ᠨᠤᠮᠢᠨ ᠤᠷᠴᠢᠭᠤᠯᠪᠠ
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠂ ᠵᠡᠮᠳᠡᠭᠴᠦᠳ᠎ᠤᠨ ᠬᠣᠯᠪᠣᠭ᠎ᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠡᠭᠲ᠋ᠤᠸᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ᠂ ᠵᠡᠮᠳᠡᠭᠴᠦᠳ᠎ᠤᠨ ᠬᠣᠯᠪᠣᠭ᠎ᠠ᠎ᠳᠤ᠄
ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ ᠭᠡᠳᠡᠭ᠎ᠨᠢ ᠬᠦᠴᠢᠷᠳᠡᠯᠳᠡᠢ ᠬᠡᠤᠬᠡᠳ᠎ᠤᠨ ᠳᠣᠲᠣᠷᠠᠬᠢ ᠥᠨᠥᠴᠢᠷᠡᠮᠡᠯ ᠬᠡᠮ ᠲᠠᠢ᠎ᠪᠠᠷ ᠤᠨᠤᠰᠢᠯᠠᠭᠤᠯᠤᠬᠰᠠᠨ ᠬᠡᠦᠬᠡᠳ᠎ᠢ ᠬᠡᠯᠡᠵᠤ ᠪᠣᠶ᠃ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠡᠷᠡᠭᠦᠯᠵᠢᠭᠦᠯᠬᠦ᠂ ᠬᠠᠷᠠᠭ᠋ᠠᠯᠵᠠᠬᠤ᠂ ᠰᠤᠪᠢᠯᠠᠬᠤ ᠪᠠ ᠨᠡᠢ᠌ᠭᠡᠮ᠎ᠳᠤ ᠠᠭᠤᠰᠤᠯᠴᠠᠭᠤᠯᠬᠤ ᠬᠦᠴᠢᠷᠳᠡᠯ᠎ᠳᠤ ᠨᠡᠢ᠌ᠳᠡᠮ ᠲᠤᠯᠭ᠋ᠠᠷᠠᠵᠤ ᠪᠠᠢ᠌ᠭ᠎ᠠ ᠪᠤᠯᠬᠤᠷ ᠬᠦᠴᠢᠷᠳᠡᠯᠳᠡᠢ ᠬᠡᠦᠬᠡᠳ᠎ᠤᠨ ᠡᠷᠬᠡ ᠠᠰᠢᠭ᠎ᠢ ᠪᠠᠲᠤᠯᠠᠬᠤ ᠠᠵᠢᠯ᠎ᠤᠨ ᠭᠣᠣᠯᠳᠠᠯᠭ᠎ᠠ᠎ᠲᠠᠢ ᠡᠲᠡᠭᠡᠳ ᠪᠣᠯᠣᠨ᠎ᠠ᠃ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠬᠠᠯᠠᠮᠵᠢᠯᠠᠬᠤ ᠠᠵᠢᠯ᠎ᠢ ᠴᠢᠩᠭ᠋ᠠᠳᠬᠠᠬᠤ᠎ᠨᠢ ᠬᠡᠦᠬᠡᠳ᠎ᠤᠨ ᠦᠰᠦᠨ ᠪᠣᠶ᠋ᠢᠵᠢᠯᠲᠠ᠂ ᠭᠡᠷ ᠪᠦᠯᠢ ᠵᠢᠨ ᠵᠣᠯ ᠵᠢᠷᠭ᠋ᠠᠯ ᠪᠠ ᠨᠡᠢ᠌ᠭᠡᠮ᠎ᠤᠨ ᠡᠶ᠎ᠡ ᠵᠣᠬᠢᠴᠠᠩᠭᠤᠢ ᠲᠣᠭᠲᠠᠭᠤᠨᠯᠤᠭᠠ ᠬᠣᠯᠪᠣᠭᠳᠠᠨ᠎ᠠ᠃ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯ᠎ᠢ ᠤᠯᠠᠮ ᠴᠢᠩᠭ᠋ᠠᠳᠬᠠᠵᠤ᠂ ᠭᠡᠷ ᠪᠦᠯᠢ᠂ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠠᠮᠵᠢᠯᠴᠠᠨ ᠬᠦᠴᠦᠯᠡᠬᠦ ᠰᠠᠢ᠌ᠨ ᠰᠠᠢ᠌ᠬᠠᠨ ᠪᠠᠢ᠌ᠳᠠᠯ᠎ᠢ ᠪᠣᠶ ᠪᠣᠯᠭ᠋ᠠᠬᠤ ᠵᠢᠨ ᠲᠦᠯᠤᠬᠡ ᠬᠣᠯᠪᠣᠭᠳᠠᠯ ᠪᠦᠬᠦᠢ ᠵᠦᠢ᠍ᠯᠡᠰ᠎ᠢ ᠮᠡᠲᠦ ᠮᠡᠳᠡᠭᠳᠡᠶ᠎ᠡ᠄
ᠨᠢᠭᠡ᠂ ᠮᠡᠳᠡᠭᠡ ᠵᠠᠩᠭᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠪᠠᠢ᠌ᠳᠠᠯ᠎ᠢ ᠬᠥᠳᠡᠯᠦᠩᠭᠦᠢ᠎ᠪᠠᠷ ᠡᠵᠡᠮᠰᠢᠨ᠎ᠡ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠬᠡᠦᠬᠡᠳ᠎ᠤᠨ ᠬᠢᠨᠠᠨ ᠵᠢᠯᠣᠭᠣᠳᠤᠭᠴᠢ᠂ ᠬᠡᠦᠬᠡᠳ᠎ᠤᠨ ᠡᠷᠬᠢᠯᠡᠭᠴᠢ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠲᠡᠳᠡᠨ᠎ᠢ ᠵᠢᠯᠤᠭᠣᠳᠴᠤ ᠪᠠᠢ᠌ᠭ᠋ᠠᠳ ᠨᠡᠭᠦᠳᠡᠯ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠬᠢᠨᠠᠨ ᠬᠡᠮᠵᠢᠵᠦ ᠲᠡᠮᠲᠡᠷᠢᠬᠦ ᠪᠠ ᠪᠦᠷᠢᠳᠬᠡᠨ ᠵᠠᠳᠠᠯᠬᠤ ᠠᠵᠢᠯ᠎ᠢ ᠥᠷᠨᠢᠭᠦᠯᠬᠦ ᠪᠠ ᠪᠤᠰᠤᠳ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠰᠤᠷᠪᠤᠯᠵᠢᠯᠠᠵᠤ ᠡᠷᠭᠢᠵᠦ ᠦᠵᠡᠬᠦ ᠦᠶ᠎ᠡ᠎ᠳᠤ ᠲᠡᠳᠡᠨ᠎ᠤ ᠲᠤᠮᠳᠠᠬᠢ ᠥᠨᠥᠴᠢᠷᠡᠮᠡᠯ ᠬᠡᠮ᠎ᠲᠠᠢ ᠬᠡᠦᠬᠡᠳ᠎ᠢ ᠴᠠᠭ ᠲᠤᠬᠠᠢᠳᠤᠨᠢ ᠢᠯᠡᠷᠡᠭᠦᠯᠵᠦ᠂ ᠡᠴᠢᠭᠡ ᠡᠬᠡ ᠪᠤᠶᠤ ᠪᠤᠰᠤᠳ ᠬᠢᠨᠠᠨ ᠬᠠᠮᠠᠭ᠋ᠠᠯᠠᠭᠴᠢ ᠵᠢ ᠳᠠᠶ᠋ᠢᠴᠢᠯᠠᠨ ᠵᠢᠯᠤᠭᠣᠳᠴᠤ ᠪᠠᠢ᠌ᠭ᠋ᠠᠳ ᠥᠨᠥᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠰᠢᠭᠰᠢᠨ ᠪᠠᠢ᠌ᠴᠠᠭ᠋ᠠᠯᠭ᠋ᠠᠨ᠎ᠠ᠃ ᠬᠡᠦᠬᠡᠳ᠎ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭ᠋ᠠᠯᠠᠭᠴᠢ ᠵᠢᠨ ᠵᠥᠪᠰᠢᠶᠡᠷᠡᠯ᠎ᠢ ᠣᠯᠣᠭᠰᠠᠨ᠎ᠤ ᠳᠠᠷᠠᠭ᠎ᠠ ᠣᠨᠣᠰᠢᠯᠠᠭᠤᠯᠤᠭᠰᠠᠨ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠤᠨ ᠮᠡᠳᠡᠭᠡ ᠵᠠᠩᠭᠢ ᠵᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠦᠢ᠍ᠯᠡᠴᠢᠯᠡᠭᠡᠨ᠎ᠤ ᠡᠲᠡᠭᠡᠳ᠎ᠢ ᠭᠣᠣᠯᠳᠠᠯᠭ᠎ᠠ᠎ᠲᠠᠢ ᠬᠠᠯᠠᠮᠵᠢᠯᠠᠬᠤ ᠮᠡᠳᠡᠭᠡ ᠵᠠᠩᠭᠢ ᠵᠢᠨ ᠡᠬᠡ ᠡᠯ᠎ᠡ ᠭᠠᠵᠠᠷ᠎ᠤᠨ ᠰᠢᠶᠠᠨ᠎ᠤ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠤᠨ ᠲᠠᠩᠰᠠ ᠡᠪᠬᠡᠮᠡᠯ᠎ᠢ ᠲᠡᠭᠦᠯᠳᠡᠷᠵᠢᠭᠦᠯᠵᠦ᠂ 《ᠨᠢᠭᠡ ᠬᠥᠮᠥᠨ᠎ᠳᠤ ᠨᠢᠭᠡ ᠲᠠᠩᠰᠠ ᠡᠪᠬᠡᠮᠡᠯ》᠎ᠢ ᠪᠠᠲᠤᠯᠠᠬᠤ ᠬᠡᠷᠡᠭᠲᠡᠢ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠵᠡᠮᠳᠡᠭᠴᠦᠳ᠎ᠤᠨ ᠬᠣᠯᠪᠣᠭ᠎ᠠ ᠵᠢᠨ ᠵᠣᠬᠢᠶᠠᠨ ᠪᠠᠢ᠌ᠭᠤᠯᠤᠯᠲᠠ᠎ᠨᠤᠭᠤᠳ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠣᠭᠲᠠᠴᠠ ᠵᠢ ᠪᠠᠢ᠌ᠭᠤᠯᠵᠤ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯ᠎ᠢ ᠡᠷᠴᠢᠮᠳᠠᠢ ᠬᠢᠬᠦ ᠬᠡᠷᠡᠭᠳᠡᠢ᠃
ᠬᠣᠶᠠᠷ᠂ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ ᠨᠥᠬᠥᠴᠡᠯ᠎ᠳᠤ ᠨᠡᠢ᠌ᠴᠡᠬᠦ᠊ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ ᠪᠠ ᠭᠡᠷ ᠪᠦᠯᠢ ᠵᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠨᠡᠢ᠌ᠭᠡᠮ᠎ᠤᠨ ᠲᠤᠰᠠᠯᠠᠮᠵᠢ ᠵᠢᠨ ᠬᠡᠪᠴᠢᠶᠡᠨ᠎ᠳᠤ ᠴᠠᠭ ᠲᠤᠬᠠᠢᠳᠤᠨᠢ ᠣᠷᠣᠭᠤᠯᠬᠤ ᠬᠡᠷᠡᠭᠲᠡᠢ᠃ ᠲᠤᠰᠠᠯᠠᠬᠤ ᠨᠥᠬᠥᠴᠡᠯ᠎ᠳᠤ ᠲᠦᠷ ᠨᠡᠢ᠌ᠴᠡᠬᠦ ᠦᠭᠡᠢ ᠪᠤᠯ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠬᠤ ᠬᠡᠪᠴᠢᠶᠡᠨ᠎ᠳᠤ ᠣᠷᠣᠭᠤᠯᠵᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠨ᠂ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠨᠣᠷᠮ᠎ᠠ ᠵᠢ ᠳᠡᠭᠡᠭᠰᠢᠯᠡᠭᠦᠯᠦᠨ᠎ᠡ᠃ ᠲᠤᠰᠠᠯᠠᠬᠤ ᠨᠥᠬᠥᠴᠡᠯ᠎ᠳᠤ ᠨᠡᠢ᠌ᠴᠡᠪᠡᠯ ᠬᠢᠨᠠᠨ ᠬᠠᠮᠠᠭ᠋ᠠᠯᠠᠭᠴᠢ ᠵᠢᠨ ᠭᠤᠶᠤᠴᠢᠯᠠᠯ ᠵᠶ᠋ᠠᠷ ᠬᠦᠴᠢᠷᠳᠡᠯ᠎ᠤᠨ ᠲᠥᠷᠥᠯ ᠬᠡᠯᠪᠡᠷᠢ ᠪᠠ ᠬᠦᠴᠢᠷᠳᠡᠯ᠎ᠤᠨ ᠬᠡᠮᠵᠢᠶ᠎ᠡ ᠵᠢ ᠦᠨᠳᠦᠰᠦᠯᠡᠨ᠂ ᠲᠣᠭᠲᠠᠭ᠋ᠠᠯ ᠶᠣᠰᠣᠭ᠋ᠠᠷ ᠲᠤᠰᠠᠯᠠᠵᠤ ᠲᠡᠳᠬᠦᠬᠦ ᠬᠡᠷᠡᠭᠲᠡᠢ᠃ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ᠂ ᠮᠤᠵᠢ ᠠᠯᠤᠰᠯᠠᠨ ᠲᠤᠭᠤᠰᠢᠳᠠᠢ ᠭᠦᠢ᠍ᠴᠡᠳᠬᠡᠬᠦ᠂ ᠪᠥᠬᠥ ᠶᠠᠪᠤᠴᠠ ᠵᠢ ᠰᠦᠯᠵᠢᠶ᠎ᠡ᠎ᠪᠠᠷ ᠡᠷᠭᠢᠯᠡᠬᠦ ᠵᠡᠷᠭᠡ ᠠᠷᠭ᠎ᠠ᠎ᠪᠠᠷ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠤᠨ ᠬᠦᠴᠢᠷᠳᠡᠯ᠎ᠲᠠᠢ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠦᠷᠢ ᠪᠠ ᠬᠦᠨᠳᠦ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠦᠷᠢ ᠭᠤᠶᠤᠴᠢᠯᠠᠬᠤ ᠵᠡᠷᠭᠡ᠎ᠳᠤ ᠳᠡᠮᠵᠢᠯᠭᠡ ᠬᠠᠪᠰᠤᠷᠤᠯᠭ᠎ᠠ ᠬᠠᠩᠭ᠋ᠠᠬᠤ ᠬᠡᠷᠡᠭᠲᠡᠢ᠃ ᠡᠯ᠎ᠡ ᠭᠠᠵᠠᠷ᠎ᠤᠨ ᠵᠡᠮᠳᠡᠭᠴᠦᠳ᠎ᠤᠨ ᠬᠣᠯᠪᠣᠭ᠎ᠠ ᠵᠢᠨ ᠵᠣᠬᠢᠶᠠᠨ ᠪᠠᠢ᠌ᠭᠤᠯᠤᠯᠲᠠ᠎ᠨᠢ ᠨᠥᠬᠥᠴᠡᠯ᠎ᠳᠤ ᠨᠡᠢ᠌ᠴᠡᠬᠦ 0 — 6 ᠪᠦᠬᠦᠯᠢ ᠨᠠᠰᠤᠨ᠎ᠤ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠪᠦᠬᠦᠨ᠎ᠢ ᠵᠡᠮᠳᠡᠭ ᠬᠡᠦᠬᠡᠳ᠎ᠤᠨ ᠡᠷᠡᠭᠦᠯᠵᠢᠯ ᠤᠨ ᠲᠤᠰᠠᠯᠠᠮᠵᠢ ᠵᠢᠨ ᠪᠠᠲᠤᠯᠠᠭ᠎ᠠ ᠵᠢᠨ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠲᠤᠰᠬᠠᠢ ᠪᠠᠢ᠌ᠭᠤᠯᠤᠮᠵᠢ᠎ᠲᠠᠢ ᠵᠣᠬᠢᠴᠠᠭᠤᠯᠤᠨ ᠦᠨᠳᠦᠰᠦᠨ ᠡᠷᠡᠭᠦᠯᠵᠢᠯ᠎ᠤᠨ ᠦᠢ᠍ᠯᠡᠴᠢᠯᠡᠭᠡ ᠬᠠᠩᠭ᠋ᠠᠵᠤ᠂ ᠨᠥᠬᠥᠴᠡᠯ᠎ᠲᠠᠢ ᠭᠠᠵᠠᠷ ᠣᠷᠣᠨ᠎ᠤ 6 ᠪᠦᠬᠦᠯᠢ ᠨᠠᠰᠤᠨ᠎ᠠᠴᠠ ᠳᠡᠭᠡᠭᠰᠢᠬᠢ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠡᠷᠡᠭᠦᠯᠵᠢᠯ᠎ᠤᠨ ᠲᠤᠰᠠᠯᠠᠬᠤ ᠬᠦᠷᠢᠶ᠎ᠡ ᠬᠡᠪᠴᠢᠶᠡᠨ᠎ᠳᠤ ᠣᠷᠣᠭᠤᠯᠬᠤ ᠵᠢ ᠵᠣᠷᠢᠭᠵᠢᠭᠤᠯᠤᠨ᠎ᠠ᠃
ᠭᠤᠷᠪᠠ᠂ ᠪᠠᠢ᠌ᠭᠤᠯᠤᠮᠵᠢ ᠵᠢᠨ ᠡᠭᠦᠷᠭᠡ ᠴᠢᠳᠠᠪᠤᠷᠢ ᠵᠢ ᠪᠠᠳᠠᠷᠠᠭᠤᠯᠵᠤ᠂ ᠦᠨᠳᠦᠰᠦᠨ ᠵᠦᠢ᠍ᠯ᠎ᠢ ᠳᠠᠭ᠋ᠠᠭ᠋ᠠᠨ ᠬᠠᠷᠠᠭ᠋ᠠᠯᠵᠠᠨ ᠬᠠᠮᠠᠭ᠋ᠠᠯᠠᠬᠤ ᠵᠢ ᠬᠠᠩᠭ᠋ᠠᠨ᠎ᠠ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠨ ᠲᠡᠭᠦᠯᠳᠡᠷᠵᠢᠭᠦᠯᠵᠦ᠂ ᠬᠠᠤᠯᠢ᠎ᠪᠠᠷ ᠲᠣᠭᠲᠠᠭ᠋ᠠᠭᠰᠠᠨ ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠬᠠᠮᠠᠭ᠋ᠠᠯᠠᠬᠤ ᠪᠠ ᠲᠦᠷ ᠴᠠᠭ ᠵᠶ᠋ᠠᠷ ᠬᠠᠷᠠᠭ᠋ᠠᠯᠵᠠᠨ ᠬᠠᠮᠠᠭ᠋ᠠᠯᠠᠬᠤ ᠨᠥᠬᠥᠴᠡᠯ᠎ᠳᠤ ᠨᠡᠢ᠌ᠴᠡᠬᠦ ᠬᠦᠴᠢᠷᠳᠡᠯ᠎ᠳᠤ ᠲᠤᠯᠭ᠋ᠠᠷᠠᠭᠰᠠᠨ ᠥᠨᠥᠴᠢᠷᠡᠮᠡᠯ ᠬᠡᠮ᠎ᠲᠠᠢ ᠬᠡᠦᠬᠡᠳ᠎ᠲᠤ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠨᠤᠭᠤᠳ ᠦᠯᠡᠳᠡᠭᠡᠨ ᠠᠪᠴᠤ ᠠᠰᠠᠷᠠᠨ ᠲᠡᠵᠢᠭᠡᠬᠦ ᠡᠭᠦᠷᠭᠡ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠬᠡᠬᠦ ᠬᠡᠷᠡᠭᠲᠡᠢ᠃ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠤᠷᠢᠬᠤ᠂ ᠲᠤᠰᠬᠠᠢ ᠮᠡᠷᠭᠡᠵᠢᠯ᠎ᠤᠨ ᠡᠮᠨᠡᠯᠭᠡ ᠵᠢᠨ ᠬᠣᠷᠢᠶ᠎ᠠ ᠪᠤᠶᠤ ᠲᠤᠰᠬᠠᠢ ᠡᠷᠡᠭᠦᠯᠵᠢᠯ᠎ᠤᠨ ᠪᠠᠢ᠌ᠭᠤᠯᠤᠮᠵᠢ᠎ᠲᠠᠢ ᠬᠠᠮᠲᠤᠷᠠᠯᠴᠠᠬᠤ᠂ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠡᠬᠢ ᠪᠠᠶᠠᠯᠢᠭ᠎ᠢ ᠣᠷᠣᠭᠤᠯᠤᠨ ᠠᠪᠴᠢᠷᠠᠬᠤ ᠵᠡᠷᠭᠡ ᠠᠷᠭ᠎ᠠ᠎ᠪᠠᠷ ᠪᠠᠢ᠌ᠭᠤᠯᠤᠮᠵᠢ ᠵᠢᠨ ᠡᠷᠡᠭᠦᠯᠵᠢᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ᠂ ᠪᠠᠢ᠌ᠭᠤᠯᠤᠮᠵᠢ ᠵᠢᠨ ᠳᠣᠲᠣᠷᠠᠬᠢ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠲᠤ ᠲᠤᠰᠬᠠᠢ᠌ᠵᠢᠭᠰᠠᠨ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠨᠥᠬᠥᠴᠡᠯ᠎ᠲᠠᠢ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠨᠤᠭᠤᠳ ᠦᠢ᠍ᠯᠡᠴᠢᠯᠡᠬᠦ ᠡᠲᠡᠭᠡᠳ᠎ᠤᠨ ᠵᠶ᠋ᠡᠨ ᠬᠦᠷᠢᠶ᠎ᠡ ᠬᠡᠪᠴᠢᠶ᠎ᠡ ᠵᠢ ᠢᠳᠡᠪᠬᠢᠲᠡᠢ᠎ᠪᠠᠷ ᠥᠷᠭᠡᠳᠬᠡᠵᠦ᠂ ᠪᠠᠢ᠌ᠭᠤᠯᠤᠮᠵᠢ ᠵᠢᠨ ᠲᠥᠬᠦᠭᠡᠷᠦᠮᠵᠢ ᠵᠢ ᠭᠦᠢ᠍ᠴᠡᠳ ᠠᠰᠢᠭᠯᠠᠨ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ ᠪᠠ ᠲᠡᠳᠡᠨ᠎ᠤ ᠭᠡᠷ ᠪᠦᠯᠢ᠎ᠳᠤ ᠡᠳᠦᠷ ᠲᠤᠲᠤᠮ᠎ᠤᠨ ᠬᠠᠷᠠᠭ᠋ᠠᠯᠵᠠᠯ᠂ ᠡᠷᠲᠡ᠎ᠠᠴᠠ ᠭᠠᠷ ᠲᠦᠷᠦᠭᠦ᠂ ᠡᠷᠡᠭᠦᠯᠵᠢᠭᠦᠯᠬᠦ ᠪᠣᠯᠪᠠᠰᠤᠷᠠᠯ ᠪᠠ ᠭᠡᠷ ᠪᠦᠯᠢ ᠵᠢᠨ ᠡᠷᠡᠭᠦᠯᠵᠢᠭᠦᠯᠬᠦ ᠪᠣᠯᠪᠠᠰᠤᠷᠠᠯ᠎ᠤᠨ ᠵᠢᠯᠣᠭᠣᠳᠤᠯᠭ᠎ᠠ ᠵᠡᠷᠭᠡ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠡᠯ᠎ᠡ ᠭᠠᠵᠠᠷ᠎ᠤᠨ ᠵᠡᠮᠳᠡᠭᠴᠦᠳ᠎ᠤᠨ ᠬᠣᠯᠪᠣᠭ᠎ᠠ ᠵᠢᠨ ᠵᠣᠬᠢᠶᠠᠨ ᠪᠠᠢ᠌ᠭᠤᠯᠤᠯᠲᠠ᠎ᠨᠢ ᠬᠠᠮᠢᠶ᠎ᠠ ᠪᠦᠬᠦᠢ ᠲᠤᠰᠬᠠᠢ ᠪᠠᠢ᠌ᠭᠤᠯᠤᠮᠵᠢ ᠵᠢ ᠵᠣᠬᠢᠴᠠᠭᠤᠯᠵᠤ ᠪᠠᠢ᠌ᠭ᠋ᠠᠳ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠡᠷᠡᠭᠦᠯᠵᠢᠯ᠎ᠤᠨ ᠦᠢ᠍ᠯᠡᠴᠢᠯᠡᠭᠡ ᠥᠷᠨᠢᠭᠦᠯᠬᠦ᠎ᠳᠤ ᠮᠡᠷᠭᠡᠵᠢᠯ᠎ᠤᠨ ᠵᠢᠯᠣᠭᠣᠳᠤᠯᠭ᠎ᠠ ᠬᠠᠩᠭ᠋ᠠᠬᠤ ᠵᠢᠨ ᠬᠠᠮᠲᠤ ᠭᠤᠶᠤᠴᠢᠯᠠᠯ ᠶᠣᠰᠣᠭ᠋ᠠᠷ ᠨᠥᠬᠥᠴᠡᠯ᠎ᠳᠤ ᠨᠡᠢ᠌ᠴᠡᠬᠦ ᠪᠠᠢ᠌ᠭᠤᠯᠤᠮᠵᠢ ᠵᠢ ᠴᠠᠭ ᠲᠤᠬᠠᠢᠳᠤᠨᠢ ᠵᠡᠮᠳᠡᠭ ᠬᠡᠦᠬᠡᠳ᠎ᠤᠨ ᠡᠷᠡᠭᠦᠯᠵᠢᠯ᠎ᠤᠨ ᠲᠤᠰᠠᠯᠠᠬᠤ ᠴᠡᠭ ᠲᠣᠭᠲᠠᠭ᠋ᠠᠭᠰᠠᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠣᠷᠣᠭᠤᠯᠬᠤ ᠬᠡᠷᠡᠭᠲᠡᠢ᠃
ᠳᠥᠷᠪᠡ᠂ ᠭᠡᠷ ᠪᠦᠯᠢ᠎ᠪᠠᠷ ᠲᠡᠳᠬᠦᠬᠦ ᠠᠵᠢᠯ᠎ᠢ ᠴᠢᠩᠭ᠋ᠠᠳᠬᠠᠵᠤ᠂ ᠬᠠᠷᠠᠭ᠋ᠠᠯᠵᠠᠨ ᠬᠠᠮᠠᠭ᠋ᠠᠯᠠᠬᠤ ᠳᠡᠮᠵᠢᠯᠭᠡ ᠬᠠᠩᠭ᠋ᠠᠨ᠎ᠠ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠵᠡᠮᠳᠡᠭᠴᠦᠳ᠎ᠤᠨ ᠬᠣᠯᠪᠣᠭ᠎ᠠ ᠵᠢᠨ ᠵᠣᠬᠢᠶᠠᠨ ᠪᠠᠢ᠌ᠭᠤᠯᠤᠯᠲᠠ᠎ᠨᠢ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠤᠨ ᠭᠡᠷ ᠪᠦᠯᠢ ᠵᠢ ᠬᠠᠷᠠᠭ᠋ᠠᠯᠵᠠᠨ ᠠᠰᠠᠷᠠᠬᠤ ᠮᠡᠳᠡᠯᠭᠡ ᠵᠢᠨ ᠪᠣᠯᠪᠠᠰᠤᠷᠠᠯ᠎ᠢ ᠥᠷᠨᠢᠭᠦᠯᠵᠦ᠂ ᠬᠡᠦᠬᠡᠳ᠎ᠤᠨ ᠡᠴᠢᠭᠡ ᠡᠬᠡ ᠪᠤᠶᠤ ᠪᠤᠰᠤᠳ ᠬᠠᠷᠠᠭ᠋ᠠᠯᠵᠠᠨ ᠬᠠᠮᠠᠭ᠋ᠠᠯᠠᠭᠴᠢ ᠵᠢ ᠬᠠᠪᠰᠤᠷᠤᠨ ᠥᠨᠥᠴᠢᠷᠡᠮᠡᠯ ᠬᠡᠮ᠎ᠤᠨ ᠠᠰᠠᠭᠤᠳᠠᠯ᠎ᠢ ᠵᠥᠪ ᠲᠠᠨᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠬᠠᠨᠳᠤᠭᠤᠯᠵᠤ᠂ ᠡᠷᠡᠭᠦᠯᠵᠢᠯ᠎ᠤᠨ ᠵᠦᠢ ᠵᠣᠬᠢᠰᠲᠠᠢ ᠵᠢᠱ᠌ᠢᠯᠲᠡ ᠵᠢ ᠪᠠᠢ᠌ᠭᠤᠯᠤᠨ᠂ ᠬᠡᠦᠬᠡᠳᠯᠦᠭᠡ ᠨᠡᠪᠲᠡᠷᠡᠯᠴᠡᠬᠦ᠂ ᠬᠡᠦᠬᠡᠳ᠎ᠤᠨ ᠡᠷᠡᠭᠦᠯᠵᠢᠯ᠎ᠢ ᠠᠬᠢᠭᠤᠯᠬᠤ ᠵᠡᠷᠭᠡ ᠲᠠᠯ᠎ᠠ ᠵᠢᠨ ᠮᠡᠳᠡᠯᠭᠡ ᠪᠠ ᠤᠷ᠎ᠠ ᠮᠡᠷᠭᠡᠵᠢᠯ᠎ᠢ ᠡᠵᠡᠮᠰᠢᠭᠦᠯᠬᠦ ᠬᠡᠷᠡᠭᠲᠡᠢ᠃ ᠵᠡᠮᠳᠡᠭ ᠬᠡᠦᠬᠡᠳ᠎ᠢ ᠡᠷᠡᠭᠦᠯᠵᠢᠭᠦᠯᠵᠦ ᠲᠤᠰᠠᠯᠠᠬᠤ ᠴᠡᠭ ᠲᠣᠭᠲᠠᠭ᠋ᠠᠭᠰᠠᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠡᠴᠢᠭᠡ ᠡᠬᠡ ᠪᠤᠶᠤ ᠪᠤᠰᠤᠳ ᠬᠠᠷᠠᠭ᠋ᠠᠯᠵᠠᠨ ᠬᠠᠮᠠᠭ᠋ᠠᠯᠠᠭᠴᠢ ᠵᠢᠨ ᠬᠡᠦᠬᠡᠳ᠎ᠤᠨ ᠡᠷᠡᠭᠦᠯᠵᠢᠯ᠎ᠤᠨ ᠪᠥᠬᠥ ᠶᠠᠪᠤᠴᠠ᠎ᠳᠤ ᠢᠳᠡᠪᠬᠢᠲᠡᠢ ᠣᠷᠣᠯᠴᠠᠬᠤ ᠵᠢ ᠲᠡᠮᠵᠢᠨ ᠵᠢᠯᠤᠭᠣᠳᠴᠤ᠂ ᠡᠷᠡᠭᠦᠯᠵᠢᠭᠦᠯᠬᠦ ᠲᠥᠯᠥᠪᠯᠡᠭᠡ ᠵᠢ ᠬᠠᠮᠳᠤ᠎ᠪᠠᠷ ᠲᠣᠭᠲᠠᠭ᠋ᠠᠬᠤ ᠪᠠ ᠬᠡᠷᠡᠭᠵᠢᠭᠦᠯᠵᠦ᠂ ᠦᠢ᠍ᠯᠡᠴᠢᠯᠡᠭᠡᠨ᠎ᠤ ᠴᠢᠭᠯᠡᠭᠦᠯᠦᠯᠲᠦ ᠴᠢᠨᠠᠷ ᠪᠠ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠦᠨ᠎ᠡ᠃ ᠦᠨᠡᠬᠡᠷ ᠪᠤᠰᠤᠳᠴᠢ ᠰᠢᠯᠲᠠᠭ᠋ᠠᠨ᠎ᠠᠴᠠ ᠪᠣᠯᠵᠤ ᠪᠠᠢ᠌ᠭᠤᠯᠤᠮᠵᠢ᠎ᠳᠤ ᠬᠦᠷᠴᠦ ᠡᠷᠡᠭᠦᠯᠵᠢᠯ᠎ᠤᠨ ᠦᠢ᠍ᠯᠡᠴᠢᠯᠡᠭᠡ ᠬᠦᠯᠢᠶᠡᠬᠦ ᠵᠢᠨ ᠠᠷᠭ᠎ᠠ ᠦᠭᠡᠢ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠲᠤ ᠨᠥᠬᠥᠴᠡᠯ᠎ᠲᠠᠢ ᠪᠠᠢ᠌ᠭᠤᠯᠤᠮᠵᠢ᠎ᠨᠢ ᠪᠠᠢ᠌ᠳᠠᠯ᠎ᠢ᠎ᠨᠢ ᠦᠵᠡᠵᠦ ᠪᠠᠢ᠌ᠭ᠋ᠠᠳ ᠭᠡᠷ ᠲᠤᠨᠢ ᠬᠦᠷᠴᠦ ᠦᠢ᠍ᠯᠡᠴᠢᠯᠡᠭᠡ ᠬᠠᠩᠭ᠋ᠠᠵᠤ ᠪᠣᠯᠣᠨ᠎ᠠ᠃ ᠡᠯ᠎ᠡ ᠭᠠᠵᠠᠷ᠎ᠤᠨ ᠵᠡᠮᠳᠡᠭᠴᠦᠳ᠎ᠤᠨ ᠬᠣᠯᠪᠣᠭ᠎ᠠ ᠵᠢᠨ ᠵᠣᠬᠢᠶᠠᠨ ᠪᠠᠢ᠌ᠭᠤᠯᠤᠯᠲᠠ᠎ᠨᠢ ᠣᠶᠤᠨ᠎ᠤ ᠰᠠᠠᠭ᠋ᠠᠳᠲᠠᠢ ᠵᠡᠮᠳᠡᠭᠴᠦᠳ ᠪᠠ ᠲᠥᠷᠥᠯ ᠰᠠᠳᠤᠨ ᠨᠠᠢ᠌ᠵᠠ ᠨᠥᠬᠥᠳ᠎ᠤᠨ ᠨᠡᠢ᠌ᠭᠡᠮᠯᠢᠭ ᠪᠣᠯᠣᠨ ᠡᠯ᠎ᠡ ᠲᠥᠷᠥᠯ᠎ᠤᠨ ᠥᠨᠥᠴᠢᠷᠡᠮᠡᠯ ᠬᠡᠮ᠎ᠲᠠᠢ ᠭᠡᠷ᠎ᠤᠨ ᠠᠬᠠᠮᠠᠳ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠪᠠᠳᠠᠷᠠᠭᠤᠯᠵᠤ᠂ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ ᠪᠠ ᠭᠡᠷ ᠪᠦᠯᠢ ᠵᠢ ᠥᠨᠥᠴᠢᠷᠡᠮᠡᠯ ᠬᠡᠮ᠎ᠲᠠᠢ ᠬᠡᠦᠬᠡᠳ᠎ᠤᠨ ᠭᠡᠷ ᠪᠦᠯᠢ ᠵᠢᠨ ᠬᠠᠷᠢᠯᠴᠠᠨ ᠬᠠᠪᠰᠤᠷᠤᠯᠴᠠᠬᠤ ᠦᠢ᠍ᠯᠡᠴᠢᠯᠡᠭᠡᠨ᠎ᠤ ᠬᠡᠪᠴᠢᠶᠡᠨ᠎ᠳᠤ ᠣᠷᠣᠭᠤᠯᠬᠤ ᠠᠵᠢᠯ᠎ᠢ ᠠᠬᠢᠭᠤᠯᠬᠤ ᠬᠡᠷᠡᠭᠲᠡᠢ᠃
ᠲᠠᠪᠤ᠂ ᠠᠭᠤᠰᠤᠯᠴᠠᠭᠤᠯᠤᠨ ᠦᠢ᠍ᠯᠡᠴᠢᠯᠡᠬᠦ ᠵᠢ ᠴᠢᠩᠭ᠋ᠠᠳᠬᠠᠵᠤ᠂ ᠨᠡᠢ᠌ᠭᠡᠮᠯᠤᠭᠠ ᠵᠢᠨ ᠠᠭᠤᠰᠤᠯᠴᠠᠯ᠎ᠢ ᠠᠬᠢᠭᠤᠯᠤᠨ᠎ᠠ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠵᠡᠮᠳᠡᠭᠴᠦᠳ᠎ᠤᠨ ᠬᠣᠯᠪᠣᠭ᠎ᠠ ᠵᠢᠨ ᠵᠣᠬᠢᠶᠠᠨ ᠪᠠᠢ᠌ᠭᠤᠯᠤᠯᠲᠠ᠎ᠨᠢ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠨᠡᠢ᠌ᠭᠡᠮ ᠲᠣᠭᠣᠷᠢᠭ᠎ᠲᠤ ᠠᠭᠤᠰᠤᠯᠴᠠᠭᠤᠯᠬᠤ᠂ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ᠂ ᠠᠵᠢᠯ ᠣᠯᠭᠣᠯᠲᠠ ᠵᠢ ᠠᠭᠤᠰᠤᠯᠴᠠᠭᠤᠯᠬᠤ ᠵᠡᠷᠭᠡ ᠦᠢ᠍ᠯᠡᠴᠢᠯᠡᠭᠡ ᠵᠢ ᠥᠷᠨᠢᠭᠦᠯᠵᠦ᠂ ᠲᠡᠳᠡᠨ᠎ᠢ ᠬᠠᠪᠰᠤᠷᠤᠨ ᠨᠡᠢ᠌ᠭᠡᠮ᠎ᠤᠨ ᠠᠮᠢᠳᠤᠷᠠᠯ᠎ᠳᠤ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠥᠷᠲᠡᠭᠡ᠂ ᠲᠣᠰᠬᠣᠨ (ᠨᠡᠢ᠌ᠭᠡᠮ ᠲᠣᠭᠣᠷᠢᠭ)᠎ᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠨ ᠬᠠᠢ᠌ᠷᠠᠯᠠᠵᠤ ᠦᠢ᠍ᠯᠡᠴᠢᠯᠡᠬᠦ ᠠᠵᠢᠯ᠎ᠤᠨ ᠥᠷᠲᠡᠭᠡ ᠴᠡᠭ᠎ᠢ ᠵᠢᠯᠤᠭᠣᠳᠴᠤ ᠪᠠᠢ᠌ᠭ᠋ᠠᠳ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠨᠡᠢ᠌ᠭᠡᠮ ᠲᠣᠭᠣᠷᠢᠭ᠎ᠲᠤ ᠠᠭᠤᠰᠤᠯᠴᠠᠭᠤᠯᠬᠤ ᠦᠢ᠍ᠯᠡᠴᠢᠯᠡᠭᠡ ᠬᠠᠩᠭ᠋ᠠᠵᠤ᠂ ᠥᠨᠥᠴᠢᠷᠡᠮᠡᠯ ᠬᠡᠮ᠎ᠲᠠᠢ ᠬᠡᠦᠬᠡᠳ᠎ᠤᠨ ᠭᠡᠷ ᠪᠦᠯᠢ ᠵᠢᠨ ᠣᠷᠣᠯᠴᠠᠵᠤ ᠪᠣᠯᠬᠤ᠂ ᠠᠭᠤᠰᠤᠯᠴᠠᠵᠤ ᠪᠣᠯᠬᠤ ᠨᠡᠢ᠌ᠭᠡᠮ ᠲᠣᠭᠣᠷᠢᠭ᠎ᠤᠨ ᠠᠵᠢᠯᠯᠠᠭ᠎ᠠ ᠵᠢ ᠥᠷᠨᠢᠭᠦᠯᠦᠨ᠂ ᠥᠨᠥᠴᠢᠷᠡᠮᠡᠯ ᠬᠡᠮ᠎ᠲᠠᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢ ᠵᠣᠬᠢᠶᠠᠨ ᠪᠠᠢ᠌ᠭᠤᠯᠵᠤ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠤᠨ ᠭᠡᠷ ᠪᠦᠯᠢ ᠵᠢ ᠣᠢ᠌ᠯᠠᠭ᠋ᠠᠬᠤ᠂ ᠬᠠᠯᠠᠮᠵᠢᠯᠠᠬᠤ᠂ ᠬᠠᠪᠰᠤᠷᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠤᠨ ᠰᠤᠷᠭ᠋ᠠᠨ ᠬᠥᠮᠦᠵᠢᠯᠯᠤᠭᠠ ᠠᠭᠤᠰᠤᠯᠴᠠᠭᠤᠯᠬᠤ ᠠᠵᠢᠯ᠎ᠢ ᠵᠣᠬᠢᠴᠠᠭᠤᠯᠤᠨ ᠰᠠᠢ᠌ᠲᠤᠷ ᠬᠢᠵᠦ᠂ ᠡᠩ᠎ᠤᠨ ᠰᠤᠷᠭ᠋ᠠᠨ ᠬᠥᠮᠦᠵᠢᠯ ᠭᠥᠷᠳᠡᠬᠦ ᠴᠢᠳᠠᠪᠤᠷᠢ᠎ᠲᠠᠢ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠬᠠᠪᠰᠤᠷᠤᠨ ᠠᠩᠭᠢ ᠳᠠᠭ᠋ᠠᠵᠤ ᠰᠤᠷᠤᠯᠴᠠᠭᠤᠯᠬᠤ ᠬᠡᠷᠡᠭᠲᠡᠢ᠃ ᠠᠩᠭᠢ ᠳᠠᠭ᠋ᠠᠵᠤ ᠰᠤᠷᠤᠯᠴᠠᠬᠤ ᠵᠢᠨ ᠠᠷᠭ᠎ᠠ ᠦᠭᠡᠢ ᠪᠤᠯ ᠲᠡᠳᠡᠨ᠎ᠤ ᠡᠩ᠎ᠤᠨ ᠰᠤᠷᠭ᠋ᠠᠭᠤᠯᠢ ᠵᠢᠨ ᠣᠨᠴᠣᠭᠤᠢ ᠰᠤᠷᠭ᠋ᠠᠨ ᠬᠥᠮᠦᠵᠢᠯ᠎ᠤᠨ ᠠᠩᠭᠢ᠂ ᠣᠨᠴᠣᠭᠤᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠰᠤᠷᠤᠯᠴᠠᠬᠤ ᠵᠡᠷᠭᠡ ᠠᠷᠭ᠎ᠠ ᠪᠠᠷ ᠰᠤᠷᠭ᠋ᠠᠨ ᠬᠥᠮᠦᠵᠢᠯ ᠭᠥᠷᠳᠡᠬᠦ ᠵᠢ ᠳᠡᠮᠵᠢᠨ᠎ᠡ᠃ 16 — 18 ᠪᠦᠬᠦᠯᠢ ᠨᠠᠰᠤᠨ᠎ᠤ ᠠᠵᠢᠯ ᠣᠯᠬᠤ ᠨᠦᠬᠡᠴᠨ ᠬᠦᠴᠦᠨ᠎ᠲᠠᠢ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠮᠡᠷᠭᠡᠵᠢᠯ᠎ᠤᠨ ᠥᠩᠭᠡᠷᠡᠯᠲᠡ᠂ ᠠᠵᠢᠯ᠎ᠤᠨ ᠪᠠᠢ᠌ᠷᠢ ᠵᠢᠨ ᠦᠢ᠍ᠯᠡᠳᠦᠯᠭᠡ᠂ ᠠᠵᠢᠯ ᠣᠯᠭᠣᠯᠲᠠ ᠵᠢᠨ ᠪᠣᠯᠪᠠᠰᠤᠷᠠᠯ ᠵᠡᠷᠭᠡ ᠨᠡᠢ᠌ᠭᠡᠮ᠎ᠳᠤ ᠵᠣᠬᠢᠴᠠᠬᠤ ᠴᠢᠨᠠᠷᠲᠠᠢ ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠲᠥᠷᠥᠯ ᠵᠦᠢ᠍ᠯ᠎ᠢ ᠪᠣᠢ᠌ᠵᠢᠭᠤᠯᠤᠨ ᠨᠡᠭᠡᠭᠡᠨ ᠬᠥᠭᠵᠢᠭᠦᠯᠦᠨ᠎ᠡ᠃
ᠵᠢᠷᠭᠤᠭ᠎ᠠ᠂ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠵᠤ᠂ ᠨᠡᠢ᠌ᠭᠡᠮ ᠤᠨ᠎ᠬᠢᠨ ᠤ ᠣᠷᠣᠯᠴᠠᠬᠤ ᠵᠢ ᠵᠢᠯᠣᠭᠣᠳᠤᠨ᠎ᠠ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠵᠡᠮᠳᠡᠭᠴᠦᠳ᠎ᠤᠨ ᠬᠣᠯᠪᠣᠭ᠎ᠠ ᠵᠢᠨ ᠵᠣᠬᠢᠶᠠᠨ ᠪᠠᠢ᠌ᠭᠤᠯᠤᠯᠲᠠ᠎ᠨᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠠᠵᠢᠯᠲᠠᠨ᠂ ᠰᠠᠢ᠌ᠨ ᠲᠤᠷᠠᠴᠤᠤᠯ᠂ ᠪᠤᠶᠠᠨᠰᠠᠭ ᠠᠵᠤ ᠠᠬᠤᠢ᠌ᠯᠠᠯ ᠵᠡᠷᠭᠡ ᠵᠢ ᠵᠣᠬᠢᠶᠠᠨ ᠪᠠᠢ᠌ᠭᠤᠯᠤᠨ ᠵᠢᠯᠤᠭᠣᠳᠴᠤ ᠪᠠᠢ᠌ᠭ᠋ᠠᠳ ᠬᠠᠯᠠᠮᠵᠢᠯᠠᠬᠤ ᠦᠢ᠍ᠯᠡᠴᠢᠯᠡᠭᠡᠨ᠎ᠳᠤ ᠢᠳᠡᠪᠬᠢᠲᠡᠢ ᠣᠷᠣᠯᠴᠠᠭᠤᠯᠵᠤ᠂ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠤᠨ ᠣᠯᠠᠨ ᠲᠠᠰ ᠳᠠᠪᠬᠤᠷᠭ᠎ᠠ ᠵᠢᠨ ᠡᠷᠡᠭᠦᠯᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ᠎ᠳᠤ ᠬᠠᠨᠳᠤᠭᠤᠯᠤᠨ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠴᠤ ᠦᠭᠬᠦ ᠡᠷᠴᠢᠮ᠎ᠢ ᠴᠢᠩᠭ᠋ᠠᠷᠠᠭᠤᠯᠵᠤ᠂ ᠬᠣᠯᠪᠣᠭᠳᠠᠯ ᠪᠦᠬᠦᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢ ᠳᠡᠮᠵᠢᠵᠦ᠂ ᠰᠡᠳᠬᠢᠴᠡ ᠵᠢᠨ ᠲᠠᠢ᠌ᠳᠬᠤᠷᠠᠭᠤᠯᠤᠯ᠂ ᠲᠦᠷ ᠠᠮᠤᠰᠬᠢᠬᠦ᠂ ᠨᠡᠢ᠌ᠭᠡᠮ ᠲᠣᠭᠣᠷᠢᠭ᠎ᠤᠨ ᠳᠡᠮᠵᠢᠯᠭᠡ ᠵᠡᠷᠭᠡ ᠦᠢ᠍ᠯᠡᠴᠢᠯᠡᠭᠡ ᠵᠢ ᠭᠣᠣᠯᠳᠠᠯᠭ᠎ᠠ᠎ᠲᠠᠢ ᠥᠷᠨᠢᠭᠦᠯᠬᠦ ᠬᠡᠷᠡᠭᠲᠡᠢ᠃ ᠡᠯ᠎ᠡ ᠭᠠᠵᠠᠷ᠎ᠤᠨ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠎ᠨᠤᠭᠤᠳ ᠪᠠᠢ᠌ᠭᠤᠯᠤᠮᠵᠢ ᠵᠢᠨ ᠲᠠᠯᠠᠪᠤᠷ ᠭᠠᠵᠠᠷ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠡᠷᠡᠭᠦᠯᠵᠢᠭᠦᠯᠬᠦ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠢ᠎ᠪᠠᠷ ᠪᠣᠢ᠌ᠵᠢᠭᠤᠯᠤᠨ᠂ ᠲᠡᠳᠡᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠳᠡᠢ᠃
ᠳᠣᠯᠣᠭ᠎ᠠ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠵᠡᠮᠳᠡᠭᠴᠦᠳ᠎ᠤᠨ ᠬᠣᠯᠪᠣᠭ᠎ᠠ ᠵᠢᠨ ᠵᠣᠬᠢᠶᠠᠨ ᠪᠠᠢ᠌ᠭᠤᠯᠤᠯᠲᠠ᠎ᠨᠤᠭᠤᠳ ᠲᠣᠰ ᠠᠵᠢᠯ᠎ᠢ ᠲᠣᠰ ᠰᠠᠯᠠᠭ᠎ᠠ ᠮᠥᠴᠢᠷ᠎ᠤᠨ ᠵᠶ᠋ᠡᠨ ᠬᠠᠮᠢᠶ᠎ᠠ ᠪᠦᠬᠦᠢ ᠲᠥᠯᠦᠪᠵᠢᠭᠦᠯᠭᠡ ᠪᠠ ᠥᠨᠥᠴᠢᠷᠡᠮᠡᠯ ᠬᠡᠮ᠎ᠲᠠᠢ ᠬᠡᠦᠬᠡᠳ᠎ᠢ ᠬᠠᠯᠠᠮᠵᠢᠯᠠᠬᠤ ᠠᠬᠢᠭᠤᠯᠬᠤ ᠠᠵᠢᠯᠯᠠᠭ᠎ᠠ᠎ᠳᠤ ᠣᠷᠣᠭᠤᠯᠵᠤ᠂ ᠣᠷᠣᠨ ᠨᠤᠲᠤᠭ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ᠃ ᠪᠡᠯᠡ ᠮᠥᠩᠭᠥᠨ᠎ᠤ ᠪᠠᠲᠤᠯᠠᠭ᠎ᠠ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠰᠤᠨ᠎ᠳᠤ ᠥᠯᠥ ᠭᠦᠷᠦᠭᠰᠡᠳ᠎ᠢ ᠲᠤᠰᠠᠯᠠᠵᠤ ᠬᠠᠮᠠᠭ᠋ᠠᠯᠠᠬᠤ ᠪᠠᠢ᠌ᠭᠤᠯᠤᠮᠵᠢ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠵᠢᠯᠲᠠᠨ᠎ᠤ ᠲᠤᠰᠬᠠᠢ ᠮᠡᠷᠭᠡᠵᠢᠯ᠎ᠤᠨ ᠬᠢᠷᠢ ᠤᠷᠮᠠᠰᠢᠭᠤᠯᠬᠤ ᠲᠣᠭᠲᠠᠴᠠ ᠵᠢ ᠲᠡᠬᠦᠯᠳᠡᠷᠵᠢᠬᠦᠯᠤᠨ᠂ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯ᠎ᠤᠨ ᠢᠯᠡᠷᠡᠯ ᠵᠶ᠋ᠡᠷ ᠲᠣᠪᠣᠢ᠌ᠮ᠎ᠠ ᠭᠠᠵᠠᠷ ᠣᠷᠣᠨ᠎ᠳᠤ ᠬᠣᠯᠪᠣᠭᠳᠠᠯ ᠪᠦᠬᠦᠢ ᠠᠵᠢᠯ᠎ᠤᠨ ᠲᠤᠷᠰᠢᠯᠲᠠ ᠵᠢᠨ ᠴᠡᠭ᠎ᠢ ᠥᠷᠨᠢᠭᠦᠯᠬᠦ᠎ᠳᠤ᠎ᠪᠠᠨ ᠡᠩ ᠲᠡᠷᠢᠭᠦᠨ᠎ᠳᠤ ᠪᠣᠳᠣᠯᠬᠢᠯᠠᠵᠤ᠂ ᠲᠣᠰ ᠠᠵᠢᠯ᠎ᠤᠨ ᠳᠤᠮᠳᠠ ᠢᠯᠡᠷᠡᠯ ᠵᠶ᠋ᠡᠷ ᠲᠣᠪᠣᠢ᠌ᠮ᠎ᠠ ᠬᠠᠮᠲᠤ ᠨᠡᠶ᠋ᠢᠲᠡ ᠪᠠ ᠬᠤᠪᠢ ᠬᠥᠮᠥᠨ᠎ᠳᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠡᠯ᠎ᠡ ᠭᠠᠵᠠᠷ᠎ᠤᠨ᠎ᠬᠢᠨ ᠠᠵᠢᠯ ᠥᠷᠨᠢᠭᠦᠯᠬᠦ᠎ᠳᠤ᠎ᠪᠠᠨ ᠠᠷᠭ᠎ᠠ ᠬᠡᠯᠪᠡᠷᠢ᠎ᠪᠠᠨ ᠠᠩᠬᠠᠷᠴᠤ᠂ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠤᠨ ᠬᠤᠪᠢ ᠬᠥᠮᠥᠨ᠎ᠤ ᠨᠢᠭᠤᠴᠠ ᠵᠢ ᠬᠠᠮᠠᠭ᠋ᠠᠯᠠᠬᠤ ᠵᠢ ᠠᠩᠬᠠᠷᠴᠤ᠂ ᠬᠡᠦᠬᠡᠳ ᠪᠠ ᠲᠡᠳᠡᠨ᠎ᠤ ᠭᠡᠷ ᠪᠦᠯᠢ᠎ᠳᠤ 《ᠲᠡᠮᠳᠡᠭ》 ᠬᠠᠳᠠᠬᠤ᠎ᠠᠴᠠ ᠵᠠᠢ᠌ᠯᠠᠰᠬᠢᠵᠦ᠂ ᠦᠨᠤᠴᠢᠷᠡᠮᠡᠯ ᠬᠡᠮ᠎ᠲᠠᠢ ᠬᠦᠴᠢᠷᠳᠡᠯᠳᠡᠢ ᠬᠡᠤᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠨᠠᠩ ᠰᠠᠢ᠌ᠨ ᠪᠠᠲᠤᠯᠠᠬᠤ ᠬᠡᠷᠡᠭᠲᠡᠢ᠃
ᠠᠷᠠᠳ᠎ᠤᠨ ᠶᠠᠪᠤᠳᠠᠯ᠎ᠤᠨ ᠶᠠᠮᠤᠨ᠂ ᠳᠤᠮᠳᠠᠳᠤ ᠤᠯᠤᠰ᠎ᠤᠨ ᠵᠡᠮᠳᠡᠭᠴᠤᠳ᠎ᠤᠨ ᠬᠤᠯᠪᠤᠭ᠎ᠠ
2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠤᠷ