ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《ᠪᠥᠬᠥ ᠨᠠᠮ᠎ᠤᠨ ᠬᠡᠪᠴᠢᠶᠡᠨ᠎ᠳᠤ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠮᠡᠳᠡᠭᠳᠡᠯ》 (《ᠮᠡᠳᠡᠭᠳᠡᠯ》 ᠭᠡᠵᠦ ᠲᠤᠪᠴᠢᠯᠠᠶ᠎ᠠ)᠎ᠢ ᠳᠠᠷᠤᠮᠠᠯᠯᠠᠨ ᠲᠠᠷᠬᠠᠭ᠋ᠠᠪᠠ᠃
《ᠮᠡᠳᠡᠭᠳᠡᠯ》᠎ᠳᠤ᠄ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢ᠌ᠷᠡᠭᠦᠯᠵᠦ᠂ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠰᠢᠨᠲᠠᠷᠠᠰᠢ ᠦᠭᠡᠢ ᠨᠠᠢ᠌ᠳᠠᠪᠤᠷᠢᠵᠢᠭᠤᠯᠵᠤ᠂ ᠰᠤᠷᠲᠠᠯ᠎ᠤᠨ ᠪᠠᠢ᠌ᠭᠤᠯᠤᠯᠲᠠ ᠵᠢ ᠪᠠᠢ᠌ᠩᠭᠤᠵᠢᠭᠤᠯᠬᠤ ᠪᠠ ᠤᠷᠳᠤ ᠬᠤᠭᠤᠴᠠᠭ᠎ᠠ᠎ᠪᠠᠷ ᠪᠦᠲᠦᠮᠵᠢᠲᠡᠶ ᠪᠣᠯᠭ᠋ᠠᠬᠤ ᠲᠡᠢ᠌ᠰᠢ ᠠᠬᠢᠭᠤᠯᠵᠤ᠂ ᠨᠠᠮ᠎ᠤᠨ ᠲᠥᠪ ᠬᠣᠷᠢᠶ᠎ᠠ᠎ᠪᠠᠷ ᠵᠥᠪᠰᠢᠶᠡᠷᠡᠭᠦᠯᠦᠭᠡᠳ ᠪᠦᠬᠦ ᠨᠠᠮ᠎ᠤᠨ ᠳᠣᠲᠣᠷ᠎ᠠ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ (〈ᠰᠤᠷᠤᠯᠴᠠᠯᠭ᠎ᠠ ᠬᠥᠮᠦᠵᠢᠯ〉 ᠭᠡᠵᠦ ᠲᠤᠪᠴᠢᠯᠠᠶ᠎ᠠ)᠎ᠢ ᠥᠷᠨᠢᠭᠦᠯᠦᠨ᠎ᠡ᠃ ᠰᠤᠷᠤᠯᠴᠠᠯᠭ᠎ᠠ ᠬᠥᠮᠦᠵᠢᠯ᠎ᠢ 2025 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠤᠨ ᠳᠠᠷᠠᠭ᠎ᠠ ᠡᠬᠢᠯᠡᠭᠦᠯᠵᠦ᠂ 7 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠦᠨᠳᠦᠰᠦᠨ᠎ᠳᠤ᠎ᠪᠠᠨ ᠲᠠᠭᠤᠰᠬᠠᠨ᠎ᠠ》 ᠬᠡᠵᠡᠢ᠃
《ᠮᠡᠳᠡᠭᠳᠡᠯ》᠎ᠳᠤ᠄ 《ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠰᠢᠨ᠎ᠡ ᠡᠭᠦᠳᠦᠯᠲᠡ ᠵᠢᠨ ᠣᠨᠣᠯ ᠵᠶ᠋ᠠᠷ ᠵᠡᠪᠰᠡᠭᠯᠡᠬᠦ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠪᠦᠬᠦ ᠨᠠᠮ᠎ᠢ ᠵᠣᠬᠢᠶᠠᠨ ᠪᠠᠢ᠌ᠭᠤᠯᠤᠨ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠰᠤᠷᠤᠯᠴᠠᠨ ᠣᠢ᠌ᠯᠠᠭ᠋ᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢᠬᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠭ᠋ᠠᠳ ᠣᠯᠣᠭᠰᠠᠨ ᠢᠯᠡᠳᠲᠡ ᠦᠷ᠎ᠡ ᠪᠦᠲᠦᠮᠵᠢ ᠵᠢ ᠰᠢᠰᠲ᠋ᠧᠮ᠎ᠲᠠᠢ ᠳ᠋ᠦᠩᠨᠡᠵᠦ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ᠎ᠠᠴᠠ ᠵᠥᠷᠢᠴᠡᠭᠰᠡᠨ ᠲᠣᠪᠣᠢ᠌ᠮ᠎ᠠ ᠠᠰᠠᠭᠤᠳᠠᠯ᠎ᠢ ᠲᠥᠪᠯᠡᠷᠡᠭᠦᠯᠦᠨ. ᠴᠡᠭᠴᠡᠯᠡᠵᠤ᠂ ᠰᠤᠷᠲᠠᠯ ᠪᠠ ᠢᠯᠵᠠᠷᠠᠯ᠎ᠤᠨ ᠵᠢᠱ᠌ᠢᠶ᠎ᠡ᠎ᠪᠠᠷ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠵᠤ ᠨᠠᠮ᠎ᠤᠨ ᠭᠡᠰᠢᠭᠦᠨ᠂ ᠺᠠᠳ᠋ᠷᠴᠤᠳ᠎ᠢ ᠵᠢᠯᠤᠭᠣᠳᠴᠤ ᠪᠠᠢ᠌ᠭ᠋ᠠᠳ ᠨᠠᠮᠴᠢ ᠴᠢᠨᠠᠷ᠎ᠢ᠎ᠨᠢ ᠳᠠᠪᠲᠠᠨ ᠪᠣᠯᠪᠠᠰᠤᠷᠠᠭᠤᠯᠵᠤ᠂ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠦᠨ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ᠎ᠤ ᠬᠠᠷᠢᠴᠠᠭ᠎ᠠ ᠵᠢ ᠨᠢᠭᠲᠠᠷᠠᠭᠤᠯᠵᠤ᠂ ᠰᠤᠷᠲᠠᠯ᠎ᠤᠨ ᠪᠠᠢ᠌ᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠨᠠᠮ᠎ᠤᠨ ᠲᠡᠷᠢᠭᠦᠨ᠎ᠤ ᠴᠢᠨᠠᠷ ᠪᠠ ᠴᠡᠪᠡᠷ ᠴᠢᠨᠠᠷ᠎ᠢ ᠪᠠᠳᠤᠯᠠᠨ ᠠᠷᠠᠳ ᠤᠯᠠᠨ᠎ᠤ ᠢᠲᠡᠭᠡᠯ ᠬᠦᠷᠢᠶᠡᠯᠡᠯ᠎ᠢ ᠲᠠᠰᠤᠷᠠᠯᠳᠠ ᠦᠭᠡᠢ ᠣᠯᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠤᠯᠠᠮ ᠭᠦᠨᠵᠡᠭᠡᠢ᠌ᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠡᠭᠭ᠋ᠠᠬᠤ ᠬᠡᠷᠡᠭᠳᠡᠢ》 ᠭᠡᠵᠤ ᠱᠠᠭ᠋ᠠᠷᠳᠠᠪᠠ᠃
《ᠮᠡᠳᠡᠭᠳᠡᠯ》᠎ᠳᠤ᠄ 《ᠭᠣᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠬᠦ ᠵᠢ ᠪᠠᠷᠢᠮᠲᠠᠯᠠᠵᠤ᠂ ᠬᠢᠯᠪᠠᠷᠴᠢᠯᠠᠨ ᠪᠣᠳᠠᠲᠠᠢ ᠵᠢ ᠡᠷᠬᠢᠮᠯᠡᠵᠦ᠂ ᠪᠦᠯᠦᠭ ᠤᠳᠠᠭ᠎ᠠ ᠬᠤᠪᠢᠶᠠᠬᠤ ᠦᠭᠡᠢ᠂ ᠱᠠᠲᠤ ᠦᠶ᠎ᠡ ᠬᠤᠪᠢᠶᠠᠬᠤ ᠦᠭᠡᠢ᠎ᠪᠠᠷ ᠰᠤᠷᠤᠯᠴᠠᠬᠤ ᠪᠠᠢ᠌ᠴᠠᠭ᠋ᠠᠬᠤ ᠥᠭᠡᠷᠡᠴᠢᠯᠡᠬᠦ ᠵᠢ ᠨᠢᠭᠡ ᠴᠣᠭᠴᠠᠵᠢᠭᠤᠯᠤᠨ ᠠᠬᠢᠭᠤᠯᠵᠤ᠂ ᠡᠳᠦᠷ ᠲᠤᠲᠤᠮ᠎ᠤᠨ ᠠᠵᠢᠯ᠎ᠳᠤ ᠠᠭᠤᠰᠤᠯᠴᠠᠭᠤᠯᠤᠨ᠂ ᠪᠠᠢ᠌ᠩᠭᠤ ᠠᠳᠬᠤᠬᠤ ᠬᠡᠷᠡᠭᠲᠡᠢ᠃ ᠰᠤᠷᠤᠯᠴᠠᠵᠤ ᠰᠤᠳᠤᠯᠤᠨ ᠶᠠᠷᠢᠯᠴᠠᠬᠤ᠎ᠳᠤ᠎ᠪᠠᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠪᠠ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ ᠪᠠ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠵᠣᠬᠢᠶᠠᠨ ᠪᠠᠢ᠌ᠭᠤᠯᠤᠨ ᠰᠤᠷᠤᠯᠴᠠᠵᠤ᠂ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠵᠢ ᠳ᠋ᠦᠩᠨᠡᠨ ᠰᠤᠷᠤᠯᠴᠠᠵᠤ ᠲᠠᠨᠢᠯᠲᠠ᠎ᠪᠠᠨ ᠳᠡᠭᠡᠭᠰᠢᠯᠡᠭᠦᠯᠦᠨ ᠢᠲᠡᠭᠡᠯ ᠵᠶ᠋ᠡᠨ ᠨᠡᠮᠡᠭᠳᠡᠭᠦᠯᠵᠦ ᠨᠠᠢ᠌ᠳᠠᠪᠤᠷᠢᠵᠢᠭᠤᠯᠤᠯᠲᠠ ᠵᠢ ᠡᠷᠡᠰ ᠭᠤᠢ᠌ᠪᠢᠰᠢ ᠦᠭᠡᠢ᠎ᠪᠠᠷ ᠰᠠᠢ᠌ᠲᠤᠷ ᠠᠳᠬᠤᠬᠤ ᠬᠡᠷᠡᠭᠲᠡᠢ᠃ ᠠᠰᠠᠭᠤᠳᠠᠯ᠎ᠢ ᠪᠠᠢ᠌ᠴᠠᠭ᠋ᠠᠨ ᠳᠡᠯᠭᠡᠬᠦᠳᠤᠪᠠᠨ ᠪᠠᠷᠢᠮᠵᠢᠶ᠎ᠠ ᠵᠢ ᠬᠠᠷᠭᠤᠭᠤᠯᠬᠤ ᠬᠦᠰᠦᠨᠦᠭᠲᠦ ᠵᠢ ᠪᠠᠢ᠌ᠴᠠᠭ᠋ᠠᠨ ᠳᠡᠯᠭᠡᠬᠦ᠎ᠪᠠᠷ ᠳᠠᠮᠵᠢᠭᠤᠯᠤᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ᠂ ᠲᠣᠭᠣᠷᠢᠨ ᠪᠠᠢ᠌ᠴᠠᠭ᠋ᠠᠬᠤ ᠴᠠᠭᠳᠠᠨ ᠪᠠᠢ᠌ᠴᠠᠭ᠋ᠠᠬᠤ᠂ ᠬᠢᠨᠠᠨ ᠪᠤᠳᠤᠬᠤ ᠬᠢᠨᠠᠯᠲᠠ ᠲᠠᠯᠪᠢᠬᠤ᠂ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠬᠢᠨᠠᠯᠲᠠ ᠲᠠᠯᠪᠢᠬᠤ᠂ ᠱᠠᠯᠠᠪᠳᠠᠭᠤᠯᠤᠨ ᠪᠠᠢ᠌ᠴᠠᠭ᠋ᠠᠬᠤ᠂ ᠪᠠᠢ᠌ᠴᠠᠭ᠋ᠠᠨ ᠰᠤᠳᠤᠯᠤᠯᠲᠠ ᠬᠢᠬᠦ᠂ ᠵᠠᠬᠢᠳᠠᠯ ᠰᠣᠷᠪᠤᠯᠵᠢᠯᠠᠭ᠎ᠠ᠎ᠪᠠᠷ ᠲᠤᠰᠬᠠᠬᠤ ᠵᠡᠷᠭᠡ ᠠᠷᠭ᠎ᠠ ᠵᠠᠮ᠎ᠢ ᠭᠦᠢ᠍ᠴᠡᠳ ᠬᠡᠷᠡᠭᠯᠡᠨ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ ᠪᠠ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠣᠷᠣᠰᠢᠵᠤ ᠪᠠᠢ᠌ᠭ᠎ᠠ ᠠᠰᠠᠭᠤᠳᠠᠯ᠎ᠢ ᠪᠦᠬᠦ ᠲᠠᠯ᠎ᠠ᠎ᠪᠠᠷ ᠭᠦᠨᠵᠡᠭᠡᠢ ᠡᠷᠢᠬᠦ ᠬᠡᠷᠡᠭᠲᠡᠢ᠃ ᠲᠥᠪᠯᠡᠷᠡᠭᠦᠯᠦᠨ ᠴᠡᠭᠴᠡᠯᠡᠬᠦ᠎ᠳᠤ ᠶᠠᠮᠠᠷ ᠠᠰᠠᠭᠤᠳᠠᠯ ᠪᠠᠢ᠌ᠪᠠᠯ ᠲᠡᠷᠡ ᠠᠰᠠᠭᠤᠳᠠᠯ᠎ᠢ ᠰᠢᠢ᠍ᠳᠪᠦᠷᠢᠯᠡᠬᠦ᠂ ᠶᠠᠮᠠᠷ ᠠᠰᠠᠭᠤᠳᠠᠯ ᠲᠣᠪᠣᠢ᠌ᠮ᠎ᠠ ᠪᠠᠢ᠌ᠪᠠᠯ ᠲᠡᠷᠡ ᠠᠰᠠᠭᠤᠳᠠᠯ᠎ᠢ ᠭᠣᠣᠯᠳᠠᠯᠭ᠎ᠠ᠎ᠲᠠᠢ ᠴᠡᠭᠴᠡᠯᠡᠬᠡᠳ ᠳᠠᠷᠤᠢ ᠪᠠᠢ᠌ᠴᠠᠭ᠋ᠠᠵᠤ ᠳᠠᠷᠤᠢ ᠥᠭᠡᠷᠡᠴᠢᠯᠡᠵᠦ ᠲᠠᠷᠤᠢ ᠮᠡᠳᠡᠵᠦ ᠳᠠᠷᠤᠢ ᠥᠭᠡᠷᠡᠴᠢᠯᠡᠬᠦ ᠬᠡᠷᠡᠭᠲᠡᠢ᠃ ᠨᠡᠬᠡᠬᠡᠯᠳᠡᠯᠢᠭ ᠵᠶ᠋ᠡᠷ ᠬᠥᠮᠥᠵᠢᠭᠦᠯᠬᠦ᠎ᠳᠤ ᠤᠯᠠᠨ ᠲᠦᠮᠡᠨ᠎ᠤ ᠤᠷᠤᠯᠴᠠᠭ᠎ᠠ ᠵᠢ ᠴᠢᠬᠤᠯᠠᠴᠢᠯᠠᠵᠤ᠂ ᠤᠯᠠᠨ ᠲᠦᠮᠡᠨ᠎ᠤ ᠬᠢᠨᠠᠯᠲᠠ ᠵᠢ ᠬᠦᠯᠢᠶᠡᠵᠦ ᠡᠯ᠎ᠡ ᠱᠠᠲᠤᠨ᠎ᠤ ᠤᠳᠤᠷᠢᠳᠬᠤ ᠺᠠᠳ᠋ᠷ ᠲᠦᠷᠦᠭᠦᠯᠡᠨ ᠰᠢᠨ᠎ᠡ ᠴᠠᠭ ᠦᠶ᠎ᠡ ᠵᠢᠨ ᠨᠠᠮ᠎ᠤᠨ ᠤᠯᠠᠨ ᠲᠦᠮᠡᠨᠴᠢ ᠱᠤᠭᠤᠮ ᠵᠶ᠋ᠠᠷ ᠵᠠᠮᠨᠠᠨ ᠨᠠᠮ᠎ᠤᠨ ᠭᠡᠰᠢᠭᠦᠨ᠂ ᠺᠠᠳ᠋ᠷ᠎ᠢ ᠵᠣᠬᠢᠶᠠᠨ ᠪᠠᠢ᠌ᠭᠤᠯᠤᠨ ᠠᠵᠢᠯ᠎ᠤᠨ ᠪᠠᠢ᠌ᠷᠢ᠎ᠳᠤ᠎ᠪᠠᠨ ᠰᠠᠭᠤᠷᠢᠯᠠᠵᠤ ᠴᠢᠨᠠᠷᠯᠢᠭ ᠬᠥᠭᠵᠢᠯᠲᠡ ᠵᠢ ᠠᠬᠢᠭᠤᠯᠬᠤ᠂ ᠦᠨᠳᠦᠰᠦᠨ ᠱᠠᠲᠤᠨ᠎ᠤ ᠵᠠᠰᠠᠯᠲᠠ ᠵᠢ ᠴᠢᠩᠭ᠋ᠠᠳᠬᠠᠬᠤ᠂ ᠪᠠᠴᠢᠮ ᠬᠦᠴᠢᠷᠲᠡᠢ ᠠᠶᠤᠯᠲᠠᠢ ᠬᠦᠨᠳᠦ ᠡᠭᠦᠷᠭᠡ ᠵᠢ ᠪᠡᠶᠡᠯᠡᠭᠦᠯᠬᠦ ᠳᠤᠮᠳᠠ ᠡᠭᠦᠷᠭᠡᠯᠡᠨ ᠠᠵᠢᠯᠯᠠᠵᠤ ᠤᠯᠠᠨ ᠲᠦᠮᠡᠨ᠎ᠳᠤ ᠦᠢ᠍ᠯᠡᠴᠢᠯᠡᠵᠦ ᠤᠯᠠᠨ ᠲᠦᠮᠡᠨ᠎ᠳᠤ ᠰᠠᠢ᠌ᠬᠠᠨ ᠲᠥᠷᠥᠭᠳᠡᠯ ᠦᠭᠭᠦ ᠬᠡᠷᠡᠭᠳᠡᠢ》 ᠭᠡᠵᠤ ᠴᠢᠬᠤᠯᠠᠴᠢᠯᠠᠯ᠎ᠠ᠃
《ᠮᠡᠳᠡᠭᠳᠡᠯ》᠎ᠳᠤ᠄ 《ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ)᠎ᠨᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠬᠡᠴᠢ ᠵᠢᠨ ᠰᠤᠷᠤᠯᠴᠠᠯᠭ᠎ᠠ ᠬᠥᠮᠦᠵᠢᠯ᠎ᠤᠨ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠭᠣᠣᠯ ᠬᠠᠷᠢᠭᠤᠴᠠᠯᠭ᠋ᠠᠲᠠᠨ ᠨᠥᠬᠥᠳ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠡᠭᠦᠷᠭᠡᠯᠡᠵᠦ ᠭᠣᠣᠯ ᠠᠵᠢᠯ᠎ᠲᠠᠢ ᠨᠢᠭᠲᠠ ᠤᠶᠠᠯᠳᠤᠭᠤᠯᠵᠤ ᠪᠠᠢ᠌ᠭ᠋ᠠᠳ ᠨᠢᠮᠪᠠᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ ᠲᠦᠷᠦᠯ ᠬᠤᠪᠢᠶᠠᠨ ᠵᠢᠯᠤᠭᠣᠳᠬᠤ ᠠᠵᠢᠯ᠎ᠢ ᠴᠢᠩᠭ᠋ᠠᠳᠬᠠᠵᠤ ᠤᠬᠠᠭᠤᠯᠵᠤ ᠵᠢᠯᠤᠭᠣᠳᠬᠤ ᠠᠵᠢᠯ᠎ᠢ ᠰᠠᠢ᠌ᠲᠤᠷ ᠬᠢᠵᠦ ᠬᠡᠯᠪᠡᠷᠢᠴᠢ ᠦᠵᠡᠯ᠎ᠢ ᠡᠷᠡᠰ ᠡᠰᠡᠷᠭᠦᠴᠡᠬᠦ ᠬᠡᠷᠡᠭᠲᠡᠢ 》 ᠬᠡᠵᠡᠢ᠃