ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠠᠶ᠋ᠢᠭᠤᠯᠤᠮᠵᠢ
ᠰᠢᠭᠤᠳ ᠬᠠᠷᠢᠶ᠎ᠠ ᠲᠠᠪᠤᠨ ᠨᠢᠭᠡᠴᠢ
ᠨᠡᠶᠢᠲᠡᠯᠡᠭᠰᠡᠨ ᠴᠠᠭ᠄ 2023-12-04

  (ᠨᠢᠭᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ
   1. ᠪᠠᠢ᠌ᠭᠤᠯᠤᠮᠵᠢ ᠵᠢᠨ ᠲᠣᠬᠢᠷᠠᠭᠤᠯᠤᠯᠲᠠ᠄ ᠵᠢᠩᠬᠢᠨᠢ ᠰᠠᠯᠠᠭ᠎ᠠ ᠵᠢᠨ ᠲᠠᠰ᠎ᠲᠠᠢ ᠲᠡᠩᠴᠡᠭᠰᠡᠨ ᠳᠣᠲᠣᠭ᠋ᠠᠳᠤ ᠵᠢᠨ ᠪᠠᠢ᠌ᠭᠤᠯᠤᠮᠵᠢ ᠵᠢ 5᠂ ᠶᠡᠷᠦᠩᠬᠡᠢ᠌ᠯᠡᠭᠰᠡᠨ ᠰᠠᠯᠠᠭ᠎ᠠ᠂ ᠪᠠᠲᠤᠯᠠᠭ᠎ᠠ ᠵᠢᠨ ᠰᠠᠯᠠᠭ᠎ᠠ᠂ ᠠᠵᠢᠯ ᠶᠠᠪᠤᠳᠠᠯ᠎ᠤᠨ ᠰᠠᠯᠠᠭ᠎ᠠ᠂ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠰᠠᠯᠠᠭ᠎ᠠ᠂ ᠬᠡᠦᠬᠡᠳ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠠᠯᠠᠭ᠎ᠠ᠎ᠲᠠᠢ᠃
   2. ᠡᠭᠦᠷᠭᠡ ᠬᠠᠷᠢᠭᠤᠴᠠᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ  ᠎ᠤᠨ ᠬᠠᠷᠢᠶ᠎ᠠ ᠪᠦᠬᠦᠢ ᠵᠢᠩᠬᠢᠨᠢ ᠭᠠᠵᠠᠷ᠎ᠤᠨ ᠲᠡᠰ᠎ᠲᠠᠢ ᠲᠡᠩᠴᠡᠬᠦ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠬᠡᠴᠢ ᠪᠣᠯᠣᠨ᠎ᠠ᠃ ᠭᠣᠣᠯ ᠡᠭᠦᠷᠭᠡ ᠬᠠᠷᠢᠭᠤᠴᠠᠯᠭ᠎ᠠ ᠪᠣᠯ᠄ (1) ᠲᠢᠩᠬᠢᠮ᠎ᠤᠨ ᠪᠠᠢ᠌ᠭᠤᠯᠭ᠎ᠠ ᠪᠠ ᠲᠥᠪ᠎ᠤᠨ ᠡᠳᠦᠷ ᠲᠤᠳᠤᠮ᠎ᠤᠨ ᠠᠵᠢᠯᠯᠠᠭ᠋ᠠᠨ ᠵᠡᠷᠭᠡ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ᠃ ᠳᠠᠩᠰᠠ ᠡᠪᠬᠡᠮᠡᠯ᠂ ᠲᠣᠭᠲᠠᠮᠠᠯ ᠬᠥᠷᠥᠩᠭᠡ᠂ ᠲᠡᠷᠭᠡ ᠬᠥᠰᠬᠡ ᠵᠢᠨ ᠬᠠᠮᠢᠶᠠᠷᠤᠯᠲᠠ ᠵᠡᠷᠭᠡ ᠠᠵᠢᠯ ᠶᠠᠪᠤᠳᠠᠯ᠎ᠤᠨ ᠴᠢᠨᠠᠷᠲᠠᠢ ᠠᠵᠢᠯ᠎ᠢ ᠡᠭᠦᠷᠭᠡᠯᠡᠨ᠎ᠡ᠃ (2) ᠲᠢᠩᠬᠢᠮ᠎ᠤᠨ ᠪᠠᠢ᠌ᠭᠤᠯᠭ᠎ᠠ ᠵᠢᠨ ᠠᠵᠢᠯ᠎ᠠᠴᠠ᠎ᠪᠠᠨ ᠠᠮᠠᠷᠠᠭᠰᠠᠨ ᠪᠠ   ᠲᠡᠳᠬᠦᠪᠤᠷᠢ᠎ᠳᠤ ᠭᠠᠷᠤᠬᠰᠠᠳ᠎ᠲᠤ ᠦᠢ᠍ᠯᠡᠴᠢᠯᠡᠬᠦ ᠵᠡᠷᠭᠡ ᠠᠵᠢᠯ᠎ᠢ ᠬᠠᠷᠢᠭᠤᠴᠠᠨ᠎ᠠ᠃ (3) ᠪᠠᠳᠤᠯᠠᠭ᠎ᠠ ᠵᠢᠨ ᠲᠥᠪ ᠪᠠ ᠬᠡᠰᠡᠭ ᠠᠵᠢᠯ ᠦᠢ᠍ᠯᠡᠰ᠎ᠤᠨ ᠨᠢᠭᠡᠴᠢ ᠵᠢᠨ ᠡᠳ᠋᠎ᠤᠨ ᠶᠠᠪᠤᠳᠠᠯ᠎ᠤᠨ ᠠᠵᠢᠯ᠎ᠢ ᠡᠭᠦᠷᠭᠡᠯᠡᠵᠦ᠂ ᠳᠣᠲᠣᠭ᠋ᠠᠳᠤ ᠵᠢᠨ ᠬᠢᠨᠠᠨ ᠪᠣᠳᠣᠯᠲᠠ ᠵᠢ ᠬᠠᠮᠵᠢᠨ ᠥᠷᠨᠢᠭᠦᠯᠦᠨ᠎ᠡ᠃ (4) ᠨᠠᠰᠤᠨ᠎ᠳᠤ ᠦᠯᠤ ᠬᠥᠷᠦᠭᠰᠡᠳ᠎ᠲᠤ ᠦᠢ᠍ᠯᠡᠴᠢᠯᠡᠬᠦ ᠪᠠᠲᠤᠯᠠᠭ᠎ᠠ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠲᠦᠷᠤ ᠵᠢᠨ ᠪᠣᠳᠣᠯᠭ᠎ᠠ ᠵᠢᠨ ᠰᠤᠳᠤᠯᠤᠯ᠂ ᠦᠢ᠍ᠯᠡᠴᠢᠯᠡᠭᠡᠨ᠎ᠤ ᠪᠠᠲᠤᠯᠠᠭ᠎ᠠ ᠵᠡᠷᠭᠡ ᠠᠵᠢᠯ᠎ᠳᠤ ᠣᠷᠣᠯᠴᠠᠨ᠎ᠠ᠃ ᠨᠠᠰᠤᠨ᠎ᠳᠤ ᠥᠯᠥ ᠭᠦᠷᠦᠭᠰᠡᠳ᠎ᠤᠨ ᠮᠡᠳᠡᠭᠡ ᠵᠠᠩᠭᠢ ᠵᠢᠨ ᠰᠢᠰᠲ᠋ᠧᠮ᠎ᠤᠨ ᠲᠣᠭ᠎ᠠ ᠪᠠᠷᠢᠮᠲᠠ ᠵᠢ ᠬᠠᠮᠠᠭ᠋ᠠᠯᠠᠬᠤ ᠪᠠ ᠵᠠᠳᠠᠯᠤᠨ ᠬᠡᠷᠡᠭᠯᠡᠬᠦ ᠵᠡᠷᠭᠡ ᠠᠵᠢᠯ᠎ᠢ ᠡᠭᠦᠷᠭᠡᠯᠡᠨ᠎ᠡ᠃ (5) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
    ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ
  ᠬᠠᠷᠢᠯᠴᠠᠬᠤ ᠤᠳᠠᠰᠤ᠄ 0471-6611798
    ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 — 12᠄ 00 ᠦᠳᠡ ᠵᠢᠨ ᠬᠣᠢ᠌ᠨᠠᠬᠢ 13᠄ 30 — 17᠄ 00
      ᠬᠠᠷᠢᠭᠤᠴᠠᠯᠭ᠋ᠠᠲᠠᠨ᠄ ᠵᠤᠤ ᠵᠢᠩ ᠪᠦᠸᠸ
  (ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡ ᠪᠠ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠲᠥᠪ)
  1. ᠪᠠᠢ᠌ᠭᠤᠯᠤᠮᠵᠢ ᠵᠢᠨ ᠲᠣᠬᠢᠷᠠᠭᠤᠯᠤᠯᠲᠠ᠄ ᠲᠤᠳᠤᠭ᠋ᠠᠳᠤ᠎ᠳᠤ᠎ᠪᠠᠨ ᠰᠠᠯᠠᠭ᠎ᠠ ᠵᠢᠨ ᠲᠠᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠠᠯᠠᠭ᠎ᠠ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠰᠠᠯᠠᠭ᠎ᠠ᠎ᠲᠠᠢ᠃
  2. ᠡᠭᠦᠷᠭᠡ ᠬᠠᠷᠢᠭᠤᠴᠠᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠲᠥᠪ) ᠪᠤᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠠᠰ᠎ᠤᠨ ᠪᠠᠢ᠌ᠭᠤᠯᠭ᠎ᠠ ᠶᠤᠮ᠂ ᠭᠣᠣᠯ ᠡᠭᠦᠷᠭᠡ ᠬᠠᠷᠢᠭᠤᠴᠠᠯᠭ᠎ᠠ ᠪᠣᠯ᠄ (1) ᠨᠠᠰᠤᠵᠢᠯ᠎ᠤᠨ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠬᠥᠭᠵᠢᠯᠲᠡ ᠵᠢᠨ ᠲᠥᠯᠦᠪᠵᠢᠭᠦᠯᠭᠡ᠂ ᠪᠠᠷᠢᠮᠵᠢᠶᠠᠵᠢᠭᠤᠯᠤᠯᠲᠠ ᠵᠢᠨ ᠪᠠᠢ᠌ᠴᠠᠭ᠋ᠠᠨ ᠰᠤᠳᠤᠯᠤᠯᠲᠠ᠂ ᠨᠤᠲᠠᠯᠠᠯᠲᠠ ᠪᠠ ᠦᠨᠡᠯᠡᠨ ᠵᠢᠱ᠌ᠢᠯᠲᠡ ᠵᠡᠷᠭᠡ ᠲᠤᠰᠠᠯᠠᠬᠤ ᠴᠢᠨᠠᠷᠲᠠᠢ ᠠᠵᠢᠯ᠎ᠢ ᠥᠷᠨᠢᠭᠦᠯᠦᠨ᠎ᠡ᠃ (2) ᠨᠠᠰᠤᠵᠢᠯ᠎ᠤᠨ ᠵᠢᠱ᠌ᠢᠶ᠎ᠡ ᠦᠵᠡᠭᠦᠯᠬᠦ ᠴᠢᠨᠠᠷᠲᠠᠢ ᠦᠢ᠍ᠯᠡᠴᠢᠯᠡᠭᠡᠨ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠂ ᠤᠬᠠᠭᠤᠯᠭ᠎ᠠ ᠵᠢᠨ ᠯᠠᠪᠯᠠᠭ᠎ᠠ ᠪᠠ ᠵᠢᠷᠤᠮᠵᠢᠭᠤᠯᠤᠨ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ᠎ᠢ ᠥᠷᠨᠢᠭᠦᠯᠦᠨ᠎ᠡ᠃ (3) ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠵᠡᠷᠭᠡ ᠳᠡᠰ᠎ᠤᠨ ᠬᠤᠪᠢᠶᠠᠷᠢᠯᠠᠯ᠎ᠢ ᠦᠨᠡᠯᠡᠨ ᠲᠣᠭᠲᠠᠭ᠋ᠠᠬᠤ ᠦᠢ᠍ᠯᠡᠴᠢᠯᠡᠭᠡᠨ᠎ᠤ ᠴᠢᠨᠠᠷᠲᠠᠢ ᠠᠵᠢᠯ᠎ᠢ ᠡᠭᠦᠷᠭᠡᠯᠡᠨ᠎ᠡ᠃ (4) ᠨᠡᠢ᠌ᠭᠡᠮ᠎ᠤᠨ ᠲᠤᠰᠠᠯᠠᠮᠵᠢ ᠵᠢᠨ ᠬᠣᠯᠪᠣᠭᠳᠠᠯ ᠪᠦᠬᠦᠢ ᠮᠡᠳᠡᠭᠡ ᠵᠠᠩᠭᠢ ᠵᠢᠨ ᠰᠢᠰᠲ᠋ᠧᠮ᠎ᠤᠨ ᠲᠣᠭ᠎ᠠ ᠪᠠᠷᠢᠮᠲᠠ ᠵᠢ ᠬᠠᠮᠠᠭ᠋ᠠᠯᠠᠬ᠍᠊᠂ ᠵᠠᠳᠠᠯᠬᠤ᠂ ᠬᠢᠨᠠᠨ ᠬᠡᠮᠵᠢᠬᠦ ᠵᠡᠷᠭᠡ ᠠᠵᠢᠯ᠎ᠢ ᠡᠭᠦᠷᠭᠡᠯᠡᠨ᠎ᠡ᠃ ᠨᠡᠢ᠌ᠭᠡᠮ᠎ᠤᠨ   ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ ᠵᠥᠪᠯᠡᠯᠭᠡ ᠥᠭᠬᠦ ᠦᠢ᠍ᠯᠡᠴᠢᠯᠡᠭᠡᠨ᠎ᠤ ᠠᠵᠢᠯ᠎ᠢ ᠬᠠᠷᠢᠭᠤᠴᠠᠨ᠎ᠠ᠃ (5) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
    ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ
  ᠬᠠᠷᠢᠯᠴᠠᠬᠤ ᠤᠳᠠᠰᠤ  ᠄ 0471-6610148
  ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 — 12᠄ 00 ᠦᠳᠡ ᠵᠢᠨ ᠬᠣᠢ᠌ᠨᠠᠬᠢ 13᠄ 30 — 17᠄ 00
    ᠬᠠᠷᠢᠭᠤᠴᠠᠯᠭ᠋ᠠᠲᠠᠨ᠄ ᠭᠧ ᠰᠢᠶᠣᠣ ᠶᠠᠨ

(ᠭᠤᠷᠪᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠦᠢ᠍ᠯᠡᠴᠢᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ ᠟᠎ᠤᠨ ᠦᠢ᠍ᠯᠡᠴᠢᠯᠡᠭᠡᠨ᠎ᠤ ᠲᠥᠪ)  
   1. ᠪᠠᠢ᠌ᠭᠤᠯᠤᠮᠵᠢ᠄ ᠶᠡᠷᠦᠩᠬᠡᠢ᠌ᠯᠡᠭᠰᠡᠨ ᠵᠦᠢ᠍ᠯᠡᠰ᠎ᠤᠨ ᠬᠡᠯᠳᠡᠰ᠂ ᠨᠢᠭᠦᠯᠡᠰᠦᠩᠭᠦᠢ ᠵᠢᠨ ᠨᠡᠢ᠌ᠭᠡᠮ᠎ᠤᠨ ᠠᠵᠢᠯ᠎ᠤᠨ ᠬᠡᠯᠳᠡᠰ ᠵᠡᠷᠬᠡ ᠰᠠᠯᠠᠭ᠋ᠠᠨ ᠲᠡᠰ᠎ᠤᠨ ᠬᠤᠶᠠᠷ ᠨᠢᠬᠡᠴᠢ᠎ᠲᠠᠢ᠃
  2. ᠡᠭᠦᠷᠭᠡ ᠬᠠᠷᠢᠭᠤᠴᠠᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠦᠢ᠍ᠯᠡᠴᠢᠯᠡᠭᠡᠨ᠎ᠤ ᠲᠥᠪ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠦᠢ᠍ᠯᠡᠴᠢᠯᠡᠭᠡᠨ᠎ᠤ ᠲᠥᠪ) ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠡᠰ᠎ᠤᠨ ᠪᠠᠢ᠌ᠭᠤᠯᠭ᠎ᠠ ᠪᠤᠯᠤᠨ᠎ᠠ᠃ ᠭᠣᠣᠯ ᠲᠤᠰᠢᠶᠠᠯ ᠬᠠᠷᠢᠭᠤᠴᠠᠯᠭ᠎ᠠ᠄ (1) ᠨᠡᠢ᠌ᠭᠡᠮ᠎ᠤᠨ ᠠᠵᠢᠯ ᠪᠠ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠵᠦᠢ᠍ᠯᠡᠰ᠎ᠢ ᠰᠢᠯᠢᠨ ᠰᠣᠩᠭᠣᠬᠤ᠂ ᠬᠢᠨᠠᠨ ᠵᠢᠯᠤᠭᠣᠳᠬᠤ᠂ ᠦᠨᠡᠯᠡᠬᠦ ᠵᠡᠷᠭᠡ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ᠃ ᠨᠡᠢ᠌ᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠠ ᠠᠵᠢᠯᠯᠠᠵᠤ ᠪᠠᠢ᠌ᠭ᠎ᠠ ᠬᠥᠮᠥᠰ᠎ᠢ ᠪᠣᠯᠪᠠᠰᠤᠷᠠᠭᠤᠯᠬᠤ ᠠᠵᠢᠯ᠎ᠢ ᠡᠭᠦᠷᠭᠡᠯᠡᠨ᠎ᠡ᠃ (2) ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠮᠠᠭ᠋ᠠᠳᠯᠠᠨ ᠲᠣᠭᠲᠠᠭ᠋ᠠᠬᠤ᠂ ᠢᠯᠡ᠎ᠪᠠᠷ ᠬᠠᠨᠳᠢᠪ ᠴᠤᠭᠯᠠᠭᠤᠯᠬᠤ ᠬᠢᠷᠢ ᠬᠡᠮ᠎ᠢ ᠬᠢᠨᠠᠨ ᠬᠠᠷᠭᠤᠭᠤᠯᠵᠤ ᠳᠠᠩᠰᠠᠯᠠᠬᠤ ᠵᠡᠷᠭᠡ ᠬᠣᠯᠪᠣᠭᠳᠠᠯ ᠪᠦᠬᠦᠢ ᠠᠵᠢᠯ᠎ᠢ ᠬᠠᠮᠵᠢᠨ ᠥᠷᠨᠢᠭᠦᠯᠦᠨ᠎ᠡ᠃ (3) ᠨᠡᠢ᠌ᠭᠡᠮ᠎ᠤᠨ ᠨᠢᠭᠦᠯᠡᠰᠦᠩᠭᠦᠢ ᠵᠢᠨ ᠨᠡᠶ᠋ᠢᠲᠡ ᠵᠢᠨ ᠠᠰᠠᠷᠠᠮᠵᠢ ᠵᠢᠨ ᠬᠠᠨᠳᠢᠪᠯᠡᠨ ᠬᠦᠷᠭᠡᠬᠦ᠂ ᠲᠤᠰᠠᠯᠠᠬᠤ ᠵᠡᠷᠭᠡ ᠠᠵᠢᠯᠯᠠᠭ᠎ᠠ ᠵᠢ ᠥᠷᠨᠢᠭᠦᠯᠦᠨ᠎ᠡ᠃ (4) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
  ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠸᠠ ᠵᠡᠭᠡᠯᠢ ᠵᠢᠨ 63 ᠳ᠋ᠤᠭ᠋ᠠᠷ ᠬᠦᠷᠢᠶᠡᠨ᠎ᠤ 7 ᠳ᠋ᠤᠭ᠋ᠠᠷ ᠠᠰᠠᠷ
  ᠬᠠᠷᠢᠯᠴᠠᠬᠤ   ᠤᠳᠠᠰᠤ᠄ 0471-4698640
    ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 — 12᠄ 00 ᠦᠳᠡ ᠵᠢᠨ ᠬᠣᠢ᠌ᠨᠠᠬᠢ 13᠄ 30 — 17᠄ 00
    ᠬᠠᠷᠢᠭᠤᠴᠠᠯᠭ᠋ᠠᠲᠠᠨ᠄ ᠬᠦᠸᠸ ᠵᠠᠨ ᠸᠧᠢ

  (ᠳᠥᠷᠪᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ   ᠵᠢᠨ ᠲᠥᠪ (ᠥᠪᠥᠷ ᠮᠣᠩᠭᠣᠯ᠎ᠤᠨ 《ᠨᠡᠢ᠌ᠭᠡᠮ》 ᠰᠡᠳᠬᠦᠯ᠎ᠤᠨ ᠬᠣᠷᠢᠶ᠎ᠠ)
   1. ᠪᠠᠢ᠌ᠭᠤᠯᠤᠮᠵᠢ᠄ ᠶᠡᠷᠤᠡᠭᠭᠡᠢ᠌ᠯᠡᠭᠰᠡᠨ ᠰᠠᠯᠠᠭ᠎ᠠ᠂ ᠡᠷᠡᠭᠦᠯᠵᠢᠯ᠎ᠤᠨ ᠰᠠᠯᠠᠭ᠎ᠠ᠂ ᠲᠤᠰᠠᠯᠠᠬᠤ ᠪᠠᠭ᠋ᠠᠵᠢ ᠵᠢᠨ ᠰᠠᠯᠠᠭ᠎ᠠ᠂ ᠳᠡᠯᠭᠡᠷᠡᠭᠦᠯᠬᠦ ᠰᠠᠯᠠᠭ᠎ᠠ᠂ ᠪᠠᠢ᠌ᠴᠠᠭ᠋ᠠᠨ ᠰᠢᠯᠭ᠋ᠠᠬᠤ ᠰᠠᠯᠠᠭ᠎ᠠ᠂ ᠵᠡᠮᠳᠡᠭᠴᠦᠳ᠎ᠤᠨ ᠦᠢ᠍ᠯᠡᠴᠢᠯᠡᠭᠡᠨ᠎ᠤ ᠰᠠᠯᠠᠭ᠎ᠠ᠂ 《ᠨᠡᠢ᠌ᠭᠡᠮ》 ᠰᠡᠳᠬᠦᠯ ᠨᠠᠢ᠌ᠷᠠᠭᠤᠯᠬᠤ ᠬᠡᠯᠲᠡᠰ ᠵᠡᠷᠭᠡ ᠵᠢᠩᠬᠢᠨᠢ ᠰᠠᠯᠠᠭ᠎ᠠ ᠵᠢᠨ ᠲᠡᠰ᠎ᠤᠨ 7 ᠨᠢᠬᠡᠴᠢ᠎ᠲᠠᠢ᠃  
   2. ᠡᠭᠦᠷᠭᠡ ᠬᠠᠷᠢᠭᠤᠴᠠᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ (ᠥᠪᠥᠷ ᠮᠣᠩᠭᠣᠯ᠎ᠤᠨ 《ᠨᠡᠢ᠌ᠭᠡᠮ》 ᠰᠡᠳᠬᠦᠯ᠎ᠤᠨ ᠬᠣᠷᠢᠶ᠎ᠠ)᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠬᠠᠷᠢᠶᠠᠯᠠᠭᠳᠠᠬᠤ ᠵᠢᠩᠬᠢᠨᠢ ᠭᠠᠵᠠᠷ᠎ᠤᠨ ᠲᠡᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠬᠡᠴᠢ ᠪᠣᠯᠣᠨ᠎ᠠ᠃ ᠡᠭᠦᠷᠭᠡ ᠬᠠᠷᠢᠭᠤᠴᠠᠯᠭ᠎ᠠ ᠪᠣᠯ᠄ (1) ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢ ᠵᠢᠷᠤᠵᠤ ᠲᠥᠯᠥᠪᠯᠡᠨ ᠰᠤᠳᠤᠯᠤᠨ ᠨᠡᠭᠡᠭᠡᠬᠦ᠂ ᠳᠡᠯᠭᠡᠨ ᠦᠵᠡᠭᠦᠯᠵᠦ ᠪᠡᠶᠡᠴᠢᠯᠡᠨ ᠤᠢ᠌ᠯᠠᠭ᠋ᠠᠭᠤᠯᠬᠤ᠂ ᠤᠬᠠᠭᠤᠯᠤᠨ ᠳᠡᠯᠭᠡᠷᠡᠭᠦᠯᠬᠦ᠂ ᠶᠠᠰᠤ ᠴᠢᠨᠠᠷ᠎ᠢ ᠰᠢᠯᠭ᠋ᠠᠨ ᠪᠠᠢ᠌ᠴᠠᠭ᠋ᠠᠬᠤ ᠪᠠ ᠵᠥᠪᠯᠡᠯᠭᠡ ᠥᠭᠴᠦ ᠦᠢ᠍ᠯᠡᠴᠢᠯᠡᠬᠦ ᠵᠡᠷᠭᠡ ᠠᠵᠢᠯ᠎ᠢ ᠡᠭᠦᠷᠭᠡᠯᠡᠨ᠎ᠡ᠃ (2) ᠵᠡᠮᠳᠡᠭᠴᠤᠳ᠂ ᠵᠡᠮᠳᠡᠭ ᠴᠡᠷᠢᠭ᠂ ᠨᠠᠰᠤᠲᠠᠢ᠌ᠴᠤᠳ᠂ ᠰᠢᠷᠬᠠᠲᠠᠨ ᠡᠪᠡᠳᠴᠢᠲᠡᠨ ᠵᠡᠷᠭᠡ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢ ᠲᠣᠬᠢᠷᠠᠭᠤᠯᠬᠤ ᠪᠠ ᠡᠷᠡᠭᠦᠯᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃ (3) ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢ ᠨᠡᠢ᠌ᠭᠡᠮ ᠲᠣᠭᠣᠷᠢᠭ᠎ᠲᠤ ᠣᠷᠣᠭᠤᠯᠬᠤ᠂ ᠲᠦᠷᠢᠶᠡᠰᠦᠯᠡᠬᠦ   ᠪᠠ ᠰᠠᠭ᠋ᠠᠳ ᠦᠭᠡᠢ ᠲᠦᠬᠦᠬᠡᠷᠤᠮᠵᠢ ᠵᠢᠨ ᠥᠭᠡᠷᠡᠴᠢᠯᠡᠯᠲᠡ ᠵᠢ ᠥᠷᠨᠢᠭᠦᠯᠦᠨ᠎ᠡ᠃ (4) ᠵᠡᠮᠳᠡᠭᠴᠦᠳ᠎ᠤᠨ ᠮᠡᠳᠡᠭᠡ ᠵᠠᠩᠭᠢ ᠵᠢᠨ ᠰᠢᠰᠲ᠋ᠧᠮ᠎ᠤᠨ ᠲᠣᠭ᠎ᠠ ᠪᠠᠷᠢᠮᠲᠠ ᠵᠢ ᠬᠠᠮᠠᠭ᠋ᠠᠯᠠᠬᠤ ᠪᠠ ᠵᠠᠳᠠᠯᠤᠨ ᠰᠢᠨᠵᠢᠯᠡᠵᠦ ᠬᠡᠷᠡᠭᠯᠡᠬᠦ ᠠᠵᠢᠯ᠎ᠢ ᠡᠭᠦᠷᠭᠡᠯᠡᠨ᠎ᠡ᠃ ᠡᠷᠡᠭᠦᠯᠵᠢᠯ᠎ᠤᠨ ᠲᠤᠰᠠᠯᠠᠬᠤ ᠪᠠᠭ᠋ᠠᠵᠢ   ᠵᠢᠨ ᠠᠵᠢᠯ ᠡᠷᠬᠢᠯᠡᠭᠰᠡᠳ᠎ᠤᠨ ᠠᠵᠢᠯ ᠮᠡᠷᠭᠡᠵᠢᠯ᠎ᠤᠨ ᠪᠣᠯᠪᠠᠰᠤᠷᠠᠯ ᠪᠠ ᠲᠤᠰᠠᠯᠠᠮᠵᠢ ᠬᠦᠷᠲᠡᠭᠰᠡᠳ᠎ᠲᠤ ᠪᠠᠭ᠋ᠠᠵᠢ ᠵᠢ ᠪᠣᠯᠪᠠᠰᠤᠷᠠᠯ᠎ᠢ ᠬᠦᠷᠳᠡᠬᠡᠨ᠎ᠡ᠃ (5) 《ᠨᠡᠢ᠌ᠭᠡᠮ》 ᠰᠡᠳᠬᠦᠯ᠎ᠢ ᠬᠡᠪᠯᠡᠨ ᠲᠠᠷᠬᠠᠭ᠋ᠠᠬᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠣᠩᠭᠣᠯ ᠬᠡᠯᠡᠨ᠎ᠤ ᠰᠦᠯᠵᠢᠶ᠎ᠡ ᠵᠢᠨ ᠡᠳᠦᠷ ᠲᠤᠲᠤᠮ᠎ᠤᠨ ᠬᠠᠮᠠᠭ᠋ᠠᠯᠠᠯᠲᠠ ᠵᠡᠷᠭᠡ ᠠᠵᠢᠯ᠎ᠢ ᠡᠭᠦᠷᠭᠡᠯᠡᠨ᠎ᠡ᠃ (6) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
  ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ   ᠨᠢᠰᠬᠡᠯ᠎ᠤᠨ ᠪᠠᠭᠤᠳᠠᠯ᠎ᠤᠨ ᠡᠮᠦᠨ᠎ᠡ ᠰᠠᠯᠪᠤᠷᠢ ᠵᠠᠮ᠎ᠤᠨ88 ᠳ᠋ᠤᠭ᠋ᠠᠷ ᠨᠤᠮᠸᠷ
  ᠬᠠᠷᠢᠯᠴᠠᠬᠤ ᠤᠳᠠᠰᠤ  ᠄ 0471-3316195
  ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 — 12᠄ 00 ᠦᠳᠡ ᠵᠢᠨ ᠬᠣᠢ᠌ᠨᠠᠬᠢ 13᠄ 30 — 17᠄ 00
    ᠬᠠᠷᠢᠭᠤᠴᠠᠯᠭ᠋ᠠᠲᠠᠨ᠄ ᠵᠥᠩ ᠴᠢ ᠺᠠᠢ
  (ᠲᠠᠪᠤ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠪᠤᠷᠤᠯᠠᠭᠤᠯᠤᠯᠳᠠ ᠬᠠᠮᠢᠶᠠᠷᠤᠯᠲᠠ ᠵᠢᠨ ᠲᠥᠪ
1. ᠪᠠᠢ᠌ᠭᠤᠯᠤᠮᠵᠢ᠄ ᠶᠡᠷᠤᠡᠭᠭᠡᠢ᠌ᠯᠡᠭᠰᠡᠨ ᠬᠡᠯᠲᠡᠰ᠂ ᠡᠳ᠋᠎ᠤᠨ ᠶᠠᠪᠤᠳᠠᠯ᠎ᠤᠨ ᠬᠡᠯᠲᠡᠰ᠂ ᠵᠠᠬ᠎ᠠ ᠳᠡᠯᠭᠡᠭᠦᠷ᠎ᠤᠨ ᠬᠡᠯᠲᠡᠰ᠂   ᠲᠧᠭᠨᠢᠭ ᠮᠡᠷᠭᠡᠵᠢᠯ᠎ᠤᠨ ᠬᠡᠯᠲᠡᠰ᠂ ᠤᠬᠠᠭᠤᠯᠬᠤ ᠬᠡᠯᠲᠡᠰ᠂ ᠦᠢ᠍ᠯᠡᠴᠢᠯᠡᠭᠡᠨ᠎ᠤ ᠬᠡᠯᠲᠡᠰ ᠵᠡᠷᠭᠡ ᠵᠢᠩᠬᠢᠨᠢ ᠰᠠᠯᠠᠭ᠎ᠠ ᠵᠢᠨ ᠲᠡᠰ᠎ᠤᠨ   ᠳᠣᠲᠣᠭ᠋ᠠᠳᠤ ᠵᠢᠨ ᠪᠠᠢ᠌ᠭᠤᠯᠤᠮᠵᠢ ᠵᠢ 7 ᠪᠤᠢ᠃
  2. ᠡᠭᠦᠷᠭᠡ ᠬᠠᠷᠢᠭᠤᠴᠠᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠰᠠᠷᠠᠮᠵᠢ ᠵᠢᠨ   ᠱᠠᠡᠭᠨᠠᠯᠳᠤ ᠰᠤᠭᠤᠯᠤᠭ᠎ᠠ ᠵᠢᠨ ᠪᠤᠷᠤᠯᠠᠭᠤᠯᠤᠯᠳᠠ ᠬᠠᠮᠢᠶᠠᠷᠤᠯᠲᠠ ᠵᠢᠨ ᠲᠥᠪ ᠪᠤᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠠᠷᠢᠶ᠎ᠠ ᠪᠦᠬᠦᠢ ᠵᠢᠩᠬᠢᠨᠢ ᠭᠠᠵᠠᠷ᠎ᠤᠨ ᠲᠡᠰ᠎ᠤᠨ ᠨᠡᠶ᠋ᠢᠲᠡ ᠵᠢᠨ ᠠᠰᠠᠷᠠᠮᠵᠢ ᠵᠢᠨ ᠬᠣᠶᠠᠳᠤᠭ᠋ᠠᠷ ᠲᠥᠷᠥᠯ  ᠎ᠤᠨ ᠠᠵᠢᠯ ᠦᠢ᠍ᠯᠡᠰ᠎ᠤᠨ ᠨᠢᠬᠡᠴᠢ ᠪᠣᠯᠣᠨ᠎ᠠ᠃   ᠭᠣᠣᠯ ᠡᠭᠦᠷᠭᠡ ᠬᠠᠷᠢᠭᠤᠴᠠᠯᠭ᠎ᠠ ᠪᠣᠯ᠄ (1) ᠪᠦᠬᠦ ᠣᠷᠣᠨ᠎ᠤ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠬᠠᠮᠢᠶᠠᠷᠤᠯᠲᠠ ᠵᠢᠨ ᠠᠷᠭ᠎ᠠ ᠪᠣᠯᠣᠨ ᠠᠵᠢᠯ᠎ᠤᠨ ᠵᠢᠷᠤᠮᠵᠢᠯ᠎ᠢ ᠬᠠᠮᠵᠢᠨ ᠲᠣᠭᠲᠠᠭ᠋ᠠᠨ᠎ᠠ᠃ (2) ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠎ᠳᠤ ᠱᠠᠩᠨᠠᠯᠲᠤ ᠰᠤᠭᠤᠯᠤᠭ᠎ᠠ ᠵᠢᠨ ᠲᠥᠷᠥᠯ ᠵᠦᠢ᠍ᠯ᠎ᠢ ᠵᠣᠭᠰᠤᠭ᠋ᠠᠬᠤ ᠪᠤᠶᠤ ᠱᠠᠩᠨᠠᠯᠲᠤ ᠰᠤᠭᠤᠯᠤᠭ᠎ᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠵᠦᠢ᠍ᠯᠡᠰ᠎ᠢ ᠬᠤᠪᠢᠷᠠᠭᠤᠯᠬᠤ ᠰᠠᠨᠠᠭᠤᠯᠭ᠎ᠠ ᠳᠤᠷᠠᠳᠬᠤ ᠵᠢ ᠬᠠᠷᠢᠭᠤᠴᠠᠨ᠎ᠠ᠃ (3) ᠪᠥᠬᠥ ᠣᠷᠣᠨ᠎ᠤ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃ (4) ᠪᠥᠬᠥ ᠣᠷᠣᠨ᠎ᠤ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠰᠢᠰᠲ᠋ᠧᠮ᠎ᠤᠨ ᠪᠠᠢ᠌ᠭᠤᠯᠤᠯᠲᠠ᠂ ᠡᠵᠡᠩᠨᠡᠯᠲᠡ ᠪᠠ ᠬᠠᠮᠠᠭ᠋ᠠᠯᠠᠯᠲᠠ ᠵᠢ ᠡᠭᠦᠷᠭᠡᠯᠡᠨ᠎ᠡ᠃ (5) ᠪᠥᠬᠥ ᠣᠷᠣᠨ᠎ᠤ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠰᠢᠰᠲ᠋ᠧᠮ᠎ᠤᠨ ᠲᠣᠭ᠎ᠠ ᠪᠠᠷᠢᠮᠲᠠ ᠵᠢᠨ ᠬᠠᠮᠢᠶᠠᠷᠤᠯᠲᠠ᠂ ᠪᠡᠯᠡ ᠮᠥᠩᠭᠥ ᠵᠢ ᠴᠤᠭᠯᠠᠭᠤᠯᠤᠨ ᠳ᠋ᠦᠩᠨᠡᠨ ᠪᠤᠳᠤᠬᠤ᠂ ᠪᠣᠷᠤᠯᠠᠭᠤᠯᠭ᠎ᠠ ᠵᠢᠨ ᠵᠠᠮ ᠮᠥᠷ ᠪᠠ ᠲᠠᠯᠠᠪᠤᠷ ᠭᠠᠵᠠᠷ᠎ᠤᠨ ᠲᠥᠯᠦᠪᠵᠢᠭᠦᠯᠭᠡ ᠵᠢ ᠬᠡᠷᠡᠭᠵᠢᠭᠦᠯᠬᠦ ᠵᠡᠷᠭᠡ ᠠᠵᠢᠯ᠎ᠢ ᠡᠭᠦᠷᠭᠡᠯᠡᠨ᠎ᠡ᠃ (6) ᠪᠥᠬᠥ ᠣᠷᠣᠨ᠎ᠤ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠳᠦᠷᠢ ᠲᠥᠷᠬᠦ ᠵᠢᠨ ᠪᠠᠢ᠌ᠭᠤᠯᠤᠯᠲᠠ᠂ ᠱᠠᠩᠨᠠᠯᠲᠤ ᠰᠤᠭᠤᠯᠤᠭ᠎ᠠ ᠵᠢᠨ ᠣᠷᠣᠯᠠᠨ ᠪᠣᠷᠣᠯᠠᠭᠤᠯᠬᠤ᠂ ᠡᠵᠡᠩᠨᠡᠨ ᠪᠣᠷᠣᠯᠠᠭᠤᠯᠬᠤ ᠤᠬᠠᠭᠤᠯᠭ᠎ᠠ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠵᠡᠷᠭᠡ ᠠᠵᠢᠯ᠎ᠢ ᠡᠭᠦᠷᠭᠡᠯᠡᠨ᠎ᠡ᠃ (7) ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠪ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠬᠣᠯᠪᠣᠭᠳᠠᠯ ᠪᠦᠬᠦᠢ ᠠᠵᠢᠯ᠎ᠢ ᠥᠷᠨᠢᠭᠦᠯᠦᠨ᠎ᠡ᠃ (8) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
    ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠵᠢᠷᠢᠮ ᠵᠠᠮ᠎ᠤᠨ 2 ᠳ᠋ᠤᠭ᠋ᠠᠷ ᠨᠣᠮᠧᠷ
  ᠬᠠᠷᠢᠯᠴᠠᠬᠤ ᠤᠳᠠᠰᠤ᠄ 0471-5182801

  ᠠᠵᠢᠯᠯᠠᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨᠡᠬᠢ 9᠄ 00 — 12᠄ 00 ᠦᠳᠡ ᠵᠢᠨ ᠬᠣᠢ᠌ᠨᠠᠬᠢ 13᠄ 30 — 17᠄ 00
    ᠬᠠᠷᠢᠭᠤᠴᠠᠯᠭ᠋ᠠᠲᠠᠨ᠄ ᠯᠢᠦ ᠴᠢᠶᠠᠩ






ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠯᠪᠠᠨ ᠭᠡᠷ
 
            