ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠠᠶ᠋ᠢᠭᠤᠯᠤᠮᠵᠢ
ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ
ᠨᠡᠶᠢᠲᠡᠯᠡᠭᠰᠡᠨ ᠴᠠᠭ᠄ 2023-12-04

ᠭᠣᠣᠯ ᠡᠭᠦᠷᠭᠡ ᠬᠠᠷᠢᠭᠤᠴᠠᠯᠭ᠎ᠠ᠄

  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ   ᠬᠤᠷᠢᠶ᠎ᠠ ᠵᠢᠨ᠎ᠬᠢᠨ᠎ᠤ ᠲᠣᠮᠢᠯᠠᠨ ᠰᠠᠭᠤᠯᠭ᠋ᠠᠭᠰᠠᠨ ᠪᠠᠢ᠌ᠭᠤᠯᠤᠮᠵᠢ ᠵᠢᠨ ᠠᠵᠢᠯ᠎ᠤᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ 2018 ᠣᠨ᠎ᠤ 5 ᠰᠠᠷ᠎ᠠ᠎ᠳᠤ ᠳᠠᠷᠤᠮᠠᠯᠯᠠᠨ ᠲᠠᠷᠬᠠᠭ᠋ᠠᠪᠠ)᠎ᠢ ᠦᠨᠳᠦᠰᠦᠯᠡᠪᠡᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠬᠤᠷᠢᠶ᠎ᠠ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠡᠭᠦᠷᠭᠡ ᠲᠤᠰᠢᠶᠠᠯ ᠲᠠᠷᠠᠭ᠋ᠠᠬᠢ ᠮᠡᠳᠤ᠄
  1. ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠬᠤᠷᠢᠶ᠎ᠠ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ (《ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ》 ᠭᠡᠵᠦ   ᠲᠦᠬᠦᠮᠴᠢᠯᠡᠶ᠎ᠡ) ᠪᠣᠯ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠬᠤᠷᠢᠶ᠎ᠠ ᠵᠢᠨ ᠴᠢᠬᠤᠯᠠ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ   ᠬᠤᠷᠢᠶ᠎ᠠ ᠵᠢᠨ᠎ᠬᠢᠨ᠎ᠠᠴᠠ ᠰᠢᠭᠤᠳ ᠤᠳᠤᠷᠢᠳᠤᠨ᠂ ᠨᠢᠭᠡᠳᠦᠯᠲᠡᠢ ᠬᠠᠮᠢᠶᠠᠷᠴᠤ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠬᠤᠷᠢᠶ᠎ᠠ᠎ᠳᠤ ᠬᠠᠷᠢᠭᠤᠴᠠᠬᠤ ᠵᠢᠨ ᠬᠠᠮᠲᠤ ᠵᠢᠭ᠋ᠠᠪᠤᠷᠢ ᠠᠪᠴᠤ ᠠᠵᠢᠯ ᠵᠶ᠋ᠠᠨ ᠮᠡᠳᠡᠭᠦᠯᠦᠨ᠎ᠡ᠃ 
 2. ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠨᠢ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠬᠤᠷᠢᠶ᠎ᠠ᠎ᠳᠤ ᠴᠢᠩᠭ᠎ᠠ ᠲᠦᠰᠢᠭᠯᠡᠨ ᠠᠵᠢᠯ ᠵᠶ᠋ᠠᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠬᠤᠷᠢᠶ᠎ᠠ ᠵᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠂ ᠵᠡᠮᠳᠡᠭᠴᠦᠳ᠎ᠤᠨ ᠬᠤᠯᠪᠤᠭ᠎ᠠ᠎ᠳᠤ ᠰᠠᠭᠤᠵᠤ᠂ ᠰᠠᠬᠢᠯᠭ᠎ᠠ ᠪᠠᠲᠤ ᠪᠠᠢ᠌ᠴᠠᠭ᠋ᠠᠬᠤ ᠪᠠ ᠬᠢᠨᠠᠨ ᠪᠠᠢ᠌ᠴᠠᠭ᠋ᠠᠬᠤ ᠬᠠᠮᠢᠶ᠎ᠠ ᠪᠦᠬᠦᠢ ᠡᠭᠦᠷᠭᠡ ᠴᠢᠳᠠᠪᠤᠷᠢ ᠵᠢ ᠭᠦᠢ᠍ᠴᠡᠳᠬᠡᠵᠦ᠂ ᠬᠢᠨᠠᠯᠲᠠ ᠲᠠᠯᠪᠢᠬᠤ ᠬᠠᠷᠠᠭ᠎ᠠ᠎ᠪᠠᠨ ᠬᠢᠨᠠᠯᠲᠠ ᠲᠠᠯᠪᠢᠭᠳᠠᠵᠤ ᠪᠠᠢ᠌ᠭ᠎ᠠ ᠨᠢᠬᠡᠴᠢ ᠵᠢᠨ ᠬᠠᠮᠤᠭ᠎ᠤᠨ ᠡᠮᠦᠨ᠎ᠡ ᠲᠠᠯ᠎ᠠ᠎ᠳᠤ ᠬᠦᠷᠲᠡᠯ᠎ᠡ ᠦᠷᠭᠦᠯᠵᠢᠯᠡᠭᠦᠯᠦᠨ᠂ 《ᠬᠠᠷᠠᠭᠤᠯ᠎ᠤᠨ ᠴᠡᠷᠢᠭ》 ᠪᠠ 《ᠬᠠᠢ᠌ᠭᠤᠷ》 ᠪᠣᠯᠭ᠋ᠠᠵᠤ᠂ ᠨᠠᠩ ᠨᠠᠷᠢᠯᠢᠭ ᠣᠨᠣᠴᠠᠲᠠᠢ᠂ ᠪᠦᠲᠦᠮᠵᠢᠲᠡᠶ ᠬᠢᠨᠠᠯᠲᠠ ᠲᠠᠯᠪᠢᠨ᠎ᠠ᠃ 
  3. ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ ᠬᠢᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠂ ᠵᠡᠮᠳᠡᠭᠴᠦᠳ᠎ᠤᠨ ᠬᠤᠯᠪᠤᠭ᠎ᠠ ᠪᠣᠯ ᠬᠢᠨᠠᠯᠲᠠ ᠲᠠᠯᠪᠢᠬᠤ ᠪᠠ ᠬᠢᠨᠠᠯᠲᠠ ᠲᠠᠯᠪᠢᠬᠳᠠᠬᠤ ᠵᠢᠨ ᠬᠠᠷᠢᠴᠠᠭ᠎ᠠ᠎ᠲᠠᠢ᠂ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ᠎ᠨᠢ ᠭᠣᠣᠯᠳᠠᠭᠤ ᠬᠢᠨᠠᠯᠲᠠ ᠲᠠᠯᠪᠢᠭᠳᠠᠬᠤ ᠨᠢᠬᠡᠴᠢ ᠵᠢᠨ ᠲᠣᠰ ᠱᠠᠲᠤᠨ᠎ᠤ ᠪᠠᠢ᠌ᠭᠤᠯᠭ᠎ᠠ᠂ ᠰᠢᠭᠤᠳ ᠬᠠᠷᠢᠶ᠎ᠠ ᠨᠢᠬᠡᠴᠢ ᠪᠠᠢ᠌ᠵᠤ᠂ ᠬᠢᠨᠠᠯᠲᠠ ᠲᠠᠯᠪᠢᠬᠤ ᠭᠣᠣᠯᠳᠠᠯᠭ᠎ᠠ᠎ᠲᠠᠢ ᠡᠲᠡᠭᠡᠳ ᠪᠣᠯ ᠬᠢᠨᠠᠯᠲᠠ ᠲᠠᠯᠪᠢᠭᠳᠠᠬᠤ ᠨᠢᠬᠡᠴᠢ ᠵᠢᠨ ᠤᠳᠤᠷᠢᠳᠬᠤ ᠪᠠᠭ᠂ ᠣᠷᠣᠨ᠎ᠤ ᠬᠠᠮᠢᠶᠠᠷᠤᠯᠲᠠ ᠵᠢᠨ ᠺᠠᠳ᠋ᠷ ᠪᠠ ᠭᠠᠵᠠᠷ᠎ᠤᠨ ᠲᠠᠰ᠎ᠤᠨ ᠺᠠᠳ᠋ᠷ ᠪᠣᠯᠣᠨ᠎ᠠ᠃ 
   4. ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠂ ᠵᠡᠮᠳᠡᠭᠴᠦᠳ᠎ᠤᠨ ᠬᠤᠯᠪᠤᠭ᠎ᠠ ᠵᠢᠨ ᠪᠠᠢ᠌ᠭᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ᠂ ᠰᠢᠭᠤᠳ ᠬᠠᠷᠢᠶ᠎ᠠ   ᠨᠢᠬᠡᠴᠢ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠤᠨ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠪᠠ ᠬᠢᠨᠠᠯᠲᠠ ᠪᠠᠢ᠌ᠴᠠᠭ᠋ᠠᠯᠲᠠ ᠵᠢ ᠴᠢᠩᠭ᠋ᠠᠳᠬᠠᠨ᠎ᠠ᠃ ᠠᠰᠠᠭᠤᠳᠠᠯ᠎ᠤᠨ ᠰᠦᠪᠡᠭᠴᠢ ᠵᠢ ᠬᠠᠷᠢᠯᠴᠠᠨ ᠰᠢᠯᠵᠢᠭᠦᠯᠦᠨ ᠬᠦᠷᠭᠡᠬᠦ᠂ ᠵᠥᠪᠳᠡᠯᠴᠡᠨ ᠰᠤᠳᠤᠯᠤᠨ ᠮᠠᠭ᠋ᠠᠳᠯᠠᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠡᠯᠡᠬᠦ ᠵᠡᠷᠭᠡ ᠠᠵᠢᠯ᠎ᠤᠨ ᠲᠣᠭᠲᠠᠴᠠ ᠵᠢ ᠪᠠᠢ᠌ᠭᠤᠯᠵᠤ᠂ ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠨᠢ ᠬᠢᠨᠠᠯᠲᠠ ᠲᠠᠯᠪᠢᠭᠳᠠᠵᠤ ᠪᠠᠢ᠌ᠭ᠎ᠠ ᠨᠢᠬᠡᠴᠢ ᠵᠢᠨ ᠬᠠᠮᠢᠶᠠᠷᠴᠤ ᠪᠠᠢ᠌ᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠬᠦᠴᠦᠨ᠎ᠳᠤ ᠲᠣᠬᠢᠷᠠᠭᠤᠯᠤᠯᠲᠠ ᠬᠢᠵᠦ᠂ ᠬᠢᠨᠠᠯᠲᠠ ᠲᠠᠯᠪᠢᠬᠤ ᠬᠠᠮ ᠬᠦᠴᠦᠨ᠎ᠢ ᠪᠣᠶ ᠪᠤᠯᠭ᠋ᠠᠨ᠎ᠠ᠃ 
 5. ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠬᠢᠨᠠᠯᠲᠠ ᠲᠠᠯᠪᠢᠬᠤ ᠰᠠᠬᠢᠯᠭ᠎ᠠ ᠪᠠᠲᠤ ᠵᠢᠨ ᠬᠡᠷᠡᠭᠵᠢᠭᠦᠯᠦᠯᠲᠡ ᠵᠢᠨ ᠬᠠᠷᠢᠭᠤᠴᠠᠯᠭ᠎ᠠ ᠨᠡᠬᠡᠮᠵᠢᠯᠡᠬᠦ ᠪᠠ ᠬᠢᠨᠠᠯᠲᠠ ᠲᠠᠯᠪᠢᠵᠤ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠢᠨᠠᠯᠲᠠ ᠲᠠᠯᠪᠢᠭᠳᠠᠵᠤ ᠪᠠᠢ᠌ᠭ᠎ᠠ   ᠨᠢᠬᠡᠴᠢ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠤᠳᠤᠷᠢᠳᠬᠤ ᠺᠠᠳ᠋ᠷᠴᠤᠳ᠎ᠤᠨ ᠨᠠᠮ᠎ᠤᠨ ᠳᠦᠷᠢᠮ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠵᠢᠷᠤᠮᠯᠠᠨ ᠰᠠᠬᠢᠵᠤ᠂ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ   ᠲᠤᠭᠤᠰᠢᠯᠠᠭᠤᠯᠤᠨ ᠬᠡᠷᠡᠭᠵᠢᠭᠦᠯᠵᠦ ᠪᠠᠢ᠌ᠭ᠎ᠠ ᠪᠠᠢ᠌ᠳᠠᠯ᠎ᠢ ᠬᠢᠨᠠᠨ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠬᠠᠮᠢᠶᠠᠷᠤᠯᠲᠠ ᠵᠢᠨ ᠡᠷᠬᠡ ᠵᠢᠨ ᠬᠡᠪᠴᠢᠶ᠎ᠡ ᠶᠣᠰᠣᠭ᠋ᠠᠷ ᠬᠣᠯᠪᠣᠭᠳᠠᠯ ᠪᠦᠬᠦᠢ ᠨᠢᠭᠡᠴᠢ ᠪᠠ ᠠᠯᠪᠠᠨ ᠲᠤᠰᠢᠶᠠᠯᠲᠠᠨ᠎ᠤ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠡᠷᠬᠡ᠎ᠪᠠᠨ ᠭᠣᠣᠯᠴᠢ᠎ᠪᠠᠷ ᠬᠡᠷᠡᠭᠯᠡᠬᠦ᠂ ᠠᠷᠢᠭᠤᠨ ᠴᠢᠭᠴᠢ᠎ᠪᠠᠷ ᠵᠠᠰᠠᠭ᠎ᠤᠨ ᠠᠵᠢᠯ ᠡᠷᠬᠢᠯᠡᠬᠦ᠂ ᠶᠣᠰᠣ ᠮᠣᠷᠠᠯ ᠬᠡᠪ ᠰᠤᠷᠲᠠᠯ ᠵᠡᠷᠭᠡ ᠪᠠᠢ᠌ᠳᠠᠯ᠎ᠳᠤ ᠬᠠᠤᠯᠢ ᠶᠣᠰᠣᠭ᠋ᠠᠷ ᠬᠢᠨᠠᠯᠲᠠ ᠲᠠᠯᠪᠢᠵᠤ᠂ ᠬᠢᠨᠠᠨ ᠪᠠᠢ᠌ᠴᠠᠭ᠋ᠠᠬᠤ ᠰᠠᠨᠠᠭᠤᠯᠭ᠎ᠠ ᠳᠤᠷᠠᠳᠴᠤ᠂ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠵᠦ᠂ ᠨᠠᠮ᠎ᠤᠨ ᠳᠣᠲᠣᠭ᠋ᠠᠳᠤ ᠵᠢᠨ ᠬᠢᠨᠠᠯᠲᠠ ᠪᠠ ᠤᠯᠤᠰ᠎ᠤᠨ ᠬᠢᠨᠠᠨ ᠪᠠᠢ᠌ᠴᠠᠭ᠋ᠠᠯᠲᠠ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠨᠠᠮ᠎ᠤᠨ ᠰᠠᠬᠢᠯᠭ᠎ᠠ ᠤᠯᠤᠰ᠎ᠤᠨ ᠬᠠᠤᠯᠢ ᠵᠢᠨ ᠡᠷᠬᠡ ᠰᠦᠷᠲᠦ ᠴᠢᠨᠠᠷ᠂ ᠲᠥᠪ ᠴᠢᠩᠭ᠎ᠠ ᠴᠢᠨᠠᠷ᠎ᠢ ᠬᠠᠮᠠᠭ᠋ᠠᠯᠠᠨ᠎ᠠ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠠᠢ᠌ᠭᠤᠯᠭ᠎ᠠ ᠵᠢᠨ ᠨᠠᠮ᠎ᠤᠨ ᠬᠣᠷᠢᠶ᠎ᠠ
ᠠᠵᠢᠯ᠎ᠠᠴᠠ᠎ᠪᠠᠨ ᠠᠮᠠᠷᠠᠭᠰᠠᠨ ᠪᠠ ᠲᠠᠷᠬᠠᠯᠠᠬᠳᠠᠬᠰᠠᠳ᠎ᠤᠨ ᠠᠵᠢᠯ᠎ᠤᠨ ᠭᠠᠵᠠᠷ (ᠠᠵᠢᠯᠳᠠᠨ᠎ᠤ ᠶᠠᠪᠤᠳᠠᠯ᠎ᠤᠨ ᠭᠠᠵᠠᠷ)
ᠰᠢᠭᠤᠳ ᠬᠠᠷᠢᠶ᠎ᠠ ᠲᠠᠪᠤᠨ ᠨᠢᠭᠡᠴᠢ
ᠠᠯᠪᠠᠨ ᠭᠡᠷ
 
            