ 5 ᠠᠺᠠᠳᠧᠮᠢᠴᠢ ᠵᠢ ᠣᠷᠣᠭᠤᠯᠤᠨ ᠠᠪᠴᠢᠷᠠᠵᠤ᠂ ᠠᠺᠠᠳᠧᠮᠢᠴᠢ ᠦᠭᠡᠢ ᠪᠠᠶ᠋ᠢᠳᠠᠯ᠎ᠢ ᠡᠴᠦᠰᠯᠡᠭᠦᠯᠪᠡ᠃ 《ᠵᠠᠷᠯᠠᠯ ᠨᠡᠶ᠋ᠢᠲᠡᠯᠡᠵᠦ ᠬᠤᠰᠢᠭᠤᠷᠠᠨ ᠠᠵᠢᠯᠯᠠᠬᠤ》 ᠴᠢᠬᠤᠯᠠ ᠶᠡᠭᠡ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ 26 ᠲᠦᠷᠦᠯ ᠵᠦᠢ᠍ᠯ᠎ᠢ ᠬᠡᠷᠡᠭᠵᠢᠭᠦᠯᠵᠦ᠂ ᠨᠢᠭᠡ ᠪᠦᠯᠦᠭ ᠮᠡᠷᠭᠡᠵᠢᠯ᠎ᠳᠤ ᠪᠣᠭᠤᠮᠲᠠ ᠰᠢᠪᠲᠤᠯᠤᠭᠰᠠᠨ ᠪᠠ ᠠᠵᠤ ᠦᠢ᠍ᠯᠡᠰᠵᠢᠭᠦᠯᠦᠭᠰᠡᠨ ᠬᠡᠷᠡᠭᠯᠡᠭᠡᠨ᠎ᠤ ᠦᠷ᠎ᠡ ᠪᠦᠲᠦᠭᠡᠯ᠎ᠢ ᠣᠯᠪᠠ᠃
    ᠨᠢᠭᠡ ᠵᠢᠯ᠎ᠤᠨ ᠲᠤᠷᠰᠢ᠂ ᠪᠢᠳᠡ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠢ ᠪᠠᠶᠠᠰᠬᠠᠬᠤ ᠵᠢ ᠪᠠᠷᠢᠮᠲᠠᠯᠠᠪᠠ᠂ ᠠᠵᠢᠯ ᠣᠯᠭᠤᠯᠲᠠ᠂ ᠡᠮᠴᠢᠯᠡᠭᠡ᠂ ᠨᠡᠶ᠋ᠢᠭᠡᠮ᠎ᠤᠨ ᠪᠠᠲᠤᠯᠠᠭ᠎ᠠ ᠵᠡᠷᠭᠡ ᠵᠠᠷᠤᠯᠭ᠎ᠠ᠎ᠳᠤ ᠬᠤᠶᠠᠷ ᠣᠷᠣᠨᠲᠤ ᠨᠡᠮᠡᠭᠳᠡᠯ᠎ᠲᠠᠢ ᠪᠣᠯᠬᠤ ᠵᠢ ᠪᠠᠲᠤᠯᠠᠵᠤ᠂ ᠬᠤᠲᠠ ᠪᠠᠯᠭ᠋ᠠᠰᠤᠨ᠎ᠤ ᠠᠵᠢᠯ ᠣᠯᠣᠭᠰᠠᠳ᠎ᠢ ᠰᠢᠨ᠎ᠡ᠎ᠪᠠᠷ ᠨᠡᠮᠡᠭᠳᠡᠭᠦᠯᠬᠦ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠂ ᠰᠡᠷᠭᠡᠶ᠋ᠢᠯᠡᠨ ᠠᠵᠢᠭᠯᠠᠬᠤ᠎ᠳᠤ ᠪᠠᠶ᠋ᠢᠭᠰᠠᠳ᠎ᠤᠨ ᠪᠤᠴᠠᠭ᠋ᠠᠳ ᠶᠠᠳᠠᠭᠤᠷᠠᠬᠤ ᠪᠠ ᠶᠠᠳᠠᠭᠤ ᠪᠠᠶ᠋ᠢᠳᠠᠯ᠎ᠳᠤ ᠣᠷᠣᠬᠤ ᠲᠦᠭᠰᠢᠭᠦᠷᠢ ᠵᠢ ᠬᠥᠳᠡᠯᠦᠩᠭᠦᠢ᠎ᠪᠠᠷ ᠦᠭᠡᠶ᠋ᠢᠰᠬᠡᠪᠡ᠃ ᠤᠯᠤᠰ᠎ᠤᠨ ᠲᠡᠷᠢᠭᠦᠨ ᠳᠡᠰ᠎ᠤᠨ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢᠨ ᠴᠡᠭ᠎ᠢ 146 ᠡᠭᠦᠳᠦᠨ ᠪᠠᠶ᠋ᠢᠭᠤᠯᠵᠤ᠂ ᠶᠡᠭᠡ ᠳᠡᠭᠡᠳᠦ ᠰᠤᠷᠭ᠋ᠠᠭᠤᠯᠢ ᠵᠢᠨ A ᠳᠡᠰ᠎ᠤᠨ ᠬᠢᠴᠢᠶᠡᠯ ᠰᠢᠨᠵᠢᠯᠡᠭᠡᠨ᠎ᠤ ᠰᠠᠯᠠᠭ᠎ᠠ ᠪᠠᠶ᠋ᠢᠭᠰᠠᠨ ᠦᠭᠡᠢ ᠪᠠᠶ᠋ᠢᠳᠠᠯ᠎ᠳᠤ ᠰᠢᠪᠲᠤᠯᠤᠯᠲᠠ᠎ᠲᠠᠢ ᠪᠣᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠨᠴᠠᠯᠢᠭ᠎ᠲᠠᠢ ᠲᠤᠰᠬᠠᠢ ᠮᠡᠷᠭᠡᠵᠢᠯ᠎ᠤᠨ ᠲᠤᠷᠰᠢᠯᠲᠠ ᠵᠢᠨ ᠴᠡᠭ ᠪᠠ 《ᠤᠷᠠᠨ ᠳᠠᠷᠬᠠᠨ᠎ᠤ ᠠᠩᠭᠢ》 ᠵᠢᠨ ᠲᠥᠯᠥᠪᠯᠡᠭᠡ ᠵᠢ ᠬᠡᠷᠡᠭᠵᠢᠭᠦᠯᠵᠦ᠂ ᠣᠷᠴᠣᠨ᠎ᠤ ᠥᠪᠡᠷᠲᠡᠭᠡᠨ ᠵᠠᠰᠠᠬᠤ ᠬᠤᠰᠢᠭᠤᠨ᠎ᠤ ᠳ᠋ᠡ ᠶᠠᠩ ᠱᠦ᠍ ᠪᠠᠯᠭ᠋ᠠᠰᠤᠨ᠎ᠳᠤ ᠶᠡᠭᠡ ᠰᠤᠷᠭ᠋ᠠᠭᠤᠯᠢ᠎ᠳᠤ ᠰᠢᠯᠭ᠋ᠠᠭᠤᠯᠬᠤ ᠴᠡᠭ ᠲᠣᠬᠢᠷᠠᠭᠤᠯᠵᠤ᠂ ᠲᠤᠬᠠᠢ ᠵᠢᠨ ᠭᠠᠵᠠᠷ᠎ᠤᠨ ᠰᠢᠯᠭ᠋ᠠᠭᠤᠯᠬᠤ ᠰᠣᠷᠣᠭᠴᠢ 34 ᠵᠢᠯ 《ᠣᠨᠳᠣᠣ ᠭᠠᠵᠠᠷ᠎ᠲᠤ ᠶᠡᠭᠡ ᠰᠤᠷᠭ᠋ᠠᠭᠤᠯᠢ᠎ᠳᠤ ᠰᠢᠯᠭ᠋ᠠᠬᠤ ᠰᠢᠯᠭ᠋ᠠᠯᠲᠠ᠎ᠳᠤ ᠣᠷᠣᠯᠴᠠᠵᠣ》 ᠪᠠᠶ᠋ᠢᠭᠰᠠᠨ ᠲᠡᠦᠬᠡ ᠵᠢ ᠡᠴᠦᠰᠯᠡᠭᠦᠯᠪᠡ᠃ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠡᠬᠢᠯᠡᠭᠦᠯᠵᠦ᠂ ᠵᠡᠭᠡᠯᠢ ᠭᠤᠳᠤᠮᠵᠢ ᠨᠡᠶ᠋ᠢᠭᠡᠮ ᠲᠣᠭᠤᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ 885 ᠪᠠᠶ᠋ᠢᠭᠤᠯᠪᠠ᠃ ᠤᠷᠠᠨ ᠰᠠᠶ᠋ᠢᠬᠠᠨ᠎ᠤ ᠰᠣᠳᠣᠨ ᠪᠦᠲᠦᠭᠡᠯ ᠵᠠᠯᠭ᠋ᠠᠭ᠎ᠠ᠎ᠪᠠᠷ ᠭᠠᠷᠴᠤ᠂ ᠪᠥᠵᠢᠭᠲᠦ ᠵᠦᠴᠦᠭᠡ 《ᠮᠣᠷᠢᠲᠤ ᠴᠡᠷᠢᠭ》 ᠸᠧᠨ ᠬᠤᠸᠠ ᠱᠠᠩᠨᠠᠯ ᠬᠦᠷᠲᠡᠵᠦ᠂ ᠪᠥᠵᠢᠭ 《ᠣᠢ ᠰᠢᠭᠤᠢ᠎ᠳᠠᠬᠢ ᠪᠡᠭᠡᠯᠡᠢ》 ᠣᠯᠠᠨ ᠲᠦᠮᠡᠨ᠎ᠤ ᠤᠷᠠᠯᠢᠭ᠎ᠤᠨ ᠣᠳᠣᠨ ᠱᠠᠩᠨᠠᠯ ᠬᠦᠷᠲᠡᠵᠦ᠂ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠪᠡ᠃ ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠤᠷᠢᠭ᠎ᠢ 1571᠂ ᠬᠠᠭᠤᠴᠢᠨ ᠬᠤᠭᠤᠯᠠᠢ ᠭᠤᠤᠷᠰᠤ ᠵᠢᠨ ᠲᠣᠣᠷ᠎ᠢ 2170 ᠺᠢᠯᠣᠮᠧᠳ᠋ᠷ ᠥᠭᠡᠷᠡᠴᠢᠯᠡᠨ ᠰᠢᠨᠡᠳᠬᠡᠵᠦ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ 6261 ᠺᠢᠯᠣᠮᠧᠳ᠋ᠷ ᠳᠡᠪᠢᠰᠴᠦ᠂ ᠡᠷᠦᠬᠡ ᠵᠢᠨ ᠵᠣᠷᠯᠤᠩ᠎ᠢ 10 ᠲᠦᠮᠡ ᠭᠠᠷᠤᠢ ᠥᠭᠡᠷᠡᠴᠢᠯᠡᠨ ᠰᠢᠨᠡᠳᠬᠡᠵᠦ᠂ ᠬᠤᠲᠠ ᠬᠥᠳᠡᠭᠡ ᠵᠢᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ᠎ᠤᠨ ᠲᠣᠬᠢᠷᠠᠮᠵᠢᠲᠤ ᠴᠢᠨᠠᠷ ᠪᠠ ᠠᠮᠤᠷ ᠲᠦᠪᠰᠢᠨ ᠴᠢᠨᠠᠷ᠎ᠢ ᠳᠡᠭᠡᠭᠰᠢᠯᠡᠭᠦᠯᠪᠡ᠃
    ᠨᠢᠭᠡ ᠵᠢᠯ᠎ᠤᠨ ᠲᠤᠷᠰᠢ᠂ ᠪᠢᠳᠡ ᠦᠨᠳᠦᠰᠦᠨ ᠱᠠᠲᠤ ᠵᠢ ᠪᠠᠲᠤᠯᠠᠬᠤ᠂ ᠭᠤᠣᠯ ᠴᠣᠭᠴᠠ᠎ᠪᠠᠨ ᠪᠠᠲᠤᠯᠠᠬᠤ ᠵᠢ ᠪᠠᠷᠢᠮᠲᠠᠯᠠᠪᠠ᠂ ᠡᠳ᠋᠎ᠤᠨ ᠬᠦᠴᠦᠨ᠎ᠤ ᠴᠢᠨᠠᠷᠲᠠᠢ ᠰᠢᠯᠵᠢᠭᠦᠯᠦᠨ ᠲᠥᠯᠥᠬᠦ ᠵᠠᠷᠤᠯᠭ᠎ᠠ ᠵᠢ 1484 ᠳ᠋ᠦᠩᠰᠢᠭᠤᠷ ᠲᠥᠭᠦᠷᠢᠭ ᠪᠠᠭᠤᠯᠭ᠋ᠠᠵᠤ᠂ 《ᠳᠦᠷᠪᠡᠨ ᠨᠢᠭᠡ ᠪᠦᠯᠦᠭ》᠎ᠢ ᠬᠡᠷᠡᠭᠵᠢᠭᠦᠯᠦᠨ ᠦᠨᠳᠦᠰᠦᠨ ᠱᠠᠲᠤ ᠵᠢ ᠬᠠᠪᠰᠤᠷᠴᠤ ᠪᠠᠶ᠋ᠢᠭ᠋ᠠᠳ 300 ᠳ᠋ᠦᠩᠰᠢᠭᠤᠷ ᠲᠥᠭᠦᠷᠢᠭ ᠰᠢᠬᠠᠮ᠎ᠤᠨ ᠥᠷᠢ ᠥᠭᠴᠡᠭᠡ ᠵᠢ᠎ᠨᠢ ᠠᠷᠢᠯᠭ᠋ᠠᠵᠤ ᠥᠭᠪᠡ᠃ ᠰᠣᠶᠣᠯ ᠵᠢᠭᠤᠯᠴᠢᠯᠠᠯ᠎ᠤᠨ ᠪᠡᠯᠡ ᠣᠷᠤᠭᠤᠯᠤᠯᠲᠠ ᠵᠢᠨ ᠪᠦᠯᠦᠭᠯᠡᠯ ᠪᠠ ᠰᠢᠨ᠎ᠡ ᠡᠨᠧᠷᠬᠢ ᠵᠢᠨ ᠠᠵᠢᠯᠯᠠᠭᠤᠯᠵᠤ ᠬᠠᠮᠠᠭ᠋ᠠᠯᠠᠬᠤ ᠺᠣᠮᠫᠠᠨᠢ ᠵᠢ ᠰᠢᠨ᠎ᠡ᠎ᠪᠠᠷ ᠪᠠᠶ᠋ᠢᠭᠤᠯᠵᠤ᠂ ᠡᠨᠧᠷᠬᠢ ᠵᠢᠨ ᠪᠦᠯᠦᠭᠯᠡᠯ᠎ᠤᠨ ᠬᠥᠭᠵᠢᠯᠲᠡ᠎ᠪᠠᠨ ᠲᠦᠷᠭᠡᠳᠬᠡᠬᠦ ᠵᠢ ᠳᠡᠮᠵᠢᠵᠦ᠂ ᠠᠯᠳᠠᠪᠤᠷᠢ᠎ᠲᠠᠢ ᠪᠠᠶ᠋ᠢᠭᠰᠠᠨ᠎ᠠᠴᠠ ᠣᠯᠵᠠᠪᠤᠷᠢ᠎ᠲᠠᠢ ᠪᠣᠯᠬᠤ ᠵᠢ ᠨᠢᠭᠡ ᠵᠢᠯ᠎ᠤᠨ ᠳᠣᠲᠣᠷ᠎ᠠ ᠪᠡᠶᠡᠯᠡᠭᠦᠯᠪᠡ᠃ ᠰᠢᠨ᠎ᠡ ᠨᠡᠮᠡᠭᠳᠡᠭᠰᠡᠨ ᠭᠠᠶ᠋ᠢᠯᠢ ᠵᠢ ᠬᠥᠩᠭᠡᠷᠡᠭᠦᠯᠵᠦ ᠰᠦᠢ᠍ᠳᠬᠡᠯ᠎ᠢ ᠪᠠᠭᠤᠷᠠᠭᠤᠯᠬᠤ᠂ ᠲᠤᠯᠭ᠋ᠠᠨ ᠰᠠᠭᠤᠯᠭ᠋ᠠᠵᠤ ᠦᠯᠡᠳᠡᠪᠦᠷᠢ ᠭᠠᠶ᠋ᠢᠯᠢ ᠵᠢ ᠪᠤᠴᠠᠭ᠋ᠠᠬᠤ᠂ ᠭᠠᠶ᠋ᠢᠯᠢ ᠵᠢ ᠬᠤᠶ᠋ᠢᠰᠢᠯᠠᠭᠤᠯᠤᠨ ᠲᠤᠰᠢᠶᠠᠬᠤ ᠵᠠᠷᠤᠳᠠᠯ᠎ᠨᠢ 600 600 ᠳ᠋ᠦᠩᠰᠢᠭᠤᠷ ᠲᠥᠭᠦᠷᠢᠭ᠎ᠢ ᠳᠠᠪᠠᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ 36.84 ᠲᠦᠮᠡᠨ ᠡᠷᠦᠬᠡ ᠰᠢᠨ᠎ᠡ᠎ᠪᠠᠷ ᠨᠡᠮᠡᠭᠳᠡᠪᠡ᠃ ᠴᠠᠭ᠎ᠲᠤ᠎ᠪᠠᠨ ᠪᠠᠲᠤᠯᠠᠨ ᠲᠤᠰᠢᠶᠠᠬᠤ ᠠᠰᠠᠷ᠎ᠢ 1.05 ᠲᠦᠮᠡᠨ ᠢᠵᠢ ᠪᠠᠶ᠋ᠢᠭᠤᠯᠤᠨ ᠳᠠᠭᠤᠰᠬᠠᠵᠤ᠂ ᠤᠷᠢᠳᠴᠢᠯᠠᠨ ᠬᠤᠳᠠᠯᠳᠤᠵᠤ ᠠᠪᠬᠤ ᠪᠡᠯᠡ ᠮᠥᠩᠭᠦ᠎ᠳᠤ ᠬᠢᠨᠠᠯᠲᠠ ᠬᠠᠮᠢᠶᠠᠷᠤᠯᠲᠠ ᠵᠢ ᠪᠦᠷᠢᠨ ᠪᠦᠷᠬᠦᠭᠦᠯᠪᠡ᠃
    ᠨᠢᠭᠡ ᠵᠢᠯ᠎ᠤᠨ ᠲᠤᠷᠰᠢ᠂ ᠪᠢᠳᠡ ᠠᠮᠢ ᠠᠬᠤᠢ ᠵᠢ ᠬᠠᠮᠠᠭ᠋ᠠᠯᠠᠬᠤ᠂ ᠠᠷᠪᠢᠯᠠᠨ ᠭᠠᠮᠨᠠᠬᠤ᠎ᠪᠠᠨ ᠠᠬᠢᠭᠤᠯᠬᠤ ᠵᠢ ᠪᠠᠷᠢᠮᠲᠠᠯᠠᠪᠠ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ 《ᠭᠤᠷᠪᠠᠨ ᠲᠦᠷᠦᠯ᠎ᠤᠨ ᠣᠷᠣᠨ ᠵᠠᠢ ᠵᠢᠨ ᠲᠣᠭᠤᠷᠢᠭ ᠪᠠ ᠭᠤᠷᠪᠠᠨ ᠵᠤᠷᠪᠤᠰ ᠬᠢᠵᠠᠭ᠋ᠠᠷᠯᠠᠬᠤ ᠱᠤᠭᠤᠮ》᠎ᠢ ᠬᠤᠪᠢᠶᠠᠷᠢᠯᠠᠨ ᠲᠣᠭᠲᠠᠭ᠋ᠠᠬᠤ᠎ᠪᠠᠨ ᠪᠡᠶᠡᠯᠡᠭᠦᠯᠵᠦ᠂ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠭᠰᠠᠨ ᠵᠢᠴᠢ ᠴᠡᠭᠴᠡᠯᠡᠨ ᠰᠠᠶ᠋ᠢᠵᠢᠷᠠᠭᠤᠯᠬᠤ ᠵᠦᠢ᠍ᠯ᠎ᠢ ᠨᠠᠶ᠋ᠢᠳᠠᠪᠤᠷᠢᠵᠢᠭᠤᠯᠬᠤ᠎ᠪᠠᠨ ᠭᠦᠨᠵᠡᠭᠡᠶ᠋ᠢᠷᠡᠭᠦᠯᠵᠦ᠂ ᠪᠣᠬᠢᠷᠳᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ᠎ᠤ ᠴᠢᠨᠠᠷ ᠴᠢᠨᠰᠠᠭ᠎ᠠ ᠵᠢ ᠦᠷᠭᠦᠯᠵᠢᠯᠡᠨ ᠰᠠᠶ᠋ᠢᠵᠢᠷᠠᠭᠤᠯᠪᠠ᠃ 《ᠬᠤᠣᠰ ᠨᠡᠭᠦᠷᠡᠰᠦᠳᠦ᠋ᠷᠦᠭᠴᠢ》 ᠵᠢᠨ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠨᠡᠭᠦᠷᠡᠰᠦ ᠴᠠᠬᠢᠯᠭ᠋ᠠᠨ᠎ᠤ 《ᠭᠤᠷᠪᠠ ᠵᠢ ᠥᠭᠡᠷᠡᠴᠢᠯᠡᠨ ᠰᠢᠨᠡᠳᠬᠡᠬᠦ᠎ᠪᠠᠨ ᠬᠤᠯᠪᠤᠭ᠋ᠠᠯᠠᠨ ᠬᠥᠳᠡᠯᠦᠯᠴᠡᠭᠦᠯᠬᠦ》 ᠪᠠ 《ᠵᠠᠰᠠᠮᠠᠯ ᠵᠠᠮ᠎ᠠᠴᠠ ᠲᠡᠮᠦᠷ ᠵᠠᠮ᠎ᠳᠤ ᠰᠢᠯᠵᠢᠭᠦᠯᠬᠦ》᠂ 《ᠰᠤᠯᠠ᠎ᠠᠴᠠ ᠴᠢᠩᠭᠡᠯᠢᠭ ᠵᠶ᠋ᠠᠷ ᠲᠡᠭᠡᠭᠡᠪᠦᠷᠢᠯᠡᠬᠦ ᠪᠣᠯᠭ᠋ᠠᠨ ᠬᠤᠪᠢᠷᠠᠭᠤᠯᠬᠤ》 ᠵᠢ ᠠᠬᠢᠭᠤᠯᠵᠤ᠂ ᠣᠶᠤᠨᠯᠢᠭ ᠬᠦᠷᠢᠶᠡᠯᠡᠩ ᠲᠣᠭᠤᠷᠢᠭ᠎ᠢ 55᠂ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ᠎ᠢ 4᠂ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠎ᠢ 2 ᠡᠭᠦᠳᠦᠨ ᠪᠠᠶ᠋ᠢᠭᠤᠯᠪᠠ᠃ 《ᠲᠠᠪᠤ ᠵᠢ ᠲᠤᠶ᠋ᠢᠯᠪᠤᠷᠢᠲᠠᠢ ᠰᠢᠢ᠍ᠳᠪᠦᠷᠢᠯᠡᠬᠦ》 ᠠᠵᠢᠯᠯᠠᠭ᠋ᠠᠨ᠎ᠢ ᠯᠠᠪᠳᠠᠭᠤᠨ ᠪᠠᠲᠤᠲᠠᠢ ᠥᠷᠨᠢᠭᠦᠯᠵᠦ᠂ ᠲᠦᠮᠡ ᠰᠢᠬᠠᠮ ᠲᠦᠷᠦᠯ ᠵᠦᠢ᠍ᠯ᠂ 64 ᠳ᠋ᠦᠩᠰᠢᠭᠤᠷ ᠭᠠᠷᠤᠢ ᠲᠥᠭᠦᠷᠢᠭ᠎ᠤᠨ ᠪᠡᠯᠡ ᠮᠥᠩᠭᠦ᠂ 13 ᠲᠦᠮᠡ ᠭᠠᠷᠤᠢ ᠮᠦ᠍ ᠭᠠᠵᠠᠷ ᠰᠢᠷᠣᠢ ᠵᠢ ᠠᠮᠢᠵᠢᠷᠠᠭᠤᠯᠪᠠ᠃
    ᠲᠥᠯᠥᠭᠡᠯᠡᠭᠴᠢᠳ ᠠ᠋! ᠨᠢᠭᠡ ᠵᠢᠯ᠎ᠤᠨ ᠠᠵᠢᠯ ᠵᠶ᠋ᠠᠨ ᠡᠷᠭᠢᠴᠡᠭᠦᠯᠵᠦ᠂ ᠥᠩᠭᠡᠷᠡᠭᠰᠡᠨ ᠲᠠᠪᠤᠨ ᠵᠢᠯ ᠵᠶ᠋ᠠᠨ ᠬᠠᠷᠠᠬᠤᠶ᠎ᠠ᠂ ᠠᠮᠵᠢᠯᠲᠠ ᠪᠦᠬᠦᠨ᠂ ᠳᠠᠪᠰᠢᠯᠲᠠ ᠪᠣᠯᠭ᠋ᠠᠨ ᠪᠣᠯ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠵᠢᠭ᠋ᠠᠨ ᠤᠳᠤᠷᠢᠳᠤᠭᠰᠠᠨ᠎ᠤ ᠦᠷ᠎ᠡ ᠳ᠋ᠦᠩ ᠪᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ᠎ᠪᠠᠷ ᠵᠢᠯᠣᠭᠤᠳᠤᠨ ᠳᠠᠭ᠋ᠠᠭᠤᠯᠤᠭᠰᠠᠨ᠎ᠤ ᠦᠷ᠎ᠡ ᠳ᠋ᠦᠩ ᠪᠣᠯᠣᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠠᠴᠠ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠭ᠋ᠠᠭᠤᠯᠤᠨ ᠬᠠᠮᠲᠤ᠎ᠪᠠᠷ ᠲᠡᠮᠡᠴᠡᠵᠦ᠂ ᠪᠣᠳᠠᠲᠠᠢ᠎ᠪᠠᠷ ᠠᠵᠢᠯᠯᠠᠵᠤ᠂ ᠴᠢᠷᠮᠠᠶ᠋ᠢᠨ ᠲᠡᠮᠡᠴᠡᠭᠰᠡᠨ᠎ᠤ ᠦᠷ᠎ᠡ ᠳ᠋ᠦᠩ ᠪᠥᠭᠡᠳ ᠨᠡᠶ᠋ᠢᠭᠡᠮ᠎ᠤᠨ ᠡᠯ᠎ᠡ ᠡᠲᠡᠭᠡᠳ ᠪᠠ ᠡᠯ᠎ᠡ ᠲᠠᠯ᠎ᠠ ᠵᠢᠨ᠎ᠬᠢᠨ᠎ᠤ ᠬᠦᠴᠦᠲᠡᠢ ᠳᠡᠮᠵᠢᠭᠰᠡᠨ᠎ᠤ ᠦᠷ᠎ᠡ ᠳ᠋ᠦᠩ ᠪᠣᠯᠣᠨ᠎ᠠ! ᠠᠳᠡ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠥᠪᠥᠷ ᠮᠣᠩᠭᠤᠯ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠨ ᠪᠦᠬᠦ ᠨᠠᠶ᠋ᠢᠵᠠ ᠨᠥᠬᠦᠳ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
    ᠬᠤᠶᠠᠷ᠂ ᠬᠤᠶ᠋ᠢᠰᠢᠳᠠ ᠵᠢᠨ ᠲᠠᠪᠤᠨ ᠵᠢᠯ᠎ᠤᠨ ᠬᠥᠭᠵᠢᠯᠲᠡ ᠵᠢᠨ ᠲᠤᠬᠠᠢ
    ᠬᠤᠶ᠋ᠢᠰᠢᠳᠠ ᠵᠢᠨ ᠲᠠᠪᠤᠨ ᠵᠢᠯ ᠪᠣᠯ ᠮᠠᠨ᠎ᠤ ᠤᠯᠤᠰ᠎ᠤᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠵᠤ ᠡᠬᠢᠯᠡᠭᠦᠯᠬᠦ ᠵᠠᠩᠭᠢᠯᠠᠭ᠎ᠠ ᠵᠢᠨ ᠬᠤᠭᠤᠴᠠᠭ᠎ᠠ ᠪᠣᠯᠣᠨ᠎ᠠ᠂ ᠮᠥᠨ ᠴᠦ᠍ ᠥᠪᠥᠷ ᠮᠣᠩᠭᠤᠯ᠎ᠤᠨ ᠰᠢᠨ᠎ᠡ ᠡᠬᠢᠯᠡᠯᠲᠠ ᠵᠢᠨ ᠴᠡᠭ ᠳᠡᠭᠡᠷ᠎ᠡ ᠲᠦᠷᠭᠡᠨ ᠬᠥᠭᠵᠢᠬᠦ ᠪᠠ ᠴᠢᠨᠠᠷ ᠰᠠᠶ᠋ᠢᠲᠠᠢ ᠬᠥᠭᠵᠢᠬᠦ ᠴᠢᠬᠤᠯᠠ ᠬᠤᠭᠤᠴᠠᠭ᠎ᠠ ᠪᠣᠯᠣᠨ᠎ᠠ᠃ ᠵᠠᠰᠠᠭ᠎ᠤᠨ ᠣᠷᠳᠣᠨ᠎ᠤ ᠠᠵᠢᠯ᠎ᠢ ᠰᠠᠶ᠋ᠢᠲᠤᠷ ᠬᠢᠬᠦ᠎ᠳᠤ᠂ 《ᠬᠤᠶᠠᠷ᠎ᠢ ᠲᠣᠭᠲᠠᠭ᠋ᠠᠭᠰᠠᠨ》 ᠰᠢᠢ᠍ᠳᠪᠦᠷᠢᠯᠡᠬᠦ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠤᠬᠠᠵᠤ᠂ ᠨᠡᠩ ᠡᠷᠡᠰ ᠰᠢᠭᠤᠷᠬᠠᠢ᠎ᠪᠠᠷ ᠰᠠᠨᠠᠭ᠋ᠠᠴᠢᠯᠠᠭ᠎ᠠ᠎ᠠᠴᠠ᠎ᠪᠠᠨ 《ᠬᠤᠶᠠᠷ᠎ᠢ ᠬᠠᠮᠠᠭ᠋ᠠᠯᠠᠬᠤ》 ᠵᠢ ᠭᠦᠢ᠍ᠴᠡᠳᠬᠡᠵᠦ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠦ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ᠂ ᠵᠥᠪ ᠣᠨᠤᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠳᠤ ᠢᠳᠡᠪᠬᠢᠲᠡᠢ ᠦᠢ᠍ᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠶᠡᠭᠡ᠎ᠪᠠᠷ ᠰᠤᠷᠲᠠᠯᠴᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠠᠴᠠ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢ ᠴᠢᠷᠮᠠᠶ᠋ᠢᠨ ᠪᠡᠶᠡᠯᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠡᠨᠡ ᠬᠦ᠌ ᠦᠵᠡᠮᠵᠢ ᠵᠢᠨ ᠣᠷᠣᠨ᠎ᠢ ᠨᠡᠩ ᠦᠵᠡᠰᠭᠦᠯᠡᠩ ᠰᠠᠶ᠋ᠢᠬᠠᠨ ᠪᠣᠯᠭ᠋ᠠᠵᠣ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠲᠣᠮᠳᠠᠳᠣ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠡᠨᠳᠣᠯᠳᠡ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠥᠪᠥᠷ ᠮᠣᠩᠭᠤᠯ᠎ᠤᠨ ᠵᠶ᠋ᠠᠨ ᠬᠤᠪᠢ ᠨᠡᠮᠡᠷᠢ ᠵᠢ ᠦᠵᠡᠭᠦᠯᠦᠨ᠎ᠡ᠃
    ᠪᠠᠶ᠋ᠢᠳᠠᠯ᠎ᠢ ᠶᠡᠷᠦᠩᠬᠡᠶ᠋ᠢᠯᠡᠨ ᠵᠠᠳᠠᠯᠪᠠᠯ᠂ ᠮᠠᠨ᠎ᠤ ᠣᠷᠣᠨ᠎ᠤ ᠬᠥᠭᠵᠢᠯᠲᠡ᠎ᠳᠤ ᠠᠵᠠ ᠲᠣᠬᠢᠶᠠᠯ ᠪᠠᠶ᠋ᠢᠬᠤ ᠮᠥᠷᠲᠡᠭᠡᠨ ᠥᠷᠢᠰᠦᠯᠳᠦᠭᠡᠨ ᠴᠦ᠍ ᠲᠤᠯᠭ᠋ᠠᠷᠠᠵᠤ ᠪᠠᠶ᠋ᠢᠨ᠎ᠠ᠃ ᠣᠳᠣᠬᠠᠨ᠎ᠳᠠᠬᠢ ᠮᠠᠨ᠎ᠤ ᠤᠯᠤᠰ᠎ᠤᠨ ᠭᠠᠳᠠᠷ ᠲᠠᠯ᠎ᠠ ᠵᠢᠨ ᠣᠷᠴᠢᠨ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶ᠋ᠢᠵᠤ᠂ ᠬᠥᠭᠵᠢᠯᠲᠡ᠎ᠳᠤ ᠲᠣᠬᠲᠠᠭ᠋ᠠᠯᠲᠦ ᠪᠤᠰᠤ ᠲᠥᠰᠥᠭᠡᠯᠡᠬᠦᠶ᠎ᠡ ᠪᠡᠷᠬᠡ ᠬᠦᠴᠦᠨ ᠵᠦᠢ᠍ᠯ ᠨᠡᠮᠡᠭᠳᠡᠵᠦ ᠪᠠᠶ᠋ᠢᠨ᠎ᠠ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠂ ᠡᠨᠧᠷᠬᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠵᠤ ᠦᠢ᠍ᠯᠡᠰ᠎ᠤᠨ ᠠᠮᠤᠷ ᠲᠦᠪᠰᠢᠨ᠂ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠪᠠᠲᠤᠯᠠᠬᠤ ᠠᠵᠢᠯ᠎ᠳᠠᠬᠢ ᠥᠪᠥᠷ ᠮᠣᠩᠭᠤᠯ᠎ᠤᠨ ᠬᠠᠷᠢᠭᠤᠴᠠᠯᠭ᠎ᠠ ᠨᠡᠩ ᠲᠣᠪᠣᠶ᠋ᠢᠮ᠎ᠠ ᠪᠣᠯᠵᠤ᠂ 《ᠬᠤᠣᠰ ᠨᠡᠭᠦᠷᠡᠰᠦᠳᠦ᠋ᠷᠦᠭᠴᠢ》 ᠵᠢᠨ ᠠᠬᠤᠢ ᠪᠠᠶ᠋ᠢᠳᠠᠯ᠎ᠳᠠᠬᠢ ᠠᠵᠤ ᠦᠢ᠍ᠯᠡᠳᠪᠦᠷᠢ ᠲᠠᠷᠢᠶᠠᠯᠠᠩ᠎ᠤᠨ ᠥᠷᠭᠡᠨ ᠬᠡᠷᠡᠭᠴᠡᠭᠡᠨ᠎ᠤ ᠦᠢ᠍ᠯᠡᠳᠬᠦᠨ ᠪᠦᠲᠦᠭᠡᠭᠳᠡᠬᠦᠨ᠎ᠤ ᠪᠦᠬᠦ ᠤᠯᠤᠰ᠎ᠤᠨ ᠬᠥᠭᠵᠢᠯᠲᠡ ᠵᠢ ᠰᠠᠭᠤᠷᠢ᠎ᠠᠴᠠ᠎ᠨᠢ ᠪᠠᠲᠤᠯᠠᠬᠤ᠎ᠳᠤ ᠦᠵᠡᠭᠦᠯᠬᠦ ᠦᠢ᠍ᠯᠡᠳᠦᠯ᠂ ᠠᠵᠤ ᠠᠬᠤᠢ ᠵᠢᠨ ᠲᠣᠮᠣ ᠮᠤᠵᠢ ᠵᠢᠨ ᠬᠥᠭᠵᠢᠯᠲᠡ᠎ᠳᠤ ᠲᠤᠯᠭ᠋ᠠᠭᠤᠷᠢᠯᠠᠬᠤ ᠦᠢ᠍ᠯᠡᠳᠦᠯ ᠦᠵᠡᠭᠦᠯᠬᠦ ᠶᠠᠪᠤᠳᠠᠯ ᠨᠡᠩ ᠲᠣᠪᠣᠶ᠋ᠢᠮ᠎ᠠ ᠪᠣᠯᠵᠤ᠂ ᠡᠨᠧᠷᠬᠢ᠂ ᠡᠬᠢ ᠪᠠᠶᠠᠯᠢᠭ᠂ ᠭᠠᠵᠠᠷ ᠣᠷᠣᠨ᠂ ᠨᠤᠲᠤᠭ ᠳᠡᠪᠢᠰᠬᠡᠷ ᠵᠡᠷᠭᠡ ᠲᠠᠯ᠎ᠠ᠎ᠪᠠᠷ᠎ᠬᠢ ᠶᠡᠷᠦᠩᠬᠡᠶ᠋ᠢᠯᠡᠭᠰᠡᠨ ᠳᠠᠪᠠᠭᠤᠯᠢᠭ ᠲᠠᠯ᠎ᠠ ᠨᠡᠩ ᠲᠣᠪᠣᠶ᠋ᠢᠮ᠎ᠠ ᠪᠣᠯᠵᠤ ᠪᠠᠶ᠋ᠢᠨ᠎ᠠ᠃ ᠡᠭᠦᠨ᠎ᠤ ᠬᠠᠮᠲᠤ᠂ ᠮᠠᠨ᠎ᠤ ᠣᠷᠣᠨ᠎ᠤ ᠬᠥᠭᠵᠢᠯᠲᠡ᠎ᠳᠤ ᠪᠠᠰᠠ ᠮᠠᠰᠢ ᠣᠯᠠᠨ ᠬᠥᠭᠵᠢᠨ ᠪᠣᠶ᠋ᠢᠵᠢᠬᠤ ᠶᠠᠪᠤᠴᠠ᠎ᠳᠠᠬᠢ 《ᠪᠤᠬᠢᠨᠢᠳᠤᠯ》 ᠪᠠ ᠬᠡᠯᠪᠡᠷᠢ᠎ᠪᠠᠨ ᠬᠤᠪᠢᠷᠠᠭᠤᠯᠬᠤ ᠶᠠᠪᠤᠴᠠ᠎ᠳᠠᠬᠢ ᠬᠦᠴᠢᠷᠳᠡᠯ ᠲᠤᠯᠭ᠋ᠠᠷᠠᠵᠤ ᠪᠠᠶ᠋ᠢᠬᠤ ᠵᠢ ᠡᠷᠬᠡᠪᠰᠢ ᠣᠯᠵᠤ ᠬᠠᠷᠠᠬᠤ ᠬᠡᠷᠡᠭᠲᠡᠢ᠃ ᠨᠢᠭᠡ᠎ᠳᠤ ᠠᠵᠤ ᠠᠬᠤᠢ ᠵᠢᠨ ᠶᠡᠷᠦᠩᠬᠡᠢ ᠬᠡᠮᠵᠢᠶ᠎ᠡ ᠶᠡᠭᠡ ᠪᠢᠰᠢ ᠪᠠᠶ᠋ᠢᠨ᠎ᠠ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ ᠰᠠᠶᠢᠬᠠᠨ 2 ᠲᠦᠮᠡᠨ ᠳ᠋ᠦᠩᠰᠢᠭᠤᠷ ᠲᠥᠭᠦᠷᠢᠭ᠎ᠢ ᠳᠠᠪᠠᠭ᠋ᠠᠳ ᠪᠦᠬᠦ ᠤᠯᠤᠰ᠎ᠤᠨ 21᠎ᠳᠤ ᠣᠷᠣᠵᠤ᠂ ᠮᠠᠨ᠎ᠤ ᠣᠷᠣᠨ᠎ᠤ ᠡᠨᠧᠷᠬᠢ ᠡᠬᠢ ᠪᠠᠶᠠᠯᠢᠭ ᠵᠡᠷᠭᠡ ᠵᠢᠨ ᠳᠠᠪᠠᠭᠤᠯᠢᠭ᠎ᠲᠠᠢ ᠵᠣᠬᠢᠴᠠᠯᠳᠤᠬᠤ ᠦᠭᠡᠢ ᠪᠠᠶ᠋ᠢᠵᠤ᠂ ᠬᠥᠭᠵᠢᠯᠲᠡ᠎ᠪᠠᠨ ᠲᠦᠷᠭᠡᠳᠬᠡᠬᠦ ᠶᠠᠪᠤᠳᠠᠯ ᠲᠤᠯᠭ᠋ᠠᠮ᠎ᠠ ᠱᠠᠭ᠋ᠠᠷᠳᠠᠭᠳᠠᠵᠤ ᠪᠣᠢ᠃ ᠬᠤᠶᠠᠷ᠎ᠲᠤ ᠠᠵᠤ ᠦᠢ᠍ᠯᠡᠰ᠎ᠤᠨ ᠪᠦᠲᠦᠴᠡ ᠵᠢᠨ ᠲᠠᠯ᠎ᠠ᠎ᠪᠠᠷ ᠰᠠᠶ᠋ᠢᠨ ᠪᠢᠰᠢ ᠪᠠᠶ᠋ᠢᠨ᠎ᠠ᠂ ᠠᠵᠤ ᠦᠢ᠍ᠯᠡᠳᠪᠦᠷᠢ᠎ᠳᠤ ᠮᠢᠩᠭ᠋ᠠᠨ ᠳ᠋ᠦᠩᠰᠢᠭᠤᠷ᠎ᠢ ᠳᠠᠪᠠᠭᠰᠠᠨ ᠨᠡᠮᠡᠭᠳᠡᠯ ᠦᠷᠲᠡᠭ᠎ᠲᠠᠢ᠎ᠨᠢ ᠵᠦᠪᠬᠡᠨ ᠨᠡᠭᠦᠷᠡᠰᠦ᠂ ᠴᠠᠬᠢᠯᠭ᠋ᠠᠨ ᠬᠤᠶᠠᠷ ᠠᠵᠢᠯ ᠲᠦᠷᠦᠯ ᠪᠠᠶ᠋ᠢᠵᠤ᠂ ᠦᠢ᠍ᠯᠡᠳᠬᠦ ᠦᠢ᠍ᠯᠡᠰ᠎ᠤᠨ ᠡᠵᠡᠯᠡᠬᠦ ᠬᠤᠪᠢ ᠵᠢᠨ ᠵᠢᠩ ᠵᠦᠪᠬᠡᠨ 17% ᠪᠠᠶ᠋ᠢᠵᠤ᠂ ᠪᠦᠬᠦ ᠤᠯᠤᠰ᠎ᠤᠨ 28% ᠵᠢᠨ ᠲᠦᠪᠰᠢᠨ᠎ᠠᠴᠠ ᠬᠤᠯᠡ ᠳᠣᠣᠷ᠎ᠠ ᠪᠠᠶ᠋ᠢᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ ᠡᠵᠡᠯᠡᠬᠦ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠂ ᠲᠤᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠲᠡᠭ᠎ᠤᠨ ᠬᠤᠪᠢ ᠵᠢᠨ ᠵᠢᠩ ᠴᠥᠮ 3% ᠬᠦᠷᠬᠦ ᠦᠭᠡᠢ ᠪᠠᠶ᠋ᠢᠨ᠎ᠠ᠃ ᠭᠤᠷᠪᠠ᠎ᠳᠤ ᠬᠦᠴᠦᠨ ᠵᠦᠢ᠍ᠯ᠎ᠤᠨ ᠲᠤᠯᠭ᠋ᠠᠭᠤᠷᠢᠯᠠᠯ ᠪᠠᠲᠤ ᠪᠠᠬᠢ ᠪᠢᠰᠢ ᠪᠠᠶ᠋ᠢᠨ᠎ᠠ᠂ ᠰᠠᠭᠤᠷᠢ ᠪᠡᠯᠡᠳᠬᠡᠮᠵᠢ ᠪᠠ ᠤᠯᠠᠨ ᠨᠡᠶ᠋ᠢᠳᠠ ᠵᠢᠨ ᠦᠨᠳᠦᠰᠦᠨ ᠦᠢ᠍ᠯᠡᠴᠢᠯᠡᠭᠡ ᠵᠢᠨ ᠥᠷᠢ ᠲᠥᠯᠥᠭᠡᠰᠦ ᠨᠡᠯᠢᠶᠡᠳ ᠠᠷᠪᠢᠨ᠂ ᠡᠬᠢ ᠪᠠᠶᠠᠯᠢᠭ ᠣᠷᠴᠢᠨ ᠲᠣᠭᠤᠷᠢᠨ᠎ᠤ ᠬᠦᠯᠢᠶᠡᠰᠦᠯᠡᠯ ᠴᠢᠩᠭ᠋ᠠᠷᠠᠬᠤ ᠬᠠᠨᠳᠤᠰᠢ᠎ᠲᠠᠢ᠂ ᠮᠥᠩᠭᠦᠨ ᠭᠦᠢ᠍ᠯᠭᠡᠭᠡᠨ᠎ᠤ ᠲᠤᠯᠭ᠋ᠠᠭᠤᠷᠢᠯᠠᠬᠤ ᠴᠢᠳᠠᠪᠤᠷᠢ ᠨᠡᠯᠢᠶᠡᠳ ᠪᠠᠭᠤᠷᠠᠢ᠂ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠮᠥᠷᠲᠡᠭᠡᠨ ᠭᠠᠳᠠᠭᠰᠢ ᠶᠠᠪᠤᠭᠰᠠᠨ ᠪᠠᠶ᠋ᠢᠳᠠᠯ ᠬᠦᠨᠳᠦ ᠨᠣᠴᠢᠲᠠᠢ ᠪᠠᠶ᠋ᠢᠵᠤ᠂ ᠰᠤᠳᠤᠯᠤᠨ ᠨᠡᠭᠡᠭᠡᠬᠦ ᠵᠠᠷᠤᠳᠠᠯ᠎ᠤᠨ ᠤᠷᠤᠭᠤᠯᠤᠯᠳᠠ ᠵᠢᠨ ᠡᠷᠴᠢᠮ ᠤᠷᠳᠤ ᠬᠤᠭᠤᠴᠠᠭ᠎ᠠ᠎ᠪᠠᠷ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠳᠣᠣᠷ᠎ᠠ ᠪᠠᠶ᠋ᠢᠨ᠎ᠠ᠃ ᠳᠥᠷᠪᠡ᠎ᠳᠤ ᠬᠥᠭᠵᠢᠯᠲᠡ ᠵᠢᠨ ᠠᠷᠭ᠎ᠠ ᠬᠡᠯᠪᠡᠷᠢ ᠪᠦᠳᠦᠭᠦᠯᠢᠭ ᠪᠠᠶ᠋ᠢᠨ᠎ᠠ᠂ ᠡᠬᠢ ᠪᠠᠶᠠᠯᠢᠭ᠎ᠢ ᠠᠷᠪᠢᠲᠠᠢ ᠡᠷᠴᠢᠮᠲᠡᠢ ᠠᠰᠢᠭᠯᠠᠬᠤ ᠬᠢᠷᠢ ᠲᠦᠪᠰᠢᠨ ᠥᠨᠳᠥᠷ ᠪᠢᠰᠢ᠂ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠬᠦᠴᠦᠯᠡᠴᠡ᠂ ᠡᠨᠧᠷᠬᠢ ᠵᠢᠨ ᠬᠤᠷᠣᠭᠳᠠᠯ᠎ᠤᠨ ᠬᠦᠴᠦᠯᠡᠴᠡ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠬᠤᠯᠡ ᠥᠨᠳᠥᠷ ᠪᠠᠶ᠋ᠢᠵᠤ᠂ ᠨᠢᠭᠡᠴᠢ GDP ᠤᠰᠤᠨ᠎ᠤ ᠬᠤᠷᠣᠭᠳᠠᠯ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠤ 1.6 ᠳᠠᠬᠢᠨ᠂ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠤᠨ ᠮᠦ᠍ ᠪᠦᠷᠢ ᠵᠢᠨ ᠠᠰᠢᠭᠯᠠᠮᠵᠢ ᠪᠠ ᠦᠢ᠍ᠯᠡᠳᠬᠦᠨ᠎ᠤ ᠥᠷᠲᠡᠭ᠎ᠨᠢ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠨᠡᠯᠢᠶᠡᠳ ᠶᠡᠭᠡ ᠵᠥᠷᠢᠶ᠎ᠡ᠎ᠲᠠᠢ ᠪᠠᠶ᠋ᠢᠨ᠎ᠠ᠃ ᠲᠠᠪᠤ᠎ᠳᠤ ᠲᠦᠭᠰᠢᠭᠦᠷᠢ ᠵᠢᠨ ᠳᠠᠯᠳᠠ ᠭᠡᠮ ᠤᠯᠠᠨ ᠪᠠᠶ᠋ᠢᠨ᠎ᠠ᠂ ᠢᠯᠠᠩᠭᠤᠶ᠎ᠠ ᠣᠷᠣᠨ ᠨᠤᠲᠤᠭ᠎ᠤᠨ ᠥᠷᠢ ᠥᠭᠴᠡᠭᠡ᠂ ᠮᠥᠩᠭᠦᠨ ᠭᠦᠢ᠍ᠯᠭᠡᠭᠡ᠂ ᠭᠡᠷ ᠪᠠᠶ᠋ᠢᠰᠢᠩ ᠭᠠᠵᠠᠷ ᠬᠥᠷᠥᠩᠭᠡ ᠵᠡᠷᠭᠡ ᠬᠦᠷᠢᠶᠡᠨ᠎ᠳᠤ ᠡᠳᠦᠢ ᠲᠡᠳᠦᠢ ᠬᠠᠭᠤᠴᠢᠨ ᠠᠰᠠᠭᠤᠳᠠᠯ ᠣᠷᠣᠰᠢᠵᠤ᠂ ᠡᠳᠦᠢ ᠲᠡᠳᠦᠢ ᠰᠢᠨ᠎ᠡ ᠪᠠᠶ᠋ᠢᠳᠠᠯ ᠲᠤᠯᠭ᠋ᠠᠷᠠᠵᠤ ᠪᠠᠶ᠋ᠢᠭ᠎ᠠ ᠮᠥᠷᠲᠡᠭᠡᠨ ᠳᠠᠪᠬᠤᠴᠠᠯ ᠲᠦᠭᠰᠢᠭᠦᠷᠢ ᠪᠠ ᠬᠤᠯᠪᠣᠭᠳᠠᠯ ᠨᠥᠯᠥᠭᠡ᠎ᠲᠠᠢ ᠪᠠᠶ᠋ᠢᠬᠤ ᠵᠢ ᠣᠮᠲᠣᠭ᠋ᠠᠶ᠋ᠢᠯᠠᠵᠤ ᠪᠣᠯᠣᠰᠢ ᠦᠭᠡᠢ᠃ ᠬᠥᠭᠵᠢᠯᠲᠡ ᠵᠢᠨ ᠠᠵᠠ ᠲᠣᠬᠢᠶᠠᠯ᠎ᠢ ᠬᠢᠴᠢᠶᠡᠬᠦ ᠦᠭᠡᠢ ᠪᠣᠯ ᠬᠤᠷᠤᠮᠬᠠᠨ ᠵᠠᠭᠤᠷ᠎ᠠ ᠠᠯᠳᠠᠨ᠎ᠠ᠂ ᠱᠠᠯᠠᠪᠳᠠᠨ ᠠᠳᠬᠤᠪᠠᠯ ᠰᠢᠨ᠎ᠡ ᠪᠠᠶ᠋ᠢᠳᠠᠯ᠎ᠢ ᠨᠡᠭᠡᠭᠡᠵᠦ ᠳᠡᠶ᠋ᠢᠯᠦᠨ᠎ᠡ; ᠠᠰᠠᠭᠤᠳᠠᠯ ᠪᠠ ᠥᠷᠢᠰᠦᠯᠳᠦᠭᠡᠨ᠎ᠠᠴᠠ ᠵᠠᠶ᠋ᠢᠯᠠᠵᠤ ᠬᠤᠯᠠᠳᠴᠤ ᠳᠡᠶ᠋ᠢᠯᠬᠦ ᠦᠭᠡᠢ᠂ ᠰᠠᠶ᠋ᠢᠲᠤᠷ ᠰᠢᠢ᠍ᠳᠪᠦᠷᠢᠯᠡᠵᠦ ᠰᠠᠶ᠋ᠢᠨ ᠠᠷᠭ᠋ᠠᠴᠠᠭ᠋ᠠᠵᠤ ᠳᠡᠶ᠋ᠢᠯᠪᠡᠯ ᠰᠢᠨ᠎ᠡ ᠠᠵᠠ ᠲᠣᠬᠢᠶᠠᠯ᠎ᠲᠠᠢ ᠪᠣᠯᠣᠨ᠎ᠠ᠃ ᠪᠢᠳᠡ ᠵᠠᠪᠠᠯ ᠠᠵᠠ ᠳᠤᠬᠢᠶᠠᠯ᠎ᠢ ᠵᠠᠪᠳᠤᠨ ᠠᠳᠬᠤᠬᠤ ᠳᠤᠮᠳᠠ ᠳᠠᠪᠠᠭᠤᠯᠢᠭ ᠵᠶ᠋ᠠᠨ ᠪᠠᠳᠠᠷᠠᠭᠤᠯᠵᠤ᠂ ᠳᠠᠪᠠᠭᠤᠯᠢᠭ ᠲᠠᠯ᠎ᠠ᠎ᠪᠠᠨ ᠳᠠᠪᠲᠠᠵᠤ᠂ ᠥᠷᠢᠰᠦᠯᠳᠦᠭᠡᠨ᠎ᠢ ᠠᠷᠭ᠋ᠠᠴᠠᠭ᠋ᠠᠬᠤ ᠳᠤᠮᠳᠠ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠂ ᠳᠤᠲᠠᠭᠤᠳᠠᠯ ᠵᠶ᠋ᠠᠨ ᠨᠥᠬᠦᠪᠦᠷᠢᠯᠡᠵᠦ᠂ ᠠᠷᠭ᠎ᠠ ᠪᠦᠬᠦᠨ᠎ᠢ ᠰᠦᠪᠡᠭᠴᠢᠯᠡᠨ ᠠᠵᠤ ᠠᠬᠤᠢ ᠵᠢᠨ ᠶᠡᠷᠦᠩᠬᠡᠢ ᠬᠡᠮᠵᠢᠶ᠎ᠡ᠎ᠪᠠᠨ ᠶᠡᠬᠡᠰᠬᠡᠵᠦ᠂ ᠠᠵᠤ ᠠᠬᠤᠢ ᠵᠢᠨ ᠪᠠᠶ᠋ᠢᠷᠢᠰᠢᠯ ᠵᠶ᠋ᠠᠨ ᠰᠢᠯᠢᠳᠡᠭᠵᠢᠭᠦᠯᠵᠦ᠂ ᠠᠵᠤ ᠠᠬᠤᠢ ᠵᠢᠨ ᠪᠦᠲᠦᠴᠡ᠎ᠪᠠᠨ ᠲᠣᠬᠢᠷᠠᠭᠤᠯᠤᠨ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ ᠬᠡᠷᠡᠭᠲᠡᠢ᠃
    ᠢᠷᠡᠭᠡᠳᠦᠢ ᠵᠢᠨ ᠲᠠᠪᠤᠨ ᠵᠢᠯ᠎ᠳᠠᠬᠢ ᠮᠠᠨ᠎ᠤ ᠣᠷᠣᠨ᠎ᠤ ᠬᠥᠭᠵᠢᠯᠲᠡ ᠵᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠋ᠠᠨ᠎ᠤ ᠨᠠᠮ᠎ᠤᠨ ᠲᠥᠯᠥᠭᠡᠯᠡᠭᠴᠢᠳ᠎ᠤᠨ ᠶᠡᠭᠡ ᠬᠤᠷᠠᠯ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠮ᠎ᠤᠨ ᠬᠤᠷᠢᠶᠠᠨ᠎ᠤ ᠤᠳᠠᠭ᠎ᠠ ᠪᠦᠷᠢ ᠵᠢᠨ ᠪᠦᠬᠦᠳᠠ ᠬᠤᠷᠠᠯ ᠪᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠳᠤ ᠨᠢᠭᠡᠨᠲᠡ ᠲᠣᠳᠣᠷᠬᠠᠢ ᠪᠠᠶ᠋ᠢᠷᠢᠯᠠᠭᠤᠯᠤᠯᠲᠠ ᠬᠢᠪᠡ᠂ ᠵᠠᠰᠠᠭ᠎ᠤᠨ ᠣᠷᠳᠣᠨ᠎ᠤ ᠠᠵᠢᠯ᠎ᠤᠨ ᠲᠡᠷᠢᠭᠦᠨ ᠴᠢᠬᠤᠯᠠ ᠡᠭᠦᠷᠭᠡ ᠬᠠᠷᠢᠭᠤᠴᠠᠯᠭ᠎ᠠ ᠪᠣᠯ ᠡᠳᠡᠭᠡᠷ ᠬᠠᠷᠠᠯᠲᠠ ᠡᠭᠦᠷᠭᠡ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠵᠤ᠂ ᠪᠣᠳᠠᠲᠠᠢ ᠪᠦᠲᠦᠮᠵᠢ ᠭᠠᠷᠭ᠋ᠠᠨ᠎ᠠ᠂ ᠴᠢᠬᠤᠯᠠ᠎ᠠᠴᠠ ᠴᠢᠬᠤᠯᠠ ᠶᠠᠪᠤᠳᠠᠯ ᠪᠣᠯ ᠶᠡᠷᠦᠩᠬᠡᠢ ᠱᠦᠵᠢ ᠰᠢ ᠵᠢᠨ ᠫᠢᠩ᠎ᠠᠴᠠ ᠥᠪᠥᠷ ᠮᠣᠩᠭᠤᠯ᠎ᠳᠤ ᠲᠤᠰᠢᠶᠠᠵᠤ ᠥᠭᠭᠦᠭᠰᠡᠨ ᠲᠠᠪᠤᠨ ᠶᠡᠭᠡ ᠡᠭᠦᠷᠭᠡ ᠵᠢ ᠰᠠᠶ᠋ᠢᠲᠤᠷ ᠪᠡᠶᠡᠯᠡᠭᠦᠯᠦᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠰᠠᠶ᠋ᠢᠲᠤᠷ ᠪᠦᠲᠦᠭᠡᠨ ᠪᠠᠶ᠋ᠢᠭᠤᠯᠬᠤ᠎ᠳᠤ ᠪᠣᠢ᠃ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠤᠳᠤᠷᠢᠳᠤᠯᠭ᠎ᠠ ᠵᠢᠯᠣᠭᠤᠳᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠠᠭ᠋ᠠᠭᠤᠯᠭ᠎ᠠ ᠳᠣᠣᠷ᠎ᠠ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ 2400 ᠲᠦᠮᠡ ᠭᠠᠷᠤᠢ ᠠᠷᠠᠳ ᠲᠦᠮᠡᠨ ᠯᠠᠪᠲᠠᠶ᠋ᠢᠶ᠎ᠠ ᠪᠠᠲᠤ ᠴᠢᠩᠭ᠎ᠠ ᠢᠲᠡᠭᠡᠯ ᠵᠣᠷᠢᠭ ᠪᠠ ᠡᠷᠬᠢᠮ ᠳᠡᠭᠡᠳᠦ ᠡᠭᠦᠷᠭᠡᠲᠦ ᠰᠡᠳᠬᠢᠯᠭᠡ ᠵᠢ ᠡᠪᠦᠷᠯᠡᠨ᠂ ᠲᠠᠪᠤᠨ ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠨ᠂ ᠠᠵᠤ ᠠᠬᠤᠢ ᠵᠢᠨ ᠶᠡᠷᠦᠩᠬᠡᠢ ᠬᠡᠮᠵᠢᠶ᠎ᠡ᠎ᠪᠠᠨ 3 ᠲᠦᠮᠡᠨ ᠳ᠋ᠦᠩᠰᠢᠭᠤᠷ ᠲᠥᠭᠦᠷᠢᠭ᠎ᠤᠨ ᠶᠡᠭᠡ ᠪᠣᠭᠤᠮᠲᠠ ᠵᠢ ᠳᠠᠪᠠᠭᠤᠯᠵᠤ᠂ ᠬᠥᠭᠵᠢᠯᠲᠡ ᠵᠢᠨ ᠶᠠᠰᠤ ᠴᠢᠨᠠᠷ ᠵᠶ᠋ᠠᠨ ᠲᠡᠦᠬᠡᠲᠦ ᠴᠢᠨᠠᠷᠲᠠᠢ ᠱᠠᠲᠤᠨ᠎ᠳᠤ ᠣᠷᠣᠭᠤᠯᠤᠨ᠂ 《ᠬᠤᠶᠠᠷ ᠬᠠᠯᠬᠠᠪᠴᠢ》 ᠵᠢ ᠨᠡᠩ ᠪᠠᠲᠤ ᠪᠠᠬᠢᠵᠢᠭᠦᠯᠵᠦ᠂ 《ᠬᠤᠶᠠᠷ ᠰᠠᠭᠤᠷᠢᠨ》᠎ᠤ ᠬᠡᠮᠵᠢᠶ᠎ᠡ ᠴᠢᠨᠠᠷ᠎ᠢ ᠵᠡᠷᠭᠡ᠎ᠳᠤ᠎ᠨᠢ ᠳᠡᠭᠡᠭᠰᠢᠯᠡᠭᠦᠯᠦᠨ᠂ 《ᠬᠥᠭᠦᠷᠭᠡᠨ ᠪᠠᠬᠢᠯᠡᠯᠲᠡ》 ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠭᠡᠬᠦ ᠡᠨᠡ ᠬᠦ᠌ ᠲᠤᠭ᠎ᠤᠨ ᠢᠷᠠᠭᠤ ᠠᠯᠳᠠᠷ᠎ᠢ ᠨᠡᠩ ᠥᠨᠳᠥᠷ ᠮᠠᠨᠳᠤᠭᠤᠯᠤᠨ᠎ᠠ ᠭᠡᠳᠡᠭ᠎ᠲᠤ ᠪᠢᠳᠠ ᠪᠠᠲᠤ ᠢᠲᠡᠭᠡᠯ᠎ᠲᠠᠢ ᠪᠠᠶ᠋ᠢᠨ᠎ᠠ᠃
    ᠭᠤᠷᠪᠠ᠂ 2023 ᠣᠨ᠎ᠤ ᠭᠤᠣᠯᠳᠠᠯᠭ᠎ᠠ ᠪᠣᠯᠬᠤ ᠠᠵᠢᠯ᠎ᠤᠨ ᠡᠭᠦᠷᠭᠡ
    ᠡᠨᠡ ᠵᠢᠯ ᠪᠣᠯ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠡᠬᠢᠯᠡᠯᠳᠠ ᠵᠢᠨ ᠵᠢᠯ ᠪᠣᠯᠣᠨ᠎ᠠ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶᠠᠨ᠎ᠤ ᠲᠠᠪᠤᠳᠤᠭ᠋ᠠᠷ ᠪᠦᠭᠦᠳᠡ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠪᠦᠬᠦ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠢ 6% ᠣᠷᠴᠢᠮ ᠨᠡᠮᠡᠭᠳᠡᠭᠦᠯᠵᠦ᠂ ᠪᠣᠳᠠᠲᠠᠢ ᠠᠵᠢᠯ᠎ᠤᠨ ᠶᠠᠪᠤᠴᠠ᠎ᠳᠤ ᠤᠯᠠᠮ ᠰᠠᠶ᠋ᠢᠨ ᠬᠢᠷᠢ ᠪᠦᠲᠦᠮᠵᠢ ᠣᠯᠬᠤ᠎ᠪᠠᠷ ᠴᠢᠷᠮᠠᠶ᠋ᠢᠨ᠎ᠠ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ᠎ᠢ 7%᠎ᠠᠴᠠ ᠳᠡᠭᠡᠭᠰᠢ ᠨᠡᠮᠡᠭᠳᠡᠭᠦᠯᠦᠨ᠎ᠡ; ᠲᠣᠭᠲᠠᠮᠠᠯ ᠬᠥᠷᠥᠩᠭᠡ ᠵᠢᠨ ᠪᠡᠯᠡ ᠤᠷᠤᠭᠤᠯᠤᠯᠳᠠ ᠵᠢ 10%᠎ᠠᠴᠠ ᠳᠡᠭᠡᠭᠰᠢ ᠨᠡᠮᠡᠭᠳᠡᠭᠦᠯᠦᠨ᠎ᠡ; ᠬᠤᠳᠠ ᠪᠠᠯᠭ᠋ᠠᠰᠤᠨ᠎ᠤ ᠪᠠᠶ᠋ᠢᠴᠠᠭ᠋ᠠᠯᠲᠠ᠎ᠳᠠᠬᠢ ᠠᠵᠢᠯ ᠠᠯᠳᠠᠭᠰᠠᠳ᠎ᠤᠨ ᠨᠤᠷᠮ᠎ᠠ ᠵᠢ 6% ᠣᠷᠴᠢᠮ ᠪᠠᠶ᠋ᠢᠯᠭ᠋ᠠᠵᠤ᠂ ᠬᠤᠳᠠ ᠪᠠᠯᠭ᠋ᠠᠰᠤᠨ᠎ᠤ ᠠᠵᠢᠯ ᠣᠯᠣᠭᠰᠠᠳ᠎ᠢ 20 ᠲᠦᠮᠡ ᠭᠠᠷᠤᠢ ᠰᠢᠨ᠎ᠡ᠎ᠪᠠᠷ ᠨᠡᠮᠡᠭᠳᠡᠭᠦᠯᠦᠨ᠎ᠡ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠥᠰᠦᠯᠲᠡ ᠵᠢᠨ ᠬᠡᠮᠵᠢᠶ᠎ᠡ ᠵᠢ 3% ᠣᠷᠴᠢᠮ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠯᠦᠭᠡ ᠦᠨᠳᠦᠰᠦᠨ᠎ᠳᠤ᠎ᠪᠠᠨ ᠠᠳᠠᠯᠢ ᠪᠠᠶ᠋ᠢᠯᠭ᠋ᠠᠨ᠎ᠠ; ᠡᠨᠧᠷᠬᠢ ᠵᠢᠨ ᠬᠤᠷᠣᠭᠳᠠᠯ᠎ᠤᠨ ᠬᠦᠴᠦᠯᠡᠴᠡ ᠪᠠ ᠪᠣᠬᠢᠷᠳᠤᠯ᠎ᠢ ᠭᠠᠳᠠᠭᠰᠢᠯᠠᠭᠤᠯᠬᠤ᠎ᠪᠠᠨ ᠪᠠᠭ᠋ᠠᠰᠬᠠᠬᠤ ᠭᠦᠢ᠍ᠴᠡᠳᠬᠡᠯ ᠲᠤᠭ᠎ᠠ ᠵᠢ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ ᠲᠣᠬᠢᠷᠠᠭᠤᠯᠤᠨ᠎ᠠ᠃ ᠡᠳᠡᠭᠡᠷ ᠬᠠᠷᠠᠯᠲᠠ᠎ᠳᠤ ᠨᠠᠮ᠎ᠤᠨ ᠲᠥᠪ ᠬᠤᠷᠢᠶᠠᠨ᠎ᠤ ᠠᠵᠤ ᠠᠬᠤᠢ ᠵᠢᠨ ᠠᠵᠢᠯᠯᠠᠭ᠋ᠠᠨ ᠵᠶ᠋ᠠᠨ ᠪᠦᠬᠦᠯᠢ ᠴᠣᠭᠴᠠ᠎ᠪᠠᠷ ᠰᠠᠶ᠋ᠢᠵᠢᠷᠠᠭᠤᠯᠵᠤ ᠠᠬᠢᠭᠤᠯᠬᠤ ᠴᠢᠬᠤᠯᠠ ᠱᠠᠭ᠋ᠠᠷᠳᠠᠯᠭ᠎ᠠ ᠵᠢ ᠲᠤᠭᠤᠰᠢᠯᠠᠭᠤᠯᠵᠤ᠂ ᠥᠪᠥᠷ ᠮᠣᠩᠭᠤᠯ᠎ᠤᠨ ᠲᠦᠷᠭᠡᠨ ᠬᠥᠭᠵᠢᠯᠲᠡ᠂ ᠴᠢᠨᠠᠷ ᠰᠠᠶ᠋ᠢᠲᠠᠢ ᠬᠥᠭᠵᠢᠯᠲᠡ ᠵᠢᠨ ᠪᠣᠳᠠᠲᠤ ᠬᠡᠷᠡᠭᠴᠡᠭᠡ ᠵᠢ ᠪᠣᠳᠣᠯᠬᠢᠯᠠᠪᠠ᠃ ᠡᠨᠡ ᠵᠢᠯ᠎ᠤᠨ ᠬᠥᠭᠵᠢᠯᠲᠡ ᠵᠢᠨ ᠣᠷᠴᠢᠨ ᠨᠥᠬᠦᠴᠡᠯ ᠪᠠᠰᠠ ᠮᠠᠰᠢ ᠶᠡᠭᠡ ᠲᠣᠭᠲᠠᠪᠤᠷᠢ ᠦᠭᠡᠢ ᠴᠢᠨᠠᠷ᠎ᠲᠠᠢ ᠪᠠᠶ᠋ᠢᠨ᠎ᠠ᠂ ᠮᠠᠨ᠎ᠤ ᠣᠷᠣᠨ᠎ᠤ ᠠᠵᠤ ᠠᠬᠤᠢ ᠮᠥᠨ ᠯᠠ ᠨᠡᠯᠢᠶᠡᠳ ᠶᠡᠭᠡ ᠪᠠᠭᠤᠷᠠᠯᠲᠠ ᠵᠢᠨ ᠳᠠᠷᠤᠯᠲᠠ᠎ᠳᠤ ᠲᠤᠯᠭ᠋ᠠᠷᠠᠵᠤ᠂ ᠡᠳᠡᠭᠡᠷ ᠬᠠᠷᠠᠯᠲᠠ ᠵᠢ ᠪᠡᠶᠡᠯᠡᠭᠦᠯᠬᠦ᠎ᠳᠤ ᠳᠠᠷᠤᠯᠲᠠ ᠪᠠ ᠳᠠᠷᠤᠭ᠋ᠠᠰᠤ ᠵᠢ ᠳᠠᠭ᠋ᠠᠭ᠋ᠠᠵᠤ ᠡᠭᠦᠷᠭᠡᠯᠡᠨ᠂ ᠥᠨᠳᠥᠷ ᠪᠠᠷᠢᠮᠵᠢᠶᠠᠨ᠎ᠳᠤ ᠬᠦᠷᠭᠡᠬᠦ᠎ᠪᠠᠷ ᠴᠢᠷᠮᠠᠶ᠋ᠢᠬᠤ ᠴᠢᠬᠤᠯᠠᠲᠠᠢ᠃ ᠪᠢᠳᠡ ᠡᠷᠬᠡᠪᠰᠢ ᠢᠲᠡᠭᠡᠯ ᠵᠣᠷᠢᠭ ᠵᠶ᠋ᠠᠨ ᠪᠠᠲᠤᠳᠬᠠᠨ᠂ ᠡᠷᠴᠢ ᠵᠣᠷᠢᠭ ᠵᠶ᠋ᠠᠨ ᠴᠢᠩᠭ᠋ᠠᠯᠠᠨ ᠬᠥᠪᠴᠢᠯᠡᠵᠦ᠂ ᠬᠥᠭᠵᠢᠯᠲᠡ ᠵᠢ ᠭᠤᠶ᠋ᠢᠪᠢᠰᠢ ᠦᠭᠡᠢ ᠪᠠᠷᠢᠮᠲᠠᠯᠠᠨ᠂ ᠬᠥᠭᠵᠢᠯᠲᠡ ᠵᠢ ᠴᠠᠯᠠᠭ᠋ᠠᠶ᠋ᠢᠷᠠᠯ ᠦᠭᠡᠢ ᠲᠦᠷᠭᠡᠳᠬᠡᠵᠦ᠂ ᠶᠡᠷᠦᠩᠬᠡᠢ ᠬᠡᠮᠵᠢᠶ᠎ᠡ ᠵᠢ ᠶᠡᠬᠡᠰᠬᠡᠬᠦ ᠠᠤᠭ᠎ᠠ ᠬᠦᠰᠡᠯ ᠡᠷᠡᠯᠬᠡᠭ ᠵᠣᠷᠢᠭ᠎ᠲᠠᠢ ᠪᠠᠶ᠋ᠢᠵᠤ᠂ ᠰᠠᠭᠤᠷᠢ᠎ᠪᠠᠨ ᠪᠠᠬᠢᠵᠢᠭᠦᠯᠦᠨ᠎ᠡ᠃ ᠡᠭᠦᠨ᠎ᠳᠤ ᠭᠤᠣᠯᠳᠠᠭᠤ ᠳᠣᠣᠷᠠᠬᠢ ᠠᠵᠢᠯ᠎ᠢ ᠰᠠᠶ᠋ᠢᠲᠤᠷ ᠠᠳᠬᠤᠨ᠎ᠠ᠃
   (ᠨᠢᠭᠡ) 《ᠲᠣᠭᠲᠠᠭᠤᠨ ᠡᠬᠢᠯᠡᠭᠦᠯᠵᠦ᠂ ᠤᠷᠤᠭᠰᠢᠲᠠᠢ ᠡᠬᠢᠯᠡᠭᠦᠯᠬᠦ》 ᠵᠢ ᠴᠢᠷᠮᠠᠶ᠋ᠢᠨ ᠪᠡᠶᠡᠯᠡᠭᠦᠯᠵᠦ᠂ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠠᠬᠢᠯᠲᠠ᠎ᠲᠠᠢ ᠪᠣᠯᠭ᠋ᠠᠵᠦ᠂ ᠪᠦᠬᠦᠯᠢ ᠴᠣᠭᠴᠠ᠎ᠪᠠᠷ ᠰᠠᠶ᠋ᠢᠵᠢᠷᠠᠬᠤ ᠬᠥᠭᠵᠢᠯᠲᠡ ᠵᠢᠨ ᠬᠠᠨᠳᠤᠰᠢ ᠵᠢ ᠪᠠᠲᠤᠯᠠᠨ᠎ᠠ᠃ ᠨᠢᠳᠤᠨᠤᠨ᠎ᠤ ᠨᠢᠭᠡᠳᠦᠭᠡᠷ ᠤᠯᠠᠷᠢᠯ᠎ᠳᠤ ᠪᠦᠬᠦ ᠣᠷᠣᠨ᠎ᠤ ᠠᠵᠤ ᠠᠬᠤᠢ 5.8% ᠨᠡᠮᠡᠭᠳᠡᠵᠦ᠂ ᠡᠨᠡ ᠵᠢᠯ᠎ᠳᠤ ᠡᠨᠡ ᠬᠦ᠌ ᠥᠨᠳᠥᠷ ᠰᠠᠭᠤᠷᠢ ᠲᠣᠭ᠋ᠠᠨ᠎ᠤ ᠳᠡᠭᠡᠷ᠎ᠡ ᠰᠠᠶ᠋ᠢᠨ ᠡᠬᠢᠯᠡᠯᠳᠠ᠎ᠲᠠᠢ ᠪᠣᠯᠭ᠋ᠠᠬᠤ᠎ᠨᠢ ᠲᠡᠶ᠋ᠢᠮᠦ ᠬᠢᠯᠪᠠᠷ ᠶᠠᠪᠤᠳᠠᠯ ᠪᠢᠰᠢ᠃ ᠡᠷᠬᠡᠪᠰᠢ ᠡᠬᠢᠯᠡᠮᠡᠭᠴᠡ᠎ᠪᠠᠨ 6% ᠣᠷᠴᠢᠮ᠎ᠤᠨ ᠨᠡᠮᠡᠭᠳᠡᠯ᠎ᠤᠨ ᠬᠠᠷᠠᠯᠲᠠ ᠵᠢ ᠲᠣᠭᠲᠠᠭ᠋ᠠᠵᠤ᠂ ᠢᠳᠡ᠎ᠲᠠᠢ ᠡᠬᠢᠯᠡᠭᠦᠯᠵᠦ ᠢᠳᠡᠷᠡᠭᠦᠨ ᠤᠷᠤᠭᠰᠢᠯᠠᠬᠤ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ᠃
    ᠪᠦᠬᠦ ᠬᠦᠴᠦᠨ ᠵᠶ᠋ᠠᠷ ᠵᠶ᠋ᠠᠨ ᠲᠦᠷᠦᠯ ᠵᠦᠢ᠍ᠯ᠎ᠢ ᠠᠳᠬᠤᠨ᠎ᠠ᠃ 《ᠪᠡᠯᠡ ᠣᠷᠤᠭᠤᠯᠤᠯᠲᠠ᠂ ᠬᠡᠷᠡᠭᠯᠡᠭᠡ᠂ ᠭᠠᠳᠠᠭᠰᠢ ᠭᠠᠷᠭ᠋ᠠᠯᠲᠠ》 ᠵᠢᠨ ᠳᠣᠲᠣᠷ᠎ᠠ᠂ ᠮᠠᠨ᠎ᠤ ᠣᠷᠣᠨ᠎ᠤ ᠬᠡᠷᠡᠭᠯᠡᠭᠡ ᠵᠢᠨ ᠬᠡᠮᠵᠢᠶ᠎ᠡ ᠠᠨᠠᠢ᠂ ᠭᠠᠳᠠᠭᠰᠢ ᠭᠠᠷᠭ᠋ᠠᠯᠲᠠ ᠪᠠᠭ᠎ᠠ ᠪᠣᠯᠬᠤᠷ᠂ ᠬᠠᠮᠤᠭ᠎ᠤᠨ ᠪᠣᠳᠠᠲᠠᠢ ᠰᠣᠩᠭᠤᠯᠲᠠ ᠪᠣᠯ ᠪᠡᠯᠡ ᠤᠷᠤᠭᠤᠯᠤᠯᠳᠠ᠎ᠳᠤ ᠲᠦᠰᠢᠭᠯᠡᠨ ᠬᠡᠮᠵᠢᠶ᠎ᠡ ᠵᠢ ᠨᠡᠮᠡᠭᠳᠡᠭᠦᠯᠵᠦ᠂ ᠪᠦᠲᠦᠴᠡ ᠵᠢ ᠰᠢᠯᠢᠳᠡᠭᠵᠢᠭᠦᠯᠬᠦ ᠪᠣᠯᠣᠨ᠎ᠠ᠃ ᠦᠨᠳᠦᠰᠦᠨ ᠪᠠᠶ᠋ᠢᠳᠠᠯ ᠪᠣᠯ 6300 ᠳ᠋ᠦᠩᠰᠢᠭᠤᠷ ᠲᠥᠭᠦᠷᠢᠭ᠎ᠤᠨ ᠪᠡᠯᠡ ᠤᠷᠤᠭᠤᠯᠤᠯᠳᠠ ᠵᠢ ᠪᠡᠶᠡᠯᠡᠭᠦᠯᠦᠨ᠎ᠡ᠂ ᠭᠤᠣᠯᠳᠠᠯᠭ᠎ᠠ᠎ᠨᠢ ᠣᠳᠣ ᠦᠶ᠎ᠡ ᠵᠢᠨ ᠡᠨᠧᠷᠬᠢ ᠵᠢᠨ ᠠᠵᠤ ᠠᠬᠤᠢ᠂ ᠲᠡᠷᠢᠭᠦᠨ᠎ᠤ ᠦᠢ᠍ᠯᠡᠳᠬᠦ ᠦᠢ᠍ᠯᠡᠰ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠪᠠ ᠣᠷᠣᠨ ᠪᠦᠰᠡ ᠵᠢᠨ ᠭᠤᠣᠯ ᠲᠥᠪ ᠪᠣᠯᠬᠤ ᠬᠤᠳᠠ᠂ ᠰᠠᠭᠤᠷᠢ ᠪᠡᠯᠡᠳᠬᠡᠮᠵᠢ ᠵᠢᠨ ᠪᠣᠷᠣ ᠲᠥᠯᠥᠪ᠂ ᠤᠯᠠᠨ ᠨᠡᠶ᠋ᠢᠳᠠ ᠵᠢᠨ ᠦᠢ᠍ᠯᠡᠴᠢᠯᠡᠭᠡᠨ᠎ᠤ ᠳᠤᠲᠠᠭᠤᠳᠠᠯ᠎ᠤᠨ ᠬᠦᠷᠢᠶᠡᠨ᠎ᠳᠤ ᠡᠳᠦᠢ ᠲᠡᠳᠦᠢ ᠶᠡᠭᠡ ᠲᠦᠷᠦᠯ ᠵᠦᠢ᠍ᠯ᠂ ᠰᠠᠶ᠋ᠢᠨ ᠲᠦᠷᠦᠯ ᠵᠦᠢ᠍ᠯ᠎ᠢ ᠠᠳᠬᠤᠨ᠎ᠠ᠃ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ᠎ᠢ ᠯᠠᠪᠳᠠᠭᠤᠨ ᠪᠠᠲᠤᠲᠠᠢ ᠠᠬᠢᠭᠤᠯᠤᠨ᠂ ᠵᠢᠨᠢᠩ ᠳ᠋ᠠᠲ᠋ᠦ᠋ᠩ ᠶᠤᠸᠠᠨᠫᠢᠩ᠂ ᠪᠤᠭᠤᠲᠤ ᠢᠷᠭ᠋ᠠᠢ᠂ ᠲᠠᠶ᠋ᠢᠽᠢ ᠰᠢᠯᠢ ᠵᠢᠨ ᠬᠤᠲᠠ ᠵᠡᠷᠭᠡ ᠲᠦᠷᠦᠯ ᠵᠦᠢ᠍ᠯ᠎ᠤᠨ ᠠᠬᠢᠴᠠ ᠵᠢ ᠲᠦᠷᠭᠡᠳᠬᠡᠨ᠂ ᠣᠷᠳᠣᠰ ᠲᠡᠮᠡᠭᠡᠲᠦ ᠶᠠᠨ ᠠᠨ᠎ᠤ ᠲᠦᠷᠭᠡᠨ᠎ᠤ ᠲᠡᠮᠦᠷ ᠵᠠᠮ᠎ᠤᠨ ᠪᠠᠷᠢᠯᠭ᠎ᠠ ᠵᠢ ᠡᠬᠢᠯᠡᠭᠦᠯᠦᠨ ᠪᠠᠶ᠋ᠢᠭᠤᠯᠵᠤ᠂ ᠪᠤᠭᠤᠲᠤ ᠣᠷᠳᠣᠰ᠂ ᠵᠢᠨᠢᠩ ᠲᠦᠩᠯᠢᠶᠣᠣ ᠴᠠᠩ ᠴᠦᠨ᠂ ᠴᠢᠴᠢᠬᠠᠷ ᠤᠯᠠᠭ᠋ᠠᠨᠬᠤᠲᠠ ᠲᠦᠩᠯᠢᠶᠣᠣ᠂ ᠴᠢᠴᠢᠬᠠᠷ ᠬᠠᠶ᠋ᠢᠯᠠᠷ ᠮᠠᠨᠵᠤᠤᠷ᠎ᠤᠨ ᠲᠦᠷᠭᠡᠨ᠎ᠤ ᠲᠡᠮᠦᠷ ᠵᠠᠮ ᠵᠢᠴᠢ ᠢᠮᠢᠨ ᠢᠷᠱ᠌ᠢ᠂ ᠯᠢᠨᠾᠧ ᠬᠠᠮᠢ ᠵᠢᠨ ᠲᠡᠮᠦᠷ ᠵᠠᠮ᠎ᠢ ᠥᠭᠡᠷᠡᠴᠢᠯᠡᠨ ᠰᠢᠨᠡᠳᠬᠡᠬᠦ ᠵᠡᠷᠭᠡ ᠡᠬᠢᠨ᠎ᠤ ᠬᠤᠭᠤᠴᠠᠭ᠋ᠠᠨ᠎ᠳᠠᠬᠢ ᠠᠵᠢᠯ᠎ᠢ ᠱᠠᠯᠠᠪᠳᠠᠨ ᠠᠬᠢᠭᠤᠯᠵᠤ᠂ ᠲᠡᠮᠦᠷ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠬᠡᠪᠴᠢᠶ᠎ᠡ ᠵᠢ 1700 ᠺᠢᠯᠣᠮᠧᠳ᠋ᠷ᠂ ᠲᠦᠷᠭᠡᠨ᠎ᠤ ᠲᠡᠮᠦᠷ ᠵᠠᠮ᠎ᠢ 470 ᠺᠢᠯᠣᠮᠧᠳ᠋ᠷ᠎ᠲᠤ ᠬᠦᠷᠭᠡᠬᠦ᠎ᠪᠠᠷ ᠬᠦᠴᠦᠯᠡᠨ ᠴᠢᠷᠮᠠᠶ᠋ᠢᠨ᠎ᠠ; G5511 ᠶᠡᠭᠡ ᠨᠡᠪᠳᠡᠷᠡᠯ ᠵᠠᠮ᠂ G331 ᠬᠢᠯᠢ ᠳᠠᠭ᠋ᠠᠤ ᠵᠢᠨ ᠵᠠᠰᠠᠮᠠᠯ ᠵᠠᠮ ᠵᠡᠷᠭᠡ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠤᠯᠤᠰ ᠮᠤᠵᠢ ᠵᠢᠨ ᠭᠤᠣᠯ ᠱᠤᠭᠤᠮ᠎ᠤᠨ 15 《ᠮᠤᠬᠤᠷ ᠵᠠᠮ》᠎ᠢ ᠨᠡᠪᠲᠡᠷᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠲᠦᠮᠡᠨ ᠺᠢᠯᠣᠮᠧᠳ᠋ᠷ ᠤᠷᠳᠤ ᠵᠠᠰᠠᠮᠠᠯ ᠵᠠᠮ᠎ᠢ ᠪᠠᠷᠢᠯᠭ᠎ᠠ ᠡᠬᠢᠯᠡᠭᠦᠯᠦᠨ ᠪᠠᠶ᠋ᠢᠭᠤᠯᠬᠤ᠎ᠪᠠᠷ ᠬᠦᠴᠦᠯᠡᠨ ᠴᠢᠷᠮᠠᠶ᠋ᠢᠨ᠎ᠠ; ᠬᠦᠬᠡᠬᠤᠳᠠ ᠰᠢᠨ᠎ᠡ ᠨᠢᠰᠬᠡᠯ᠎ᠤᠨ ᠪᠠᠭᠤᠳᠠᠯ᠎ᠤᠨ ᠠᠶᠠᠯᠠᠯ᠎ᠤᠨ ᠥᠷᠲᠡᠭᠡᠨ᠎ᠤ ᠲᠣᠭᠤᠷᠢᠭ᠂ ᠨᠢᠰᠦᠯᠲᠡ ᠵᠢᠨ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ 11 ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠶ᠋ᠢᠭᠤᠯᠤᠯᠲᠠ ᠵᠢ ᠡᠬᠢᠯᠡᠭᠦᠯᠦᠨ᠎ᠡ᠃ ᠪᠢᠳᠡ ᠲᠦᠷᠭᠡᠨ᠎ᠤ ᠲᠡᠮᠦᠷ ᠵᠠᠮ᠂ ᠲᠦᠷᠭᠡᠨ᠎ᠤ ᠵᠠᠰᠠᠮᠠᠯ ᠵᠠᠮ᠎ᠢ ᠠᠳᠬᠤᠬᠤ᠎ᠪᠠᠷ ᠪᠠᠷᠠᠬᠤ ᠦᠭᠡᠢ᠂ ᠪᠠᠰᠠ ᠨᠢᠭᠡ ᠪᠦᠯᠦᠭ ᠲᠡᠮᠦᠷ ᠵᠠᠮ᠂ ᠵᠠᠰᠠᠮᠠᠯ ᠵᠠᠮ᠎ᠤᠨ 《ᠮᠤᠬᠤᠷ ᠵᠠᠮ》᠎ᠢ ᠨᠡᠪᠲᠡᠷᠡᠭᠦᠯᠬᠦ ᠠᠵᠢᠯ᠎ᠢ ᠴᠤ᠌ ᠠᠳᠬᠤᠨ᠂ ᠵᠡᠭᠦᠨ ᠪᠠᠷᠠᠭᠤᠨ᠎ᠢ ᠰᠤᠨᠳᠠᠯᠠᠭᠰᠠᠨ᠂ ᠡᠮᠦᠨ᠎ᠡ ᠤᠮᠠᠷ᠎ᠠ ᠵᠢ ᠬᠤᠯᠪᠣᠭᠰᠠᠨ᠂ ᠪᠡᠭᠡᠵᠢᠩ ᠤᠷᠤᠭᠤ ᠨᠡᠪᠲᠡᠷᠡᠭᠰᠡᠨ᠂ ᠨᠠᠢ᠍ᠮᠠᠨ ᠮᠤᠵᠢ᠎ᠲᠠᠢ ᠬᠤᠯᠪᠣᠭᠰᠠᠨ᠂ ᠬᠢᠯᠢ ᠬᠢᠵᠠᠭ᠋ᠠᠷ ᠪᠠ ᠳᠠᠯᠠᠢ ᠳᠠᠭ᠋ᠠᠤ ᠬᠦᠷᠬᠦ᠂ ᠬᠤᠳᠠ ᠬᠥᠳᠡᠭᠡ ᠵᠢ ᠨᠢᠭᠡ ᠴᠣᠭᠴᠠᠵᠢᠭᠤᠯᠤᠭᠰᠠᠨ ᠵᠠᠮ ᠬᠠᠷᠢᠯᠴᠠᠭ᠋ᠠᠨ᠎ᠤ ᠪᠣᠰᠤᠭ᠎ᠠ ᠵᠥᠷᠢᠯᠢᠭ ᠵᠠᠮ᠎ᠢ ᠪᠦᠬᠦ ᠬᠦᠴᠦ᠎ᠪᠠᠷ ᠵᠶ᠋ᠠᠨ ᠪᠠᠶ᠋ᠢᠭᠤᠯᠤᠨ᠎ᠠ᠃ ᠠᠵᠤ ᠦᠢ᠍ᠯᠡᠰ᠎ᠤᠨ ᠬᠥᠭᠵᠢᠯᠲᠡ᠎ᠲᠠᠢ ᠤᠶᠠᠯᠳᠤᠭᠤᠯᠤᠨ ᠰᠠᠭᠤᠷᠢ ᠪᠡᠯᠡᠳᠬᠡᠮᠵᠢ ᠵᠢᠨ ᠪᠠᠶ᠋ᠢᠷᠢᠰᠢᠭᠤᠯᠤᠯ᠎ᠢ ᠰᠢᠯᠢᠳᠡᠭᠵᠢᠭᠦᠯᠦᠨ᠂ ᠨᠢᠭᠡ ᠪᠦᠯᠦᠭ ᠬᠦᠷᠢᠶᠡᠯᠡᠩ ᠲᠣᠭᠤᠷᠢᠭ᠎ᠤᠨ ᠲᠡᠮᠦᠷ ᠵᠠᠮ᠎ᠤᠨ ᠲᠤᠰᠬᠠᠢ ᠱᠤᠭᠤᠮ ᠪᠠ ᠵᠢᠭᠤᠯᠴᠢᠯᠠᠯ᠎ᠤᠨ ᠵᠠᠮ᠂ ᠠᠵᠤ ᠦᠢ᠍ᠯᠡᠰ᠎ᠤᠨ ᠵᠠᠮ᠎ᠢ ᠲᠥᠯᠥᠪᠵᠢᠭᠦᠯᠦᠨ ᠪᠠᠶ᠋ᠢᠭᠤᠯᠵᠤ᠂ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠲᠥᠬᠦᠷ ᠦᠢ᠍ᠯᠡᠴᠢᠯᠡᠭᠡᠨ᠎ᠤ ᠴᠢᠳᠠᠮᠵᠢ ᠵᠢ ᠴᠢᠩᠭ᠋ᠠᠷᠠᠭᠤᠯᠤᠨ᠎ᠠ᠃ ᠵᠡᠭᠦᠨ ᠲᠠᠶ᠋ᠢᠰᠠ ᠤᠰᠤᠨ ᠴᠦᠬᠦᠷᠦᠮ᠎ᠢ ᠪᠠᠶ᠋ᠢᠭᠤᠯᠵᠤ᠂ ᠴᠤᠤᠯ ᠭᠤᠣᠯ᠎ᠤᠨ ᠤᠰᠤ ᠵᠢ ᠲᠠᠲᠠᠵᠤ ᠯᠢᠶᠤᠤ ᠾᠧ ᠭᠤᠣᠯ᠎ᠳᠤ ᠨᠡᠮᠡᠷᠢᠯᠡᠬᠦ ᠬᠤᠶᠠᠳᠤᠭ᠋ᠠᠷ ᠬᠤᠭᠤᠴᠠᠭ᠎ᠠ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠢ ᠥᠭᠡᠷᠡᠴᠢᠯᠡᠨ ᠰᠢᠨᠡᠳᠬᠡᠬᠦ ᠵᠡᠷᠭᠡ ᠢᠨᠵᠧᠨᠧᠷᠢᠩ᠎ᠢ ᠠᠬᠢᠭᠤᠯᠤᠨ᠂ ᠬᠠᠳᠤᠨ ᠭᠤᠣᠯ᠎ᠤᠨ ᠦᠶᠡᠷ᠎ᠢ ᠰᠡᠷᠭᠡᠶ᠋ᠢᠯᠡᠬᠦ ᠭᠤᠷᠪᠠᠳᠤᠭ᠋ᠠᠷ ᠬᠤᠭᠤᠴᠠᠭ᠎ᠠ᠂ ᠨᠤᠨ ᠭᠤᠣᠯ᠎ᠤᠨ ᠤᠰᠤ ᠵᠢ ᠲᠠᠲᠠᠵᠤ ᠰᠢᠯᠢ ᠵᠢᠨ ᠭᠤᠣᠯ᠎ᠢ ᠲᠤᠰᠠᠯᠠᠬᠤ᠂ ᠤᠯᠠᠭ᠋ᠠᠨᠴᠠᠪ᠎ᠤᠨ ᠬᠤᠳᠠ ᠵᠢᠨ ᠲᠣᠭᠤᠷᠢᠭ᠎ᠲᠤ ᠤᠰᠤ ᠬᠠᠩᠭ᠋ᠠᠬᠤ ᠵᠡᠷᠭᠡ ᠵᠢᠨ ᠡᠬᠢᠨ᠎ᠤ ᠬᠤᠭᠤᠴᠠᠭ᠋ᠠᠨ᠎ᠤ ᠠᠵᠢᠯ᠎ᠢ ᠥᠷᠨᠢᠭᠦᠯᠵᠦ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠦᠶᠡᠷ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ᠂ ᠤᠰᠤᠨ᠎ᠤ ᠡᠬᠢ ᠰᠣᠷᠪᠤᠯᠵᠢ ᠵᠢ ᠲᠣᠬᠢᠷᠠᠭᠤᠯᠬᠤ᠂ ᠤᠰᠤᠨ᠎ᠤ ᠡᠬᠢ ᠰᠣᠷᠪᠤᠯᠵᠢ ᠵᠢ ᠬᠠᠮᠠᠭ᠋ᠠᠯᠠᠬᠤ ᠵᠡᠷᠭᠡ ᠴᠢᠳᠠᠮᠵᠢ ᠵᠢ᠎ᠨᠢ ᠨᠢᠭᠡ ᠴᠣᠭᠴᠠᠵᠢᠭᠤᠯᠤᠭᠰᠠᠨ ᠤᠰᠤᠨ᠎ᠤ ᠶᠡᠷᠦᠩᠬᠡᠶ᠋ᠢᠯᠡᠭᠰᠡᠨ ᠲᠣᠣᠷ᠎ᠢ ᠬᠦᠴᠦᠯᠡᠨ ᠪᠠᠶ᠋ᠢᠭᠤᠯᠤᠨ᠎ᠠ᠃ ᠥᠪᠥᠷ ᠮᠣᠩᠭᠤᠯ᠎ᠤᠨ ᠪᠠᠷᠠᠭᠤᠨ ᠬᠡᠰᠡᠭ᠎ᠲᠠᠬᠢ 《ᠳᠦᠷᠪᠡᠨ ᠬᠥᠨᠳᠡᠯᠡᠨ ᠲᠠᠪᠤᠨ ᠭᠤᠯᠳᠤ》᠂ ᠥᠪᠥᠷ ᠮᠣᠩᠭᠤᠯ᠎ᠤᠨ ᠵᠡᠭᠦᠨ ᠬᠡᠰᠡᠭ᠎ᠲᠠᠬᠢ 《ᠨᠠᠢ᠍ᠮᠠᠨ ᠬᠥᠨᠳᠡᠯᠡᠨ ᠬᠤᠶᠠᠷ ᠭᠤᠯᠳᠤ》 ᠴᠠᠬᠢᠯᠭ᠋ᠠᠨ ᠬᠦᠴᠦᠨ᠎ᠤ ᠭᠤᠣᠯ ᠲᠣᠣᠷᠵᠢᠯ᠎ᠢ ᠪᠦᠲᠦᠭᠡᠨ ᠪᠠᠶ᠋ᠢᠭᠤᠯᠵᠤ᠂ ᠰᠢᠨ᠎ᠡ ᠡᠨᠧᠷᠬᠢ ᠵᠢᠨ ᠲᠣᠮᠣ ᠰᠠᠭᠤᠷᠢᠨ ᠭᠠᠵᠠᠷ᠎ᠤᠨ ᠲᠥᠪᠯᠡᠷᠡᠭᠦᠯᠦᠨ ᠭᠠᠳᠠᠭᠰᠢ ᠬᠦᠷᠭᠡᠬᠦ ᠢᠨᠵᠧᠨᠧᠷᠢᠩ ᠪᠠ ᠪᠣᠬᠢᠷᠳᠤᠯ ᠦᠭᠡᠢ ᠴᠠᠬᠢᠯᠭ᠋ᠠᠨ᠂ ᠪᠣᠬᠢᠷᠳᠤᠯ ᠦᠭᠡᠢ ᠤᠰᠤᠳᠥ᠋ᠷᠦᠭᠴᠢ ᠵᠢ ᠪᠡᠭᠡᠵᠢᠩ᠎ᠳᠤ ᠬᠦᠷᠭᠡᠬᠦ ᠰᠢᠨ᠎ᠡ ᠨᠡᠪᠳᠡᠷᠡᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠨᠢᠭᠡ ᠪᠦᠯᠦᠭ ᠴᠠᠬᠢᠯᠭ᠋ᠠᠨ ᠴᠡᠨᠡᠭᠯᠡᠬᠦ ᠱᠣᠩ᠂ ᠤᠰᠤᠳᠥ᠋ᠷᠦᠭᠴᠢ ᠨᠡᠮᠡᠬᠦ ᠥᠷᠲᠡᠭᠡ ᠵᠢ ᠪᠠᠶ᠋ᠢᠷᠢᠰᠢᠭᠤᠯᠤᠨ᠎ᠠ᠃ ᠳ᠋ᠠᠶ᠋ᠢᠲ᠋ᠠ ᠵᠢᠨ ᠲᠥᠪ᠎ᠲᠤ 50 ᠲᠦᠮᠡᠨ ᠮᠠᠰᠢᠨ ᠴᠣᠭᠴᠠᠯᠠᠪᠤᠷᠢ ᠵᠢ ᠰᠢᠨ᠎ᠡ᠎ᠪᠠᠷ ᠤᠭᠰᠠᠷᠠᠵᠤ᠂ 5G ᠰᠠᠭᠤᠷᠢ ᠦᠷᠲᠡᠭᠡ ᠵᠢ 2 ᠲᠦᠮᠡ ᠰᠢᠨ᠎ᠡ᠎ᠪᠠᠷ ᠪᠠᠶ᠋ᠢᠭᠤᠯᠤᠨ᠎ᠠ᠃
    ᠬᠤᠳᠠᠯᠳᠤᠭ᠋ᠠᠴᠢᠨ ᠤᠷᠢᠬᠤ ᠵᠢ ᠪᠦᠬᠦ ᠬᠦᠴᠦ᠎ᠪᠠᠷ ᠠᠳᠬᠤᠨ᠎ᠠ᠃ ᠬᠤᠳᠠᠯᠳᠤᠭ᠋ᠠᠴᠢᠨ ᠤᠷᠢᠵᠤ ᠪᠡᠯᠡ ᠤᠷᠤᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠢ ᠨᠠᠷᠢᠯᠢᠭ ᠰᠡᠳᠬᠢᠨ ᠨᠢᠮᠪᠠᠢ ᠰᠡᠳᠦᠵᠦ᠂ ᠠᠵᠤ ᠦᠢ᠍ᠯᠡᠰ᠎ᠤᠨ ᠪᠦᠯᠦᠭᠵᠢᠯ ᠪᠠ ᠭᠤᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ᠎ᠳᠤ ᠲᠥᠪᠯᠡᠷᠡᠭᠦᠯᠦᠨ᠂ ᠳᠡᠯᠡᠬᠡᠢ ᠵᠢᠨ 500 ᠬᠦᠴᠦᠷᠬᠡᠭ᠂ ᠳᠤᠮᠳᠠᠳᠤ ᠤᠯᠤᠰ᠎ᠤᠨ 500 ᠬᠦᠴᠦᠷᠬᠡᠭ᠂ ᠠᠷᠠᠳ᠎ᠠᠴᠠ ᠡᠵᠡᠩᠨᠡᠭᠰᠡᠨ 500 ᠬᠦᠴᠦᠷᠬᠡᠭ᠂ ᠦᠢ᠍ᠯᠡᠳᠬᠦ ᠦᠢ᠍ᠯᠡᠰ᠎ᠤᠨ 500 ᠬᠦᠴᠦᠷᠬᠡᠭ᠎ᠢ ᠴᠢᠩᠭ᠎ᠠ ᠠᠩᠬᠠᠷᠴᠤ᠂ ᠲᠣᠯᠣᠭ᠋ᠠᠶ᠋ᠢᠯᠠᠭᠴᠢ ᠠᠵᠤ ᠠᠬᠤᠶ᠋ᠢᠯᠠᠯ᠂ ᠪᠦᠯᠦᠭᠯᠡᠯ᠎ᠤᠨ ᠭᠤᠣᠯ ᠠᠵᠤ ᠠᠬᠤᠶ᠋ᠢᠯᠠᠯ᠂ ᠬᠡᠯᠬᠢᠶ᠎ᠡ ᠵᠢᠨ ᠭᠤᠣᠯ ᠠᠵᠤ ᠠᠬᠤᠶ᠋ᠢᠯᠠᠯ᠎ᠢ ᠴᠢᠩᠭ᠎ᠠ ᠠᠳᠬᠤᠨ᠂ ᠬᠠᠨᠳᠤᠯᠭ᠎ᠠ᠎ᠲᠠᠢ᠎ᠪᠠᠷ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠵᠤ᠂ ᠠᠯᠬᠤᠮ ᠠᠯᠬᠤᠮ ᠵᠶ᠋ᠠᠷ ᠠᠬᠢᠭᠤᠯᠤᠨ᠂ 3800 ᠳ᠋ᠦᠩᠰᠢᠭᠤᠷ ᠲᠥᠭᠦᠷᠢᠭ᠎ᠠᠴᠠ ᠢᠯᠡᠭᠦᠦ ᠪᠡᠯᠡ ᠮᠥᠩᠭᠦ ᠣᠷᠣᠭᠤᠯᠤᠨ ᠠᠪᠴᠢᠷᠠᠬᠤ᠎ᠪᠠᠷ ᠴᠢᠷᠮᠠᠶ᠋ᠢᠨ᠎ᠠ᠃ ᠲᠤᠰᠬᠠᠶ᠋ᠢᠵᠢᠭᠰᠠᠨ ᠪᠦᠯᠬᠦᠮ ᠨᠡᠶ᠋ᠢᠳᠠ ᠪᠠ ᠪᠡᠯᠡ ᠣᠷᠣᠭᠤᠯᠵᠤ ᠲᠣᠬᠢᠷᠠᠭᠤᠯᠬᠤ ᠲᠠᠪᠴᠠᠩ᠎ᠢ ᠪᠤᠢ ᠪᠤᠯᠭ᠋ᠠᠵᠤ᠂ 《ᠣᠷᠣᠨ ᠠᠯᠤᠰᠯᠠᠨ》 ᠬᠤᠳᠠᠯᠳᠤᠭ᠋ᠠᠴᠢᠨ ᠤᠷᠢᠬᠤ᠂ 《ᠪᠦᠬᠦᠯᠢ ᠬᠡᠯᠬᠢᠶ᠎ᠡ》᠎ᠪᠠᠷ ᠬᠤᠳᠠᠯᠳᠤᠭ᠋ᠠᠴᠢᠨ ᠤᠷᠢᠬᠤ᠂ ᠬᠤᠳᠠᠯᠳᠤᠭ᠋ᠠᠴᠢᠨ ᠵᠶ᠋ᠠᠷ ᠬᠤᠳᠠᠯᠳᠤᠭ᠋ᠠᠴᠢᠨ ᠤᠷᠢᠭᠤᠯᠬᠤ ᠵᠡᠷᠭᠡ ᠵᠠᠭᠪᠤᠷ᠎ᠢ ᠠᠬᠢᠭᠤᠯᠤᠨ᠂ ᠠᠷᠭ᠎ᠠ ᠪᠦᠬᠦᠨ᠎ᠢ ᠰᠦᠪᠡᠭᠴᠢᠯᠡᠨ ᠲᠦᠷᠦᠯ ᠵᠦᠢ᠍ᠯ᠎ᠢ ᠪᠠᠶ᠋ᠢᠷᠢᠰᠢᠭᠤᠯᠬᠤ᠂ ᠠᠵᠤ ᠦᠢ᠍ᠯᠡᠰ᠎ᠢ ᠲᠦᠭᠦᠷᠵᠢᠬᠦᠯᠬᠦ᠂ ᠬᠦᠴᠦᠨ ᠵᠦᠢ᠍ᠯ᠎ᠢ ᠪᠠᠲᠤᠯᠠᠬᠤ ᠵᠡᠷᠭᠡ ᠳᠠᠪᠠᠭᠤᠯᠢᠭ᠎ᠢ ᠲᠥᠪᠯᠡᠷᠡᠭᠦᠯᠦᠨ᠂ ᠤᠯᠠᠮ ᠤᠯᠠᠨ ᠰᠢᠯᠢᠳᠡᠭ ᠰᠠᠶ᠋ᠢᠨ ᠠᠵᠤ ᠠᠬᠤᠶ᠋ᠢᠯᠠᠯ᠎ᠢ ᠲᠠᠲᠠᠨ ᠣᠷᠣᠭᠤᠯᠵᠤ ᠨᠤᠲᠤᠭᠰᠢᠭᠤᠯᠤᠨ᠂ ᠣᠬᠢ ᠰᠠᠶ᠋ᠢᠨ ᠲᠦᠷᠦᠯ ᠵᠦᠢ᠍ᠯ᠎ᠢ ᠪᠣᠳᠠᠲᠠᠢ ᠨᠠᠶ᠋ᠢᠳᠠᠪᠤᠷᠢᠵᠢᠭᠤᠯᠤᠨ᠎ᠠ᠃ ᠠᠵᠢᠯ ᠲᠦᠷᠦᠯ᠎ᠢ ᠬᠠᠮᠢᠶᠠᠷᠬᠤ᠂ ᠬᠦᠷᠢᠶᠡᠯᠡᠩ ᠲᠣᠭᠤᠷᠢᠭ᠎ᠢ ᠬᠠᠮᠢᠶᠠᠷᠬᠤ᠂ ᠣᠷᠣᠨ ᠨᠤᠲᠤᠭ᠎ᠢ ᠬᠠᠮᠢᠶᠠᠷᠬᠤ᠎ᠳᠤ ᠴᠥᠮ ᠬᠤᠳᠠᠯᠳᠤᠭ᠋ᠠᠴᠢᠨ ᠤᠷᠢᠬᠤ ᠵᠢ᠎ᠨᠢ ᠬᠠᠮᠢᠶᠠᠷᠬᠤ ᠪᠠᠶ᠋ᠢᠳᠠᠯ᠎ᠢ ᠪᠦᠷᠢᠯᠳᠦᠭᠦᠯᠵᠦ᠂ ᠡᠨᠡ ᠵᠢᠯ᠎ᠳᠤ ᠦᠷᠭᠦᠯᠵᠢᠯᠡᠨ 8100 ᠲᠦᠮᠡᠨ ᠲᠥᠭᠦᠷᠢᠭ ᠭᠠᠷᠭ᠋ᠠᠵᠤ ᠪᠠᠶ᠋ᠢᠭ᠋ᠠᠳ ᠬᠥᠬᠢᠭᠦᠯᠦᠨ ᠱᠠᠩᠨᠠᠬᠤ ᠲᠦᠷᠦ ᠵᠢᠨ ᠪᠣᠳᠣᠯᠭ᠎ᠠ ᠵᠢ ᠪᠡᠶᠡᠯᠡᠭᠦᠯᠦᠨ᠂ ᠳᠡᠭᠡᠳᠦ ᠱᠠᠲᠤ ᠪᠠ ᠳᠣᠣᠷᠠᠳᠤ ᠱᠠᠲᠤ᠂ ᠰᠢᠰᠲ᠋ᠧᠮ ᠪᠠ ᠬᠡᠰᠡᠭ᠂ ᠰᠠᠯᠠᠭ᠎ᠠ ᠮᠥᠴᠢᠷ ᠪᠠ ᠣᠷᠣᠨ ᠨᠤᠲᠤᠭ᠎ᠢ ᠬᠤᠯᠪᠣᠭᠳᠠᠭᠤᠯᠵᠤ ᠪᠠᠶ᠋ᠢᠭ᠋ᠠᠳ ᠲᠡᠳᠡᠨ᠎ᠤ ᠬᠤᠳᠠᠯᠳᠤᠭ᠋ᠠᠴᠢᠨ ᠤᠷᠢᠬᠤ ᠢᠳᠡᠪᠬᠢᠵᠢᠯ᠎ᠢ᠎ᠨᠢ ᠳᠠᠶ᠋ᠢᠴᠢᠯᠠᠵᠤ᠂ ᠬᠤᠳᠠᠯᠳᠤᠭ᠋ᠠᠴᠢᠨ ᠤᠷᠢᠵᠤ ᠪᠡᠯᠡ ᠤᠷᠤᠭᠤᠯᠬᠤ ᠠᠵᠢᠯ᠎ᠢ ᠭᠤᠷᠤᠬ᠎ᠠ ᠨᠡᠶ᠋ᠢᠯᠡᠵᠦ ᠭᠤᠣᠯ ᠪᠣᠯᠵᠤ ᠤᠷᠤᠰᠬᠠᠯ ᠨᠡᠶ᠋ᠢᠯᠡᠵᠦ ᠳᠠᠯᠠᠢ ᠪᠦᠲᠦᠭᠰᠡᠨ ᠮᠡᠲᠦ ᠥᠷᠨᠢᠯᠲᠡ᠎ᠲᠠᠢ ᠪᠣᠯᠭ᠋ᠠᠨ᠎ᠠ᠃
    ᠣᠨᠣᠴᠠᠲᠠᠢ᠎ᠪᠠᠷ ᠬᠦᠴᠦᠯᠡᠵᠦ ᠬᠡᠷᠡᠭᠯᠡᠭᠡ ᠵᠢ ᠠᠳᠬᠤᠨ᠎ᠠ᠃ ᠮᠠᠨ᠎ᠤ ᠣᠷᠣᠨ᠎ᠤ ᠬᠡᠷᠡᠭᠯᠡᠭᠡ ᠤᠷᠳᠤ ᠬᠤᠭᠤᠴᠠᠭ᠎ᠠ᠎ᠪᠠᠷ ᠬᠤᠶᠠᠷ᠎ᠤᠨ ᠬᠤᠭᠤᠷᠣᠨᠳᠤ ᠭᠤᠷᠪᠠ ᠵᠢᠨ ᠳᠤᠮᠳᠠ ᠪᠠᠶ᠋ᠢᠵᠤ᠂ ᠣᠨᠴᠠᠭ᠋ᠠᠶ᠋ᠢᠯᠠᠨ ᠬᠢᠵᠢᠭ᠎ᠲᠤ ᠨᠥᠯᠥᠭᠡᠯᠡᠭᠳᠡᠵᠦ ᠤᠯᠠᠮ ᠠᠨᠠᠶ᠋ᠢᠬᠠᠨ ᠪᠣᠯᠪᠠ᠃ ᠡᠷᠬᠡᠪᠰᠢ ᠬᠡᠷᠡᠭᠯᠡᠭᠡ ᠵᠢ ᠰᠡᠷᠭᠦᠭᠡᠬᠦ ᠪᠠ ᠥᠷᠭᠡᠳᠬᠡᠬᠦ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠤᠳᠠᠯᠳᠤᠭ᠋ᠠᠨ᠎ᠤ ᠵᠡᠭᠡᠯᠢ᠂ ᠶᠠᠪᠠᠭ᠋ᠠᠨ ᠵᠡᠭᠡᠯᠢ᠂ ᠲᠣᠮᠣ ᠬᠤᠳᠠᠯᠳᠤᠭ᠎ᠠ ᠳᠡᠯᠭᠡᠭᠦᠷ᠂ ᠵᠢᠵᠢᠭ ᠬᠤᠷᠰᠢᠶ᠎ᠠ ᠳᠡᠯᠭᠡᠭᠦᠷ ᠪᠦᠭᠦᠨ᠎ᠢ ᠨᠡᠭᠡᠭᠡᠵᠦ ᠬᠥᠭᠵᠢᠶᠡᠨ᠎ᠲᠠᠢ ᠪᠣᠯᠭ᠋ᠠᠨ᠂ ᠲᠠᠮᠢᠷᠵᠢᠭᠤᠯᠤᠨ ᠲᠡᠩᠬᠡᠷᠡᠭᠦᠯᠵᠦ᠂ ᠨᠠᠷᠭᠢᠶ᠎ᠠ ᠳᠠᠷᠭᠢᠶ᠎ᠠ᠎ᠲᠠᠢ ᠪᠣᠯᠭ᠋ᠠᠬᠤ᠎ᠨᠢ ᠣᠳᠣᠬᠠᠨ᠎ᠤ ᠪᠠᠷᠢᠨ ᠭᠦᠢ᠍ᠴᠡᠳᠬᠡᠬᠦ ᠪᠠᠴᠢᠮ ᠡᠭᠦᠷᠭᠡ ᠪᠣᠯᠪᠠ᠃ ᠨᠢᠭᠡ ᠪᠦᠯᠦᠭ ᠬᠡᠷᠡᠭᠯᠡᠭᠡ ᠵᠢᠨ ᠪᠥᠭᠡᠮᠨᠡᠷᠡᠯ᠎ᠤᠨ ᠣᠷᠣᠨ᠂ ᠪᠡᠶᠡᠴᠢᠯᠡᠨ ᠣᠶ᠋ᠢᠯᠠᠭ᠋ᠠᠬᠤ ᠲᠥᠪ ᠪᠠ ᠬᠤᠳᠠ ᠵᠢᠨ ᠳᠡᠭᠦᠷᠭᠡ ᠵᠢᠨ ᠲᠣᠮᠣ ᠬᠥᠮᠥᠷᠭᠡ ᠵᠢ ᠲᠥᠯᠥᠪᠵᠢᠭᠦᠯᠦᠨ ᠪᠠᠶ᠋ᠢᠭᠤᠯᠵᠤ᠂ ᠬᠦᠬᠡᠬᠤᠳᠡ᠂ ᠪᠤᠭᠤᠲᠤ᠂ ᠣᠷᠳᠣᠰ᠂ ᠤᠯᠠᠭ᠋ᠠᠨᠬᠠᠳᠠ᠂ ᠲᠦᠩᠯᠢᠶᠣᠣ ᠵᠢ ᠬᠡᠷᠡᠭᠯᠡᠭᠡᠨ᠎ᠤ ᠭᠤᠣᠯ ᠲᠥᠪ ᠪᠣᠯᠬᠤ ᠬᠤᠳᠠ᠎ᠪᠠᠷ ᠪᠦᠲᠦᠭᠡᠨ ᠪᠠᠶ᠋ᠢᠭᠤᠯᠬᠤ ᠵᠢ ᠳᠡᠮᠵᠢᠵᠤ᠂ ᠠᠶ᠋ᠢᠮᠠᠭ ᠬᠤᠳᠠ ᠵᠢᠨ ᠭᠤᠣᠯ ᠲᠥᠪ ᠪᠣᠯᠬᠤ ᠬᠤᠳᠠ ᠲᠣᠭᠤᠷᠢᠭ᠎ᠲᠤ ᠵᠠᠬ᠎ᠠ ᠵᠢᠨ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ᠎ᠤᠨ ᠳᠡᠯᠭᠡᠨ ᠦᠵᠡᠭᠦᠯᠬᠦ ᠳᠡᠯᠭᠡᠭᠦᠷ᠎ᠢ ᠪᠠᠶ᠋ᠢᠭᠤᠯᠵᠤ᠂ ᠴᠠᠭ᠎ᠤᠨ ᠤᠷᠤᠰᠬᠠᠯ ᠳᠠᠭ᠋ᠠᠨᠨᠰᠠᠨ ᠰᠥᠨᠢ ᠵᠢᠨ ᠵᠠᠬ᠎ᠠ᠂ ᠠᠷᠠᠳ᠎ᠤᠨ ᠠᠮᠢᠳᠤᠷᠠᠯ᠎ᠤᠨ ᠥᠷᠯᠥᠭᠡ ᠵᠢᠨ ᠵᠠᠬ᠎ᠠ᠂ ᠬᠤᠳᠠ ᠬᠥᠳᠡᠭᠡ ᠵᠢᠨ ᠴᠤᠭᠯᠠᠭ᠎ᠠ ᠮᠠᠶ᠋ᠢᠮᠠᠢ ᠵᠢᠨ ᠬᠡᠷᠡᠭᠯᠡᠭᠡ ᠵᠢᠨ ᠪᠠᠶ᠋ᠢᠳᠠᠯ᠎ᠢ ᠶᠡᠭᠡ᠎ᠪᠠᠷ ᠬᠥᠭᠵᠢᠭᠦᠯᠵᠦ᠂ ᠮᠤᠵᠢ ᠵᠢᠨ ᠬᠤᠭᠤᠷᠤᠨᠳᠤᠬᠢ ᠵᠢᠭᠤᠯᠴᠢᠯᠠᠨ ᠰᠠᠭᠤᠷᠢᠰᠢᠬᠤ ᠨᠠᠰᠤᠵᠢᠯ᠎ᠤᠨ ᠬᠠᠮᠲᠤᠷᠠᠯᠴᠠᠭ᠎ᠠ ᠵᠢᠨ ᠲᠤᠷᠰᠢᠯᠲᠠ ᠵᠢᠨ ᠴᠡᠭ᠎ᠢ ᠥᠷᠨᠢᠭᠦᠯᠵᠦ᠂ 《ᠠᠮᠢᠵᠢᠷᠠᠯ᠎ᠤᠨ ᠬᠦᠴᠦᠨ᠎ᠲᠠᠢ ᠥᠪᠥᠷ ᠮᠣᠩᠭᠤᠯ · ᠪᠠᠶᠠᠰᠤᠯᠳᠤ ᠬᠡᠷᠡᠭᠯᠡᠭᠡ》 ᠵᠢᠨ ᠭᠤᠣᠯ ᠰᠡᠳᠦᠪᠲᠦ ᠠᠵᠢᠯᠯᠠᠭ᠎ᠠ ᠵᠢ ᠰᠠᠶ᠋ᠢᠲᠤᠷ ᠡᠷᠬᠢᠯᠡᠨ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠨᠡᠷ᠎ᠡ ᠠᠯᠳᠠᠷᠰᠢᠭᠰᠠᠨ ᠨᠡᠷᠡᠳᠤ ᠲᠡᠮᠳᠡᠭ᠎ᠢ ᠢᠳᠡᠪᠬᠢᠲᠡᠢ ᠲᠠᠲᠠᠨ ᠣᠷᠣᠭᠤᠯᠵᠤ ᠲᠦᠷᠦᠭᠦᠴᠢ ᠳᠡᠯᠭᠡᠭᠦᠷ ᠨᠡᠭᠡᠭᠡᠯᠭᠡᠨ᠂ ᠠᠩᠬ᠎ᠠ ᠲᠠᠷᠬᠠᠭ᠋ᠠᠬᠤ ᠠᠵᠢᠯᠯᠠᠭ᠎ᠠ ᠡᠷᠬᠢᠯᠡᠭᠦᠯᠵᠤ᠂ ᠰᠢᠨ᠎ᠡ᠎ᠪᠠᠷ ᠲᠠᠲᠠᠨ ᠣᠷᠣᠭᠤᠯᠤᠭᠰᠠᠨ ᠨᠡᠷᠡᠳᠤ ᠲᠡᠮᠳᠡᠭ᠎ᠤᠨ ᠲᠦᠷᠦᠭᠦᠴᠢ ᠳᠡᠯᠭᠡᠭᠦᠷ᠎ᠢ 100 ᠡᠷᠦᠬᠡ ᠪᠣᠯᠭ᠋ᠠᠬᠤ᠎ᠪᠠᠷ ᠴᠢᠷᠮᠠᠶ᠋ᠢᠨ᠎ᠠ; 《ᠬᠠᠭᠤᠴᠢᠨ ᠨᠡᠷᠡᠮᠵᠢᠳᠣ》 ᠵᠢ ᠵᠠᠯᠭ᠋ᠠᠮᠵᠢᠯᠠᠨ ᠬᠠᠮᠠᠭ᠋ᠠᠯᠠᠵᠤ᠂ ᠰᠢᠨ᠎ᠡ ᠵᠢ ᠡᠭᠦᠳᠦᠨ ᠬᠥᠭᠵᠢᠬᠦ ᠵᠢ ᠵᠣᠷᠢᠭᠵᠢᠭᠤᠯᠤᠨ ᠳᠡᠮᠵᠢᠵᠦ᠂ ᠲᠡᠳᠡᠭᠡᠷ ᠵᠠᠭᠤᠨ ᠵᠢᠯ᠎ᠤᠨ ᠬᠠᠭᠤᠴᠢᠨ ᠳᠡᠯᠭᠡᠭᠦᠷ᠂ 《ᠬᠠᠭᠤᠴᠢᠨ ᠨᠡᠷᠡᠮᠵᠢᠳᠣ》 ᠵᠢᠨ ᠰᠢᠨ᠎ᠡ ᠠᠮᠢᠵᠢᠷᠠᠯ᠎ᠤᠨ ᠬᠦᠴᠦᠨ᠎ᠢ᠎ᠨᠢ ᠬᠥᠭᠵᠢᠭᠡᠨ ᠪᠠᠳᠠᠷᠠᠭᠤᠯᠤᠨ᠎ᠠ; 《ᠢᠨᠲ᠋ᠧᠷ ᠰᠦᠯᠵᠢᠶ᠎ᠡ +》 ᠬᠡᠷᠡᠭᠯᠡᠭᠡ ᠵᠢᠨ ᠡᠵᠡᠩᠨᠡᠯᠲᠡ ᠵᠢᠨ ᠪᠠᠶ᠋ᠢᠳᠠᠯ᠎ᠢ ᠵᠣᠷᠢᠭᠵᠢᠭᠤᠯᠤᠨ ᠬᠥᠭᠵᠢᠭᠦᠯᠵᠦ᠂ ᠰᠦᠯᠵᠢᠶᠡᠨ ᠳᠡᠭᠡᠷᠡᠬᠢ ᠴᠠᠭ᠋ᠠᠨ ᠰᠠᠷ᠎ᠠ ᠵᠢᠨ ᠪᠠᠷᠠᠭ᠋ᠠᠨ᠎ᠤ ᠴᠤᠭᠯᠠᠭ᠋ᠠᠨ᠂ ᠨᠡᠷᠡᠳᠤ ᠲᠡᠮᠳᠡᠭ ᠪᠠ ᠴᠢᠨᠠᠷ ᠴᠢᠨᠰᠠᠭ᠎ᠠ ᠵᠢᠨ ᠬᠡᠷᠡᠭᠯᠡᠭᠡ ᠵᠢᠨ ᠰᠦᠯᠵᠢᠶ᠎ᠡ᠎ᠪᠠᠷ ᠬᠤᠳᠠᠯᠳᠤᠨ ᠠᠪᠬᠤ ᠴᠤᠭᠯᠠᠭ᠋ᠠᠨ ᠵᠡᠷᠭᠡ ᠠᠵᠢᠯᠯᠠᠭ᠎ᠠ ᠵᠢ ᠡᠷᠬᠢᠯᠡᠵᠤ᠂ ᠰᠦ ᠪᠠ ᠮᠢᠬᠠᠨ᠎ᠤ ᠭᠠᠷᠤᠯᠲᠠ ᠵᠢ ᠰᠦᠯᠵᠢᠶ᠎ᠡ᠎ᠪᠠᠷ ᠪᠣᠷᠣᠯᠠᠭᠤᠯᠬᠤ ᠬᠤᠣᠰ ᠵᠠᠭᠤᠨ ᠳ᠋ᠦᠩᠰᠢᠭᠤᠷ᠎ᠤᠨ ᠲᠤᠰᠬᠠᠢ ᠠᠵᠢᠯᠯᠠᠭ᠋ᠠᠨ᠎ᠢ ᠠᠬᠢᠭᠤᠯᠵᠤ᠂ ᠰᠦᠯᠵᠢᠶ᠎ᠡ᠎ᠪᠠᠷ ᠵᠢᠵᠢᠭᠯᠡᠨ ᠬᠤᠳᠠᠯᠳᠤᠬᠤ ᠬᠡᠮᠵᠢᠶ᠎ᠡ ᠵᠢ 600 600 ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ᠎ᠪᠠᠷ ᠴᠢᠷᠮᠠᠶ᠋ᠢᠨ᠎ᠠ᠃ ᠣᠷᠣᠯᠭ᠎ᠠ ᠪᠣᠯ ᠬᠡᠷᠡᠭᠯᠡᠭᠡ ᠵᠢ ᠨᠥᠯᠥᠭᠡᠯᠡᠬᠦ ᠬᠠᠮᠤᠭ᠎ᠤᠨ ᠦᠨᠳᠦᠰᠦᠨ ᠬᠦᠴᠦᠨ ᠵᠦᠢ᠍ᠯ ᠪᠣᠯᠣᠨ᠎ᠠ᠂ ᠠᠷᠭ᠎ᠠ ᠪᠦᠬᠦᠨ᠎ᠢ ᠰᠦᠪᠡᠭᠴᠢᠯᠡᠵᠦ ᠤᠯᠠᠨ ᠲᠦᠮᠡᠨ᠎ᠢ ᠵᠣᠭᠤᠰ ᠮᠥᠩᠭᠦ᠎ᠲᠠᠢ ᠪᠣᠯᠬᠤ᠎ᠳᠤ᠎ᠪᠠᠨ ᠢᠲᠡᠭᠡᠯ᠎ᠲᠠᠢ᠂ ᠵᠣᠭᠤᠰ ᠮᠥᠩᠭᠦ᠎ᠪᠠᠨ ᠵᠠᠷᠤᠬᠤ᠎ᠳᠤ ᠵᠣᠷᠢᠭᠲᠠᠢ᠂ ᠬᠡᠷᠡᠭᠯᠡᠭᠡ᠎ᠳᠤ ᠵᠠᠷᠤᠬᠤ ᠵᠣᠭᠤᠰ ᠮᠥᠩᠭᠦ᠎ᠲᠠᠢ ᠪᠣᠯᠭ᠋ᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠠᠵᠢᠯ ᠣᠯᠭᠤᠯᠲᠠ ᠵᠢ ᠳᠠᠶ᠋ᠢᠴᠢᠯᠠᠬᠤ᠎ᠪᠠᠷ ᠴᠢᠩᠭ᠎ᠠ ᠪᠠᠶ᠋ᠢᠳᠠᠭ ᠲᠦᠷᠦᠯ ᠵᠦᠢ᠍ᠯ᠎ᠢ ᠤᠯᠠᠨ ᠬᠡᠷᠡᠭᠵᠢᠭᠦᠯᠵᠦ᠂ ᠠᠵᠢᠯ ᠣᠯᠭᠤᠯᠲᠠ ᠵᠢ ᠭᠦᠨᠵᠡᠭᠡᠶ᠋ᠢᠷᠡᠭᠦᠯᠬᠦ᠎ᠪᠠᠷ 《ᠲᠠᠪᠤᠨ ᠶᠡᠭᠡ ᠠᠵᠢᠯᠯᠠᠭ᠋ᠠᠨ》᠎ᠢ ᠠᠬᠢᠭᠤᠯᠵᠤ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠪᠠᠷ ᠨᠢᠭᠡ ᠪᠦᠯᠦᠭ᠎ᠢ ᠰᠢᠨ᠎ᠡ᠎ᠪᠠᠷ ᠨᠡᠮᠡᠭᠳᠡᠭᠦᠯᠦᠨ᠂ ᠠᠮᠢᠳᠤᠯᠢᠭ ᠵᠶ᠋ᠠᠷ ᠠᠵᠢᠯᠴᠢᠨ ᠬᠡᠷᠡᠭᠯᠡᠬᠦ᠎ᠪᠠᠷ ᠨᠢᠭᠡ ᠪᠦᠯᠦᠭ᠎ᠢ ᠰᠢᠩᠭᠡᠬᠡᠨ ᠠᠪᠴᠤ᠂ ᠰᠢᠨ᠎ᠡ᠎ᠪᠠᠷ ᠪᠣᠶ ᠪᠣᠯᠤᠭᠰᠠᠨ ᠡᠵᠡᠩᠨᠡᠯᠲᠡ ᠵᠢᠨ ᠪᠠᠶ᠋ᠢᠳᠠᠯ ᠵᠶ᠋ᠠᠷ ᠨᠢᠭᠡ ᠪᠦᠯᠦᠭ᠎ᠢ ᠬᠥᠭᠵᠢᠭᠡᠨ᠂ ᠰᠢᠨ᠎ᠡ ᠵᠢ ᠡᠭᠦᠳᠦᠨ ᠦᠢ᠍ᠯᠡᠰ ᠪᠣᠰᠬᠠᠬᠤ᠎ᠪᠠᠷ ᠨᠢᠭᠡ ᠪᠦᠯᠦᠭ᠎ᠢ ᠳᠠᠶ᠋ᠢᠴᠢᠯᠠᠵᠤ᠂ ᠤᠷ᠎ᠠ ᠮᠡᠷᠭᠡᠰᠢᠯ ᠪᠤᠯᠪᠠᠰᠤᠷᠠᠭᠤᠯᠬᠤ᠎ᠪᠠᠷ ᠨᠢᠭᠡ ᠪᠦᠯᠦᠭ᠎ᠢ ᠳᠡᠭᠡᠭᠰᠢᠯᠡᠭᠦᠯᠵᠦ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠳᠤ᠎ᠨᠢ ᠬᠡᠷᠡᠭᠯᠡᠵᠦ ᠪᠠᠶ᠋ᠢᠭ᠋ᠠᠳ ᠠᠵᠢᠯ ᠣᠯᠭᠤᠯᠲᠠ ᠵᠢ ᠥᠷᠭᠡᠳᠬᠡᠨ ᠣᠷᠣᠯᠭ᠎ᠠ ᠵᠢ ᠨᠡᠮᠡᠭᠳᠡᠭᠦᠯᠦᠨ᠎ᠡ᠃ ᠵᠢᠭᠤᠯᠴᠢᠯᠠᠯ ᠪᠣᠯ ᠥᠨᠢᠳᠡ ᠵᠢᠨ ᠥᠭᠡᠳᠡᠷᠬᠡᠭ ᠠᠵᠤ ᠦᠢ᠍ᠯᠡᠰ ᠪᠣᠯᠣᠨ᠎ᠠ᠂ ᠪᠠᠰᠠ ᠴᠤ᠌ ᠨᠡᠶ᠋ᠢᠲᠡᠯᠢᠭ ᠬᠡᠷᠡᠭᠯᠡᠭᠡ ᠵᠢᠨ ᠠᠵᠤ ᠠᠬᠤᠢ ᠮᠥᠨ᠂ ᠴᠢᠨᠠᠷ ᠴᠢᠨᠰᠠᠭ᠎ᠠ ᠵᠢ᠎ᠨᠢ ᠳᠡᠭᠡᠭᠰᠢᠯᠡᠭᠦᠯᠵᠦ᠂ ᠨᠡᠷ᠎ᠡ ᠴᠤᠤ ᠵᠢ᠎ᠨᠢ ᠮᠠᠨᠳᠤᠭᠤᠯᠵᠤ᠂ ᠤᠯᠠᠨ᠎ᠤ ᠲᠠᠭ᠋ᠠᠰᠢᠶᠠᠯ᠎ᠢ ᠣᠯᠬᠤ ᠪᠣᠯ ᠵᠠᠩᠭᠢᠯᠠᠭ᠎ᠠ ᠪᠣᠯᠣᠨ᠎ᠠ᠃ ᠷᠠᠰᠢᠶᠠᠨ᠎ᠢ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ ᠵᠢᠨ ᠲᠣᠭᠤᠷᠢᠭ ᠪᠣᠯᠭ᠋ᠠᠬᠤ ᠵᠥᠪᠰᠢᠶᠡᠷᠡᠯ ᠣᠯᠬᠤ᠎ᠳᠤ ᠪᠥᠬᠦ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠮᠡᠷᠭᠡᠯ ᠭᠤᠣᠯ᠂ ᠳᠠᠭᠤᠲᠤ ᠨᠠᠭᠤᠷ ᠵᠡᠷᠭᠡ 5A ᠲᠠᠰ᠎ᠤᠨ ᠦᠵᠡᠮᠵᠢ ᠵᠢᠨ ᠣᠷᠣᠨ᠎ᠢ ᠪᠥᠬᠦ ᠬᠦᠴᠦᠨ ᠵᠶ᠋ᠠᠷ ᠵᠶ᠋ᠠᠨ ᠡᠭᠦᠳᠦᠨ ᠪᠠᠶ᠋ᠢᠭᠤᠯᠵᠤ᠂ ᠴᠡᠯᠡᠭᠡᠷ ᠲᠠᠯ᠎ᠠ᠂ ᠬᠢᠶ᠎ᠡ ᠪᠠᠭᠰᠢ᠂ ᠡᠵᠡᠨ᠎ᠡ ᠵᠡᠷᠭᠡ 8 ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠠᠭᠤᠰᠤᠯᠴᠠᠭᠤᠯᠵᠤ ᠬᠥᠭᠵᠢᠭᠦᠯᠦᠭᠰᠡᠨ ᠵᠢᠱ᠌ᠢᠶ᠎ᠡ ᠦᠵᠡᠭᠦᠯᠬᠦ ᠲᠣᠭᠤᠷᠢᠭ᠎ᠢ ᠪᠣᠢ ᠪᠣᠯᠭ᠋ᠠᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭ᠎ᠲᠠᠢ ᠰᠣᠳᠣᠨ ᠵᠢᠭᠤᠯᠴᠢᠯᠠᠯ᠎ᠤᠨ 10 ᠵᠤᠷᠪᠤᠰ ᠵᠠᠮ ᠱᠤᠭᠤᠮ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭ᠎ᠲᠠᠢ ᠨᠢᠭᠡ ᠪᠦᠯᠦᠭ ᠲᠣᠰᠬᠤᠨ ᠪᠠᠯᠭ᠋ᠠᠰᠤ ᠵᠡᠭᠡᠯᠢ ᠭᠤᠳᠤᠮᠵᠢ ᠵᠢ ᠪᠠᠶ᠋ᠢᠭᠤᠯᠵᠤ᠂ ᠪᠥᠬᠦ ᠤᠯᠤᠰ᠎ᠤᠨ ᠴᠢᠨᠠᠷᠲᠠᠢ ᠦᠵᠡᠰᠬᠦᠯᠡᠩ ᠴᠤᠭᠯᠠᠭ᠋ᠠᠨ ᠦᠵᠡᠭᠦᠯᠭᠡ ᠲᠣᠭᠯᠠᠯᠲᠠ ᠵᠢᠨ ᠰᠣᠳᠣᠨ ᠪᠦᠲᠦᠭᠡᠯ᠎ᠢ ᠪᠣᠶ ᠪᠣᠯᠭ᠋ᠠᠵᠤ᠂ ᠬᠠᠲᠤᠨ ᠭᠤᠣᠯ᠎ᠤᠨ ᠲᠣᠬᠤᠢ ᠵᠢᠨ ᠰᠣᠶᠣᠯ ᠵᠢᠭᠤᠯᠴᠢᠯᠠᠯ᠎ᠤᠨ ᠨᠠᠶ᠋ᠢᠷ ᠵᠡᠷᠭᠡ ᠰᠢᠷᠢᠰ ᠠᠵᠢᠯᠯᠠᠭ᠎ᠠ ᠵᠢ ᠡᠷᠬᠢᠯᠡᠨ᠂ ᠵᠢᠭᠤᠯᠴᠢᠯᠠᠯ᠎ᠤᠨ ᠲᠤᠰᠬᠠᠢ ᠴᠤᠪᠤᠭ᠎ᠠ ᠲᠡᠷᠭᠡ᠂ ᠵᠢᠭᠤᠯᠴᠢᠯᠠᠯ᠎ᠤᠨ ᠲᠦᠷᠢᠶᠡᠰᠦᠨ ᠨᠢᠰᠬᠡᠯ ᠵᠡᠷᠭᠡ ᠲᠣᠭᠲᠠᠭᠰᠠᠨ ᠪᠠᠷᠢᠮᠵᠢᠶ᠎ᠠ᠎ᠲᠠᠢ ᠦᠢ᠍ᠯᠡᠴᠢᠯᠡᠬᠦ ᠪᠠ ᠮᠠᠰᠢᠨ ᠲᠡᠷᠭᠡ ᠲᠦᠷᠢᠶᠡᠰᠦᠯᠡᠬᠦ ᠵᠡᠷᠭᠡ ᠲᠤᠬᠠᠢ ᠵᠢᠨ ᠭᠠᠵᠠᠷ ᠵᠶ᠋ᠠᠷ᠎ᠨᠢ ᠵᠢᠭᠤᠯᠴᠢᠯᠠᠬᠤ᠎ᠳᠤ ᠦᠢ᠍ᠯᠡᠴᠢᠯᠡᠬᠦ ᠠᠵᠢᠯ᠎ᠢ ᠥᠷᠨᠢᠭᠦᠯᠦᠨ᠎ᠡ᠃ ᠢᠯᠠᠩᠭᠤᠶ᠎ᠠ ᠨᠠᠶ᠋ᠢᠷ ᠨᠠᠭ᠋ᠠᠳᠤᠮ᠎ᠤᠨ ᠠᠵᠢᠯᠯᠠᠭ᠎ᠠ ᠵᠢ ᠬᠥᠷ ᠬᠥᠭᠵᠢᠶᠡᠨ᠎ᠲᠠᠢ ᠥᠷᠨᠢᠭᠦᠯᠵᠦ᠂ ᠳᠠᠭᠤᠤ ᠪᠥᠵᠢᠭ᠎ᠤᠨ ᠭᠦᠭ ᠠᠶᠠᠰ᠂ ᠰᠦ ᠮᠢᠬᠠᠨ᠎ᠤ ᠦᠨᠦᠷ ᠠᠮᠲᠠ᠂ ᠰᠦᠷᠯᠢᠭ ᠰᠠᠶ᠋ᠢᠬᠠᠨ ᠥᠩᠭᠡ ᠦᠵᠡᠮᠵᠢ᠎ᠪᠠᠷ ᠵᠶ᠋ᠠᠨ ᠬᠤᠯᠠ ᠣᠶ᠋ᠢᠷ᠎ᠠ ᠵᠢᠨ ᠵᠢᠭᠤᠯᠴᠢᠯᠠᠭᠴᠢ ᠵᠢ ᠲᠡᠳᠡᠨ ᠠᠪᠴᠢᠷᠠᠵᠤ᠂ ᠥᠪᠥᠷ ᠮᠣᠩᠭᠤᠯ ᠵᠶ᠋ᠠᠨ ᠬᠤᠪᠢ ᠵᠢᠨ ᠮᠠᠰᠢᠨ ᠲᠡᠷᠭᠡ᠎ᠪᠠᠷ ᠵᠢᠭᠤᠯᠴᠢᠯᠠᠬᠤ᠎ᠳᠤ ᠤᠷᠢᠳ ᠵᠶ᠋ᠠᠷ ᠢᠷᠡᠬᠦ ᠭᠠᠵᠠᠷ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠶ᠋ᠢᠬᠠᠨ ᠭᠠᠵᠠᠷ᠂ ᠠᠮᠠᠷᠠᠯᠲᠠ᠎ᠪᠠᠷ ᠵᠠᠪᠠᠯ ᠵᠤᠭ᠋ᠠᠯᠠᠬᠤ ᠭᠠᠵᠠᠷ᠂ ᠡᠷᠡᠭᠦᠯᠵᠢᠯ ᠰᠤᠪᠢᠯᠠᠯᠲᠠ ᠬᠢᠬᠦ ᠰᠠᠶ᠋ᠢᠨ ᠭᠠᠵᠠᠷ ᠪᠣᠯᠭ᠋ᠠᠨ᠎ᠠ᠃ ᠰᠣᠶᠣᠯ ᠵᠢᠭᠤᠯᠴᠢᠯᠠᠯ᠎ᠤᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ᠂ ᠣᠷᠣᠨ ᠪᠦᠰᠡ ᠵᠢ ᠵᠣᠬᠢᠴᠠᠭᠤᠯᠬᠤ ᠪᠠ ᠨᠡᠷᠡᠲᠦ ᠲᠡᠮᠳᠡᠭ᠎ᠢ ᠨᠢᠭᠡᠳᠦᠯᠲᠡᠢ ᠲᠥᠯᠥᠪᠵᠢᠭᠦᠯᠬᠦ᠎ᠪᠠᠨ ᠴᠢᠩᠭ᠋ᠠᠷᠠᠭᠤᠯᠵᠤ ᠪᠠᠶ᠋ᠢᠭ᠋ᠠᠳ ᠪᠦᠬᠦ ᠤᠯᠤᠰ᠎ᠲᠤ ᠠᠯᠳᠠᠷᠰᠢᠭᠰᠠᠨ᠂ ᠵᠠᠬ᠎ᠠ ᠳᠡᠯᠭᠡᠭᠦᠷ᠎ᠲᠤ ᠲᠣᠭᠲᠠᠵᠤ ᠳᠡᠶ᠋ᠢᠯᠬᠦ ᠬᠡᠳᠦᠨ ᠦᠵᠡᠮᠵᠢ ᠵᠢᠨ ᠣᠷᠣᠨ᠎ᠢ ᠲᠥᠪᠯᠡᠷᠡᠭᠦᠯᠦᠨ ᠪᠠᠶ᠋ᠢᠭᠤᠯᠵᠤ᠂ ᠬᠠᠮᠤᠭ᠎ᠤᠨ ᠭᠤᠶᠤ ᠲᠠᠯ᠎ᠠ ᠨᠤᠲᠤᠭ ᠤᠢ ᠰᠢᠭᠤᠢ᠂ ᠨᠡᠯᠦᠭᠡᠷ ᠶᠡᠭᠡ ᠡᠯᠡᠰᠦ ᠮᠠᠩᠬ᠎ᠠ᠂ ᠰᠤᠨᠤᠯᠵᠠᠬᠤ ᠭᠤᠣᠯ ᠲᠤᠨᠤᠯᠵᠠᠬᠤ ᠨᠠᠭᠤᠷ᠂ ᠮᠥᠰᠥᠲᠦ ᠳᠡᠯᠡᠬᠡᠢ ᠴᠠᠰᠤᠲᠤ ᠶᠢᠷᠲᠢᠨᠴᠦ᠎ᠪᠠᠷ ᠵᠶ᠋ᠠᠨ ᠡᠯᠳᠡᠪ ᠵᠦᠢ᠍ᠯ᠎ᠤᠨ ᠦᠢ᠍ᠯᠡᠳᠬᠦᠨ ᠪᠠ ᠰᠣᠳᠣᠨ ᠪᠦᠲᠦᠭᠡᠭᠳᠡᠬᠦᠨ ᠵᠣᠬᠢᠶᠠᠨ ᠦᠢ᠍ᠯᠡᠳᠴᠦ᠂ ᠰᠣᠶᠣᠯ ᠵᠢᠭᠤᠯᠴᠢᠯᠠᠯ ᠠᠭᠤᠰᠤᠯᠴᠠᠭᠰᠠᠨ ᠦᠵᠡᠮᠦᠷᠢ᠎ᠲᠠᠢ᠂ ᠨᠡᠷ᠎ᠡ ᠴᠤᠤ᠎ᠲᠠᠢ᠂ ᠬᠤᠳᠠᠯᠳᠤᠨ ᠠᠪᠬᠤ ᠳᠤᠷᠠᠰᠢᠯ᠎ᠲᠠᠢ ᠪᠣᠯᠬᠤ ᠵᠦᠢ᠍ᠯ᠎ᠢ ᠮᠠᠰᠢ ᠤᠯᠠᠨ ᠵᠣᠬᠢᠶᠠᠨ ᠭᠠᠷᠭ᠋ᠠᠵᠤ᠂ ᠵᠡᠭᠦᠨ ᠦᠵᠦᠭᠦᠷ᠎ᠠᠴᠠ ᠪᠠᠷᠠᠭᠤᠨ ᠵᠠᠬ᠎ᠠ ᠬᠦᠷᠲᠡᠯᠡᠬᠢ ᠪᠦᠬᠦ ᠣᠷᠣᠨ ᠪᠦᠰᠡ᠎ᠪᠠᠷ ᠵᠢᠭᠤᠯᠴᠢᠯᠠᠵᠤ ᠪᠣᠯᠬᠤ᠂ ᠳᠦᠷᠪᠡᠨ ᠤᠯᠠᠷᠢᠯ ᠢᠯᠭ᠋ᠠᠯ ᠦᠭᠡᠢ ᠪᠦᠬᠦ ᠵᠢᠯ ᠵᠶ᠋ᠠᠷ᠎ᠨᠢ ᠬᠥᠭᠵᠢᠶᠡᠨ᠎ᠲᠠᠢ ᠪᠣᠯᠭ᠋ᠠᠨ᠎ᠠ᠃
   (ᠬᠤᠶᠠᠷ) ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠭᠤᠣᠯ ᠰᠡᠳᠦᠪ᠎ᠢ ᠪᠠᠲᠤ ᠡᠵᠡᠮᠳᠡᠵᠦ᠂ ᠪᠦᠲᠦᠴᠡ ᠵᠢ ᠲᠣᠬᠢᠷᠠᠭᠤᠯᠬᠤ᠂ ᠴᠢᠳᠠᠮᠵᠢ ᠵᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠭ᠋ᠠᠨ᠎ᠠ᠃ 《ᠬᠤᠶᠠᠷ ᠰᠠᠭᠤᠷᠢᠨ ᠭᠠᠵᠠᠷ》᠎ᠢ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠬᠤ᠎ᠲᠠᠢ ᠨᠢᠭᠲᠠ ᠤᠶᠠᠯᠳᠤᠭᠤᠯᠤᠨ᠂ ᠤᠯᠠᠮᠵᠢᠯᠠᠯᠲᠤ ᠠᠵᠤ ᠦᠢ᠍ᠯᠡᠰ᠎ᠢ ᠲᠤᠶ᠋ᠢᠯᠪᠤᠷᠢᠲᠠᠢ ᠥᠭᠡᠷᠡᠴᠢᠯᠡᠵᠦ᠂ ᠰᠢᠨ᠎ᠡ᠎ᠪᠠᠷ ᠪᠤᠢ ᠪᠣᠯᠤᠭᠰᠠᠨ ᠠᠵᠤ ᠦᠢ᠍ᠯᠡᠰ᠎ᠤᠨ ᠬᠦᠴᠦᠨ ᠴᠢᠳᠠᠯ᠎ᠢ᠎ᠨᠢ ᠴᠢᠩᠭ᠋ᠠᠷᠠᠭᠤᠯᠤᠨ᠂ ᠲᠤᠯᠭ᠋ᠠᠭᠤᠷᠢ ᠠᠵᠤ ᠦᠢ᠍ᠯᠡᠰ᠎ᠤᠨ ᠬᠡᠯᠬᠢᠶᠡᠵᠢᠨ ᠪᠥᠭᠡᠮᠨᠡᠷᠡᠬᠦ ᠵᠢ ᠠᠬᠢᠭᠤᠯᠤᠨ᠎ᠠ᠃
    ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠬᠦ᠂ ᠠᠵᠤ ᠦᠢ᠍ᠯᠡᠰᠵᠢᠬᠦ᠂ ᠲᠥᠷᠥᠯ ᠲᠡᠮᠳᠡᠭᠵᠢᠬᠦ ᠵᠢ ᠲᠦᠷᠭᠡᠳᠬᠡᠨ ᠠᠬᠢᠭᠤᠯᠤᠨ᠎ᠠ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠲᠣᠮᠣ ᠣᠷᠣᠨ ᠪᠠᠶ᠋ᠢᠭᠰᠠᠨ ᠵᠶ᠋ᠠᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠴᠦᠷᠬᠡᠭ ᠣᠷᠣᠨ ᠪᠣᠯᠭ᠋ᠠᠨ ᠬᠤᠪᠢᠷᠠᠭᠤᠯᠬᠤ ᠬᠠᠷᠠᠯᠲᠠ᠎ᠳᠤ ᠬᠠᠨᠳᠤᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ᠂ ᠨᠡᠮᠡᠯᠲᠡ ᠥᠷᠲᠡᠭ᠎ᠢ ᠳᠡᠭᠡᠭᠰᠢᠯᠡᠭᠦᠯᠬᠦ᠂ ᠠᠵᠤ ᠠᠬᠤᠶ᠋ᠢᠯᠠᠯ᠎ᠢ ᠬᠦᠴᠦᠷᠬᠡᠭᠵᠢᠭᠦᠯᠦᠨ ᠪᠤᠵᠠᠭ᠋ᠠᠶ᠋ᠢᠷᠠᠭᠤᠯᠬᠤ ᠲᠠᠯ᠎ᠠ᠎ᠪᠠᠷ ᠭᠤᠣᠯᠳᠠᠯᠭ᠎ᠠ᠎ᠲᠠᠢ ᠬᠦᠴᠦᠯᠡᠨ᠎ᠡ᠃ ᠡᠨᠡ ᠵᠢᠯ ᠲᠦᠷᠪᠡᠨ ᠵᠦᠢ᠍ᠯ᠎ᠤᠨ ᠠᠵᠢᠯ᠎ᠢ ᠰᠠᠶ᠋ᠢᠲᠤᠷ ᠠᠳᠬᠤᠨ᠎ᠠ᠃ ᠨᠢᠭᠡ᠎ᠳᠤ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠵᠤ᠂ ᠠᠮᠤ ᠪᠤᠳᠠᠭ᠎ᠠ᠂ ᠮᠠᠯ ᠲᠡᠵᠢᠭᠡᠪᠦᠷᠢ ᠵᠢᠨ ᠤᠨᠠᠯᠲᠠ ᠥᠰᠦᠯᠲᠡ ᠵᠢ ᠲᠣᠭᠲᠠᠭᠤᠨ ᠪᠠᠶ᠋ᠢᠯᠭ᠋ᠠᠨ᠎ᠠ᠂ ᠪᠤᠷᠴᠠᠭ᠂ ᠰᠦ᠂ ᠮᠢᠬ᠎ᠠ ᠵᠢᠨ ᠣᠨᠠᠯᠲᠠ ᠭᠠᠷᠤᠯᠲᠠ ᠵᠢ ᠨᠡᠮᠡᠭᠳᠡᠭᠦᠯᠦᠨ᠂ ᠠᠮᠤ ᠪᠤᠳᠠᠭ᠋ᠠᠨ᠎ᠤ ᠤᠨᠠᠯᠲᠠ ᠵᠢ 780 ᠳ᠋ᠦᠩᠰᠢᠭᠤᠷ ᠵᠢᠩ ᠣᠷᠴᠢᠮ᠎ᠳᠤ ᠲᠣᠭᠲᠠᠪᠤᠷᠢᠵᠢᠭᠤᠯᠤᠨ᠂ ᠦᠨᠢᠶᠡᠨ ᠰᠦ ᠵᠢᠨ ᠭᠠᠷᠤᠯᠲᠠ ᠵᠢ 785 ᠲᠦᠮᠡᠨ ᠲᠣᠨ ᠬᠦᠷᠲᠡᠯ᠎ᠡ ᠳᠡᠭᠡᠭᠰᠢᠯᠡᠭᠦᠯᠵᠦ᠂ ᠮᠢᠬᠠᠨ᠎ᠤ ᠵᠦᠢ᠍ᠯ᠎ᠤᠨ ᠭᠠᠷᠤᠯᠲᠠ ᠵᠢ 300 ᠲᠦᠮᠡᠨ ᠲᠣᠨ ᠬᠦᠷᠲᠡᠯ᠎ᠡ ᠨᠡᠮᠡᠭᠳᠡᠭᠦᠯᠦᠨ᠂ 《ᠳᠤᠮᠳᠠᠳᠤ ᠤᠯᠤᠰ᠎ᠤᠨ ᠪᠤᠳᠠᠭ᠋ᠠᠨ ᠠᠶᠠᠭ᠋ᠠᠨ》᠎ᠳᠤ ᠠᠮᠤ ᠪᠤᠳᠠᠭ᠎ᠠ ᠢᠯᠡᠭᠦᠬᠡᠨ ᠰᠠᠪᠠᠯᠠᠵᠤ᠂ ᠠᠮᠲᠠ ᠰᠢᠮᠲᠡ᠎ᠲᠠᠢ ᠪᠤᠳᠠᠭ᠎ᠠ᠂ ᠰᠦ᠂ ᠮᠢᠬ᠎ᠠ ᠳᠦᠭᠦᠷᠡᠩ ᠰᠠᠪᠠᠯᠠᠨ᠎ᠠ᠃ ᠬᠤᠶᠠᠷ᠎ᠲᠤ ᠰᠠᠭᠤᠷᠢ᠎ᠪᠠᠨ ᠪᠠᠬᠢᠵᠢᠭᠦᠯᠵᠦ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠨ᠎ᠠ᠂ ᠠᠮᠢᠲᠠᠨ ᠤᠷᠭᠤᠮᠠᠯ᠎ᠤᠨ ᠭᠡᠮ ᠬᠢᠵᠢᠭ᠎ᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠵᠤ᠂ ᠬᠢᠩᠭ᠋ᠠᠨ ᠠᠶ᠋ᠢᠮᠠᠭ᠎ᠲᠠᠬᠢ ᠤᠯᠤᠰ᠎ᠤᠨ ᠳᠡᠰ᠎ᠤᠨ ᠣᠳᠣ ᠦᠶ᠎ᠡ ᠵᠢᠨ ᠮᠠᠯ ᠠᠵᠤ ᠠᠬᠤᠢ ᠵᠢᠨ ᠲᠤᠷᠰᠢᠯᠲᠠ ᠵᠢᠨ ᠲᠣᠭᠤᠷᠢᠭ᠎ᠢ ᠪᠦᠲᠦᠭᠡᠨ ᠪᠠᠶ᠋ᠢᠭᠤᠯᠬᠤ᠂ ᠪᠠᠶᠠᠨᠨᠠᠭᠤᠷ᠎ᠤᠨ ᠪᠦᠭᠦ ᠣᠷᠣᠨ ᠪᠦᠰᠡ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠᠶ᠋ᠢᠭᠤᠯᠬᠤ ᠵᠢ ᠲᠡᠮᠵᠢᠵᠣ᠂ ᠪᠦᠭᠦ ᠣᠷᠣᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 395 ᠲᠦᠮᠡᠨ ᠮᠦ᠍ ᠰᠢᠨ᠎ᠡ᠎ᠪᠠᠷ ᠪᠠᠶ᠋ᠢᠭᠤᠯᠵᠤ᠂ ᠴᠢᠨᠠᠷ ᠰᠠᠶ᠋ᠢᠲᠠᠢ ᠲᠡᠵᠢᠭᠡᠯ ᠡᠪᠡᠰᠦ ᠵᠢ 300 ᠲᠦᠮᠡᠨ ᠮᠦ᠍ ᠲᠠᠷᠢᠵᠤ᠂ ᠪᠡᠯᠡᠳᠭᠡᠮᠵᠢᠲᠦ ᠲᠠᠷᠢᠶᠠᠯᠠᠩ᠎ᠢ 20 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ᠂ ᠰᠠᠭ᠋ᠠᠯᠢ ᠵᠢᠨ ᠦᠨᠢᠶᠡᠨ᠎ᠤ ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ ᠲᠠᠯᠠᠪᠠᠢ ᠵᠢ 58 ᠪᠠᠶ᠋ᠢᠭᠤᠯᠵᠤ᠂ ᠠᠯᠠᠰᠢᠨ ᠦᠬᠡᠷ ᠬᠤᠨᠢ ᠲᠡᠵᠢᠭᠡᠨ ᠦᠷᠡᠵᠢᠭᠦᠯᠬᠦ ᠪᠠᠷᠢᠮᠵᠢᠶᠠᠵᠢᠭᠰᠠᠨ ᠵᠢᠱ᠌ᠢᠶ᠎ᠡ ᠦᠵᠡᠭᠦᠯᠬᠦ ᠲᠠᠯᠠᠪᠠᠢ ᠵᠢ 800 ᠡᠷᠦᠬᠡ ᠡᠭᠦᠳᠦᠨ ᠪᠠᠶ᠋ᠢᠭᠤᠯᠵᠤ᠂ ᠮᠦ᠍ ᠪᠦᠷᠢ ᠵᠢᠨ ᠤᠨᠠᠯᠲᠠ ᠵᠢ ᠳᠡᠭᠡᠭᠰᠢᠯᠡᠭᠦᠯᠬᠦ ᠪᠠ ᠦᠷ᠎ᠡ ᠠᠰᠢᠭ᠎ᠢ ᠲᠡᠭᠡᠭᠰᠢᠯᠡᠬᠦᠯᠬᠦ᠎ᠪᠠᠷ ᠬᠦᠴᠦᠯᠡᠨ᠎ᠡ᠃ ᠭᠤᠷᠪᠠ᠎ᠳᠤ᠂ ᠠᠵᠤ ᠠᠬᠤᠶ᠋ᠢᠯᠠᠯ᠎ᠢ ᠪᠣᠶ᠋ᠢᠵᠢᠭᠤᠯᠵᠤ ᠬᠡᠯᠬᠢᠶ᠎ᠡ ᠵᠢ᠎ᠨᠢ ᠤᠷᠲᠤᠳᠬᠠᠵᠤ᠂ ᠲᠠᠷᠢᠶᠠᠯᠠᠩ ᠮᠠᠯ ᠠᠵᠤ ᠠᠬᠤᠢ ᠵᠢ ᠵᠣᠬᠢᠬᠤ ᠬᠡᠮᠵᠢᠶ᠎ᠡ᠎ᠪᠠᠷ ᠬᠡᠪᠴᠢᠶᠡᠵᠢᠭᠦᠯᠦᠨ ᠡᠵᠡᠩᠨᠡᠭᠦᠯᠬᠦ ᠵᠢ ᠠᠬᠢᠭᠤᠯᠤᠨ᠎ᠠ᠂ ᠠᠷᠭ᠎ᠠ ᠪᠦᠬᠦᠨ᠎ᠢ ᠰᠦᠪᠡᠭᠴᠢᠯᠡᠨ ᠬᠥᠲᠥᠴᠢ ᠠᠵᠤ ᠠᠬᠤᠶ᠋ᠢᠯᠠᠯ᠎ᠢ ᠪᠣᠶ᠋ᠢᠵᠢᠭᠤᠯᠵᠤ᠂ ᠢᠯᠢ᠂ ᠮᠧᠩ ᠨᠢᠦ ᠮᠡᠲᠦ ᠵᠢᠨ ᠲᠣᠮᠣ ᠠᠵᠤ ᠠᠬᠤᠶ᠋ᠢᠯᠠᠯ᠎ᠢ 《ᠰᠦ ᠰᠠᠭ᠋ᠠᠯᠢ ᠵᠢᠨ ᠬᠤᠶᠠᠷ ᠲᠤᠯᠭ᠋ᠠᠭᠤᠷᠢ ᠬᠦᠴᠦᠨ》 ᠪᠣᠯᠭ᠋ᠠᠨ ᠳᠡᠮᠵᠢᠬᠦ᠎ᠪᠠᠷ ᠪᠠᠷᠠᠬᠤ ᠦᠭᠡᠢ᠂ ᠪᠠᠰᠠ ᠤᠯᠠᠮ ᠤᠯᠠᠨ ᠴᠠᠭ᠋ᠠᠨ ᠢᠳᠡᠭᠡᠨ᠎ᠤ ᠠᠵᠤ ᠠᠬᠤᠶ᠋ᠢᠯᠠᠯ᠂ ᠤᠯᠠᠭ᠋ᠠᠨ ᠢᠳᠡᠭᠡᠨ᠎ᠤ ᠠᠵᠤ ᠠᠬᠤᠶ᠋ᠢᠯᠠᠯ᠂ ᠲᠥᠮᠥᠰᠥᠨ᠎ᠤ ᠠᠵᠤ ᠠᠬᠤᠶ᠋ᠢᠯᠠᠯ᠂ ᠨᠣᠣᠯᠣᠭᠤᠷ᠎ᠤᠨ ᠠᠵᠤ ᠠᠬᠤᠶ᠋ᠢᠯᠠᠯ᠎ᠢ ᠳᠡᠮᠵᠢᠵᠦ ᠪᠠᠶ᠋ᠢᠭ᠋ᠠᠳ ᠥᠷᠭᠡᠨ ᠲᠡᠨᠢᠭᠡᠷ ᠲᠠᠯ᠎ᠠ ᠨᠤᠲᠤᠭ᠎ᠲᠤ᠎ᠪᠠᠨ 《ᠥᠩᠭᠡ ᠪᠦᠷᠢ ᠵᠢᠨ ᠴᠡᠴᠡᠭ ᠵᠡᠷᠭᠡ᠎ᠪᠠᠷ ᠳᠡᠯᠭᠡᠷᠡᠭᠰᠡᠨ》 ᠪᠠᠶ᠋ᠢᠳᠠᠯ᠎ᠢ ᠪᠣᠢ ᠪᠣᠯᠭ᠋ᠠᠨ᠎ᠠ᠂ ᠴᠠᠭ᠋ᠠᠨ ᠢᠳᠡᠭᠡ ᠤᠯᠠᠭ᠋ᠠᠨ ᠢᠳᠡᠭᠡ ᠲᠥᠮᠥᠰᠥ ᠨᠣᠣᠯᠣᠭᠤᠷ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠡᠷᠳᠡᠨᠢ ᠰᠢᠰᠢ ᠵᠢᠨ ᠮᠢᠩᠭ᠋ᠠᠨ ᠳ᠋ᠦᠩᠰᠢᠭᠤᠷ ᠲᠡᠰ᠎ᠤᠨ ᠠᠵᠤ ᠦᠢ᠍ᠯᠡᠰ᠎ᠢ ᠨᠠᠷᠢᠯᠢᠭᠵᠢᠭᠤᠯᠤᠨ ᠬᠦᠴᠦᠷᠬᠡᠭᠵᠢᠭᠦᠯᠦᠨ᠎ᠡ᠃ ᠳᠥᠷᠪᠡ᠎ᠳᠤ ᠨᠠᠷᠠᠲᠤ ᠲᠡᠮᠳᠡᠭ᠎ᠤᠳ᠎ᠢ ᠪᠣᠢ ᠪᠣᠯᠭ᠋ᠠᠨ᠎ᠠ᠂ 《ᠥᠪᠥᠷ ᠮᠣᠩᠭᠤᠯ》 ᠨᠡᠷᠡᠮᠵᠢᠲᠦ ᠨᠡᠷᠡᠳᠣ ᠲᠡᠮᠳᠡᠭ᠎ᠢ ᠪᠣᠢ ᠪᠣᠯᠭ᠋ᠠᠵᠣ᠂ ᠨᠡᠩ ᠣᠯᠠᠨ ᠰᠠᠶ᠋ᠢᠨ ᠦᠢ᠍ᠯᠡᠳᠬᠦᠨ᠎ᠢ ᠰᠠᠶ᠋ᠢᠨ ᠨᠡᠷᠡᠳᠣ ᠲᠡᠮᠳᠡᠭ ᠪᠣᠯᠭ᠋ᠠᠨ᠂ ᠨᠡᠷ᠎ᠡ ᠴᠣᠣ ᠵᠢ᠎ᠨᠢ ᠮᠠᠨᠳᠤᠭᠤᠯᠵᠤ᠂ ᠶᠡᠭᠡ ᠵᠠᠬ᠎ᠠ ᠳᠡᠯᠭᠡᠭᠦᠷ᠎ᠢ ᠡᠵᠡᠯᠡᠭᠦᠯᠵᠦ ᠪᠠᠶ᠋ᠢᠭ᠋ᠠᠳ 《ᠥᠷᠭᠡᠨ ᠲᠡᠨᠢᠭᠡᠷ ᠲᠠᠯ᠎ᠠ ᠨᠤᠲᠤᠭ᠂ ᠥᠩ ᠰᠢᠮᠡᠯᠢᠭ ᠮᠠᠯᠵᠢᠯ᠎ᠤᠨ ᠲᠠᠯᠠᠪᠠᠶ᠂ ᠠᠮᠢ ᠠᠬᠤᠢ ᠵᠢᠨ ᠥᠪᠥᠷ ᠮᠣᠩᠭᠤᠯ᠂ ᠪᠠᠶ᠋ᠢᠭ᠋ᠠᠯᠢᠯᠢᠭ ᠰᠠᠶ᠋ᠢᠬᠠᠨ ᠠᠮᠲᠠᠲᠤ ᠢᠳᠡᠭᠡᠨ》 ᠵᠶ᠋ᠠᠨ ᠤᠯᠠᠮ᠎ᠠᠴᠠ ᠤᠯᠠᠮ ᠠᠯᠳᠠᠷᠰᠢᠭᠤᠯᠤᠨ ᠴᠤᠤᠷᠢᠶᠠᠲᠤᠭᠤᠯᠤᠨ᠎ᠠ᠃
    ᠡᠨᠧᠷᠭᠢ ᠵᠢᠨ ᠠᠵᠤ ᠠᠬᠤᠢ ᠵᠢᠨ ᠤᠯᠠᠨ ᠡᠰᠢᠵᠢᠬᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠳᠡᠭᠡᠳᠦ ᠲᠡᠰᠵᠢᠬᠦ ᠵᠢ ᠲᠦᠷᠭᠡᠳᠬᠡᠨ ᠠᠬᠢᠭᠤᠯᠤᠨ᠎ᠠ᠃ ᠡᠨᠧᠷᠭᠢ ᠵᠢᠨ ᠠᠵᠤ ᠦᠢ᠍ᠯᠡᠰ ᠪᠣᠯ ᠮᠠᠨ᠎ᠤ ᠣᠷᠣᠨ᠎ᠤ ᠲᠦᠰᠢᠭ ᠲᠤᠯᠭ᠋ᠠᠭᠤᠷᠢ ᠠᠵᠤ ᠦᠢ᠍ᠯᠡᠰ ᠪᠣᠯᠣᠨ᠎ᠠ᠂ ᠪᠠᠰᠠ ᠴᠤ᠌ ᠭᠤᠣᠯᠯᠠᠬᠤ ᠠᠵᠤ ᠦᠢ᠍ᠯᠡᠰ ᠮᠥᠨ᠂ ᠡᠶ᠋ᠢᠮᠦ᠎ᠠᠴᠠ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ᠎ᠠᠴᠠ ᠪᠢᠰᠢ᠂ ᠪᠠᠭ᠋ᠠᠰᠬᠠᠵᠤ ᠬᠠᠶᠠᠭᠳᠠᠭᠤᠯᠵᠤ ᠪᠣᠯᠬᠤ ᠦᠭᠡᠢ᠃ ᠤᠯᠠᠮᠵᠢᠯᠠᠯᠲᠤ ᠡᠨᠧᠷᠭᠢ ᠪᠠ ᠨᠡᠭᠦᠷᠡᠰᠦᠨ᠎ᠳᠤ ᠰᠠᠭᠤᠷᠢᠯᠠᠭᠰᠠᠨ ᠠᠵᠤ ᠦᠢ᠍ᠯᠡᠰ᠎ᠤᠨ ᠰᠢᠨ᠎ᠡ᠎ᠪᠠᠷ ᠬᠥᠭᠵᠢᠵᠦ ᠳᠡᠭᠵᠢᠷᠡᠬᠦ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ᠃ ᠮᠠᠨ᠎ᠤ ᠣᠷᠣᠨ᠎ᠤ ᠨᠡᠭᠦᠷᠡᠰᠦᠨ᠎ᠤ ᠭᠠᠷᠤᠯᠲᠠ ᠪᠠᠷᠤᠭ ᠪᠦᠬᠦ ᠤᠯᠤᠰ᠎ᠤᠨ 1/4᠂ ᠪᠦᠬᠦ ᠪᠥᠮᠪᠥᠷᠴᠡᠭ᠎ᠤᠨ 1/8 ᠵᠢ ᠡᠵᠡᠯᠡᠵᠦ ᠪᠠᠶ᠋ᠢᠨ᠎ᠠ᠂ ᠬᠡᠷᠪᠡ ᠨᠢᠭᠡ ᠯᠡ ᠬᠥᠭ ᠵᠶ᠋ᠠᠷ ᠭᠠᠷᠤᠯᠲᠠ ᠵᠢ ᠬᠥᠭᠡᠭᠡᠴᠡᠯᠳᠦᠭᠡᠳ ᠠᠵᠤ ᠦᠢ᠍ᠯᠡᠰ᠎ᠤᠨ ᠲᠠᠯ᠎ᠠ ᠵᠢ ᠣᠮᠲᠣᠭ᠋ᠠᠶ᠋ᠢᠯᠠᠵᠤ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠦᠭᠡᠢ᠂ ᠤᠯᠠᠷᠢᠭᠤᠯᠬᠤ ᠨᠣᠷᠮ᠎ᠠ ᠵᠢ ᠳᠡᠭᠡᠭᠰᠢᠯᠡᠭᠦᠯᠬᠦ ᠦᠭᠡᠢ ᠶᠤᠮ ᠪᠣᠯ 《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ》 ᠪᠠᠶ᠋ᠢᠳᠠᠯ᠎ᠢ ᠲᠡᠶ᠋ᠢᠮᠦ ᠠᠮᠠᠷᠬᠠᠨ ᠵᠶ᠋ᠠᠷ ᠬᠤᠪᠢᠷᠠᠭᠤᠯᠵᠤ ᠴᠢᠳᠠᠬᠤ ᠦᠭᠡᠢ ᠶᠤᠮ᠂ ᠨᠡᠭᠦᠷᠡᠰᠦ᠂ ᠰᠢᠲᠠᠭ᠋ᠠᠮᠠᠯ ᠬᠡᠢ ᠵᠡᠷᠭᠡ ᠭᠠᠵᠠᠷ ᠳᠣᠣᠷᠠᠬᠢ ᠡᠷᠳᠡᠨᠢᠰ᠎ᠢ ᠮᠠᠯᠲᠠᠵᠤ ᠭᠠᠷᠭ᠋ᠠᠮᠠᠭᠴᠠ᠎ᠪᠠᠨ ᠬᠤᠳᠠᠯᠳᠤᠨ ᠶᠠᠪᠤᠭᠤᠯᠵᠤ ᠪᠤᠯᠬᠤ ᠦᠭᠡᠢ᠂ ᠡᠷᠬᠡᠪᠰᠢ ᠥᠪᠥᠷ ᠮᠣᠩᠭᠤᠯ᠎ᠳᠤ᠎ᠪᠠᠨ ᠤᠯᠠᠷᠢᠭᠤᠯᠤᠨ ᠥᠷᠲᠡᠭ᠎ᠢ᠎ᠨᠢ ᠨᠡᠮᠡᠭᠳᠡᠭᠦᠯᠬᠦ ᠬᠡᠷᠡᠭᠲᠡᠢ᠃ 《ᠨᠡᠭᠦᠷᠡᠰᠦ᠎ᠪᠠᠷ ᠲᠦᠷᠦᠭᠦᠯᠡᠭᠦᠯᠵᠦ ᠬᠢᠮᠢ ᠵᠢᠨ ᠠᠵᠤ ᠦᠢ᠍ᠯᠡᠳᠪᠦᠷᠢ ᠵᠢ ᠬᠠᠪᠰᠤᠷᠭ᠋ᠠᠬᠤ》᠎ᠳᠤ ᠬᠠᠨᠳᠤᠭᠤᠯᠤᠨ᠂ ᠣᠷᠳᠣᠰ᠎ᠤᠨ ᠣᠳᠣᠬᠢᠴᠢ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠵᠢᠱ᠌ᠢᠶ᠎ᠡ ᠦᠵᠡᠬᠦᠯᠬᠦ ᠲᠣᠭᠤᠷᠢᠭ ᠪᠠᠶ᠋ᠢᠭᠤᠯᠬᠤ ᠵᠢ ᠲᠡᠮᠵᠢᠵᠦ᠂ ᠨᠢᠭᠡ ᠪᠦᠯᠦᠭ ᠰᠢᠨ᠎ᠡ ᠬᠡᠯᠪᠡᠷᠢ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠦᠷᠦᠯ ᠵᠦᠢ᠍ᠯ᠎ᠢ ᠲᠦᠷᠭᠡᠨ ᠪᠠᠶ᠋ᠢᠷᠢᠰᠢᠭᠤᠯᠬᠤ᠎ᠪᠠᠷ ᠪᠠᠷᠠᠬᠤ ᠦᠭᠡᠢ᠂ ᠪᠠᠰᠠ ᠨᠡᠭᠦᠷᠡᠰᠦᠨ ᠬᠡᠦᠷᠡᠰᠦ᠂ ᠾᠯᠣᠷᠲᠤ ᠱᠦᠯᠲᠦ᠂ ᠹᠯᠣᠷᠲᠤ ᠴᠠᠬᠢᠭᠤᠷ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠢ ᠤᠷᠲᠤᠳᠬᠠᠨ ᠠᠭᠤᠰᠤᠯᠴᠠᠭᠤᠯᠬᠤ ᠵᠢ ᠠᠬᠢᠭᠤᠯᠵᠤ᠂ ᠲᠤᠯᠭ᠋ᠠᠭᠤᠷᠢ ᠬᠦᠴᠦᠨ ᠪᠣᠯᠤᠭᠰᠠᠨ ᠲᠣᠮᠣ ᠲᠦᠷᠦᠯ ᠵᠦᠢ᠍ᠯ ᠪᠠ ᠤᠷᠲᠤᠳᠬᠠᠵᠤ ᠨᠠᠷᠢᠯᠢᠭ ᠬᠤᠪᠢᠶᠠᠭᠰᠠᠨ ᠰᠠᠶ᠋ᠢᠨ ᠲᠦᠷᠦᠯ ᠵᠦᠢ᠍ᠯ᠎ᠳᠤ ᠲᠦᠰᠢᠭᠯᠡᠨ ᠤᠯᠠᠷᠢᠭᠤᠯᠵᠤ ᠦᠷᠳᠡᠭ᠎ᠢ᠎ᠨᠢ ᠨᠡᠮᠡᠭᠳᠡᠭᠦᠯᠬᠦ ᠰᠢᠨ᠎ᠡ ᠪᠠᠶ᠋ᠢᠳᠠᠯ᠎ᠢ ᠪᠣᠢ ᠪᠣᠯᠭ᠋ᠠᠨ᠎ᠠ᠃ ᠨᠡᠭᠦᠷᠡᠰᠦ ᠵᠢ ᠴᠡᠪᠡᠷᠰᠢᠭᠦᠯᠦᠨ ᠥᠨᠳᠥᠷ ᠦᠷ᠎ᠡ ᠠᠰᠢᠭᠲᠠᠢ᠎ᠪᠠᠷ ᠠᠰᠢᠭᠯᠠᠬᠤ ᠵᠢ ᠴᠢᠩᠭ᠋ᠠᠳᠬᠠᠵᠤ᠂ ᠨᠡᠭᠦᠷᠡᠰᠦ ᠴᠠᠬᠢᠯᠭ᠋ᠠᠨ᠎ᠤ ᠮᠠᠰᠢᠨ ᠪᠦᠯᠦᠭ᠎ᠤᠨ 《ᠭᠤᠷᠪᠠ ᠵᠢ ᠥᠭᠡᠷᠡᠴᠢᠯᠡᠨ ᠰᠢᠨᠡᠳᠬᠡᠬᠦ᠎ᠪᠠᠨ ᠬᠤᠯᠪᠤᠭ᠋ᠠᠯᠠᠨ ᠬᠥᠳᠡᠯᠦᠯᠴᠡᠭᠦᠯᠬᠦ》 ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠬᠤᠴᠤᠷᠤᠩᠭᠤᠢ ᠮᠠᠰᠢᠨ ᠪᠦᠯᠦᠭ᠎ᠢ ᠰᠢᠭᠰᠢᠭᠳᠡᠭᠦᠯᠵᠦ ᠪᠠᠶ᠋ᠢᠭᠰᠠᠨ ᠵᠶ᠋ᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠ ᠬᠡᠷᠡᠭᠯᠡᠬᠦ ᠬᠡᠮᠵᠢᠶᠡᠨ᠎ᠤ ᠴᠠᠭ ᠬᠤᠪᠢᠶᠠᠷᠢ ᠵᠢ ᠲᠣᠬᠢᠷᠠᠭᠤᠯᠬᠤ ᠮᠠᠰᠢᠨ ᠪᠦᠯᠦᠭ ᠪᠣᠯᠭ᠋ᠠᠨ ᠬᠤᠪᠢᠷᠠᠭᠤᠯᠵᠤ᠂ ᠤᠯᠠᠮᠵᠢᠯᠠᠯᠲᠤ ᠨᠡᠭᠦᠷᠡᠰᠦ ᠰᠢᠲᠠᠭ᠋ᠠᠵᠤ ᠴᠠᠬᠢᠯᠭ᠋ᠠᠨ ᠭᠠᠷᠭ᠋ᠠᠬᠤ ᠦᠢ᠍ᠯᠡᠳᠪᠦᠷᠢ ᠵᠢ ᠰᠢᠨ᠎ᠡ ᠬᠡᠯᠪᠡᠷᠢ ᠵᠢᠨ ᠪᠣᠬᠢᠷᠲᠤᠯ ᠦᠭᠡᠢ ᠣᠶᠤᠨᠯᠢᠭ ᠴᠠᠬᠢᠯᠭ᠋ᠠᠨ᠎ᠤ ᠦᠢ᠍ᠯᠡᠳᠪᠦᠷᠢ ᠪᠣᠯᠭ᠋ᠠᠨ ᠬᠤᠪᠢᠷᠠᠭᠤᠯᠤᠨ᠎ᠠ᠃ ᠨᠡᠭᠦᠷᠡᠰᠦᠨ᠎ᠤ ᠬᠠᠷᠢᠮᠠᠬᠠᠢ ᠴᠢᠨᠠᠷᠲᠠᠢ ᠦᠢ᠍ᠯᠡᠳᠪᠦᠷᠢᠯᠡᠬᠦ ᠴᠢᠳᠠᠮᠵᠢ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠂ ᠰᠢᠲᠠᠭ᠋ᠠᠮᠠᠯ ᠬᠡᠢ ᠵᠢᠨ ᠡᠬᠢ ᠪᠠᠶᠠᠯᠢᠭ᠎ᠢ ᠬᠠᠶ᠋ᠢᠨ ᠰᠢᠨᠵᠢᠬᠦ ᠪᠠ ᠨᠡᠮᠡᠵᠦ ᠨᠥᠭᠡᠴᠡᠯᠡᠨ ᠭᠠᠷᠤᠯᠲᠠ ᠵᠢ᠎ᠨᠢ ᠨᠡᠮᠡᠭᠳᠡᠭᠦᠯᠬᠦ ᠡᠷᠴᠢᠮ᠎ᠢ ᠴᠢᠩᠭ᠋ᠠᠷᠠᠭᠤᠯᠵᠤ᠂ ᠨᠡᠭᠦᠷᠡᠰᠦᠨ᠎ᠤ ᠪᠤᠰᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠠᠮᠤᠷ ᠲᠦᠪᠰᠢᠨ ᠪᠥᠭᠡᠳ ᠪᠣᠬᠢᠷᠲᠤᠯ ᠦᠭᠡᠢ᠎ᠪᠠᠷ ᠡᠮᠬᠢ ᠵᠢᠷᠤᠮ᠎ᠲᠠᠢ ᠨᠡᠭᠡᠭᠡᠬᠦ ᠵᠢ ᠠᠬᠢᠭᠤᠯᠤᠨ᠎ᠠ᠃ ᠰᠢᠨ᠎ᠡ ᠡᠨᠧᠷᠭᠢ ᠵᠢ ᠲᠦᠷᠭᠡᠬᠡᠨ ᠨᠡᠭᠡᠭᠡᠨ ᠬᠥᠭᠵᠢᠭᠦᠯᠬᠦ ᠪᠠ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠪᠠᠶ᠋ᠢᠭᠤᠯᠤᠯᠲᠠ ᠵᠢ ᠪᠦᠭᠦ ᠬᠦᠴᠦᠨ ᠵᠶ᠋ᠠᠷ ᠠᠬᠢᠭᠤᠯᠤᠨ᠎ᠠ᠃ ᠣᠳᠣᠬᠢ ᠱᠠᠲᠤᠨ᠎ᠳᠤ ᠰᠢᠨ᠎ᠡ ᠡᠨᠧᠷᠭᠢ ᠵᠢᠨ ᠬᠥᠭᠵᠢᠯᠲᠡ ᠨᠢᠭᠡᠨ ᠲᠡᠦᠬᠡᠲᠦ ᠴᠢᠨᠠᠷᠲᠠᠢ ᠱᠠᠲᠤᠨ᠎ᠳᠤ ᠣᠷᠣᠭᠰᠠᠨ ᠪᠠᠶ᠋ᠢᠨ᠎ᠠ᠂ ᠡᠷᠬᠡᠪᠰᠢ ᠰᠢᠨ᠎ᠡ ᠬᠥᠭᠵᠢᠯᠲᠡ ᠵᠢᠨ ᠣᠨᠣᠯᠵᠢᠬᠤᠨ᠂ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠰᠡᠳᠬᠢᠬᠦᠢ ᠶᠣᠰᠣᠭ᠋ᠠᠷ᠂ ᠨᠢᠭᠡ ᠲᠠᠯ᠎ᠠ᠎ᠪᠠᠷ ᠰᠢᠨ᠎ᠡ ᠡᠨᠧᠷᠭᠢ ᠵᠢᠨ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠵᠢ ᠠᠳᠬᠤᠵᠤ᠂ ᠨᠦᠬᠦᠭᠡ ᠲᠠᠯ᠎ᠠ᠎ᠪᠠᠷ ᠲᠤᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠬᠥᠭᠵᠢᠯᠲᠡ ᠵᠢ ᠠᠳᠬᠤᠨ᠎ᠠ᠃ ᠰᠢᠨ᠎ᠡ ᠡᠨᠧᠷᠭᠢ᠎ᠪᠠᠷ ᠰᠢᠨ᠎ᠡ ᠠᠵᠤ ᠦᠢ᠍ᠯᠡᠳᠪᠦᠷᠢ᠎ᠪᠠᠨ ᠳᠠᠶ᠋ᠢᠴᠢᠯᠠᠬᠤ ᠵᠢ ᠪᠠᠷᠢᠮᠲᠠᠯᠠᠵᠤ᠂ 《ᠬᠤᠶᠠᠷ᠎ᠢ ᠤᠷᠢᠳ ᠵᠶ᠋ᠠᠷ ᠴᠣᠭᠴᠠᠯᠠᠬᠤ》᠂ 《ᠬᠤᠶᠠᠷ᠎ᠢ ᠳᠠᠪᠠᠭᠤᠯᠬᠤ》 ᠬᠠᠷᠠᠯᠲᠠ᠎ᠳᠤ ᠴᠢᠭᠯᠡᠭᠦᠯᠦᠨ᠂ ᠲᠣᠮᠣ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠰᠠᠭᠤᠷᠢᠨ ᠭᠠᠵᠠᠷ ᠪᠣᠯᠣᠨ ᠴᠠᠬᠢᠯᠭ᠋ᠠᠨ ᠰᠤᠷᠪᠤᠯᠵᠢ ᠪᠠ ᠲᠣᠣᠷ ᠳᠠᠭ᠋ᠠᠭ᠋ᠠᠴᠠ ᠨᠥᠭᠡᠴᠡ᠂ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ ᠵᠶ᠋ᠠᠷ ᠤᠰᠤᠲᠥ᠋ᠷᠥᠭᠴᠢ ᠦᠢ᠍ᠯᠡᠳᠬᠦ ᠵᠡᠷᠭᠡ ᠠᠬᠤᠢ ᠲᠠᠯᠠᠪᠠᠢ ᠵᠢᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ 2500 ᠲᠦᠮᠡᠨ ᠬᠢᠯᠦᠸᠠᠲ᠎ᠠᠴᠠ ᠳᠡᠭᠡᠭᠰᠢᠬᠢ ᠮᠠᠰᠢᠨ ᠴᠣᠭᠴᠠᠯᠠᠪᠤᠷᠢ ᠵᠢ ᠴᠠᠬᠢᠯᠭ᠋ᠠᠨ ᠬᠦᠴᠦᠨ᠎ᠤ ᠲᠣᠣᠷ᠎ᠲᠤ ᠨᠡᠶ᠋ᠢᠯᠡᠭᠦᠯᠬᠦ᠎ᠪᠠᠷ ᠴᠢᠷᠮᠠᠶ᠋ᠢᠵᠤ᠂ ᠠᠬᠤᠢ ᠲᠠᠯᠠᠪᠠᠢ ᠵᠢᠨ ᠬᠡᠷᠡᠭᠯᠡᠭᠡᠨ᠎ᠤ ᠬᠡᠪᠴᠢᠶ᠎ᠡ ᠵᠢ 1000 ᠲᠦᠮᠡᠨ ᠺᠢᠯᠣᠸᠠᠲ᠎ᠠᠴᠠ ᠳᠡᠭᠡᠭᠰᠢ ᠥᠷᠭᠡᠳᠬᠡᠵᠦ ᠪᠠᠶ᠋ᠢᠭᠤᠯᠤᠨ᠎ᠠ᠃ ᠰᠠᠯᠬᠢ ᠭᠡᠷᠡᠯ ᠤᠰᠤᠲᠥ᠋ᠷᠥᠭᠴᠢ ᠨᠥᠭᠡᠴᠡ ᠡᠨᠧᠷᠬᠢ ᠵᠢᠨ ᠠᠵᠤ ᠦᠢ᠍ᠯᠡᠰ᠎ᠤᠨ ᠪᠦᠯᠦᠭᠵᠢᠯ ᠪᠠ ᠬᠥᠬᠡᠬᠤᠲᠠ ᠪᠤᠭᠤᠲᠤ ᠣᠷᠳᠣᠰ ᠲᠦᠩᠯᠢᠶᠣᠣ ᠵᠢᠨ ᠲᠣᠨᠤᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ᠎ᠢ ᠲᠥᠪᠯᠡᠷᠡᠭᠦᠯᠦᠨ ᠪᠠᠶ᠋ᠢᠭᠤᠯᠵᠤ᠂ ᠰᠢᠨ᠎ᠡ ᠡᠨᠧᠷᠭᠢ ᠵᠢᠨ ᠬᠦᠷᠢᠶᠡᠨ᠎ᠳᠤ 《ᠠᠵᠤ ᠦᠢ᠍ᠯᠡᠳᠪᠦᠷᠢ ᠵᠢᠨ ᠥᠪᠥᠷ ᠮᠣᠩᠭᠤᠯ》᠎ᠢ ᠳᠠᠬᠢᠨᠲᠠ ᠪᠠᠶ᠋ᠢᠭᠤᠯᠬᠤ᠎ᠪᠠᠷ ᠴᠢᠷᠮᠠᠶ᠋ᠢᠨ᠎ᠠ᠃
    ᠦᠢ᠍ᠯᠡᠳᠬᠦ ᠦᠢ᠍ᠯᠡᠰ᠎ᠤᠨ ᠳᠡᠭᠡᠳᠦ ᠲᠡᠰᠵᠢᠬᠦ᠂ ᠣᠶᠤᠨᠴᠢᠯᠠᠬᠤ᠂ ᠪᠣᠬᠢᠷᠲᠤᠯ ᠦᠭᠡᠢ ᠪᠣᠯᠭ᠋ᠠᠬᠤ ᠵᠢ ᠲᠦᠷᠭᠡᠳᠬᠡᠨ ᠠᠬᠢᠭᠤᠯᠤᠨ᠎ᠠ᠃ ᠦᠢ᠍ᠯᠡᠳᠬᠦ ᠦᠢ᠍ᠯᠡᠰ ᠪᠣᠯ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠳᠤᠲᠠᠭᠤᠳᠠᠯ ᠪᠣᠯᠣᠨ᠎ᠠ᠂ ᠪᠠᠰᠠ ᠴᠤ᠌ ᠪᠦᠲᠦᠴᠡ ᠵᠢ ᠲᠣᠬᠢᠷᠠᠭᠤᠯᠬᠤ ᠵᠢᠨ ᠭᠤᠣᠯᠳᠠᠯᠭ᠎ᠠ ᠮᠥᠨ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠪᠦᠲᠦᠴᠡ ᠵᠢᠨ ᠪᠣᠳᠠᠲᠤ ᠪᠠᠶ᠋ᠢᠳᠠᠯ᠎ᠳᠤ ᠰᠠᠭᠤᠷᠢᠯᠠᠵᠤ᠂ ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭ᠋ᠠᠳ ᠡᠨᠧᠷᠭᠢ ᠶᠡᠭᠡ ᠠᠴᠢᠶᠠᠯᠠᠬᠤ᠂ ᠨᠡᠭᠦᠷᠡᠰᠦᠲᠥ᠋ᠷᠥᠭᠴᠢ ᠶᠡᠭᠡ ᠭᠠᠳᠠᠭᠰᠢᠯᠠᠭᠤᠯᠬᠤ᠂ ᠳᠣᠣᠷ᠎ᠠ ᠲᠦᠪᠰᠢᠨ ᠪᠦᠬᠦᠢ ᠠᠵᠤ ᠦᠢ᠍ᠯᠡᠰ᠎ᠢ ᠡᠨᠧᠷᠭᠢ ᠶᠡᠭᠡ ᠠᠴᠢᠶᠠᠯᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠥᠨᠳᠥᠷ ᠲᠦᠪᠰᠢᠨ ᠪᠦᠬᠦᠢ ᠠᠵᠤ ᠦᠢ᠍ᠯᠡᠰ ᠪᠣᠯᠭ᠋ᠠᠨ ᠬᠤᠪᠢᠷᠠᠭᠤᠯᠤᠨ᠎ᠠ᠃ ᠠᠵᠤ ᠦᠢ᠍ᠯᠡᠰ᠎ᠤᠨ ᠪᠦᠲᠦᠴᠡ ᠵᠢᠨ ᠳᠡᠰ ᠳᠠᠪᠬᠤᠷᠭ᠎ᠠ ᠵᠢ ᠪᠦᠬᠦ ᠬᠡᠯᠬᠢᠶ᠎ᠡ᠎ᠪᠠᠷ ᠳᠡᠭᠡᠭᠰᠢᠯᠡᠭᠦᠯᠦᠨ᠎ᠡ᠂ ᠠᠵᠤ ᠦᠢ᠍ᠯᠡᠰ᠎ᠤᠨ ᠰᠠᠭᠤᠷᠢ ᠵᠢ ᠳᠠᠬᠢᠨᠲᠠ ᠴᠣᠭᠴᠠᠯᠠᠵᠤ᠂ ᠠᠵᠤ ᠦᠢ᠍ᠯᠡᠳᠪᠦᠷᠢ ᠵᠢᠨ ᠮᠡᠷᠭᠡᠵᠢᠯ᠎ᠢ ᠥᠭᠡᠷᠡᠴᠢᠯᠡᠨ ᠰᠢᠨᠡᠳᠬᠡᠬᠦ᠂ ᠠᠵᠤ ᠠᠬᠤᠶ᠋ᠢᠯᠠᠯ᠎ᠤᠨ ᠵᠢᠭᠰᠠᠭ᠋ᠠᠯ᠎ᠤᠨ ᠪᠦᠲᠦᠴᠡ᠎ᠪᠠᠨ ᠨᠢᠭᠡ ᠴᠣᠭᠴᠠᠵᠢᠭᠤᠯᠤᠨ ᠠᠬᠢᠭᠤᠯᠵᠤ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ ᠵᠢᠨ ᠠᠵᠤ ᠦᠢ᠍ᠯᠡᠳᠪᠦᠷᠢ ᠵᠡᠷᠭᠡ ᠤᠯᠠᠮᠵᠢᠯᠠᠯᠲᠤ ᠠᠵᠤ ᠦᠢ᠍ᠯᠡᠰ᠎ᠢ ᠳᠤᠮᠳᠠ ᠳᠣᠣᠷᠠᠳᠤ ᠬᠡᠯᠬᠢᠶ᠎ᠡ ᠲᠡᠶ᠋ᠢᠰᠢ ᠤᠷᠲᠤᠳᠬᠠᠬᠤ᠂ ᠳᠤᠮᠳᠠ ᠳᠡᠭᠡᠳᠦ ᠦᠵᠦᠭᠦᠷ ᠲᠡᠶ᠋ᠢᠰᠢ ᠠᠬᠢᠭᠤᠯᠤᠨ᠂ ᠤᠳᠤ ᠦᠶ᠎ᠡ ᠵᠢᠨ ᠲᠣᠨᠤᠭ ᠲᠥᠬᠦᠭᠡᠷᠦᠮᠵᠢ ᠦᠢ᠍ᠯᠡᠳᠬᠦ᠂ ᠰᠢᠨ᠎ᠡ ᠮᠠᠲ᠋ᠧᠷᠢᠶᠠᠯ᠂ ᠡᠯᠧᠺᠳ᠋ᠷᠣᠨ ᠦᠢ᠍ᠯᠡᠳᠬᠦ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠰᠢᠨ᠎ᠡ᠎ᠪᠠᠷ ᠪᠤᠢ ᠪᠣᠯᠤᠭᠰᠠᠨ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠲᠥᠪᠯᠡᠷᠡᠭᠰᠡᠨ ᠲᠣᠭᠤᠷᠢᠭ᠎ᠢ ᠰᠠᠶ᠋ᠢᠲᠤᠷ ᠲᠥᠯᠥᠪᠵᠢᠭᠦᠯᠵᠦ ᠪᠦᠲᠦᠭᠡᠨ ᠪᠠᠶ᠋ᠢᠭᠤᠯᠤᠨ᠎ᠠ᠃ ᠠᠵᠤ ᠦᠢ᠍ᠯᠡᠰ᠎ᠢ ᠲᠣᠭ᠋ᠠᠵᠢᠭᠤᠯᠵᠤ ᠡᠷᠴᠢᠮ ᠬᠦᠴᠦᠨ᠎ᠢ᠎ᠨᠢ ᠴᠢᠩᠭ᠋ᠠᠷᠠᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠶᠡᠷᠦᠩᠬᠡᠶ᠋ᠢᠯᠡᠭᠰᠡᠨ ᠲᠤᠷᠰᠢᠯᠲᠠ ᠬᠢᠬᠦ ᠲᠣᠭᠤᠷᠢᠭ᠂ ᠭᠤᠣᠯᠯᠠᠬᠤ ᠰᠢᠭᠤᠳ ᠬᠠᠷᠢᠯᠴᠠᠭ᠋ᠠᠨ᠎ᠤ ᠴᠡᠭ᠂ ᠲᠣᠭ᠋ᠠᠵᠢᠭᠤᠯᠵᠤ ᠪᠤᠳᠤᠬᠤ ᠴᠢᠳᠠᠮᠵᠢ ᠵᠢᠨ ᠵᠠᠩᠭᠢᠯᠠᠭ᠎ᠠ ᠪᠣᠯᠬᠤ ᠴᠡᠭ ᠪᠠ ᠵᠡᠭᠦᠨ ᠣᠷᠣᠨ᠎ᠤ ᠳ᠋ᠠᠶ᠋ᠢᠲ᠋ᠠ ᠵᠢ ᠪᠠᠷᠠᠭᠤᠨ ᠣᠷᠣᠨ᠎ᠳᠤ ᠲᠣᠭ᠋ᠠᠵᠢᠭᠤᠯᠤᠨ ᠠᠵᠢᠯᠯᠠᠭᠤᠯᠬᠤ᠂ 《ᠮᠢᠩᠭ᠋ᠠᠨ ᠰᠠᠶ᠎ᠠ ᠰᠦᠯᠵᠢᠶᠡᠨ᠎ᠤ ᠬᠤᠳᠠ》᠎ᠳᠤ ᠲᠦᠰᠢᠭᠯᠡᠨ᠂ ᠠᠵᠤ ᠦᠢ᠍ᠯᠡᠰ᠎ᠢ ᠲᠣᠭ᠋ᠠᠵᠢᠭᠤᠯᠤᠨ ᠬᠡᠯᠪᠡᠷᠢ᠎ᠪᠠᠨ ᠬᠤᠪᠢᠷᠠᠭᠤᠯᠬᠤ᠂ ᠣᠶᠤᠨᠴᠢᠯᠠᠨ ᠳᠡᠰ ᠳᠡᠪᠰᠢᠬᠦ ᠲᠦᠷᠦᠯ ᠵᠦᠢ᠍ᠯ᠎ᠢ ᠰᠢᠰᠲ᠋ᠧᠮ᠎ᠲᠠᠢ ᠪᠠᠶ᠋ᠢᠷᠢᠯᠠᠭᠤᠯᠵᠤ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠠᠪᠴᠠᠩ ᠪᠠ ᠣᠶᠤᠨᠯᠢᠭ ᠬᠦᠷᠢᠶᠡᠯᠡᠩ ᠲᠣᠭᠤᠷᠢᠭ᠂ ᠣᠶᠤᠨᠴᠢ ᠦᠢ᠍ᠯᠡᠳᠪᠦᠷᠢ ᠵᠡᠷᠭᠡ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠪᠥᠬᠦ ᠠᠵᠢᠯ ᠲᠥᠷᠥᠯ ᠵᠶ᠋ᠠᠷ ᠵᠶ᠋ᠠᠨ ᠨᠡᠬᠦᠷᠡᠰᠦᠳᠦ᠋ᠷᠦᠭᠴᠢ ᠪᠠᠭ᠋ᠠᠲᠠᠢ᠎ᠪᠠᠷ ᠤᠷᠴᠢᠯᠳᠤᠭᠤᠯᠤᠨ ᠬᠥᠭᠵᠢᠭᠦᠯᠬᠦ ᠵᠢ ᠠᠬᠢᠭᠤᠯᠤᠨ᠂ ᠪᠣᠬᠢᠷᠲᠤᠯ ᠦᠭᠡᠢ ᠦᠢ᠍ᠯᠡᠳᠬᠦ ᠵᠢᠨ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠪᠠ ᠡᠨᠧᠷᠭᠢ ᠠᠷᠪᠢᠯᠠᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠨ ᠰᠢᠨᠡᠳᠬᠡᠬᠦ ᠵᠢ ᠶᠡᠭᠡ᠎ᠪᠠᠷ ᠠᠬᠢᠭᠤᠯᠵᠤ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠳ᠎ᠤᠨ ᠪᠣᠬᠢᠷᠲᠤᠯ ᠦᠭᠡᠢ ᠴᠠᠬᠢᠯᠭ᠋ᠠᠨ ᠵᠶ᠋ᠠᠷ ᠣᠷᠣᠯᠠᠭᠤᠯᠬᠤ ᠵᠢ ᠬᠡᠷᠡᠭᠵᠢᠭᠦᠯᠬᠦ᠂ ᠪᠣᠬᠢᠷᠲᠤᠯ ᠦᠭᠡᠢ ᠤᠷᠠᠯᠠᠯ ᠪᠠ ᠪᠣᠬᠢᠷᠲᠤᠯ ᠦᠭᠡᠢ ᠮᠠᠲ᠋ᠧᠷᠢᠶᠠᠯ ᠬᠡᠷᠡᠭᠯᠡᠬᠦ ᠵᠢ ᠵᠣᠷᠢᠭᠵᠢᠭᠤᠯᠤᠨ᠂ ᠨᠡᠬᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠨᠡᠬᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠎ᠢ ᠨᠠᠩ ᠣᠯᠠᠨ ᠪᠠᠶ᠋ᠢᠭᠤᠯᠵᠤ᠂ ᠠᠵᠤ ᠦᠢ᠍ᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ᠎ᠪᠠᠨ ᠪᠣᠬᠢᠷᠲᠤᠯ ᠦᠭᠡᠢ ᠪᠤᠯᠭ᠋ᠠᠬᠤ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠎ᠡ᠃
    ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠡᠪᠴᠢᠶ᠎ᠡ᠎ᠪᠠᠨ ᠥᠷᠭᠡᠳᠬᠡᠬᠦ᠂ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠬᠦ ᠵᠢ ᠲᠦᠷᠭᠡᠳᠬᠡᠨ ᠠᠬᠢᠭᠤᠯᠤᠨ᠎ᠠ᠃ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠪᠣᠯ ᠠᠵᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠪᠣᠯᠣᠨ᠎ᠠ᠂ ᠲᠡᠷᠡ᠎ᠨᠢ ᠠᠵᠢᠯ ᠣᠯᠭᠤᠯᠲᠠ ᠵᠢ ᠠᠬᠢᠭᠤᠯᠵᠤ᠂ ᠠᠵᠢᠯ ᠦᠢ᠍ᠯᠡᠰ᠎ᠢ ᠳᠠᠶ᠋ᠢᠴᠢᠯᠠᠬᠤ ᠦᠢ᠍ᠯᠡᠳᠦᠯ᠎ᠲᠠᠢ ᠶᠤᠮ᠃ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠠᠵᠢᠯ᠎ᠢ ᠰᠠᠶ᠋ᠢᠲᠤᠷ ᠬᠢᠵᠦ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠮᠡᠳᠡᠭᠡ ᠵᠠᠩᠭᠢ ᠵᠢᠨ ᠵᠥᠭᠡᠯᠡᠨ ᠲᠣᠨᠤᠭ᠂ ᠬᠤᠳᠠᠯᠳᠤᠭ᠋ᠠᠨ᠎ᠤ ᠶᠠᠪᠤᠳᠠᠯ᠎ᠤᠨ ᠴᠤᠭᠯᠠᠭ᠋ᠠᠨ ᠦᠵᠡᠰᠬᠦᠯᠡᠩ᠂ ᠠᠵᠢᠯᠯᠠᠭᠤᠯᠵᠤ ᠬᠠᠮᠠᠭ᠋ᠠᠯᠠᠬᠤ ᠦᠢ᠍ᠯᠡᠴᠢᠯᠡᠭᠡᠨ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠬᠥᠭᠵᠢᠭᠦᠯᠬᠦ ᠵᠢ᠎ᠨᠢ ᠠᠬᠢᠭᠤᠯᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠠᠳᠠᠯ ᠠᠬᠤᠢ᠂ ᠭᠡᠷ ᠠᠬᠤᠢ ᠵᠢᠨ ᠶᠠᠪᠤᠳᠠᠯ ᠵᠡᠷᠭᠡ ᠠᠮᠢᠳᠤᠷᠠᠯ᠎ᠤᠨ ᠬᠡᠷᠡᠭᠴᠡᠭᠡᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠪᠠᠭᠲᠠᠭ᠋ᠠᠮᠵᠢ ᠵᠢ ᠥᠷᠭᠡᠳᠬᠡᠨ ᠴᠢᠨᠠᠷ᠎ᠢ᠎ᠨᠢ ᠳᠡᠭᠡᠭᠰᠢᠯᠡᠭᠦᠯᠬᠦ ᠵᠢ ᠲᠡᠳᠬᠦᠬᠦ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠵᠶ᠋ᠠᠨ ᠲᠡᠷᠢᠭᠦᠨ᠎ᠤ ᠦᠢ᠍ᠯᠡᠳᠬᠦ ᠦᠢ᠍ᠯᠡᠰ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ᠎ᠯᠤᠭ᠎ᠠ ᠭᠦᠨ ᠠᠭᠤᠰᠤᠯᠴᠠᠭᠤᠯᠬᠤ ᠵᠢ ᠠᠬᠢᠭᠤᠯᠤᠨ᠎ᠠ᠃ ᠮᠥᠩᠭᠦᠨ ᠭᠦᠢ᠍ᠯᠭᠡᠭᠡᠨ᠎ᠤ ᠦᠢ᠍ᠯᠡᠰ᠎ᠤᠨ ᠥᠭᠡᠷᠡᠴᠢᠯᠡᠯᠲᠡ ᠬᠥᠭᠵᠢᠯᠲᠡ ᠵᠢ ᠠᠬᠢᠭᠤᠯᠵᠤ᠂ ᠨᠡᠶ᠋ᠢᠭᠡᠮ᠎ᠤᠨ ᠪᠡᠯᠡ ᠲᠣᠬᠢᠷᠠᠭᠤᠯᠬᠤ ᠬᠡᠪᠴᠢᠶᠡᠨ᠎ᠤ ᠨᠡᠮᠡᠭᠳᠡᠯ᠎ᠤᠨ ᠬᠤᠷᠳᠤᠴᠠ ᠵᠢ ᠠᠵᠤ ᠠᠬᠤᠢ ᠵᠢᠨ ᠨᠡᠮᠡᠭᠳᠡᠯ᠎ᠯᠦᠭᠡ ᠢᠵᠢᠯᠢ ᠠᠯᠬᠤᠮ᠎ᠲᠠᠢ ᠪᠠᠶ᠋ᠢᠯᠭ᠋ᠠᠬᠤ ᠵᠢ ᠪᠠᠲᠤᠯᠠᠨ᠎ᠠ᠂ ᠲᠠᠷᠢᠶᠠᠯᠠᠩ᠎ᠤᠨ ᠪᠠᠩᠬᠢ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠠᠭᠪᠤᠷ᠎ᠢ ᠳᠡᠯᠭᠡᠷᠡᠭᠦᠯᠵᠦ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠪᠠᠩᠬᠢ᠂ ᠤᠯᠤᠰ᠎ᠤᠨ ᠥᠮᠴᠢᠯᠡᠯᠲᠦ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠪᠠᠩᠬᠢ ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠬᠤᠪᠢᠴᠠᠭ᠋ᠠᠨ᠎ᠤ ᠳᠦᠷᠢᠮᠲᠦ ᠪᠠᠩᠬᠢ᠂ ᠣᠷᠣᠨ ᠨᠤᠲᠤᠭ᠎ᠤᠨ ᠳᠤᠮᠳᠠ ᠵᠢᠵᠢᠭ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠭᠤᠣᠯ ᠬᠠᠷᠢᠭᠤᠴᠠᠯᠭ᠎ᠠ ᠭᠤᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠬᠤᠯᠠ ᠲᠦᠷᠣᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠤᠷᠲᠤᠪᠲᠤᠷ ᠪᠠ ᠣᠷᠳᠣ ᠬᠤᠭᠤᠴᠠᠭ᠋ᠠᠨ᠎ᠤ ᠵᠢᠭᠡᠯᠡᠯᠭᠡ᠎ᠪᠠᠷ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠪᠣᠳᠠᠲᠤ ᠴᠣᠭᠴᠠ ᠵᠢᠨ ᠠᠵᠤ ᠠᠬᠤᠢ᠎ᠳᠤ ᠨᠠᠩ ᠰᠠᠶ᠋ᠢᠲᠤᠷ ᠦᠢ᠍ᠯᠡᠴᠢᠯᠡᠭᠦᠯᠦᠨ᠎ᠡ; ᠲᠤᠰᠬᠠᠢ ᠵᠦᠢ᠍ᠯ᠎ᠤᠨ ᠥᠷᠢ ᠵᠢᠨ ᠲᠡᠮᠳᠡᠭᠲᠦ ᠪᠠ ᠲᠦᠷᠣ ᠵᠢᠨ ᠪᠣᠳᠣᠯᠭ᠎ᠠ ᠵᠢᠨ ᠴᠢᠨᠠᠷᠲᠠᠢ ᠮᠥᠩᠭᠦᠨ ᠭᠦᠢ᠍ᠯᠭᠡᠭᠡᠨ᠎ᠤ ᠪᠠᠭ᠋ᠠᠵᠢ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ 《ᠵᠣᠭᠤᠰ᠎ᠨᠢ ᠲᠦᠷᠣᠯ ᠵᠦᠢ᠍ᠯ ᠵᠶ᠋ᠠᠨ ᠬᠦᠯᠢᠶᠡᠬᠦ》 ᠠᠰᠠᠭᠤᠳᠠᠯ᠎ᠢ ᠲᠣᠪᠣᠶ᠋ᠢᠮ᠎ᠠ ᠰᠢᠢ᠍ᠳᠪᠦᠷᠢᠯᠡᠨ᠎ᠡ; ᠰᠢᠭᠤᠳ ᠪᠡᠯᠡ ᠲᠣᠬᠢᠷᠠᠭᠤᠯᠬᠤ ᠬᠡᠪᠴᠢᠶ᠎ᠡ ᠵᠢ ᠥᠷᠭᠡᠳᠬᠡᠨ᠂ 《ᠲᠢᠶᠠᠨ ᠵᠢᠶᠦ᠋ᠨ ᠲᠥᠯᠥᠪᠯᠡᠭᠡ》 ᠵᠢ ᠭᠦᠨᠵᠡᠭᠡᠢ ᠬᠡᠷᠡᠭᠵᠢᠭᠦᠯᠵᠦ᠂ ᠠᠵᠤ ᠠᠬᠤᠶ᠋ᠢᠯᠠᠯ᠎ᠢ ᠵᠠᠬ᠎ᠠ᠎ᠳᠤ ᠭᠠᠷᠭ᠋ᠠᠬᠤ᠎ᠪᠠᠷ ᠨᠥᠭᠡᠴᠡᠯᠡᠨ ᠪᠣᠶ᠋ᠢᠵᠢᠭᠤᠯᠬᠤ᠎ᠪᠠᠨ ᠲᠦᠷᠭᠡᠳᠬᠡᠨ᠂ ᠡᠨᠡ ᠵᠢᠯ 5 ᠠᠵᠤ ᠠᠬᠤᠶ᠋ᠢᠯᠠᠯ᠎ᠢ ᠰᠲ᠋ᠣᠺ᠎ᠤᠨ ᠵᠠᠬ᠎ᠠ᠎ᠳᠤ ᠭᠠᠷᠭ᠋ᠠᠬᠤ ᠠᠩᠬᠠᠨ᠎ᠤ ᠲᠠᠷᠬᠠᠭ᠋ᠠᠯᠲᠠ ᠵᠢᠨ ᠪᠡᠯᠡ ᠲᠣᠬᠢᠷᠠᠭᠤᠯᠭ᠎ᠠ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ; ᠬᠥᠷᠥᠩᠭᠡ ᠵᠢᠨ ᠮᠥᠩᠭᠦ ᠨᠥᠬᠦᠪᠦᠷᠢᠯᠡᠬᠦ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠬᠤᠲᠠ ᠵᠢᠨ ᠬᠤᠳᠠᠯᠳᠤᠭ᠋ᠠᠨ᠎ᠤ ᠪᠠᠩᠬᠢ ᠵᠢ ᠰᠢᠯᠢᠳᠡᠭᠵᠢᠭᠦᠯᠦᠨ ᠳᠠᠬᠢᠨᠲᠠ ᠵᠣᠬᠢᠶᠠᠨ ᠪᠠᠶ᠋ᠢᠭᠤᠯᠬᠤ ᠵᠢ ᠠᠬᠢᠭᠤᠯᠤᠨ᠂ ᠬᠥᠳᠡᠭᠡ ᠲᠣᠰᠬᠤᠨ᠎ᠤ ᠢᠲᠡᠭᠡᠮᠵᠢ ᠵᠢᠨ ᠬᠤᠷᠰᠢᠶ᠎ᠠ ᠪᠠ ᠲᠣᠰᠬᠤᠨ ᠪᠠᠯᠭ᠋ᠠᠰᠤᠨ᠎ᠤ ᠪᠠᠩᠬᠢ ᠵᠢᠨ ᠥᠮᠴᠢᠯᠡᠯ᠎ᠤᠨ ᠡᠷᠬᠡ ᠵᠢᠨ ᠳᠦᠷᠢᠮ᠂ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠵᠢᠨ ᠥᠭᠡᠷᠡᠴᠢᠯᠡᠯᠲᠡ ᠵᠢ ᠠᠬᠢᠭᠤᠯᠵᠤ᠂ ᠵᠠᠰᠠᠯᠲᠠ ᠵᠢᠨ ᠴᠢᠳᠠᠪᠤᠷᠢ ᠪᠠ ᠬᠢᠷᠢ ᠲᠦᠪᠰᠢᠨ᠎ᠢ ᠲᠡᠬᠡᠭᠰᠢᠯᠡᠬᠦᠯᠦᠨ᠎ᠡ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠰᠠᠶ᠋ᠢᠨ ᠤᠷᠴᠢᠯᠳᠤᠬᠤ ᠵᠢ ᠠᠬᠢᠭᠤᠯᠵᠤ᠂ ᠲᠥᠷᠥ ᠵᠢᠨ ᠪᠣᠳᠣᠯᠭ᠎ᠠ ᠵᠢ ᠶᠡᠷᠦᠩᠬᠡᠶ᠋ᠢᠯᠡᠨ ᠬᠡᠷᠡᠭᠵᠢᠭᠦᠯᠵᠦ᠂ ᠭᠠᠵᠠᠷ ᠰᠢᠷᠣᠢ ᠵᠢᠨ ᠦᠨ᠎ᠡ ᠵᠢ ᠲᠣᠭᠲᠠᠪᠤᠷᠢᠵᠢᠭᠤᠯᠤᠨ᠂ ᠭᠡᠷ ᠪᠠᠶ᠋ᠢᠰᠢᠩ᠎ᠤᠨ ᠦᠨ᠎ᠡ ᠵᠢ ᠲᠣᠭᠲᠠᠪᠤᠷᠢᠵᠢᠭᠤᠯᠵᠤ᠂ ᠵᠢᠱ᠌ᠢᠯᠲᠡ ᠵᠢ ᠲᠣᠭᠲᠠᠪᠤᠷᠢᠵᠢᠭᠤᠯᠵᠤ᠂ ᠬᠥᠮᠥᠨ ᠬᠠᠷ᠎ᠠ᠂ ᠭᠡᠷ ᠪᠠᠶ᠋ᠢᠰᠢᠩ᠂ ᠭᠠᠵᠠᠷ ᠰᠢᠷᠣᠢ᠂ ᠵᠣᠭᠤᠰ ᠮᠥᠩᠭᠦᠨ᠎ᠤ ᠬᠤᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠦᠨ᠂ ᠵᠠᠶ᠋ᠢᠯᠠᠰᠢ ᠦᠭᠡᠢ ᠴᠢᠨᠠᠷᠲᠠᠢ ᠪᠠ ᠰᠠᠶ᠋ᠢᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠳᠡᠮᠵᠢᠵᠦ᠂ ᠪᠠᠲᠤᠯᠠᠭ᠎ᠠ ᠵᠢᠨ ᠣᠷᠣᠨ ᠰᠠᠭᠤᠴᠠ᠂ ᠣᠷᠳᠣ ᠬᠤᠭᠤᠴᠠᠭ᠎ᠠ᠎ᠪᠠᠷ ᠲᠦᠷᠢᠶᠡᠰᠦᠯᠡᠬᠦ ᠣᠷᠣᠨ ᠰᠠᠭᠤᠴᠠ ᠵᠢ ᠪᠥᠭᠡᠮ ᠵᠶ᠋ᠠᠷ ᠬᠤᠳᠠᠯᠳᠤᠨ ᠠᠪᠬᠤ ᠪᠤᠶᠤ ᠵᠠᠰᠠᠭ᠎ᠤᠨ ᠣᠷᠳᠣᠨ ᠬᠤᠳᠠᠯᠳᠤᠨ ᠠᠪᠬᠤ ᠵᠡᠷᠭᠡ ᠵᠢᠨ ᠦᠢ᠍ᠯᠡᠳᠦᠯ᠎ᠢ ᠪᠠᠳᠠᠷᠠᠭᠤᠯᠵᠤ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠎ᠠ᠃ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠢ ᠰᠠᠭᠤᠷᠢᠰᠢᠭᠤᠯᠬᠤ᠂ ᠲᠠᠪᠴᠠᠩᠵᠢᠭᠤᠯᠬᠤ ᠬᠥᠭᠵᠢᠯᠲᠡ ᠵᠢᠨ ᠬᠠᠨᠳᠤᠰᠢ᠎ᠳᠤ ᠵᠣᠬᠢᠴᠠᠭᠤᠯᠤᠨ᠂ ᠬᠦᠬᠡᠬᠤᠳᠡ᠂ ᠣᠷᠳᠣᠰ᠂ ᠤᠯᠠᠭ᠋ᠠᠨᠴᠠᠪ - ᠡᠷᠢᠶᠡᠨ ᠬᠤᠳᠡ᠂ ᠮᠠᠨᠵᠤᠤᠷ᠎ᠤᠨ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠵᠢᠨ ᠣᠳᠣᠬᠢᠴᠢᠯᠠᠨ ᠳᠡᠰ ᠳᠡᠪᠰᠢᠬᠦ ᠵᠢ ᠠᠬᠢᠭᠤᠯᠤᠨ᠎ᠠ᠂ ᠲᠤᠰ ᠨᠤᠲᠤᠭ ᠣᠷᠣᠨ᠎ᠤ ᠲᠣᠣᠷ ᠰᠦᠯᠵᠢᠶ᠎ᠡ᠎ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠪᠠ ᠬᠥᠲᠥᠴᠢ ᠠᠵᠤ ᠠᠬᠤᠶ᠋ᠢᠯᠠᠯ᠎ᠢ ᠪᠣᠶ᠋ᠢᠵᠢᠭᠤᠯᠤᠨ᠂ ᠣᠯᠠᠨ ᠬᠡᠯᠪᠡᠷᠢ ᠪᠦᠬᠦᠢ ᠬᠤᠯᠪᠤᠭ᠋ᠠᠯᠠᠨ ᠲᠡᠭᠡᠭᠡᠪᠦᠷᠢᠯᠡᠵᠦ ᠵᠢᠱ᠌ᠢᠶ᠎ᠡ ᠦᠵᠡᠭᠦᠯᠬᠦ ᠢᠨᠵᠧᠨᠧᠷᠢᠩ ᠪᠠ ᠣᠨᠴᠠᠯᠢᠭ᠎ᠲᠠᠢ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠲᠦᠷᠭᠡᠨ᠎ᠤ ᠵᠠᠰᠠᠮᠠᠯ ᠵᠠᠮ᠎ᠤᠨ ᠵᠦᠷᠢᠶᠡᠴᠢᠯᠡᠭᠰᠡᠨ ᠰᠦᠢ᠍ᠳᠬᠡᠯ ᠬᠤᠷᠢᠶᠠᠬᠤ ᠲᠤᠷᠰᠢᠯᠲᠠ ᠵᠢᠨ ᠴᠡᠭ᠎ᠤᠨ ᠬᠡᠪᠴᠢᠶ᠎ᠡ ᠵᠢ ᠥᠷᠭᠡᠳᠬᠡᠨ᠂ ᠪᠠᠷᠠᠭ᠋ᠠᠨ᠎ᠤ ᠲᠡᠭᠡᠭᠡᠪᠦᠷᠢ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ᠎ᠨᠢ ᠪᠠᠭᠤᠷᠠᠭᠤᠯᠤᠨ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠠᠬᠢᠭᠤᠯᠵᠤ᠂ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠬᠥᠭᠵᠢᠯᠲᠡ᠎ᠪᠠᠷ ᠲᠤᠬᠠᠢ ᠵᠢᠨ ᠭᠠᠵᠠᠷ ᠪᠠ ᠠᠷᠠᠳ᠎ᠤᠨ ᠠᠮᠢᠳᠤᠷᠠᠯ᠎ᠳᠤ ᠨᠠᠩ ᠢᠯᠡᠭᠦᠦ ᠠᠰᠢᠭ ᠬᠦᠷᠲᠡᠭᠡᠨ᠎ᠡ᠃ ᠲᠤᠭ᠋ᠠᠵᠢᠯᠳᠤ ᠠᠵᠤ ᠠᠬᠤᠢ ᠵᠢ ᠪᠤᠵᠠᠭ᠋ᠠᠶ᠋ᠢᠷᠠᠭᠤᠯᠵᠤ᠂ ᠳ᠋ᠠᠶ᠋ᠢᠲ᠋ᠠ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠪᠠᠶ᠋ᠢᠭᠤᠯᠤᠮᠵᠢ ᠪᠠ ᠳ᠋ᠠᠶ᠋ᠢᠲ᠋ᠠ ᠵᠢ ᠨᠡᠭᠡᠭᠡᠨ ᠠᠰᠢᠭᠯᠠᠬᠤ ᠲᠠᠪᠴᠠᠩ ᠪᠠᠶ᠋ᠢᠭᠤᠯᠤᠨ᠎ᠠ᠂ ᠳ᠋ᠠᠶ᠋ᠢᠲ᠋ᠠ ᠵᠢᠨ ᠠᠰᠢᠭᠯᠠᠵᠤ ᠰᠢᠢ᠍ᠳᠪᠦᠷᠢᠯᠡᠬᠦ᠂ ᠵᠠᠳᠠᠯᠤᠨ ᠬᠡᠷᠡᠭᠯᠡᠬᠦ᠂ ᠭᠦᠢ᠍ᠯᠭᠡᠭᠡᠨ ᠠᠷᠠᠯᠵᠢᠶᠠᠯᠠᠬᠤ ᠵᠡᠷᠭᠡ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠬᠤᠷᠢᠨᠭᠡᠷ᠎ᠤᠨ 《ᠳᠤᠮᠳᠠᠳᠤ ᠤᠯᠤᠰ᠎ᠤᠨ ᠡᠭᠦᠯᠡᠨ ᠵᠢᠯᠠᠭ᠎ᠠ》 ᠵᠥᠭᠡᠯᠡᠨ ᠲᠤᠨᠤᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠪᠥᠭᠡᠮᠨᠡᠷᠡᠯ᠎ᠤᠨ ᠲᠣᠭᠤᠷᠢᠭ᠎ᠢ ᠪᠠᠶ᠋ᠢᠭᠤᠯᠵᠤ᠂ ᠲᠤᠭ᠋ᠠᠵᠢᠯᠳᠤ ᠠᠵᠤ ᠠᠬᠤᠢ ᠪᠠ ᠪᠣᠳᠠᠲᠤ ᠴᠣᠭᠴᠠ ᠵᠢᠨ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃
   (ᠭᠤᠷᠪᠠ) ᠰᠢᠨ᠎ᠡ ᠬᠥᠭᠵᠢᠯᠲᠡ ᠵᠢᠨ ᠣᠨᠣᠯᠵᠢᠬᠤᠨ ᠵᠶ᠋ᠠᠷ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠪᠣᠢ ᠪᠣᠯᠭ᠋ᠠᠨ᠂ ᠠᠵᠤ ᠦᠢ᠍ᠯᠡᠰ᠎ᠤᠨ ᠪᠦᠯᠦᠭᠵᠢᠯ᠂ ᠬᠦᠴᠦᠨ ᠵᠦᠢ᠍ᠯ᠎ᠤᠨ ᠪᠥᠭᠡᠮᠨᠡᠷᠡᠯ᠂ ᠡᠬᠢ ᠪᠠᠶᠠᠯᠢᠭ᠎ᠢ ᠠᠷᠪᠢᠯᠠᠬᠤ ᠲᠠᠯ᠎ᠠ᠎ᠪᠠᠷ ᠰᠢᠨ᠎ᠡ ᠰᠢᠪᠲᠤᠯᠤᠯᠲᠠ ᠭᠠᠷᠭ᠋ᠠᠨ᠎ᠠ᠃ ᠮᠠᠨ᠎ᠤ ᠣᠷᠣᠨ᠎ᠤ ᠨᠤᠲᠤᠭ ᠳᠡᠪᠢᠰᠬᠡᠷ ᠥᠷᠭᠡᠨ ᠠᠭᠤᠳᠠᠮ᠂ ᠭᠠᠵᠠᠷ ᠨᠤᠲᠤᠭ ᠰᠢᠮᠡᠯᠢᠭ ᠬᠥᠮᠥᠨ ᠠᠮᠠ ᠰᠡᠶ᠋ᠢᠷᠡᠭ᠂ ᠪᠠᠶ᠋ᠢᠷᠢᠰᠢᠯᠲᠠ ᠲᠠᠷᠠᠬᠠᠢ ᠪᠤᠲᠠᠷᠬᠠᠢ ᠪᠣᠯᠬᠤᠷ᠂ ᠡᠷᠬᠡᠪᠰᠢ ᠠᠵᠤ ᠦᠢ᠍ᠯᠡᠰ᠎ᠤᠨ ᠪᠦᠯᠦᠭᠵᠢᠯ᠂ ᠬᠥᠮᠥᠨ ᠠᠮᠠ ᠵᠢᠨ ᠲᠥᠪᠯᠡᠷᠡᠯ ᠪᠠ ᠡᠬᠢ ᠪᠠᠶᠠᠯᠢᠭ ᠣᠷᠴᠢᠨ ᠲᠣᠭᠤᠷᠢᠨ᠎ᠤ ᠳᠠᠭ᠋ᠠᠭ᠋ᠠᠴᠠ ᠵᠢ ᠳᠡᠭᠡᠭᠰᠢᠯᠡᠭᠦᠯᠵᠦ ᠪᠠᠶ᠋ᠢᠭ᠋ᠠᠳ ᠲᠥᠪᠯᠡᠷᠡᠭᠦᠯᠵᠦ ᠬᠤᠷᠠᠭᠤᠯᠵᠤ ᠡᠷᠴᠢᠮᠵᠢᠭᠦᠯᠦᠨ ᠬᠥᠭᠵᠢᠭᠦᠯᠬᠦ ᠵᠠᠮ ᠵᠶ᠋ᠠᠷ ᠵᠠᠮᠨᠠᠨ᠎ᠠ᠃
    ᠬᠡᠯᠬᠢᠶᠡᠰᠦᠯᠡᠯ ᠮᠠᠶᠢᠭ᠎ᠤᠨ ᠰᠡᠳᠬᠢᠬᠦᠢ᠎ᠪᠠᠷ ᠠᠵᠤ ᠦᠢ᠍ᠯᠡᠰ ᠵᠶ᠋ᠠᠨ ᠠᠳᠬᠤᠬᠤ ᠵᠢ ᠪᠠᠷᠢᠮᠲᠠᠯᠠᠨ᠎ᠠ᠃ ᠳᠠᠪᠠᠭᠤᠯᠢᠭ ᠠᠵᠤ ᠦᠢ᠍ᠯᠡᠰ᠂ ᠣᠨᠴᠠᠯᠢᠭ᠎ᠲᠠᠢ ᠠᠵᠤ ᠦᠢ᠍ᠯᠡᠰ᠂ ᠲᠤᠯᠭ᠋ᠠᠭᠤᠷᠢ ᠪᠣᠯᠬᠤ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠯᠬᠢᠶ᠎ᠡ ᠵᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ᠠᠵᠢᠯᠯᠠᠭ᠋ᠠᠨ᠎ᠢ ᠭᠦᠨᠵᠡᠭᠡᠢ ᠥᠷᠨᠢᠭᠦᠯᠵᠦ᠂ ᠲᠢᠩᠬᠢᠮ ᠲᠣᠪᠴᠢᠶᠠᠨ᠎ᠤ ᠳᠠᠷᠤᠭ᠎ᠠ᠂ ᠠᠶ᠋ᠢᠮᠠᠭ ᠬᠤᠳᠡ ᠵᠢᠨ ᠳᠠᠷᠤᠭ᠎ᠠ᠂ ᠬᠤᠰᠢᠭᠤ ᠰᠢᠶᠠᠨ᠎ᠤ ᠳᠠᠷᠤᠭ᠎ᠠ ᠨᠠᠷ ᠴᠥᠮ ᠬᠡᠯᠬᠢᠶᠡᠨ ᠳᠠᠷᠤᠭ᠎ᠠ ᠵᠢᠨ ᠠᠵᠢᠯ ᠵᠶ᠋ᠠᠨ ᠰᠠᠶ᠋ᠢᠲᠤᠷ ᠬᠢᠵᠦ᠂ ᠪᠦᠭᠦ ᠣᠷᠣᠨ᠎ᠤ ᠭᠤᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶᠡᠨ᠎ᠤ ᠪᠦᠲᠦᠭᠡᠨ ᠪᠠᠶ᠋ᠢᠭᠤᠯᠤᠯᠲᠠ ᠵᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠰᠦ ᠵᠢᠨ ᠦᠢ᠍ᠯᠡᠰ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠦᠨ᠎ᠡ᠂ ᠢᠯᠢ᠂ ᠮᠧᠩ ᠨᠢᠦ ᠵᠢᠨ ᠬᠥᠲᠥᠯᠥᠨ ᠳᠠᠭ᠋ᠠᠭᠤᠯᠵᠤ ᠳᠠᠶ᠋ᠢᠴᠢᠯᠠᠬᠤ ᠦᠢ᠍ᠯᠡᠳᠦᠯ᠎ᠢ ᠴᠢᠩᠭ᠋ᠠᠷᠠᠭᠤᠯᠤᠨ᠂ ᠢᠯᠢ ᠵᠢᠨ ᠣᠳᠣ ᠦᠶ᠎ᠡ ᠵᠢᠨ ᠣᠶᠤᠨᠯᠢᠭ ᠡᠷᠡᠭᠦᠯ ᠮᠠᠡᠳᠣ ᠵᠢᠨ ᠵᠢᠯᠠᠭ᠎ᠠ᠂ ᠮᠧᠩ ᠨᠢᠦ ᠵᠢᠨ ᠲᠣᠮᠳᠠᠳᠣ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠠᠵᠤ ᠦᠢ᠍ᠯᠡᠰ᠎ᠤᠨ ᠬᠦᠷᠢᠶᠡᠯᠡᠩ ᠵᠡᠷᠭᠡ ᠲᠦᠷᠣᠯ ᠵᠦᠢ᠍ᠯ ᠵᠶ᠋ᠠᠷ ᠭᠠᠷᠳᠠᠴᠠ ᠪᠣᠯᠭ᠋ᠠᠵᠣ ᠪᠦᠭᠦ ᠪᠥᠮᠪᠥᠷᠴᠡᠭ᠎ᠤᠨ ᠲᠡᠷᠢᠭᠦᠨ ᠳᠡᠰ᠎ᠤᠨ ᠰᠦ ᠰᠠᠭ᠋ᠠᠯᠢ ᠵᠢᠨ ᠦᠢ᠍ᠯᠡᠰ᠎ᠤᠨ ᠪᠦᠭᠦ ᠠᠵᠤ ᠦᠢ᠍ᠯᠡᠰ᠎ᠤᠨ ᠬᠡᠯᠬᠢᠶᠡᠨ᠎ᠳᠠᠬᠢ ᠠᠮᠢ ᠠᠬᠤᠢ ᠵᠢᠨ ᠲᠣᠭᠤᠷᠢᠭ᠎ᠢ ᠪᠣᠢ ᠪᠣᠯᠭ᠋ᠠᠵᠣ᠂ ᠲᠡᠵᠢᠭᠡᠯ ᠡᠪᠡᠰᠦᠨ᠎ᠤ ᠰᠠᠭᠤᠷᠢᠨ ᠭᠠᠵᠠᠷ᠂ ᠦᠷ᠎ᠡ ᠡᠭᠦᠯᠳᠡᠷ᠎ᠤᠨ ᠦᠬᠡᠷ᠎ᠤᠨ ᠰᠠᠭᠤᠷᠢᠨ ᠭᠠᠵᠠᠷ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠡᠪᠡᠰᠦᠨ᠎ᠤ ᠢᠷᠡᠯᠲᠡ᠂ ᠦᠬᠡᠷ᠎ᠤᠨ ᠢᠷᠡᠯᠲᠡ᠂ ᠰᠦ ᠵᠢᠨ ᠢᠷᠡᠯᠲᠡ ᠵᠢᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ 《ᠨᠢᠭᠡ ᠰᠢᠷᠬᠡᠭ ᠡᠪᠡᠰᠦ ᠵᠢ ᠰᠠᠶ᠋ᠢᠨ ᠲᠠᠷᠢᠬᠤ᠎ᠠᠴᠠ ᠨᠢᠭᠡᠨ ᠠᠶᠠᠭ᠎ᠠ ᠴᠢᠨᠠᠷ ᠰᠠᠶ᠋ᠢᠲᠠᠢ ᠰᠦ ᠤᠤᠭᠤᠬᠤ ᠬᠦᠷᠲᠡᠯᠡᠬᠢ》 ᠪᠦᠭᠦ ᠬᠡᠯᠬᠢᠶᠡᠰᠦᠨ᠎ᠳᠤ ᠬᠦᠴᠦ ᠲᠠᠯᠪᠢᠵᠤ᠂ ᠣᠷᠣᠨ ᠨᠤᠲᠤᠭ᠎ᠤᠨ ᠣᠨᠴᠠᠯᠢᠭ᠎ᠲᠠᠢ ᠴᠢᠨᠠᠷ ᠰᠠᠶ᠋ᠢᠲᠠᠢ ᠰᠦ ᠴᠠᠭ᠋ᠠᠨ ᠢᠳᠡᠭᠡᠨ᠎ᠤ ᠵᠦᠢ᠍ᠯ ᠵᠶ᠋ᠠᠨ ᠲᠦᠷᠭᠡᠨ ᠬᠥᠭᠵᠢᠭᠦᠯᠬᠦ ᠵᠢ ᠳᠡᠮᠵᠢᠵᠣ᠂ ᠡᠨᠡ ᠵᠢᠯ᠎ᠤᠨ ᠪᠦᠭᠦ ᠠᠵᠤ ᠦᠢ᠍ᠯᠡᠰ᠎ᠤᠨ ᠬᠡᠯᠬᠢᠶᠡᠨ᠎ᠳᠠᠬᠢ ᠰᠦ ᠵᠢᠨ ᠦᠢ᠍ᠯᠡᠰ᠎ᠤᠨ ᠦᠢ᠍ᠯᠡᠳᠬᠦᠨ᠎ᠤ ᠦᠷᠲᠡᠭ᠎ᠢ 2000 ᠳ᠋ᠦᠩᠰᠢᠭᠤᠷ ᠲᠥᠭᠦᠷᠢᠭ᠎ᠠᠴᠠ ᠳᠠᠪᠠᠭᠤᠯᠬᠤ᠎ᠪᠠᠷ ᠴᠢᠷᠮᠠᠶ᠋ᠢᠨ᠎ᠠ᠃ ᠠᠯᠠᠰᠢᠨ ᠦᠬᠡᠷ᠂ ᠠᠯᠠᠰᠢᠨ ᠬᠤᠨᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠦᠨ᠎ᠡ᠂ ᠡᠬᠢ ᠪᠠᠶᠠᠯᠢᠭ᠎ᠢ ᠨᠡᠶ᠋ᠢᠯᠡᠭᠦᠯᠬᠦ ᠡᠷᠴᠢᠮ ᠪᠠ ᠬᠥᠭᠵᠢᠯᠲᠡ ᠵᠢ ᠲᠥᠪᠯᠡᠷᠡᠭᠦᠯᠬᠦ ᠡᠷᠴᠢᠮ ᠵᠶ᠋ᠠᠨ ᠳᠡᠭᠡᠭᠰᠢᠯᠡᠭᠦᠯᠵᠦ᠂ ᠲᠠᠷᠢᠵᠣ ᠲᠡᠵᠢᠭᠡᠨ ᠡᠳ᠋ᠰᠢᠭᠦᠯᠦᠨ ᠪᠣᠷᠣᠯᠠᠭᠤᠯᠬᠤ ᠪᠦᠭᠦ ᠬᠡᠯᠬᠢᠶᠡᠨ᠎ᠤ ᠬᠥᠭᠵᠢᠯᠲᠡ ᠵᠢ ᠠᠬᠢᠭᠤᠯᠤᠨ᠂ ᠲᠦᠩᠯᠢᠶᠣᠣ᠎ᠳᠤ ᠪᠦᠭᠦ ᠤᠯᠤᠰ᠎ᠲᠠᠬᠢ ᠠᠯᠠᠰᠢᠨ ᠦᠬᠡᠷ᠎ᠤᠨ ᠠᠵᠤ ᠦᠢ᠍ᠯᠡᠰ᠎ᠤᠨ ᠨᠢᠭᠡᠳᠦᠭᠡᠷ ᠴᠢᠬᠤᠯᠠ ᠪᠠᠯᠭ᠋ᠠᠰᠤ᠂ ᠰᠢᠯᠢ ᠵᠢᠨ ᠭᠤᠣᠯ᠎ᠳᠤ ᠲᠣᠮᠳᠠᠳᠣ ᠵᠢᠨ ᠰᠢᠮᠧᠨ᠋ᠳᠡᠷ ᠦᠬᠡᠷ᠎ᠤᠨ ᠦᠷ᠎ᠡ ᠡᠭᠦᠯᠳᠡᠷ᠎ᠤᠨ ᠭᠠᠷᠤᠯᠲᠠ ᠵᠢᠨ ᠰᠠᠭᠤᠷᠢᠨ ᠭᠠᠵᠠᠷ ᠪᠠᠶ᠋ᠢᠭᠤᠯᠬᠤ ᠵᠢ ᠳᠡᠮᠵᠢᠵᠦ᠂ ᠠᠯᠠᠰᠢᠨ ᠦᠬᠡᠷ᠂ ᠠᠯᠠᠰᠢᠨ ᠬᠤᠨᠢᠨ᠎ᠤ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ ᠡᠳᠦᠢ ᠲᠡᠳᠦᠢ ᠪᠠᠶ᠋ᠢᠭᠤᠯᠵᠤ᠂ 3 ᠵᠢᠯ ᠣᠷᠴᠢᠮ᠎ᠤᠨ ᠴᠠᠭ ᠬᠤᠭᠤᠴᠠᠭ᠋ᠠᠨ᠎ᠳᠤ 2 ᠠᠵᠤ ᠦᠢ᠍ᠯᠡᠰ᠎ᠤᠨ ᠦᠢ᠍ᠯᠡᠳᠬᠦᠨ᠎ᠤ ᠦᠷᠲᠡᠭ᠎ᠢ᠎ᠨᠢ ᠮᠢᠩᠭ᠋ᠠᠨ ᠳ᠋ᠦᠩᠰᠢᠭᠤᠷ᠎ᠢ ᠳᠠᠪᠠᠭᠤᠯᠬᠤ᠎ᠪᠠᠷ ᠴᠢᠷᠮᠠᠶ᠋ᠢᠨ᠎ᠠ᠃ ᠣᠢ ᠰᠢᠭᠤᠢ ᠡᠪᠡᠰᠦ ᠪᠡᠯᠴᠢᠭᠡᠷ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠦᠨ᠎ᠡ᠂ ᠨᠢᠭᠡ ᠲᠠᠯ᠎ᠠ᠎ᠪᠠᠷ 《ᠲᠡᠵᠢᠭᠡᠨ ᠦᠷᠡᠵᠢᠭᠦᠯᠬᠦ᠎ᠳᠤ ᠵᠣᠷᠢᠭᠤᠯᠵᠤ ᠲᠠᠷᠢᠬᠤ》 ᠵᠢ ᠠᠳᠬᠤᠵᠤ᠂ ᠲᠡᠵᠢᠭᠡᠯ ᠡᠪᠡᠰᠦᠨ᠎ᠤ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠴᠢᠨᠠᠷ ᠰᠠᠶ᠋ᠢᠲᠠᠢ ᠲᠡᠵᠢᠭᠡᠯ ᠡᠪᠡᠰᠦ ᠲᠠᠷᠢᠵᠣ ᠪᠣᠶ᠋ᠢᠵᠢᠭᠤᠯᠬᠤ ᠬᠡᠪᠴᠢᠶ᠎ᠡ ᠵᠢ ᠲᠣᠭᠲᠠᠪᠤᠷᠢᠵᠢᠭᠤᠯᠤᠨ᠂ ᠬᠤᠨᠢ ᠢᠮᠠᠭ᠋ᠠᠨ᠎ᠤ ᠲᠡᠵᠢᠭᠡᠯ ᠡᠪᠡᠰᠦᠨ᠎ᠤ ᠠᠵᠤ ᠦᠢ᠍ᠯᠡᠰ᠎ᠢ ᠪᠣᠢ ᠪᠣᠯᠭ᠋ᠠᠨ ᠪᠤᠵᠠᠭ᠋ᠠᠶ᠋ᠢᠷᠠᠭᠤᠯᠤᠨ᠎ᠠ; ᠨᠦᠭᠦᠭᠡ ᠲᠠᠯ᠎ᠠ᠎ᠪᠠᠷ 《ᠠᠮᠢ ᠠᠬᠤᠢ᠎ᠪᠠᠷ ᠮᠠᠯ ᠠᠵᠤ ᠠᠬᠤᠢ᠎ᠳᠤ ᠠᠰᠢᠭ ᠬᠦᠷᠲᠡᠭᠡᠬᠦ》 ᠵᠢ ᠠᠳᠬᠤᠵᠤ᠂ ᠠᠮᠢ ᠠᠬᠤᠢ ᠵᠢᠨ ᠡᠪᠡᠰᠦ ᠪᠡᠯᠴᠢᠭᠡᠷ᠎ᠤᠨ ᠦᠢ᠍ᠯᠡᠰ᠎ᠢ ᠶᠡᠭᠡ᠎ᠪᠠᠷ ᠬᠥᠭᠵᠢᠭᠦᠯᠦᠨ᠂ ᠨᠡᠯᠦᠶ᠋ᠢᠭᠰᠡᠨ ᠲᠠᠯ᠎ᠠ ᠵᠢᠨ ᠡᠯᠡᠰᠦ ᠮᠠᠩᠬᠠᠨ ᠭᠠᠵᠠᠷ᠎ᠢ 《ᠡᠷᠳᠡᠨᠢᠰ ᠴᠤᠭᠯᠠᠭᠤᠯᠬᠤ ᠰᠠᠩ》᠂ 《ᠨᠡᠭᠦᠷᠡᠰᠣᠲᠦ᠋ᠷᠥᠭᠴᠢ ᠬᠤᠷᠠᠭᠤᠯᠬᠤ ᠬᠥᠮᠥᠷᠭᠡ》 ᠪᠣᠯᠭ᠋ᠠᠨ ᠬᠤᠪᠢᠷᠠᠭᠤᠯᠤᠨ᠎ᠠ᠃ ᠣᠢ ᠰᠢᠭᠤᠢ ᠵᠢᠨ ᠬᠤᠷᠮᠣᠢ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠠᠭᠤᠳᠠᠯᠵᠤ᠂ ᠵᠢᠮᠢᠰ᠂ ᠴᠡᠴᠡᠭ᠂ ᠨᠣᠭᠤᠭ᠎ᠠ᠂ ᠮᠦᠭᠦ᠂ ᠡᠮ᠎ᠤᠨ ᠵᠦᠢ᠍ᠯ ᠵᠡᠷᠭᠡ ᠣᠨᠴᠠᠯᠢᠭ᠎ᠲᠠᠢ ᠠᠵᠤ ᠦᠢ᠍ᠯᠡᠰ ᠪᠠ ᠣᠨᠴᠠᠭ᠋ᠠᠢ ᠵᠦᠢ᠍ᠯ᠎ᠤᠨ ᠲᠡᠵᠢᠭᠡᠨ ᠦᠷᠡᠵᠢᠭᠦᠯᠬᠦ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠴᠡᠩᠬᠡᠷ ᠨᠣᠭᠤᠭ᠋ᠠᠨ ᠣᠢ ᠰᠢᠭᠤᠢ ᠵᠢ ᠣᠯᠠᠨ ᠲᠦᠮᠡᠨ᠎ᠤ 《ᠵᠢᠮᠢᠰ᠎ᠤᠨ ᠬᠠᠶ᠋ᠢᠷᠴᠠᠭ》᠂ 《ᠴᠡᠴᠡᠭ᠎ᠤᠨ ᠰᠠᠭᠰᠤ》᠂ 《ᠨᠣᠭᠤᠭ᠎ᠠ ᠵᠢᠨ ᠰᠠᠭᠰᠤ》᠂ 《ᠡᠮ᠎ᠤᠨ ᠬᠠᠶ᠋ᠢᠷᠴᠠᠭ》 ᠪᠣᠯᠭ᠋ᠠᠨ᠎ᠠ᠃ ᠰᠢᠨ᠎ᠡ ᠡᠨᠧᠷᠬᠢ ᠲᠣᠨᠤᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠦᠨ᠎ᠡ᠂ 《ᠰᠠᠯᠬᠢ ᠭᠡᠷᠡᠯ ᠣᠰᠣᠲᠦ᠋ᠷᠦᠭᠴᠢ ᠨᠥᠭᠡᠴᠡ ᠮᠠᠰᠢᠨ ᠲᠡᠷᠭᠡ》 ᠵᠢ ᠨᠢᠭᠡ ᠴᠣᠭᠴᠠᠵᠢᠭᠤᠯᠤᠨ ᠠᠬᠢᠭᠤᠯᠵᠤ᠂ ᠰᠠᠯᠬᠢᠨ ᠬᠦᠴᠦᠨ᠎ᠤ ᠴᠠᠬᠢᠯᠭ᠋ᠠᠨ᠎ᠤ ᠲᠠᠯ᠎ᠠ᠎ᠳᠤ ᠭᠤᠣᠯᠳᠠᠭᠤ ᠠᠷᠠᠭ᠋ᠠᠲᠤ ᠬᠦᠷᠳᠦᠨ᠎ᠤ ᠬᠠᠶ᠋ᠢᠷᠴᠠᠭ᠂ ᠴᠠᠬᠢᠯᠭ᠋ᠠᠨ ᠭᠠᠷᠭ᠋ᠠᠬᠤ ᠮᠠᠰᠢᠨ ᠪᠠ ᠬᠦᠷᠳᠦᠨ᠎ᠤ ᠬᠦᠢ᠍ᠰᠦ᠂ ᠬᠤᠯᠬᠤᠪᠴᠢ᠂ ᠡᠵᠡᠮᠳᠡᠬᠦ ᠰᠢᠰᠲ᠋ᠧᠮ ᠵᠡᠷᠭᠡ᠎ᠪᠠᠷ ᠪᠠᠷᠤᠭᠲᠠᠢ ᠪᠠᠶ᠋ᠢᠭ᠎ᠠ ᠵᠦᠢ᠍ᠯ᠎ᠳᠤ ᠰᠢᠪᠲᠤᠯᠤᠯᠲᠠ ᠬᠢᠵᠦ᠂ ᠡᠨᠡ ᠵᠢᠯ ᠪᠦᠬᠦᠯᠢ ᠴᠣᠭᠴᠠ᠎ᠪᠠᠷ ᠢᠵᠢ ᠪᠦᠷᠢᠳᠦᠭᠰᠡᠨ ᠴᠢᠳᠠᠪᠤᠷᠢ ᠵᠢ᠎ᠨᠢ 2000 ᠲᠦᠮᠡᠨ ᠺᠢᠯᠣᠸᠠᠲ᠎ᠲᠤ ᠬᠦᠷᠭᠡᠬᠦ᠎ᠪᠠᠷ ᠴᠢᠷᠮᠠᠶ᠋ᠢᠨ᠎ᠠ; ᠭᠡᠷᠡᠯ᠎ᠤᠨ ᠴᠠᠬᠢᠯᠭ᠋ᠠᠨ᠎ᠤ ᠲᠠᠯ᠎ᠠ᠎ᠳᠤ ᠭᠤᠣᠯᠳᠠᠭᠤ ᠰᠢᠯ᠂ ᠬᠠᠯᠬᠠᠪᠴᠢ ᠬᠠᠪᠲᠠᠰᠤ᠂ ᠬᠠᠪᠢᠰᠤ ᠬᠦᠷᠢᠶ᠎ᠡ᠂ ᠴᠠᠪᠠᠤᠯᠢᠭ ᠪᠦᠷᠬᠦᠭᠦᠯ᠂ ᠭᠠᠩᠨᠠᠭᠤᠷ ᠪᠦᠰᠡ᠂ ᠮᠥᠩᠭᠦᠨ ᠴᠠᠷᠳᠠᠭᠤᠯ᠂ ᠬᠥᠩᠭᠡᠨ ᠴᠠᠭ᠋ᠠᠨ᠎ᠤ ᠴᠠᠷᠳᠠᠭᠤᠯ ᠵᠡᠷᠭᠡ᠎ᠪᠠᠷ ᠪᠠᠷᠤᠭᠲᠠᠢ ᠪᠠᠶ᠋ᠢᠭ᠎ᠠ ᠵᠦᠢ᠍ᠯ᠎ᠳᠤ ᠰᠢᠪᠲᠤᠯᠤᠯᠲᠠ ᠬᠢᠵᠦ᠂ ᠡᠨᠡ ᠵᠢᠯ ᠴᠡᠨᠡᠭ᠎ᠤᠨ ᠢᠯᠲᠠᠰᠤ ᠪᠠ ᠪᠦᠯᠦᠭ ᠲᠣᠨᠤᠭ᠎ᠤᠨ ᠬᠠᠩᠭ᠋ᠠᠬᠤ ᠴᠢᠳᠠᠪᠤᠷᠢ ᠵᠢ 5000 ᠲᠦᠮᠡᠨ ᠺᠢᠯᠣᠸᠠᠲ᠎ᠲᠤ ᠬᠦᠷᠭᠡᠬᠦ᠎ᠪᠠᠷ ᠴᠢᠷᠮᠠᠶ᠋ᠢᠨ᠎ᠠ; ᠤᠰᠤᠲᠥ᠋ᠷᠥᠭᠴᠢᠲᠤ ᠡᠨᠧᠷᠬᠢ ᠵᠢᠨ ᠲᠠᠯ᠎ᠠ᠎ᠳᠤ ᠭᠤᠣᠯᠳᠠᠭᠤ ᠤᠰᠣᠲᠦ᠋ᠷᠦᠭᠴᠢ ᠦᠢ᠍ᠯᠡᠳᠬᠦ ᠭᠤᠭᠴᠣᠭ᠋ᠠᠨ᠎ᠳᠠᠬᠢ ᠴᠠᠬᠢᠯᠭ᠋ᠠᠨ ᠵᠠᠳᠠᠯᠤᠯᠲᠠ ᠵᠢᠨ ᠣᠩᠭᠤᠴᠠ ᠪᠠ ᠨᠥᠭᠡᠴᠡᠯᠡᠵᠦ ᠵᠥᠭᠡᠭᠡᠪᠦᠷᠢᠯᠡᠬᠦ ᠭᠤᠭᠴᠣᠭ᠋ᠠᠨ᠎ᠳᠠᠬᠢ ᠠᠪᠴᠢᠭᠤᠯᠬᠤ ᠮᠠᠰᠢᠨ᠂ ᠡᠷᠭᠢᠯᠳᠦᠭᠦᠯᠬᠦ ᠬᠥᠭᠡᠷᠭᠡ᠎ᠳᠤ ᠰᠢᠪᠲᠤᠯᠤᠯᠲᠠ ᠬᠢᠵᠦ᠂ ᠡᠨᠡ ᠵᠢᠯ᠎ᠳᠤ ᠤᠰᠤᠳᠦ᠋ᠷᠦᠭᠴᠢ ᠦᠢ᠍ᠯᠡᠳᠬᠦ ᠲᠥᠬᠦᠭᠡᠷᠦᠮᠵᠢ ᠵᠢᠨ ᠦᠢ᠍ᠯᠡᠳᠪᠦᠷᠢᠯᠡᠬᠦ ᠴᠢᠳᠠᠪᠤᠷᠢ ᠵᠢ 250 ᠢᠵᠢ᠎ᠳᠤ ᠬᠦᠷᠭᠡᠬᠦ᠎ᠪᠠᠷ ᠴᠢᠷᠮᠠᠶ᠋ᠢᠨ᠎ᠠ; ᠡᠨᠧᠷᠬᠢ ᠨᠥᠭᠡᠴᠡᠯᠡᠬᠦ᠎ᠳᠤ ᠭᠤᠣᠯᠳᠠᠭᠤ ᠳᠡᠭᠡᠳᠦ ᠬᠡᠯᠬᠢᠶᠡᠨ᠎ᠤ ᠴᠠᠬᠢᠯᠭ᠋ᠠᠨ ᠴᠢᠫ ᠦᠢ᠍ᠯᠡᠳᠬᠦ ᠪᠠ ᠳᠣᠣᠷᠠᠳᠤ ᠬᠡᠯᠬᠢᠶᠡᠨ᠎ᠤ ᠡᠨᠧᠷᠬᠢ ᠨᠥᠭᠡᠴᠡᠯᠡᠵᠦ ᠬᠤᠷᠠᠭᠤᠯᠬᠤ ᠲᠠᠯ᠎ᠠ᠎ᠳᠤ ᠰᠢᠪᠲᠤᠯᠤᠯᠲᠠ ᠬᠢᠵᠦ᠂ ᠡᠨᠡ ᠵᠢᠯ᠎ᠳᠤ ᠡᠨᠧᠷᠬᠢ ᠨᠥᠭᠡᠴᠡᠯᠡᠬᠦ ᠲᠣᠨᠤᠭ ᠲᠥᠬᠦᠭᠡᠷᠦᠮᠵᠢ ᠦᠢ᠍ᠯᠡᠳᠬᠦ ᠴᠢᠳᠠᠪᠤᠷᠢ᠎ᠨᠢ 100 ᠲᠦᠮᠡᠨ ᠺᠢᠯᠣᠸᠠᠲ ᠴᠠᠭ᠎ᠤᠨ ᠡᠨᠧᠷᠬᠢ ᠨᠥᠭᠡᠴᠡᠯᠡᠬᠦ ᠮᠠᠰᠢᠨ ᠴᠣᠭᠴᠠᠯᠠᠪᠤᠷᠢ ᠵᠢᠨ ᠱᠠᠭ᠋ᠠᠷᠳᠠᠯᠭ᠎ᠠ ᠵᠢ ᠬᠠᠩᠭ᠋ᠠᠯᠭ᠋ᠠᠬᠤ᠎ᠪᠠᠷ ᠴᠢᠷᠮᠠᠶ᠋ᠢᠨ᠎ᠠ; ᠰᠢᠨ᠎ᠡ ᠡᠨᠧᠷᠬᠢ ᠵᠢᠨ ᠮᠠᠰᠢᠨ ᠲᠡᠷᠭᠡᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠲᠦᠷᠭᠡᠳᠬᠡᠨ ᠥᠷᠭᠡᠳᠬᠡᠵᠦ᠂ ᠲᠣᠨᠤᠭ ᠲᠥᠬᠦᠭᠡᠷᠦᠮᠵᠢ ᠦᠢ᠍ᠯᠡᠳᠪᠦᠷᠢᠯᠡᠵᠦ ᠢᠵᠢ ᠪᠦᠷᠢᠳᠦᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠦᠨ᠎ᠡ᠂ ᠨᠡᠭᠦᠷᠡᠰᠦᠨ᠎ᠳᠤ ᠰᠠᠭᠤᠷᠢᠯᠠᠭᠰᠠᠨ ᠣᠨᠴᠠᠭ᠋ᠠᠢ ᠰᠢᠲᠠᠭ᠋ᠠᠯᠭ᠎ᠠ ᠪᠠ ᠨᠡᠭᠦᠷᠡᠰᠦᠨ᠎ᠳᠤ ᠰᠠᠭᠤᠷᠢᠯᠠᠭᠰᠠᠨ ᠠᠮᠢᠳᠤ ᠪᠣᠳᠠᠰ᠎ᠤᠨ ᠵᠠᠳᠠᠷᠠᠵᠤ ᠪᠣᠯᠬᠤᠶ᠋ᠢᠴᠠ ᠮᠠᠲ᠋ᠧᠷᠢᠶᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠭᠦᠷᠡᠰᠦ᠎ᠪᠠᠷ ᠠᠯᠺᠤᠨ ᠨᠡᠭᠦᠷᠥᠭᠴᠢ ᠦᠢ᠍ᠯᠡᠳᠬᠦ᠎ᠠᠴᠠ ᠬᠠᠷᠢᠮᠠᠬᠠᠢ ᠪᠡᠶᠡᠲᠦ ᠮᠠᠲ᠋ᠧᠷᠢᠶᠠᠯ᠂ ᠨᠢᠯᠦᠨ᠂ ᠣᠨᠴᠠ ᠲᠦᠷᠣᠯ᠎ᠤᠨ ᠰᠦᠯᠢᠶᠥᠦ ᠵᠡᠷᠭᠡ ᠦᠢ᠍ᠯᠡᠳᠬᠦᠨ ᠦᠢ᠍ᠯᠡᠳᠬᠦ ᠲᠡᠶ᠋ᠢᠰᠢ ᠤᠷᠲᠤᠳᠬᠠᠬᠤ ᠵᠢ ᠭᠤᠣᠯᠳᠠᠭ᠎ᠠ᠎ᠲᠠᠢ ᠠᠬᠢᠭᠤᠯᠵᠤ᠂ ᠨᠡᠭᠦᠷᠡᠰᠦ᠎ᠪᠠᠷ ᠡᠲ᠋ᠠ ᠬᠤᠶᠠᠷᠴᠢ ᠠᠯᠺᠣᠣᠯ ᠦᠢ᠍ᠯᠡᠳᠬᠦ᠎ᠠᠴᠠ ᠪᠥᠭᠡᠭᠡᠨᠡᠷᠡᠯ ᠡᠲ᠋ᠢᠯ ᠠᠯᠺᠣᠣᠯ᠎ᠤᠨ ᠬᠦᠴᠢᠯ᠂ ᠪᠥᠭᠡᠭᠡᠨᠡᠷᠡᠯ ᠡᠰᠲ᠋ᠧᠷ ᠰᠢᠷᠬᠡᠭ ᠵᠡᠷᠭᠡ ᠦᠢ᠍ᠯᠡᠳᠬᠦᠨ ᠦᠢ᠍ᠯᠡᠳᠬᠦ ᠲᠡᠶ᠋ᠢᠰᠢ ᠤᠷᠲᠤᠳᠬᠠᠬᠤ ᠵᠢ ᠠᠬᠢᠭᠤᠯᠵᠤ᠂ ᠮᠡᠷᠭᠡᠵᠢᠯ᠂ ᠲᠥᠬᠦᠭᠡᠷᠦᠮᠵᠢ᠂ ᠲᠦᠷᠭᠡᠳᠬᠡᠭᠦᠷ ᠡᠳ᠋ ᠵᠡᠷᠭᠡ ᠵᠢᠨ ᠣᠷᠣᠨ᠎ᠤ ᠳᠣᠲᠣᠭ᠋ᠠᠳᠤ᠎ᠳᠠᠬᠢ ᠲᠦᠭᠦᠷᠵᠢᠭᠦᠯᠭᠦ ᠨᠣᠷᠮ᠎ᠡ᠎ᠪᠠᠨ ᠳᠡᠭᠡᠭᠰᠢᠯᠡᠭᠦᠯᠵᠦ᠂ ᠲᠣᠮᠳᠠᠳᠣ ᠤᠯᠤᠰ᠎ᠤᠨ ᠴᠢᠯᠠᠭᠤᠨ ᠲᠣᠰᠣᠨ᠎ᠤ ᠬᠢᠮᠢ᠂ ᠪᠣᠣ ᠹᠧᠩ ᠵᠡᠷᠭᠡ ᠴᠢᠬᠤᠯᠠ ᠶᠡᠭᠡ ᠲᠦᠷᠣᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠣᠷᠳᠣᠰ᠎ᠤᠨ ᠲᠠᠬᠢᠨ ᠡᠭᠦᠰᠴᠦ ᠪᠣᠯᠬᠤ ᠡᠨᠧᠷᠬᠢ᠎ᠪᠠᠷ ᠣᠰᠤᠲᠦ᠋ᠷᠥᠭᠴᠢ ᠦᠢ᠍ᠯᠡᠳᠬᠦ ᠬᠢᠭᠡᠳ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠡᠪᠴᠡᠯᠳᠦᠨ ᠬᠥᠭᠵᠢᠬᠦ ᠵᠢ ᠳᠡᠮᠵᠢᠵᠣ᠂ ᠦᠬᠠᠢ᠎ᠳᠤ ᠨᠡᠭᠦᠷᠡᠰᠦᠨ᠎ᠳᠤ ᠰᠠᠭᠤᠷᠢᠯᠠᠭᠰᠠᠨ ᠠᠮᠢᠳᠤ ᠪᠣᠳᠠᠰ᠎ᠤᠨ ᠵᠠᠳᠠᠷᠠᠵᠤ ᠪᠣᠯᠬᠤᠶ᠋ᠢᠴᠠ ᠮᠠᠲ᠋ᠧᠷᠢᠶᠠᠯ᠎ᠤᠨ ᠠᠵᠤ ᠦᠢ᠍ᠯᠡᠰ᠎ᠤᠨ ᠰᠠᠭᠤᠷᠢᠨ ᠭᠠᠵᠠᠷ ᠪᠠᠶ᠋ᠢᠭᠤᠯᠬᠤ ᠵᠢ ᠳᠡᠮᠵᠢᠵᠦ᠂ ᠡᠨᠡ ᠵᠢᠯ᠎ᠳᠤ ᠣᠳᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠦᠷᠲᠡᠭ ᠵᠶ᠋ᠠᠨ ᠮᠢᠩᠭ᠋ᠠᠨ ᠳ᠋ᠥᠩᠰᠢᠭᠤᠷ ᠲᠥᠭᠦᠷᠢᠭ᠎ᠤᠨ ᠶᠡᠭᠡ ᠪᠣᠭᠤᠮᠲᠠ ᠵᠢ ᠳᠠᠪᠠᠭᠤᠯᠬᠤ᠎ᠪᠠᠷ ᠴᠢᠷᠮᠠᠶ᠋ᠢᠨ᠎ᠠ᠃ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠦᠨ᠎ᠡ᠂ ᠲᠣᠭᠲᠠᠮᠠᠯ ᠰᠣᠷᠢᠨᠵᠢᠨ᠂ ᠭᠢᠯᠠᠶ᠋ᠢᠯᠭ᠋ᠠᠬᠤ᠂ ᠬᠡᠷᠡᠯᠳᠣᠭᠦᠯᠭᠦ᠂ ᠲᠦᠷᠭᠡᠳᠬᠡᠬᠦ ᠪᠠ ᠴᠠᠬᠢᠯᠭ᠋ᠠᠨ ᠮᠠᠰᠢᠨ᠂ ᠣᠰᠤᠲᠦ᠋ᠷᠥᠭᠴᠢ ᠨᠥᠭᠡᠴᠡᠯᠡᠬᠦ᠂ ᠣᠨᠴᠠ ᠲᠦᠷᠣᠯ᠎ᠤᠨ ᠬᠠᠶ᠋ᠢᠯᠤᠰᠢ᠂ ᠭᠡᠷᠡᠯᠯᠢᠭ ᠰᠢᠯ ᠵᠡᠷᠭᠡ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ ᠵᠢᠴᠢ ᠦᠵᠦᠭᠦᠷ ᠬᠡᠷᠡᠭᠯᠡᠭᠡᠨ᠎ᠤ ᠠᠵᠤ ᠦᠢ᠍ᠯᠡᠰ ᠵᠡᠷᠭᠡ ᠵᠢ ᠶᠡᠭᠡ᠎ᠪᠠᠷ ᠬᠥᠭᠵᠢᠭᠦᠯᠵᠦ᠂ ᠪᠦᠭᠦ ᠤᠯᠤᠰ᠎ᠲᠠᠬᠢ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠬᠠᠮᠤᠭ᠎ᠤᠨ ᠲᠣᠮᠣ ᠰᠠᠭᠤᠷᠢᠨ ᠭᠠᠵᠠᠷ ᠪᠠ ᠪᠦᠭᠦ ᠤᠯᠤᠰ᠎ᠤᠨ ᠬᠤᠪᠣᠷ ᠰᠢᠷᠣᠢ ᠵᠢᠨ ᠬᠡᠷᠡᠭᠯᠡᠭᠡᠨ᠎ᠤ ᠲᠡᠷᠢᠭᠦᠨ᠎ᠳᠤ ᠣᠷᠣᠬᠤ ᠰᠠᠭᠤᠷᠢᠨ ᠭᠠᠵᠠᠷ᠎ᠢ ᠴᠢᠷᠮᠠᠶ᠋ᠢᠨ ᠪᠠᠶ᠋ᠢᠭᠤᠯᠤᠨ᠎ᠠ᠃ ᠲᠥᠪᠯᠡᠷᠡᠭᠦᠯᠦᠨ ᠠᠬᠢᠭᠤᠯᠬᠤ᠂ ᠭᠤᠣᠯᠳᠠᠯᠭ᠎ᠠ᠎ᠲᠠᠢ ᠰᠢᠪᠲᠤᠯᠤᠯᠲᠠ ᠬᠢᠬᠦ᠎ᠪᠠᠷ ᠳᠠᠮᠵᠢᠭᠤᠯᠤᠨ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠦᠢ᠍ᠯᠡᠳᠪᠦᠷᠢᠯᠡᠬᠦ ᠵᠢᠴᠢ ᠨᠠᠷᠢᠯᠢᠭ ᠭᠦᠨ ᠡᠳ᠋ᠰᠢᠭᠦᠯᠵᠦ ᠪᠣᠯᠪᠠᠰᠣᠷᠠᠭᠤᠯᠬᠤ᠂ ᠰᠢᠨ᠎ᠡ ᠡᠨᠧᠷᠬᠢ ᠵᠢᠴᠢ ᠲᠣᠨᠤᠭ ᠲᠥᠬᠦᠭᠡᠷᠦᠮᠵᠢ ᠦᠢ᠍ᠯᠡᠳᠬᠦ᠂ ᠨᠡᠭᠦᠷᠡᠰᠦ ᠵᠢᠴᠢ ᠨᠡᠭᠦᠷᠡᠰᠦᠨ᠎ᠳᠤ ᠰᠠᠭᠤᠷᠢᠯᠠᠭᠰᠠᠨ ᠠᠵᠤ ᠦᠢ᠍ᠯᠡᠰ᠂ ᠲᠡᠮᠦᠷᠯᠢᠭ ᠪᠣᠯᠪᠠᠰᠣᠷᠠᠭᠤᠯᠬᠤ ᠵᠢᠴᠢ ᠰᠢᠨ᠎ᠡ ᠮᠠᠲ᠋ᠧᠷᠢᠶᠠᠯ ᠦᠢ᠍ᠯᠡᠳᠬᠦ ᠡᠨᠡ ᠬᠦ᠌ 4 ᠲᠣᠮᠣ ᠲᠤᠯᠭ᠋ᠠᠭᠤᠷᠢ ᠪᠣᠯᠬᠤ ᠠᠵᠤ ᠦᠢ᠍ᠯᠡᠰ᠎ᠤᠨ ᠦᠢ᠍ᠯᠡᠳᠬᠦᠨ᠎ᠤ ᠦᠷᠲᠡᠭ᠎ᠢ ᠲᠦᠮᠡᠨ ᠳ᠋ᠦᠩᠰᠢᠭᠤᠷ᠎ᠤᠨ ᠳᠡᠰ ᠲᠡᠶ᠋ᠢᠰᠢ ᠳᠠᠪᠰᠢᠭᠤᠯᠵᠤ᠂ ᠪᠣᠬᠢᠷᠳᠤᠯ ᠦᠭᠡᠢ ᠣᠨᠴᠠᠯᠢᠭ᠎ᠲᠠᠢ ᠳᠠᠪᠠᠭᠤᠯᠢᠭ ᠣᠳᠣ ᠦᠶ᠎ᠡ ᠵᠢᠨ ᠠᠵᠤ ᠦᠢ᠍ᠯᠡᠰ᠎ᠤᠨ ᠪᠦᠯᠦᠭᠵᠢᠯ᠎ᠢ ᠲᠦᠷᠭᠡᠪᠴᠢᠯᠡᠨ ᠪᠠᠶ᠋ᠢᠭᠤᠯᠤᠨ᠎ᠠ᠃
    ᠲᠥᠪᠯᠡᠷᠡᠭᠦᠯᠦᠨ ᠪᠥᠭᠡᠮᠨᠡᠷᠡᠭᠦᠯᠵᠦ ᠬᠥᠭᠵᠢᠭᠦᠯᠬᠦ ᠵᠢ ᠪᠠᠷᠢᠮᠲᠠᠯᠠᠨ᠎ᠠ᠃ ᠡᠬᠢ ᠪᠠᠶᠠᠯᠢᠭ᠎ᠤᠨ ᠬᠦᠴᠦᠨ ᠵᠦᠢ᠍ᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠠᠵᠤ ᠠᠬᠤᠢ ᠵᠢᠨ ᠪᠠᠶ᠋ᠢᠷᠢᠰᠢᠭᠤᠯᠤᠯᠲᠠ ᠵᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠬᠤᠳᠡ ᠵᠢᠨ ᠪᠦᠯᠦᠭᠵᠢᠯ ᠪᠠ ᠣᠷᠣᠨ ᠪᠦᠰᠡ ᠵᠢᠨ ᠲᠥᠪ ᠪᠣᠯᠬᠤ ᠬᠤᠳᠡ ᠵᠢ ᠬᠦᠴᠦᠯᠡᠨ ᠪᠣᠢ ᠪᠣᠯᠭ᠋ᠠᠵᠣ᠂ ᠬᠦᠬᠡᠬᠤᠳᠠ ᠪᠤᠭᠤᠲᠤ ᠣᠷᠳᠣᠰ ᠤᠯᠠᠭ᠋ᠠᠨᠴᠠᠪ᠎ᠤᠨ ᠬᠤᠳᠡ ᠵᠢᠨ ᠪᠦᠯᠦᠭᠵᠢᠯ ᠪᠠ ᠤᠯᠠᠭ᠋ᠠᠨᠬᠠᠳᠠ᠂ ᠲᠦᠩᠯᠢᠶᠣᠣ ᠵᠢᠨ 《ᠬᠤᠶᠠᠷ ᠬᠥᠪᠡᠭᠦᠨ ᠣᠳᠣᠨ ᠣᠷᠣᠨ》᠎ᠢ ᠭᠤᠣᠯᠳᠠᠯᠭ᠎ᠠ᠎ᠲᠠᠢ ᠪᠦᠲᠦᠭᠡᠨ ᠪᠠᠶ᠋ᠢᠭᠤᠯᠵᠤ᠂ ᠳᠤᠮᠳᠠ ᠪᠠᠭ᠎ᠠ ᠬᠤᠲᠡ ᠪᠠ ᠰᠢᠶᠠᠨ᠎ᠤ ᠬᠤᠳᠡ ᠵᠢᠨ ᠬᠥᠮᠥᠨ ᠠᠮᠠ ᠵᠢᠨ ᠲᠠᠲᠠᠬᠤ ᠬᠦᠴᠦᠨ ᠪᠣᠯᠣᠨ ᠠᠵᠤ ᠠᠬᠤᠢ ᠵᠢᠨ ᠳᠠᠭ᠋ᠠᠭ᠋ᠠᠬᠤ ᠬᠦᠴᠦᠨ᠎ᠢ ᠪᠦᠳᠣᠮᠵᠢᠳᠠᠢ ᠳᠡᠭᠡᠭᠰᠢᠯᠡᠭᠦᠯᠦᠨ᠎ᠡ᠃ ᠬᠤᠳᠡ ᠵᠢᠨ ᠬᠠᠮ ᠰᠢᠨᠵᠢᠯᠡᠭᠡ ᠵᠠᠳᠠᠯᠤᠯᠲᠠ ᠵᠢ ᠥᠷᠨᠢᠭᠦᠯᠵᠦ᠂ ᠬᠤᠳᠡ ᠵᠢᠨ ᠰᠢᠨᠡᠳᠬᠡᠯ᠎ᠢ ᠠᠬᠢᠭᠤᠯᠤᠨ᠂ ᠨᠠᠷᠢᠯᠢᠭᠵᠢᠭᠤᠯᠤᠨ ᠬᠠᠮᠢᠶᠠᠷᠬᠤ᠎ᠪᠠᠨ ᠴᠢᠩᠭ᠋ᠠᠳᠬᠠᠵᠤ᠂ ᠰᠠᠭᠤᠷᠢᠰᠢᠬᠤ᠎ᠳᠤ ᠲᠠᠭ᠋ᠠᠯᠠᠮᠵᠢᠲᠠᠢ᠂ ᠤᠶᠤᠨᠯᠢᠭ ᠴᠢᠨᠠᠷᠲᠠᠢ᠂ ᠣᠶᠤᠨᠯᠢᠭ ᠬᠤᠳᠡ ᠵᠢ ᠵᠢᠱ᠌ᠢᠶ᠎ᠡ ᠦᠵᠡᠭᠦᠯᠦᠨ ᠪᠠᠶ᠋ᠢᠭᠤᠯᠤᠨ᠎ᠠ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠪᠠᠨ ᠪᠦᠭᠦ ᠲᠠᠯ᠎ᠠ᠎ᠪᠠᠷ ᠠᠬᠢᠭᠤᠯᠵᠤ᠂ ᠲᠥᠪᠯᠡᠷᠡᠭᠦᠯᠬᠦ᠎ᠳᠤ ᠲᠣᠬᠢᠷᠠᠮᠵᠢᠲᠠᠢ ᠪᠣᠯ ᠲᠥᠪᠯᠡᠷᠡᠭᠦᠯᠦᠨ᠂ ᠰᠢᠯᠵᠢᠭᠦᠯᠬᠦ᠎ᠳᠤ ᠲᠣᠬᠢᠷᠠᠮᠵᠢᠲᠠᠢ ᠪᠣᠯ ᠰᠢᠯᠵᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠥᠮᠥᠨ ᠠᠷᠠᠳ᠎ᠤᠨ ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠦᠨ᠂ ᠠᠵᠤ ᠲᠦᠷᠣᠵᠣ ᠠᠮᠢᠳᠤᠷᠠᠬᠤ᠎ᠳᠤ ᠲᠣᠬᠢᠷᠠᠮᠵᠢᠲᠠᠢ ᠡᠶ᠎ᠡ ᠨᠠᠶ᠋ᠢᠷᠲᠠᠢ ᠭᠤᠶᠣ ᠰᠠᠶ᠋ᠢᠬᠠᠨ ᠬᠥᠳᠡᠭᠡ ᠲᠣᠰᠬᠤᠨ᠎ᠢ ᠪᠦᠲᠦᠭᠡᠨ ᠪᠠᠶ᠋ᠢᠭᠤᠯᠤᠨ᠎ᠠ᠃ ᠣᠳᠣᠬᠢᠴᠢᠯᠠᠭᠰᠠᠨ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ 《ᠲᠤᠶ᠋ᠢᠯᠪᠤᠷᠢᠲᠠᠢ ᠰᠢᠢ᠍ᠳᠪᠦᠷᠢᠯᠡᠭᠰᠡᠨ》 ᠦᠷ᠎ᠡ ᠪᠦᠲᠦᠭᠡᠯ᠎ᠢ ᠰᠠᠶ᠋ᠢᠲᠤᠷ ᠠᠰᠢᠭᠯᠠᠵᠤ᠂ ᠮᠦ᠍ ᠪᠦᠷᠢ ᠵᠢᠨ ᠪᠡᠯᠡ ᠣᠷᠣᠭᠤᠯᠣᠯᠳᠡ᠎ᠪᠠᠷ ᠴᠢᠳᠠᠯᠲᠠᠨ᠎ᠢ ᠦᠨᠡᠯᠡᠬᠦ᠂ ᠮᠦ᠍ ᠪᠦᠷᠢ ᠵᠢᠨ ᠪᠦᠲᠦᠭᠡᠭᠳᠡᠬᠦᠨ᠎ᠤ ᠦᠷᠲᠡᠭ ᠵᠶ᠋ᠠᠷ ᠴᠢᠳᠠᠯᠲᠠᠨ᠎ᠢ ᠦᠨᠡᠯᠡᠬᠦ᠂ ᠮᠦ᠍ ᠪᠦᠷᠢ ᠵᠢᠨ ᠬᠤᠷᠣᠭᠳᠠᠯ᠎ᠢ ᠪᠠᠭ᠋ᠠᠰᠬᠠᠭᠰᠠᠨ ᠵᠶ᠋ᠠᠷ ᠴᠢᠳᠠᠯᠲᠠᠨ᠎ᠢ ᠦᠨᠡᠯᠡᠬᠦ ᠤᠳᠤᠷᠢᠳᠤᠮᠵᠢ᠎ᠪᠠᠨ ᠴᠢᠩᠳᠠᠯᠠᠨ᠂ ᠡᠨᠧᠷᠬᠢ ᠵᠢᠨ ᠬᠤᠷᠣᠭᠳᠠᠯ᠎ᠤᠨ 《ᠬᠤᠶᠠᠷ᠎ᠢ ᠬᠢᠵᠠᠭ᠋ᠠᠷᠯᠠᠬᠤ》 ᠪᠠᠶ᠋ᠢᠭᠰᠠᠨ᠎ᠠᠴᠠ ᠨᠡᠭᠦᠷᠡᠰᠣᠲᠦ᠋ᠷᠦᠭᠴᠢ ᠭᠠᠳᠠᠭᠰᠢᠯᠠᠭᠤᠯᠬᠤ ᠵᠢᠨ 《ᠬᠤᠶᠠᠷ᠎ᠢ ᠬᠢᠵᠠᠭ᠋ᠠᠷᠯᠠᠬᠤ》 ᠲᠡᠶ᠋ᠢᠰᠢ ᠬᠤᠪᠢᠷᠠᠭᠤᠯᠬᠤ ᠵᠢ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠵᠤ᠂ 《ᠣᠷᠣᠨ ᠪᠦᠰᠡ᠎ᠪᠠᠷ ᠦᠨᠡᠯᠡᠨ ᠵᠢᠱ᠌ᠢᠬᠦ + ᠪᠠᠷᠢᠮᠵᠢᠶᠠᠲᠤ ᠭᠠᠵᠠᠷ》᠎ᠤᠨ ᠵᠠᠭᠪᠤᠷ᠎ᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ᠎ᠲᠤ ᠣᠷᠣᠭᠰᠠᠨ ᠠᠵᠤ ᠦᠢ᠍ᠯᠡᠰ᠎ᠤᠨ ᠲᠦᠷᠣᠯ ᠵᠦᠢ᠍ᠯ᠎ᠤᠨ ᠡᠨᠧᠷᠬᠢ ᠵᠢᠨ ᠠᠰᠢᠭᠯᠠᠮᠵᠢ ᠵᠢᠨ ᠪᠠᠷᠢᠮᠵᠢᠶ᠎ᠠ ᠪᠠ ᠭᠠᠷᠭ᠋ᠠᠯᠲᠠ ᠵᠢᠨ ᠬᠢᠷᠢ ᠲᠦᠪᠰᠢᠨ᠎ᠢ ᠶᠡᠭᠡ᠎ᠪᠠᠷ ᠳᠡᠭᠡᠭᠰᠢᠯᠡᠭᠦᠯᠵᠦ᠂ ᠬᠢᠵᠠᠭ᠋ᠠᠷᠯᠠᠭᠳᠠᠭᠰᠠᠨ ᠦᠢ᠍ᠯᠡᠳᠪᠦᠷᠢᠯᠡᠬᠦ ᠴᠢᠳᠠᠮᠵᠢ ᠵᠢ᠎ᠨᠢ ᠪᠤᠴᠠᠭ᠋ᠠᠨ ᠭᠠᠷᠭ᠋ᠠᠬᠤ᠎ᠪᠠᠨ ᠲᠦᠷᠭᠡᠳᠬᠡᠵᠦ᠂ 《ᠬᠤᠶᠠᠷ ᠶᠡᠬᠡᠲᠡᠢ》 ᠲᠦᠷᠣᠯ ᠵᠦᠢ᠍ᠯ᠎ᠢ ᠳᠣᠣᠷ᠎ᠠ ᠬᠢᠷᠢ ᠲᠦᠪᠰᠢᠨ᠎ᠲᠠᠢ ᠰᠣᠬᠤᠷ ᠪᠠᠯᠠᠢ᠎ᠪᠠᠷ ᠬᠥᠭᠵᠢᠭᠦᠯᠬᠦ ᠵᠢ ᠡᠷᠡᠰ ᠬᠤᠷᠢᠭᠯᠠᠵᠤ᠂ ᠬᠦᠷᠢᠶᠡᠯᠡᠩ ᠲᠣᠭᠤᠷᠢᠭ᠎ᠤᠨ ᠠᠵᠤ ᠦᠢ᠍ᠯᠡᠰ᠎ᠤᠨ ᠲᠥᠪᠯᠡᠷᠡᠬᠦ ᠬᠡᠮᠵᠢᠶ᠎ᠡ᠂ ᠳᠠᠭ᠋ᠠᠭ᠋ᠠᠬᠤ ᠬᠦᠴᠦᠨ ᠪᠠ ᠪᠣᠬᠢᠷᠳᠤᠯ ᠦᠭᠡᠶ᠋ᠢᠳᠡᠭᠦᠯᠬᠦ ᠬᠢᠷᠢ ᠲᠦᠪᠰᠢᠨ᠎ᠢ᠎ᠨᠢ ᠪᠦᠭᠦ ᠲᠠᠯ᠎ᠠ᠎ᠪᠠᠷ ᠳᠡᠭᠡᠭᠰᠢᠯᠡᠭᠦᠯᠦᠨ᠎ᠡ᠃
    ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠪᠠᠷᠢᠮᠲᠠᠯᠠᠨ᠎ᠠ᠃ ᠪᠦᠭᠦ ᠲᠠᠯ᠎ᠠ᠎ᠪᠠᠷ ᠠᠷᠪᠢᠯᠠᠵᠤ ᠭᠠᠮᠨᠠᠬᠤ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ 《ᠲᠠᠪᠤ ᠵᠢ ᠲᠤᠶ᠋ᠢᠯᠪᠤᠷᠢᠲᠠᠢ ᠰᠢᠢ᠍ᠳᠪᠦᠷᠢᠯᠡᠬᠦ》 ᠠᠵᠢᠯᠯᠠᠭ᠋ᠠᠨ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠭᠠᠵᠠᠷ ᠰᠢᠷᠣᠢ ᠵᠢ ᠠᠰᠢᠭᠯᠠᠬᠤ᠂ ᠬᠤᠳᠡ ᠬᠥᠳᠡᠭᠡ ᠵᠢ ᠪᠦᠲᠦᠭᠡᠨ ᠪᠠᠶ᠋ᠢᠭᠤᠯᠬᠤ᠂ ᠡᠬᠢ ᠪᠠᠶᠠᠯᠢᠭ᠎ᠢ ᠨᠡᠭᠡᠭᠡᠬᠦ᠂ ᠬᠠᠲᠠᠭᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠵᠡᠷᠭᠡ ᠬᠦᠷᠢᠶᠡᠨ᠎ᠳᠠᠬᠢ ᠪᠦᠷᠢᠯᠭᠡᠨ ᠰᠦᠢ᠍ᠳᠬᠡᠬᠦ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠡᠨᠧᠷᠬᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ᠎ᠢ ᠪᠦᠭᠦ ᠲᠠᠯ᠎ᠠ᠎ᠪᠠᠷ ᠠᠷᠪᠢᠯᠠᠵᠤ ᠭᠠᠮᠨᠠᠬᠤ ᠵᠢ ᠠᠬᠢᠭᠤᠯᠤᠨ᠎ᠠ᠂ ᠣᠨᠴᠠᠭ᠋ᠠᠶ᠋ᠢᠯᠠᠨ ᠤᠰᠤ ᠵᠢ ᠰᠠᠶ᠋ᠢᠨ ᠠᠷᠪᠢᠯᠠᠵᠤ ᠤᠰᠤ ᠰᠠᠶ᠋ᠢᠨ ᠬᠢᠵᠠᠭ᠋ᠠᠷᠯᠠᠬᠤ ᠠᠵᠢᠯᠯᠠᠭ᠋ᠠᠨ᠎ᠢ ᠰᠠᠶ᠋ᠢᠲᠤᠷ ᠥᠷᠨᠢᠭᠦᠯᠵᠦ᠂ ᠲᠠᠷᠢᠶᠠᠯᠠᠩ᠎ᠤᠨ ᠤᠰᠤ ᠠᠷᠪᠢᠯᠠᠵᠤ ᠣᠨᠠᠯᠳᠡ᠎ᠪᠠᠨ ᠳᠡᠭᠡᠭᠰᠢᠯᠡᠭᠦᠯᠭᠦ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠭᠠᠳᠠᠭᠰᠢᠯᠠᠭᠤᠯᠤᠯᠲᠠ᠎ᠪᠠᠨ ᠪᠠᠭ᠋ᠠᠰᠬᠠᠬᠤ᠂ ᠬᠤᠳᠡ ᠪᠠᠯᠭ᠋ᠠᠰᠤᠨ᠎ᠤ ᠤᠰᠤ ᠠᠷᠪᠢᠯᠠᠵᠤ ᠰᠦᠢ᠍ᠳᠬᠡᠬᠦ ᠵᠢ ᠪᠠᠭ᠋ᠠᠰᠬᠠᠬᠤ ᠪᠠ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠵᠤ ᠬᠡᠷᠡᠭᠯᠡᠬᠦ ᠵᠢ ᠶᠡᠷᠦᠩᠬᠡᠶ᠋ᠢᠯᠡᠨ ᠵᠠᠰᠠᠬᠤ᠂ ᠳᠠᠬᠢᠯᠲᠠ ᠤᠰᠤ ᠵᠢ ᠠᠰᠢᠭᠯᠠᠬᠤ᠎ᠪᠠᠨ ᠬᠦᠴᠦᠲᠡᠢ ᠠᠬᠢᠭᠤᠯᠤᠨ᠎ᠠ᠂ ᠢᠯᠠᠩᠭᠤᠶ᠎ᠠ 《ᠬᠤᠭᠤᠰᠤᠨ ᠭᠠᠵᠠᠷ᠎ᠢ ᠤᠰᠤᠯᠠᠬᠤ》 ᠵᠡᠷᠭᠡ ᠲᠠᠷᠢᠶᠠᠯᠠᠩ᠎ᠤᠨ ᠤᠰᠤ ᠰᠦᠢ᠍ᠳᠬᠡᠬᠦ ᠠᠰᠠᠭᠤᠳᠠᠯ᠎ᠢ ᠭᠤᠣᠯᠳᠠᠭ᠎ᠠ᠎ᠲᠠᠢ ᠰᠢᠢ᠍ᠳᠪᠦᠷᠢᠯᠡᠵᠦ᠂ ᠤᠰᠤ ᠵᠢ ᠠᠷᠪᠢᠯᠠᠵᠤ ᠤᠰᠤ ᠵᠢ ᠠᠰᠢᠭᠲᠠᠢ ᠬᠡᠷᠡᠭᠯᠡᠬᠦ ᠪᠣᠯᠭ᠋ᠠᠨ᠎ᠠ᠃ ᠠᠭᠤᠯᠠ ᠤᠰᠤ ᠣᠢ ᠲᠠᠷᠢᠶ᠎ᠡ ᠨᠠᠭᠤᠷ ᠪᠡᠯᠴᠢᠭᠡᠷ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠲᠤᠷᠰᠢᠯᠲᠠ ᠵᠢᠨ ᠲᠣᠭᠤᠷᠢᠭ᠎ᠢ ᠡᠭᠦᠳᠦᠨ ᠪᠠᠶ᠋ᠢᠭᠤᠯᠬᠤ᠎ᠪᠠᠷ ᠭᠠᠷᠳᠠᠴᠠ ᠪᠣᠯᠭ᠋ᠠᠵᠣ᠂ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠭᠰᠠᠨ ᠵᠶ᠋ᠠᠷ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠤᠨ᠂ ᠴᠢᠬᠤᠯᠠ ᠪᠣᠯᠬᠤ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠵᠤ ᠰᠡᠷᠭᠦᠭᠡᠨ ᠵᠠᠰᠠᠬᠤ ᠢᠨᠵᠧᠨᠧᠷᠢᠩ᠎ᠢ ᠬᠦᠴᠦᠯᠡᠨ ᠬᠡᠷᠡᠭᠵᠢᠭᠦᠯᠵᠦ᠂ ᠤᠯᠤᠰ᠎ᠤᠨ ᠭᠠᠵᠠᠷ ᠰᠢᠷᠣᠢ ᠵᠢ ᠨᠣᠭᠤᠭ᠋ᠠᠷᠠᠭᠤᠯᠬᠤ ᠪᠠ ᠡᠯᠡᠰᠦ ᠮᠠᠩᠬ᠎ᠠ ᠵᠢ ᠰᠡᠷᠭᠡᠶ᠋ᠢᠯᠡᠨ ᠵᠠᠰᠠᠬᠤ ᠡᠭᠦᠷᠭᠡ᠎ᠪᠠᠨ ᠴᠢᠨᠠᠷ ᠰᠠᠶ᠋ᠢᠲᠠᠢ ᠪᠡᠶᠡᠯᠡᠭᠦᠯᠵᠦ᠂ ᠬᠠᠳᠣᠨ ᠭᠤᠣᠯ᠂ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ》᠂ ᠴᠠᠭ᠋ᠠᠨᠨᠠᠭᠤᠷ ᠵᠡᠷᠭᠡ ᠭᠤᠣᠯᠳᠠᠯᠭ᠎ᠠ ᠪᠣᠯᠬᠤ ᠨᠠᠭᠤᠷ ᠭᠤᠣᠯ᠎ᠢ ᠶᠡᠷᠦᠩᠬᠡᠶ᠋ᠢᠯᠡᠨ ᠵᠠᠰᠠᠬᠤ᠂ ᠬᠥᠯᠥᠨ ᠪᠦᠢ᠍ᠷ᠎ᠲᠤ ᠠᠮᠢ ᠠᠬᠤᠢ ᠵᠢᠨ ᠪᠦᠲᠦᠭᠡᠭᠳᠡᠬᠦᠨ᠎ᠤ ᠦᠨ᠎ᠡ ᠦᠷᠲᠡᠭ᠎ᠤᠨ ᠪᠡᠶᠡᠯᠡᠭᠳᠡᠯ᠎ᠤᠨ ᠲᠣᠭᠲᠠᠴᠠ ᠵᠢᠨ ᠲᠤᠷᠰᠢᠯᠲᠠ ᠵᠢᠨ ᠴᠡᠭ ᠥᠷᠨᠢᠭᠦᠯᠬᠦ ᠵᠢ ᠳᠡᠮᠵᠢᠨ᠎ᠡ᠃ ᠴᠡᠩᠬᠡᠷ ᠣᠭᠲᠠᠷᠭᠤᠢ᠂ ᠴᠡᠩᠭᠡᠭ ᠤᠰᠤ᠂ ᠴᠡᠪᠡᠷ ᠭᠠᠵᠠᠷ ᠰᠢᠷᠣᠢ ᠵᠢᠨ ᠬᠠᠮᠠᠭ᠋ᠠᠯᠠᠯᠲᠠ ᠵᠢᠨ ᠳᠠᠶ᠋ᠢᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠬᠦᠨᠳᠦ ᠪᠣᠬᠢᠷᠲᠤᠭᠰᠠᠨ ᠠᠭ᠋ᠠᠷ᠎ᠢ ᠰᠡᠷᠭᠡᠶ᠋ᠢᠯᠡᠨ ᠵᠠᠰᠠᠬᠤ᠂ ᠪᠠᠷᠢᠮᠵᠢᠶ᠎ᠠ᠎ᠳᠤ ᠨᠡᠶ᠋ᠢᠴᠡᠬᠦ ᠦᠭᠡᠢ ᠣᠭᠲᠣᠯᠣᠭ᠋ᠠᠰᠤ ᠵᠢᠨ ᠣᠰᠦᠨ ᠪᠡᠶᠡᠲᠦ ᠵᠢ ᠴᠡᠭᠴᠡᠯᠡᠨ ᠵᠠᠰᠠᠬᠤ ᠪᠠ ᠲᠠᠷᠢᠶᠠᠯᠠᠩ᠎ᠤᠨ ᠪᠣᠷᠳᠣᠭᠤᠷ ᠬᠡᠷᠡᠭᠯᠡᠬᠦ ᠵᠢ ᠬᠢᠵᠠᠭ᠋ᠠᠷᠯᠠᠬᠤ᠂ ᠲᠠᠷᠢᠶᠠᠨ ᠡᠮ ᠬᠡᠷᠡᠭᠯᠡᠬᠦ ᠵᠢ ᠬᠢᠵᠠᠭ᠋ᠠᠷᠯᠠᠬᠤ᠂ ᠤᠰᠤ ᠬᠡᠷᠡᠭᠯᠡᠬᠦ ᠵᠢ ᠬᠢᠵᠠᠭ᠋ᠠᠷᠯᠠᠬᠤ᠂ ᠨᠢᠮᠭᠡᠨ ᠪᠦᠷᠬᠦᠭᠴᠢ ᠬᠡᠷᠡᠭᠯᠡᠬᠦ ᠵᠢ ᠬᠢᠵᠠᠭ᠋ᠠᠷᠯᠠᠬᠤ ᠠᠵᠢᠯᠯᠠᠭ᠋ᠠᠨ᠎ᠢ ᠲᠣᠪᠣᠶ᠋ᠢᠮ᠎ᠠ ᠰᠠᠶ᠋ᠢᠨ ᠠᠳᠬᠤᠵᠤ᠂ ᠥᠪᠥᠷ ᠮᠣᠩᠭᠤᠯ᠎ᠤᠨ ᠡᠨᠡ ᠬᠦ᠌ ᠨᠣᠮᠢᠨ ᠨᠣᠭᠤᠭ᠋ᠠᠨ᠂ ᠴᠡᠩᠬᠡᠷ ᠬᠥᠬᠡ᠂ ᠴᠡᠪᠡᠷ ᠲᠤᠩᠭ᠋ᠠᠯᠠᠭ᠎ᠢ ᠡᠷᠡᠰ ᠰᠠᠬᠢᠨ ᠬᠠᠮᠠᠭ᠋ᠠᠯᠠᠨ᠎ᠠ᠃
   (ᠳᠥᠷᠪᠡ) ᠰᠢᠪᠲᠤᠯᠤᠯᠲᠠ ᠬᠢᠬᠦ ᠠᠷᠭ᠎ᠠ ᠬᠡᠮᠵᠢᠶ᠎ᠡ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠠᠬᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠰᠠᠭᠤᠷᠢᠯᠠᠭᠴᠢ ᠴᠢᠨᠠᠷ᠂ ᠪᠠᠶ᠋ᠢᠯᠳᠤᠬᠤ ᠪᠣᠳᠣᠯᠭ᠋ᠠᠲᠤ ᠴᠢᠨᠠᠷ᠎ᠤᠨ ᠲᠤᠯᠭ᠋ᠠᠭᠤᠷᠢᠯᠠᠯ᠎ᠢ ᠲᠠᠰᠣᠷᠠᠯᠳᠡ ᠦᠭᠡᠢ ᠴᠢᠩᠭ᠋ᠠᠷᠠᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠮᠠᠨ᠎ᠤ ᠣᠷᠣᠨ᠎ᠤ ᠳᠤᠲᠠᠭᠤᠳᠠᠯ᠎ᠲᠠᠢ ᠲᠠᠯ᠎ᠠ ᠪᠣᠯᠣᠨ᠎ᠠ᠂ ᠮᠥᠨ ᠴᠦ᠍ ᠴᠢᠨᠠᠷ ᠰᠠᠶ᠋ᠢᠲᠠᠢ ᠬᠥᠭᠵᠢᠯᠲᠡ᠎ᠳᠤ ᠰᠢᠢ᠍ᠳᠪᠦᠷᠢᠯᠡᠭᠴᠢ ᠦᠢ᠍ᠯᠡᠳᠦᠯ᠎ᠲᠠᠢ ᠵᠠᠩᠭᠢᠯᠠᠭ᠎ᠠ ᠪᠣᠯᠬᠤᠷ᠂ ᠡᠷᠬᠡᠪᠰᠢ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠢ ᠬᠠᠮᠲᠤ᠎ᠳᠤ᠎ᠨᠢ ᠠᠳᠬᠤᠬᠤ ᠵᠢ ᠪᠠᠷᠢᠮᠲᠠᠯᠠᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠪᠠᠶ᠋ᠢᠯᠳᠤᠬᠤ ᠪᠣᠳᠣᠯᠭ᠎ᠠ ᠵᠢ ᠰᠠᠶ᠋ᠢᠲᠤᠷ ᠬᠡᠷᠡᠭᠵᠢᠭᠦᠯᠦᠨ᠎ᠡ᠃
    ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠭᠤᠯᠣᠯᠳᠡ ᠵᠢ ᠳᠠᠬᠢᠨᠲᠠ ᠨᠡᠮᠡᠭᠳᠡᠭᠦᠯᠦᠨ᠎ᠡ᠃ ᠵᠠᠰᠠᠭ᠎ᠤᠨ ᠣᠷᠳᠣᠨ ᠲᠦᠷᠦᠭᠦᠯᠡᠨ ᠰᠢᠪᠲᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠠᠴᠠ ᠲᠣᠬᠢᠷᠠᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠲᠦᠷᠣᠯ᠎ᠤᠨ ᠪᠡᠯᠡ ᠮᠥᠩᠭᠦ ᠵᠢ 20% ᠨᠡᠮᠡᠭᠳᠡᠭᠦᠯᠦᠨ᠂ ᠡᠯ᠎ᠡ ᠲᠦᠷᠣᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠰᠢᠨ᠎ᠡ ᠵᠢ ᠡᠭᠦᠳᠬᠦ᠎ᠪᠠᠷ ᠰᠡᠳᠬᠢᠬᠦ᠂ ᠵᠣᠷᠢᠭᠲᠠᠢ᠎ᠪᠠᠷ ᠰᠢᠨ᠎ᠡ ᠵᠢ ᠡᠭᠦᠳᠬᠦ᠂ ᠰᠢᠨ᠎ᠡ ᠵᠢ ᠡᠭᠦᠳᠴᠦ ᠲᠠᠶ᠋ᠢᠯᠭᠦ ᠪᠣᠯᠭ᠋ᠠᠨ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠤᠨ᠎ᠠ᠃ ᠠᠵᠤ ᠠᠬᠤᠶ᠋ᠢᠯᠠᠯ᠎ᠤᠳ ᠭᠤᠣᠯᠯᠠᠬᠤ ᠦᠢ᠍ᠯᠡᠳᠦᠯ ᠦᠵᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠳᠤ ᠰᠤᠳᠤᠯᠤᠨ ᠨᠡᠭᠡᠭᠡᠬᠦ ᠪᠠᠶ᠋ᠢᠭᠤᠯᠤᠮᠵᠢ ᠲᠣᠬᠢᠷᠠᠭᠤᠯᠬᠤ᠂ ᠰᠤᠳᠤᠯᠤᠨ ᠨᠡᠭᠡᠭᠡᠬᠦ ᠠᠵᠢᠯᠯᠠᠭ᠋ᠠᠨ ᠥᠷᠨᠢᠭᠦᠯᠬᠦ᠂ ᠰᠤᠳᠤᠯᠤᠨ ᠨᠡᠭᠡᠭᠡᠬᠦ ᠣᠷᠣᠭᠤᠯᠣᠯᠳᠡ ᠵᠢ᠎ᠨᠢ ᠨᠡᠮᠡᠭᠳᠡᠭᠦᠯᠬᠦ 《ᠭᠤᠷᠪᠠ ᠵᠢ ᠨᠡᠶ᠋ᠢᠳᠡᠮ ᠬᠠᠮᠤᠷᠬᠤ》 ᠲᠥᠯᠥᠪᠯᠡᠭᠡ ᠵᠢ ᠬᠡᠷᠡᠭᠵᠢᠭᠦᠯᠦᠨ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ᠎ᠪᠠᠨ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠤᠨ᠎ᠠ᠃ ᠰᠢᠨ᠎ᠡ ᠵᠢ ᠡᠭᠦᠳᠬᠦ ᠬᠡᠯᠪᠡᠷᠢ ᠪᠦᠬᠦᠢ ᠠᠵᠤ ᠠᠬᠤᠶ᠋ᠢᠯᠠᠯ᠎ᠤᠨ 《ᠬᠤᠣᠰ ᠳᠠᠬᠢᠨ ᠨᠡᠮᠡᠭᠳᠡᠬᠦ ᠪᠠ ᠬᠤᠶᠠᠷ᠎ᠢ ᠳᠡᠭᠡᠭᠰᠢᠯᠡᠭᠦᠯᠭᠦ》 ᠠᠵᠢᠯᠯᠠᠭ᠋ᠠᠨ᠎ᠢ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ 300᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶ᠋ᠢᠯᠠᠯ᠎ᠢ 400 ᠰᠢᠨ᠎ᠡ᠎ᠪᠠᠷ ᠨᠡᠮᠡᠭᠳᠡᠭᠦᠯᠦᠨ᠎ᠡ᠃
    ᠰᠢᠨ᠎ᠡ ᠵᠢ ᠡᠭᠦᠳᠬᠦ ᠲᠠᠪᠴᠠᠩ᠎ᠢ ᠳᠠᠬᠢᠨᠲᠠ ᠴᠢᠩᠭ᠋ᠠᠷᠠᠭᠤᠯᠤᠨ᠎ᠠ᠃ ᠨᠢᠭᠡᠨᠲᠡ ᠵᠥᠪᠰᠢᠶᠡᠷᠡᠭᠳᠡᠭᠰᠡᠨ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠂ ᠪᠠᠶᠠᠨᠨᠠᠭᠤᠷ᠎ᠲᠠᠬᠢ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠭᠦ ᠲᠣᠭᠤᠷᠢᠭ᠂ ᠣᠷᠳᠣᠰ᠎ᠲᠠᠬᠢ ᠤᠯᠤᠰ᠎ᠤᠨ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠤᠨ ᠰᠢᠨ᠎ᠡ ᠡᠭᠦᠳᠦᠯᠲᠡ ᠵᠢᠨ ᠵᠢᠱ᠌ᠢᠶ᠎ᠡ ᠦᠵᠡᠭᠦᠯᠭᠦ ᠲᠣᠭᠤᠷᠢᠭ ᠪᠠ ᠤᠯᠤᠰ᠎ᠤᠨ ᠭᠤᠣᠯᠳᠠᠯᠭ᠎ᠠ ᠪᠣᠯᠬᠤ ᠲᠤᠷᠰᠢᠯᠲᠠ ᠵᠢᠨ ᠲᠠᠰᠤᠭ᠂ ᠰᠢᠨ᠎ᠡ᠎ᠪᠠᠷ ᠪᠠᠶ᠋ᠢᠭᠤᠯᠤᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠤᠯ᠎ᠤᠨ ᠬᠦᠷᠢᠶᠡᠯᠡᠩ ᠵᠡᠷᠭᠡ ᠰᠤᠳᠤᠯᠤᠯ᠎ᠤᠨ ᠪᠠᠶ᠋ᠢᠭᠤᠯᠤᠮᠵᠢ᠎ᠨᠤᠭᠤᠳ ᠤᠯᠤᠰ᠎ᠤᠨ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠭᠦᠷᠭᠡ ᠵᠢ ᠢᠳᠡᠪᠬᠢᠲᠡᠢ ᠡᠭᠦᠷᠭᠡᠯᠡᠵᠦ᠂ ᠰᠢᠨ᠎ᠡ ᠵᠢ ᠡᠭᠦᠳᠬᠦ ᠢᠨᠵᠧᠨᠧᠷᠢᠩ᠎ᠤᠨ ᠲᠣᠳᠣᠷᠬᠠᠢ ᠬᠠᠭᠤᠳᠠᠰᠤ ᠪᠠ ᠵᠢᠱ᠌ᠢᠶ᠎ᠡ ᠦᠵᠡᠭᠦᠯᠭᠦ ᠲᠦᠷᠣᠯ ᠵᠦᠢ᠍ᠯ᠎ᠤᠨ ᠲᠣᠳᠣᠷᠬᠠᠢ ᠬᠠᠭᠤᠳᠠᠰᠤ ᠵᠢ ᠵᠢᠭᠰᠠᠭ᠋ᠠᠨ ᠭᠠᠷᠭ᠋ᠠᠵᠤ᠂ ᠠᠵᠢᠯ ᠲᠦᠷᠣᠯ᠎ᠢ ᠡᠷᠴᠢᠯᠡᠬᠦ᠂ ᠭᠠᠵᠠᠷ ᠣᠷᠣᠨ᠎ᠢ ᠬᠥᠭᠵᠢᠭᠡᠬᠦ ᠨᠡᠩ ᠣᠯᠠᠨ ᠦᠷ᠎ᠡ ᠪᠦᠲᠦᠭᠡᠯ᠎ᠢ ᠭᠠᠷᠭ᠋ᠠᠨ᠎ᠠ᠃ ᠡᠭᠦᠳᠦᠨ ᠪᠠᠶ᠋ᠢᠭᠤᠯᠵᠤ ᠪᠠᠶ᠋ᠢᠭ᠎ᠠ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠂ ᠡᠪᠡᠰᠦᠨ (ᠦᠷ᠎ᠡ ᠡᠭᠦᠯᠳᠡᠷ)᠎ᠤ ᠦᠢ᠍ᠯᠡᠰ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ ᠪᠠ ᠬᠦᠬᠡᠬᠤᠳᠠ ᠪᠤᠭᠤᠲᠤ ᠣᠷᠳᠣᠰ᠎ᠲᠠᠬᠢ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠰᠢᠨ᠎ᠡ ᠡᠭᠦᠳᠦᠯᠲᠡ ᠵᠢᠨ ᠵᠢᠱ᠌ᠢᠶ᠎ᠡ ᠦᠵᠡᠭᠦᠯᠭᠦ ᠲᠣᠭᠤᠷᠢᠭ᠂ ᠬᠤᠸᠠᠢ ᠷᠧᠦ ᠵᠢᠨ ᠲᠤᠷᠰᠢᠯᠲᠠ ᠵᠢᠨ ᠲᠠᠰᠤᠭ᠎ᠤᠨ ᠥᠪᠥᠷ ᠮᠣᠩᠭᠤᠯ᠎ᠤᠨ ᠰᠠᠭᠤᠷᠢᠨ ᠭᠠᠵᠠᠷ᠎ᠤᠳ ᠳᠦᠷᠢᠮ᠂ ᠬᠠᠮᠢᠶᠠᠷᠤᠯᠲᠠ᠂ ᠴᠢᠳᠠᠪᠤᠷᠢᠲᠠᠨ᠂ ᠦᠢ᠍ᠯᠡᠴᠢᠯᠡᠭᠡ ᠵᠡᠷᠭᠡ ᠲᠠᠯ᠎ᠠ᠎ᠪᠠᠷ ᠦᠨᠡᠨ ᠪᠣᠳᠠᠲᠠᠢ ᠠᠷᠭ᠎ᠠ ᠪᠠᠷᠢᠯ ᠠᠪᠴᠤ᠂ ᠪᠣᠯᠤᠮᠠᠷ ᠰᠠᠶ᠋ᠢᠨ ᠦᠷ᠎ᠡ ᠪᠦᠲᠦᠭᠡᠯ ᠭᠠᠷᠭ᠋ᠠᠵᠤ ᠦᠵᠡᠭᠦᠯᠦᠨ᠎ᠡ᠃
    ᠰᠢᠨ᠎ᠡ ᠵᠢ ᠡᠭᠦᠳᠬᠦ ᠬᠡᠯᠬᠢᠶᠡᠨ᠎ᠤ ᠪᠠᠶ᠋ᠢᠷᠢᠰᠢᠭᠤᠯᠤᠯᠲᠠ᠎ᠳᠤ ᠳᠠᠬᠢᠨᠲᠠ ᠬᠦᠴᠦᠨ ᠨᠡᠮᠡᠷᠢᠯᠡᠨ᠎ᠡ᠃ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶᠡᠨ᠎ᠤ ᠲᠣᠭᠤᠷᠢᠨ᠎ᠳᠤ ᠰᠢᠨ᠎ᠡ ᠵᠢ ᠡᠭᠦᠳᠬᠦ ᠬᠡᠯᠬᠢᠶ᠎ᠡ ᠪᠠᠶ᠋ᠢᠷᠢᠰᠢᠭᠤᠯᠬᠤ ᠵᠢ ᠪᠠᠷᠢᠮᠲᠠᠯᠠᠨ᠂ ᠮᠠᠨ᠎ᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ ᠣᠷᠣᠭᠤᠯᠬᠤ ᠬᠠᠨᠳᠤᠰᠢ ᠪᠠ ᠰᠢᠨᠵᠢᠯᠡᠬᠦ ᠤᠬᠠᠭ᠋ᠠᠨ᠎ᠤ ᠰᠤᠳᠤᠯᠬᠤ ᠲᠦᠷᠣᠯ ᠵᠦᠢ᠍ᠯ᠎ᠤᠨ ᠪᠠᠶ᠋ᠢᠷᠢᠰᠢᠭᠤᠯᠤᠯᠲᠠ ᠵᠢ ᠡᠨᠧᠷᠬᠢ᠂ ᠰᠦ ᠵᠢᠨ ᠦᠢ᠍ᠯᠡᠰ᠂ ᠡᠪᠡᠰᠦᠨ᠎ᠤ ᠦᠢ᠍ᠯᠡᠰ᠂ ᠦᠷ᠎ᠡ ᠡᠭᠦᠯᠳᠡᠷ᠎ᠤᠨ ᠦᠢ᠍ᠯᠡᠰ᠂ ᠬᠤᠪᠣᠷ ᠰᠢᠷᠣᠢ ᠵᠡᠷᠭᠡ ᠭᠤᠣᠯᠳᠠᠯᠭ᠎ᠠ ᠪᠣᠯᠬᠤ ᠬᠦᠷᠢᠶᠡᠨ᠎ᠳᠤ ᠲᠥᠪᠯᠡᠷᠡᠭᠦᠯᠬᠦ ᠵᠢ ᠠᠬᠢᠭᠤᠯᠤᠨ᠂ ᠰᠠᠶ᠋ᠢᠨ ᠠᠷᠭ᠎ᠠ ᠬᠢᠳᠡᠯ ᠵᠶ᠋ᠠᠨ ᠣᠨᠢᠨ ᠳᠡᠭᠡᠷ᠎ᠡ᠎ᠨᠢ ᠬᠡᠷᠡᠭᠯᠡᠵᠦ ᠢᠳᠡ ᠬᠦᠴᠦ ᠵᠢ᠎ᠨᠢ ᠪᠠᠳᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠡᠨᠡ ᠵᠢᠯ 《ᠮᠧᠩ ᠺᠧ ᠵᠢᠦᠢ》 ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠭᠦᠳᠦᠯᠲᠡ ᠵᠢᠨ 《ᠨᠢᠭᠡᠳᠪᠦᠷᠢ ᠰᠦᠯᠵᠢᠶ᠎ᠡ》 ᠵᠢ ᠪᠦᠭᠦ ᠬᠦᠴᠦᠨ ᠵᠶ᠋ᠠᠷ ᠵᠶ᠋ᠠᠨ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠵᠤ ᠨᠡᠭᠡᠭᠡᠬᠦ᠂ ᠬᠥᠷᠥᠩᠭᠡ ᠵᠢᠨ ᠭᠦᠢ᠍ᠯᠭᠡᠭᠡᠨ ᠠᠵᠢᠯᠯᠠᠬᠤ᠂ ᠲᠦᠷᠣᠯ ᠵᠦᠢ᠍ᠯ᠎ᠢ ᠨᠡᠪᠴᠢᠭᠦᠯᠬᠦ᠂ ᠦᠷ᠎ᠡ ᠪᠦᠲᠦᠭᠡᠯ᠎ᠢ ᠤᠯᠠᠷᠢᠭᠤᠯᠬᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢ ᠬᠠᠮᠠᠭ᠋ᠠᠯᠠᠬᠤ ᠵᠡᠷᠭᠡ ᠴᠢᠳᠠᠮᠵᠢ ᠵᠢ ᠬᠤᠷᠠᠭᠤᠯᠤᠨ᠂ ᠰᠢᠨ᠎ᠡ ᠵᠢ ᠡᠭᠦᠳᠬᠦ ᠬᠦᠴᠦᠨ ᠵᠦᠢ᠍ᠯ᠎ᠤᠨ ᠤᠷᠢᠳ ᠵᠶ᠋ᠠᠷ 《ᠪᠥᠭᠡᠭᠡᠨᠡᠷᠡᠨ》᠂ ᠳᠠᠬᠢᠭ᠋ᠠᠣᠨ 《ᠨᠡᠶ᠋ᠢᠯᠡᠯᠲᠡ》᠎ᠲᠠᠢ ᠪᠣᠯᠬᠤ ᠵᠢ ᠠᠬᠢᠭᠤᠯᠵᠤ᠂ ᠡᠨᠡ ᠬᠦ᠌ ᠰᠢᠨ᠎ᠡ ᠵᠢ ᠡᠭᠦᠳᠬᠦ ᠬᠥᠳᠡᠯᠭᠡᠭᠦᠷ᠎ᠤᠨ ᠬᠦᠷᠳᠦ ᠵᠢ ᠡᠷᠭᠢᠯᠳᠦᠭᠦᠯᠵᠦ ᠬᠤᠷᠳᠤᠳᠬᠠᠨ᠎ᠠ᠃
    ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ᠎ᠪᠠᠨ ᠳᠠᠬᠢᠨᠲᠠ ᠴᠢᠩᠭ᠋ᠠᠳᠬᠠᠨ᠎ᠠ᠃ ᠠᠷᠭ᠎ᠠ ᠪᠦᠭᠦᠨ᠎ᠢ ᠰᠦᠪᠡᠭᠴᠢᠯᠡᠵᠦ ᠪᠠᠶ᠋ᠢᠭ᠋ᠠᠳ ᠣᠷᠣᠭᠤᠯᠵᠤ ᠠᠪᠴᠢᠷᠠᠭᠰᠠᠨ ᠠᠺᠠᠳᠧᠮᠢᠴᠢ᠂ ᠰᠢᠯᠭ᠋ᠠᠷᠠᠭᠰᠠᠨ ᠵᠠᠯᠠᠭᠤᠴᠤᠳ ᠵᠡᠷᠭᠡ ᠴᠢᠳᠠᠪᠤᠷᠢᠲᠠᠨ᠎ᠤ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ᠎ᠳᠤ ᠨᠡᠩ ᠠᠰᠢᠭᠲᠠᠢ ᠨᠥᠬᠦᠴᠡᠯ ᠪᠦᠷᠢᠯᠳᠦᠭᠦᠯᠵᠦ ᠥᠭᠬᠦ ᠵᠢᠨ ᠬᠠᠮᠲᠤ᠂ ᠰᠠᠶ᠋ᠢᠨ ᠲᠦᠷᠣ ᠵᠢᠨ ᠪᠣᠳᠣᠯᠭ᠎ᠠ᠂ ᠰᠠᠶ᠋ᠢᠬᠠᠨ ᠣᠷᠴᠢᠨ ᠲᠣᠭᠤᠷᠢᠨ ᠵᠶ᠋ᠠᠷ ᠨᠡᠩ ᠣᠯᠠᠨ ᠴᠢᠳᠠᠪᠤᠷᠢᠲᠠᠨ᠎ᠢ ᠲᠠᠲᠠᠵᠤ ᠠᠪᠴᠢᠷᠠᠨ 《ᠭᠠᠷᠤᠳᠢ ᠭᠠᠯᠪᠢᠩᠭ᠎ᠠ ᠵᠢ ᠤᠷᠢᠳ᠎ᠠᠴᠠ ᠨᠢᠰᠴᠦ ᠢᠷᠡᠭᠦᠯᠦᠨ》᠂ 《ᠬᠠᠯᠢᠭᠤᠨ ᠭᠠᠯᠠᠭᠤ ᠵᠢ ᠤᠮᠠᠷᠠᠲᠤ᠎ᠳᠤ᠎ᠪᠠᠨ ᠪᠤᠴᠠᠵᠤ ᠢᠷᠡᠭᠦᠯᠦᠨ᠎ᠡ》᠃ ᠡᠭᠦᠨ᠎ᠤ ᠬᠠᠮᠲᠤ ᠨᠤᠲᠤᠭ᠎ᠤᠨ ᠴᠢᠳᠠᠪᠤᠷᠢᠲᠠᠨ᠎ᠢ ᠬᠠᠷᠠᠭ᠋ᠠᠯᠵᠠᠨ ᠬᠠᠯᠠᠮᠵᠢᠯᠠᠵᠤ᠂ ᠲᠡᠳᠡᠨᠣᠰ᠎ᠤᠨ ᠰᠡᠳᠬᠢᠯ ᠠᠮᠤᠷ ᠠᠵᠢᠯᠯᠠᠵᠤ ᠦᠢ᠍ᠯᠡᠰ ᠪᠣᠰᠬᠠᠨ᠂ ᠨᠤᠲᠤᠭ ᠤᠰᠤᠨ᠎ᠳᠤ᠎ᠪᠠᠨ ᠦᠨᠡᠨ ᠰᠡᠳᠬᠢᠯ᠎ᠠᠴᠠ᠎ᠪᠠᠨ ᠬᠤᠪᠢ ᠨᠡᠮᠡᠷᠢ ᠦᠵᠡᠭᠦᠯᠭᠦ ᠵᠢ ᠳᠠᠶ᠋ᠢᠴᠢᠯᠡᠨ᠎ᠡ᠃ ᠰᠤᠷᠭ᠋ᠠᠨ ᠬᠥᠮᠦᠵᠢᠯ ᠵᠶ᠋ᠠᠷ ᠴᠢᠳᠠᠪᠤᠷᠢᠲᠠᠨ᠎ᠢ ᠬᠥᠮᠥᠵᠢᠭᠦᠯᠬᠦ ᠪᠣᠯ ᠮᠠᠨ᠎ᠤ ᠣᠷᠣᠨ᠎ᠤ ᠪᠠᠭᠤᠷᠠᠢ ᠲᠠᠯ᠎ᠠ ᠪᠠᠶ᠋ᠢᠵᠤ᠂ ᠵᠠᠩᠭᠢᠯᠠᠭ᠎ᠠ᠎ᠨᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠢ ᠴᠢᠨᠠᠷ ᠰᠠᠶ᠋ᠢᠲᠠᠢ ᠬᠥᠭᠵᠢᠯᠲᠡ᠎ᠯᠦᠭᠡ ᠠᠪᠴᠠᠯᠳᠤᠭᠤᠯᠬᠤ᠎ᠳᠤ ᠪᠠᠶ᠋ᠢᠨ᠎ᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠨᠢ ᠬᠥᠲᠥᠴᠢ ᠠᠵᠤ ᠠᠬᠤᠶ᠋ᠢᠯᠠᠯ᠎ᠯᠤᠭ᠎ᠠ 《ᠬᠤᠯᠪᠣᠭ᠋ᠠᠯᠠᠬᠤ》 ᠵᠢ ᠴᠢᠬᠤᠯᠠᠴᠢᠯᠠᠨ᠂ 《ᠵᠠᠬᠢᠶᠠᠯᠠᠭ᠎ᠠ ᠵᠢᠨ ᠮᠠᠶᠢᠭ》 ᠵᠶ᠋ᠠᠷ ᠬᠥᠮᠥᠵᠢᠭᠦᠯᠬᠦ ᠵᠢ ᠠᠬᠢᠭᠤᠯᠵᠤ᠂ 《ᠤᠷᠠᠨ ᠳᠠᠷᠬᠠᠨ᠎ᠤ ᠠᠩᠭᠢ》 ᠵᠢᠨ ᠲᠥᠯᠥᠪᠯᠡᠭᠡ ᠵᠢ ᠬᠡᠷᠡᠭᠵᠢᠭᠦᠯᠵᠦ᠂ ᠥᠨᠳᠥᠷ ᠬᠡᠪ ᠴᠢᠨᠠᠷ ᠪᠦᠬᠦᠢ ᠤᠷ᠎ᠠ ᠮᠡᠷᠭᠡᠰᠢᠯ᠎ᠲᠠᠢ ᠴᠢᠳᠠᠪᠤᠷᠢᠲᠠᠨ᠎ᠢ ᠬᠠᠮᠲᠤ᠎ᠪᠠᠷ ᠬᠥᠮᠥᠵᠢᠭᠦᠯᠵᠦ᠂ 40 ᠠᠵᠤ ᠠᠬᠤᠶ᠋ᠢᠯᠠᠯ᠎ᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠯᠤᠭ᠎ᠠ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠬᠦ ᠵᠢ᠎ᠨᠢ ᠭᠤᠣᠯᠳᠠᠯᠭ᠎ᠠ᠎ᠲᠠᠢ ᠠᠬᠢᠭᠤᠯᠤᠨ᠂ ᠳᠡᠭᠡᠳᠦ ᠤᠷ᠎ᠠ ᠮᠡᠷᠭᠡᠰᠢᠯ᠎ᠲᠠᠢ ᠴᠢᠳᠠᠪᠤᠷᠢᠲᠠᠨ᠎ᠤ ᠶᠡᠷᠦᠩᠬᠡᠶ᠋ᠢᠯᠡᠨ ᠬᠥᠮᠥᠵᠢᠭᠦᠯᠬᠦ ᠰᠢᠨ᠎ᠡ ᠡᠭᠦᠳᠦᠯᠲᠡ ᠵᠢᠨ ᠭᠠᠷᠠᠮ᠎ᠢ 3 ᠪᠠᠶ᠋ᠢᠷᠢᠰᠢᠭᠤᠯᠤᠨ ᠪᠠᠶ᠋ᠢᠭᠤᠯᠵᠤ᠂ ᠦᠢ᠍ᠯᠡᠳᠪᠦᠷᠢᠯᠡᠬᠦ ᠪᠠ ᠵᠢᠭ᠋ᠠᠨ ᠰᠤᠷᠭ᠋ᠠᠬᠤ ᠬᠤᠯᠪᠣᠭ᠋ᠠᠲᠤ ᠴᠣᠭᠴᠠ᠂ ᠬᠠᠮᠲᠤ ᠵᠢᠨ ᠴᠣᠭᠴᠠ ᠪᠣᠯᠣᠨ ᠦᠢ᠍ᠯᠡᠳᠦᠯᠭᠡᠵᠢᠭᠦᠯᠬᠦ ᠲᠥᠪ᠎ᠢ ᠪᠦᠲᠦᠭᠡᠨ ᠪᠠᠶ᠋ᠢᠭᠤᠯᠬᠤ ᠲᠤᠷᠰᠢᠯᠲᠠ ᠵᠢᠨ ᠴᠡᠭ᠎ᠢ ᠡᠬᠢᠯᠡᠭᠦᠯᠵᠦ᠂ ᠡᠨᠡ ᠵᠢᠯ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤ᠎ᠪᠠᠷ 5 ᠳᠡᠭᠡᠳᠦ ᠰᠤᠷᠭ᠋ᠠᠭᠤᠯᠢ ᠵᠢ ᠰᠢᠨ᠎ᠡ᠎ᠪᠠᠷ ᠪᠠᠶ᠋ᠢᠭᠤᠯᠬᠤ᠎ᠪᠠᠷ ᠴᠢᠷᠮᠠᠶ᠋ᠢᠵᠤ᠂ ᠠᠵᠢᠯ ᠮᠡᠷᠭᠡᠵᠢᠯ᠎ᠤᠨ ᠵᠢᠩᠬᠢᠨᠢ ᠠᠩᠭᠢ᠎ᠲᠠᠢ ᠳᠡᠭᠡᠳᠦ ᠰᠤᠷᠭ᠋ᠠᠭᠤᠯᠢ ᠵᠢ ᠡᠭᠦᠳᠦᠨ ᠪᠠᠶ᠋ᠢᠭᠤᠯᠤᠨ᠎ᠠ; ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ ᠣᠶᠣᠨ ᠴᠢᠳᠠᠯ ᠵᠶ᠋ᠠᠨ ᠰᠤᠷᠭ᠋ᠠᠭᠤᠯᠢ ᠡᠷᠬᠢᠯᠡᠭᠦ ᠴᠢᠨᠠᠷ ᠴᠢᠨᠰᠠᠭ᠎ᠠ ᠪᠠ ᠰᠤᠳᠤᠯᠵᠤ ᠨᠡᠭᠡᠭᠡᠬᠦ ᠴᠢᠳᠠᠪᠤᠷᠢ᠎ᠪᠠᠨ ᠳᠡᠭᠡᠭᠰᠢᠯᠡᠭᠦᠯᠭᠦ᠎ᠳᠤ ᠲᠥᠪᠯᠡᠷᠡᠭᠦᠯᠵᠦ᠂ ᠲᠡᠷᠢᠭᠦᠨ ᠳᠡᠰ᠎ᠤᠨ ᠬᠢᠴᠢᠶᠡᠯ ᠰᠢᠨᠵᠢᠯᠡᠭᠡᠨ᠎ᠤ ᠰᠠᠯᠠᠭ᠎ᠠ ᠪᠠ ᠭᠤᠣᠯᠳᠠᠯᠭ᠎ᠠ ᠪᠣᠯᠬᠤ ᠲᠤᠷᠰᠢᠯᠲᠠ ᠬᠢᠬᠦ ᠲᠠᠰᠤᠭ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠣᠳᠣ ᠦᠶ᠎ᠡ ᠵᠢᠨ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ᠂ ᠲᠤᠰᠬᠠᠢ ᠮᠡᠷᠭᠡᠵᠢᠯ᠎ᠤᠨ ᠣᠨᠴᠠᠯᠢᠭ᠎ᠲᠠᠢ ᠳᠡᠭᠡᠳᠦ ᠰᠤᠷᠭ᠋ᠠᠭᠤᠯᠢ ᠪᠠ ᠢᠷᠡᠭᠡᠳᠦᠢ ᠵᠢᠨ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ 16 ᠪᠠᠶ᠋ᠢᠷᠢᠰᠢᠭᠤᠯᠤᠨ ᠪᠠᠶ᠋ᠢᠭᠤᠯᠵᠤ᠂ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠵᠢᠭ᠋ᠠᠨ ᠰᠤᠷᠭ᠋ᠠᠵᠤ ᠰᠢᠨ᠎ᠡ ᠵᠢ ᠡᠭᠦᠳᠬᠦ ᠪᠦᠯᠭᠦᠮ ᠨᠠᠶ᠋ᠢᠳᠡ ᠪᠠ ᠵᠠᠩᠭᠢᠯᠠᠭ᠎ᠠ ᠪᠣᠯᠬᠤ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠠᠪᠴᠠᠩ᠎ᠢ ᠪᠣᠢ ᠪᠣᠯᠭ᠋ᠠᠵᠣ᠂ ᠰᠢᠨ᠎ᠡ ᠵᠢ ᠡᠭᠦᠳᠬᠦ ᠵᠣᠷᠢᠭ ᠰᠠᠨᠠᠭ᠎ᠠ ᠪᠠ ᠦᠢ᠍ᠯᠡᠳᠦᠯᠭᠡ ᠵᠢᠨ ᠴᠢᠳᠠᠪᠤᠷᠢ᠎ᠲᠠᠢ ᠥᠨᠳᠥᠷ ᠳᠡᠰ᠎ᠤᠨ ᠲᠤᠰᠬᠠᠢ ᠴᠢᠳᠠᠪᠤᠷᠢᠲᠠᠨ᠎ᠢ ᠨᠡᠩ ᠣᠯᠠᠨ ᠬᠥᠮᠥᠵᠢᠭᠦᠯᠦᠨ᠎ᠡ᠃
   (ᠲᠠᠪᠤ) ᠥᠭᠡᠷᠡᠴᠢᠯᠡᠯᠲᠡ ᠨᠡᠭᠡᠭᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠬᠥᠭᠵᠢᠯᠲᠡ ᠵᠢᠨ ᠣᠷᠴᠢᠨ ᠨᠥᠬᠦᠴᠡᠯ᠎ᠢ ᠲᠠᠰᠤᠷᠠᠯᠲᠠ ᠦᠭᠡᠢ ᠰᠢᠯᠢᠳᠡᠭᠵᠢᠭᠦᠯᠬᠦ ᠪᠠ ᠬᠥᠭᠵᠢᠯᠲᠡ ᠵᠢᠨ ᠬᠥᠳᠡᠯᠭᠡᠬᠦ ᠬᠦᠴᠦᠨ᠎ᠢ ᠴᠢᠩᠭ᠋ᠠᠷᠠᠭᠤᠯᠤᠨ᠎ᠠ᠃ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠨᠢᠳᠦᠨ ᠡᠮᠦᠨᠡᠬᠢ ᠬᠦᠴᠢᠷ᠎ᠢ ᠰᠢᠢ᠍ᠳᠪᠦᠷᠢᠯᠡᠭᠰᠡᠨ ᠴᠦ᠍ ᠲᠡᠷᠡ᠂ ᠠᠯᠤᠰ ᠬᠤᠯᠠ ᠵᠢ ᠪᠣᠳᠣᠯᠬᠢᠯᠠᠭᠰᠠᠨ ᠴᠦ᠍ ᠲᠡᠷᠡ᠂ ᠥᠭᠡᠷᠡᠴᠢᠯᠡᠯᠲᠡ ᠨᠡᠭᠡᠭᠡᠯᠲᠡ ᠬᠢᠬᠦ ᠡᠨᠡ ᠬᠦ᠌ ᠵᠠᠩᠭᠢᠯᠠᠭ᠎ᠠ ᠪᠣᠯᠬᠤ ᠠᠷᠭ᠎ᠠ ᠵᠢ ᠴᠥᠮ ᠰᠠᠶ᠋ᠢᠲᠤᠷ ᠬᠡᠷᠡᠭᠯᠡᠨ᠎ᠡ᠃
    ᠥᠭᠡᠷᠡᠴᠢᠯᠡᠯᠲᠡ ᠵᠢ ᠡᠷᠴᠢᠮ ᠬᠦᠴᠦᠲᠡᠢ᠎ᠪᠠᠷ ᠭᠦᠨᠵᠡᠭᠡᠶ᠋ᠢᠷᠡᠭᠦᠯᠦᠨ᠎ᠡ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠤᠨ᠎ᠠ᠂ 《ᠲᠠᠯᠪᠢᠬᠤ》 ᠲᠠᠯ᠎ᠠ᠎ᠪᠠᠷ ᠡᠷᠬᠡ ᠵᠢ ᠲᠤᠶ᠋ᠢᠯᠪᠤᠷᠢᠲᠠᠢ ᠲᠠᠯᠪᠢᠬᠤ ᠮᠥᠷᠲᠡᠭᠡᠨ ᠦᠨᠳᠦᠰᠦᠨ ᠱᠠᠲᠤᠨ᠎ᠤ᠎ᠬᠢᠨ ᠴᠦ᠍ ᠳᠠᠭ᠋ᠠᠭ᠋ᠠᠨ ᠠᠪᠴᠤ ᠳᠡᠶ᠋ᠢᠯᠬᠦ ᠪᠣᠯᠭ᠋ᠠᠨ᠎ᠠ᠂ ᠥᠪᠡᠷᠲᠡᠭᠡᠨ ᠵᠠᠰᠠᠬᠤ ᠣᠷᠣᠨ᠎ᠠᠴᠠ 679 ᠡᠷᠬᠡ ᠵᠢᠨ ᠵᠦᠢ᠍ᠯᠡᠰ᠎ᠢ ᠨᠢᠭᠡᠨᠲᠡ ᠳᠣᠷᠣᠭᠰᠢ ᠲᠠᠯᠪᠢᠵᠤ᠂ ᠣᠨᠴᠠᠭ᠋ᠠᠶ᠋ᠢᠯᠠᠨ ᠬᠥᠭᠵᠢᠭᠦᠯᠦᠯᠲᠡ ᠪᠠ ᠥᠭᠡᠷᠡᠴᠢᠯᠡᠯᠲᠡ᠂ ᠡᠨᠧᠷᠬᠢ ᠵᠡᠷᠭᠡ ᠰᠠᠯᠠᠭ᠎ᠠ ᠮᠥᠴᠢᠷ᠎ᠤᠨ ᠲᠦᠷᠦᠯ ᠵᠦᠢ᠍ᠯ᠎ᠤᠨ ᠬᠢᠨᠠᠨ ᠵᠥᠪᠰᠢᠶᠡᠷᠡᠬᠦ᠎ᠳᠤ ᠬᠤᠯᠪᠣᠭᠳᠠᠭᠰᠠᠨ ᠮᠠᠰᠢ ᠣᠯᠠᠨ ᠴᠢᠬᠤᠯᠠ ᠵᠦᠢ᠍ᠯᠡᠰ᠎ᠢ ᠴᠥᠮ ᠳᠣᠷᠣᠭᠰᠢ ᠲᠠᠯᠪᠢᠵᠤ ᠥᠭᠪᠡ᠂ ᠡᠯ᠎ᠡ ᠭᠠᠵᠠᠷ᠎ᠤᠨ ᠳᠠᠭ᠋ᠠᠭ᠋ᠠᠨ ᠵᠠᠯᠭ᠋ᠠᠭᠤᠯᠵᠤ ᠠᠪᠬᠤ ᠠᠵᠢᠯ ᠵᠶ᠋ᠠᠨ ᠯᠠᠪᠳᠠᠭᠤᠨ ᠪᠠᠲᠤᠲᠠᠢ ᠰᠠᠶ᠋ᠢᠲᠤᠷ ᠬᠢᠬᠦ ᠵᠢ᠎ᠨᠢ ᠵᠢᠭ᠋ᠠᠨ ᠵᠢᠯᠤᠭᠤᠳᠴᠤ᠂ ᠠᠶ᠋ᠢᠮᠠᠭ ᠬᠤᠲᠠ᠂ ᠬᠤᠰᠢᠭᠤ ᠰᠢᠶᠠᠨ᠎ᠤ 《ᠬᠤᠶᠠᠷ᠎ᠢ ᠰᠢᠯᠢᠳᠡᠭᠵᠢᠭᠦᠯᠬᠦ》 ᠲᠤᠰᠬᠠᠢ ᠠᠵᠢᠯᠯᠠᠭ᠋ᠠᠨ᠎ᠢ ᠬᠡᠷᠡᠭᠵᠢᠭᠦᠯᠦᠨ᠂ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ ᠪᠠ ᠠᠵᠢᠯᠯᠠᠭ᠋ᠠᠨ᠎ᠤ ᠵᠢᠷᠤᠮᠵᠢᠯ᠎ᠢ ᠨᠢᠭᠡᠳᠦᠯᠲᠡᠢ ᠪᠣᠯᠭ᠋ᠠᠵᠣ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠤᠷᠠᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠲᠣᠳᠣᠷᠬᠠᠢ ᠬᠠᠭᠤᠳᠠᠰᠤᠨ᠎ᠤ ᠵᠦᠢ᠍ᠯᠡᠰ᠎ᠢ ᠰᠦᠯᠵᠢᠶ᠎ᠡ᠎ᠪᠠᠷ ᠭᠦᠢ᠍ᠴᠡᠳᠬᠡᠬᠦ ᠵᠢ ᠠᠬᠢᠭᠤᠯᠵᠤ᠂ 《ᠨᠢᠭᠡ ᠬᠠᠭᠤᠳᠠᠰᠤᠨ᠎ᠳᠤ ᠪᠦᠭᠦᠨ᠎ᠢ ᠵᠢᠭᠰᠠᠭ᠋ᠠᠵᠤ᠂ ᠲᠣᠰ ᠬᠠᠭᠤᠳᠠᠰᠤᠨ᠎ᠠᠴᠠ ᠪᠤᠰᠤᠳ ᠬᠠᠭᠤᠳᠠᠰᠤ ᠭᠠᠷᠭ᠋ᠠᠬᠤ ᠦᠭᠡᠢ》 ᠪᠠᠶ᠋ᠢᠬᠤ ᠵᠢ ᠪᠡᠶᠡᠯᠡᠭᠦᠯᠦᠨ᠂ ᠦᠨᠳᠦᠰᠦᠨ ᠱᠠᠲᠤᠨ᠎ᠤ᠎ᠬᠢᠨ᠎ᠢ ᠰᠠᠶ᠋ᠢᠲᠤᠷ ᠳᠠᠭ᠋ᠠᠭ᠋ᠠᠨ ᠠᠪᠴᠤ ᠰᠠᠶ᠋ᠢᠲᠤᠷ ᠬᠠᠮᠢᠶᠠᠷᠴᠤ ᠳᠡᠶ᠋ᠢᠯᠬᠦ ᠪᠣᠯᠭ᠋ᠠᠨ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠦᠨᠡᠨ ᠬᠦ᠌ ᠳᠦᠭᠦᠮ ᠦᠵᠡᠭᠦᠯᠵᠦ ᠠᠰᠢᠭ ᠬᠦᠷᠲᠡᠭᠡᠨ᠎ᠡ; 《ᠬᠠᠮᠢᠶᠠᠷᠬᠤ》 ᠲᠠᠯ᠎ᠠ᠎ᠪᠠᠷ ᠬᠠᠮᠢᠶᠠᠷᠴᠤ ᠳᠡᠶ᠋ᠢᠯᠬᠦ ᠮᠥᠷᠲᠡᠭᠡᠨ ᠰᠠᠶ᠋ᠢᠲᠤᠷ ᠬᠠᠮᠢᠶᠠᠷᠴᠤ᠂ ᠳᠤᠷ᠎ᠠ᠎ᠪᠠᠷ ᠵᠠᠬᠢᠶ᠎ᠠ ᠵᠢᠭ᠋ᠠᠪᠤᠷᠢ ᠪᠠᠭᠤᠯᠭ᠋ᠠᠬᠤ ᠦᠭᠡᠢ᠂ ᠬᠡᠪ᠎ᠤᠨ ᠠᠵᠢᠯ ᠶᠠᠪᠤᠳᠠᠯ᠎ᠢ ᠰᠢᠯᠤᠭᠤᠬᠠᠨ ᠭᠦᠢ᠍ᠴᠡᠳᠬᠡᠵᠦ᠂ ᠳᠤᠷ᠎ᠠ᠎ᠪᠠᠷ ᠭᠠᠷ ᠳᠦᠷᠦᠬᠦ ᠦᠭᠡᠢ; 《ᠦᠢ᠍ᠯᠡᠴᠢᠯᠡᠬᠦ》 ᠲᠠᠯ᠎ᠠ᠎ᠪᠠᠷ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠪᠠ ᠦᠨᠳᠦᠰᠦᠨ ᠱᠠᠲᠤᠨ᠎ᠳᠤ ᠦᠢ᠍ᠯᠡᠴᠢᠯᠡᠬᠦ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠢ ᠦᠨᠳᠦᠰᠦᠨ ᠱᠠᠲᠤᠨ᠎ᠤ ᠠᠵᠢᠯ ᠶᠠᠪᠤᠳᠠᠯ᠂ ᠣᠯᠠᠨ ᠲᠦᠮᠡᠨ᠎ᠤ ᠤᠴᠢᠷ ᠶᠠᠪᠤᠳᠠᠯ᠂ ᠠᠵᠤ ᠠᠬᠤᠶ᠋ᠢᠯᠠᠯ᠎ᠤᠨ ᠠᠵᠢᠯ ᠬᠡᠷᠡᠭ᠎ᠢ ᠥᠪᠡᠷ᠎ᠤᠨ ᠭᠦᠢ᠍ᠴᠡᠳᠬᠡᠬᠦ ᠬᠠᠷᠢᠭᠤᠴᠠᠯᠭ᠎ᠠ᠎ᠲᠠᠢ ᠠᠵᠢᠯ ᠶᠠᠪᠤᠳᠠᠯ᠂ ᠵᠠᠪᠠᠯ ᠭᠦᠢ᠍ᠴᠡᠳᠬᠡᠬᠦ ᠠᠵᠢᠯ ᠶᠠᠪᠤᠳᠠᠯ ᠪᠣᠯᠭ᠋ᠠᠵᠤ᠂ ᠬᠦᠴᠢᠷ ᠶᠠᠪᠤᠳᠠᠯ᠎ᠳᠤ᠎ᠨᠢ ᠬᠠᠪᠰᠤᠷᠤᠯᠭ᠎ᠠ ᠳᠡᠮᠵᠢᠯᠭᠡ ᠦᠵᠡᠭᠦᠯᠦᠨ ᠵᠣᠷᠢᠭᠲᠠᠢ ᠬᠠᠮᠵᠢᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠵᠶ᠋ᠠᠨ ᠰᠠᠶ᠋ᠢᠨ ᠭᠦᠢ᠍ᠴᠡᠳᠬᠡᠵᠦ ᠰᠠᠶ᠋ᠢᠬᠠᠨ ᠪᠦᠲᠦᠭᠡᠬᠦ ᠪᠣᠯᠭ᠋ᠠᠵᠤ᠂ ᠶᠠᠪᠤᠳᠠᠯ ᠤᠴᠢᠷ᠎ᠲᠤ᠎ᠨᠢ ᠰᠠᠭ᠋ᠠᠳ ᠦᠭᠡᠢ ᠪᠠᠶ᠋ᠢᠯᠭ᠋ᠠᠬᠤ ᠵᠢ ᠬᠢᠴᠢᠶᠡᠨ᠎ᠡ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠰᠢᠨ᠎ᠡ ᠨᠢᠭᠡ ᠡᠭᠡᠯᠵᠢ ᠵᠢᠨ ᠥᠭᠡᠷᠡᠴᠢᠯᠡᠯᠲᠡ ᠵᠢᠨ ᠠᠵᠢᠯᠯᠠᠭ᠋ᠠᠨ᠎ᠢ ᠥᠷᠨᠢᠭᠦᠯᠦᠨ᠎ᠡ᠂ ᠲᠡᠷᠢᠭᠦᠨ ᠳᠡᠰ᠎ᠤᠨ ᠠᠵᠤ ᠠᠬᠤᠶ᠋ᠢᠯᠠᠯ᠎ᠢ ᠡᠭᠦᠳᠦᠨ ᠪᠠᠶ᠋ᠢᠭᠤᠯᠬᠤ ᠢᠨᠵᠧᠨᠧᠷᠢᠩ᠎ᠢ ᠬᠡᠷᠡᠭᠵᠢᠭᠦᠯᠦᠨ᠂ ᠳᠠᠪᠠᠭᠤᠯᠢᠭ ᠠᠵᠢᠯ ᠲᠦᠷᠦᠯ ᠪᠠ ᠵᠠᠩᠭᠢᠯᠠᠭ᠎ᠠ ᠪᠣᠯᠬᠤ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ ᠪᠠᠶ᠋ᠢᠭ᠋ᠠᠳ ᠨᠢᠭᠡ ᠪᠦᠯᠦᠭ᠎ᠢ᠎ᠨᠢ ᠡᠮᠬᠢᠯᠡᠨ ᠨᠡᠶ᠋ᠢᠯᠡᠭᠦᠯᠵᠦ ᠳᠠᠬᠢᠨᠲᠠ ᠪᠠᠶ᠋ᠢᠭᠤᠯᠵᠤ᠂ ᠨᠢᠭᠡ ᠪᠦᠯᠦᠭ᠎ᠢ᠎ᠨᠢ ᠵᠣᠬᠢᠶᠠᠨ ᠪᠠᠶ᠋ᠢᠭᠤᠯᠵᠤ ᠴᠣᠭᠴᠠᠯᠠᠨ᠂ ᠨᠢᠭᠡ ᠪᠦᠯᠦᠭ᠎ᠢ᠎ᠨᠢ ᠬᠦᠴᠦᠷᠬᠡᠭᠵᠢᠭᠦᠯᠦᠨ ᠪᠤᠵᠠᠭ᠋ᠠᠶ᠋ᠢᠷᠠᠭᠤᠯᠵᠤ᠂ ᠨᠢᠭᠡ ᠪᠦᠯᠦᠭ᠎ᠢ᠎ᠨᠢ ᠵᠠᠬ᠎ᠠ ᠳᠡᠯᠭᠡᠭᠦᠷ᠎ᠲᠤ ᠭᠠᠷᠭ᠋ᠠᠬᠤ᠎ᠪᠠᠷ ᠠᠬᠢᠭᠤᠯᠵᠤ᠂ ᠪᠦᠯᠦᠭ ᠪᠦᠯᠦᠭ᠎ᠲᠤ᠎ᠨᠢ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠭᠠᠷᠭ᠋ᠠᠵᠤ᠂ 《ᠥᠪᠥᠷ ᠮᠣᠩᠭᠤᠯ》 ᠨᠡᠷᠡᠮᠵᠢᠲᠦ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠵᠢᠭᠰᠠᠭ᠋ᠠᠯ᠎ᠢ ᠲᠦᠷᠭᠡᠳᠬᠡᠨ ᠴᠣᠭᠴᠠᠯᠠᠨ ᠪᠠᠶ᠋ᠢᠭᠤᠯᠤᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠨ ᠪᠤᠵᠠᠭ᠋ᠠᠶ᠋ᠢᠷᠠᠬᠤ ᠵᠢ ᠪᠦᠬᠦ ᠬᠦᠴᠦᠨ ᠵᠶ᠋ᠠᠷ ᠵᠶ᠋ᠠᠨ ᠳᠡᠮᠵᠢᠨ᠎ᠡ᠂ ᠤᠯᠤᠰ᠎ᠤᠨ ᠭᠠᠶ᠋ᠢᠯᠢ ᠰᠦᠢ᠍ᠳᠬᠡᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠵᠢ ᠰᠠᠭ᠋ᠠᠲᠠᠭ᠋ᠠᠬᠤ ᠦᠭᠡᠢ᠂ ᠪᠦᠷᠢᠨ ᠭᠦᠢ᠍ᠴᠡᠳ ᠲᠤᠭᠤᠰᠢᠲᠠᠢ ᠬᠡᠷᠡᠭᠵᠢᠭᠦᠯᠵᠦ ᠪᠣᠳᠠᠲᠠᠶ᠋ᠢᠵᠢᠭᠤᠯᠤᠨ᠎ᠠ᠂ 《ᠭᠤᠶᠤᠴᠢᠯᠠᠪᠠᠯ ᠣᠯᠵᠤ ᠭᠦᠷᠳᠡᠭᠦ》 ᠪᠠ ᠥᠪᠡᠷᠲᠡᠭᠡᠨ ᠵᠠᠰᠠᠬᠤ ᠣᠷᠳᠣᠨ᠎ᠤ ᠠᠵᠤ ᠠᠬᠤᠶ᠋ᠢᠯᠠᠯ᠎ᠳᠤ ᠲᠤᠰᠠᠯᠠᠵᠤ ᠬᠦᠴᠢᠷᠳᠡᠯ᠎ᠢ ᠲᠠᠶ᠋ᠢᠯᠬᠤ ᠲᠦᠷᠣ ᠵᠢᠨ ᠪᠣᠳᠣᠯᠭ᠎ᠠ᠎ᠪᠠᠨ 《ᠰᠢᠭᠤᠳ ᠪᠠᠭᠤᠯᠭ᠋ᠠᠵᠤ ᠲᠦᠷᠭᠡᠨ ᠬᠡᠷᠡᠭᠵᠢᠭᠦᠯᠵᠦ ᠬᠦᠷᠲᠡᠭᠡᠬᠦ》 ᠪᠣᠯᠭ᠋ᠠᠨ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠣᠭᠡ ᠵᠢ ᠬᠠᠪᠰᠤᠷᠴᠤ ᠪᠡᠷᠬᠡ ᠵᠢ ᠲᠣᠭᠤᠯᠣᠭᠤᠯᠵᠣ ᠲᠡᠳᠬᠦᠨ ᠲᠡᠩᠬᠡᠷᠡᠭᠦᠯᠦᠨ᠎ᠡ᠃ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠵᠤ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠠ ᠳᠤᠮᠳᠠ ᠵᠢᠵᠢᠭ ᠠᠵᠤ ᠠᠬᠤᠶ᠋ᠢᠯᠠᠯ᠎ᠳᠤ ᠳᠠᠩᠰᠠᠨ᠎ᠳᠠᠬᠢ ᠵᠣᠭᠤᠰ ᠥᠷᠢᠲᠦᠵᠦ ᠪᠠᠶ᠋ᠢᠭ᠎ᠠ ᠠᠰᠠᠭᠤᠳᠠᠯ᠎ᠢ᠎ᠨᠢ ᠰᠢᠢ᠍ᠳᠪᠦᠷᠢᠯᠡᠨ᠎ᠡ᠂ ᠡᠨᠡ ᠵᠢᠯ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠴᠢᠩᠭ᠎ᠠ ᠲᠤᠰᠬᠠᠵᠤ ᠪᠠᠶ᠋ᠢᠭ᠎ᠠ ᠭᠠᠵᠠᠷ ᠰᠢᠷᠣᠢ ᠭᠡᠷ ᠪᠠᠶ᠋ᠢᠰᠢᠩ᠎ᠤᠨ ᠦᠮᠴᠢᠯᠡᠯ᠎ᠤᠨ ᠡᠷᠬᠡ᠂ ᠲᠦᠷᠦᠯ ᠵᠦᠢ᠍ᠯ᠎ᠤᠨ ᠭᠠᠷᠳᠠᠮ᠎ᠢ ᠭᠦᠢ᠍ᠴᠡᠳᠬᠡᠬᠦ ᠪᠠ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠭᠤᠯᠬᠤ᠂ ᠪᠡᠯᠡ ᠲᠣᠬᠢᠷᠠᠭᠤᠯᠭ᠎ᠠ ᠵᠢᠨ ᠵᠢᠭᠡᠯᠡᠯᠭᠡ ᠵᠡᠷᠭᠡ ᠲᠠᠯ᠎ᠠ ᠵᠢᠨ ᠠᠰᠠᠭᠤᠳᠠᠯ᠎ᠳᠤ ᠴᠢᠭᠯᠡᠭᠦᠯᠦᠨ ᠠᠷᠭ᠎ᠠ ᠪᠣᠳᠣᠯᠭ᠎ᠠ ᠬᠡᠷᠡᠭᠵᠢᠭᠦᠯᠦᠨ᠂ ᠬᠠᠨᠳᠤᠯᠭ᠎ᠠ᠎ᠲᠠᠢ ᠰᠢᠢ᠍ᠳᠪᠦᠷᠢᠯᠡᠬᠦ᠎ᠪᠠᠷ ᠵᠣᠷᠢᠭ ᠰᠢᠭᠤᠳᠴᠤ᠂ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠂ ᠲᠤᠰᠬᠠᠢ ᠬᠤᠷᠰᠢᠶ᠎ᠠ ᠵᠢᠨ ᠭᠤᠷᠪᠠᠨ ᠵᠢᠯ᠎ᠤᠨ ᠪᠦᠢ᠍ᠵᠢᠯᠲᠠ ᠬᠥᠭᠵᠢᠯᠲᠡ ᠵᠢᠨ ᠲᠥᠯᠥᠪᠯᠡᠭᠡ ᠵᠢ ᠰᠠᠶ᠋ᠢᠲᠤᠷ ᠬᠡᠷᠡᠭᠵᠢᠭᠦᠯᠵᠦ᠂ 《ᠲᠠᠷᠠᠬᠠᠢ ᠡᠷᠦᠬᠡ ᠵᠢ ᠵᠠᠬ᠎ᠠ ᠳᠡᠯᠭᠡᠭᠦᠷ᠎ᠲᠤ ᠣᠷᠤᠭᠤᠯᠬᠤ》 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠬᠤ》 《ᠵᠢᠵᠢᠭ ᠪᠢᠴᠢᠯ ᠠᠵᠤ ᠠᠬᠤᠶ᠋ᠢᠯᠠᠯ᠎ᠢ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠶ᠋ᠢᠯᠠᠯ ᠪᠣᠯᠭ᠋ᠠᠬᠤ》 ᠵᠢ ᠬᠦᠴᠦᠲᠡᠢ ᠠᠬᠢᠭᠤᠯᠤᠨ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠤᠣᠯ ᠴᠣᠭᠴᠠ ᠵᠢ ᠣᠯᠠᠰᠢᠷᠠᠭᠤᠯᠵᠤ᠂ ᠬᠥᠭᠵᠢᠶᠡᠨᠵᠢᠭᠦᠯᠵᠦ᠂ ᠬᠦᠴᠦᠷᠬᠡᠭᠵᠢᠭᠦᠯᠬᠦ᠎ᠪᠠᠷ ᠴᠢᠷᠮᠠᠶ᠋ᠢᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ 《ᠬᠤᠶᠠᠷ᠎ᠢ ᠤᠭᠲᠣ ᠭᠤᠶ᠋ᠢᠪᠢᠰᠢ ᠦᠭᠡᠢ ᠪᠠᠶ᠋ᠢᠯᠭ᠋ᠠᠬᠤ》 ᠵᠢ ᠦᠨᠡᠨ ᠬᠦ᠌ ᠨᠠᠶ᠋ᠢᠳᠠᠪᠤᠷᠢᠵᠢᠭᠤᠯᠵᠤ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠳᠤ ᠨᠢᠭᠡ ᠯᠡ ᠠᠳᠠᠯᠢ᠎ᠪᠠᠷ ᠬᠠᠨᠳᠤᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠴᠢᠬᠤᠯᠠᠴᠢᠯᠠᠬᠤ ᠮᠥᠷᠲᠡᠭᠡᠨ ᠬᠤᠳᠠᠯᠳᠤᠭ᠋ᠠᠴᠢᠳ᠎ᠢ ᠰᠡᠳᠬᠢᠯ ᠠᠮᠤᠷ ᠪᠠᠶ᠋ᠢᠯᠭ᠋ᠠᠬᠤ ᠪᠥᠭᠡᠳ ᠬᠤᠳᠠᠯᠳᠤᠭ᠋ᠠᠴᠢᠳ᠎ᠲᠤ ᠦᠢ᠍ᠯᠡᠴᠢᠯᠡᠬᠦ ᠵᠢ ᠴᠢᠬᠤᠯᠠᠴᠢᠯᠠᠵᠤ᠂ ᠠᠵᠤ ᠠᠬᠤᠶ᠋ᠢᠯᠠᠯᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠵᠤ ᠠᠬᠤᠶ᠋ᠢᠯᠠᠯᠲᠠᠳ᠎ᠤᠨ ᠡᠷᠬᠡ ᠠᠰᠢᠭ᠎ᠢ ᠬᠠᠮᠠᠭ᠋ᠠᠯᠠᠨ᠎ᠠ᠂ ᠢᠯᠠᠩᠭᠤᠶ᠎ᠠ ᠠᠵᠤ ᠠᠬᠤᠢ ᠵᠢ ᠰᠠᠶ᠋ᠢᠨ ᠣᠶ᠋ᠢᠯᠠᠭ᠋ᠠᠳᠠᠭ ᠺᠠᠳ᠋ᠷᠴᠤᠳ᠎ᠢ ᠵᠣᠬᠢᠶᠠᠨ ᠪᠠᠶ᠋ᠢᠭᠤᠯᠵᠤ ᠠᠵᠤ ᠠᠬᠤᠶ᠋ᠢᠯᠠᠯ᠎ᠳᠤ ᠣᠴᠢᠭᠤᠯᠤᠨ ᠠᠵᠤ ᠠᠬᠤᠶ᠋ᠢᠯᠠᠯ᠎ᠢ ᠬᠠᠪᠰᠤᠷᠴᠤ ᠪᠠᠶ᠋ᠢᠭ᠋ᠠᠳ ᠪᠡᠯᠡ ᠮᠥᠩᠭᠦ᠂ ᠲᠦᠭᠦᠬᠡᠢ ᠮᠠᠲ᠋ᠧᠷᠢᠶᠠᠯ᠂ ᠠᠵᠢᠯᠴᠢᠨ᠂ ᠵᠠᠬ᠎ᠠ ᠳᠡᠯᠭᠡᠭᠦᠷ ᠣᠯᠵᠤ ᠥᠭᠭᠦᠨ᠎ᠡ᠂ ᠠᠵᠤ ᠠᠬᠤᠶ᠋ᠢᠯᠠᠯᠲᠠᠨ᠎ᠳᠤ ᠭᠡᠷ᠎ᠤᠨ ᠬᠥᠮᠥᠰ᠎ᠲᠠᠢ᠎ᠪᠠᠨ ᠠᠳᠠᠯᠢ᠎ᠪᠠᠷ ᠬᠠᠨᠳᠤᠵᠤ᠂ ᠦᠨᠡᠨ ᠰᠡᠳᠬᠢᠯ᠎ᠠᠴᠠ᠎ᠪᠠᠨ ᠠᠵᠤ ᠠᠬᠤᠶ᠋ᠢᠯᠠᠯ᠎ᠤᠨ ᠬᠦᠴᠢᠷᠳᠡᠯ᠎ᠢ᠎ᠨᠢ ᠲᠠᠶ᠋ᠢᠯᠵᠦ᠂ ᠬᠦᠴᠢᠷ ᠵᠦᠢ᠍ᠯ᠎ᠢ᠎ᠨᠢ ᠰᠢᠢ᠍ᠳᠪᠦᠷᠢᠯᠡᠨ ᠥᠭᠴᠦ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠢ ᠵᠣᠷᠢᠭᠲᠠᠢ ᠠᠵᠢᠯᠯᠠᠭᠤᠯᠤᠨ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠢ ᠵᠣᠷᠢᠭᠲᠠᠢ ᠤᠷᠤᠭᠰᠢᠯᠠᠭᠤᠯᠵᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠢ ᠵᠣᠷᠢᠭᠲᠠᠢ ᠣᠷᠤᠭᠤᠯᠤᠯᠲᠠ ᠬᠢᠬᠦ ᠪᠣᠯᠭ᠋ᠠᠨ᠂ ᠥᠪᠥᠷ ᠮᠣᠩᠭᠤᠯ᠎ᠳᠤ ᠪᠡᠯᠡ ᠣᠷᠣᠭᠤᠯᠵᠤ ᠦᠢ᠍ᠯᠡᠰ ᠪᠣᠰᠬᠠᠬᠤ ᠬᠠᠯᠠᠮᠰᠢᠯ᠂ ᠨᠤᠲᠤᠭ᠎ᠲᠤ᠎ᠪᠠᠨ ᠪᠤᠴᠠᠵᠤ ᠦᠢ᠍ᠯᠡᠰ ᠪᠣᠰᠬᠠᠬᠤ ᠥᠷᠨᠢᠯᠲᠡ ᠵᠢ ᠪᠣᠢ ᠪᠣᠯᠭ᠋ᠠᠨ᠎ᠠ᠃ ᠴᠠᠬᠢᠯᠭ᠋ᠠᠨ᠎ᠤ ᠦᠨ᠎ᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠂ ᠬᠡᠷᠡᠭᠯᠡᠬᠦ ᠬᠡᠮᠵᠢᠶ᠎ᠡ᠎ᠪᠠᠷ ᠴᠠᠬᠢᠯᠭ᠋ᠠᠨ᠎ᠤ ᠦᠨ᠎ᠡ ᠲᠣᠬᠢᠷᠠᠭᠤᠯᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠠᠰᠢᠭ ᠲᠤᠰᠠ ᠵᠢ ᠬᠠᠮᠲᠤ᠎ᠪᠠᠷ ᠬᠦᠷᠲᠡᠬᠦ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠨ᠎ᠤ ᠲᠣᠭᠲᠠᠴᠠ ᠵᠢ ᠲᠡᠭᠦᠯᠳᠡᠷᠵᠢᠭᠦᠯᠦᠨ᠂ ᠴᠠᠬᠢᠯᠭ᠋ᠠᠨ ᠬᠦᠴᠦᠨ᠎ᠤ ᠥᠪᠡᠷ᠎ᠤᠨ ᠥᠷᠲᠡᠭ᠎ᠤᠨ ᠳᠠᠪᠠᠭᠤᠯᠢᠭ᠎ᠢ ᠪᠠᠬᠢᠵᠢᠭᠦᠯᠦᠨ᠎ᠡ᠃ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠨᠠᠷᠢᠨ ᠨᠢᠮᠪᠠᠢ ᠵᠣᠬᠢᠶᠠᠨ ᠪᠠᠶ᠋ᠢᠭᠤᠯᠵᠤ ᠥᠷᠨᠢᠭᠦᠯᠦᠨ᠂ ᠪᠦᠬᠦ ᠪᠠᠶ᠋ᠢᠳᠠᠯ᠎ᠢ ᠲᠣᠳᠣᠷᠬᠠᠢ ᠣᠶ᠋ᠢᠯᠠᠭ᠋ᠠᠨ᠂ ᠠᠵᠤ ᠠᠬᠤᠢ ᠵᠢᠨ ᠪᠠᠶ᠋ᠢᠳᠠᠯ᠎ᠢ ᠵᠠᠳᠠᠯᠤᠨ ᠣᠨᠣᠰᠢᠯᠠᠵᠤ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠨᠠᠶ᠋ᠢᠳᠠᠪᠤᠷᠢᠲᠠᠢ ᠲᠤᠯᠭ᠋ᠠᠭᠤᠷᠢᠯᠠᠯ ᠬᠠᠩᠭ᠋ᠠᠨ᠎ᠠ᠃
    ᠨᠡᠭᠡᠭᠡᠯᠲᠡ ᠵᠢ ᠰᠥᠰᠥ ᠵᠣᠷᠢᠭᠲᠠᠢ᠎ᠪᠠᠷ ᠥᠷᠭᠡᠳᠬᠡᠨ᠎ᠡ᠃ ᠨᠢᠭᠡ᠎ᠳᠤ ᠪᠣᠭᠤᠮᠲᠠ ᠵᠢᠨ ᠪᠦᠲᠦᠮᠵᠢᠲᠡᠢ ᠠᠵᠢᠯᠯᠠᠭ᠋ᠠᠨ᠎ᠳᠤ ᠬᠠᠷᠠᠭ᠎ᠠ᠎ᠪᠠᠨ ᠬᠠᠨᠳᠤᠭᠤᠯᠤᠨ᠎ᠠ᠃ ᠣᠷᠣᠨ᠎ᠠᠴᠠ ᠡᠬᠢᠯᠡᠵᠦ ᠠᠶᠠᠯᠠᠬᠤ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡᠨ᠎ᠤ ᠲᠤᠭ᠎ᠠ ᠬᠡᠮᠵᠢᠶ᠎ᠡ ᠵᠢ᠎ᠨᠢ ᠨᠡᠮᠡᠭᠳᠡᠭᠦᠯᠵᠦ ᠥᠷᠭᠡᠳᠬᠡᠬᠦ᠂ ᠬᠢᠯᠢ ᠵᠢᠨ ᠪᠣᠭᠤᠮᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ ᠴᠢᠩᠭ᠋ᠠᠷᠠᠭᠤᠯᠬᠤ ᠵᠡᠷᠭᠡ ᠢᠨᠵᠧᠨᠧᠷᠢᠩ᠎ᠢ ᠬᠡᠷᠡᠭᠵᠢᠭᠦᠯᠵᠦ᠂ ᠡᠨᠧᠷᠬᠢ᠂ ᠠᠭᠤᠷᠬᠠᠢ ᠵᠢᠨ ᠭᠠᠷᠤᠯᠲᠠ᠂ ᠠᠮᠤ ᠪᠤᠳᠠᠭ᠎ᠠ ᠵᠡᠷᠭᠡ ᠭᠦᠢ᠍ᠯᠭᠡᠭᠡᠨ ᠶᠡᠬᠡᠲᠡᠢ ᠲᠠᠸᠠᠷ᠎ᠢ ᠭᠠᠳᠠᠭ᠋ᠠᠳᠤ᠎ᠠᠴᠠ ᠣᠷᠤᠭᠤᠯᠬᠤ᠎ᠪᠠᠨ ᠥᠷᠭᠡᠳᠬᠡᠵᠦ᠂ ᠴᠠᠬᠢᠯᠭ᠋ᠠᠨ ᠬᠦᠴᠦᠨ᠂ ᠮᠧᠬᠠᠨᠢᠭ᠂ ᠲᠤᠨᠤᠭ ᠲᠥᠬᠦᠭᠡᠷᠦᠮᠵᠢ᠂ ᠨᠡᠬᠡᠮᠡᠯ ᠵᠡᠷᠭᠡ ᠳᠠᠪᠠᠭᠤᠯᠢᠭ ᠪᠦᠲᠦᠭᠡᠭᠳᠡᠬᠦᠨ᠎ᠢ ᠭᠠᠳᠠᠭ᠋ᠠᠳᠤ᠎ᠳᠤ ᠭᠠᠷᠭ᠋ᠠᠬᠤ᠎ᠪᠠᠨ ᠥᠷᠭᠡᠳᠬᠡᠨ᠂ ᠬᠢᠯᠢ ᠵᠢᠨ ᠪᠣᠭᠤᠮᠲᠠ ᠵᠢᠨ ᠠᠴᠢᠶ᠎ᠠ ᠲᠡᠭᠡᠭᠡᠪᠦᠷᠢ ᠵᠢᠨ ᠬᠡᠮᠵᠢᠶ᠎ᠡ ᠵᠢ 30% ᠣᠷᠴᠢᠮ ᠨᠡᠮᠡᠭᠳᠡᠭᠦᠯᠬᠦ᠎ᠪᠠᠷ ᠴᠢᠷᠮᠠᠶ᠋ᠢᠨ᠎ᠠ᠂ ᠬᠢᠯᠢ᠎ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢᠨ ᠴᠤᠪᠤᠭ᠎ᠠ ᠵᠢ 7% ᠣᠷᠴᠢᠮ ᠨᠡᠮᠡᠭᠳᠡᠭᠦᠯᠵᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠶᠡᠷᠦᠩᠬᠡᠢ ᠲᠤᠭ᠎ᠠ ᠵᠢ 1600 ᠳ᠋ᠦᠩᠰᠢᠭᠤᠷ ᠲᠥᠭᠦᠷᠢᠭ᠎ᠠᠴᠠ ᠳᠡᠭᠡᠭᠰᠢ ᠪᠡᠶᠡᠯᠡᠭᠦᠯᠦᠨ᠎ᠡ᠃ ᠬᠤᠶᠠᠷ᠎ᠲᠤ ᠲᠤᠯᠭ᠋ᠠᠭᠤᠷᠢᠯᠠᠬᠤ ᠴᠡᠭ᠎ᠢ ᠪᠠᠶ᠋ᠢᠷᠢᠯᠠᠭᠤᠯᠤᠨ᠎ᠠ᠃ ᠤᠯᠠᠭ᠋ᠠᠨᠴᠠᠪ᠎ᠤᠨ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡᠨ᠎ᠤ ᠲᠥᠪᠯᠡᠷᠡᠭᠦᠯᠵᠦ ᠬᠤᠪᠢᠶᠠᠷᠢᠯᠠᠬᠤ ᠲᠥᠪ ᠪᠠ ᠤᠯᠤᠰ᠎ᠤᠨ ᠭᠠᠳᠠᠭ᠋ᠠᠳᠤ᠎ᠠᠴᠠ ᠣᠷᠤᠭᠤᠯᠬᠤ ᠠᠷᠠᠯᠵᠢᠶ᠎ᠠ ᠵᠢ ᠠᠬᠢᠭᠤᠯᠤᠨ ᠰᠢᠨ᠎ᠡ ᠵᠢ ᠡᠭᠦᠳᠴᠦ ᠵᠢᠱ᠌ᠢᠶ᠎ᠡ ᠦᠵᠡᠭᠦᠯᠬᠦ ᠲᠣᠭᠤᠷᠢᠭ᠎ᠢ ᠲᠥᠪᠯᠡᠷᠡᠭᠦᠯᠦᠨ ᠪᠠᠶ᠋ᠢᠭᠤᠯᠵᠤ᠂ ᠮᠠᠨᠵᠤᠤᠷ᠂ ᠡᠷᠢᠶᠡᠨ ᠬᠤᠲᠠ ᠵᠢᠨ ᠬᠦᠢ᠍ᠰᠦ ᠪᠣᠯᠬᠤ ᠬᠢᠯᠢ ᠵᠢᠨ ᠪᠣᠭᠤᠮᠲᠠ ᠪᠠ ᠭᠠᠭᠴᠠ ᠮᠣᠳᠣ᠂ ᠴᠡᠭᠡ᠂ ᠮᠠᠨᠳᠤᠯ᠂ ᠵᠡᠭᠦᠨ ᠬᠠᠳᠠᠪᠴᠢ ᠵᠡᠷᠭᠡ ᠭᠤᠣᠯᠳᠠᠯᠭ᠎ᠠ ᠪᠣᠯᠬᠤ ᠬᠢᠯᠢ ᠵᠢᠨ ᠪᠣᠭᠤᠮᠲᠠ ᠵᠢ ᠨᠡᠩ ᠡᠷᠴᠢᠮᠲᠡᠢ ᠪᠦᠲᠦᠭᠡᠨ ᠪᠠᠶ᠋ᠢᠭᠤᠯᠵᠤ᠂ ᠬᠢᠯᠢ ᠠᠯᠤᠰᠯᠠᠭᠰᠠᠨ ᠲᠡᠮᠦᠷ ᠵᠠᠮ᠂ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠠᠭ᠋ᠠᠷ ᠠᠶᠠᠯᠠᠯ᠎ᠤᠨ ᠬᠢᠯᠢ ᠵᠢᠨ ᠪᠣᠭᠤᠮᠲᠠ ᠵᠢᠨ ᠠᠵᠢᠯᠯᠠᠭ᠋ᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠲᠤᠷᠰᠢᠯᠲᠠ ᠵᠢᠨ ᠲᠣᠭᠤᠷᠢᠭ᠂ ᠭᠠᠶ᠋ᠢᠯᠢ ᠪᠠᠲᠤᠯᠠᠬᠤ ᠲᠣᠭᠤᠷᠢᠭ᠂ ᠬᠠᠮᠲᠤᠷᠠᠨ ᠠᠵᠢᠯᠯᠠᠬᠤ ᠲᠣᠭᠤᠷᠢᠭ᠂ ᠬᠠᠷᠢᠯᠴᠠᠨ ᠠᠷᠠᠯᠵᠢᠶᠠᠯᠠᠬᠤ ᠲᠣᠭᠤᠷᠢᠭ ᠵᠡᠷᠭᠡ ᠡᠯ᠎ᠡ ᠲᠦᠷᠦᠯ᠎ᠤᠨ ᠨᠡᠭᠡᠭᠡᠯᠲᠡ ᠵᠢᠨ ᠲᠠᠪᠴᠠᠩ᠎ᠤᠨ ᠴᠢᠳᠠᠮᠵᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠷᠢᠯᠴᠠᠨ ᠬᠠᠷᠢᠴᠠᠵᠤ ᠨᠡᠪᠲᠡᠷᠡᠯᠴᠡᠬᠦ᠂ ᠲᠤᠰ ᠭᠠᠵᠠᠷ᠎ᠲᠤ᠎ᠨᠢ ᠰᠠᠭᠤᠷᠢᠯᠠᠭᠤᠯᠵᠤ ᠡᠳ᠋ᠰᠢᠭᠦᠯᠦᠨ ᠪᠣᠯᠪᠠᠰᠤᠷᠠᠭᠤᠯᠬᠤ᠂ ᠪᠠᠷᠠᠭ᠋ᠠᠨ᠎ᠤ ᠲᠥᠪᠯᠡᠷᠡᠭᠦᠯᠵᠦ ᠬᠤᠪᠢᠶᠠᠷᠢᠯᠠᠬᠤ᠂ ᠡᠭᠡᠯᠵᠢ ᠵᠢᠨ ᠭᠠᠯᠲᠤ ᠲᠡᠷᠭᠡ ᠵᠢᠨ ᠲᠥᠪᠯᠡᠷᠡᠭᠦᠯᠵᠦ ᠨᠡᠶ᠋ᠢᠯᠡᠭᠦᠯᠬᠦ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠡᠷᠭᠡ ᠲᠠᠯ᠎ᠠ᠎ᠳᠤ ᠨᠢᠭᠡ ᠪᠦᠯᠦᠭ ᠢᠨᠵᠧᠨᠧᠷᠢᠩ᠎ᠤᠨ ᠲᠦᠷᠦᠯ ᠵᠦᠢ᠍ᠯ᠎ᠢ ᠬᠡᠷᠡᠭᠵᠢᠭᠦᠯᠦᠨ᠎ᠡ᠃ ᠭᠤᠷᠪᠠ᠎ᠳᠤ ᠬᠠᠮᠲᠤᠷᠠᠨ ᠠᠵᠢᠯᠯᠠᠬᠤ ᠲᠠᠯ᠎ᠠ᠎ᠪᠠᠨ ᠥᠷᠭᠡᠳᠬᠡᠨ᠎ᠡ᠃ ᠬᠠᠭ᠋ᠠᠯᠭ᠎ᠠ ᠴᠣᠩᠬᠤ ᠣᠩᠭᠤᠶ᠋ᠢᠯᠭ᠋ᠠᠬᠤ ᠦᠭᠡᠢ ᠪᠣᠯ ᠴᠡᠪᠡᠷ ᠠᠭ᠋ᠠᠷ ᠬᠤᠮᠰᠠᠳᠠᠨ᠎ᠠ᠂ ᠬᠥᠮᠥᠨ ᠬᠠᠷ᠎ᠠ ᠴᠤᠭᠯᠠᠷᠠᠬᠤ ᠦᠭᠡᠢ ᠪᠣᠯ ᠬᠥᠭᠵᠢᠶᠡᠨ ᠨᠠᠷᠭᠢᠶᠠᠨ ᠳᠤᠮᠳᠠᠷᠠᠨ᠎ᠠ᠃ ᠣᠯᠠᠨ ᠤᠯᠤᠰ᠎ᠤᠨ ᠬᠤᠭᠤᠷᠤᠨᠳᠤᠬᠢ ᠠᠵᠢᠯᠯᠠᠭ᠋ᠠᠨ᠎ᠳᠤ ᠣᠷᠣᠯᠴᠠᠨ ᠠᠭᠤᠰᠤᠯᠴᠠᠬᠤ᠎ᠳᠤ ᠬᠠᠷᠠᠭ᠎ᠠ ᠪᠤᠳᠤᠯ ᠵᠶ᠋ᠠᠨ ᠥᠷᠭᠡᠳᠬᠡᠨ ᠲᠡᠯᠡᠵᠦ᠂ ᠣᠷᠣᠰ ᠮᠣᠩᠭᠤᠯ᠎ᠯᠤᠭ᠎ᠠ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠮᠥᠷᠲᠡᠭᠡᠨ᠂ ᠵᠡᠭᠦᠨ ᠡᠮᠦᠨᠡᠲᠦ ᠠᠽᠢᠶ᠎ᠠ ᠵᠢᠨ ᠬᠤᠯᠪᠣᠭ᠎ᠠ᠂ ᠡᠸᠦ᠋ᠷᠦᠫᠡ ᠵᠡᠷᠭᠡ ᠤᠯᠤᠰ᠎ᠯᠤᠭ᠎ᠠ ᠵᠢᠨ ᠬᠠᠮᠲᠤᠷᠠᠯᠴᠠᠭ᠎ᠠ᠎ᠪᠠᠨ ᠥᠷᠭᠡᠳᠬᠡᠵᠦ᠂ ᠠᠷᠠᠯᠵᠢᠶ᠎ᠠ ᠵᠢ ᠠᠬᠢᠭᠤᠯᠬᠤ ᠪᠠᠶ᠋ᠢᠭᠤᠯᠤᠮᠵᠢ᠂ ᠦᠵᠡᠭᠦᠯᠭᠡ ᠵᠢᠨ ᠠᠵᠤ ᠠᠬᠤᠶ᠋ᠢᠯᠠᠯ᠎ᠤᠨ ᠰᠦᠯᠵᠢᠶ᠎ᠡ ᠪᠠ ᠰᠦᠯᠵᠢᠶᠡᠨ᠎ᠠᠴᠠ ᠭᠠᠳᠠᠭᠤᠷ ᠬᠢᠯᠢ ᠵᠢᠨ ᠭᠠᠳᠠᠨᠠᠬᠢ ᠦᠵᠡᠭᠦᠯᠭᠡ ᠴᠤᠭᠯᠠᠭ᠋ᠠᠨ ᠡᠷᠬᠢᠯᠡᠭᠦ ᠵᠢ ᠵᠣᠷᠢᠭᠵᠢᠭᠤᠯᠵᠤ᠂ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ ᠵᠶ᠋ᠠᠨ ᠥᠷᠭᠡᠳᠬᠡᠬᠦ᠂ ᠵᠠᠬᠢᠶᠠᠯᠠᠭ᠎ᠠ ᠵᠢᠨ ᠬᠠᠭᠤᠳᠠᠰᠤ ᠣᠯᠬᠤ᠎ᠳᠤ᠎ᠨᠢ ᠬᠠᠪᠰᠤᠷᠴᠤ᠂ ᠠᠵᠤ ᠠᠬᠤᠶ᠋ᠢᠯᠠᠯ᠎ᠤᠨ ᠵᠣᠷᠢᠭᠲᠠᠢ ᠭᠠᠳᠠᠭᠰᠢ ᠭᠠᠷᠴᠤ ᠮᠠᠨ᠎ᠤ ᠣᠷᠣᠨ᠎ᠤ ᠴᠢᠨᠠᠭᠰᠢᠯᠠᠪᠠᠯ ᠪᠦᠭᠦ ᠤᠯᠤᠰ᠎ᠤᠨ ᠦᠢ᠍ᠯᠡᠳᠬᠦᠨ᠎ᠢ ᠬᠤᠳᠠᠯᠳᠤᠵᠤ ᠭᠠᠷᠭ᠋ᠠᠬᠤ ᠵᠢ᠎ᠨᠢ ᠲᠠᠶ᠋ᠢᠴᠢᠯᠡᠨ᠎ᠡ; ᠤᠯᠤᠰ᠎ᠤᠨ ᠳᠣᠲᠣᠭ᠋ᠠᠳᠤ ᠵᠢᠨ ᠠᠵᠢᠯᠯᠠᠭ᠋ᠠᠨ᠎ᠳᠤ ᠣᠷᠣᠯᠴᠠᠨ ᠠᠭᠤᠰᠤᠯᠴᠠᠬᠤ᠎ᠳᠤ ᠨᠡᠩ ᠢᠯᠡᠭᠦᠦ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠪᠡᠭᠡᠵᠢᠩ ᠲᠢᠶᠠᠨᠵᠢᠨ ᠾᠧᠪᠧᠢ᠂ ᠵᠢᠶᠠᠩᠰᠤ ᠵᠧᠵᠢᠶᠠᠩ ᠱᠠᠩᠬᠠᠢ᠂ ᠭᠤᠸᠠᠩᠳᠦ᠋ᠩ ᠰᠢᠶᠠᠩᠭ᠋ᠠᠩ ᠣᠣᠮᠧᠨ ᠵᠢᠴᠢ ᠴᠧᠩᠳᠦ᠋ ᠴᠦᠩᠴᠢᠩ᠂ ᠯᠢᠶᠣᠤᠨᠢᠩ ᠬᠢᠷᠢᠨ ᠬᠠᠷᠠᠮᠥ᠋ᠷᠡᠨ ᠵᠡᠷᠭᠡ ᠣᠷᠣᠨ ᠪᠦᠰᠡ᠎ᠯᠦᠭᠡ ᠵᠢᠨ ᠬᠠᠮᠲᠤᠷᠠᠯᠴᠠᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠵᠥᠪᠯᠡᠯᠴᠡᠭᠡᠷ ᠵᠶ᠋ᠠᠷ ᠲᠣᠭᠲᠠᠭᠰᠠᠨ ᠵᠦᠢ᠍ᠯᠡᠰ ᠵᠶ᠋ᠠᠨ ᠪᠣᠳᠠᠲᠠᠶ᠋ᠢᠵᠢᠭᠤᠯᠬᠤ ᠵᠢ ᠱᠠᠯᠠᠪᠳᠠᠨ ᠠᠬᠢᠭᠤᠯᠤᠨ᠎ᠠ᠃ ᠳᠥᠷᠪᠡ᠎ᠳᠤ ᠤᠷᠮᠠᠰᠢᠯ ᠢᠳᠡᠪᠬᠢᠵᠢᠯ ᠵᠶ᠋ᠠᠨ ᠴᠢᠩᠭ᠋ᠠᠷᠠᠭᠤᠯᠤᠨ᠎ᠠ᠃ ᠳᠤᠮᠳᠠᠳᠤ ᠣᠷᠣᠰ᠂ ᠳᠤᠮᠳᠠᠳᠤ ᠮᠣᠩᠭᠤᠯ᠎ᠯᠤᠭ᠎ᠠ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠵᠢᠨ ᠴᠢᠬᠤᠯᠠ ᠶᠡᠭᠡ ᠡᠭᠦᠷᠭᠡ ᠵᠢ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠭ᠋ᠠᠨ ᠠᠪᠴᠤ ᠨᠠᠶ᠋ᠢᠳᠠᠪᠤᠷᠢᠵᠢᠭᠤᠯᠤᠨ᠂ ᠳᠤᠮᠳᠠᠳᠤ ᠮᠣᠩᠭᠤᠯ᠎ᠤᠨ ᠦᠵᠡᠰᠭᠦᠯᠡᠩ᠎ᠢ ᠰᠠᠶ᠋ᠢᠲᠤᠷ ᠡᠷᠬᠢᠯᠡᠵᠦ᠂ ᠳᠡᠯᠡᠬᠡᠢ ᠵᠢᠨ ᠰᠢᠨ᠎ᠡ ᠡᠨᠧᠷᠬᠢ ᠰᠢᠨ᠎ᠡ ᠮᠠᠲ᠋ᠧᠷᠢᠶᠠᠯ᠎ᠤᠨ ᠴᠤᠭᠯᠠᠭ᠋ᠠᠨ᠂ ᠪᠦᠬᠦ ᠪᠥᠮᠪᠥᠷᠴᠡᠭ᠎ᠤᠨ ᠰᠦ ᠰᠠᠭ᠋ᠠᠯᠢ ᠵᠢᠨ ᠦᠢ᠍ᠯᠡᠰ᠎ᠤᠨ ᠴᠤᠭᠯᠠᠭ᠋ᠠᠨ ᠵᠡᠷᠭᠡ ᠣᠯᠠᠨ ᠤᠯᠤᠰ᠎ᠤᠨ ᠰᠣᠯᠢᠯᠴᠠᠭ᠋ᠠᠨ᠎ᠤ ᠰᠢᠨ᠎ᠡ ᠲᠠᠪᠴᠠᠩ᠎ᠢ ᠴᠣᠭᠴᠠᠯᠠᠨ᠂ ᠪᠦᠬᠦ ᠪᠥᠮᠪᠥᠷᠴᠡᠭ᠎ᠤᠨ ᠥᠪᠥᠷ ᠮᠣᠩᠭᠤᠯ᠎ᠤᠨ ᠬᠤᠳᠠᠯᠳᠤᠭ᠋ᠠᠴᠢᠳ᠎ᠤᠨ ᠶᠡᠭᠡ ᠬᠤᠷᠠᠯ᠎ᠢ ᠡᠷᠬᠢᠯᠡᠵᠦ᠂ ᠳᠤᠮᠳᠠᠳᠤ ᠤᠯᠤᠰ (ᠪᠤᠭᠤᠲᠤ)᠎ᠤᠨ ᠬᠠᠭᠤᠷᠠᠢ ᠳᠡᠭᠡᠷᠡᠬᠢ ᠲᠤᠨᠤᠭ ᠲᠥᠬᠦᠭᠡᠷᠦᠮᠵᠢ ᠵᠢᠨ ᠦᠵᠡᠰᠭᠦᠯᠡᠩ᠎ᠢ ᠳᠠᠭ᠋ᠠᠭ᠋ᠠᠨ ᠡᠷᠬᠢᠯᠡᠵᠦ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ᠎ᠤ ᠵᠥᠪᠳᠡᠨ ᠬᠡᠯᠡᠯᠴᠡᠬᠦ ᠬᠤᠷᠠᠯ᠎ᠢ ᠡᠭᠦᠳᠦᠨ ᠡᠷᠬᠢᠯᠡᠵᠦ᠂ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ᠎ᠳᠤ ᠨᠡᠩ ᠣᠯᠠᠨ ᠲᠤᠯᠭ᠋ᠠᠭᠤᠷᠢᠯᠠᠬᠤ ᠴᠡᠭ᠎ᠢ ᠡᠭᠦᠳᠦᠨ ᠪᠠᠶ᠋ᠢᠭᠤᠯᠤᠨ᠎ᠠ᠃
   (ᠵᠢᠷᠭᠤᠭ᠎ᠠ) ᠠᠷᠠᠳ᠎ᠤᠨ ᠰᠠᠨᠠᠭ᠋ᠠᠰᠢᠷᠠᠵᠤ ᠪᠠᠶ᠋ᠢᠭ᠎ᠠ ᠵᠢ ᠣᠶ᠋ᠢᠯᠠᠭ᠋ᠠᠨ ᠰᠢᠢ᠍ᠳᠪᠦᠷᠢᠯᠡᠬᠦ ᠪᠠ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠪᠣᠳᠠᠲᠠᠢ ᠠᠵᠢᠯ ᠰᠠᠶ᠋ᠢᠨ ᠶᠠᠪᠤᠳᠠᠯ᠎ᠢ ᠰᠠᠶ᠋ᠢᠲᠤᠷ ᠬᠢᠵᠦ᠂ ᠠᠷᠠᠳ ᠣᠯᠠᠨ᠎ᠤ ᠠᠮᠢᠳᠤᠷᠠᠯ᠎ᠢ ᠤᠯᠠᠮ ᠰᠠᠶ᠋ᠢᠵᠢᠷᠠᠭᠤᠯᠬᠤ᠎ᠪᠠᠷ ᠴᠢᠷᠮᠠᠶ᠋ᠢᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ᠎ᠠᠴᠠ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠴᠢᠩᠭ᠎ᠠ ᠠᠩᠬᠠᠷᠴᠤ᠂ ᠣᠯᠠᠨ ᠲᠦᠮᠡᠨ᠎ᠤ 《ᠵᠠᠩᠭᠢᠯᠠᠭ᠎ᠠ ᠪᠣᠯᠬᠤ ᠵᠢᠵᠢᠭ ᠶᠠᠪᠤᠳᠠᠯ》᠎ᠤᠨ ᠲᠣᠭᠤᠷᠢᠨ᠎ᠳᠤ ᠠᠷᠠᠳ᠎ᠤᠨ ᠠᠮᠢᠳᠤᠷᠠᠯ᠎ᠤᠨ ᠲᠠᠯ᠎ᠠ᠎ᠳᠤ ᠬᠢᠵᠦ ᠥᠭᠬᠦ ᠪᠣᠳᠠᠲᠠᠢ ᠶᠠᠪᠤᠳᠠᠯ᠎ᠤᠨ ᠲᠣᠳᠣᠷᠬᠠᠢ ᠬᠠᠭᠤᠳᠠᠰᠤ ᠵᠢ ᠭᠠᠷᠭ᠋ᠠᠵᠤ᠂ ᠲᠦᠷᠦᠯ ᠵᠦᠢ᠍ᠯᠵᠢᠭᠦᠯᠦᠭᠰᠡᠨ ᠬᠠᠮᠢᠶᠠᠷᠤᠯᠲᠠ ᠵᠢ ᠬᠡᠷᠡᠭᠵᠢᠭᠦᠯᠦᠨ᠂ ᠪᠣᠳᠠᠲᠠᠢ ᠶᠠᠪᠤᠳᠠᠯ᠎ᠢ ᠦᠨᠡᠨ ᠬᠦ᠌ ᠰᠠᠶ᠋ᠢᠲᠤᠷ ᠬᠢᠵᠦ᠂ ᠰᠠᠶ᠋ᠢᠨ ᠶᠠᠪᠤᠳᠠᠯ᠎ᠢ ᠪᠠᠲᠤᠲᠠᠢ ᠬᠢᠬᠦ ᠪᠣᠯᠭ᠋ᠠᠨ᠎ᠠ᠃
    ᠠᠵᠢᠯ ᠣᠯᠭᠤᠯᠲᠠ ᠵᠢ ᠬᠦᠴᠦᠯᠡᠨ ᠠᠬᠢᠭᠤᠯᠵᠤ ᠣᠷᠣᠯᠭ᠎ᠠ ᠵᠢ ᠪᠠᠲᠤᠯᠠᠨ᠎ᠠ᠃ ᠰᠤᠷᠭ᠋ᠠᠭᠤᠯᠢ᠎ᠠᠴᠠ᠎ᠪᠠᠨ ᠰᠠᠯᠤᠭ᠋ᠠᠳ ᠠᠵᠢᠯ ᠣᠯᠣᠭ᠋ᠠᠳᠤᠢ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠦᠨᠡᠨ ᠨᠡᠷ᠎ᠡ ᠵᠢᠨ ᠳᠦᠷᠢᠮᠲᠦ ᠬᠠᠪᠰᠤᠷᠤᠨ ᠲᠡᠳᠬᠦᠬᠦ ᠠᠵᠢᠯᠯᠠᠭ᠋ᠠᠨ᠎ᠢ ᠬᠡᠷᠡᠭᠵᠢᠭᠦᠯᠵᠦ᠂ ᠵᠢᠯ᠎ᠤᠨ ᠰᠡᠭᠦᠯᠴᠢ ᠪᠣᠯᠬᠤ᠎ᠳᠤ ᠠᠵᠢᠯ ᠣᠯᠭᠤᠯᠲᠠ ᠵᠢᠨ ᠨᠤᠷᠮ᠎ᠠ᠎ᠪᠠᠨ 90% ᠭᠠᠷᠤᠢ ᠪᠣᠯᠭ᠋ᠠᠬᠤ ᠵᠢ ᠦᠨᠡᠨ ᠬᠦ᠌ ᠪᠠᠲᠤᠯᠠᠨ᠎ᠠ᠃ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠪᠠ ᠨᠡᠶ᠋ᠢᠭᠡᠮ ᠲᠣᠭᠤᠷᠢᠭ᠎ᠤᠨ ᠠᠷᠠᠳ᠎ᠤᠨ ᠠᠮᠢᠳᠤᠷᠠᠯ᠎ᠤᠨ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠲᠥᠯᠥᠪᠯᠡᠭᠡ ᠵᠢ ᠬᠡᠷᠡᠭᠵᠢᠭᠦᠯᠵᠦ᠂ ᠲᠦᠷᠦᠯ ᠵᠦᠢ᠍ᠯ᠎ᠤᠨ ᠠᠵᠢᠯᠲᠠᠨ᠎ᠢ 7500 ᠡᠯᠰᠡᠨ᠎ᠡ᠃ ᠬᠤᠰᠢᠭᠤ ᠰᠢᠶᠠᠨ (ᠬᠤᠲᠠ᠂ ᠲᠣᠭᠤᠷᠢᠭ) ᠪᠣᠯᠭ᠋ᠠᠨ᠎ᠳᠤ ᠡᠳᠦᠷ᠎ᠤᠨ ᠬᠦᠴᠦ ᠶᠠᠪᠤᠭᠰᠠᠳ᠎ᠤᠨ ᠵᠠᠬ᠎ᠠ ᠳᠡᠯᠭᠡᠭᠦᠷ᠎ᠢ ᠨᠠᠭ᠋ᠠᠲᠤ ᠵᠠᠬ᠎ᠠ᠎ᠳᠤ᠎ᠪᠠᠨ 1 ᠪᠠᠶ᠋ᠢᠭᠤᠯᠵᠤ᠂ ᠤᠶᠠᠨ ᠠᠮᠢᠳᠤᠯᠢᠭ ᠵᠶ᠋ᠠᠷ ᠠᠵᠢᠯᠯᠠᠬᠤ ᠬᠥᠮᠥᠰ᠎ᠲᠤ ᠠᠵᠢᠯ ᠣᠯᠭᠤᠬᠤ ᠵᠢ ᠠᠬᠢᠭᠤᠯᠤᠨ᠎ᠠ᠃ ᠵᠡᠮᠳᠡᠭᠴᠦᠳ᠎ᠲᠤ ᠠᠵᠢᠯ ᠣᠯᠭᠤᠬᠤ ᠠᠵᠢᠯᠯᠠᠭ᠋ᠠᠨ᠎ᠢ ᠬᠡᠷᠡᠭᠵᠢᠭᠦᠯᠵᠦ᠂ ᠠᠵᠢᠯ ᠣᠯᠣᠭᠰᠠᠳ᠎ᠢ 8000 ᠰᠢᠨ᠎ᠡ᠎ᠪᠠᠷ ᠨᠡᠮᠡᠭᠳᠡᠭᠦᠯᠦᠨ᠎ᠡ᠃ ᠵᠠᠰᠠᠭ᠎ᠤᠨ ᠣᠷᠳᠣᠨ᠎ᠤ ᠨᠥᠬᠦᠪᠦᠷᠢ ᠥᠭᠬᠦ ᠴᠢᠨᠠᠷᠲᠠᠢ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠪᠣᠯᠪᠠᠰᠤᠷᠠᠯ᠎ᠢ 25 ᠲᠦᠮᠡᠨ ᠬᠥᠮᠥᠨ ᠤᠳᠠᠭ᠎ᠠ ᠥᠷᠨᠢᠭᠦᠯᠵᠦ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠠᠵᠢᠯ ᠣᠯᠬᠤ᠎ᠳᠤ ᠬᠦᠴᠢᠷᠲᠡᠢ ᠵᠡᠷᠭᠡ ᠬᠥᠮᠥᠰ᠎ᠲᠤ ᠰᠦᠢ᠍ᠳᠬᠡᠯ ᠬᠤᠷᠢᠶᠠᠬᠤ ᠦᠭᠡᠢ᠎ᠪᠠᠷ 10 ᠲᠦᠮᠡᠨ ᠬᠥᠮᠥᠨ ᠤᠳᠠᠭ᠎ᠠ ᠪᠣᠯᠪᠠᠰᠤᠷᠠᠯ ᠬᠦᠷᠲᠡᠭᠡᠨ᠎ᠡ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠲᠦᠷᠦᠯ ᠵᠦᠢ᠍ᠯ᠎ᠳᠤ ᠬᠦᠳᠡᠯᠮᠦᠷᠢ᠎ᠪᠠᠷ ᠲᠡᠳᠬᠦᠮᠵᠢ ᠵᠢ ᠣᠷᠣᠯᠠᠭᠤᠯᠬᠤ ᠵᠢ ᠬᠡᠷᠡᠭᠵᠢᠭᠦᠯᠵᠦ ᠪᠠᠶ᠋ᠢᠭ᠋ᠠᠳ ᠲᠤᠬᠠᠢ ᠵᠢᠨ ᠭᠠᠵᠠᠷ᠎ᠤᠨ ᠣᠯᠠᠨ ᠲᠦᠮᠡᠨ᠎ᠤ ᠣᠷᠤᠯᠭ᠎ᠠ ᠵᠢ᠎ᠨᠢ ᠨᠡᠮᠡᠭᠳᠡᠭᠦᠯᠬᠦ ᠵᠢ ᠠᠬᠢᠭᠤᠯᠤᠨ᠎ᠠ᠂ ᠲᠠᠷᠢᠶᠠᠴᠢᠨ ᠪᠠ ᠠᠵᠤ ᠠᠬᠤᠶ᠋ᠢᠯᠠᠯ᠎ᠤᠨ ᠠᠰᠢᠭ ᠲᠤᠰᠠ ᠵᠢ ᠬᠤᠯᠪᠣᠭᠳᠠᠭᠤᠯᠬᠤ ᠲᠣᠭᠲᠠᠴᠠ᠂ ᠭᠠᠴᠠᠭ᠎ᠠ ᠲᠤᠰᠬᠤᠨ᠎ᠤ ᠬᠠᠮᠲᠤ ᠵᠢᠨ ᠠᠵᠤ ᠠᠬᠤᠢ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠡᠯᠧᠺᠳ᠋ᠷᠣᠨ ᠬᠤᠳᠠᠯᠳᠤᠭ᠋ᠠᠨ᠎ᠤ ᠲᠠᠪᠴᠠᠩ ᠵᠡᠷᠭᠡ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ ᠪᠠᠶ᠋ᠢᠭ᠋ᠠᠳ ᠲᠠᠷᠢᠶᠠᠴᠢᠨ ᠮᠠᠯᠴᠢᠳ᠎ᠤᠨ ᠣᠷᠤᠯᠭ᠎ᠠ ᠵᠢ᠎ᠨᠢ ᠨᠡᠮᠡᠭᠳᠡᠭᠦᠯᠬᠦ᠎ᠪᠠᠷ ᠳᠠᠶ᠋ᠢᠴᠢᠯᠠᠨ᠎ᠠ᠃ ᠴᠠᠯᠢᠩ ᠬᠥᠯᠥᠰᠦ ᠵᠢ᠎ᠨᠢ ᠥᠷᠢᠲᠦᠬᠦ ᠵᠢ ᠰᠡᠷᠭᠡᠶ᠋ᠢᠯᠡᠨ ᠴᠡᠭᠴᠡᠯᠡᠵᠦ ᠵᠠᠰᠠᠬᠤ᠎ᠪᠠᠨ ᠴᠢᠩᠭ᠋ᠠᠷᠠᠭᠤᠯᠵᠤ᠂ ᠬᠥᠯᠥᠰᠦᠨ ᠲᠠᠷᠢᠶᠠᠴᠢᠨ ᠮᠠᠯᠴᠢᠳ᠎ᠤᠨ ᠵᠣᠪᠠᠵᠤ ᠵᠦᠳᠡᠷᠡᠵᠦ ᠣᠯᠣᠭᠰᠠᠨ ᠵᠣᠭᠤᠰ᠎ᠢ ᠨᠢᠭᠡ ᠮᠥᠩᠭᠦ ᠴᠦ᠍ ᠥᠷᠢᠲᠦᠵᠦ ᠪᠣᠯᠬᠤ ᠦᠭᠡᠢ᠃
    ᠨᠡᠶ᠋ᠢᠭᠡᠮ᠎ᠤᠨ ᠪᠠᠲᠤᠯᠠᠭ᠎ᠠ ᠵᠢ ᠬᠦᠴᠦᠯᠡᠨ ᠴᠢᠩᠭ᠋ᠠᠳᠬᠠᠨ᠎ᠠ᠃ ᠨᠠᠰᠤᠵᠢᠯ᠎ᠤᠨ ᠦᠨᠳᠦᠰᠦᠨ ᠳᠠᠭ᠋ᠠᠳᠬᠠᠯ᠎ᠳᠤ ᠣᠷᠣᠯᠴᠠᠭᠰᠠᠳ᠎ᠢ 50 ᠲᠦᠮᠡ ᠰᠢᠨ᠎ᠡ᠎ᠪᠠᠷ ᠨᠡᠮᠡᠭᠳᠡᠭᠦᠯᠦᠨ᠎ᠡ᠃ ᠨᠡᠶ᠋ᠢᠭᠡᠮ᠎ᠤᠨ ᠠᠪᠤᠷᠠᠨ ᠲᠤᠰᠠᠯᠠᠬᠤ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠂ ᠬᠤᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠡᠮᠡᠭᠳᠡᠯ᠎ᠤᠨ ᠬᠡᠮᠵᠢᠶ᠎ᠡ ᠵᠢ 5%᠎ᠠᠴᠠ ᠳᠡᠭᠡᠭᠰᠢ ᠪᠣᠯᠭ᠋ᠠᠵᠤ᠂ ᠥᠨᠥᠴᠢᠨ ᠬᠡᠦᠬᠡᠳ᠎ᠤᠨ ᠪᠠᠲᠤᠯᠠᠭ᠎ᠠ ᠵᠢᠨ ᠮᠥᠩᠭᠦᠨ᠎ᠤ ᠨᠡᠮᠡᠭᠳᠡᠯ᠎ᠤᠨ ᠬᠡᠮᠵᠢᠶ᠎ᠡ ᠵᠢ 8.3%᠎ᠠᠴᠠ ᠳᠡᠭᠡᠭᠰᠢ ᠪᠣᠯᠭ᠋ᠠᠨ᠎ᠠ᠃ 《ᠨᠠᠰᠤᠲᠠᠶ᠋ᠢᠴᠤᠳ ᠪᠠ ᠨᠢᠯᠬᠠᠰ》᠎ᠢ ᠰᠡᠳᠬᠢᠯ ᠲᠠᠯᠪᠢᠨ ᠬᠠᠶ᠋ᠢᠷᠠᠯᠠᠵᠤ ᠬᠠᠮᠠᠭ᠋ᠠᠯᠠᠨ᠂ ᠬᠤᠲᠠ ᠵᠢᠨ ᠨᠡᠶ᠋ᠢᠭᠡᠮ ᠲᠣᠭᠤᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠨᠢᠭᠡ ᠮᠥᠴᠡ ᠵᠢᠨ ᠬᠡᠪᠴᠢᠶᠡᠨ᠎ᠳᠤ ᠭᠦᠢ᠍ᠴᠡᠳᠬᠡᠬᠦ ᠴᠢᠳᠠᠮᠵᠢ ᠵᠢ ᠪᠠᠲᠤᠳᠬᠠᠨ ᠳᠡᠭᠡᠭᠰᠢᠯᠡᠭᠦᠯᠵᠦ᠂ ᠣᠨᠴᠠᠭ᠋ᠠᠢ ᠬᠦᠴᠢᠷᠳᠡᠯᠲᠡᠢ ᠨᠠᠰᠤᠲᠠᠶ᠋ᠢᠴᠤᠳ᠎ᠤᠨ ᠭᠡᠷ ᠪᠦᠯᠢ ᠵᠢᠨ 2.6 ᠲᠦᠮᠡᠨ ᠡᠷᠦᠬᠡ ᠵᠢ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠵᠦ ᠰᠢᠨᠡᠳᠬᠡᠨ᠂ ᠬᠤᠲᠠ ᠪᠠᠯᠭ᠋ᠠᠰᠤᠨ᠎ᠤ ᠰᠢᠨ᠎ᠡ᠎ᠪᠠᠷ ᠪᠠᠶ᠋ᠢᠭᠤᠯᠤᠭᠰᠠᠨ ᠰᠠᠭᠤᠭ᠋ᠠᠯᠢ ᠲᠣᠭᠤᠷᠢᠭ᠎ᠲᠤ ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢ ᠪᠦᠷᠢᠨ ᠲᠣᠬᠢᠷᠠᠭᠤᠯᠤᠨ᠎ᠠ; ᠰᠢᠶᠠᠩ ᠪᠠᠯᠭ᠋ᠠᠰᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠥᠪ ᠪᠠ ᠲᠤᠰᠬᠤᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ 2350 ᠰᠢᠨ᠎ᠡ᠎ᠪᠠᠷ ᠪᠠᠶ᠋ᠢᠭᠤᠯᠵᠤ᠂ ᠬᠥᠳᠡᠭᠡ ᠲᠤᠰᠬᠤᠨ᠎ᠤ ᠬᠠᠷᠢᠯᠴᠠᠨ ᠲᠤᠰᠠᠯᠠᠯᠴᠠᠬᠤ ᠨᠠᠰᠤᠵᠢᠯ᠎ᠤᠨ ᠵᠣᠯ ᠵᠢᠷᠭ᠋ᠠᠯᠲᠤ ᠬᠦᠷᠢᠶᠡᠯᠡᠩ᠎ᠤᠨ 200 ᠬᠦᠷᠢᠶᠡᠯᠡᠩ᠎ᠤᠨ ᠦᠢ᠍ᠯᠡᠴᠢᠯᠡᠭᠡᠨ᠎ᠤ ᠴᠢᠳᠠᠮᠵᠢ ᠵᠢ ᠥᠷᠭᠡᠳᠬᠡᠨ ᠳᠡᠭᠡᠭᠰᠢᠯᠡᠭᠦᠯᠦᠨ᠎ᠡ; ᠴᠡᠴᠡᠷᠯᠢᠭ᠎ᠤᠨ ᠨᠢᠯᠬ᠎ᠠ ᠨᠢᠷᠠᠢ ᠬᠡᠦᠬᠡᠳ᠎ᠤᠨ ᠣᠷᠣ ᠵᠢ 2 ᠲᠦᠮᠡ ᠰᠢᠨ᠎ᠡ᠎ᠪᠠᠷ ᠨᠡᠮᠡᠭᠳᠡᠭᠦᠯᠦᠨ᠎ᠡ᠃ ᠬᠦᠴᠢᠷᠳᠡᠯᠲᠡᠢ ᠬᠦᠨᠳᠦ ᠵᠡᠮᠳᠡᠭᠴᠦᠳ᠎ᠤᠨ ᠭᠡᠷ ᠪᠦᠯᠢ ᠵᠢᠨ 6500 ᠡᠷᠦᠬᠡ᠎ᠳᠤ ᠰᠠᠭ᠋ᠠᠳ ᠦᠭᠡᠢ ᠲᠥᠬᠦᠭᠡᠷᠦᠮᠵᠢ ᠥᠭᠡᠷᠡᠴᠢᠯᠡᠵᠦ ᠲᠣᠬᠢᠷᠠᠭᠤᠯᠬᠤ ᠵᠢ ᠪᠡᠶᠡᠯᠡᠭᠦᠯᠦᠨ᠎ᠡ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠭᠡᠷ ᠪᠦᠯᠢ ᠵᠢᠨ ᠵᠣᠬᠢᠬᠤ ᠨᠠᠰᠤᠨ᠎ᠤ ᠡᠮᠡᠭᠲᠡᠶ᠋ᠢᠴᠦᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ 《ᠬᠤᠶᠠᠷ ᠵᠦᠢ᠍ᠯ᠎ᠤᠨ ᠦᠮᠡᠨ ᠡᠪᠡᠳᠴᠢᠨ》᠎ᠢ᠎ᠨᠢ ᠰᠢᠭᠰᠢᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠣᠨᠣᠰᠢᠯᠠᠭᠳᠠᠭᠰᠠᠨ ᠡᠪᠡᠳᠴᠢᠲᠡᠨ᠎ᠳᠤ ᠲᠤᠬᠠᠢ ᠵᠢᠨ ᠵᠢᠯ᠎ᠳᠤ᠎ᠨᠢ ᠲᠦᠮᠡᠨ ᠲᠥᠭᠦᠷᠢᠭ᠎ᠤᠨ ᠲᠤᠰᠠᠯᠠᠮᠵᠢ ᠣᠯᠭᠤᠨ᠎ᠠ᠃
    ᠣᠯᠠᠨ ᠲᠦᠮᠡᠨ᠎ᠳᠤ ᠬᠤᠯᠪᠣᠭᠳᠠᠬᠤ ᠠᠵᠢᠯ ᠶᠠᠪᠤᠳᠠᠯ᠎ᠢ ᠴᠢᠷᠮᠠᠶ᠋ᠢᠨ ᠰᠠᠶ᠋ᠢᠲᠤᠷ ᠭᠦᠢ᠍ᠴᠡᠳᠬᠡᠵᠦ ᠥᠭᠭᠦᠨ᠎ᠡ᠃ ᠬᠡᠦᠬᠡᠳ᠎ᠤᠨ ᠴᠡᠴᠡᠷᠯᠢᠭ᠎ᠢ 204᠂ ᠳᠤᠮᠳᠠᠳᠤ ᠪᠠᠭ᠎ᠠ ᠰᠤᠷᠭ᠋ᠠᠭᠤᠯᠢ ᠵᠢ 676᠂ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢ 13 ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶ᠋ᠢᠭᠤᠯᠵᠤ᠂ ᠬᠡᠦᠬᠡᠳ ᠪᠠ ᠰᠤᠷᠤᠭᠴᠢᠳ᠎ᠤᠨ ᠣᠷᠣ ᠵᠢ 6.9 ᠲᠦᠮᠡ ᠰᠢᠨ᠎ᠡ᠎ᠪᠠᠷ ᠨᠡᠮᠡᠭᠳᠡᠭᠦᠯᠦᠨ᠎ᠡ᠃ ᠤᠯᠤᠰ᠎ᠤᠨ ᠣᠶᠤᠨᠯᠢᠭ ᠰᠤᠷᠭ᠋ᠠᠨ ᠬᠥᠮᠦᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠥᠪᠥᠷ ᠮᠣᠩᠭᠤᠯ᠎ᠤᠨ ᠲᠤᠷᠰᠢᠯᠲᠠ ᠵᠢᠨ ᠴᠡᠭ᠎ᠢ ᠲᠦᠷᠭᠡᠳᠬᠡᠨ ᠪᠠᠶ᠋ᠢᠭᠤᠯᠵᠤ᠂ ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠲᠣᠭ᠋ᠠᠵᠢᠭᠤᠯᠤᠭᠰᠠᠨ ᠪᠠᠷᠢᠮᠵᠢᠶᠠᠲᠤ ᠰᠢᠯᠭ᠋ᠠᠯᠲᠠ ᠵᠢᠨ 2 ᠲᠦᠮᠡᠨ ᠲᠠᠯᠠᠪᠤᠷ᠎ᠢ ᠳᠡᠰ ᠳᠡᠪᠰᠢᠭᠦᠯᠦᠨ ᠥᠭᠡᠷᠡᠴᠢᠯᠡᠵᠦ ᠰᠢᠨᠡᠳᠬᠡᠨ᠎ᠡ᠃ ᠬᠤᠲᠠ ᠲᠣᠭᠤᠷᠢᠭ᠎ᠤᠨ 1000 ᠰᠢᠯᠢᠳᠡᠭ ᠪᠠᠭᠰᠢ ᠵᠢ ᠬᠥᠳᠡᠭᠡ ᠲᠤᠰᠬᠤᠨ᠎ᠤ ᠨᠥᠬᠦᠴᠡᠯ ᠵᠶ᠋ᠠᠷ ᠪᠠᠷᠤᠭᠲᠠᠢ ᠰᠤᠷᠭ᠋ᠠᠭᠤᠯᠢ᠎ᠳᠤ ᠰᠣᠩᠭᠤᠨ ᠲᠣᠮᠢᠯᠠᠵᠤ ᠬᠤᠷᠰᠢᠯᠴᠠᠨ ᠬᠠᠪᠰᠤᠷᠤᠯᠴᠠᠭᠤᠯᠵᠤ ᠲᠡᠳᠬᠦᠨ᠎ᠡ᠃ ᠪᠡᠭᠡᠵᠢᠩ ᠥᠪᠥᠷ ᠮᠣᠩᠭᠤᠯ᠎ᠤᠨ ᠬᠠᠮᠲᠤᠷᠠᠯᠴᠠᠭ᠋ᠠᠨ᠎ᠤ ᠡᠮᠨᠡᠯᠭᠡ ᠵᠢᠨ ᠬᠤᠷᠢᠶ᠎ᠠ ᠵᠢ 43᠂ ᠨᠢᠭᠲᠠ ᠬᠡᠯᠪᠡᠷᠢ ᠪᠦᠬᠦᠢ ᠡᠮᠴᠢᠯᠡᠭᠡᠨ᠎ᠤ ᠬᠠᠮᠲᠤ ᠵᠢᠨ ᠴᠣᠭᠴᠠ ᠵᠢ 20᠂ ᠢᠨᠲ᠋ᠧᠷ ᠰᠦᠯᠵᠢᠶᠡᠨ᠎ᠤ ᠡᠮᠨᠡᠯᠭᠡ ᠵᠢᠨ ᠬᠤᠷᠢᠶ᠎ᠠ ᠵᠢ 140 ᠪᠠᠶ᠋ᠢᠭᠤᠯᠵᠤ᠂ ᠦᠨᠳᠦᠰᠦᠨ ᠱᠠᠲᠤᠨ᠎ᠤ ᠬᠢᠲᠠᠳ (ᠮᠣᠩᠭᠤᠯ) ᠡᠮ ᠡᠮᠨᠡᠯᠭᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠥᠷᠨᠢᠭᠦᠯᠵᠦ᠂ ᠴᠢᠨᠠᠷ ᠰᠠᠶ᠋ᠢᠲᠠᠢ ᠡᠮᠴᠢᠯᠡᠭᠡᠨ᠎ᠤ ᠡᠬᠢ ᠪᠠᠶᠠᠯᠢᠭ᠎ᠢ ᠥᠷᠭᠡᠳᠬᠡᠬᠦ ᠪᠠ ᠣᠷᠣᠨ ᠪᠦᠰᠡ᠎ᠳᠤ ᠲᠡᠩᠴᠡᠭᠦᠷᠢᠲᠡᠢ ᠪᠠᠶ᠋ᠢᠷᠢᠰᠢᠭᠤᠯᠬᠤ ᠵᠢ ᠠᠬᠢᠭᠤᠯᠤᠨ᠂ ᠣᠯᠠᠨ ᠲᠦᠮᠡᠨ᠎ᠤ ᠡᠪᠡᠳᠴᠢᠨ ᠵᠶ᠋ᠠᠨ ᠡᠮᠨᠡᠭᠦᠯᠵᠦ ᠡᠮ ᠲᠠᠩ ᠬᠤᠳᠠᠯᠳᠤᠵᠤ ᠠᠪᠬᠤ ᠵᠢᠨ ᠲᠦᠭᠦᠮ ᠳᠥᠲᠡ ᠴᠢᠨᠠᠷ᠂ ᠥᠨᠳᠥᠷ ᠪᠦᠲᠦᠮᠵᠢᠲᠦ ᠴᠢᠨᠠᠷ᠂ ᠠᠮᠤᠷ ᠲᠦᠪᠰᠢᠨ᠎ᠤ ᠴᠢᠨᠠᠷ᠎ᠢ ᠳᠡᠭᠡᠭᠰᠢᠯᠡᠭᠦᠯᠦᠨ᠎ᠡ᠃ ᠭᠡᠷ ᠪᠦᠯᠢ ᠵᠢᠨ ᠡᠮᠴᠢ᠎ᠯᠦᠭᠡ ᠭᠡᠷ᠎ᠡ ᠲᠣᠭᠲᠠᠭᠰᠠᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠎ᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠠᠬᠢ ᠰᠤᠷᠤᠭᠴᠢᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠵᠠᠰᠠᠬᠤ ᠠᠵᠢᠯ᠎ᠳᠤ ᠨᠡᠶ᠋ᠢᠳᠡᠮ ᠰᠢᠭᠰᠢᠨ ᠪᠠᠶ᠋ᠢᠴᠠᠭ᠋ᠠᠯᠲᠠ ᠬᠢᠵᠦ᠂ ᠬᠦᠴᠢᠷᠳᠡᠯᠲᠡᠢ ᠭᠡᠷ ᠪᠦᠯᠢ ᠵᠢᠨ ᠬᠡᠦᠬᠡᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠨᠢᠳᠦᠨ ᠰᠢᠯ ᠲᠠᠭ᠋ᠠᠷᠠᠭᠤᠯᠤᠨ ᠥᠭᠴᠦ᠂ ᠰᠦᠢ᠍ᠳᠬᠡᠯ ᠬᠤᠷᠢᠶᠠᠬᠤ ᠦᠭᠡᠢ᠎ᠪᠠᠷ ᠬᠢᠯᠠᠷ ᠬᠠᠷᠠᠭ᠎ᠠ ᠰᠤᠯᠠ ᠬᠠᠷᠠᠭ᠎ᠠ ᠵᠢ᠎ᠨᠢ ᠵᠠᠰᠠᠬᠤ ᠪᠤᠶᠤ ᠡᠮᠨᠡᠵᠦ ᠥᠭᠭᠦᠨ᠎ᠡ᠃ ᠬᠠᠮᠠᠷ᠎ᠤᠨ ᠬᠠᠷᠰᠢᠮᠠᠲᠠᠭ᠋ᠠᠢ ᠦᠷᠪᠢᠰᠦᠯ᠎ᠢ ᠶᠡᠷᠦᠩᠬᠡᠢ᠎ᠳᠤ᠎ᠨᠢ ᠰᠡᠷᠭᠡᠶ᠋ᠢᠯᠡᠨ ᠵᠠᠰᠠᠬᠤ ᠵᠢ ᠥᠷᠨᠢᠭᠦᠯᠦᠨ᠎ᠡ᠃ ᠤᠯᠠᠭ᠋ᠠᠨᠮᠥ᠋ᠴᠢᠷ ᠪᠠ ᠡᠯ᠎ᠡ ᠱᠠᠲᠤᠨ᠎ᠤ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠦᠨᠳᠦᠰᠦᠨ ᠱᠠᠲᠤᠨ᠎ᠳᠤ ᠣᠴᠢᠵᠤ ᠲᠦᠮᠡ ᠭᠠᠷᠤᠢ ᠲᠠᠯᠠᠪᠤᠷ ᠲᠣᠭᠯᠠᠯᠲᠠ ᠭᠠᠷᠭ᠋ᠠᠬᠤ ᠵᠢ ᠵᠣᠬᠢᠶᠠᠨ ᠪᠠᠶ᠋ᠢᠭᠤᠯᠤᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 350 ᠵᠦᠢ᠍ᠯᠡᠰ᠎ᠲᠤ 《ᠭᠡᠷᠡᠴᠢ ᠦᠨᠡᠮᠯᠡᠯ ᠠᠪᠬᠤ ᠦᠭᠡᠢ᠎ᠪᠠᠷ ᠭᠦᠢ᠍ᠴᠡᠳᠬᠡᠬᠦ》᠂ 115 ᠵᠦᠢ᠍ᠯᠡᠰ᠎ᠲᠤ 《ᠨᠢᠭᠡ ᠠᠵᠢᠯ ᠶᠠᠪᠤᠳᠠᠯ᠎ᠢ ᠨᠢᠭᠡ ᠯᠠ ᠤᠳᠠᠭ᠎ᠠ᠎ᠳᠤ ᠭᠦᠢ᠍ᠴᠡᠳᠬᠡᠬᠦ》 ᠪᠣᠯᠭ᠋ᠠᠵᠤ᠂ ᠲᠤᠰᠬᠤᠨ᠎ᠤ ᠱᠠᠲᠤᠨ᠎ᠤ ᠠᠷᠠᠳ᠎ᠲᠤ ᠳᠦᠭᠦᠮ ᠦᠵᠡᠭᠦᠯᠬᠦ ᠦᠢ᠍ᠯᠡᠴᠢᠯᠡᠭᠡᠨ᠎ᠤ ᠲᠥᠪ᠎ᠤᠨ 《ᠬᠠᠪᠰᠤᠷᠴᠤ ᠣᠷᠣᠯᠠᠨ ᠭᠦᠢ᠍ᠴᠡᠳᠬᠡᠬᠦ》 ᠵᠢ ᠭᠦᠨᠵᠡᠭᠡᠢ ᠬᠡᠷᠡᠭᠵᠢᠭᠦᠯᠵᠦ᠂ 《ᠰᠦᠯᠵᠢᠶ᠎ᠡ᠎ᠪᠠᠷ ᠭᠦᠢ᠍ᠴᠡᠳᠬᠡᠵᠦ ᠴᠡᠴᠡᠷᠯᠢᠭ᠎ᠲᠤ ᠰᠠᠭᠤᠯᠭ᠋ᠠᠬᠤ》 《ᠰᠦᠯᠵᠢᠶ᠎ᠡ᠎ᠪᠠᠷ ᠭᠦᠢ᠍ᠴᠡᠳᠬᠡᠵᠦ ᠰᠤᠷᠭ᠋ᠠᠭᠤᠯᠢ᠎ᠳᠤ ᠰᠤᠷᠤᠯᠴᠠᠭᠤᠯᠬᠤ》 ᠵᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠡᠮᠴᠢᠯᠡᠭᠡᠨ᠎ᠤ ᠳᠠᠭ᠋ᠠᠳᠬᠠᠯ᠎ᠤᠨ ᠠᠷᠠᠳ᠎ᠲᠤ ᠲᠦᠭᠦᠮ ᠦᠵᠡᠭᠦᠯᠬᠦ ᠦᠢ᠍ᠯᠡᠴᠢᠯᠡᠭᠡᠨ᠎ᠤ 15 ᠮᠢᠨᠦ᠋ᠲ᠎ᠤᠨ ᠬᠡᠪᠴᠢᠶᠡᠨ᠎ᠳᠤ ᠭᠦᠢ᠍ᠴᠡᠳᠬᠡᠬᠦ ᠵᠢ ᠪᠦᠬᠦ ᠲᠠᠯ᠎ᠠ᠎ᠪᠠᠷ ᠪᠠᠶ᠋ᠢᠭᠤᠯᠤᠨ᠎ᠠ᠃
    ᠣᠯᠠᠨ ᠲᠦᠮᠡᠨ᠎ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ᠎ᠢ ᠬᠦᠴᠦᠯᠡᠨ ᠰᠠᠶ᠋ᠢᠵᠢᠷᠠᠭᠤᠯᠤᠨ᠎ᠠ᠃ ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠤᠷᠢᠭ᠎ᠢ 1602᠂ ᠳᠦᠭᠦᠮ ᠪᠦᠲᠦᠴᠡᠲᠦ ᠣᠷᠣᠨ ᠰᠠᠭᠤᠴᠠ ᠵᠢᠨ ᠲᠣᠭᠤᠷᠢᠭ᠎ᠢ 1.5 ᠲᠦᠮᠡᠨ ᠢᠵᠢ ᠥᠭᠡᠷᠡᠴᠢᠯᠡᠨ ᠰᠢᠨᠡᠳᠬᠡᠵᠦ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ 1.1 ᠲᠦᠮᠡᠨ ᠢᠵᠢ ᠪᠠᠶ᠋ᠢᠭᠤᠯᠵᠤ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠥᠩᠭᠡᠷᠡᠭᠰᠡᠨ᠎ᠤ ᠦᠯᠡᠳᠡᠭᠳᠡᠵᠦ ᠢᠷᠡᠭᠰᠡᠨ ᠠᠰᠠᠭᠤᠳᠠᠯ᠎ᠢ ᠰᠢᠢ᠍ᠳᠪᠦᠷᠢᠯᠡᠬᠦ᠎ᠪᠠᠨ ᠦᠷᠭᠦᠯᠵᠢᠯᠡᠨ ᠠᠬᠢᠭᠤᠯᠤᠨ᠎ᠠ᠂ ᠰᠢᠲᠠᠮᠠᠬᠠᠢ ᠬᠡᠢ᠂ ᠤᠰᠤ ᠬᠠᠩᠭ᠋ᠠᠬᠤ᠂ ᠤᠰᠤ ᠵᠠᠯᠠᠬᠤ᠂ ᠢᠯᠴᠢ ᠬᠠᠩᠭ᠋ᠠᠬᠤ ᠵᠡᠷᠭᠡ ᠬᠠᠭᠤᠴᠢᠷᠠᠭᠰᠠᠨ ᠬᠤᠭᠤᠯᠠᠢ ᠭᠤᠤᠷᠰᠤ ᠵᠢ 1500 ᠺᠢᠯᠣᠮᠧᠳ᠋ᠷ ᠥᠭᠡᠷᠡᠴᠢᠯᠡᠨ ᠰᠢᠨᠡᠳᠬᠡᠨ᠎ᠡ᠃ ᠪᠡᠶ᠎ᠡ ᠵᠢᠨ ᠲᠠᠮᠢᠷ᠎ᠤᠨ ᠴᠡᠴᠡᠷᠯᠢᠭ᠎ᠢ 36᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠢ 32᠂ ᠲᠡᠰᠢᠯᠲᠡ ᠵᠢᠨ ᠲᠠᠯᠠᠪᠤᠷ᠎ᠢ 33᠂ ᠣᠯᠠᠨ ᠴᠢᠳᠠᠮᠵᠢᠲᠤ ᠲᠠᠮᠢᠷ᠎ᠤᠨ ᠬᠥᠳᠡᠯᠭᠡᠭᠡᠨ᠎ᠤ ᠲᠠᠯᠠᠪᠤᠷ᠎ᠢ 103᠂ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠢ 335 ᠺᠢᠯᠣᠮᠧᠳ᠋ᠷ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶ᠋ᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ 3000 ᠭᠠᠷᠤᠢ ᠥᠭᠡᠷᠡᠴᠢᠯᠡᠨ ᠰᠢᠨᠡᠳᠬᠡᠵᠦ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ 5000 ᠺᠢᠯᠣᠮᠧᠳ᠋ᠷ᠂ ᠡᠷᠦᠬᠡ ᠵᠢᠨ ᠠᠷᠢᠭᠤᠨ ᠴᠡᠪᠡᠷ ᠵᠤᠷᠯᠤᠩ᠎ᠢ 6 ᠲᠦᠮᠡ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠰᠢᠨᠡᠳᠬᠡᠵᠦ ᠪᠠᠶ᠋ᠢᠭᠤᠯᠤᠨ᠂ ᠤᠰᠤ ᠬᠠᠩᠭ᠋ᠠᠬᠤ ᠪᠠᠲᠤᠯᠠᠭ᠎ᠠ ᠵᠢᠨ ᠢᠨᠵᠧᠨᠧᠷᠢᠩ᠎ᠢ 500᠂ ᠬᠢᠯᠢ ᠬᠢᠵᠠᠭ᠋ᠠᠷ᠎ᠤᠨ ᠮᠠᠯᠵᠢᠬᠤ ᠣᠷᠣᠨ᠎ᠤ ᠲᠠᠷᠠᠬᠠᠢ ᠪᠤᠲᠠᠷᠬᠠᠢ ᠤᠰᠤᠨ ᠰᠤᠷᠪᠤᠯᠵᠢ ᠵᠢᠨ ᠴᠡᠭ᠎ᠤᠨ ᠢᠨᠵᠧᠨᠧᠷᠢᠩ᠎ᠢ 820 ᠰᠢᠨ᠎ᠡ᠎ᠪᠠᠷ ᠪᠠᠶ᠋ᠢᠭᠤᠯᠬᠤ ᠪᠠ ᠥᠷᠭᠡᠳᠬᠡᠨ ᠪᠠᠶ᠋ᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ 《ᠠᠶᠠᠨᠴᠢᠳ᠎ᠤᠨ ᠲᠡᠭᠡᠭᠡᠪᠦᠷᠢ ᠪᠠᠷᠠᠭ᠋ᠠᠨ᠎ᠤ ᠭᠦᠢ᠍ᠯᠭᠡᠭᠡ ᠰᠢᠤᠳᠠᠨ᠎ᠤ ᠲᠦᠷᠭᠡᠨ ᠢᠯᠡᠭᠡᠯᠲᠡ》 ᠵᠢᠨ ᠠᠭᠤᠰᠤᠯᠴᠠᠨ ᠬᠥᠭᠵᠢᠬᠦ ᠵᠢ ᠲᠦᠷᠭᠡᠳᠬᠡᠵᠦ᠂ 《ᠭᠠᠴᠠᠭ᠎ᠠ ᠲᠤᠰᠬᠤᠨ᠎ᠳᠤ ᠲᠦᠷᠭᠡᠨ ᠢᠯᠡᠭᠡᠯᠲᠡ᠎ᠲᠠᠢ ᠪᠣᠯᠭ᠋ᠠᠬᠤ》 ᠴᠢᠨᠠᠷ ᠴᠢᠨᠰᠠᠭ᠎ᠠ ᠪᠠ ᠦᠷ᠎ᠡ ᠠᠰᠢᠭ᠎ᠢ ᠳᠡᠭᠡᠭᠰᠢᠯᠡᠭᠦᠯᠦᠨ᠂ ᠭᠠᠴᠠᠭ᠎ᠠ ᠲᠤᠰᠬᠤᠨ᠎ᠳᠠᠬᠢ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠴᠡᠭ᠎ᠢ 3500 ᠰᠢᠨ᠎ᠡ᠎ᠪᠠᠷ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ᠎ᠤ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡ ᠵᠢᠨ ᠪᠦᠷᠢᠨ ᠪᠦᠷᠬᠦᠬᠦ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃ ᠬᠤᠲᠠ ᠪᠠᠯᠭ᠋ᠠᠰᠤᠨ᠎ᠤ ᠲᠥᠪᠯᠡᠷᠡᠭᠦᠯᠦᠨ ᠢᠯᠴᠢ ᠬᠠᠩᠭ᠋ᠠᠬᠤ᠎ᠳᠤ ᠬᠡᠷᠡᠭᠯᠡᠬᠦ ᠨᠡᠭᠦᠷᠡᠰᠦ᠂ ᠲᠠᠷᠢᠶᠠᠴᠢᠨ ᠮᠠᠯᠴᠢᠳ᠎ᠲᠤ 《ᠬᠠᠯᠠᠮᠵᠢ ᠵᠢᠨ ᠨᠡᠭᠦᠷᠡᠰᠦ》 ᠵᠢ ᠪᠠᠲᠤᠯᠠᠬᠤ ᠪᠠ ᠴᠡᠪᠡᠷ ᠳᠤᠯᠠᠭ᠋ᠠᠯᠠᠭ᠎ᠠ ᠵᠢ ᠥᠭᠡᠷᠡᠴᠢᠯᠡᠨ ᠰᠢᠨᠡᠳᠬᠡᠬᠦ ᠠᠵᠢᠯ ᠵᠶ᠋ᠠᠨ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠣᠯᠠᠨ ᠲᠦᠮᠡᠨ᠎ᠤ ᠳᠤᠯᠠᠭ᠋ᠠᠨ ᠪᠦᠯᠢᠶᠡᠨ ᠡᠪᠦᠯᠵᠢᠬᠦ ᠵᠢ ᠦᠨᠡᠨ ᠬᠦ᠌ ᠪᠠᠲᠤᠯᠠᠨ᠎ᠠ᠃
   (ᠲᠣᠯᠤᠭ᠎ᠠ) ᠭᠤᠣᠯᠳᠠᠯᠭ᠎ᠠ ᠪᠣᠯᠬᠤ ᠬᠦᠷᠢᠶᠡᠨ᠎ᠤ ᠲᠦᠭᠰᠢᠭᠦᠷᠢ ᠵᠢᠨ ᠬᠡᠮ ᠰᠣᠭᠤᠭ᠎ᠢ ᠪᠦᠳᠦᠮᠵᠢᠳᠡᠢ ᠰᠡᠷᠭᠡᠶ᠋ᠢᠯᠡᠨ ᠠᠷᠢᠯᠭ᠋ᠠᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠦᠨᠡᠨ ᠬᠦ᠌ ᠪᠠᠲᠤ ᠴᠣᠭᠴᠠᠯᠠᠵᠤ᠂ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠰᠠᠬᠢᠨ᠎ᠠ᠃ ᠲᠦᠭᠰᠢᠭᠦᠷᠢ ᠵᠢ ᠰᠡᠷᠭᠡᠶ᠋ᠢᠯᠡᠬᠦ᠂ ᠠᠮᠤᠷ ᠲᠦᠪᠰᠢᠨ᠎ᠢ ᠪᠠᠲᠤᠯᠠᠬᠤ᠂ ᠠᠮᠤᠷ ᠲᠣᠭᠲᠠᠭᠤᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠳᠬᠤᠵᠤ᠂ ᠠᠮᠤᠷ ᠲᠦᠪᠰᠢᠨ᠎ᠤ ᠵᠠᠰᠠᠯᠲᠠ᠂ ᠨᠡᠶ᠋ᠢᠭᠡᠮ᠎ᠤᠨ ᠵᠠᠰᠠᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠠᠯ᠎ᠠ᠎ᠪᠠᠷ᠎ᠬᠢ ᠴᠢᠳᠠᠪᠤᠷᠢ ᠵᠢᠨ ᠳᠤᠲᠠᠭᠤᠳᠠᠯ ᠵᠶ᠋ᠠᠨ ᠬᠦᠴᠦᠯᠡᠨ ᠨᠥᠬᠦᠪᠦᠷᠢᠯᠡᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠤᠯ᠎ᠢ ᠲᠦᠷᠭᠡᠳᠬᠡᠨ ᠪᠠᠶ᠋ᠢᠭᠤᠯᠤᠨ᠎ᠠ᠃
    ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠰᠠᠶ᠋ᠢᠲᠤᠷ ᠨᠢᠭᠡᠳᠦᠯᠲᠡᠢ ᠲᠥᠯᠥᠪᠵᠢᠭᠦᠯᠦᠨ᠎ᠡ᠃ ᠰᠢᠨ᠎ᠡ ᠱᠠᠲᠤ ᠦᠶ᠎ᠡ᠎ᠳᠠᠬᠢ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠠᠵᠢᠯ᠎ᠤᠨ ᠭᠤᠣᠯᠳᠠᠯᠭ᠎ᠠ᠎ᠪᠠᠨ ᠡᠷᠡᠭᠦᠯ ᠴᠢᠭᠢᠷᠠᠭ᠎ᠢ ᠬᠠᠮᠠᠭ᠋ᠠᠯᠠᠬᠤ᠂ ᠬᠦᠨᠳᠦ ᠡᠪᠡᠳᠴᠢᠨ ᠲᠤᠰᠬᠤ ᠵᠢ ᠰᠡᠷᠭᠡᠶ᠋ᠢᠯᠡᠬᠦ ᠳᠡᠭᠡᠷ᠎ᠡ ᠰᠢᠯᠵᠢᠭᠦᠯᠵᠦ᠂ 《ᠬᠥᠬᠡᠭᠴᠢᠨ ᠲᠦᠷᠦᠯ᠎ᠳᠤ ᠬᠥᠬᠡᠭᠴᠢᠨ ᠲᠡᠰ᠎ᠤᠨ ᠬᠠᠮᠢᠶᠠᠷᠤᠯᠲᠠ ᠬᠢᠬᠦ》 ᠵᠢ ᠯᠠᠪᠳᠠᠭᠤᠨ ᠪᠠᠲᠤᠲᠠᠢ ᠡᠮᠬᠢ ᠳᠢᠭᠯᠢᠮ᠎ᠲᠠᠢ ᠬᠡᠷᠡᠭᠵᠢᠭᠦᠯᠦᠨ᠂ ᠡᠯ᠎ᠡ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠬᠠᠯᠠᠭᠤᠷᠠᠯ᠎ᠢ ᠡᠮᠨᠡᠬᠦ ᠲᠠᠰᠤᠭ ᠲᠣᠬᠢᠷᠠᠭᠤᠯᠵᠤ ᠪᠣᠯᠪᠠᠯ ᠠᠯᠢ ᠴᠢᠳᠠᠬᠤ᠎ᠪᠠᠷ ᠲᠣᠬᠢᠷᠠᠭᠤᠯᠵᠤ᠂ ᠠᠵᠢᠯᠯᠠᠵᠤ ᠪᠣᠯᠪᠠᠯ ᠠᠯᠢ ᠴᠢᠳᠠᠬᠤ᠎ᠪᠠᠷ ᠠᠵᠢᠯᠯᠠᠭᠤᠯᠬᠤ ᠵᠢ ᠠᠬᠢᠭᠤᠯᠤᠨ᠂ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠵᠢ ᠲᠣᠭᠲᠠᠪᠤᠷᠢᠵᠢᠭᠤᠯᠬᠤ ᠪᠠ ᠡᠮᠴᠢᠯᠡᠭᠡᠨ᠎ᠤ ᠠᠪᠤᠷᠠᠨ ᠵᠠᠰᠠᠬᠤ ᠪᠠᠲᠤᠯᠠᠭ᠎ᠠ ᠵᠢ ᠰᠠᠶ᠋ᠢᠲᠤᠷ ᠠᠳᠬᠤᠵᠤ᠂ ᠦᠨᠳᠦᠰᠦᠨ ᠱᠠᠲᠤᠨ᠎ᠤ ᠬᠢᠵᠢᠭ᠎ᠢ ᠰᠡᠷᠭᠡᠶ᠋ᠢᠯᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠲᠠᠷᠢᠶᠠᠯᠠᠬᠤ ᠮᠠᠯᠵᠢᠬᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠴᠢᠩᠭ᠋ᠠᠳᠬᠠᠵᠤ᠂ ᠪᠦᠭᠦ ᠬᠥᠮᠥᠰ᠎ᠲᠤ ᠡᠬᠡᠯᠢᠯᠡᠭᠡ ᠵᠢᠨ ᠲᠠᠷᠢᠯᠭ᠎ᠠ ᠲᠠᠷᠢᠬᠤ ᠵᠢ ᠴᠢᠩᠭ᠋ᠠᠳᠬᠠᠨ᠂ ᠤᠯᠤᠰ ᠵᠶ᠋ᠠᠨ ᠬᠠᠶ᠋ᠢᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠤᠯᠠᠮ ᠬᠠᠨᠳᠤᠯᠭ᠋ᠠᠲᠤ ᠴᠢᠨᠠᠷ᠎ᠲᠠᠢ ᠥᠷᠨᠢᠭᠦᠯᠵᠦ᠂ ᠨᠠᠰᠤᠲᠠᠶ᠋ᠢᠴᠤᠳ᠂ ᠬᠡᠦᠬᠡᠳ ᠵᠡᠷᠭᠡ ᠭᠤᠣᠯᠳᠠᠯᠭ᠎ᠠ ᠪᠣᠯᠬᠤ ᠬᠥᠮᠥᠰ᠎ᠲᠤ ᠰᠡᠷᠭᠡᠶ᠋ᠢᠯᠡᠵᠦ ᠬᠠᠮᠠᠭ᠋ᠠᠯᠠᠬᠤ ᠪᠠ ᠠᠪᠤᠷᠠᠨ ᠵᠠᠰᠠᠬᠤ ᠠᠵᠢᠯ᠎ᠢ ᠪᠦᠭᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠡᠮᠴᠢᠯᠡᠭᠡᠨ᠎ᠤ ᠲᠠᠯ᠎ᠠ᠎ᠳᠤ ᠲᠦᠷᠬᠢᠯᠡᠨ ᠰᠢᠪᠬᠠᠷᠤᠭᠤᠯᠬᠤ ᠪᠠᠶ᠋ᠢᠳᠠᠯ ᠡᠭᠦᠰᠬᠦ᠂ ᠳᠠᠭ᠋ᠠᠯᠲᠠ ᠭᠠᠢ ᠭᠠᠷᠬᠤ᠎ᠠᠴᠠ ᠰᠡᠷᠭᠡᠶ᠋ᠢᠯᠡᠨ᠂ ᠨᠡᠶ᠋ᠢᠭᠡᠮ᠎ᠤᠨ ᠡᠮᠬᠢ ᠳᠢᠭᠯᠢᠮ᠎ᠤᠨ ᠲᠣᠭᠲᠠᠭᠤᠨ ᠪᠠᠶ᠋ᠢᠬᠤ ᠵᠢ ᠦᠨᠡᠨ ᠬᠦ᠌ ᠪᠠᠲᠤᠯᠠᠨ᠎ᠠ᠃
    ᠠᠵᠤ ᠠᠬᠤᠢ ᠮᠥᠩᠭᠦᠨ ᠭᠦᠢ᠍ᠯᠭᠡᠭᠡᠨ᠎ᠤ ᠬᠦᠷᠢᠶᠡᠨ᠎ᠤ ᠲᠦᠭᠰᠢᠭᠦᠷᠢ ᠵᠢᠨ 《ᠳᠥᠯᠭᠡᠨ ᠰᠢᠯᠵᠢᠯᠲᠡ》 ᠵᠢ ᠬᠦᠴᠦᠯᠡᠨ ᠠᠬᠢᠭᠤᠯᠤᠨ᠎ᠠ᠃ ᠵᠠᠰᠠᠭ᠎ᠤᠨ ᠣᠷᠳᠣᠨ᠎ᠤ ᠥᠷᠢ ᠥᠭᠴᠡᠭᠡᠨ᠎ᠤ ᠲᠦᠭᠰᠢᠭᠦᠷᠢ ᠵᠢ ᠠᠷᠢᠯᠭ᠋ᠠᠵᠤ ᠪᠡᠷᠬᠡ ᠵᠢ ᠲᠣᠭᠤᠯᠬᠤ ᠠᠵᠢᠯᠯᠠᠭ᠋ᠠᠨ᠎ᠢ ᠥᠷᠨᠢᠭᠦᠯᠦᠨ᠎ᠡ᠂ 《ᠲᠦᠷᠪᠡᠨ ᠨᠢᠭᠡ ᠪᠦᠯᠦᠭ》᠎ᠤᠨ ᠠᠷᠭ᠎ᠠ ᠪᠠᠷᠢᠯ᠎ᠢ ᠦᠷᠭᠦᠯᠵᠢᠯᠡᠨ ᠬᠡᠷᠡᠭᠵᠢᠭᠦᠯᠵᠦ ᠦᠨᠳᠦᠰᠦᠨ ᠱᠠᠲᠤᠨ᠎ᠤ ᠥᠷᠢ ᠥᠭᠴᠡᠭᠡ ᠵᠢ ᠠᠷᠢᠯᠭ᠋ᠠᠬᠤ᠎ᠳᠤ ᠬᠠᠪᠰᠤᠷᠤᠯᠭ᠎ᠠ ᠦᠵᠡᠭᠦᠯᠦᠨ᠂ ᠥᠷᠢ ᠥᠭᠴᠡᠭᠡᠨ᠎ᠤ ᠨᠡᠮᠡᠭᠳᠡᠯ᠎ᠢ ᠡᠷᠡᠰ ᠬᠤᠷᠢᠭᠯᠠᠬᠤ ᠪᠠ ᠦᠯᠡᠳᠡᠭᠳᠡᠯ᠎ᠢ ᠠᠷᠢᠯᠭ᠋ᠠᠵᠤ᠂ ᠬᠡᠯᠪᠡᠷᠢ ᠵᠢ᠎ᠨᠢ ᠥᠭᠡᠷᠡᠲᠦᠭᠦᠯᠦᠨ ᠵᠢᠭᠡᠯᠡᠯᠭᠡ ᠵᠢᠭᠡᠯᠡᠬᠦ᠂ ᠬᠤᠳᠠᠯ ᠬᠠᠭᠤᠷᠮᠠᠭ ᠵᠶ᠋ᠠᠷ ᠥᠷᠢ ᠥᠭᠴᠡᠭᠡ᠎ᠪᠠᠨ ᠠᠷᠢᠯᠭ᠋ᠠᠬᠤ ᠦᠵᠡᠭᠳᠡᠯ᠎ᠢ ᠡᠷᠡᠰ ᠬᠤᠷᠢᠭᠯᠠᠨ᠂ ᠪᠦᠭᠦ ᠣᠷᠣᠨ᠎ᠤ ᠥᠷᠢ ᠥᠭᠴᠡᠭᠡ ᠵᠢ ᠠᠷᠢᠯᠭ᠋ᠠᠬᠤ ᠣᠨ᠎ᠤ ᠡᠭᠦᠷᠭᠡ᠎ᠪᠠᠨ ᠪᠡᠶᠡᠯᠡᠭᠦᠯᠦᠨ᠎ᠡ᠃ ᠡᠳ᠋᠎ᠤᠨ ᠵᠠᠰᠠᠭ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠬᠦ᠎ᠪᠠᠨ ᠴᠢᠩᠭ᠋ᠠᠷᠠᠭᠤᠯᠵᠤ᠂ ᠡᠩ᠎ᠤᠨ ᠴᠢᠨᠠᠷᠲᠠᠢ ᠰᠢᠯᠵᠢᠭᠦᠯᠦᠨ ᠲᠥᠯᠥᠬᠦ ᠵᠢ ᠨᠡᠮᠡᠭᠳᠡᠭᠦᠯᠬᠦ ᠪᠠ ᠲᠤᠰᠬᠠᠢ ᠵᠦᠢ᠍ᠯ ᠵᠶ᠋ᠠᠷ ᠰᠢᠯᠵᠢᠭᠦᠯᠦᠨ ᠲᠥᠯᠥᠬᠦ ᠵᠢ ᠪᠠᠭ᠋ᠠᠰᠬᠠᠨ᠂ ᠡᠳ᠋᠎ᠤᠨ ᠬᠦᠴᠦᠨ᠎ᠢ ᠦᠨᠳᠦᠰᠦᠨ ᠱᠠᠲᠤ ᠤᠷᠤᠭᠤ ᠬᠠᠨᠳᠤᠭᠤᠯᠬᠤ ᠪᠠ ᠪᠡᠯᠡ ᠮᠥᠩᠭᠦ ᠵᠢ ᠰᠢᠭᠤᠳ ᠪᠠᠭᠤᠯᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠦᠨᠳᠦᠰᠦᠨ ᠱᠠᠲᠤᠨ᠎ᠤ 《ᠭᠤᠷᠪᠠ ᠵᠢ ᠪᠠᠲᠤᠯᠠᠬᠤ》 ᠬᠤᠷᠢᠭ᠎ᠠ ᠱᠤᠭᠤᠮ᠎ᠢ ᠪᠠᠲᠤ ᠰᠠᠬᠢᠨ᠎ᠠ᠃ ᠠᠷᠪᠢᠴᠢ ᠭᠠᠮᠲᠠᠢ ᠠᠮᠢᠳᠤᠷᠠᠬᠤ ᠵᠢ ᠪᠠᠷᠢᠮᠲᠠᠯᠠᠵᠤ᠂ ᠡᠩ᠎ᠤᠨ ᠴᠢᠨᠠᠷᠲᠠᠢ ᠵᠠᠷᠤᠯᠭ᠎ᠠ ᠪᠠ 《ᠠᠯᠪᠠᠨ᠎ᠤ ᠭᠤᠷᠪᠠᠨ》 ᠵᠠᠷᠤᠳᠠᠯ᠎ᠤᠨ ᠲᠥᠰᠥᠪ᠎ᠤᠨ ᠲᠣᠬᠢᠷᠠᠭᠤᠯᠤᠯᠲᠠ ᠵᠢ ᠴᠢᠩᠭ᠎ᠠ ᠡᠵᠡᠮᠳᠡᠵᠦ᠂ ᠵᠠᠰᠠᠭ᠎ᠤᠨ ᠣᠷᠳᠣᠨ᠎ᠤ ᠴᠢᠨᠠᠷᠲᠠᠢ ᠠᠰᠠᠷ ᠲᠠᠭᠲᠤ ᠲᠠᠩᠬᠢᠮ ᠪᠠᠭᠤᠳᠠᠯ᠎ᠢ ᠰᠡᠯᠪᠢᠨ ᠵᠠᠰᠠᠵᠤ ᠰᠢᠨᠡᠳᠬᠡᠬᠦ᠂ ᠠᠯᠪᠠᠯᠠᠬᠤ ᠪᠠ ᠲᠤᠬᠠᠶ᠋ᠢᠯᠠᠭᠰᠠᠨ ᠠᠵᠢᠯ᠎ᠳᠤ ᠲᠦᠷᠢᠶᠡᠰᠦᠯᠡᠨ ᠬᠡᠷᠡᠭᠯᠡᠬᠦ ᠭᠡᠷ ᠪᠠᠶ᠋ᠢᠰᠢᠩ᠎ᠤᠨ ᠰᠢᠨ᠎ᠡ᠎ᠪᠠᠷ ᠨᠡᠮᠡᠭᠳᠡᠬᠦ ᠵᠢ ᠴᠢᠩᠭ᠎ᠠ ᠡᠵᠡᠮᠳᠡᠵᠦ᠂ ᠬᠤᠷᠠᠯ᠂ ᠵᠠᠮ᠎ᠤᠨ ᠵᠠᠷᠤᠳᠠᠯ᠂ ᠪᠣᠯᠪᠠᠰᠤᠷᠠᠯ᠂ ᠪᠠᠶᠠᠷ ᠨᠠᠶ᠋ᠢᠷ ᠵᠡᠷᠭᠡ ᠠᠯᠪᠠᠨ᠎ᠤ ᠠᠵᠢᠯᠯᠠᠭ᠎ᠠ ᠵᠢ ᠴᠣᠮᠠᠬᠤᠡᠬᠠᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠳᠤ ᠪᠠᠴᠢᠮ ᠱᠠᠭ᠋ᠠᠷᠳᠠᠭᠳᠠᠬᠤ ᠪᠤᠰᠤ ᠪᠠ ᠵᠠᠪᠠᠯ ᠬᠡᠷᠡᠭᠰᠡᠬᠦ ᠪᠤᠰᠤ ᠴᠢᠨᠠᠷᠲᠠᠢ ᠲᠥᠰᠥᠪ᠎ᠤᠨ ᠵᠠᠷᠤᠯᠭ᠎ᠠ ᠵᠢ 53 ᠳ᠋ᠦᠩᠰᠢᠭᠤᠷ ᠲᠥᠭᠦᠷᠢᠭ ᠪᠠᠭ᠋ᠠᠰᠬᠠᠨ᠎ᠠ᠃ ᠮᠥᠩᠭᠦᠨ ᠭᠦᠢ᠍ᠯᠭᠡᠭᠡᠨ᠎ᠤ ᠲᠦᠭᠰᠢᠭᠦᠷᠢ ᠵᠢ ᠠᠷᠢᠯᠭ᠋ᠠᠵᠤ ᠪᠡᠷᠬᠡ ᠵᠢ ᠲᠣᠭᠤᠯᠬᠤ ᠠᠵᠢᠯᠯᠠᠭ᠋ᠠᠨ᠎ᠢ ᠥᠷᠨᠢᠭᠦᠯᠦᠨ᠎ᠡ᠂ 《ᠭᠤᠷᠪᠠ ᠵᠢ ᠢᠯᠭ᠋ᠠᠷᠠᠭᠤᠯᠵᠤ ᠨᠢᠭᠡ ᠵᠢ ᠨᠡᠬᠡᠮᠵᠢᠯᠡᠬᠦ》 ᠦᠷ᠎ᠡ ᠪᠦᠳᠦᠮᠵᠢ᠎ᠪᠠᠨ ᠪᠠᠬᠢᠵᠢᠭᠦᠯᠵᠦ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠎ᠠ ᠪᠣᠳᠠᠲᠠᠶ᠋ᠢᠵᠢᠭᠤᠯᠤᠨ᠂ ᠲᠦᠭᠰᠢᠭᠦᠷᠢ ᠶᠡᠬᠡᠲᠡᠢ ᠪᠠᠶ᠋ᠢᠭᠤᠯᠤᠮᠵᠢ ᠵᠢ ᠪᠠᠭ᠋ᠠᠰᠬᠠᠵᠤ᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠪᠤᠴᠠᠭ᠋ᠠᠯ ᠦᠭᠡᠢ ᠬᠥᠷᠥᠩᠭᠡ ᠵᠢ ᠪᠦᠳᠦᠮᠵᠢᠳᠠᠢ ᠰᠢᠢ᠍ᠳᠪᠦᠷᠢᠯᠡᠵᠦ᠂ ᠬᠠᠤᠯᠢ ᠪᠤᠰᠤ ᠮᠥᠩᠭᠦᠨ ᠭᠦᠢ᠍ᠯᠭᠡᠭᠡᠨ᠎ᠤ ᠠᠵᠢᠯᠯᠠᠭ᠎ᠠ ᠪᠣᠯᠣᠨ ᠥᠷᠢ᠎ᠠᠴᠠ ᠵᠠᠶ᠋ᠢᠯᠠᠬᠤ ᠪᠠ ᠪᠠᠯᠠᠷᠠᠭᠤᠯᠬᠤ ᠠᠵᠢᠯᠯᠠᠭ᠎ᠠ᠎ᠳᠤ ᠬᠦᠨᠳᠦ ᠴᠣᠬᠢᠯᠲᠠ ᠥᠭᠴᠦ᠂ ᠰᠢᠰᠲ᠋ᠧᠮ᠎ᠤᠨ ᠴᠢᠨᠠᠷᠲᠠᠢ ᠣᠷᠣᠨ ᠪᠦᠰᠡ ᠵᠢᠨ ᠴᠢᠨᠠᠷᠲᠠᠢ ᠮᠥᠩᠭᠦᠨ ᠭᠦᠢ᠍ᠯᠭᠡᠭᠡᠨ᠎ᠤ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ᠎ᠢ ᠪᠠᠲᠤ ᠰᠠᠬᠢᠨ᠎ᠠ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠲᠦᠭᠰᠢᠭᠦᠷᠢ ᠵᠢ ᠠᠷᠢᠯᠭ᠋ᠠᠵᠤ ᠪᠡᠷᠬᠡ ᠵᠢ ᠲᠣᠭᠤᠯᠬᠤ ᠠᠵᠢᠯᠯᠠᠭ᠋ᠠᠨ᠎ᠢ ᠥᠷᠨᠢᠭᠦᠯᠦᠨ᠎ᠡ᠂ ᠠᠰᠠᠷ ᠪᠠᠷᠢᠵᠤ ᠳᠠᠭᠤᠰᠬᠠᠬᠤ ᠵᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠲᠣᠭᠲᠠᠭᠤᠨ᠎ᠢ ᠪᠠᠲᠤᠯᠠᠬᠤ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠠᠵᠢᠯ ᠲᠦᠷᠦᠯ᠎ᠤᠨ ᠪᠡᠯᠡ ᠲᠣᠬᠢᠷᠠᠭᠤᠯᠭ᠎ᠠ᠎ᠪᠠᠷ ᠳᠡᠮᠵᠢᠬᠦ ᠲᠦᠷᠦ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠰᠢᠯᠢᠳᠡᠭ ᠠᠵᠤ ᠠᠬᠤᠶ᠋ᠢᠯᠠᠯ᠎ᠤᠨ ᠬᠦᠴᠢᠷᠳᠡᠯ᠎ᠢ ᠲᠤᠭᠤᠯᠵᠦ ᠭᠠᠷᠬᠤ᠎ᠳᠤ ᠬᠠᠪᠰᠤᠷᠤᠯᠭ᠎ᠠ ᠦᠵᠡᠭᠦᠯᠵᠦ᠂ ᠠᠰᠠᠷ᠎ᠢ ᠪᠠᠷᠢᠵᠤ ᠳᠠᠭᠤᠰᠬᠠᠬᠤ ᠬᠤᠭᠤᠴᠠᠭ᠎ᠠ᠎ᠠᠴᠠ᠎ᠪᠠᠨ ᠬᠡᠲᠦᠷᠡᠭᠦᠯᠦᠨ ᠲᠤᠰᠢᠶᠠᠬᠤ ᠲᠦᠭᠰᠢᠭᠦᠷᠢ ᠵᠢ᠎ᠨᠢ ᠪᠦᠳᠦᠮᠵᠢᠳᠡᠢ ᠰᠡᠷᠭᠡᠶ᠋ᠢᠯᠡᠨ ᠰᠢᠢ᠍ᠳᠪᠦᠷᠢᠯᠡᠨ᠎ᠡ᠃
    ᠤᠯᠠᠨ ᠨᠡᠶ᠋ᠢᠳᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠵᠠᠰᠠᠯᠲᠠ ᠵᠢᠨ ᠲᠦᠪᠰᠢᠨ᠎ᠢ ᠲᠡᠬᠡᠭᠰᠢᠯᠡᠬᠦᠯᠦᠨ᠎ᠡ᠃ ᠠᠵᠤ ᠦᠢ᠍ᠯᠡᠳᠪᠦᠷᠢ ᠠᠭᠤᠷᠬᠠᠢ ᠪᠠ ᠠᠶᠤᠯᠲᠠᠢ ᠬᠢᠮᠢ ᠵᠢᠨ ᠪᠣᠳᠠᠰ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠵᠢᠨ ᠭᠠᠵᠠᠷ᠂ ᠬᠤᠳᠠ ᠪᠠᠯᠭ᠋ᠠᠰᠤᠨ᠎ᠤ ᠰᠢᠲᠠᠮᠠᠬᠠᠢ ᠬᠡᠢ᠂ ᠡᠵᠡᠩᠨᠡᠯᠲᠡ ᠵᠢᠨ ᠴᠢᠨᠠᠷᠲᠠᠢ ᠦᠪᠡᠰᠦᠪᠡᠨ ᠪᠠᠷᠢᠭᠰᠠᠨ ᠭᠡᠷ᠂ ᠬᠥᠮᠥᠨ ᠬᠠᠷ᠎ᠠ ᠣᠪᠣᠭ᠋ᠠᠷᠠᠨ ᠴᠤᠭᠯᠠᠷᠠᠬᠤ ᠲᠠᠯᠠᠪᠤᠷ ᠭᠠᠵᠠᠷ ᠵᠡᠷᠭᠡ ᠭᠤᠣᠯᠳᠠᠯᠭ᠎ᠠ ᠪᠣᠯᠬᠤ ᠬᠦᠷᠢᠶᠡᠨ᠎ᠤ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠭᠦᠨᠵᠡᠭᠡᠶ᠋ᠢᠷᠡᠭᠦᠯᠦᠨ᠂ ᠣᠨᠴᠠ ᠬᠦᠨᠳᠦ ᠶᠡᠭᠡ ᠠᠶᠤᠯ ᠦᠭᠡᠢ ᠦᠢ᠍ᠯᠡᠳᠪᠦᠷᠢᠯᠡᠯ᠎ᠤᠨ ᠠᠳᠡᠯ ᠭᠠᠷᠬᠤ ᠵᠢ ᠡᠷᠡᠰ ᠬᠤᠷᠢᠭᠯᠠᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠬᠦᠴᠦᠨ᠎ᠤ ᠪᠠᠶ᠋ᠢᠭᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠢ ᠠᠬᠢᠭᠤᠯᠵᠤ᠂ ᠦᠨᠳᠦᠰᠦᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ᠂ ᠠᠶᠤᠯᠲᠠᠢ ᠬᠢᠮᠢ ᠵᠢᠨ ᠪᠣᠳᠠᠰ᠂ ᠠᠭᠤᠷᠬᠠᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠭᠤᠷᠪᠠᠨ ᠶᠡᠭᠡ ᠰᠠᠭᠤᠷᠢᠨ ᠭᠠᠵᠠᠷ ᠪᠠ ᠪᠤᠭᠤᠲᠤ ᠵᠢᠨ ᠤᠯᠤᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠤᠨᠤᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ᠎ᠢ ᠪᠠᠶ᠋ᠢᠭᠤᠯᠤᠨ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠪᠠ ᠤᠯᠠᠨ ᠨᠡᠶ᠋ᠢᠳᠡ ᠵᠢᠨ ᠭᠡᠨᠡᠳᠲᠡ ᠵᠢᠨ ᠬᠡᠷᠡᠭ᠎ᠢ ᠰᠡᠷᠭᠡᠶ᠋ᠢᠯᠡᠵᠦ ᠰᠢᠢ᠍ᠳᠪᠦᠷᠢᠯᠡᠬᠦ ᠴᠢᠳᠠᠪᠤᠷᠢ᠎ᠪᠠᠨ ᠲᠡᠬᠡᠭᠰᠢᠯᠡᠬᠦᠯᠦᠨ᠎ᠡ᠃ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠢᠨᠠᠨ ᠰᠢᠨᠵᠢᠵᠦ ᠵᠠᠰᠠᠯᠲᠠ ᠬᠢᠬᠦ ᠡᠷᠴᠢᠮ ᠵᠶ᠋ᠠᠨ ᠴᠢᠩᠭ᠋ᠠᠷᠠᠭᠤᠯᠤᠨ᠂ ᠤᠯᠠᠨ ᠲᠦᠮᠡᠨ᠎ᠤ 《ᠢᠳᠡᠭᠡᠨ ᠤᠮᠳᠠᠭ᠋ᠠᠨ᠎ᠤ ᠠᠮᠤᠷ ᠲᠦᠪᠰᠢᠨ》᠎ᠢ ᠪᠠᠲᠤᠯᠠᠨ᠎ᠠ᠃ ᠦᠨᠳᠦᠰᠦᠨ ᠱᠠᠲᠤᠨ᠎ᠤ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠭᠰᠠᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠂ 《ᠰᠢᠨ᠎ᠡ ᠴᠠᠭ ᠦᠶ᠎ᠡ ᠰᠢᠨ᠎ᠡ ᠨᠡᠶ᠋ᠢᠭᠡᠮ ᠲᠣᠭᠤᠷᠢᠭ ᠰᠢᠨ᠎ᠡ ᠠᠵᠤ ᠠᠮᠢᠳᠤᠷᠠᠯ》 ᠬᠡᠮᠡᠬᠦ ᠦᠢ᠍ᠯᠡᠴᠢᠯᠡᠭᠡ ᠵᠠᠰᠠᠯᠲᠠ ᠵᠢ ᠲᠡᠬᠡᠭᠰᠢᠯᠡᠬᠦᠯᠬᠦ ᠲᠤᠰᠬᠠᠢ ᠠᠵᠢᠯᠯᠠᠭ᠋ᠠᠨ᠎ᠢ ᠥᠷᠨᠢᠭᠦᠯᠦᠨ᠂ 《ᠰᠦᠯᠵᠢᠶ᠎ᠡ + ᠲᠤᠤᠷᠠᠯᠵᠢ》 ᠪᠣᠯᠬᠤ ᠦᠨᠳᠦᠰᠦᠨ ᠱᠠᠲᠤᠨ᠎ᠤ ᠵᠠᠰᠠᠯᠲᠠ ᠵᠢᠨ ᠲᠠᠪᠴᠠᠩ ᠪᠠ ᠨᠡᠶ᠋ᠢᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠵᠥᠷᠢᠴᠡᠯ ᠵᠢᠭᠤᠷᠠᠯᠳᠤᠭ᠋ᠠᠨ᠎ᠢ ᠣᠯᠠᠨ ᠡᠰᠢ᠎ᠪᠠᠷ ᠠᠷᠢᠯᠭ᠋ᠠᠬᠤ ᠲᠣᠭᠲᠠᠴᠠ ᠵᠢ ᠪᠦᠷᠢᠨᠰᠢᠭᠦᠯᠦᠨ᠂ ᠣᠯᠠᠨ ᠲᠦᠮᠡᠨ᠎ᠤ ᠠᠮᠤᠷ ᠲᠦᠪᠰᠢᠨ ᠪᠠ ᠬᠦᠢ᠍ᠲᠡᠨ ᠳᠤᠯᠠᠭ᠋ᠠᠨ᠂ ᠡᠳᠦᠷ ᠲᠣᠳᠣᠮ᠎ᠤᠨ ᠤᠴᠢᠷ ᠶᠠᠪᠤᠳᠠᠯ᠎ᠢ᠎ᠨᠢ ᠬᠠᠯᠠᠮᠵᠢᠯᠠᠵᠤ ᠬᠠᠮᠢᠶᠠᠷᠬᠤ ᠬᠥᠮᠥᠨ᠎ᠲᠠᠢ ᠪᠤᠯᠭ᠋ᠠᠵᠦ᠂ ᠦᠨᠳᠦᠰᠦᠨ ᠱᠠᠲᠤᠨ᠎ᠤ ᠵᠠᠰᠠᠯᠲᠠ ᠵᠢ ᠤᠯᠠᠮ ᠡᠶ᠎ᠡ ᠵᠦᠢ᠎ᠲᠠᠢ ᠬᠢᠵᠦ᠂ ᠠᠷᠠᠳ ᠣᠯᠠᠨ᠎ᠳᠤ ᠮᠠᠰᠢ ᠶᠡᠭᠡ ᠵᠣᠯ ᠵᠢᠷᠭ᠋ᠠᠯ᠎ᠲᠠᠢ ᠰᠠᠨᠠᠭᠳᠠᠭᠤᠯᠤᠨ᠎ᠠ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠣᠳᠣᠬᠢᠴᠢᠯᠠᠯᠲᠠ ᠵᠢᠨ ᠪᠠᠶ᠋ᠢᠭᠤᠯᠤᠯᠲᠠ ᠵᠢ ᠲᠡᠮᠵᠢᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠶ᠋ᠢᠴᠢᠯᠠᠯᠲᠠ ᠪᠠ ᠴᠡᠷᠢᠭ ᠠᠩᠭᠢ ᠣᠷᠣᠨ ᠨᠤᠲᠤᠭ᠎ᠤᠨ ᠵᠣᠬᠢᠴᠠᠭᠤᠯᠭ᠎ᠠ ᠵᠢ ᠴᠢᠩᠭ᠋ᠠᠳᠬᠠᠨ᠂ ᠴᠡᠷᠢᠭ᠎ᠠᠴᠠ ᠬᠠᠯᠠᠭᠳᠠᠭᠰᠠᠳ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠷᠠᠭᠤᠯᠵᠤ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠭᠰᠡᠨ ᠪᠠᠶ᠋ᠢᠳᠠᠯ᠎ᠢ ᠪᠠᠬᠢᠵᠢᠭᠦᠯᠦᠨ ᠬᠥᠭᠵᠢᠭᠦᠯᠦᠨ᠎ᠡ᠃
    ᠳᠡᠭᠡᠷ᠎ᠡ ᠳᠤᠷᠠᠳᠤᠭᠰᠠᠨ ᠠᠵᠢᠯ᠎ᠢ ᠰᠠᠶ᠋ᠢᠲᠤᠷ ᠬᠢᠬᠦ᠎ᠳᠤ᠂ ᠬᠤᠶᠠᠷ ᠶᠡᠭᠡ ᠤᠷᠢᠳᠠᠴᠢ ᠵᠦᠢ᠍ᠯ᠎ᠢ ᠢᠮᠠᠭᠲᠠ ᠪᠠᠲᠤ ᠴᠡᠭᠡᠵᠢᠯᠡᠵᠦ᠂ ᠲᠣᠭᠲᠠᠯ ᠬᠦᠴᠦᠨ ᠵᠶ᠋ᠠᠨ ᠪᠠᠲᠤᠯᠠᠬᠤ ᠬᠡᠷᠡᠭᠲᠡᠢ᠃ ᠨᠢᠭᠡ᠎ᠳᠤ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠤᠯᠭ᠋ᠠᠬᠤ ᠵᠢ ᠡᠷᠬᠡᠪᠰᠢ ᠪᠠᠷᠢᠮᠲᠠᠯᠠᠨ᠎ᠠ᠃ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ ᠠᠵᠢᠯ᠎ᠢ ᠠᠯᠢᠪᠠ᠎ᠠᠴᠠ ᠴᠢᠬᠤᠯᠠ ᠡᠭᠦᠷᠭᠡ ᠪᠣᠯᠭ᠋ᠠᠨ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠪᠦᠭᠦ ᠨᠤᠲᠤᠭ ᠪᠦᠰᠡ ᠪᠦᠭᠦ ᠶᠠᠪᠤᠴᠠ᠎ᠪᠠᠷ ᠴᠢᠩᠭ᠋ᠠᠳᠬᠠᠨ᠂ ᠬᠥᠭᠵᠢᠯᠲᠡ ᠵᠢᠨ ᠠᠷᠭ᠎ᠠ ᠬᠡᠯᠪᠡᠷᠢ ᠵᠢᠨ ᠪᠣᠬᠢᠷᠳᠤᠯ ᠦᠭᠡᠢ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠪᠦᠭᠦ ᠣᠷᠣᠨ ᠪᠦᠰᠡ ᠪᠦᠭᠦ ᠬᠡᠪᠴᠢᠶᠡᠨ᠎ᠳᠤ ᠠᠬᠢᠭᠤᠯᠵᠤ᠂ ᠨᠡᠭᠦᠷᠡᠰᠦᠳᠦ᠋ᠷᠦᠭᠴᠢ ᠵᠢ ᠪᠠᠭ᠋ᠠᠰᠬᠠᠬᠤ᠂ ᠪᠣᠬᠢᠷᠳᠤᠯ᠎ᠢ ᠪᠠᠭ᠋ᠠᠰᠬᠠᠬᠤ᠂ ᠨᠣᠭᠤᠭ᠋ᠠᠷᠠᠭᠤᠯᠤᠯᠲᠠ᠎ᠪᠠᠨ ᠥᠷᠭᠡᠳᠬᠡᠬᠦ᠂ ᠠᠵᠤ ᠠᠬᠤᠢ ᠵᠢ ᠨᠡᠮᠡᠭᠳᠡᠭᠦᠯᠬᠦ᠎ᠪᠠᠨ ᠬᠠᠮᠵᠢᠯᠴᠠᠨ ᠠᠬᠢᠭᠤᠯᠵᠤ᠂ ᠰᠠᠶ᠋ᠢᠨ ᠰᠠᠶ᠋ᠢᠬᠠᠨ ᠠᠮᠢ ᠠᠬᠤᠢ ᠣᠷᠴᠢᠨ ᠲᠣᠭᠤᠷᠢᠨ᠎ᠢ ᠥᠪᠥᠷ ᠮᠣᠩᠭᠤᠯ᠎ᠤᠨ ᠪᠦᠭᠦ ᠲᠠᠯ᠎ᠠ ᠵᠢᠨ ᠣᠳᠣᠬᠢᠴᠢᠯᠠᠯᠲᠠ ᠵᠢᠨ ᠥᠩᠭᠡ ᠢᠯᠭ᠋ᠠᠷᠠᠮ᠎ᠠ ᠵᠢᠷᠤᠭ ᠲᠥᠰᠥᠪ ᠪᠠ ᠬᠠᠷᠠᠭ᠎ᠠ ᠪᠤᠯᠢᠶᠠᠮ᠎ᠠ ᠠᠮᠵᠢᠯᠲᠠ ᠪᠦᠳᠦᠮᠵᠢ ᠪᠣᠯᠭ᠋ᠠᠨ᠎ᠠ᠃ ᠬᠤᠶᠠᠷ᠎ᠲᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠬᠦ ᠤᠯᠠᠮᠵᠢᠯᠠᠯ᠎ᠢ ᠡᠷᠬᠡᠪᠰᠢ ᠪᠠᠳᠠᠷᠠᠭᠤᠯᠤᠨ᠎ᠠ᠃ ᠦᠨᠳᠦᠰᠦᠲᠡᠨ᠎ᠤ ᠪᠦᠯᠬᠦᠮᠳᠡᠯ᠎ᠤᠨ ᠶᠡᠭᠡ ᠲᠠᠯ᠎ᠠ ᠵᠢ ᠪᠠᠬᠢᠵᠢᠭᠦᠯᠦᠨ ᠬᠥᠭᠵᠢᠭᠦᠯᠬᠦ᠎ᠪᠠᠨ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ᠎ᠤ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠵᠢᠨ ᠦᠨᠳᠦᠰᠦᠨ ᠴᠢᠨᠠᠷᠲᠠᠢ ᠡᠭᠦᠷᠭᠡ ᠪᠣᠯᠭ᠋ᠠᠨ᠂ ᠲᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠬᠢᠵᠢᠭᠦᠯᠬᠦ ᠡᠨᠡ ᠬᠦ᠌ ᠭᠤᠣᠯ ᠰᠢᠵᠢᠮ᠎ᠤᠨ ᠲᠣᠭᠤᠷᠢᠨ᠎ᠳᠤ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠠᠭᠤᠯᠤᠭᠳᠠᠬᠤᠨ ᠪᠠ ᠠᠭᠤᠯᠬᠤᠨ᠎ᠢ ᠪᠠᠶᠠᠯᠢᠭᠵᠢᠭᠤᠯᠤᠨ ᠥᠷᠭᠡᠳᠬᠡᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠴᠢᠩ ᠰᠡᠳᠬᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠤᠨᠤᠰᠬᠤ᠂ ᠨᠠᠮ ᠵᠶ᠋ᠠᠨ ᠳᠠᠭ᠋ᠠᠬᠤ ᠪᠣᠯᠭ᠋ᠠᠨ ᠬᠥᠮᠥᠵᠢᠭᠦᠯᠵᠦ ᠬᠥᠲᠥᠯᠥᠨ ᠵᠢᠯᠤᠭᠤᠳᠴᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ ᠤᠯᠠᠮ ᠰᠠᠶ᠋ᠢᠨ ᠪᠣᠯᠭ᠋ᠠᠨ᠂ ᠨᠠᠮ ᠪᠠ ᠤᠯᠤᠰ᠎ᠤᠨ ᠶᠡᠭᠡ ᠲᠠᠯ᠎ᠠ᠎ᠳᠤ ᠤᠯᠠᠮ ᠰᠠᠶ᠋ᠢᠲᠤᠷ ᠬᠤᠪᠢ ᠨᠡᠮᠡᠷᠢ ᠦᠵᠡᠭᠦᠯᠵᠦ᠂ ᠪᠦᠯᠬᠦᠮᠳᠡᠨ ᠲᠡᠮᠡᠴᠡᠵᠦ ᠪᠠᠶ᠋ᠢᠭ᠋ᠠᠳ ᠡᠬᠡ ᠤᠯᠤᠰ᠎ᠤᠨ ᠬᠢᠯᠢ ᠬᠢᠵᠠᠭ᠋ᠠᠷ ᠵᠶ᠋ᠠᠨ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠶ᠋ᠢᠨ ᠰᠠᠶ᠋ᠢᠬᠠᠨ ᠠᠮᠢᠳᠤᠷᠠᠯ ᠵᠶ᠋ᠠᠨ ᠬᠠᠮᠲᠤ᠎ᠪᠠᠷ ᠴᠣᠭᠴᠠᠯᠠᠨ᠎ᠠ᠃
    ᠲᠥᠯᠥᠭᠡᠯᠡᠭᠴᠢᠳ ᠠ᠋! ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠤᠭᠤᠴᠠᠭ᠎ᠠ ᠰᠣᠯᠢᠬᠤ ᠪᠣᠯᠣᠯ᠎ᠠ᠂ ᠰᠢᠨ᠎ᠡ ᠤᠳᠤᠷᠢᠳᠬᠤ ᠪᠠᠭ᠎ᠤᠨ᠎ᠬᠢᠨ ᠰᠢᠨ᠎ᠡ ᠳᠦᠷᠰᠦ ᠪᠠᠶ᠋ᠢᠳᠠᠯ ᠰᠢᠨ᠎ᠡ ᠠᠮᠵᠢᠯᠲᠠ ᠪᠦᠳᠦᠮᠵᠢ ᠭᠠᠷᠭ᠋ᠠᠬᠤ ᠬᠡᠷᠡᠭᠲᠡᠢ᠂ ᠨᠠᠮ ᠪᠠᠶ᠋ᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ 《ᠭᠤᠷᠪᠠᠨ ᠡᠷᠬᠡᠪᠰᠢ》 ᠵᠢ ᠢᠮᠠᠭᠲᠠ ᠪᠠᠲᠤ ᠴᠡᠭᠡᠵᠢᠯᠡᠨ᠂ ᠨᠠᠮ ᠪᠠ ᠠᠷᠠᠳ᠎ᠤᠨ ᠲᠥᠯᠥᠭᠡ ᠠᠮᠢ ᠬᠤᠪᠢ᠎ᠪᠠᠨ ᠦᠯᠦ ᠪᠤᠳᠤᠵᠦ᠂ ᠠᠵᠢᠯ ᠪᠠ ᠦᠢ᠍ᠯᠡᠰ᠎ᠤᠨ ᠲᠥᠯᠥᠭᠡ ᠪᠡᠶ᠎ᠡ᠎ᠪᠠᠨ ᠴᠦᠯᠡᠬᠦ᠂ ᠬᠦᠴᠢᠷ ᠪᠠ ᠪᠡᠷᠬᠡᠰᠢᠶᠡᠯ᠎ᠢ ᠲᠤᠭᠤᠯᠬᠤ᠎ᠪᠠᠷ ᠮᠡᠷᠡᠶ᠋ᠢᠨ ᠵᠢᠳᠬᠦᠬᠦ ᠤᠶᠤᠨ ᠰᠠᠨᠠᠭ᠋ᠠᠨ᠎ᠤ ᠲᠦᠪᠰᠢᠨ᠎ᠲᠠᠢ ᠪᠠᠶ᠋ᠢᠬᠤ ᠵᠢ ᠪᠠᠷᠢᠮᠲᠠᠯᠠᠨ ᠬᠥᠭᠡᠭᠡᠴᠡᠯᠳᠦᠵᠦ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ ᠵᠣᠷᠢᠭᠲᠠᠢ ᠡᠭᠦᠷᠭᠡᠯᠡᠬᠦ ᠤᠯᠤᠰ ᠲᠦᠷᠦ ᠵᠢᠨ ᠣᠣᠷ ᠴᠢᠨᠠᠷ᠎ᠢ ᠥᠨᠢᠳᠡ ᠪᠠᠷᠢᠮᠲᠠᠯᠠᠨ᠎ᠠ᠃ ᠦᠨᠡᠨᠴᠢ ᠰᠢᠳᠤᠷᠭᠤ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠨ᠎ᠡ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠰᠣᠷᠣᠯᠴᠠᠵᠦ᠂ ᠪᠦᠭᠦ ᠲᠠᠯ᠎ᠠ᠎ᠪᠠᠷ ᠡᠵᠡᠮᠰᠢᠵᠦ᠂ ᠪᠦᠭᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠬᠦᠰᠡᠯᠡᠩ ᠵᠶ᠋ᠠᠨ ᠪᠠᠲᠤᠳᠬᠠᠨ᠂ ᠨᠠᠮᠴᠢ ᠴᠢᠨᠠᠷ ᠵᠶ᠋ᠠᠨ ᠳᠠᠪᠲᠠᠨ ᠪᠤᠯᠪᠠᠰᠤᠷᠠᠭᠤᠯᠵᠦ᠂ ᠦᠢ᠍ᠯᠡᠳᠦᠯᠭᠡ᠎ᠪᠠᠨ ᠵᠢᠯᠣᠭᠤᠳᠤᠭᠤᠯᠤᠨ᠂ ᠠᠵᠢᠯ ᠵᠶ᠋ᠠᠨ ᠠᠬᠢᠭᠤᠯᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠭᠦᠢ᠍ᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ 《ᠬᠤᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ᠎ᠪᠠᠨ ᠢᠮᠠᠭᠲᠠ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠨᠨᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠯᠭ᠋ᠠᠨ᠎ᠠ᠃ ᠬᠥᠭᠵᠢᠯᠲᠡ ᠵᠢᠨ ᠦᠵᠡᠯᠲᠡ᠎ᠪᠠᠨ ᠲᠥᠪ ᠪᠣᠯᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶᠠᠨ᠎ᠤ ᠲᠠᠪᠤᠳᠤᠭ᠋ᠠᠷ ᠪᠦᠭᠦᠳᠡ ᠬᠤᠷᠠᠯ᠎ᠠᠴᠠ ᠳᠤᠷᠠᠳᠤᠭᠰᠠᠨ 《ᠲᠤᠯᠤᠭ᠎ᠠ ᠵᠢ ᠲᠠᠶᠠᠭᠳᠠᠬᠤ》 ᠱᠠᠭ᠋ᠠᠷᠳᠠᠯᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠵᠣᠷᠢᠭᠲᠠᠢ᠎ᠪᠠᠷ ᠲᠦᠷᠦᠭᠦᠯᠡᠨ ᠬᠢᠬᠦ᠂ ᠡᠷᠡᠮᠡᠬᠡᠢ᠎ᠪᠠᠷ ᠲᠡᠷᠢᠭᠦᠨ᠎ᠤ᠎ᠬᠢ ᠵᠢ ᠭᠦᠢ᠍ᠴᠡᠨ ᠳᠠᠪᠠᠭᠤ ᠡᠷᠴᠢ ᠵᠣᠷᠢᠭ ᠵᠶ᠋ᠠᠨ ᠬᠥᠭᠵᠢᠭᠡᠵᠦ᠂ ᠶᠡᠭᠡ᠎ᠪᠠᠷ ᠠᠵᠢᠯᠯᠠᠵᠤ ᠲᠦᠷᠭᠡᠨ ᠬᠥᠭᠵᠢᠭᠦᠯᠬᠦ᠂ ᠥᠷᠯᠥᠭᠡ ᠦᠳᠡᠰᠢ ᠦᠭᠡᠢ ᠴᠢᠷᠮᠠᠶ᠋ᠢᠨ ᠲᠡᠮᠡᠴᠡᠬᠦ ᠤᠷᠮ᠎ᠠ ᠵᠣᠷᠢᠭ ᠵᠶ᠋ᠠᠨ ᠭᠦᠢ᠍ᠴᠡᠳ ᠪᠠᠳᠠᠷᠠᠭᠤᠯᠵᠤ᠂ ᠦᠷ᠎ᠡ ᠳ᠋ᠦᠩ ᠵᠶ᠋ᠠᠷ ᠵᠶ᠋ᠠᠨ ᠠᠵᠢᠯ ᠦᠢ᠍ᠯᠡᠰ ᠵᠶ᠋ᠠᠨ ᠲᠣᠳᠣᠷᠠᠭᠤᠯᠬᠤ᠂ ᠦᠨᠡᠨ ᠪᠦᠳᠦᠮᠵᠢ᠎ᠪᠠᠷ ᠵᠶ᠋ᠠᠨ ᠬᠦᠴᠦ ᠴᠢᠳᠠᠪᠤᠷᠢ᠎ᠪᠠᠨ ᠰᠢᠯᠭ᠋ᠠᠬᠤ ᠤᠳᠤᠷᠢᠳᠤᠮᠵᠢ ᠵᠢ ᠴᠢᠩᠭ᠋ᠠᠷᠠᠭᠤᠯᠤᠨ᠂ ᠠᠭᠤᠯᠠ ᠲᠠᠭ᠋ᠠᠷᠠᠪᠠᠯ ᠵᠠᠮ ᠳᠡᠪᠢᠰᠬᠦ᠂ ᠭᠤᠣᠯ ᠬᠠᠰᠢᠪᠠᠯ ᠬᠥᠭᠦᠷᠭᠡ ᠲᠠᠯᠪᠢᠬᠤ ᠰᠥᠰᠥ ᠵᠣᠷᠢᠭ ᠵᠶ᠋ᠠᠷ ᠬᠤᠯᠡ ᠣᠶ᠋ᠢᠷ᠎ᠠ ᠵᠢ ᠬᠠᠮᠲᠤ᠎ᠳᠤ᠎ᠨᠢ ᠬᠠᠷᠠᠭ᠋ᠠᠯᠵᠠᠵᠤ᠂ ᠦᠷ᠎ᠡ ᠠᠰᠢᠭ᠎ᠢ ᠤᠷᠢᠳ ᠵᠶ᠋ᠠᠷ ᠪᠣᠳᠣᠯᠬᠢᠯᠠᠬᠤ ᠣᠨᠣᠯᠵᠢᠬᠤᠨ᠎ᠢ ᠪᠠᠷᠢᠮᠲᠠᠯᠠᠨ᠂ ᠣᠨᠴᠠ ᠨᠠᠷᠢᠯᠢᠭ᠎ᠠᠴᠠ ᠣᠭᠢ ᠰᠢᠯᠢᠳᠡᠭ ᠮᠥᠷᠲᠡᠭᠡᠨ ᠪᠠᠷᠢᠮᠵᠢᠶ᠎ᠠ ᠥᠨᠳᠥᠷ ᠴᠢᠨᠠᠷ ᠰᠠᠶ᠋ᠢᠲᠠᠢ ᠲᠦᠪᠰᠢᠨ᠎ᠢ ᠬᠥᠭᠡᠭᠡᠴᠡᠯᠳᠦᠵᠦ᠂ ᠡᠵᠡᠩᠨᠡᠨ ᠬᠠᠮᠢᠶᠠᠷᠬᠤ ᠪᠠ ᠨᠠᠷᠢᠨ ᠨᠢᠭᠲᠠ ᠪᠤᠳᠤᠵᠦ ᠰᠡᠳᠬᠢᠬᠦ ᠴᠢᠳᠠᠪᠤᠷᠢ᠎ᠪᠠᠨ ᠴᠢᠩᠭ᠋ᠠᠷᠠᠭᠤᠯᠤᠨ᠂ ᠦᠵᠡᠯ ᠰᠠᠨᠠᠭ᠎ᠠ᠎ᠪᠠᠨ ᠴᠢᠯᠦᠭᠡᠯᠡᠨ᠂ ᠦᠵᠡᠯᠲᠡ᠎ᠪᠠᠨ ᠰᠢᠨᠡᠳᠬᠡᠵᠦ ᠪᠠᠶ᠋ᠢᠭ᠋ᠠᠳ ᠬᠥᠭᠵᠢᠯᠲᠡ ᠵᠢ ᠲᠦᠷᠭᠡᠳᠬᠡᠬᠦ᠂ ᠬᠥᠭᠵᠢᠯᠲᠡ ᠵᠢ ᠴᠢᠩᠭ᠎ᠠ ᠠᠳᠬᠤᠬᠤ ᠴᠤᠭ ᠵᠣᠯᠢ᠎ᠪᠠᠨ ᠪᠦᠭᠦ ᠲᠠᠯ᠎ᠠ᠎ᠪᠠᠷ ᠪᠠᠳᠠᠷᠠᠭ᠋ᠠᠨ᠎ᠠ᠃ ᠠᠷᠠᠳ᠎ᠲᠤ ᠦᠨᠡᠨᠴᠢ᠎ᠪᠠᠷ ᠦᠢ᠍ᠯᠡᠴᠢᠯᠡᠨ᠎ᠡ᠃ ᠵᠣᠷᠢᠯᠲᠠ ᠵᠢᠨ ᠤᠬᠠᠮᠰᠠᠷ ᠵᠶ᠋ᠠᠨ ᠴᠢᠩᠭ᠋ᠠᠷᠠᠭᠤᠯᠵᠤ᠂ ᠠᠷᠠᠳ᠎ᠲᠤ ᠠᠰᠢᠭ ᠬᠦᠷᠲᠡᠭᠡᠬᠦ᠎ᠪᠠᠷ ᠦᠨᠳᠦᠰᠦ ᠪᠤᠯᠭ᠋ᠠᠬᠤ ᠵᠢ ᠪᠠᠷᠢᠮᠲᠠᠯᠠᠨ᠂ ᠵᠥᠪ ᠤᠨᠤᠪᠴᠢᠳᠠᠢ ᠵᠠᠰᠠᠭ᠎ᠤᠨ ᠠᠵᠢᠯ᠎ᠤᠨ ᠪᠦᠳᠦᠮᠵᠢ ᠵᠢᠨ ᠦᠵᠡᠯᠲᠡ ᠵᠢ ᠪᠤᠢ ᠪᠤᠯᠭ᠋ᠠᠬᠤ ᠪᠠ ᠦᠢ᠍ᠯᠡᠳᠦᠯᠭᠡᠵᠢᠭᠦᠯᠵᠦ᠂ ᠠᠯᠢᠪᠠ ᠤᠴᠢᠷ ᠶᠠᠪᠤᠳᠠᠯ᠎ᠢ ᠬᠢᠬᠦ᠎ᠳᠤ᠎ᠪᠠᠨ ᠶᠠᠭᠤᠨ᠎ᠤ ᠡᠮᠦᠨ᠎ᠡ ᠠᠷᠠᠳ ᠢᠷᠭᠡᠳ᠎ᠲᠤ ᠶᠠᠭᠤ ᠨᠢᠭᠡ ᠱᠠᠭ᠋ᠠᠷᠳᠠᠭᠳᠠᠵᠤ ᠪᠠᠶ᠋ᠢᠬᠤ᠂ ᠲᠡᠳᠡ ᠶᠠᠭᠤ ᠨᠢᠭᠡ ᠵᠢ ᠬᠦᠰᠡᠵᠦ ᠪᠠᠶ᠋ᠢᠬᠤ ᠭᠡᠳᠡᠭ᠎ᠢ ᠪᠣᠳᠣᠯᠬᠢᠯᠠᠨ᠂ ᠤᠯᠠᠨ ᠲᠦᠮᠡᠨ᠎ᠤ ᠳᠤᠮᠳᠠ ᠭᠦᠨᠵᠡᠭᠡᠶ᠋ᠢᠷᠡᠨ ᠬᠤᠲᠠᠯᠠ ᠤᠯᠠᠨ ᠵᠶ᠋ᠠᠷ ᠵᠶ᠋ᠠᠨ ᠵᠥᠪᠳᠡᠯᠴᠡᠨ ᠲᠣᠬᠢᠷᠠᠯᠴᠠᠵᠤ ᠪᠠᠶ᠋ᠢᠭ᠋ᠠᠳ ᠬᠠᠮᠲᠤ᠎ᠪᠠᠷ ᠭᠦᠢ᠍ᠴᠡᠳᠬᠡᠨ ᠬᠢᠵᠦ᠂ ᠤᠯᠠᠨ ᠲᠦᠮᠡᠨᠴᠢ ᠱᠤᠭᠤᠮ ᠵᠶ᠋ᠠᠷ ᠰᠠᠶ᠋ᠢᠲᠤᠷ ᠵᠠᠮᠨᠠᠬᠤ᠎ᠳᠤ ᠲᠦᠰᠢᠭᠯᠡᠨ ᠲᠣᠮᠣ ᠠᠵᠢᠯ ᠦᠢ᠍ᠯᠡᠰ ᠪᠠ ᠪᠣᠳᠠᠲᠤ ᠠᠵᠢᠯ ᠶᠠᠪᠤᠳᠠᠯ ᠪᠦᠲᠦᠭᠡᠨ᠂ ᠠᠷᠠᠳ᠎ᠤᠨ ᠬᠦᠴᠦᠨ᠎ᠢ ᠨᠢᠭᠲᠠᠷᠠᠭᠤᠯᠤᠨ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠤᠨ᠎ᠠ᠃ ᠦᠨᠳᠦᠰᠦᠨ ᠱᠠᠲᠤᠨ᠎ᠤ ᠤᠳᠤᠷᠢᠳᠤᠮᠵᠢ ᠵᠢ ᠲᠣᠪᠦᠶ᠋ᠢᠯᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠦᠨᠳᠦᠰᠦᠨ ᠱᠠᠲᠤᠨ᠎ᠤ᠎ᠬᠢᠨ᠎ᠢ ᠳᠠᠶ᠋ᠢᠴᠢᠯᠠᠨ ᠳᠠᠭ᠋ᠠᠭᠤᠯᠵᠤ ᠪᠠᠶ᠋ᠢᠭ᠋ᠠᠳ ᠵᠣᠷᠢᠭᠲᠠᠢ᠎ᠪᠠᠷ ᠪᠣᠳᠠᠲᠤ ᠶᠠᠪᠤᠳᠠᠯ ᠬᠢᠵᠦ᠂ ᠲᠡᠭᠦᠨ᠎ᠢ᠎ᠪᠠᠨ ᠬᠢᠵᠦ ᠪᠦᠲᠦᠭᠡᠬᠦ ᠮᠥᠷᠲᠡᠭᠡᠨ ᠦᠨᠳᠦᠰᠦᠨ ᠱᠠᠲᠤᠨ᠎ᠤ᠎ᠬᠢᠨ᠎ᠢ ᠢᠯᠡᠭᠦᠬᠡᠨ ᠬᠠᠪᠰᠤᠷᠴᠤ ᠪᠠᠶ᠋ᠢᠭ᠋ᠠᠳ ᠢᠯᠡᠭᠦᠬᠡᠨ ᠠᠷᠭ᠎ᠠ ᠰᠠᠮᠪᠠᠭ᠎ᠠ ᠰᠦᠪᠡᠭᠴᠢᠯᠡᠵᠦ᠂ ᠲᠡᠳᠡᠨ᠎ᠳᠤ ᠤᠬᠠᠭ᠋ᠠᠨ ᠪᠣᠳᠣᠯᠭ᠎ᠠ ᠭᠠᠷᠭ᠋ᠠᠵᠤ ᠥᠭᠭᠦᠨ᠎ᠡ᠂ ᠡᠭᠦᠨ᠎ᠤ ᠳᠠᠭ᠋ᠠᠤ᠎ᠳᠤ ᠲᠦᠷᠦ ᠵᠢᠨ ᠪᠣᠳᠣᠯᠭ᠎ᠠ ᠪᠠ ᠲᠦᠷᠦᠯ ᠵᠦᠢ᠍ᠯ ᠣᠯᠬᠤ᠎ᠪᠠᠷ ᠨᠢᠭᠡᠳᠦᠯᠲᠡᠢ᠎ᠪᠠᠷ ᠬᠠᠮᠲᠤ᠎ᠳᠤ᠎ᠪᠠᠨ ᠴᠢᠷᠮᠠᠶ᠋ᠢᠬᠤ᠂ ᠬᠤᠳᠠᠯᠳᠤᠭ᠋ᠠᠴᠢᠨ᠎ᠢ ᠤᠷᠢᠬᠤ᠎ᠪᠠᠷ ᠨᠢᠭᠡᠳᠦᠯᠲᠡᠢ᠎ᠪᠠᠷ ᠬᠠᠮᠲᠤ᠎ᠳᠤ᠎ᠪᠠᠨ ᠮᠡᠷᠡᠶ᠋ᠢᠬᠦ ᠮᠥᠷᠲᠡᠭᠡᠨ ᠦᠨᠳᠦᠰᠦᠨ ᠱᠠᠲᠤᠨ᠎ᠳᠤ ᠭᠦᠨᠵᠡᠭᠡᠶ᠋ᠢᠷᠡᠨ ᠠᠰᠠᠭᠤᠳᠠᠯ᠎ᠢ ᠠᠳᠬᠤᠵᠤ᠂ ᠲᠦᠪᠡᠭᠲᠡᠢ ᠰᠡᠳᠦᠪ᠎ᠲᠤ ᠰᠢᠪᠲᠤᠯᠤᠯᠲᠠ ᠭᠠᠷᠭ᠋ᠠᠨ᠂ ᠬᠦᠴᠢᠷᠲᠡᠢ ᠵᠦᠢ᠍ᠯ᠎ᠢ᠎ᠨᠢ ᠰᠢᠢ᠍ᠳᠪᠦᠷᠢᠯᠡᠵᠦ ᠥᠭᠭᠦᠨ᠎ᠡ; ᠲᠢᠩᠬᠢᠮ ᠲᠣᠪᠴᠢᠶ᠎ᠠ ᠰᠠᠯᠠᠭ᠎ᠠ ᠮᠥᠴᠢᠷ᠎ᠤᠳ ᠪᠦᠭᠦ ᠲᠠᠯ᠎ᠠ ᠵᠢᠨ ᠵᠣᠭᠰᠣᠴᠠ᠎ᠠᠴᠠ ᠦᠢ᠍ᠯᠡᠴᠢᠯᠡᠭᠡᠨ᠎ᠤ ᠤᠬᠠᠮᠰᠠᠷ᠂ ᠠᠵᠢᠭᠯᠠᠵᠤ ᠰᠡᠳᠬᠢᠨ ᠰᠢᠢ᠍ᠳᠪᠦᠷᠢᠯᠡᠬᠦ ᠰᠡᠳᠬᠢᠬᠦᠢ᠎ᠪᠠᠨ ᠴᠢᠩᠭ᠋ᠠᠷᠠᠭᠤᠯᠵᠤ᠂ ᠬᠢᠨᠠᠭᠤᠯᠵᠤ ᠵᠥᠪᠰᠢᠶᠡᠷᠡᠭᠦᠯᠬᠦ᠎ᠪᠠᠷ ᠢᠷᠡᠭᠦᠯᠦᠭᠰᠡᠨ ᠲᠦᠷᠦᠯ ᠵᠦᠢ᠍ᠯ᠎ᠤᠨ ᠵᠥᠪᠰᠢᠶᠡᠷᠡᠵᠦ ᠪᠣᠯᠬᠤ ᠵᠢ᠎ᠨᠢ ᠲᠦᠷᠭᠡᠨ ᠬᠢᠨᠠᠨ ᠵᠥᠪᠰᠢᠶᠡᠷᠡᠵᠦ᠂ ᠲᠤᠰᠢᠶᠠᠨ ᠭᠦᠢ᠍ᠴᠡᠳᠬᠡᠯᠭᠡᠬᠦ᠎ᠪᠠᠷ ᠢᠷᠡᠭᠦᠯᠦᠭᠰᠡᠨ ᠵᠦᠢ᠍ᠯᠡᠰ᠎ᠤᠨ ᠭᠦᠢ᠍ᠴᠡᠳᠬᠡᠵᠦ ᠪᠣᠯᠬᠤ ᠵᠢ᠎ᠨᠢ ᠭᠦᠢ᠍ᠴᠡᠳ ᠭᠦᠢ᠍ᠴᠡᠳᠬᠡᠵᠦ᠂ ᠬᠤᠪᠢᠳᠠᠵᠤ ᠥᠭᠭᠦᠭᠰᠡᠨ ᠡᠭᠦᠷᠭᠡ ᠵᠢ᠎ᠨᠢ ᠱᠠᠯᠠᠪᠳᠠᠵᠤ ᠪᠠᠶ᠋ᠢᠭ᠋ᠠᠳ ᠭᠦᠢ᠍ᠴᠡᠳᠬᠡᠯᠭᠡᠬᠦ ᠵᠢᠨ ᠳᠠᠭ᠋ᠠᠤ᠎ᠳᠤ ᠪᠠᠰᠠ ᠬᠠᠪᠰᠤᠷᠤᠨ ᠭᠦᠢ᠍ᠴᠡᠳᠬᠡᠵᠦ ᠥᠭᠭᠦᠨ᠎ᠡ; ᠠᠶ᠋ᠢᠮᠠᠭ ᠬᠤᠳᠠ ᠬᠤᠰᠢᠭᠤ ᠰᠢᠶᠠᠨ᠎ᠨᠤᠭᠤᠳ ᠪᠦᠭᠦ ᠣᠷᠣᠨ ᠵᠶ᠋ᠠᠷ ᠵᠶ᠋ᠠᠨ 《ᠨᠢᠭᠡ ᠬᠥᠯᠭᠡ ᠰᠢᠲᠠᠷ᠎ᠠ》 ᠠᠳᠠᠯᠢ ᠪᠠᠶ᠋ᠢᠬᠤ ᠵᠢ ᠪᠠᠷᠢᠮᠲᠠᠯᠠᠨ᠂ ᠪᠦᠭᠦ ᠲᠠᠯ᠎ᠠ ᠵᠢᠨ ᠪᠠᠶ᠋ᠢᠷᠢ ᠲᠣᠭᠲᠠᠭ᠋ᠠᠯᠲᠠ ᠵᠢ ᠣᠨᠣᠴᠠᠲᠠᠢ ᠣᠯᠵᠤ᠂ ᠣᠨᠴᠠᠯᠢᠭ ᠳᠠᠪᠠᠭᠤᠯᠢᠭ᠎ᠲᠤ᠎ᠪᠠᠨ ᠰᠠᠭᠤᠷᠢᠯᠠᠨ᠂ ᠭᠤᠣᠯᠯᠠᠨ ᠰᠢᠪᠲᠤᠯᠬᠤ ᠴᠢᠭᠯᠡᠯ ᠵᠶ᠋ᠠᠨ ᠲᠣᠳᠣᠷᠬᠠᠢ ᠲᠣᠭᠲᠠᠭ᠋ᠠᠵᠤ᠂ ᠡᠷᠴᠢ ᠵᠣᠷᠢᠭ ᠵᠶ᠋ᠠᠨ ᠭᠦᠢ᠍ᠴᠡᠳ ᠪᠠᠳᠠᠷᠠᠭᠤᠯᠵᠤ ᠪᠠᠶ᠋ᠢᠭ᠋ᠠᠳ ᠲᠦᠷᠭᠡᠨ ᠬᠥᠭᠵᠢᠯᠲᠡ᠎ᠪᠠᠨ ᠤᠯᠠᠮ᠎ᠠᠴᠠ ᠲᠦᠷᠭᠡᠳᠬᠡᠨ᠎ᠡ᠃ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠨ᠎ᠠ᠃ ᠪᠠᠶ᠋ᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ᠂ ᠲᠡᠰ ᠳᠠᠷᠠᠭ᠋ᠠᠯᠠᠯ᠂ ᠬᠠᠷᠢᠭᠤᠴᠠᠯᠭ᠎ᠠ ᠵᠢᠨ ᠬᠠᠤᠯᠢ ᠶᠣᠰᠣᠨ᠎ᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠠᠤᠯᠢᠵᠢᠯ᠎ᠤᠨ ᠰᠡᠳᠬᠢᠬᠦᠢ ᠪᠠ ᠬᠠᠤᠯᠢᠵᠢᠯ᠎ᠤᠨ ᠵᠢᠷᠤᠮᠯᠠᠯ ᠵᠶ᠋ᠠᠷ ᠠᠰᠠᠭᠤᠳᠠᠯ᠎ᠢ ᠪᠣᠳᠣᠯᠬᠢᠯᠠᠬᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠠᠵᠢᠯ ᠶᠠᠪᠤᠳᠠᠯ ᠬᠢᠬᠦ᠎ᠳᠤ᠎ᠪᠠᠨ ᠴᠢᠳᠠᠮᠠᠭ᠋ᠠᠢ ᠪᠠᠶ᠋ᠢᠵᠤ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ ᠴᠢᠨᠠᠷ ᠴᠢᠨᠰᠠᠭ᠎ᠠ ᠦᠷ᠎ᠡ ᠠᠰᠢᠭ᠎ᠢ ᠳᠡᠬᠡᠭᠰᠢᠯᠡᠬᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠋ᠠᠨ᠎ᠢ ᠵᠢᠷᠤᠮᠵᠢᠭᠤᠯᠤᠨ᠂ ᠡᠯ᠎ᠡ ᠲᠠᠯ᠎ᠠ ᠵᠢᠨ᠎ᠬᠢᠨ᠎ᠤ ᠬᠢᠨᠠᠯᠲᠠ ᠲᠠᠯᠪᠢᠯᠲᠠ ᠵᠢ ᠤᠯᠠᠮ ᠢᠯᠡᠭᠦᠦ ᠤᠬᠠᠮᠰᠠᠷ᠎ᠠᠴᠠ᠎ᠪᠠᠨ ᠬᠦᠯᠢᠶᠡᠵᠦ᠂ ᠵᠠᠰᠠᠭ᠎ᠤᠨ ᠣᠷᠳᠣᠨ᠎ᠤ ᠠᠵᠢᠯᠯᠠᠭ᠋ᠠᠨ᠎ᠢ ᠪᠦᠭᠦ ᠲᠠᠯ᠎ᠠ᠎ᠪᠠᠷ ᠬᠠᠤᠯᠢᠵᠢᠯ᠎ᠤᠨ ᠵᠠᠮ ᠮᠥᠷ᠎ᠲᠤ ᠣᠷᠣᠭᠤᠯᠤᠨ᠂ ᠵᠠᠰᠠᠭ ᠵᠠᠬᠢᠷᠭ᠋ᠠᠨ᠎ᠤ ᠦᠷ᠎ᠡ ᠠᠰᠢᠭᠯᠠᠮᠵᠢ ᠪᠠ ᠨᠡᠶ᠋ᠢᠲᠡ᠎ᠳᠤ ᠢᠲᠡᠭᠡᠭᠦᠯᠬᠦ ᠬᠦᠴᠦᠨ᠎ᠢ᠎ᠨᠢ ᠲᠡᠬᠡᠭᠰᠢᠯᠡᠬᠦᠯᠦᠨ᠎ᠡ᠃ ᠰᠤᠷᠲᠠᠯ᠎ᠢ ᠴᠡᠭᠴᠡᠯᠡᠨ ᠰᠠᠬᠢᠯᠭ᠎ᠠ ᠵᠢ ᠴᠢᠩᠳᠠᠯᠠᠬᠤ᠎ᠪᠠᠨ ᠴᠢᠩᠭ᠋ᠠᠳᠬᠠᠨ᠎ᠠ᠃ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠴᠢᠩᠭ᠎ᠠ ᠪᠠᠬᠢᠵᠢᠭᠦᠯᠦᠨ ᠪᠣᠳᠠᠲᠠᠶ᠋ᠢᠵᠢᠭᠤᠯᠵᠤ᠂ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠤᠶ᠋ᠢᠪᠢᠰᠢ ᠦᠭᠡᠢ ᠨᠠᠶ᠋ᠢᠳᠠᠪᠤᠷᠢᠵᠢᠭᠤᠯᠤᠨ᠂ 《ᠲᠦᠷᠪᠡᠨ ᠰᠤᠷᠲᠠᠯ》᠎ᠤᠨ ᠠᠰᠠᠭᠤᠳᠠᠯ ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠦᠷᠭᠦᠯᠵᠢᠯᠡᠨ ᠵᠠᠰᠠᠨ ᠵᠠᠯᠠᠷᠠᠭᠤᠯᠵᠤ᠂ 《ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭ᠋ᠠᠨ》 ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠡᠷᠬᠡ ᠲᠥᠪᠯᠡᠷᠡᠩᠭᠦᠢ᠂ ᠪᠡᠯᠡ ᠮᠥᠩᠭᠦ ᠣᠯᠠᠨᠲᠠᠢ᠂ ᠡᠬᠢ ᠪᠠᠶᠠᠯᠢᠭ ᠦᠯᠡᠮᠵᠢ ᠬᠦᠷᠢᠶᠡᠨ᠎ᠳᠠᠬᠢ ᠬᠢᠨᠠᠯᠲᠠ ᠲᠠᠯᠪᠢᠯᠲᠠ ᠪᠠ ᠬᠢᠵᠠᠭ᠋ᠠᠷᠯᠠᠯ᠎ᠢ ᠴᠢᠩᠭ᠋ᠠᠷᠠᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠶ᠋ᠢᠷᠡᠭᠦᠯᠦᠨ ᠠᠬᠢᠭᠤᠯᠤᠨ᠎ᠠ᠃ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠬᠦᠴᠦᠲᠡᠢ ᠠᠳᠬᠤᠨ᠎ᠠ᠃ ᠠᠵᠢᠯ ᠵᠶ᠋ᠠᠨ ᠲᠣᠳᠣᠷᠬᠠᠶ᠋ᠢᠯᠠᠬᠤ ᠤᠬᠠᠮᠰᠠᠷ᠂ ᠡᠭᠦᠷᠭᠡ᠎ᠪᠠᠨ ᠪᠡᠶᠡᠯᠡᠭᠦᠯᠬᠦ ᠤᠬᠠᠮᠰᠠᠷ᠂ ᠦᠷ᠎ᠡ ᠪᠦᠳᠦᠮᠵᠢ ᠭᠠᠷᠭ᠋ᠠᠬᠤ ᠤᠬᠠᠮᠰᠠᠷ᠎ᠢ ᠴᠢᠩᠭ᠋ᠠᠷᠠᠭᠤᠯᠤᠨ᠂ ᠬᠠᠷᠠᠯᠲᠠ᠎ᠳᠤ᠎ᠪᠠᠨ ᠴᠢᠭᠯᠡᠭᠦᠯᠵᠦ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠬᠢᠵᠠᠭ᠋ᠠᠷᠯᠠᠯ ᠬᠦᠯᠢᠶᠡᠰᠦᠯᠡᠯ᠎ᠠᠴᠠ᠎ᠨᠢ ᠴᠢᠯᠦᠭᠡᠯᠡᠵᠦ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠬᠤᠷᠳᠤᠴᠠ ᠪᠠ ᠦᠷ᠎ᠡ ᠪᠦᠳᠦᠮᠵᠢ᠎ᠪᠠᠨ ᠳᠡᠭᠡᠭᠰᠢᠯᠡᠭᠦᠯᠦᠨ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠰᠡᠳᠦᠵᠦ ᠲᠥᠯᠥᠪᠯᠡᠭᠰᠡᠨ ᠠᠵᠢᠯ ᠶᠠᠪᠤᠳᠠᠯ ᠵᠶ᠋ᠠᠨ ᠤᠷᠢᠳᠴᠢᠯᠠᠭ᠋ᠠᠳ ᠲᠦᠷᠦᠭᠦᠯᠡᠨ ᠬᠢᠵᠦ᠂ ᠡᠷᠲᠡᠬᠡᠨ ᠮᠥᠷᠲᠡᠭᠡᠨ ᠪᠤᠰᠢᠭᠤ ᠬᠥᠳᠡᠯᠦᠯᠴᠡᠨ᠂ ᠲᠣᠭᠲᠠᠭᠰᠠᠨ ᠠᠵᠢᠯ ᠶᠠᠪᠤᠳᠠᠯ ᠵᠶ᠋ᠠᠨ ᠴᠢᠩᠭ᠎ᠠ ᠠᠳᠬᠤᠨ ᠲᠦᠷᠭᠡᠨ ᠭᠦᠢ᠍ᠴᠡᠳᠬᠡᠵᠦ᠂ ᠦᠷ᠎ᠡ ᠪᠦᠳᠦᠮᠵᠢ ᠭᠠᠷᠭ᠋ᠠᠵᠤ ᠦᠷ᠎ᠡ ᠳ᠋ᠦᠩ᠎ᠲᠠᠢ ᠪᠤᠯᠭ᠋ᠠᠵᠦ᠂ 《ᠬᠢᠭᠰᠡᠨ ᠬᠤᠷᠠᠯ ᠵᠶ᠋ᠠᠨ ᠦᠪᠡᠰᠦᠪᠡᠨ ᠲᠤᠭᠤᠰᠢᠯᠠᠭᠤᠯᠬᠤ᠂ ᠭᠠᠷᠭ᠋ᠠᠭᠰᠠᠨ ᠴᠣᠬᠤᠯᠠᠪᠤᠷᠢ᠎ᠪᠠᠨ ᠦᠪᠡᠰᠦᠪᠡᠨ ᠨᠠᠶ᠋ᠢᠳᠠᠪᠤᠷᠢᠵᠢᠭᠤᠯᠬᠤ᠂ ᠲᠣᠭᠲᠠᠭ᠋ᠠᠭᠰᠠᠨ ᠲᠦᠷᠦ ᠵᠢᠨ ᠪᠣᠳᠣᠯᠭ᠎ᠠ᠎ᠪᠠᠨ ᠦᠪᠡᠰᠦᠪᠡᠨ ᠪᠣᠳᠠᠲᠠᠶ᠋ᠢᠵᠢᠭᠤᠯᠬᠤ》 ᠵᠢ ᠦᠨᠡᠨ ᠬᠦ᠌ ᠪᠡᠶᠡᠯᠡᠭᠦᠯᠦᠨ᠎ᠡ᠃
    ᠲᠥᠯᠥᠭᠡᠯᠡᠭᠴᠢᠳ ᠠ᠋! ᠰᠢᠨ᠎ᠡ ᠠᠶᠠᠨ ᠵᠠᠮ᠎ᠤᠨ ᠰᠠᠷᠠᠭᠤᠯ ᠢᠷᠡᠭᠡᠳᠦᠢ ᠪᠢᠳᠡᠨ᠎ᠢ ᠬᠤᠷᠤᠶ᠋ᠢᠯᠠᠵᠤ᠂ ᠣᠳᠣᠬᠢᠴᠢᠯᠠᠯᠲᠠ ᠵᠢᠨ ᠠᠤᠭ᠎ᠠ ᠲᠥᠰᠥᠪ ᠪᠢᠳᠡᠨ᠎ᠤ ᠤᠷᠮ᠎ᠠ ᠵᠣᠷᠢᠭ᠎ᠢ ᠬᠥᠭᠵᠢᠭᠡᠵᠦ ᠪᠠᠶ᠋ᠢᠨ᠎ᠠ᠂ ᠪᠢᠳᠡ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠨᠨᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠠᠭ᠋ᠠᠭᠤᠯᠭ᠎ᠠ ᠳᠣᠣᠷ᠎ᠠ᠂ ᠨᠢᠭᠡ ᠰᠡᠳᠬᠢᠯ ᠨᠢᠭᠡ ᠵᠣᠷᠢᠭ ᠵᠶ᠋ᠠᠷ ᠦᠨᠡᠨ ᠬᠦ᠌ ᠰᠢᠷᠭ᠋ᠠᠭᠤ ᠦᠨᠡᠨᠴᠢ᠎ᠪᠠᠷ ᠠᠵᠢᠯᠯᠠᠨ᠂ ᠰᠢᠨ᠎ᠡ ᠴᠠᠭ ᠦᠶ᠎ᠡ ᠵᠢᠨ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠠᠶ᠋ᠢᠭᠤᠯᠵᠤ᠂ ᠲᠣᠮᠳᠠᠳᠣ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠣᠯᠳᠡ ᠵᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ!
    ᠳᠠᠭ᠋ᠠᠯᠳᠤᠭᠤᠯᠤᠯ᠄ 1. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠳᠠᠬᠢ ᠠᠷᠠᠳ᠎ᠤᠨ ᠠᠮᠢᠳᠤᠷᠠᠯ᠎ᠤᠨ ᠪᠣᠳᠠᠲᠠᠢ ᠶᠠᠪᠤᠳᠠᠯ᠎ᠤᠨ 43 ᠲᠥᠷᠥᠯ ᠵᠦᠢ᠍ᠯ ᠵᠢᠴᠢ ᠲᠦᠷᠦᠭᠦᠯᠡᠨ ᠬᠠᠷᠢᠭᠤᠴᠠᠬᠤ ᠨᠢᠭᠡᠴᠢ
   2. 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠬᠤᠯᠪᠣᠭᠳᠠᠯ ᠪᠦᠬᠦᠢ ᠨᠡᠷᠡᠰ᠎ᠤᠨ ᠲᠠᠶ᠋ᠢᠯᠪᠤᠷᠢ
    ᠳᠠᠭ᠋ᠠᠯᠳᠤᠭᠤᠯᠤᠯ 1
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠳᠠᠬᠢ ᠠᠷᠠᠳ᠎ᠤᠨ ᠠᠮᠢᠳᠤᠷᠠᠯ᠎ᠤᠨ ᠪᠣᠳᠠᠲᠠᠢ ᠶᠠᠪᠤᠳᠠᠯ᠎ᠤᠨ 43 ᠲᠥᠷᠥᠯ ᠵᠦᠢ᠍ᠯ ᠵᠢᠴᠢ ᠲᠦᠷᠦᠭᠦᠯᠡᠨ ᠬᠠᠷᠢᠭᠤᠴᠠᠬᠤ ᠨᠢᠭᠡᠴᠢ
    ᠨᠢᠭᠡ᠂ ᠣᠯᠠᠨ ᠲᠦᠮᠡᠨ᠎ᠤ ᠠᠵᠢᠯ ᠣᠯᠵᠤ ᠣᠷᠣᠯᠭ᠎ᠠ ᠨᠡᠮᠡᠭᠳᠡᠬᠦ ᠵᠢ᠎ᠨᠢ ᠠᠬᠢᠭᠤᠯᠬᠤ 7 ᠵᠦᠢ᠍ᠯ
   1. ᠰᠤᠷᠭ᠋ᠠᠭᠤᠯᠢ᠎ᠠᠴᠠ᠎ᠪᠠᠨ ᠰᠠᠯᠤᠭ᠋ᠠᠳ ᠠᠵᠢᠯ ᠣᠯᠣᠭ᠋ᠠᠳᠤᠢ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠦᠨᠡᠨ ᠨᠡᠷ᠎ᠡ ᠵᠢᠨ ᠳᠦᠷᠢᠮᠲᠦ ᠬᠠᠪᠰᠤᠷᠤᠨ ᠲᠡᠳᠬᠦᠬᠦ ᠠᠵᠢᠯᠯᠠᠭ᠋ᠠᠨ᠎ᠢ ᠬᠡᠷᠡᠭᠵᠢᠭᠦᠯᠵᠦ᠂ ᠵᠢᠯ᠎ᠤᠨ ᠰᠡᠭᠦᠯᠴᠢ ᠪᠣᠯᠬᠤ᠎ᠳᠤ ᠠᠵᠢᠯ ᠣᠯᠭᠤᠯᠲᠠ ᠵᠢᠨ ᠨᠣᠷᠮ᠎ᠠ᠎ᠪᠠᠨ 90%᠎ᠠᠴᠠ ᠳᠡᠭᠡᠭᠰᠢ ᠪᠣᠯᠭ᠋ᠠᠬᠤ ᠵᠢ ᠦᠨᠡᠨ ᠬᠦ᠌ ᠪᠠᠲᠤᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)᠃
   2. 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠪᠠ ᠨᠡᠶ᠋ᠢᠭᠡᠮ ᠲᠣᠭᠤᠷᠢᠭ᠎ᠤᠨ ᠠᠷᠠᠳ᠎ᠤᠨ ᠠᠮᠢᠳᠤᠷᠠᠯ᠎ᠤᠨ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠲᠥᠯᠥᠪᠯᠡᠭᠡ ᠵᠢ ᠬᠡᠷᠡᠭᠵᠢᠭᠦᠯᠵᠦ᠂ ᠲᠥᠷᠥᠯ ᠵᠦᠢ᠍ᠯ᠎ᠤᠨ ᠠᠵᠢᠯᠲᠠᠨ᠎ᠢ 7500 ᠡᠯᠰᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)᠃
   3.19.62 ᠲᠦᠮᠡᠨ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠪᠤᠴᠠᠭ᠋ᠠᠳ ᠶᠠᠳᠠᠭᠤᠷᠠᠬᠤ ᠪᠠ ᠶᠠᠳᠠᠭᠤ ᠪᠠᠶ᠋ᠢᠳᠠᠯ᠎ᠳᠤ ᠣᠷᠣᠬᠤ ᠵᠢ᠎ᠨᠢ ᠰᠡᠷᠭᠡᠶ᠋ᠢᠯᠡᠨ ᠠᠵᠢᠭᠯᠠᠵᠤ ᠪᠠᠶ᠋ᠢᠭᠰᠠᠨ ᠬᠡᠪᠴᠢᠶᠡᠨ᠎ᠳᠠᠬᠢ ᠬᠥᠮᠥᠰ᠎ᠤᠨ ᠬᠦᠴᠦ ᠶᠠᠪᠤᠵᠤ ᠠᠵᠢᠯ ᠣᠯᠬᠤ ᠵᠢ ᠠᠬᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠃
   4. ᠬᠤᠰᠢᠭᠤ ᠰᠢᠶᠠᠨ (ᠬᠤᠲᠠ᠂ ᠲᠣᠭᠤᠷᠢᠭ) ᠪᠣᠯᠭ᠋ᠠᠨ᠎ᠳᠤ ᠡᠳᠦᠷ᠎ᠤᠨ ᠬᠦᠴᠦ ᠶᠠᠪᠤᠭᠰᠠᠳ᠎ᠤᠨ ᠵᠠᠬ᠎ᠠ ᠳᠡᠯᠭᠡᠭᠦᠷ᠎ᠢ ᠠᠳᠠᠭ᠎ᠲᠤ᠎ᠪᠠᠨ 1 ᠪᠠᠶ᠋ᠢᠭᠤᠯᠵᠤ᠂ ᠤᠶᠠᠨ ᠠᠮᠢᠳᠤᠯᠢᠭ ᠵᠶ᠋ᠠᠷ ᠠᠵᠢᠯᠯᠠᠬᠤ ᠬᠥᠮᠥᠰ᠎ᠲᠤ ᠠᠵᠢᠯ ᠣᠯᠭᠤᠬᠤ ᠵᠢ ᠠᠬᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)᠃
   5. ᠵᠡᠮᠳᠡᠭᠴᠦᠳ᠎ᠲᠤ ᠠᠵᠢᠯ ᠣᠯᠭᠤᠬᠤ ᠭᠤᠷᠪᠠᠨ ᠵᠢᠯ᠎ᠤᠨ ᠠᠵᠢᠯᠯᠠᠭ᠋ᠠᠨ᠎ᠢ ᠬᠡᠷᠡᠭᠵᠢᠭᠦᠯᠵᠦ᠂ ᠠᠵᠢᠯ ᠣᠯᠣᠭᠰᠠᠳ᠎ᠢ 8000 ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ)᠃
   6. ᠵᠠᠰᠠᠭ᠎ᠤᠨ ᠣᠷᠳᠣᠨ᠎ᠤ ᠨᠥᠬᠦᠪᠦᠷᠢ ᠥᠭᠬᠦ ᠴᠢᠨᠠᠷᠲᠠᠢ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠪᠣᠯᠪᠠᠰᠤᠷᠠᠯ᠎ᠢ 25 ᠲᠦᠮᠡᠨ ᠬᠥᠮᠥᠨ ᠤᠳᠠᠭ᠎ᠠ ᠥᠷᠨᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ); ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠬᠥᠯᠥᠰᠦᠨ ᠲᠠᠷᠢᠶᠠᠴᠢᠨ ᠮᠠᠯᠴᠢᠳ᠂ ᠠᠵᠢᠯ ᠣᠯᠬᠤ᠎ᠳᠤ ᠬᠦᠴᠢᠷᠲᠡᠢ ᠬᠥᠮᠥᠰ᠂ ᠨᠢᠭᠡ᠎ᠨᠢ ᠴᠦ᠍ ᠠᠵᠢᠯ ᠣᠯᠣᠭᠰᠠᠨ ᠦᠭᠡᠢ ᠭᠡᠷ ᠪᠦᠯᠢ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠂ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠵᠡᠷᠭᠡ ᠬᠥᠮᠥᠰ᠎ᠲᠤ ᠮᠡᠷᠭᠡᠵᠢᠯ ᠤᠷ᠎ᠠ ᠮᠡᠷᠭᠡᠰᠢᠯ᠎ᠤᠨ ᠲᠠᠯ᠎ᠠ᠎ᠪᠠᠷ 10 ᠲᠦᠮᠡᠨ ᠬᠥᠮᠥᠨ ᠤᠳᠠᠭ᠎ᠠ ᠪᠣᠯᠪᠠᠰᠤᠷᠠᠯ ᠬᠦᠷᠲᠡᠭᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ); ᠥᠨᠳᠥᠷ ᠬᠡᠪ ᠴᠢᠨᠠᠷ᠎ᠲᠠᠢ ᠲᠠᠷᠢᠶᠠᠴᠢᠨ ᠮᠠᠯᠴᠢᠨ᠎ᠢ 1.5 ᠲᠦᠮᠡ ᠭᠠᠷᠤᠢ ᠬᠥᠮᠥᠵᠢᠭᠦᠯᠦᠨ ᠪᠣᠶ᠋ᠢᠵᠢᠭᠤᠯᠵᠤ᠂ ᠬᠥᠳᠡᠭᠡ ᠲᠤᠰᠬᠤᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ 《ᠬᠤᠰᠢᠭᠤᠴᠢ ᠭᠠᠯᠠᠭᠤ》 ᠪᠣᠯᠬᠤ 780 ᠬᠥᠮᠥᠨ᠎ᠢ ᠬᠥᠮᠥᠵᠢᠭᠦᠯᠦᠨ ᠪᠣᠶ᠋ᠢᠵᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ)᠃
   7. ᠴᠠᠯᠢᠩ ᠥᠷᠢᠲᠦᠬᠦ ᠵᠢ ᠰᠡᠷᠭᠡᠶ᠋ᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠋ᠠᠨ᠎ᠢ ᠥᠷᠨᠢᠭᠦᠯᠵᠦ᠂ ᠬᠥᠯᠥᠰᠦᠨ ᠲᠠᠷᠢᠶᠠᠴᠢᠨ ᠮᠠᠯᠴᠢᠳ᠎ᠤᠨ ᠴᠠᠯᠢᠩ ᠵᠶ᠋ᠠᠨ ᠴᠠᠭ᠎ᠲᠤ᠎ᠪᠠᠨ ᠲᠤᠭ᠎ᠠ ᠶᠣᠰᠣᠭ᠋ᠠᠷ ᠭᠠᠷᠳᠠᠬᠤ ᠵᠢ ᠦᠨᠡᠨ ᠬᠦ᠌ ᠪᠠᠲᠤᠯᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)᠃
    ᠬᠤᠶᠠᠷ᠂ ᠨᠡᠶ᠋ᠢᠭᠡᠮ᠎ᠤᠨ ᠪᠠᠲᠤᠯᠠᠭ᠎ᠠ ᠵᠢ ᠴᠢᠩᠭ᠋ᠠᠳᠬᠠᠬᠤ 10 ᠵᠦᠢ᠍ᠯ
   8. ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠳ᠎ᠢ 50 ᠲᠦᠮᠡ ᠰᠢᠨ᠎ᠡ᠎ᠪᠠᠷ ᠨᠡᠮᠡᠭᠳᠡᠭᠦᠯᠵᠦ᠂ ᠶᠡᠷᠦᠩᠬᠡᠢ᠎ᠳᠤ᠎ᠨᠢ 1733 ᠲᠦᠮᠡ᠎ᠳᠤ ᠬᠦᠷᠭᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ)᠃
   9. ᠬᠤᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠨᠡᠮᠡᠭᠳᠡᠯ᠎ᠤᠨ ᠬᠡᠮᠵᠢᠶ᠎ᠡ ᠵᠢ 5%᠎ᠠᠴᠠ ᠳᠣᠣᠷ᠎ᠠ ᠪᠠᠶ᠋ᠢᠯᠭ᠋ᠠᠬᠤ ᠦᠭᠡᠢ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ)᠃
   10. ᠥᠨᠥᠴᠢᠨ ᠬᠡᠦᠬᠡᠳ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠨᠡᠮᠡᠭᠳᠡᠯ᠎ᠤᠨ ᠬᠡᠮᠵᠢᠶ᠎ᠡ ᠵᠢ 8.3%᠎ᠠᠴᠠ ᠳᠣᠣᠷ᠎ᠠ ᠪᠠᠶ᠋ᠢᠯᠭ᠋ᠠᠬᠤ ᠦᠭᠡᠢ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ)᠃
   11. ᠬᠤᠲᠠ ᠵᠢᠨ ᠨᠡᠶ᠋ᠢᠭᠡᠮ ᠲᠣᠭᠤᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠣᠭᠤᠷᠢᠭ᠎ᠤᠨ ᠨᠢᠭᠡ ᠮᠥᠴᠡ ᠵᠢᠨ ᠬᠡᠪᠴᠢᠶᠡᠨ᠎ᠳᠤ ᠭᠦᠢ᠍ᠴᠡᠳᠬᠡᠬᠦ ᠴᠢᠳᠠᠮᠵᠢ ᠵᠢ ᠪᠠᠲᠤᠳᠬᠠᠨ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠢ ᠨᠠᠰᠤᠲᠠᠶ᠋ᠢᠴᠤᠳ᠎ᠤᠨ ᠭᠡᠷ ᠪᠦᠯᠢ ᠵᠢᠨ 2.6 ᠲᠦᠮᠡᠨ ᠡᠷᠦᠬᠡ ᠵᠢ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ); ᠬᠤᠲᠠ ᠪᠠᠯᠭ᠋ᠠᠰᠤᠨ᠎ᠤ ᠰᠢᠨ᠎ᠡ᠎ᠪᠠᠷ ᠪᠠᠶ᠋ᠢᠭᠤᠯᠤᠭᠰᠠᠨ ᠰᠠᠭᠤᠭ᠋ᠠᠯᠢ ᠲᠣᠭᠤᠷᠢᠭ᠎ᠲᠤ ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢ ᠪᠦᠷᠢᠨ ᠲᠣᠬᠢᠷᠠᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ)᠃
   12. ᠰᠢᠶᠠᠩ ᠪᠠᠯᠭ᠋ᠠᠰᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ 350᠂ ᠲᠤᠰᠬᠤᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢ 2000 ᠰᠢᠨ᠎ᠡ᠎ᠪᠠᠷ ᠪᠠᠶ᠋ᠢᠭᠤᠯᠵᠤ᠂ ᠬᠥᠳᠡᠭᠡ ᠲᠤᠰᠬᠤᠨ᠎ᠤ ᠬᠠᠷᠢᠯᠴᠠᠨ ᠲᠤᠰᠠᠯᠠᠯᠴᠠᠬᠤ ᠨᠠᠰᠤᠵᠢᠯ᠎ᠤᠨ ᠠᠮᠤᠷ ᠵᠢᠷᠭ᠋ᠠᠯᠲᠤ ᠬᠦᠷᠢᠶᠡᠯᠡᠩ᠎ᠤᠨ 200 ᠬᠦᠷᠢᠶᠡᠯᠡᠩ᠎ᠤᠨ ᠦᠢ᠍ᠯᠡᠴᠢᠯᠡᠭᠡᠨ᠎ᠤ ᠴᠢᠳᠠᠮᠵᠢ ᠵᠢ ᠥᠷᠭᠡᠳᠬᠡᠨ ᠳᠡᠭᠡᠭᠰᠢᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ)᠃
   13. ᠨᠥᠬᠦᠴᠡᠯ᠎ᠳᠤ ᠨᠡᠶ᠋ᠢᠴᠡᠭᠰᠡᠨ ᠠᠮᠢᠳᠤᠷᠠᠯ ᠵᠶ᠋ᠠᠨ ᠦᠪᠡᠰᠦᠪᠡᠨ ᠠᠷᠭ᠋ᠠᠴᠠᠭ᠋ᠠᠵᠤ ᠳᠡᠶ᠋ᠢᠯᠬᠦ ᠦᠭᠡᠢ ᠭᠡᠵᠦ ᠮᠠᠭ᠋ᠠᠳᠯᠠᠨ ᠲᠣᠭᠲᠠᠭ᠋ᠠᠭᠳᠠᠭᠰᠠᠨ ᠠᠵᠤ ᠠᠬᠤᠢ᠎ᠨᠢ ᠬᠦᠴᠢᠷᠳᠡᠯᠲᠡᠢ ᠨᠠᠰᠤᠲᠠᠶ᠋ᠢᠴᠤᠳ᠎ᠲᠤ ᠠᠰᠠᠷᠠᠨ ᠰᠤᠪᠢᠯᠠᠬᠤ ᠨᠥᠬᠦᠪᠦᠷᠢ ᠣᠯᠭᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ)᠃
   14. ᠴᠡᠴᠡᠷᠯᠢᠭ᠎ᠤᠨ ᠨᠢᠯᠬ᠎ᠠ ᠨᠢᠷᠠᠢ ᠬᠡᠦᠬᠡᠳ᠎ᠤᠨ ᠣᠷᠣ ᠵᠢ 2 ᠲᠦᠮᠡ ᠰᠢᠨ᠎ᠡ᠎ᠪᠠᠷ ᠨᠡᠮᠡᠭᠳᠡᠭᠦᠯᠵᠦ᠂ ᠬᠡᠦᠬᠡᠳ ᠰᠠᠭ᠋ᠠᠲᠠᠭᠤᠯᠵᠤ ᠬᠥᠮᠥᠵᠢᠭᠦᠯᠬᠦ ᠪᠠᠶ᠋ᠢᠭᠤᠯᠤᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠵᠢᠷᠤᠮᠵᠢᠭᠤᠯᠤᠨ ᠳᠡᠭᠡᠭᠰᠢᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ)᠃
   15. ᠬᠤᠰᠢᠭᠤ ᠰᠢᠶᠠᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ 7 ᠲᠥᠪ᠎ᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠦᠨ᠂ ᠰᠢᠶᠠᠩ ᠪᠠᠯᠭ᠋ᠠᠰᠤᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ 150 ᠠᠵᠢᠯ᠎ᠤᠨ ᠥᠷᠲᠡᠭᠡ ᠵᠢ ᠰᠢᠨ᠎ᠡ᠎ᠪᠠᠷ ᠪᠠᠶ᠋ᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ)᠃
   16. ᠬᠦᠴᠢᠷᠳᠡᠯᠲᠡᠢ ᠬᠦᠨᠳᠦ ᠵᠡᠮᠳᠡᠭᠴᠦᠳ᠎ᠤᠨ ᠭᠡᠷ ᠪᠦᠯᠢ ᠵᠢᠨ 6500 ᠡᠷᠦᠬᠡ᠎ᠳᠤ ᠰᠠᠭ᠋ᠠᠳ ᠦᠭᠡᠢ ᠲᠥᠬᠦᠭᠡᠷᠦᠮᠵᠢ ᠥᠭᠡᠷᠡᠴᠢᠯᠡᠨ ᠰᠢᠨᠡᠳᠬᠡᠬᠦ ᠵᠢ ᠬᠡᠷᠡᠭᠵᠢᠭᠦᠯᠵᠦ᠂ ᠣᠶᠣᠨ ᠤᠬᠠᠭ᠋ᠠᠨ᠎ᠤ᠂ ᠤᠶᠤᠨ ᠮᠡᠳᠡᠷᠡᠯ᠎ᠤᠨ ᠪᠠ ᠬᠦᠨᠳᠦ ᠳᠡᠰ᠎ᠤᠨ ᠦᠶ᠎ᠡ ᠮᠥᠴᠢ᠎ᠨᠢ ᠵᠡᠮᠳᠡᠭ 6500 ᠬᠥᠮᠥᠨ᠎ᠳᠤ ᠨᠠᠶ᠋ᠢᠳᠠᠨ ᠠᠰᠠᠷᠠᠭᠤᠯᠬᠤ ᠦᠢ᠍ᠯᠡᠴᠢᠯᠡᠭᠡ ᠬᠠᠩᠭ᠋ᠠᠨ᠂ 0 — 59 ᠨᠠᠰᠤᠨ᠎ᠤ 41.3 ᠲᠦᠮᠡᠨ ᠵᠡᠮᠳᠡᠭᠴᠦᠳ᠎ᠲᠤ ᠰᠠᠨᠠᠭ᠋ᠠᠨ᠎ᠳᠤ ᠦᠭᠡᠢ ᠰᠢᠷᠬᠠᠲᠤᠯ ᠭᠡᠮᠲᠦᠯ᠎ᠤᠨ ᠳᠠᠭ᠋ᠠᠳᠬᠠᠯ᠎ᠢ ᠬᠤᠳᠠᠯᠳᠤᠨ ᠠᠪᠴᠤ ᠥᠭᠭᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠋ᠠᠲᠤ ᠬᠤᠷᠠᠯ)᠃
   17. ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠭᠰᠡᠨ ᠭᠡᠷ ᠪᠦᠯᠢ ᠵᠢᠨ ᠵᠣᠬᠢᠬᠤ ᠨᠠᠰᠤᠨ᠎ᠤ ᠡᠮᠡᠭᠲᠡᠶ᠋ᠢᠴᠦᠳ᠎ᠲᠤ 《ᠬᠤᠶᠠᠷ ᠵᠦᠢ᠍ᠯ᠎ᠤᠨ ᠦᠮᠠᠨ ᠡᠪᠡᠳᠴᠢᠨ》᠎ᠢ᠎ᠨᠢ ᠰᠢᠭᠰᠢᠨ ᠪᠠᠶ᠋ᠢᠴᠠᠭ᠋ᠠᠬᠤ ᠠᠵᠢᠯ᠎ᠢ ᠥᠷᠨᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ)᠂ ᠣᠨᠣᠰᠢᠯᠠᠭᠳᠠᠭᠰᠠᠨ ᠡᠪᠡᠳᠴᠢᠲᠡᠨ ᠪᠦᠷᠢ᠎ᠳᠤ ᠲᠤᠬᠠᠢ ᠵᠢᠨ ᠵᠢᠯ᠎ᠳᠤ᠎ᠨᠢ ᠲᠦᠮᠡᠨ ᠲᠥᠭᠦᠷᠢᠭ᠎ᠤᠨ ᠲᠤᠰᠠᠯᠠᠮᠵᠢ ᠣᠯᠭᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠤᠨ ᠬᠤᠯᠪᠣᠭ᠋ᠠᠲᠤ ᠬᠤᠷᠠᠯ)᠃
    ᠭᠤᠷᠪᠠ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ 15 ᠵᠦᠢ᠍ᠯ᠎ᠢ ᠰᠢᠯᠢᠳᠡᠭᠵᠢᠭᠦᠯᠦᠨ᠎ᠡ
   18. ᠬᠡᠦᠬᠡᠳ᠎ᠤᠨ ᠴᠡᠴᠡᠷᠯᠢᠭ᠎ᠢ 204᠂ ᠳᠤᠮᠳᠠᠲᠤ ᠪᠠᠭ᠎ᠠ ᠰᠤᠷᠭ᠋ᠠᠭᠤᠯᠢ ᠵᠢ 676 ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶ᠋ᠢᠭᠤᠯᠵᠤ᠂ ᠬᠡᠦᠬᠡᠳ ᠪᠠ ᠰᠤᠷᠤᠭᠴᠢᠳ᠎ᠤᠨ ᠣᠷᠣ ᠵᠢ 6.6 ᠲᠦᠮᠡ ᠰᠢᠨ᠎ᠡ᠎ᠪᠠᠷ ᠨᠡᠮᠡᠭᠳᠡᠭᠦᠯᠵᠦ᠂ ᠵᠤᠨ᠎ᠤ ᠠᠮᠠᠷᠠᠯᠲᠠ ᠵᠢᠨ ᠬᠤᠭᠤᠴᠠᠭ᠋ᠠᠨ᠎ᠳᠠᠬᠢ ᠨᠠᠶ᠋ᠢᠳᠠᠨ ᠬᠠᠮᠢᠶᠠᠷᠬᠤ ᠦᠢ᠍ᠯᠡᠴᠢᠯᠡᠭᠡ ᠵᠢ ᠦᠷᠭᠦᠯᠵᠢᠯᠡᠨ ᠥᠷᠨᠢᠭᠦᠯᠦᠨ᠎ᠡ; ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢ 13 ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶ᠋ᠢᠭᠤᠯᠵᠤ᠂ ᠬᠡᠦᠬᠡᠳ ᠪᠠ ᠰᠤᠷᠤᠭᠴᠢᠳ᠎ᠤᠨ ᠣᠷᠣ ᠵᠢ 3400 ᠰᠢᠨ᠎ᠡ᠎ᠪᠠᠷ ᠨᠡᠮᠡᠭᠳᠡᠭᠦᠯᠵᠦ᠂ ᠵᠡᠮᠳᠡᠭ ᠬᠡᠦᠬᠡᠳ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠰᠠᠭᠤᠬᠤ ᠨᠣᠷᠮ᠎ᠠ ᠵᠢ 97%᠎ᠠᠴᠠ ᠳᠡᠭᠡᠭᠰᠢ᠎ᠳᠤ ᠬᠦᠷᠦᠭᠦᠯᠬᠦ᠎ᠪᠠᠨ ᠦᠨᠡᠨ ᠬᠦ᠌ ᠪᠠᠲᠤᠯᠠᠨ᠎ᠠ; ᠬᠤᠲᠠ ᠵᠢᠨ 1000 ᠰᠢᠯᠢᠳᠡᠭ ᠪᠠᠭᠰᠢ ᠵᠢ ᠬᠥᠳᠡᠭᠡ ᠲᠤᠰᠬᠤᠨ᠎ᠤ ᠨᠥᠬᠦᠴᠡᠯ ᠵᠶ᠋ᠠᠷ ᠪᠠᠷᠤᠭᠲᠠᠢ ᠰᠤᠷᠭ᠋ᠠᠭᠤᠯᠢ᠎ᠳᠤ ᠰᠣᠩᠭᠤᠨ ᠲᠣᠮᠢᠯᠠᠵᠤ ᠬᠤᠷᠰᠢᠯᠴᠠᠨ ᠬᠠᠪᠰᠤᠷᠤᠯᠴᠠᠵᠤ ᠲᠡᠳᠬᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ)᠃
   19. ᠤᠯᠤᠰ᠎ᠤᠨ ᠰᠤᠷᠭ᠋ᠠᠨ ᠬᠥᠮᠦᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠣᠶᠤᠨᠯᠢᠭ ᠲᠠᠪᠴᠠᠩ᠎ᠤᠨ ᠥᠪᠥᠷ ᠮᠣᠩᠭᠤᠯ᠎ᠤᠨ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠲᠣᠭ᠋ᠠᠵᠢᠭᠤᠯᠤᠭᠰᠠᠨ ᠪᠠᠷᠢᠮᠵᠢᠶᠠᠲᠤ ᠰᠢᠯᠭ᠋ᠠᠯᠲᠠ ᠵᠢᠨ 2 ᠲᠦᠮᠡᠨ ᠲᠠᠯᠠᠪᠤᠷ᠎ᠢ ᠳᠡᠰ ᠳᠡᠪᠰᠢᠭᠦᠯᠦᠨ ᠥᠭᠡᠷᠡᠴᠢᠯᠡᠵᠦ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ)᠃
   20. ᠪᠡᠭᠡᠵᠢᠩ ᠥᠪᠥᠷ ᠮᠣᠩᠭᠤᠯ᠎ᠤᠨ ᠬᠠᠮᠲᠤᠷᠠᠯᠴᠠᠭ᠋ᠠᠨ᠎ᠤ ᠡᠮᠨᠡᠯᠭᠡ ᠵᠢᠨ ᠬᠤᠷᠢᠶ᠎ᠠ ᠵᠢ 43 ᠪᠠᠶ᠋ᠢᠭᠤᠯᠤᠨ᠂ ᠨᠢᠭᠲᠠ ᠬᠡᠯᠪᠡᠷᠢ ᠪᠦᠬᠦᠢ ᠡᠮᠴᠢᠯᠡᠭᠡᠨ᠎ᠤ ᠬᠠᠮᠲᠤ ᠵᠢᠨ ᠴᠣᠭᠴᠠ ᠵᠢ 20 ᠴᠣᠭᠴᠠᠯᠠᠨ ᠪᠠᠶ᠋ᠢᠭᠤᠯᠵᠤ᠂ ᠴᠢᠨᠠᠷ ᠰᠠᠶ᠋ᠢᠲᠠᠢ ᠡᠮᠴᠢᠯᠡᠭᠡᠨ᠎ᠤ ᠡᠬᠢ ᠪᠠᠶᠠᠯᠢᠭ᠎ᠢ ᠥᠷᠭᠡᠳᠬᠡᠬᠦ ᠪᠠ ᠣᠷᠣᠨ ᠪᠦᠰᠡ᠎ᠳᠤ ᠲᠡᠩᠴᠡᠭᠦᠷᠢᠲᠡᠢ ᠪᠠᠶ᠋ᠢᠷᠢᠰᠢᠭᠤᠯᠬᠤ ᠵᠢ ᠠᠬᠢᠭᠤᠯᠵᠤ᠂ ᠤᠯᠠᠨ ᠲᠦᠮᠡᠨ᠎ᠤ ᠡᠮᠨᠡᠭᠦᠯᠵᠦ ᠡᠮ ᠬᠤᠳᠠᠯᠳᠤᠨ ᠠᠪᠬᠤ ᠲᠠᠯ᠎ᠠ᠎ᠪᠠᠷ᠎ᠬᠢ ᠲᠦᠭᠦᠮ ᠳᠥᠲᠡ ᠪᠠᠶ᠋ᠢᠯᠭ᠋ᠠᠬᠤ ᠴᠢᠨᠠᠷ᠂ ᠥᠨᠳᠥᠷ ᠪᠦᠲᠦᠮᠵᠢᠲᠦ ᠴᠢᠨᠠᠷ᠂ ᠠᠮᠤᠷ ᠲᠦᠪᠰᠢᠨ ᠴᠢᠨᠠᠷ᠎ᠢ ᠲᠡᠬᠡᠭᠰᠢᠯᠡᠬᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ)᠃
   21. ᠬᠤᠰᠢᠭᠤ ᠰᠢᠶᠠᠨ᠎ᠤ ᠬᠤᠶᠠᠳᠤᠭ᠋ᠠᠷ ᠳᠡᠰ᠎ᠤᠨ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶᠠᠨ᠎ᠤ ᠢᠨᠲ᠋ᠧᠷ ᠰᠦᠯᠵᠢᠶᠡᠨ᠎ᠤ ᠡᠮᠨᠡᠯᠭᠡ ᠵᠢᠨ ᠬᠤᠷᠢᠶ᠎ᠠ ᠵᠢ 77 ᠪᠠᠶ᠋ᠢᠭᠤᠯᠵᠤ᠂ ᠭᠤᠷᠪᠠᠳᠤᠭ᠋ᠠᠷ ᠳᠡᠰ᠎ᠤᠨ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶᠠᠨ᠎ᠤ ᠢᠨᠲ᠋ᠧᠷ ᠰᠦᠯᠵᠢᠶᠡᠨ᠎ᠤ ᠡᠮᠨᠡᠯᠭᠡ ᠵᠢᠨ ᠬᠤᠷᠢᠶ᠎ᠠ ᠵᠢ 33 ᠪᠠᠶ᠋ᠢᠭᠤᠯᠵᠤ᠂ ᠭᠤᠷᠪᠠᠳᠤᠭ᠋ᠠᠷ ᠳᠠᠰ᠎ᠤᠨ ᠬᠢᠲᠠᠳ (ᠮᠣᠩᠭᠤᠯ) ᠡᠮᠨᠡᠯᠭᠡ ᠵᠢᠨ ᠬᠤᠷᠢᠶᠠᠨ᠎ᠤ ᠢᠨᠲ᠋ᠧᠷ ᠰᠦᠯᠵᠢᠶᠡᠨ᠎ᠤ ᠡᠮᠨᠡᠯᠭᠡ ᠵᠢᠨ ᠬᠤᠷᠢᠶ᠎ᠠ ᠵᠢ 30 ᠪᠠᠶ᠋ᠢᠭᠤᠯᠵᠤ᠂ ᠬᠦᠬᠡᠬᠤᠲᠠ ᠪᠤᠭᠤᠲᠤ ᠣᠷᠳᠣᠰ ᠤᠯᠠᠭ᠋ᠠᠨᠴᠠᠪ ᠳᠦᠷᠪᠡᠨ ᠬᠤᠲᠠ ᠵᠢᠨ ᠪᠠᠶ᠋ᠢᠴᠠᠭ᠋ᠠᠨ ᠰᠢᠯᠭ᠋ᠠᠭᠰᠠᠨ ᠦᠷ᠎ᠡ ᠳ᠋ᠦᠩ ᠵᠶ᠋ᠠᠨ ᠬᠠᠷᠢᠯᠴᠠᠨ ᠮᠡᠳᠡᠷᠡᠯᠴᠡᠬᠦ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ)᠃
   22. ᠦᠨᠳᠦᠰᠦᠨ ᠱᠠᠲᠤᠨ᠎ᠤ ᠬᠢᠲᠠᠳ (ᠮᠣᠩᠭᠤᠯ) ᠡᠮ ᠡᠮᠨᠡᠯᠭᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠥᠷᠨᠢᠭᠦᠯᠵᠦ᠂ ᠬᠢᠲᠠᠳ (ᠮᠣᠩᠭᠤᠯ) ᠡᠮ ᠡᠮᠨᠡᠯᠭᠡ ᠵᠢᠨ ᠶᠡᠷᠦᠩᠬᠡᠢ ᠰᠠᠯᠠᠭ᠋ᠠᠨ᠎ᠤ ᠴᠢᠳᠠᠪᠤᠷᠢᠲᠠᠨ᠎ᠢ 120᠂ ᠬᠢᠲᠠᠳ (ᠮᠣᠩᠭᠤᠯ) ᠡᠮᠨᠡᠯᠭᠡ ᠵᠢᠨ ᠭᠠᠵᠠᠷ᠎ᠤᠨ ᠭᠤᠣᠯᠯᠠᠭᠴᠢ ᠪᠣᠯᠬᠤ ᠴᠢᠳᠠᠪᠤᠷᠢᠲᠠᠨ᠎ᠢ 320 ᠬᠥᠮᠥᠵᠢᠭᠦᠯᠦᠨ ᠪᠣᠶ᠋ᠢᠵᠢᠭᠤᠯᠵᠤ᠂ ᠬᠢᠲᠠᠳ (ᠮᠣᠩᠭᠤᠯ) ᠡᠮ ᠡᠮᠨᠡᠯᠭᠡ ᠵᠢᠨ ᠡᠪᠡᠳᠴᠢᠨ ᠰᠡᠷᠭᠡᠶ᠋ᠢᠯᠡᠵᠦ ᠡᠮᠨᠡᠨ ᠵᠠᠰᠠᠬᠤ᠎ᠳᠤ ᠲᠣᠬᠢᠷᠠᠬᠤ ᠮᠡᠷᠭᠡᠵᠢᠯ᠎ᠢ 60 ᠵᠦᠢ᠍ᠯ ᠳᠡᠯᠭᠡᠷᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ)᠃
   23. ᠭᠡᠷ ᠪᠦᠯᠢ ᠵᠢᠨ ᠡᠮᠴᠢ᠎ᠯᠦᠭᠡ ᠭᠡᠷ᠎ᠡ ᠲᠣᠭᠲᠠᠭᠰᠠᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠵᠦ᠂ ᠭᠤᠣᠯᠳᠠᠯᠭ᠎ᠠ ᠪᠣᠯᠬᠤ ᠬᠥᠮᠥᠰ᠎ᠢ ᠬᠠᠮᠤᠷᠤᠭᠰᠠᠨ ᠨᠣᠷᠮ᠎ᠠ᠎ᠪᠠᠨ 78%᠎ᠠᠴᠠ ᠳᠡᠭᠡᠭᠰᠢ ᠪᠣᠯᠭ᠋ᠠᠨ ᠳᠡᠭᠡᠭᠰᠢᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ)᠃
   24. ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠠᠬᠢ ᠰᠤᠷᠤᠭᠴᠢᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠵᠠᠰᠠᠬᠤ ᠠᠵᠢᠯ᠎ᠳᠤ ᠨᠡᠶ᠋ᠢᠳᠡᠮ ᠰᠢᠭᠰᠢᠨ ᠪᠠᠶ᠋ᠢᠴᠠᠭ᠋ᠠᠯᠲᠠ ᠬᠢᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ); ᠬᠦᠴᠢᠷᠳᠡᠯᠲᠡᠢ ᠭᠡᠷ ᠪᠦᠯᠢ ᠵᠢᠨ ᠬᠡᠦᠬᠡᠳ᠎ᠲᠤ ᠰᠦᠢ᠍ᠳᠬᠡᠯ ᠬᠤᠷᠢᠶᠠᠬᠤ ᠦᠭᠡᠢ᠎ᠪᠠᠷ ᠨᠢᠳᠦᠨ ᠰᠢᠯ ᠲᠠᠭ᠋ᠠᠷᠠᠭᠤᠯᠤᠨ ᠥᠭᠬᠦ᠂ ᠰᠦᠢ᠍ᠳᠬᠡᠯ ᠬᠤᠷᠢᠶᠠᠬᠤ ᠦᠭᠡᠢ᠎ᠪᠠᠷ ᠬᠢᠯᠠᠷ ᠬᠠᠷᠠᠭ᠎ᠠ ᠰᠤᠯᠠ ᠬᠠᠷᠠᠭ᠎ᠠ ᠵᠢ᠎ᠨᠢ ᠵᠠᠰᠠᠵᠤ ᠥᠭᠬᠦ ᠪᠤᠶᠤ ᠮᠡᠰᠡ ᠵᠠᠰᠠᠯ ᠬᠢᠵᠦ ᠥᠭᠭᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ)᠃
   25. ᠨᠡᠶ᠋ᠢᠭᠡᠮ᠎ᠤᠨ 《ᠭᠡᠷᠡᠯ ᠭᠡᠭᠡ ᠵᠢᠨ ᠠᠶᠠᠯᠠᠯ》᠎ᠤᠨ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠢ ᠥᠷᠨᠢᠭᠦᠯᠦᠨ᠂ ᠣᠷᠣᠯᠭ᠎ᠠ ᠪᠠᠭ᠋ᠠᠲᠠᠢ ᠬᠦᠴᠢᠷᠳᠡᠯᠲᠡᠢ ᠭᠡᠷ ᠪᠦᠯᠢ ᠵᠢᠨ ᠴᠠᠭ᠋ᠠᠨ ᠬᠠᠷᠠᠩ᠎ᠲᠠᠢ 1000 ᠭᠠᠷᠤᠢ ᠡᠪᠡᠳᠴᠢᠲᠡᠨ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ ᠥᠭᠭᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ)᠃
   26. ᠬᠠᠮᠠᠷ᠎ᠤᠨ ᠬᠠᠷᠰᠢᠮᠠᠲᠠᠭ᠋ᠠᠢ ᠦᠷᠪᠢᠰᠦᠯ᠎ᠤᠨ ᠶᠡᠷᠦᠩᠬᠡᠢ᠎ᠳᠤ᠎ᠨᠢ ᠰᠡᠷᠭᠡᠶ᠋ᠢᠯᠡᠨ ᠵᠠᠰᠠᠬᠤ ᠵᠢ ᠥᠷᠨᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ)᠃
   27. 《ᠵᠠᠭᠤᠨ ᠪᠦᠯᠬᠦᠮ ᠮᠢᠩᠭ᠋ᠠᠨ ᠲᠠᠯᠠᠪᠤᠷ ᠲᠣᠨᠨᠯᠠᠯᠲᠠ ᠵᠢ ᠦᠨᠳᠦᠰᠦᠨ ᠱᠠᠲᠤᠨ᠎ᠳᠤ ᠬᠦᠷᠭᠡᠵᠦ》 ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢᠨ ᠠᠵᠢᠯᠯᠠᠭ᠎ᠠ ᠵᠢ ᠥᠷᠨᠢᠭᠦᠯᠦᠨ᠂ ᠤᠯᠠᠭ᠋ᠠᠨᠮᠥ᠋ᠴᠢᠷ ᠪᠠ ᠡᠯ᠎ᠡ ᠱᠠᠲᠤᠨ᠎ᠤ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠦᠨᠳᠦᠰᠦᠨ ᠱᠠᠲᠤᠨ᠎ᠳᠤ ᠣᠴᠢᠵᠤ ᠲᠦᠮᠡ ᠭᠠᠷᠤᠢ ᠲᠠᠯᠠᠪᠤᠷ ᠲᠣᠭᠯᠠᠯᠲᠠ ᠭᠠᠷᠭ᠋ᠠᠬᠤ ᠵᠢ ᠵᠣᠬᠢᠶᠠᠨ ᠪᠠᠶ᠋ᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ)᠃
   28. 35 ᠲᠥᠷᠥᠯ᠎ᠤᠨ ᠥᠨᠳᠥᠷ ᠳᠠᠪᠲᠠᠮᠵᠢᠲᠤ ᠡᠯᠧᠺᠳ᠋ᠷᠣᠨ ᠭᠡᠷᠡᠴᠢ ᠦᠨᠡᠮᠯᠡᠯ᠎ᠢ ᠪᠦᠬᠦ ᠤᠯᠤᠰ᠎ᠲᠤ ᠬᠠᠷᠢᠯᠴᠠᠨ ᠮᠡᠳᠡᠷᠡᠬᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 350 ᠵᠦᠢ᠍ᠯᠡᠰ᠎ᠲᠤ 《ᠭᠡᠷᠡᠴᠢ ᠦᠨᠡᠮᠯᠡᠯ ᠠᠪᠬᠤ ᠦᠭᠡᠢ᠎ᠪᠠᠷ ᠭᠦᠢ᠍ᠴᠡᠳᠬᠡᠬᠦ》᠂ 115 ᠵᠦᠢ᠍ᠯᠡᠰ᠎ᠲᠤ 《ᠨᠢᠭᠡ ᠠᠵᠢᠯ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠢ ᠪᠡᠶᠡᠯᠡᠭᠦᠯᠵᠦ᠂ ᠲᠤᠰᠬᠤᠨ᠎ᠤ ᠱᠠᠲᠤᠨ᠎ᠤ ᠠᠷᠠᠳ᠎ᠲᠤ ᠳᠥᠭᠦᠮ ᠦᠵᠡᠭᠦᠯᠬᠦ ᠦᠢ᠍ᠯᠡᠴᠢᠯᠡᠭᠡᠨ᠎ᠤ ᠲᠥᠪ᠎ᠤᠨ 《ᠬᠠᠪᠰᠤᠷᠴᠤ ᠣᠷᠣᠯᠠᠨ ᠭᠦᠢ᠍ᠴᠡᠳᠬᠡᠬᠦ》 ᠵᠢ ᠭᠦᠨᠵᠡᠭᠡᠢ ᠬᠡᠷᠡᠭᠵᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ)᠃
   29. ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠡᠩ ᠣᠯᠠᠨ ᠵᠦᠢ᠍ᠯᠡᠰ᠎ᠲᠤ ᠴᠠᠭ ᠵᠶ᠋ᠠᠨ ᠤᠷᠲᠤᠳᠬᠠᠭᠰᠠᠨ ᠦᠢ᠍ᠯᠡᠴᠢᠯᠡᠭᠡ ᠬᠠᠩᠭ᠋ᠠᠬᠤ ᠵᠢ ᠠᠬᠢᠭᠤᠯᠤᠨ᠂ ᠲᠦᠷ ᠴᠠᠭ᠎ᠤᠨ ᠪᠡᠶ᠎ᠡ ᠵᠢᠨ ᠦᠨᠡᠮᠯᠡᠯ᠂ ᠨᠠᠰᠤᠵᠢᠯ᠎ᠤᠨ ᠳᠠᠭ᠋ᠠᠳᠬᠠᠯ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠡᠷᠭᠡ ᠵᠠᠰᠠᠭ᠎ᠤᠨ ᠶᠠᠪᠤᠳᠠᠯ᠎ᠤᠨ ᠥᠨᠳᠥᠷ ᠳᠠᠪᠲᠠᠮᠵᠢᠲᠤ ᠦᠢ᠍ᠯᠡᠴᠢᠯᠡᠭᠡᠨ᠎ᠤ ᠨᠡᠩ ᠣᠯᠠᠨ ᠵᠦᠢ᠍ᠯᠡᠰ᠎ᠤᠨ 《ᠪᠦᠭᠦ ᠣᠷᠣᠨ᠎ᠳᠤ ᠭᠦᠢ᠍ᠴᠡᠳᠬᠡᠵᠦ ᠪᠣᠯᠬᠤ》 ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ)᠃
   30. ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ᠎ᠤᠨ 《ᠰᠦᠯᠵᠢᠶ᠎ᠡ᠎ᠪᠠᠷ ᠭᠦᠢ᠍ᠴᠡᠳᠬᠡᠵᠦ ᠴᠡᠴᠡᠷᠯᠢᠭ᠎ᠲᠤ ᠰᠠᠭᠤᠯᠭ᠋ᠠᠬᠤ》 ᠪᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠰᠦᠯᠵᠢᠶ᠎ᠡ᠎ᠪᠠᠷ ᠭᠦᠢ᠍ᠴᠡᠳᠬᠡᠵᠦ ᠰᠤᠷᠭ᠋ᠠᠭᠤᠯᠢ᠎ᠳᠤ ᠰᠤᠷᠤᠯᠴᠠᠭᠤᠯᠬᠤ》 ᠦᠢ᠍ᠯᠡᠴᠢᠯᠡᠭᠡ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ)᠃
   31. ᠰᠤᠮᠤ ᠰᠢᠶᠠᠩ ᠪᠠᠯᠭ᠋ᠠᠰᠤᠨ (ᠵᠡᠭᠡᠯᠢ ᠭᠤᠳᠤᠮᠵᠢ)᠎ᠳᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠦᠷᠲᠡᠭᠡ ᠵᠢ 1025᠂ ᠭᠠᠴᠠᠭ᠎ᠠ ᠲᠤᠰᠬᠤᠨ (ᠨᠡᠶ᠋ᠢᠭᠡᠮ ᠲᠣᠭᠤᠷᠢᠭ)᠎ᠳᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠴᠡᠭ᠎ᠢ 3900 ᠪᠠᠶ᠋ᠢᠭᠤᠯᠤᠨ᠂ ᠠᠷᠠᠳ᠎ᠲᠤ ᠳᠦᠭᠦᠮ ᠦᠵᠡᠭᠦᠯᠬᠦ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡ ᠵᠢ 15 ᠮᠢᠨᠦ᠋ᠲ᠎ᠤᠨ ᠬᠡᠪᠴᠢᠶᠡᠨ᠎ᠳᠤ ᠭᠦᠢ᠍ᠴᠡᠳᠬᠡᠬᠦ ᠪᠣᠯᠭ᠋ᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ)᠃
   32. ᠬᠤᠰᠢᠭᠤ ᠰᠢᠶᠠᠨ᠎ᠤ ᠱᠠᠲᠤᠨ᠎ᠳᠠᠬᠢ ᠣᠷᠣᠰᠢᠭᠤᠯᠭ᠎ᠠ ᠵᠢᠨ ᠭᠠᠵᠠᠷ᠎ᠢ 13 ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ)᠃
    ᠳᠥᠷᠪᠡ᠂ ᠣᠯᠠᠨ ᠲᠦᠮᠡᠨ᠎ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ᠎ᠢ ᠰᠠᠶ᠋ᠢᠵᠢᠷᠠᠭᠤᠯᠬᠤ 11 ᠵᠦᠢ᠍ᠯ
   33. ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠤᠷᠢᠭ᠎ᠢ 1602᠂ ᠲᠥᠭᠦᠮ ᠪᠦᠲᠦᠴᠡᠲᠦ ᠣᠷᠣᠨ ᠰᠠᠭᠤᠴᠠ ᠵᠢᠨ ᠲᠣᠭᠤᠷᠢᠭ᠎ᠢ 1.5 ᠲᠦᠮᠡ ᠢᠵᠢ ᠥᠭᠡᠷᠡᠴᠢᠯᠡᠨ ᠰᠢᠨᠡᠳᠬᠡᠵᠦ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ 1.1 ᠲᠦᠮᠡᠨ ᠢᠵᠢ ᠪᠠᠶ᠋ᠢᠭᠤᠯᠤᠨ᠂ ᠬᠤᠲᠠ ᠪᠠᠯᠭ᠋ᠠᠰᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ 2.6 ᠲᠦᠮᠡᠨ ᠭᠡᠷ ᠪᠦᠯᠢ᠎ᠳᠤ ᠲᠦᠷᠢᠶᠡᠰᠦᠨ ᠨᠥᠬᠦᠪᠦᠷᠢ ᠣᠯᠭᠤᠵᠤ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠥᠩᠭᠡᠷᠡᠭᠰᠡᠨ᠎ᠤ ᠦᠯᠡᠳᠡᠭᠳᠡᠵᠦ ᠪᠠᠶ᠋ᠢᠭᠰᠠᠨ ᠠᠰᠠᠭᠤᠳᠠᠯ᠎ᠢ ᠰᠢᠢ᠍ᠳᠪᠦᠷᠢᠯᠡᠬᠦ᠎ᠪᠠᠨ ᠦᠷᠭᠦᠯᠵᠢᠯᠡᠨ ᠠᠬᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ)᠃
   34. ᠰᠢᠲᠠᠮᠠᠬᠠᠢ ᠬᠡᠢ᠂ ᠤᠰᠤ ᠬᠠᠩᠭ᠋ᠠᠬᠤ᠂ ᠤᠰᠤ ᠵᠠᠯᠠᠬᠤ᠂ ᠢᠯᠴᠢ ᠬᠠᠩᠭ᠋ᠠᠬᠤ ᠵᠡᠷᠭᠡ ᠬᠠᠭᠤᠴᠢᠷᠠᠭᠰᠠᠨ ᠬᠤᠭᠤᠯᠠᠢ ᠭᠤᠤᠷᠰᠤ ᠵᠢ 1500 ᠺᠢᠯᠣᠮᠧᠳ᠋ᠷ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ)᠃
   35. ᠬᠤᠲᠠ ᠵᠢᠨ 《ᠠᠯᠠᠭ᠋ᠠᠨ ᠴᠡᠴᠡᠷᠯᠢᠭ》᠎ᠢ 150᠂ ᠬᠤᠲᠠ ᠵᠢᠨ ᠨᠣᠭᠤᠭ᠋ᠠᠨ ᠵᠠᠮ᠎ᠢ 120 ᠺᠢᠯᠣᠮᠧᠳ᠋ᠷ ᠰᠢᠨ᠎ᠡ᠎ᠪᠠᠷ ᠪᠠᠶ᠋ᠢᠭᠤᠯᠵᠤ᠂ ᠠᠮᠢᠳᠤᠷᠠᠯ᠎ᠤᠨ ᠬᠤᠭ ᠨᠣᠪᠰᠢ ᠵᠢ ᠰᠢᠢ᠍ᠳᠪᠦᠷᠢᠯᠡᠳᠡᠭ ᠵᠢᠱ᠌ᠢᠶ᠎ᠡ ᠦᠵᠡᠭᠦᠯᠬᠦ ᠬᠡᠰᠡᠭ᠎ᠤᠨ ᠲᠣᠭᠤᠷᠢᠭ᠎ᠢ 12 ᠰᠢᠨ᠎ᠡ᠎ᠪᠠᠷ ᠨᠡᠮᠡᠭᠳᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ)᠃
   36. ᠪᠡᠶ᠎ᠡ ᠵᠢᠨ ᠲᠠᠮᠢᠷ᠎ᠤᠨ ᠴᠡᠴᠡᠷᠯᠢᠭ᠎ᠢ 36᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠢ 32᠂ ᠲᠡᠰᠢᠯᠲᠡ ᠵᠢᠨ ᠲᠠᠯᠠᠪᠤᠷ᠎ᠢ 33᠂ ᠣᠯᠠᠨ ᠴᠢᠳᠠᠮᠵᠢᠲᠤ ᠲᠠᠮᠢᠷ᠎ᠤᠨ ᠬᠥᠳᠡᠯᠭᠡᠭᠡᠨ᠎ᠤ ᠲᠠᠯᠠᠪᠤᠷ᠎ᠢ 103 ᠪᠠ ᠪᠡᠶ᠎ᠡ ᠴᠢᠭᠢᠷᠠᠭᠵᠢᠭᠤᠯᠬᠤ ᠶᠠᠪᠠᠭ᠋ᠠᠨ ᠵᠠᠮ᠎ᠢ 335 ᠺᠢᠯᠣᠮᠧᠳ᠋ᠷ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶ᠋ᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ)᠃
   37. 21.2 ᠲᠦᠮᠡᠨ ᠡᠷᠦᠬᠡ ᠵᠢᠨ ᠴᠡᠪᠡᠷ ᠳᠤᠯᠠᠭ᠋ᠠᠯᠠᠭ᠎ᠠ ᠵᠢ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ)᠃
   38. ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ 3000 ᠭᠠᠷᠤᠢ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ)᠃
   39. ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ 5000 ᠺᠢᠯᠣᠮᠧᠳ᠋ᠷ ᠰᠢᠨ᠎ᠡ᠎ᠪᠠᠷ ᠳᠡᠪᠢᠰᠬᠦ ᠪᠠ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ)᠃
   40. ᠲᠠᠷᠢᠶᠠᠯᠠᠬᠤ ᠮᠠᠯᠵᠢᠬᠤ ᠣᠷᠣᠨ᠎ᠤ ᠡᠷᠦᠬᠡ ᠵᠢᠨ ᠵᠣᠷᠯᠤᠩ᠎ᠢ 6 ᠲᠦᠮᠡ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠨ ᠰᠢᠨᠡᠳᠬᠡᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ)᠃
   41. ᠲᠠᠷᠢᠶᠠᠯᠠᠬᠤ ᠮᠠᠯᠵᠢᠬᠤ ᠣᠷᠣᠨ᠎ᠳᠤ ᠤᠰᠤ ᠲᠥᠪᠯᠡᠷᠡᠭᠦᠯᠵᠦ ᠬᠠᠩᠭ᠋ᠠᠬᠤ ᠪᠠᠷᠢᠯᠭ᠎ᠠ ᠵᠢ 500᠂ ᠬᠢᠯᠢ ᠬᠢᠵᠠᠭ᠋ᠠᠷ᠎ᠤᠨ ᠮᠠᠯᠵᠢᠬᠤ ᠣᠷᠣᠨ᠎ᠤ ᠲᠠᠷᠠᠬᠠᠢ ᠪᠤᠲᠠᠷᠬᠠᠢ ᠤᠰᠤᠨ ᠰᠤᠷᠪᠤᠯᠵᠢ ᠵᠢᠨ ᠴᠡᠭ᠎ᠤᠨ ᠢᠨᠵᠧᠨᠧᠷᠢᠩ᠎ᠢ 820 ᠰᠢᠨ᠎ᠡ᠎ᠪᠠᠷ ᠪᠠᠶ᠋ᠢᠭᠤᠯᠬᠤ ᠪᠠ ᠥᠷᠭᠡᠳᠬᠡᠨ ᠪᠠᠶ᠋ᠢᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ); 400 ᠵᠠᠰᠠᠭ ᠵᠠᠬᠢᠷᠭ᠋ᠠᠨ᠎ᠤ ᠲᠤᠰᠬᠤᠨ᠎ᠤ ᠠᠮᠢᠳᠤᠷᠠᠯ᠎ᠤᠨ ᠪᠣᠬᠢᠷ ᠤᠰᠤᠨ᠎ᠤ ᠵᠠᠰᠠᠯᠲᠠ ᠵᠢᠨ ᠡᠭᠦᠷᠭᠡ ᠵᠢ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ); ᠰᠢᠶᠠᠩ ᠪᠠᠯᠭ᠋ᠠᠰᠤᠨ (ᠰᠤᠮᠤ)᠎ᠤ ᠠᠮᠢᠳᠤᠷᠠᠯ᠎ᠤᠨ ᠤᠤᠭᠤᠬᠤ ᠤᠰᠤᠨ᠎ᠤ ᠠᠷᠢᠭᠤᠨ ᠴᠡᠪᠡᠷ᠎ᠤᠨ ᠰᠢᠨᠵᠢᠵᠦ ᠰᠢᠯᠭ᠋ᠠᠬᠤ ᠠᠵᠢᠯ᠎ᠢ ᠨᠡᠶ᠋ᠢᠳᠡᠮ ᠪᠦᠷᠬᠦᠭᠦᠯᠵᠦ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠥᠪᠯᠡᠯ)᠃
   42. ᠭᠠᠴᠠᠭ᠎ᠠ ᠲᠤᠰᠬᠤᠨ᠎ᠳᠠᠬᠢ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠴᠡᠭ᠎ᠢ 3500 ᠰᠢᠨ᠎ᠡ᠎ᠪᠠᠷ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ᠎ᠳᠠᠬᠢ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠶᠡᠷᠦᠩᠬᠡᠶ᠋ᠢᠯᠡᠭᠰᠡᠨ ᠦᠢ᠍ᠯᠡᠴᠢᠯᠡᠭᠡ ᠵᠢᠨ ᠪᠦᠷᠢᠨ ᠪᠦᠷᠬᠦᠬᠦ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ)᠃
   43. ᠬᠢᠯᠢ ᠬᠢᠵᠠᠭ᠋ᠠᠷ᠎ᠤᠨ 11 ᠬᠤᠰᠢᠭᠤ ᠰᠢᠶᠠᠨ᠎ᠤ ᠷᠠᠳᠢᠣ᠋ ᠲᠧᠯᠸᠢᠰ᠎ᠤᠨ ᠳᠠᠮᠵᠢᠭᠤᠯᠭ᠎ᠠ ᠵᠢᠨ ᠲᠣᠣᠷ ᠰᠦᠯᠵᠢᠶ᠎ᠡ ᠵᠢᠨ ᠪᠦᠷᠬᠦᠬᠦ ᠴᠢᠳᠠᠪᠤᠷᠢ ᠵᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠦᠨ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠪᠠ ᠲᠤᠰᠬᠠᠢ ᠬᠡᠷᠡᠭᠯᠡᠭᠡᠨ᠎ᠤ ᠰᠣᠶᠣᠯ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠨᠡᠪᠲᠡᠷᠡᠭᠦᠯᠭᠡ ᠲᠧᠯᠸᠢᠰ᠎ᠤᠨ ᠲᠣᠪᠴᠢᠶ᠎ᠠ)᠃
    ᠳᠠᠭ᠋ᠠᠯᠳᠤᠭᠤᠯᠤᠯ 2
   《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠬᠤᠯᠪᠣᠭᠳᠠᠯ ᠪᠦᠬᠦᠢ ᠨᠡᠷᠡᠰ᠎ᠤᠨ ᠲᠠᠶ᠋ᠢᠯᠪᠤᠷᠢ
   1. 《ᠬᠤᠶᠠᠷ ᠵᠢᠷᠤᠭ ᠬᠤᠶᠠᠷ ᠬᠥᠮᠥᠷᠭᠡ ᠬᠤᠶᠠᠷ ᠬᠦᠰᠦᠨᠦᠭᠲᠦ》᠄ 《ᠬᠤᠶᠠᠷ ᠵᠢᠷᠤᠭ》 ᠭᠡᠳᠡᠭ᠎ᠨᠢ ᠠᠵᠤ ᠦᠢ᠍ᠯᠡᠰ᠎ᠤᠨ ᠬᠡᠯᠬᠢᠶᠡᠨ᠎ᠤ ᠪᠦᠬᠦ ᠴᠤᠪᠤᠷᠠᠯ᠎ᠤᠨ ᠵᠢᠷᠤᠭ᠂ ᠬᠤᠳᠠᠯᠳᠤᠭ᠋ᠠᠴᠢᠨ ᠤᠷᠢᠬᠤ ᠠᠵᠢᠯ᠎ᠤᠨ ᠠᠯᠤᠰ᠎ᠤᠨ ᠲᠥᠯᠥᠪ᠎ᠤᠨ ᠵᠢᠷᠤᠭ ᠪᠣᠯᠣᠨ᠎ᠠ; 《ᠬᠤᠶᠠᠷ ᠬᠥᠮᠥᠷᠭᠡ》 ᠭᠡᠳᠡᠭ᠎ᠨᠢ ᠠᠵᠤ ᠦᠢ᠍ᠯᠡᠰ᠎ᠤᠨ ᠬᠡᠯᠬᠢᠶᠡᠨ᠎ᠤ ᠭᠤᠣᠯᠳᠠᠯᠭ᠎ᠠ ᠪᠣᠯᠬᠤ ᠲᠥᠷᠥᠯ ᠵᠦᠢ᠍ᠯ᠎ᠤᠨ ᠬᠥᠮᠥᠷᠭᠡ᠂ ᠬᠤᠯᠪᠣᠭᠳᠠᠬᠤ ᠬᠡᠷᠡᠭᠯᠡᠭᠴᠢ ᠵᠢᠨ ᠬᠥᠮᠥᠷᠭᠡ ᠪᠣᠯᠣᠨ᠎ᠠ; 《ᠬᠤᠶᠠᠷ ᠬᠦᠰᠦᠨᠦᠭᠲᠦ》 ᠭᠡᠳᠡᠭ᠎ᠨᠢ ᠬᠥᠲᠥᠴᠢ ᠠᠵᠤ ᠠᠬᠤᠶ᠋ᠢᠯᠠᠯ᠎ᠤᠨ ᠵᠢᠭᠰᠠᠭ᠋ᠠᠯᠲᠠ ᠵᠢᠨ ᠬᠦᠰᠦᠨᠦᠭᠲᠦ᠂ ᠲᠥᠬᠦᠷ ᠠᠵᠤ ᠠᠬᠤᠶ᠋ᠢᠯᠠᠯ᠎ᠤᠨ ᠵᠢᠭᠰᠠᠭ᠋ᠠᠯᠲᠠ ᠵᠢᠨ ᠬᠦᠰᠦᠨᠦᠭᠲᠦ ᠪᠣᠯᠣᠨ᠎ᠠ᠃
   2. 《ᠬᠤᠶᠠᠷ᠎ᠢ ᠰᠢᠯᠢᠳᠡᠭᠵᠢᠭᠦᠯᠬᠦ》 ᠲᠤᠰᠬᠠᠢ ᠠᠵᠢᠯᠯᠠᠭ᠋ᠠᠨ ᠭᠡᠳᠡᠭ᠎ᠨᠢ 《ᠡᠭᠦᠷᠭᠡ ᠴᠢᠳᠠᠪᠤᠷᠢ ᠬᠠᠷᠢᠭᠤᠴᠠᠯᠭ᠎ᠠ ᠵᠢ ᠰᠢᠯᠢᠳᠡᠭᠵᠢᠭᠦᠯᠬᠦ᠂ ᠠᠵᠢᠯ᠎ᠤᠨ ᠴᠤᠪᠤᠷᠠᠯ᠎ᠢ ᠰᠢᠯᠢᠳᠡᠭᠵᠢᠭᠦᠯᠬᠦ》 ᠲᠤᠰᠬᠠᠢ ᠠᠵᠢᠯᠯᠠᠭ᠋ᠠᠨ᠎ᠢ ᠵᠢᠭ᠋ᠠᠵᠤ ᠪᠣᠢ᠂ ᠡᠭᠦᠨ᠎ᠳᠤ ᠡᠯ᠎ᠡ ᠵᠦᠢ᠍ᠯ᠎ᠤᠨ ᠠᠵᠢᠯ᠎ᠢ 《ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ》᠎ᠪᠠᠨ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠎ᠳᠤ ᠠᠷᠠᠳ ᠣᠯᠠᠨ᠎ᠤ ᠬᠠᠨᠤᠮᠵᠢᠲᠠᠢ ᠪᠠᠶ᠋ᠢᠬᠤ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠳᠠ ᠪᠢᠯᠡ᠃
   3. 《ᠲᠥᠷᠪᠡᠨ ᠨᠢᠭᠡ ᠪᠦᠯᠦᠭ》᠎ᠤᠨ ᠠᠷᠭ᠎ᠠ ᠪᠠᠷᠢᠯ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠠᠴᠠ ᠨᠢᠭᠡ ᠪᠦᠯᠦᠭ᠎ᠢ᠎ᠨᠢ ᠬᠠᠰᠤᠬᠤ᠂ ᠨᠢᠭᠡ ᠪᠦᠯᠦᠭ᠎ᠢ᠎ᠨᠢ ᠰᠣᠯᠢᠬᠤ᠂ ᠨᠢᠭᠡ ᠪᠦᠯᠦᠭ᠎ᠢ᠎ᠨᠢ ᠳᠠᠮ ᠬᠦᠦ ᠥᠭᠬᠦ᠂ ᠨᠢᠭᠡ ᠪᠦᠯᠦᠭ᠎ᠢ᠎ᠨᠢ ᠬᠤᠪᠢᠶᠠᠷᠢᠯᠠᠨ ᠰᠢᠯᠵᠢᠭᠦᠯᠬᠦ ᠠᠷᠭ᠎ᠠ ᠪᠠᠷᠢᠯ᠎ᠢ ᠠᠪᠴᠤ ᠪᠠᠶ᠋ᠢᠭ᠋ᠠᠳ ᠦᠨᠳᠦᠰᠦᠨ ᠱᠠᠲᠤ ᠵᠢ ᠬᠠᠪᠰᠤᠷᠤᠨ ᠳᠡᠮᠵᠢᠵᠦ ᠵᠠᠰᠠᠭ᠎ᠤᠨ ᠣᠷᠳᠣᠨ᠎ᠤ ᠥᠷᠢ ᠥᠭᠴᠡᠭᠡ ᠵᠢ᠎ᠨᠢ ᠠᠷᠢᠯᠭ᠋ᠠᠬᠤ ᠵᠢ ᠵᠢᠭ᠋ᠠᠵᠤ ᠪᠣᠢ᠃
   4. 《ᠲᠠᠪᠤ ᠵᠢ ᠲᠤᠶ᠋ᠢᠯᠪᠤᠷᠢᠲᠠᠢ ᠰᠢᠢ᠍ᠳᠪᠦᠷᠢᠯᠡᠬᠦ》 ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠪᠠᠶ᠋ᠢᠷᠢᠯᠠᠭᠤᠯᠵᠤ ᠥᠷᠨᠢᠭᠦᠯᠦᠭᠰᠡᠨ ᠵᠥᠪᠰᠢᠶᠡᠷᠡᠭᠦᠯᠬᠦ᠎ᠪᠠᠷ ᠪᠠᠶ᠋ᠢᠭ᠎ᠠ ᠲᠥᠷᠥᠯ ᠵᠦᠢ᠍ᠯ᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠢ᠂ ᠲᠤᠨᠤᠮᠠᠯ ᠪᠡᠯᠡ ᠮᠥᠩᠭᠦ᠂ 《ᠬᠠᠭ᠋ᠠᠰ ᠳᠤᠲᠠᠭᠤ ᠣᠷᠬᠢᠭᠰᠠᠨ》 ᠪᠠᠷᠢᠯᠭ᠎ᠠ᠂ ᠨᠡᠭᠡᠭᠡᠯᠲᠡ ᠵᠢᠨ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠲᠠᠪᠤᠨ ᠲᠠᠯ᠎ᠠ ᠵᠢᠨ ᠲᠤᠶ᠋ᠢᠯᠪᠤᠷᠢᠲᠠᠢ ᠰᠢᠢ᠍ᠳᠪᠦᠷᠢᠯᠡᠬᠦ ᠠᠵᠢᠯᠯᠠᠭ᠋ᠠᠨ᠎ᠢ ᠵᠢᠭ᠋ᠠᠵᠤ ᠪᠣᠢ᠂ ᠡᠭᠦᠨ᠎ᠳᠤ ᠠᠵᠤ ᠠᠬᠤᠢ ᠵᠢᠨ ᠬᠦᠷᠢᠶᠡᠨ᠎ᠳᠠᠬᠢ ᠤᠷᠲᠤ ᠬᠤᠭᠤᠴᠠᠭ᠎ᠠ᠎ᠪᠠᠷ ᠣᠷᠣᠰᠢᠵᠤ ᠪᠠᠶ᠋ᠢᠭ᠎ᠠ ᠴᠢᠨᠠᠷ ᠮᠠᠭᠤᠲᠠᠢ ᠦᠷ᠎ᠡ ᠠᠰᠢᠭ ᠵᠶ᠋ᠠᠷ ᠳᠣᠣᠷ᠎ᠠ᠂ ᠰᠤᠯᠠ ᠲᠠᠯᠪᠢᠵᠤ ᠪᠦᠷᠢᠯᠭᠡᠨ ᠰᠦᠢ᠍ᠳᠬᠡᠭᠰᠡᠨ ᠠᠰᠠᠭᠤᠳᠠᠯ᠎ᠤᠳ᠎ᠢ ᠰᠢᠢ᠍ᠳᠪᠦᠷᠢᠯᠡᠬᠦ ᠵᠢᠨ ᠲᠤᠰᠠᠳᠠ ᠪᠢᠯᠡ᠃
   5. ᠬᠤᠲᠠ ᠵᠢᠨ ᠲᠡᠭᠦᠷᠭᠡ ᠵᠢᠨ ᠲᠣᠮᠣ ᠬᠥᠮᠥᠷᠭᠡ ᠭᠡᠳᠡᠭ᠎ᠨᠢ ᠬᠤᠲᠠ ᠵᠢᠨ ᠬᠡᠷᠡᠭᠯᠡᠭᠡ ᠵᠢᠨ ᠵᠠᠬ᠎ᠠ ᠳᠡᠯᠭᠡᠭᠦᠷ᠎ᠲᠤ ᠰᠢᠭᠤᠳ ᠬᠠᠨᠳᠤᠭᠤᠯᠤᠭᠰᠠᠨ᠂ ᠬᠤᠲᠠ ᠵᠢᠨ ᠣᠶ᠋ᠢᠷ᠎ᠠ ᠲᠡᠭᠦᠷᠭᠡ᠎ᠳᠠᠬᠢ ᠬᠥᠮᠥᠷᠭᠡᠯᠡᠨ ᠬᠠᠳᠠᠭ᠋ᠠᠯᠠᠬᠤ᠂ ᠬᠤᠪᠢᠶᠠᠵᠤ ᠢᠯᠭ᠋ᠠᠬᠤ᠂ ᠡᠳ᠋ᠰᠢᠭᠦᠯᠵᠦ ᠪᠣᠯᠪᠠᠰᠤᠷᠠᠭᠤᠯᠬᠤ᠂ ᠪᠣᠭᠤᠳᠠᠯᠯᠠᠵᠤ ᠪᠠᠭᠯᠠᠬᠤ ᠵᠡᠷᠭᠡ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠴᠢᠳᠠᠪᠤᠷᠢ᠎ᠲᠠᠢ ᠬᠥᠮᠥᠷᠭᠡᠯᠡᠨ ᠬᠠᠳᠠᠭ᠋ᠠᠯᠠᠬᠤ ᠠᠷᠠᠯᠵᠢᠶᠠᠨ᠎ᠤ ᠰᠠᠭᠤᠷᠢᠨ ᠭᠠᠵᠠᠷ᠎ᠢ ᠵᠢᠭ᠋ᠠᠵᠤ ᠪᠣᠢ᠃
   6. ᠵᠠᠬ᠎ᠠ ᠵᠢᠨ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ᠎ᠤᠨ ᠳᠡᠯᠭᠡᠨ ᠦᠵᠡᠭᠦᠯᠬᠦ ᠳᠡᠯᠭᠡᠭᠦᠷ᠄ ᠮᠠᠨᠵᠤᠤᠷ᠂ ᠡᠷᠢᠶᠡᠨ ᠬᠤᠲᠠ ᠵᠢᠨ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠲᠣᠭᠤᠷᠢᠭ᠎ᠨᠢ ᠡᠯ᠎ᠡ ᠠᠶ᠋ᠢᠮᠠᠭ ᠬᠤᠳᠠ ᠵᠢᠨ ᠭᠤᠣᠯ ᠲᠥᠪ ᠪᠣᠯᠬᠤ ᠬᠤᠳᠠ ᠲᠣᠭᠤᠷᠢᠭ᠎ᠲᠤ ᠵᠠᠬ᠎ᠠ ᠵᠢᠨ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠤᠭᠰᠠᠨ ᠲᠠᠸᠠᠷ᠎ᠢ ᠳᠡᠯᠭᠡᠨ ᠦᠵᠡᠭᠦᠯᠬᠦ ᠳᠡᠯᠭᠡᠭᠦᠷ ᠪᠠᠶ᠋ᠢᠭᠤᠯᠵᠤ᠂ ᠮᠣᠩᠭᠤᠯ ᠤᠯᠤᠰ᠂ ᠣᠷᠣᠰ᠂ ᠶᠠᠫᠤᠨ᠂ ᠺᠤᠷᠢᠶᠠ ᠵᠡᠷᠭᠡ 15 ᠤᠯᠤᠰ᠎ᠠᠴᠠ ᠣᠷᠣᠭᠤᠯᠤᠭᠰᠠᠨ ᠲᠠᠸᠠᠷ᠎ᠢ ᠢᠷᠡᠯᠲᠡ ᠵᠢᠨ ᠭᠠᠵᠠᠷ᠎ᠤᠨ ᠭᠠᠶ᠋ᠢᠯᠢ᠎ᠠᠴᠠ ᠬᠡᠯᠲᠦᠷᠢᠭᠦᠯᠵᠦ ᠳᠡᠯᠭᠡᠨ ᠦᠵᠡᠭᠦᠯᠵᠦ ᠪᠣᠷᠣᠯᠠᠭᠤᠯᠤᠨ ᠬᠤᠳᠠᠯᠳᠤᠬᠤ ᠵᠢ᠎ᠨᠢ ᠠᠬᠢᠭᠤᠯᠬᠤ ᠪᠣᠯᠣᠨ᠎ᠠ᠃
   7. 《ᠬᠤᠶᠠᠷ᠎ᠢ ᠤᠷᠢᠳ ᠵᠶ᠋ᠠᠷ ᠴᠣᠭᠴᠠᠯᠠᠬᠤ》᠂ 《ᠬᠤᠶᠠᠷ᠎ᠢ ᠳᠠᠪᠠᠭᠤᠯᠬᠤ》 ᠭᠡᠳᠡᠭ᠎ᠨᠢ ᠪᠦᠬᠦ ᠤᠯᠤᠰ᠎ᠲᠤ ᠰᠢᠨ᠎ᠡ ᠡᠨᠧᠷᠭᠢ᠎ᠪᠠᠷ ᠭᠤᠣᠯ ᠴᠣᠭᠴᠠ ᠪᠣᠯᠭ᠋ᠠᠭᠰᠠᠨ ᠡᠨᠧᠷᠭᠢ ᠵᠢᠨ ᠬᠠᠩᠭ᠋ᠠᠯᠭ᠎ᠠ ᠵᠢᠨ ᠲᠣᠭᠲᠠᠯᠴᠠᠭ᠎ᠠ ᠵᠢ ᠤᠷᠢᠳ ᠵᠶ᠋ᠠᠷ ᠴᠣᠭᠴᠠᠯᠠᠬᠤ ᠪᠠ ᠰᠢᠨ᠎ᠡ ᠡᠨᠧᠷᠭᠢ᠎ᠪᠠᠷ ᠭᠤᠣᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠤᠷᠢᠳ ᠵᠶ᠋ᠠᠷ ᠴᠣᠭᠴᠠᠯᠠᠨ ᠪᠠᠶ᠋ᠢᠭᠤᠯᠵᠤ᠂ 2025 ᠣᠨ ᠪᠣᠯᠬᠤ᠎ᠳᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠠᠴᠠ ᠳᠠᠪᠠᠭᠤᠯᠤᠨ᠂ 2030 ᠣᠨ ᠪᠣᠯᠬᠤ᠎ᠳᠤ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠬᠤ ᠶᠡᠷᠦᠩᠬᠡᠢ ᠬᠡᠮᠵᠢᠶ᠎ᠡ ᠵᠢ ᠢᠯᠴᠢ ᠵᠢᠨ ᠴᠠᠬᠢᠯᠭ᠋ᠠᠨ᠎ᠤ ᠴᠠᠬᠢᠯᠭ᠋ᠠᠨ ᠭᠠᠷᠭ᠋ᠠᠬᠤ ᠶᠡᠷᠦᠩᠬᠡᠢ ᠬᠡᠮᠵᠢᠶ᠎ᠡ᠎ᠠᠴᠠ ᠳᠠᠪᠠᠭᠤᠯᠬᠤ ᠵᠢ ᠵᠢᠭ᠋ᠠᠵᠤ ᠪᠣᠢ᠃
   8. 《ᠲᠢᠶᠠᠨ ᠵᠢᠶᠦ᠋ᠨ ᠲᠥᠯᠥᠪᠯᠡᠭᠡ》 ᠭᠡᠳᠡᠭ᠎ᠨᠢ ᠠᠵᠤ ᠠᠬᠤᠶ᠋ᠢᠯᠠᠯ᠎ᠤᠨ ᠰᠲ᠋ᠣᠺ᠎ᠤᠨ ᠵᠠᠬ᠎ᠠ᠎ᠳᠤ ᠭᠠᠷᠬᠤ᠎ᠳᠤ᠎ᠨᠢ ᠦᠢ᠍ᠯᠡᠴᠢᠯᠡᠬᠦ ᠲᠥᠯᠥᠪᠯᠡᠭᠡ ᠵᠢ ᠵᠢᠭ᠋ᠠᠵᠤ ᠪᠣᠢ᠂ ᠵᠠᠬ᠎ᠠ᠎ᠳᠤ ᠭᠠᠷᠭ᠋ᠠᠬᠤ ᠪᠡᠯᠡᠳᠬᠡᠯ ᠠᠵᠤ ᠠᠬᠤᠶ᠋ᠢᠯᠠᠯ᠎ᠢ ᠬᠥᠳᠡᠯᠦᠩᠭᠦᠢ᠎ᠪᠠᠷ ᠠᠭᠤᠳᠠᠯᠤᠨ ᠰᠢᠯᠢᠬᠦ᠎ᠪᠠᠷ ᠳᠠᠮᠵᠢᠵᠤ᠂ 《ᠠᠵᠤ ᠠᠬᠤᠶ᠋ᠢᠯᠠᠯ ᠰᠠᠨᠠᠭ᠋ᠠᠴᠢᠯᠠᠭ᠎ᠠ᠎ᠠᠴᠠ᠎ᠪᠠᠨ ᠬᠢᠬᠦ᠂ ᠵᠠᠰᠠᠭ᠎ᠤᠨ ᠣᠷᠳᠣᠨ ᠠᠬᠢᠭᠤᠯᠬᠤ᠂ ᠪᠠᠶ᠋ᠢᠭᠤᠯᠤᠮᠵᠢ᠎ᠠᠴᠠ ᠳᠠᠶ᠋ᠢᠴᠢᠯᠠᠬᠤ᠂ ᠨᠡᠶ᠋ᠢᠭᠡᠮ ᠳᠠᠶᠠᠭ᠋ᠠᠷ ᠬᠤᠯᠪᠤᠭ᠋ᠠᠯᠠᠨ ᠬᠥᠳᠡᠯᠦᠯᠴᠡᠬᠦ》 ᠲᠣᠭᠲᠠᠴᠠ ᠵᠢ ᠬᠡᠷᠡᠭᠵᠢᠭᠦᠯᠵᠦ᠂ 《ᠨᠢᠭᠡ ᠪᠦᠯᠦᠭ᠎ᠢ᠎ᠨᠢ ᠬᠥᠮᠥᠵᠢᠭᠦᠯᠦᠨ ᠪᠣᠶ᠋ᠢᠵᠢᠭᠤᠯᠬᠤ᠂ ᠨᠢᠭᠡ ᠪᠦᠯᠦᠭ᠎ᠢ᠎ᠨᠢ ᠬᠠᠪᠰᠤᠷᠤᠨ ᠵᠢᠯᠤᠭᠤᠳᠬᠤ᠂ ᠨᠢᠭᠡ ᠪᠦᠯᠦᠭ᠎ᠢ᠎ᠨᠢ ᠭᠤᠶᠤᠴᠢᠯᠠᠨ ᠮᠡᠳᠡᠭᠦᠯᠬᠦ᠂ ᠨᠢᠭᠡ ᠪᠦᠯᠦᠭ᠎ᠢ᠎ᠨᠢ ᠵᠠᠬ᠎ᠠ᠎ᠳᠤ ᠭᠠᠷᠭ᠋ᠠᠬᠤ》 ᠱᠠᠲᠤᠯᠠᠯ᠎ᠢ ᠪᠦᠷᠢᠯᠳᠦᠭᠦᠯᠦᠨ᠂ 《ᠰᠠᠶ᠋ᠢᠨ ᠠᠵᠤ ᠠᠬᠤᠶ᠋ᠢᠯᠠᠯ᠎ᠢ ᠴᠣᠭᠴᠠᠯᠠᠬᠤ᠂ ᠰᠠᠶ᠋ᠢᠨ ᠠᠵᠤ ᠠᠬᠤᠶ᠋ᠢᠯᠠᠯ᠎ᠢ ᠰᠣᠩᠭᠤᠬᠤ᠂ ᠰᠠᠶ᠋ᠢᠨ ᠠᠵᠤ ᠠᠬᠤᠶ᠋ᠢᠯᠠᠯ᠎ᠢ ᠪᠣᠶ᠋ᠢᠵᠢᠭᠤᠯᠬᠤ᠂ ᠰᠠᠶ᠋ᠢᠨ ᠠᠵᠤ ᠠᠬᠤᠶ᠋ᠢᠯᠠᠯ᠎ᠢ ᠭᠠᠳᠠᠭᠰᠢ ᠭᠠᠷᠭ᠋ᠠᠬᠤ》 ᠪᠠᠶ᠋ᠢᠷᠢᠰᠢᠯ᠎ᠢ ᠴᠣᠭᠴᠠᠯᠠᠨ ᠪᠠᠶ᠋ᠢᠭᠤᠯᠤᠨ᠎ᠠ᠃
   9. 《ᠣᠷᠣᠨ ᠪᠦᠰᠡ᠎ᠪᠠᠷ ᠦᠨᠡᠯᠡᠨ ᠵᠢᠱ᠌ᠢᠬᠦ + ᠪᠠᠷᠢᠮᠵᠢᠶᠠᠲᠤ ᠭᠠᠵᠠᠷ》᠎ᠤᠨ ᠵᠠᠭᠪᠤᠷ ᠭᠡᠳᠡᠭ᠎ᠨᠢ ᠬᠠᠤᠯᠢ ᠶᠣᠰᠣᠭ᠋ᠠᠷ ᠪᠠᠶ᠋ᠢᠭᠤᠯᠤᠭᠰᠠᠨ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠤᠷᠢᠭ᠎ᠲᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠵᠤ ᠪᠠᠶ᠋ᠢᠭ᠋ᠠᠳ ᠵᠣᠬᠢᠬᠤ ᠣᠷᠣᠨ ᠪᠦᠰᠡ ᠵᠢᠨ ᠳᠣᠲᠣᠷᠠᠬᠢ ᠳᠠᠷᠤᠭᠳᠠᠮᠠᠯ ᠴᠢᠬᠤᠯᠠ ᠠᠭᠤᠷᠬᠠᠢ ᠵᠢᠨ ᠡᠬᠢ ᠪᠠᠶᠠᠯᠢᠭ᠂ ᠭᠠᠵᠠᠷ ᠬᠥᠷᠥᠰᠥᠨ᠎ᠤ ᠭᠠᠢ ᠭᠠᠮᠰᠢᠭ᠎ᠤᠨ ᠲᠥᠭᠰᠢᠭᠦᠷᠢᠲᠦ ᠴᠢᠨᠠᠷ᠎ᠢ ᠦᠨᠡᠯᠡᠨ ᠵᠢᠱ᠌ᠢᠬᠦ᠂ ᠠᠭᠤᠷ ᠠᠮᠢᠰᠬᠤᠯ᠎ᠤᠨ ᠪᠣᠯᠣᠮᠵᠢᠲᠤ ᠨᠤᠲᠠᠯᠠᠯᠲᠠ ᠬᠢᠬᠦ᠂ ᠭᠠᠵᠠᠷ ᠬᠥᠳᠡᠯᠦᠯᠲᠡ ᠵᠢᠨ ᠠᠶᠤᠯ ᠦᠭᠡᠢ ᠴᠢᠨᠠᠷ᠎ᠲᠤ ᠦᠨᠡᠯᠡᠯᠲᠡ ᠬᠢᠬᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢ ᠦᠨᠡᠯᠡᠨ ᠵᠢᠱ᠌ᠢᠬᠦ᠂ ᠣᠷᠴᠢᠨ ᠲᠣᠭᠤᠷᠢᠨ᠎ᠤ ᠨᠥᠯᠥᠭᠡᠯᠡᠯ᠎ᠳᠤ ᠦᠨᠡᠯᠡᠯᠲᠡ ᠬᠢᠬᠦ᠂ ᠤᠰᠤᠨ ᠰᠣᠷᠪᠤᠯᠵᠢ᠎ᠳᠤ ᠨᠤᠲᠠᠯᠠᠯᠲᠠ ᠬᠢᠬᠦ᠂ ᠬᠥᠷᠥᠰᠥ ᠰᠢᠷᠣᠢ ᠵᠢᠨ ᠬᠠᠮᠠᠭ᠋ᠠᠯᠠᠯᠲᠠ ᠵᠢᠨ ᠲᠥᠰᠥᠯ᠎ᠳᠤ ᠨᠤᠲᠠᠯᠠᠯᠲᠠ ᠬᠢᠬᠦ᠂ ᠦᠶᠡᠷ᠎ᠤᠨ ᠨᠥᠯᠥᠭᠡ ᠵᠢ ᠦᠨᠡᠯᠡᠬᠦ᠂ ᠡᠨᠧᠷᠬᠢ ᠠᠷᠪᠢᠯᠠᠬᠤ ᠵᠢ ᠬᠢᠨᠠᠨ ᠪᠠᠶ᠋ᠢᠴᠠᠭ᠋ᠠᠬᠤ ᠵᠡᠷᠭᠡ ᠵᠦᠢ᠍ᠯᠡᠰ᠎ᠢ ᠨᠢᠭᠡᠳᠦᠯᠲᠡᠢ ᠦᠨᠡᠯᠡᠨ ᠵᠢᠱ᠌ᠢᠯᠲᠡ ᠪᠠ ᠦᠨᠡᠯᠡᠯᠲᠡ ᠬᠢᠵᠦ᠂ ᠪᠦᠲᠦᠭᠡᠨ ᠪᠠᠶ᠋ᠢᠭᠤᠯᠬᠤ ᠲᠥᠷᠥᠯ ᠵᠦᠢ᠍ᠯ᠎ᠳᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠬᠤ ᠬᠦᠴᠦᠯᠡᠴᠡ᠂ ᠮᠦ᠍ ᠪᠦᠷᠢ ᠵᠢᠨ ᠳᠤᠮᠳᠠᠴᠢ ᠭᠠᠶ᠋ᠢᠯᠢ ᠲᠠᠲᠠᠪᠤᠷᠢ᠂ ᠨᠢᠭᠡᠴᠢ ᠡᠨᠧᠷᠬᠢ ᠵᠢᠨ ᠬᠤᠷᠣᠭᠳᠠᠯ᠂ ᠨᠢᠭᠡᠴᠢ ᠵᠢᠨ ᠭᠠᠳᠠᠭᠰᠢᠯᠠᠭᠤᠯᠤᠯ ᠵᠡᠷᠭᠡ ᠡᠵᠡᠮᠳᠡᠯ᠎ᠤᠨ ᠴᠢᠨᠠᠷᠲᠠᠢ ᠭᠦᠢ᠍ᠴᠡᠳᠬᠡᠯ ᠲᠤᠭ᠎ᠠ ᠵᠢ ᠲᠣᠳᠣᠷᠬᠠᠢ ᠲᠣᠭᠲᠠᠭ᠋ᠠᠵᠤ᠂ ᠡᠭᠦᠨ ᠵᠶ᠋ᠠᠷ ᠪᠠᠷᠢᠮᠵᠢᠶ᠎ᠠ ᠪᠣᠯᠭ᠋ᠠᠨ ᠭᠠᠵᠠᠷ ᠰᠢᠷᠣᠢ᠎ᠪᠠᠨ ᠬᠢᠮᠳᠠ᠎ᠪᠠᠷ ᠬᠤᠳᠠᠯᠳᠤᠬᠤ ᠵᠢ ᠵᠢᠭ᠋ᠠᠵᠤ ᠪᠣᠢ᠃
   10. ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠴᠢᠨᠠᠷ᠎ᠢ ᠳᠡᠭᠡᠭᠰᠢᠯᠡᠭᠦᠯᠵᠦ ᠰᠢᠯᠢᠳᠡᠭ᠎ᠢ ᠬᠥᠮᠥᠵᠢᠭᠦᠯᠬᠦ》 ᠪᠠ 《ᠬᠤᠶᠠᠷ ᠥᠨᠳᠥᠷ ᠲᠦᠪᠰᠢᠨ ᠬᠤᠶᠠᠷ ᠴᠢᠨᠠᠷ ᠰᠢᠯᠢᠳᠡᠭ》᠄ 2022 ᠣᠨ᠎ᠤ 7 ᠳ᠋ᠤᠭ᠋ᠠᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠨᠡᠶ᠋ᠢᠲᠡᠯᠡᠵᠦ᠂ 《ᠴᠢᠨᠠᠷ᠎ᠢ ᠳᠡᠭᠡᠭᠰᠢᠯᠡᠭᠦᠯᠵᠦ ᠰᠢᠯᠢᠳᠡᠭ᠎ᠢ ᠬᠥᠮᠥᠵᠢᠭᠦᠯᠬᠦ》 ᠲᠥᠷᠪᠡᠨ ᠵᠦᠢ᠍ᠯ᠎ᠤᠨ ᠠᠷᠭ᠎ᠠ ᠪᠠᠷᠢᠯ᠎ᠢ ᠳᠤᠷᠠᠳᠤᠨ ᠭᠠᠷᠭ᠋ᠠᠪᠠ᠂ ᠲᠤᠬᠠᠶ᠋ᠢᠯᠠᠪᠠᠯ ᠡᠯ᠎ᠡ ᠠᠶ᠋ᠢᠮᠠᠭ ᠬᠤᠲᠠ ᠵᠢᠨ 《ᠬᠡᠷᠡᠭᠯᠡᠭᠡᠨ᠎ᠤ ᠬᠡᠯᠪᠡᠷᠢ (ᠠᠵᠢᠯ ᠮᠡᠷᠭᠡᠵᠢᠯ) ᠪᠦᠬᠦᠢ ᠵᠢᠩᠬᠢᠨᠢ ᠠᠩᠭᠢ ᠵᠢᠨ ᠶᠡᠭᠡ ᠳᠡᠭᠡᠳᠦ ᠰᠤᠷᠭ᠋ᠠᠭᠤᠯᠢ + ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ + ᠡᠳᠦᠢ ᠲᠡᠳᠦᠢ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ》 ᠵᠢᠨ ᠰᠤᠷᠭ᠋ᠠᠭᠤᠯᠢ ᠡᠷᠬᠢᠯᠡᠬᠦ ᠬᠤᠯᠪᠣᠭ᠎ᠠ ᠵᠣᠬᠢᠶᠠᠨ ᠪᠠᠶ᠋ᠢᠭᠤᠯᠬᠤ ᠵᠢ ᠠᠬᠢᠭᠤᠯᠵᠤ᠂ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ᠎ᠤᠨ 《ᠳᠠᠭ᠋ᠠᠭᠤᠯᠤᠭᠴᠢ》 ᠵᠢᠨ ᠲᠥᠯᠥᠪᠯᠡᠭᠡ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ 《ᠴᠢᠨᠠᠷ᠎ᠢ ᠳᠡᠭᠡᠭᠰᠢᠯᠡᠭᠦᠯᠬᠦ》 ᠠᠵᠢᠯᠯᠠᠭ᠋ᠠᠨ ᠪᠠ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠰᠠᠭᠤᠷᠢ ᠵᠢ ᠪᠠᠬᠢᠵᠢᠭᠦᠯᠬᠦ》 ᠢᠨᠵᠧᠨᠧᠷᠢᠩ ᠬᠡᠷᠡᠭᠵᠢᠭᠦᠯᠬᠦ ᠵᠢ ᠵᠢᠭ᠋ᠠᠵᠤ ᠪᠣᠢ᠃ 《ᠬᠤᠶᠠᠷ ᠥᠨᠳᠥᠷ ᠲᠦᠪᠰᠢᠨ ᠬᠤᠶᠠᠷ ᠴᠢᠨᠠᠷ ᠰᠢᠯᠢᠳᠡᠭ》 ᠬᠠᠷᠠᠯᠲᠠ ᠡᠭᠦᠷᠭᠡ ᠵᠢ ᠳᠤᠷᠠᠳᠤᠨ ᠭᠠᠷᠭ᠋ᠠᠪᠠ᠂ ᠲᠤᠬᠠᠶ᠋ᠢᠯᠠᠪᠠᠯ 2025 ᠣᠨ ᠪᠣᠯᠬᠤ᠎ᠳᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠥᠨᠳᠥᠷ ᠬᠢᠷᠢ ᠲᠦᠪᠰᠢᠨ ᠪᠦᠬᠦᠢ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ 8 ᠣᠷᠴᠢᠮ ᠪᠠ ᠥᠨᠳᠥᠷ ᠬᠢᠷᠢ ᠲᠦᠪᠰᠢᠨ ᠪᠦᠬᠦᠢ ᠲᠤᠰᠬᠠᠢ ᠮᠡᠷᠭᠡᠵᠢᠯ᠎ᠤᠨ ᠪᠦᠯᠦᠭᠵᠢᠯ᠎ᠢ 25 ᠣᠷᠴᠢᠮ ᠪᠠᠶ᠋ᠢᠭᠤᠯᠵᠤ᠂ ᠴᠢᠨᠠᠷ ᠰᠢᠯᠢᠳᠡᠭ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ 40 ᠣᠷᠴᠢᠮ ᠪᠠ ᠴᠢᠨᠠᠷ ᠰᠢᠯᠢᠳᠡᠭ ᠲᠤᠰᠬᠠᠢ ᠮᠡᠷᠭᠡᠵᠢᠯ᠎ᠢ 100 ᠣᠷᠴᠢᠮ ᠪᠠᠶ᠋ᠢᠭᠤᠯᠬᠤ ᠵᠢ ᠵᠢᠭ᠋ᠠᠵᠤ ᠪᠣᠢ᠃
   11. 《ᠤᠷᠠᠨ ᠳᠠᠷᠬᠠᠨ᠎ᠤ ᠠᠩᠭᠢ》 ᠵᠢᠨ ᠲᠥᠯᠥᠪᠯᠡᠭᠡ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ 《ᠤᠷᠠᠨ ᠳᠠᠷᠬᠠᠨ᠎ᠤ ᠠᠩᠭᠢ》᠎ᠪᠠᠷ ᠴᠢᠳᠠᠪᠤᠷᠢᠲᠠᠨ ᠬᠥᠮᠥᠵᠢᠭᠦᠯᠬᠦ ᠲᠥᠯᠥᠪᠯᠡᠭᠡ ᠵᠢ ᠵᠢᠭ᠋ᠠᠵᠤ ᠪᠣᠢ᠂ ᠭᠤᠣᠯ ᠬᠠᠷᠠᠯᠲᠠ᠎ᠨᠢ ᠪᠣᠯ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ ᠪᠣᠯᠬᠤ ᠠᠵᠤ ᠦᠢ᠍ᠯᠡᠰ᠎ᠤᠨ ᠬᠡᠯᠬᠢᠶ᠎ᠡ᠎ᠯᠦᠭᠡ ᠨᠢᠭᠲᠠ ᠵᠠᠯᠭ᠋ᠠᠯᠳᠤᠭᠤᠯᠵᠤ᠂ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠨᠢᠭᠡ ᠪᠦᠯᠦᠭ ᠥᠨᠳᠥᠷ ᠬᠡᠪ ᠪᠣᠯᠪᠠᠰᠤᠷᠠᠯ᠎ᠲᠠᠢ ᠮᠡᠷᠭᠡᠵᠢᠯ ᠤᠷ᠎ᠠ ᠮᠡᠷᠭᠡᠰᠢᠯ᠎ᠲᠠᠢ ᠴᠢᠳᠠᠪᠤᠷᠢᠲᠠᠨ᠎ᠢ ᠴᠢᠨᠠᠷᠵᠢᠭᠤᠨ ᠪᠥᠭᠡᠳ ᠥᠨᠳᠥᠷ ᠪᠠᠷᠢᠮᠵᠢᠶ᠎ᠠ᠎ᠲᠠᠢ ᠬᠥᠮᠥᠵᠢᠭᠦᠯᠬᠦ ᠶᠠᠪᠤᠳᠠᠯ ᠪᠣᠯᠣᠨ᠎ᠠ᠃
   12. 《ᠨᠢᠭᠡ ᠵᠢ ᠲᠠᠯᠪᠢᠵᠤ ᠭᠤᠷᠪᠠ ᠵᠢ ᠪᠠᠭ᠋ᠠᠰᠬᠠᠬᠤ》᠄ ᠲᠤᠬᠠᠶ᠋ᠢᠯᠠᠪᠠᠯ ᠡᠷᠬᠡ ᠵᠢᠨ ᠵᠦᠢ᠍ᠯᠡᠰ᠎ᠢ ᠳᠣᠷᠣᠭᠰᠢ ᠪᠠᠭᠤᠯᠭ᠋ᠠᠬᠤ ᠪᠠ ᠬᠦᠴᠦᠨ ᠦᠭᠡᠢ ᠪᠣᠯᠭ᠋ᠠᠬᠤ᠂ ᠠᠵᠢᠯ ᠶᠠᠪᠤᠳᠠᠯ ᠭᠦᠢ᠍ᠴᠡᠳᠬᠡᠬᠦ ᠮᠠᠲ᠋ᠧᠷᠢᠶᠠᠯ᠂ ᠠᠵᠢᠯ ᠶᠠᠪᠤᠳᠠᠯ ᠭᠦᠢ᠍ᠴᠡᠳᠬᠡᠬᠦ ᠳᠡᠰ ᠳᠠᠷᠠᠭ᠋ᠠᠯᠠᠯ᠂ ᠠᠵᠢᠯ ᠶᠠᠪᠤᠳᠠᠯ ᠭᠦᠢ᠍ᠴᠡᠳᠬᠡᠬᠦ ᠴᠠᠭ᠎ᠤᠨ ᠬᠢᠵᠠᠭ᠋ᠠᠷ ᠵᠶ᠋ᠠᠨ ᠪᠠᠭ᠋ᠠᠰᠬᠠᠬᠤ ᠵᠢ ᠵᠢᠭ᠋ᠠᠵᠤ ᠪᠤᠢ᠃
   13. 《ᠲᠠᠷᠠᠬᠠᠢ ᠡᠷᠤᠬᠡ ᠵᠢ ᠵᠠᠬ᠎ᠠ ᠳᠡᠯᠭᠡᠭᠦᠷ᠎ᠲᠤ ᠣᠷᠣᠭᠤᠯᠬᠤ》᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠬᠤ》᠂ 《ᠵᠢᠵᠢᠭ ᠪᠢᠴᠢᠯ ᠠᠵᠤ ᠠᠬᠤᠶ᠋ᠢᠯᠠᠯ᠎ᠢ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠶ᠋ᠢᠯᠠᠯ ᠪᠣᠯᠭ᠋ᠠᠬᠤ》᠄ ᠲᠤᠬᠠᠶ᠋ᠢᠯᠠᠪᠠᠯ ᠲᠠᠷᠠᠬᠠᠢ ᠪᠤᠲᠠᠷᠬᠠᠢ ᠬᠤᠳᠠᠯᠳᠤᠭ᠋ᠠᠴᠢᠨ ᠡᠷᠦᠬᠡ᠎ᠨᠦᠭᠦᠳ᠎ᠢ ᠵᠠᠬ᠎ᠠ ᠳᠡᠯᠭᠡᠭᠦᠷ᠎ᠲᠤ ᠣᠷᠣᠭᠤᠯᠵᠤ ᠲᠥᠪᠯᠡᠷᠡᠭᠦᠯᠦᠨ ᠡᠵᠡᠩᠨᠡᠭᠦᠯᠬᠦ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ ᠵᠢ᠎ᠨᠢ ᠬᠤᠪᠢᠷᠠᠭ᠋ᠠᠨ ᠳᠡᠰ ᠳᠡᠪᠰᠢᠭᠦᠯᠵᠦ ᠠᠵᠤ ᠠᠬᠤᠶ᠋ᠢᠯᠠᠯ ᠪᠣᠯᠭ᠋ᠠᠬᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠡᠯᠪᠡᠷᠢ ᠵᠢ᠎ᠨᠢ ᠬᠤᠪᠢᠷᠠᠭ᠋ᠠᠨ ᠳᠡᠰ ᠳᠡᠪᠰᠢᠭᠦᠯᠵᠦ ᠪᠠᠶ᠋ᠢᠭ᠋ᠠᠳ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠶ᠋ᠢᠯᠠᠯ ᠪᠣᠯᠭ᠋ᠠᠨ ᠠᠬᠢᠭᠤᠯᠬᠤ ᠵᠢ ᠵᠢᠭ᠋ᠠᠵᠤ ᠪᠤᠢ᠃
   14. 《ᠰᠦᠯᠵᠢᠶ᠎ᠡ᠎ᠪᠠᠷ ᠭᠦᠢ᠍ᠴᠡᠳᠬᠡᠵᠦ ᠴᠡᠴᠡᠷᠯᠢᠭ᠎ᠲᠤ ᠰᠠᠭᠤᠯᠭ᠋ᠠᠬᠤ》᠂ 《ᠰᠦᠯᠵᠢᠶ᠎ᠡ᠎ᠪᠠᠷ ᠭᠦᠢ᠍ᠴᠡᠳᠬᠡᠵᠦ ᠰᠤᠷᠭ᠋ᠠᠭᠤᠯᠢ᠎ᠳᠤ ᠰᠤᠷᠤᠯᠴᠠᠭᠤᠯᠬᠤ》 ᠭᠡᠳᠡᠭ᠎ᠨᠢ ᠲᠣᠭ᠋ᠠᠵᠢᠭᠤᠯᠤᠭᠰᠠᠨ ᠠᠷᠭ᠎ᠠ ᠠᠪᠴᠢᠯ᠎ᠢ ᠬᠡᠷᠡᠭᠯᠡᠵᠦ ᠪᠠᠶ᠋ᠢᠭ᠋ᠠᠳ ᠰᠤᠷᠤᠭᠴᠢ ᠡᠯᠰᠡᠵᠦ ᠨᠡᠷ᠎ᠡ ᠮᠡᠳᠡᠭᠦᠯᠬᠦ ᠮᠡᠳᠡᠭᠡ ᠵᠠᠩᠭᠢ ᠵᠢᠨ ᠳ᠋ᠠᠶ᠋ᠢᠲ᠋ᠠ ᠵᠢᠨ ᠰᠠᠭ᠋ᠠᠳ ᠲᠣᠳᠬᠠᠷ᠎ᠢ ᠠᠷᠢᠯᠭ᠋ᠠᠵᠤ᠂ ᠠᠯᠪᠠᠨ᠎ᠠᠴᠠ ᠡᠷᠬᠢᠯᠡᠭᠰᠡᠨ ᠬᠡᠦᠬᠡᠳ᠎ᠤᠨ ᠴᠡᠴᠡᠷᠯᠢᠭ ᠪᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠰᠦᠯᠵᠢᠶ᠎ᠡ᠎ᠪᠠᠷ ᠭᠦᠢ᠍ᠴᠡᠳᠬᠡᠬᠦ ᠬᠡᠯᠪᠡᠷᠢ》᠎ᠪᠠᠷ ᠬᠡᠦᠬᠡᠳ᠎ᠢ ᠴᠡᠴᠡᠷᠯᠢᠭ᠎ᠲᠤ ᠣᠷᠤᠭᠤᠯᠬᠤ ᠪᠠ ᠰᠤᠷᠭ᠋ᠠᠭᠤᠯᠢ᠎ᠳᠤ ᠰᠠᠭᠤᠯᠭ᠋ᠠᠬᠤ ᠵᠢ ᠪᠡᠶᠡᠯᠡᠭᠦᠯᠵᠦ᠂ ᠪᠦᠬᠦ ᠶᠠᠪᠤᠴᠠ᠎ᠳᠤ 《ᠭᠡᠷᠡᠴᠢ ᠪᠠᠷᠢᠮᠲᠠ ᠠᠪᠬᠤ ᠦᠭᠡᠢ》᠂ 《ᠢᠯᠡᠭᠦᠦ ᠭᠦᠶᠦᠯᠭᠡᠬᠦ ᠦᠭᠡᠢ》᠎ᠪᠠᠷ ᠭᠦᠢ᠍ᠴᠡᠳᠬᠡᠬᠦ ᠵᠢ ᠵᠢᠭ᠋ᠠᠵᠤ ᠪᠤᠢ᠃
   15. 《ᠭᠤᠷᠪᠠ ᠵᠢ ᠢᠯᠭ᠋ᠠᠷᠠᠭᠤᠯᠵᠤ ᠨᠢᠭᠡ ᠵᠢ ᠨᠡᠬᠡᠮᠵᠢᠯᠡᠬᠦ》 ᠭᠡᠳᠡᠭ᠎ᠨᠢ ᠲᠦᠭᠰᠢᠭᠦᠷᠢ ᠶᠡᠬᠡᠲᠡᠢ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠥᠷᠥᠩᠭᠡ᠎ᠪᠠᠨ ᠢᠯᠭ᠋ᠠᠷᠠᠭᠤᠯᠵᠤ ᠪᠡᠯᠡ ᠮᠥᠩᠭᠦ᠎ᠪᠠᠨ ᠬᠠᠷᠭᠤᠭᠤᠯᠤᠨ ᠪᠣᠳᠠᠲᠠᠶ᠋ᠢᠵᠢᠭᠤᠯᠬᠤ᠂ ᠪᠤᠴᠠᠭ᠋ᠠᠯ ᠦᠭᠡᠢ ᠬᠥᠷᠥᠩᠭᠡ ᠵᠢ ᠢᠯᠭ᠋ᠠᠷᠠᠭᠤᠯᠤᠨ ᠬᠤᠷᠢᠶᠠᠵᠤ ᠠᠪᠬᠤ᠎ᠪᠠᠨ ᠪᠣᠳᠠᠲᠠᠶ᠋ᠢᠵᠢᠭᠤᠯᠬᠤ᠂ ᠠᠰᠠᠭᠤᠳᠠᠯ᠎ᠲᠠᠢ ᠬᠤᠪᠢᠴᠠᠭ᠋ᠠᠲᠠᠨ᠎ᠢ ᠢᠯᠭ᠋ᠠᠷᠠᠭᠤᠯᠤᠨ ᠪᠤᠴᠠᠭ᠋ᠠᠬᠤ᠎ᠪᠠᠨ ᠪᠣᠳᠠᠲᠠᠶ᠋ᠢᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ᠎ᠪᠠᠨ ᠪᠣᠳᠠᠲᠠᠶ᠋ᠢᠵᠢᠭᠤᠯᠬᠤ ᠵᠢ᠎ᠨᠢ ᠠᠬᠢᠭᠤᠯᠬᠤ ᠵᠢ ᠵᠢᠭ᠋ᠠᠵᠤ ᠪᠤᠢ᠃
 








ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
2015 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ
2016 ᠤᠨ᠎ᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠠᠬᠢ ᠠᠷᠠᠳ᠎ᠤᠨ ᠠᠮᠢᠳᠤᠷᠠᠯ᠎ᠤᠨ ᠭᠦᠢ᠍ᠴᠡᠳᠬᠡᠯ ᠲᠤᠭ᠎ᠠ
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
 
            