ᠤᠯᠤᠰ᠎ᠤᠨ ᠡᠮ ᠡᠮᠨᠡᠯᠭᠡ ᠵᠢᠨ ᠲᠠᠭ᠋ᠠᠳᠬᠠᠯ᠎ᠤᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠳᠤᠯᠠᠭ᠎ᠠ ᠵᠢᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ ᠤᠨ᠎ᠬᠢᠨ ᠤᠷᠴᠢᠮ᠎ᠳᠤ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠣᠷᠳᠣ ᠬᠤᠭᠤᠴᠠᠭ᠋ᠠᠨ᠎ᠤ ᠵᠢ ᠪᠣᠯᠪᠠᠰᠤᠷᠠᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠪᠠᠢ᠌ᠷᠢᠯᠠᠭᠤᠯᠵᠤ᠂ ᠣᠷᠳᠣ ᠬᠤᠭᠤᠴᠠᠭ᠋ᠠᠨ᠎ᠤ ᠠᠰᠠᠷᠠᠭᠴᠢ ᠵᠢ ᠲᠤᠰᠬᠠᠢ᠌ᠵᠢᠭᠤᠯᠬᠤ᠂ ᠠᠵᠢᠯ ᠮᠡᠷᠭᠡᠵᠢᠭᠦᠯᠬᠦ ᠬᠥᠭᠵᠢᠯᠲᠡ ᠵᠢ ᠠᠬᠢᠭᠤᠯᠬᠤ᠎ᠪᠠᠷ ᠪᠠᠢ᠌ᠨ᠎ᠠ᠃
ᠮᠡᠳᠡᠭᠳᠡᠯ᠎ᠢ ᠦᠨᠳᠦᠰᠦᠯᠡᠪᠡᠯ᠂ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷᠠᠬᠢ ᠪᠦᠬᠦᠯᠢ ᠠᠷᠪᠠᠨ ᠵᠢᠷᠭᠤᠭ᠋ᠠᠨ ᠨᠠᠰᠤ ᠭᠦᠷᠦᠭᠰᠡᠨ ᠬᠥᠳᠡᠯᠮᠦᠷᠢᠴᠢᠨ᠂ ᠪᠡᠶ᠎ᠡ ᠰᠡᠳᠬᠢᠯ ᠡᠷᠡᠭᠦᠯ ᠴᠢᠭᠢᠷᠠᠭ ᠪᠥᠭᠡᠳ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠬᠤ ᠠᠵᠢᠯ ᠮᠡᠷᠭᠡᠵᠢᠯ᠎ᠤᠨ ᠴᠢᠳᠠᠪᠤᠷᠢ ᠵᠢᠨ ᠨᠥᠬᠥᠴᠡᠯ᠎ᠢ ᠪᠦᠷᠢᠯᠳᠦᠭᠦᠯᠦᠭᠰᠡᠨ ᠪᠤᠯ ᠴᠥᠮ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠭᠴᠢ ᠵᠢᠨ ᠪᠣᠯᠪᠠᠰᠤᠷᠠᠯ᠎ᠳᠤ ᠣᠷᠣᠯᠴᠠᠬᠤ᠎ᠪᠠᠷ ᠰᠠᠢ᠌ᠨ ᠳᠤᠷ᠎ᠠ᠎ᠠᠴᠠ᠎ᠪᠠᠨ ᠨᠡᠷ᠎ᠡ ᠮᠡᠳᠡᠭᠦᠯᠵᠦ ᠪᠤᠯᠬᠤ ᠶᠤᠮ ᠪᠠᠢ᠌ᠨ᠎ᠠ᠃
ᠮᠡᠳᠡᠭᠳᠡᠯ᠎ᠳᠤ᠄ 《ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠭᠴᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠲᠠᠰ᠎ᠤᠨ ᠪᠣᠯᠪᠠᠰᠤᠷᠠᠯ᠎ᠢ ᠥᠷᠨᠢᠭᠦᠯᠬᠦ ᠪᠠᠢ᠌ᠭᠤᠯᠤᠮᠵᠢ᠎ᠨᠢ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠭᠴᠢ ᠵᠢᠨ ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠣᠭᠴᠣ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠵᠢᠭ᠋ᠠᠬᠤ ᠮᠠᠲ᠋ᠧᠷᠢᠶᠠᠯ ᠪᠠ ᠤᠯᠤᠰ᠎ᠤᠨ ᠬᠣᠯᠪᠣᠭᠳᠠᠯ ᠪᠦᠬᠦᠢ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠬᠤ ᠳᠠᠭ᠋ᠠᠳᠬᠠᠯ᠎ᠤᠨ ᠳᠦᠷᠢᠮ᠎ᠤᠨ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠪᠣᠯᠪᠠᠰᠤᠷᠠᠯ᠎ᠤᠨ ᠠᠭᠤᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠵᠣᠬᠢᠴᠠᠩᠭᠤᠢ ᠪᠣᠯᠪᠠᠰᠤᠷᠠᠯ᠎ᠤᠨ ᠬᠢᠴᠢᠶᠡᠯ᠎ᠤᠨ ᠰᠢᠰᠲ᠋ᠧᠮ᠎ᠢ ᠲᠥᠷᠥᠯ ᠬᠤᠪᠢᠶᠠᠨ ᠲᠣᠭᠲᠠᠭ᠋ᠠᠬᠤ ᠬᠡᠷᠡᠭᠲᠡᠢ》 ᠭᠡᠵᠦ ᠲᠣᠭᠲᠠᠭ᠋ᠠᠵᠠᠢ᠃ ᠠᠭᠤᠯᠭ᠎ᠠ᠎ᠨᠢ ᠬᠢᠯᠪᠠᠷ᠎ᠠᠴᠠ ᠬᠦᠴᠢᠷ ᠪᠣᠯᠵᠤ᠂ ᠮᠡᠷᠭᠡᠵᠢᠯ ᠴᠢᠳᠠᠪᠤᠷᠢ᠎ᠨᠢ ᠠᠩᠬ᠎ᠠ ᠵᠡᠷᠭᠡ᠎ᠠᠴᠠ᠎ᠪᠠᠨ ᠳᠡᠭᠡᠳᠦ ᠵᠡᠷᠭᠡ᠎ᠳᠤ ᠬᠦᠷᠬᠦ ᠠᠷᠭ᠎ᠠ ᠶᠣᠰᠣᠭ᠋ᠠᠷ᠂ ᠲᠠᠪᠤᠳᠤᠭ᠋ᠠᠷ ᠲᠠᠰ / ᠠᠩᠬ᠎ᠠ ᠵᠡᠷᠭᠡ ᠵᠢᠨ ᠠᠵᠢᠯᠴᠢᠨ᠂ ᠳᠥᠷᠪᠡᠳᠦᠭᠡᠷ ᠲᠠᠰ / ᠳᠤᠮᠳᠠ ᠵᠡᠷᠭᠡ ᠵᠢᠨ ᠠᠵᠢᠯᠴᠢᠨ᠂ ᠭᠤᠷᠪᠠᠳᠤᠭ᠋ᠠᠷ ᠲᠠᠰ / ᠳᠡᠭᠡᠳᠦ ᠵᠡᠷᠭᠡ ᠵᠢᠨ ᠠᠵᠢᠯᠴᠢᠨ᠎ᠤ ᠪᠣᠯᠪᠠᠰᠤᠷᠠᠯ᠎ᠢ ᠲᠥᠷᠥᠯ ᠬᠤᠪᠢᠶᠠᠨ ᠥᠷᠨᠢᠭᠦᠯᠦᠨ᠎ᠡ᠃ ᠡᠯ᠎ᠡ ᠭᠠᠵᠠᠷ᠎ᠤᠨ᠎ᠬᠢᠨ ᠣᠨᠣᠯ᠎ᠤᠨ ᠬᠢᠴᠢᠶᠡᠯ ᠬᠢᠭᠡᠳ ᠦᠢ᠍ᠯᠡᠳᠦᠯᠭᠡ ᠵᠢᠨ ᠠᠵᠢᠯᠯᠠᠭ᠎ᠠ ᠵᠢ ᠬᠠᠷᠢᠯᠴᠠᠨ ᠤᠶᠠᠯᠳᠤᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠬᠠᠷᠢᠯᠴᠠᠨ ᠤᠶᠠᠯᠳᠤᠭᠤᠯᠬᠤ ᠠᠷᠭ᠎ᠠ ᠵᠢ ᠠᠪᠴᠤ ᠪᠠᠢ᠌ᠭ᠋ᠠᠳ ᠪᠣᠯᠪᠠᠰᠤᠷᠠᠯ ᠥᠷᠨᠢᠭᠦᠯᠵᠦ᠂ ᠪᠣᠯᠪᠠᠰᠤᠷᠠᠯ᠎ᠳᠤ ᠣᠷᠣᠯᠴᠠᠬᠤ ᠰᠤᠷᠤᠭᠴᠢᠳ᠎ᠤᠨ ᠦᠢ᠍ᠯᠡᠳᠦᠯᠭᠡ ᠵᠢᠨ ᠠᠵᠢᠯᠯᠠᠭ᠋ᠠᠨ᠎ᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠭᠡᠵᠤ ᠱᠠᠭ᠋ᠠᠷᠳᠠᠯ᠎ᠠ᠃
ᠮᠡᠳᠡᠭᠳᠡᠯ᠎ᠳᠤ ᠳᠤᠷᠠᠳᠤᠭᠰᠠᠨ᠎ᠨᠢ᠂ ᠡᠯ᠎ᠡ ᠭᠠᠵᠠᠷ᠎ᠤᠨ᠎ᠬᠢᠨ ᠪᠣᠯᠪᠠᠰᠤᠷᠠᠯ᠎ᠤᠨ ᠪᠠᠢ᠌ᠭᠤᠯᠤᠮᠵᠢ ᠪᠣᠯᠣᠨ ᠲᠣᠭᠲᠠᠮᠠᠯ ᠴᠡᠭ᠎ᠤᠨ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠣᠭᠣᠷᠣᠨᠳᠣᠬᠢ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠬᠤ ᠵᠢ ᠵᠢᠭ᠋ᠠᠨ ᠵᠢᠯᠤᠭᠣᠳᠴᠤ᠂ ᠠᠵᠢᠯᠴᠢᠨ ᠬᠡᠷᠡᠭᠯᠡᠬᠦ ᠥᠪᠡᠷᠮᠢᠴᠡ ᠠᠵᠢᠯ᠎ᠤᠨ ᠪᠠᠢ᠌ᠷᠢ ᠵᠢᠨ ᠬᠡᠷᠡᠭᠴᠡᠭᠡ᠎ᠲᠠᠢ ᠤᠶᠠᠯᠳᠤᠭᠤᠯᠤᠨ᠂ ᠵᠠᠬᠢᠶᠠᠯᠠᠭ᠎ᠠ ᠵᠢᠨ ᠮᠠᠶᠢᠭ᠎ᠤᠨ ᠪᠣᠯᠪᠠᠰᠤᠷᠠᠯ᠎ᠢ ᠥᠷᠨᠢᠭᠦᠯᠬᠦ ᠬᠡᠷᠡᠭᠲᠡᠢ᠃ ᠲᠣᠭᠲᠠᠭᠰᠠᠨ ᠴᠡᠭ᠎ᠤᠨ ᠣᠷᠳᠣ ᠬᠤᠭᠤᠴᠠᠭ᠎ᠠ᠎ᠪᠠᠷ ᠰᠤᠪᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠵᠢᠯ᠎ᠤᠨ ᠪᠠᠢ᠌ᠷᠢ᠎ᠳᠤ ᠤᠷᠢᠨ ᠬᠡᠷᠡᠭᠯᠡᠬᠦ᠎ᠳᠤ᠎ᠪᠠᠨ ᠵᠣᠬᠢᠬᠤ ᠠᠵᠢᠯ᠎ᠤᠨ ᠴᠢᠳᠠᠪᠤᠷᠢ ᠵᠢᠨ ᠲᠠᠰ᠎ᠤᠨ ᠦᠨᠡᠮᠯᠡᠯ ᠣᠯᠣᠭᠰᠠᠨ ᠠᠵᠢᠯᠲᠠᠨ᠎ᠢ ᠤᠷᠢᠳ ᠵᠶ᠋ᠡᠷ ᠰᠣᠩᠭᠣᠬᠤ ᠵᠢ ᠵᠣᠷᠢᠭᠵᠢᠭᠤᠯᠵᠤ᠂ ᠲᠣᠭᠲᠠᠭᠰᠠᠨ ᠴᠡᠭ᠎ᠤᠨ ᠣᠷᠳᠣ ᠬᠤᠭᠤᠴᠠᠭ᠎ᠠ᠎ᠪᠠᠷ ᠰᠤᠪᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠰᠤᠪᠢᠯᠠᠬᠤ ᠦᠢ᠍ᠯᠡᠴᠢᠯᠡᠭᠡᠨ᠎ᠤ ᠠᠵᠢᠯᠲᠠᠨ ᠪᠤᠯᠤᠨ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ ᠵᠢᠨ ᠠᠵᠢᠯᠲᠠᠨ᠎ᠢ ᠵᠢᠯᠤᠭᠣᠳᠴᠤ ᠪᠠᠢ᠌ᠭ᠋ᠠᠳ ᠪᠥᠬᠥ ᠠᠵᠢᠯᠲᠠᠨ᠎ᠤ ᠦᠨᠡᠮᠯᠡᠯ᠎ᠲᠠᠢ ᠪᠠᠢ᠌ᠬᠤ ᠵᠢ ᠠᠯᠬᠤᠮ ᠠᠯᠬᠤᠮ ᠵᠶ᠋ᠠᠷ ᠪᠡᠶᠡᠯᠡᠬᠦᠯᠬᠦ ᠬᠡᠷᠡᠭᠳᠡᠢ》 ᠬᠡᠵᠡᠢ᠃
ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠵᠢᠨ᠎ᠬᠢᠨ ᠡᠭᠦᠨ᠎ᠠᠴᠠ ᠡᠮᠦᠨ᠎ᠡ ᠨᠢᠭᠡᠨᠲᠡ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ᠎ᠬᠢᠨ᠎ᠲᠠᠢ ᠬᠠᠮᠲᠤᠷᠠᠨ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠭᠴᠢ ᠵᠢᠨ ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠣᠭᠴᠣ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠬᠤ ᠲᠤᠬᠠᠢ ᠬᠡᠷᠡᠭᠵᠢᠭᠦᠯᠬᠦ ᠰᠠᠨᠠᠯ᠎ᠢ ᠨᠡᠢ᠌ᠲᠡᠯᠡᠭᠰᠡᠨ ᠶᠤᠮ᠃ ᠪᠥᠬᠥ ᠤᠯᠤᠰ᠎ᠤᠨ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠭᠴᠢ ᠵᠢᠨ ᠠᠩᠬᠠᠳᠠᠭᠴᠢ ᠰᠢᠯᠭ᠋ᠠᠯᠲᠠ ᠤᠷᠴᠢᠮ᠎ᠳᠤ ᠵᠢᠶᠠᠩᠰᠤ ᠵᠢᠨ ᠨᠠᠨᠲ᠋ᠦᠢ᠌ᠩᠳᠤ ᠶᠠᠪᠤᠭᠳᠠᠪᠠ᠃
ᠤᠯᠤᠰ᠎ᠤᠨ ᠡᠮ ᠡᠮᠨᠡᠯᠭᠡ ᠵᠢᠨ ᠲᠣᠪᠴᠢᠶ᠎ᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠄ 《ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠰᠤᠪᠢᠯᠠᠬᠤ ᠵᠢ ᠲᠤᠰᠬᠠᠢ᠌ᠵᠢᠭᠤᠯᠬᠤ᠂ ᠠᠵᠢᠯ ᠮᠡᠷᠭᠡᠵᠢᠭᠦᠯᠬᠦ ᠬᠥᠭᠵᠢᠯᠲᠡ ᠵᠢ ᠲᠦᠷᠭᠡᠳᠬᠡᠨ ᠠᠬᠢᠭᠤᠯᠬᠤ᠎ᠨᠢ ᠲᠤᠰᠬᠠᠢ᠌ᠵᠢᠭᠰᠠᠨ ᠥᠨᠳᠥᠷ ᠬᠡᠪ ᠪᠣᠯᠪᠠᠰᠤᠷᠠᠯ᠎ᠲᠠᠢ ᠴᠢᠳᠠᠪᠤᠷᠢᠲᠠᠨ᠎ᠤ ᠡᠩᠨᠡᠭᠡ ᠵᠢ ᠬᠥᠮᠥᠵᠢᠭᠦᠯᠬᠦ᠎ᠳᠤ ᠠᠰᠢᠭᠲᠠᠢ ᠪᠠᠢ᠌ᠵᠤ᠂ ᠣᠷᠳᠣ ᠬᠤᠭᠤᠴᠠᠭ᠎ᠠ᠎ᠪᠠᠷ ᠠᠰᠠᠷᠠᠨ ᠰᠤᠪᠢᠯᠠᠬᠤ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠡᠭᠭ᠋ᠠᠬᠤ ᠪᠤᠯᠤᠨ᠎ᠠ》 ᠭᠡᠵᠤ ᠢᠯᠡᠷᠬᠡᠢ᠌ᠯᠡᠯᠡ᠃
ᠤᠯᠤᠰ᠎ᠤᠨ ᠡᠮ ᠡᠮᠨᠡᠯᠭᠡ ᠵᠢᠨ ᠲᠠᠭ᠋ᠠᠳᠬᠠᠯ᠎ᠤᠨ ᠲᠤᠪᠴᠢᠶ᠎ᠠ
ᠰᠤᠷᠭ᠋ᠠᠨ ᠬᠥᠮᠦᠵᠢᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ
ᠡᠳ᠋᠎ᠤᠨ ᠵᠠᠰᠠᠭ᠎ᠤᠨ ᠶᠠᠮᠤᠨ
ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠳᠤᠯᠠᠭ᠎ᠠ ᠵᠢᠨ ᠶᠠᠮᠤᠨ
ᠲᠠᠷᠢᠶᠠᠯᠠᠩ ᠬᠥᠳᠡᠭᠡ ᠲᠣᠰᠬᠣᠨ᠎ᠤ ᠶᠠᠮᠤᠨ
ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ