ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠭᠤᠴᠢᠨ ᠲᠠᠪᠤᠳᠡᠬᠢ ᠪᠦᠬᠦ ᠤᠯᠤᠰ ᠣᠨ ᠵᠡᠮᠳᠡᠭᠴᠦᠳ᠎ᠢ ᠲᠤᠰᠠᠯᠠᠬᠤ ᠡᠳᠦᠷ᠎ᠤᠨ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄ 2025-05-08

ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠮᠡᠳᠡᠭᠡ ᠬᠣᠯᠪᠣᠭ᠋ᠠᠨ᠎ᠤ ᠬᠠᠮᠢᠶᠠᠷᠤᠯᠲᠠ᠂ ᠠᠷᠠᠳ᠎ᠤᠨ ᠶᠠᠪᠤᠳᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠵᠠᠮ ᠲᠡᠭᠡᠭᠡᠪᠦᠷᠢ᠂ ᠲᠠᠷᠢᠶᠠᠯᠠᠩ ᠬᠥᠳᠡᠭᠡ ᠲᠣᠰᠬᠣᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠤ᠂ ᠡᠮ ᠡᠮᠨᠡᠯᠭᠡ ᠵᠢᠨ ᠪᠠᠲᠤᠯᠠᠭ᠎ᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ᠎ᠤ ᠡᠪᠯᠡᠯ᠂ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠣᠯᠪᠣᠭ᠎ᠠ᠂ ᠵᠡᠮᠳᠡᠭᠴᠦᠳ᠎ᠤᠨ ᠬᠣᠯᠪᠣᠭ᠎ᠠ᠂ ᠴᠢᠯᠦᠭᠡᠯᠡᠬᠦ ᠴᠡᠷᠢᠭ᠎ᠤᠨ ᠡᠯ᠎ᠡ ᠨᠢᠭᠡᠴᠢ ᠪᠠ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠤᠯᠤᠰ ᠲᠦᠷᠦ ᠵᠢᠨ ᠠᠵᠢᠯ᠎ᠤᠨ ᠬᠡᠯᠲᠡᠰ (ᠲᠣᠪᠴᠢᠶ᠎ᠠ᠂ ᠠᠯᠪᠠᠨ ᠭᠡᠷ)᠎ᠲᠤ᠄
  
    2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠲᠡᠭᠦᠰᠬᠡᠯ᠎ᠤᠨ ᠵᠢᠯ ᠪᠦᠬᠡᠳ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢ ᠲᠥᠯᠥᠪᠯᠡᠨ ᠪᠠᠢ᠌ᠷᠢᠯᠠᠭᠤᠯᠬᠤ ᠵᠢᠯ ᠮᠥᠨ᠃ ᠭᠤᠴᠢᠨ  ᠲᠠᠪᠤᠳᠡᠬᠢ ᠪᠦᠬᠦ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ (5 ᠳ᠋ᠤᠭ᠋ᠠᠷ ᠰᠠᠷ᠎ᠠ ᠵᠢᠨ 18᠎ᠤ ᠡᠳᠦᠷ)᠎ᠤᠨ ᠬᠤᠭᠤᠴᠠᠭ᠋ᠠᠨ᠎ᠳᠤ᠎ᠬᠢ ᠭᠣᠣᠯ ᠰᠡᠳᠦᠪᠲᠦ ᠠᠵᠢᠯᠯᠠᠭ᠎ᠠ ᠵᠢ ᠬᠢᠨᠠᠮᠠᠭ᠋ᠠᠢ ᠵᠣᠬᠢᠶᠠᠨ ᠪᠠᠢ᠌ᠭᠤᠯᠤᠨ ᠥᠷᠨᠢᠭᠦᠯᠵᠦ᠂ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠪᠣᠯᠣᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠵᠡᠮᠳᠡᠭᠴᠦᠳ᠎ᠤᠨ ᠦᠢ᠍ᠯᠡᠰ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠤᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠡᠮᠳᠡᠭᠴᠦᠳ᠎ᠤᠨ ᠦᠢ᠍ᠯᠡᠰ᠎ᠤᠨ ᠲᠤᠬᠠᠢ ᠰᠢᠢ᠍ᠳᠪᠦᠷᠢᠲᠦ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠎ᠬᠢ ᠵᠡᠮᠳᠡᠭᠴᠦᠳ᠎ᠤᠨ ᠪᠠᠲᠤᠯᠠᠭ᠎ᠠ ᠪᠠ ᠬᠥᠭᠵᠢᠯᠲᠡ ᠵᠢᠨ ᠲᠥᠯᠦᠪᠵᠢᠭᠦᠯᠭᠡ》 ᠵᠢᠨ ᠬᠠᠷᠠᠯᠲᠠ ᠡᠭᠦᠷᠭᠡ ᠵᠢ ᠪᠦᠬᠦ ᠲᠠᠯ᠎ᠠ ᠎ᠪᠠᠷ ᠪᠡᠶᠡᠯᠡᠭᠦᠯᠵᠦ᠂ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠰᠦᠪᠡᠭᠴᠢᠯᠡᠵᠦ᠂ ᠵᠡᠮᠳᠡᠭᠴᠦᠳ᠎ᠤᠨ ᠨᠡᠢ᠌ᠭᠡᠮ᠎ᠤᠨ ᠪᠠᠲᠤᠯᠠᠭ᠎ᠠ ᠵᠢᠨ ᠳᠦᠷᠢᠮ ᠪᠠ  ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲᠸᠮ᠎ᠢ ᠤᠯᠠᠮ ᠲᠡᠭᠦᠯᠳᠡᠷᠵᠢᠭᠦᠯᠦᠨ᠂ ᠵᠡᠮᠳᠡᠭᠴᠦᠳ᠎ᠤᠨ ᠡᠯ᠎ᠡ ᠵᠦᠢ᠍ᠯ᠎ᠤᠨ ᠡᠷᠬᠡ ᠠᠰᠢᠭ᠎ᠢ ᠨᠠᠩ ᠰᠠᠢ᠌ᠲᠤᠷ ᠪᠠᠲᠤᠯᠠᠵᠤ᠂ ᠵᠡᠮᠳᠡᠭᠴᠦᠳ᠎ᠢ ᠲᠡᠳᠬᠦᠨ ᠵᠡᠮᠳᠡᠭᠴᠦᠳ᠎ᠢ ᠲᠤᠰᠠᠯᠠᠬᠤ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠶᠡᠬᠡ᠎ᠪᠠᠷ ᠪᠣᠶ ᠪᠣᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠵᠡᠮᠳᠡᠭᠴᠦᠳ᠎ᠤᠨ ᠦᠢ᠍ᠯᠡᠰ᠎ᠤᠨ ᠪᠥᠬᠥ ᠲᠠᠯ᠎ᠠ᠎ᠪᠠᠷ ᠬᠥᠭᠵᠢᠬᠦ᠂  ᠴᠢᠨᠠᠷᠯᠢᠭ ᠬᠦᠭᠵᠢᠯᠳᠡ ᠵᠢ ᠲᠠᠰᠤᠷᠠᠯᠲᠠ ᠦᠭᠡᠢ ᠠᠬᠢᠭᠤᠯᠬᠤ᠎ᠨᠢ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠎ᠤᠨ᠎ᠬᠢᠨ ᠴᠢᠬᠤᠯᠠᠴᠢᠯᠠᠬᠤ ᠵᠢᠨ ᠶᠡᠬᠡ᠎ᠪᠠᠷ ᠴᠢᠬᠤᠯᠠᠴᠢᠯᠠᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂  ᠪᠦᠲᠦᠮᠵᠢᠲᠡᠶ ᠠᠷᠭ᠎ᠠ᠎ᠪᠠᠷ ᠵᠡᠮᠳᠡᠭᠴᠦᠳ᢭ ᠢ ᠲᠤᠰᠠᠯᠠᠬᠤ ᠡᠳᠦᠷ᠎ᠤᠨ ᠡᠯᠪᠡᠭ ᠪᠠᠶᠠᠯᠢᠭ ᠤᠯᠠᠨ ᠶᠠᠩᠵᠤ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠢ᠃

ᠨᠢᠭᠡ᠂ ᠠᠵᠢᠯᠯᠠᠭ᠎ᠠ ᠵᠢᠨ ᠭᠣᠣᠯ ᠰᠡᠳᠦᠪ

 《ᠥᠪᠡᠷ᠎ᠢ᠎ᠪᠠᠨ ᠬᠦᠴᠦᠷᠬᠡᠭᠵᠢᠭᠦᠯᠬᠦ ᠪᠠ ᠵᠡᠮᠳᠡᠭᠴᠦᠳ᠎ᠢ ᠲᠤᠰᠠᠯᠠᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠪᠦᠯᠬᠦᠮᠳᠡᠨ ᠲᠡᠮᠡᠴᠡᠬᠦ ᠬᠦᠴᠦᠨ᠎ᠢ ᠨᠢᠭᠲᠠᠷᠠᠭᠤᠯᠤᠶ᠎ᠠ》

ᠬᠣᠶᠠᠷ᠂ ᠠᠵᠢᠯᠯᠠᠭ᠎ᠠ ᠵᠢᠨ ᠠᠷᠭ᠎ᠠ 

    (ᠨᠢᠭᠡ) ᠠᠵᠢᠯᠯᠠᠭ᠎ᠠ ᠵᠢᠨ ᠲᠥᠰᠥᠯ᠎ᠢ ᠲᠣᠭᠲᠠᠭ᠋ᠠᠨ᠎ᠠ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠣᠨ ᠎ᠤ ᠭᠣᠣᠯᠳᠠᠯᠭ᠎ᠠ᠎ᠲᠠᠢ ᠠᠵᠢᠯ ᠎ᠤᠨ ᠡᠭᠦᠷᠭᠡ ᠪᠠ ᠲᠤᠰ ᠭᠠᠵᠠᠷ ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠪᠥᠬᠥ ᠤᠯᠤᠰ ᠎ᠤᠨ ᠵᠡᠮᠳᠡᠭᠴᠦᠳ ᠎ᠢ ᠲᠤᠰᠠᠯᠠᠬᠤ ᠡᠳᠦᠷ ᠎ᠤᠨ ᠭᠣᠣᠯ ᠰᠡᠳᠦᠪᠲᠦ ᠠᠵᠢᠯᠯᠠᠭ᠎ᠠ ᠵᠢ ᠰᠤᠳᠤᠯᠤᠨ ᠪᠠᠢ᠌ᠷᠢᠯᠠᠭᠤᠯᠵᠤ ᠵᠡᠮᠳᠡᠭᠴᠦᠳ ᠎ᠢ ᠲᠤᠰᠠᠯᠠᠬᠤ ᠡᠳᠦᠷ ᠎ᠤᠨ ᠬᠤᠭᠤᠴᠠᠭ᠋ᠠᠨ ᠎ᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ ᠎ᠢ ᠲᠣᠭᠲᠠᠭ᠋ᠠᠨ᠂ ᠡᠯ᠎ᠡ ᠵᠦᠢ᠍ᠯ ᠎ᠤᠨ ᠠᠵᠢᠯ ᠎ᠢ ᠨᠢᠭᠡᠳᠦᠯᠲᠡᠢ ᠲᠥᠯᠥᠪᠯᠡᠨ ᠪᠦᠳᠤᠮᠵᠢᠳᠡᠢ ᠠᠷᠭ᠎ᠠ᠎ᠪᠠᠷ  ᠠᠬᠢᠭᠤᠯᠬᠤ ᠬᠡᠷᠡᠭᠲᠡᠢ᠃ ᠪᠦᠬᠦ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ᠎ᠤᠨ ᠭᠣᠣᠯ ᠰᠡᠳᠦᠪ᠎ᠤᠨ ᠲᠣᠭᠣᠷᠢᠨ᠎ᠳᠤ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠥᠪᠡᠷ ᠵᠶ᠋ᠡᠨ ᠬᠦᠴᠦᠷᠬᠡᠭᠵᠢᠭᠰᠡᠨ ᠵᠢᠱ᠌ᠢᠶᠡᠴᠢ ᠪᠠ ᠵᠡᠮᠳᠡᠭᠴᠦᠳ᠎ᠢ ᠲᠤᠰᠠᠯᠠᠭᠰᠠᠨ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢᠨ ᠤᠬᠠᠭᠤᠯᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠰᠣᠨᠢᠨ ᠮᠡᠳᠡᠭᠡᠯᠡᠯ᠂ ᠰᠣᠶᠣᠯ᠎ᠤᠨ ᠠᠵᠢᠯᠯᠠᠭ᠎ᠠ᠂ ᠪᠣᠯᠪᠠᠰᠤᠨ ᠦᠢ᠍ᠯᠡᠳᠦᠯᠭᠡ ᠵᠡᠷᠭᠡ ᠬᠡᠯᠪᠡᠷᠢ᠎ᠪᠠᠷ ᠳᠠᠮᠵᠢᠭᠤᠯᠤᠨ᠂ ᠰᠢ ᠵᠢᠨ ᠫᠢᠩ ᠶᠡᠷᠦᠩᠬᠡᠢ ᠱᠦᠵᠢ ᠵᠢᠨ ᠵᠡᠮᠳᠡᠭᠴᠦᠳ᠎ᠤᠨ ᠦᠢ᠍ᠯᠡᠰ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠥᠷᠭᠡᠨ ᠳᠡᠯᠭᠡᠷ ᠤᠬᠠᠭᠤᠯᠵᠤ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠪᠠᠷ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ᠎ᠳᠤ ᠣᠯᠣᠭᠰᠠᠨ ᠰᠢᠨ᠎ᠡ ᠲᠡᠦᠬᠡᠲᠦ ᠴᠢᠨᠠᠷᠲᠠᠢ ᠠᠮᠵᠢᠯᠲᠠ ᠵᠢ ᠭᠦᠢ᠍ᠴᠡᠳ ᠢᠯᠡᠷᠡᠭᠦᠯᠵᠦ᠂ ᠵᠡᠮᠳᠡᠭᠴᠦᠳ᠎ᠤᠨ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠬᠤ ᠪᠠ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠪᠠᠭᠤᠷᠠᠢ ᠵᠢ ᠲᠡᠳᠬᠦᠨ ᠵᠡᠮᠳᠡᠭᠴᠦᠳ᠎ᠢ ᠬᠠᠪᠰᠤᠷᠬᠤ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠰᠠᠢ᠌ᠬᠠᠨ ᠰᠤᠷᠲᠠᠯ᠎ᠢ  ᠶᠡᠬᠡ᠎ᠪᠠᠷ ᠪᠠᠳᠠᠷᠠᠭᠤᠯᠵᠤ᠂ ᠵᠡᠮᠳᠡᠭᠴᠦᠳ᠎ᠤᠨ ᠠᠵᠢᠯᠲᠠᠳ᠎ᠤᠨ ᠦᠨᠡᠨ ᠰᠡᠳᠬᠢᠯ᠎ᠠᠴᠠ᠎ᠪᠠᠨ ᠵᠡᠮᠳᠡᠭᠴᠦᠳ᠎ᠲᠤ ᠦᠢ᠍ᠯᠡᠴᠢᠯᠡᠭᠰᠡᠨ ᠨᠡᠢ᠌ᠲᠡᠯᠢᠭ ᠦᠢ᠍ᠯᠡ ᠠᠵᠢᠯᠯᠠᠭ᠎ᠠ ᠵᠢ ᠲᠥᠪᠯᠡᠷᠡᠭᠦᠯᠦᠨ ᠢᠯᠡᠷᠡᠭᠦᠯᠵᠦ᠂ ᠵᠡᠮᠳᠡᠭᠴᠦᠳ᠎ᠤᠨ ᠦᠢ᠍ᠯᠡᠰ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠲᠤᠮᠳᠠᠬᠢ ᠲᠦᠷᠭᠡᠨ ᠬᠦᠭᠵᠢᠯᠳᠡ ᠵᠢ ᠠᠬᠢᠭᠤᠯᠬᠤ ᠵᠢᠨ ᠲᠥᠯᠥᠭᠡ ᠰᠡᠳᠬᠢᠯ ᠵᠶ᠋ᠡᠨ ᠨᠢᠭᠡᠳᠬᠡᠨ ᠬᠦᠴᠦᠨ ᠵᠶ᠋ᠡᠨ ᠲᠦᠪᠯᠡᠷᠡᠬᠦᠯᠬᠦ ᠬᠡᠷᠡᠭᠳᠡᠢ᠃

(ᠬᠣᠶᠠᠷ) ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠲᠤᠳᠤᠷᠬᠠᠢ᠌ᠯᠠᠨ᠎ᠠ

   1. ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠡᠮᠳᠡᠭᠴᠦᠳ᠎ᠤᠨ ᠪᠠᠲᠤᠯᠠᠭ᠎ᠠ ᠵᠢᠨ ᠬᠠᠤᠯᠢ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠷᠰᠢ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠬᠠᠤᠯᠢ》᠂ 《ᠵᠡᠮᠳᠡᠭᠴᠦᠳ᠎ᠤᠨ ᠰᠤᠷᠭ᠋ᠠᠨ ᠬᠥᠮᠦᠵᠢᠯ᠎ᠤᠨ ᠳᠦᠷᠢᠮ》᠂ 《ᠵᠡᠮᠳᠡᠭᠴᠦᠳ᠎ᠲᠤ ᠠᠵᠢᠯ ᠣᠯᠭᠣᠬᠤ ᠳᠦᠷᠢᠮ》᠂ 《  ᠵᠡᠮᠳᠡᠭᠷᠡᠬᠦ᠎ᠠᠴᠠ ᠰᠡᠷᠭᠡᠢ᠌ᠯᠡᠬᠦ ᠪᠠ ᠵᠡᠮᠳᠡᠭᠴᠦᠳ᠎ᠢ ᠡᠷᠡᠭᠦᠯᠵᠢᠭᠦᠯᠬᠦ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《ᠵᠡᠮᠳᠡᠭᠴᠦᠳ᠎ᠢ ᠲᠡᠳᠬᠦᠵᠦ ᠵᠡᠮᠳᠡᠭᠴᠦᠳ᠎ᠢ ᠲᠤᠰᠠᠯᠠᠬᠤ ᠪᠣᠯᠪᠠᠰᠤᠨ ᠦᠢ᠍ᠯᠡᠳᠦᠯᠭᠡ ᠵᠢᠨ ᠠᠵᠢᠯᠯᠠᠭ᠎ᠠ ᠵᠢ ᠤᠯᠠᠮ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠤᠨ ᠱᠠᠭ᠋ᠠᠷᠳᠠᠯᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠵᠡᠮᠳᠡᠭᠴᠦᠳ᠎ᠢ ᠲᠡᠳᠬᠦᠵᠦ ᠵᠡᠮᠳᠡᠭᠴᠦᠳ᠎ᠢ ᠲᠤᠰᠠᠯᠠᠬᠤ ᠪᠣᠯᠪᠠᠰᠤᠨ᠎ᠤ ᠦᠢ᠍ᠯᠡᠳᠦᠯᠭᠡ ᠵᠢᠨ ᠠᠵᠢᠯᠯᠠᠭ᠎ᠠ ᠵᠢ ᠤᠯᠤᠰ᠎ᠤᠨ ᠤᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠶᠡᠬᠡ ᠲᠠᠯ᠎ᠠ᠎ᠳᠤ ᠠᠭᠤᠰᠤᠯᠴᠠᠭᠤᠯᠬᠤ ᠠᠵᠢᠯ᠎ᠢ ᠠᠬᠢᠭᠤᠯᠵᠤ᠂ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ᠎ᠪᠠᠷ ᠰᠦᠭ ᠰᠦᠨᠡᠰᠦ ᠵᠢ ᠱᠤᠭᠤᠵᠤ ᠬᠥᠮᠥᠨ᠎ᠢ ᠬᠥᠮᠥᠵᠢᠭᠦᠯᠬᠦ ᠵᠢ ᠪᠠᠷᠢᠮᠲᠠᠯᠠᠵᠤ᠂ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠪᠦᠬᠦ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ᠎ᠤᠨ ᠭᠣᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠵᠢᠨ ᠵᠡᠮᠳᠡᠭᠴᠦᠳ᠎ᠢ ᠲᠡᠳᠬᠦᠵᠦ ᠵᠡᠮᠳᠡᠭᠴᠦᠳ᠎ᠢ ᠲᠤᠰᠠᠯᠠᠬᠤ ᠤᠯᠠᠨ ᠬᠡᠯᠪᠡᠷᠢ ᠵᠢᠨ ᠪᠣᠯᠪᠠᠰᠤᠨ᠎ᠤ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂  ᠵᠡᠮᠳᠡᠭᠴᠦᠳ᠎ᠲᠤ ᠢᠳᠡᠪᠬᠢᠲᠡᠢ᠎ᠪᠠᠷ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠭᠦᠨ᠎ᠡ᠃
     2. ᠡᠯ᠎ᠡ ᠭᠠᠵᠠᠷ᠎ᠤᠨ ᠰᠤᠷᠭ᠋ᠠᠨ ᠬᠥᠮᠦᠵᠢᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠳ ᠣᠨᠴᠣᠭᠤᠢ ᠰᠤᠷᠭ᠋ᠠᠨ ᠬᠥᠮᠦᠵᠢᠯ᠎ᠤᠨ ᠪᠠᠲᠤᠯᠠᠭ᠎ᠠ ᠵᠢᠨ ᠲᠣᠭᠲᠠᠴᠠ ᠵᠢ ᠲᠡᠬᠦᠯᠳᠡᠷᠵᠢᠬᠦᠯᠬᠦ ᠵᠢᠨ ᠲᠣᠭᠣᠷᠢᠨ᠎ᠳᠤ ᠠᠵᠢᠯᠯᠠᠭ᠎ᠠ᠎ᠪᠠᠨ ᠥᠷᠨᠢᠭᠦᠯᠬᠦ ᠬᠡᠷᠡᠭᠲᠡᠢ᠃ 《ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ ᠵᠢᠨ ᠬᠥᠲᠥᠯᠪᠦᠷᠢ (2024  — 2035 ᠣᠨ)》 ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠣᠨᠴᠠᠭ᠋ᠠᠶ ᠰᠤᠷᠭ᠋ᠠᠨ ᠬᠥᠮᠦᠵᠢᠯ᠎ᠤᠨ ᠲᠦᠭᠡᠮᠡᠯ ᠬᠠᠷᠠᠭ᠋ᠠᠯᠵᠠᠯᠲᠤ ᠬᠥᠭᠵᠢᠯᠲᠡ ᠵᠢᠨ ᠪᠠᠲᠤᠯᠠᠭ᠎ᠠ ᠵᠢᠨ ᠠᠷᠭ᠎ᠠ ᠵᠢ ᠴᠢᠩᠭ᠋ᠠᠷᠠᠭᠤᠯᠤᠨ᠎ᠠ᠃ 《15 · 5》 ᠵᠢᠨ ᠲᠥᠯᠦᠪᠵᠢᠭᠦᠯᠭᠡ ᠵᠢᠨ ᠣᠨᠴᠣᠭᠤᠢ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢ ᠰᠤᠳᠤᠯᠤᠨ ᠲᠣᠭᠲᠠᠭ᠋ᠠᠨ᠎ᠠ᠃ ᠥᠨᠥᠴᠢᠷᠡᠮᠡᠯ ᠭᠡᠮ᠎ᠲᠠᠢ ᠬᠡᠦᠬᠡᠳ᠎ᠤᠨ ᠣᠨᠴᠠᠭ᠋ᠠᠶ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ ᠵᠢ ᠰᠤᠷᠬᠤ ᠨᠠᠰᠤᠨ᠎ᠠᠴᠠ ᠡᠮᠦᠨᠡᠬᠢ ᠠᠭᠤᠰᠤᠯᠴᠠᠭᠰᠠᠨ ᠰᠤᠷᠭ᠋ᠠᠨ ᠬᠥᠮᠦᠵᠢᠯ᠎ᠢ ᠢᠳᠡᠪᠬᠢᠲᠡᠢ ᠥᠷᠨᠢᠭᠦᠯᠵᠦ᠂ ᠵᠡᠮᠳᠡᠭᠴᠦᠳ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠲᠦᠷᠭᠡᠳᠬᠡᠨ ᠠᠬᠢᠭᠤᠯᠵᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠪᠠᠲᠤᠯᠠᠭ᠎ᠠ ᠵᠢᠨ ᠠᠭᠤᠰᠤᠯᠴᠠᠭᠤᠯᠤᠨ ᠬᠥᠮᠥᠵᠢᠭᠦᠯᠬᠦ ᠪᠠ ᠰᠤᠷᠭ᠋ᠠᠨ ᠬᠥᠮᠦᠵᠢᠯ᠎ᠢ ᠭᠡᠷ᠎ᠲᠤ᠎ᠨᠢ ᠬᠦᠷᠭᠡᠵᠦ ᠵᠢᠷᠤᠮᠵᠢᠭᠤᠯᠬᠤ ᠠᠵᠢᠯ᠎ᠢ ᠶᠡᠬᠡ᠎ᠪᠠᠷ ᠠᠬᠢᠭᠤᠯᠤᠨ᠎ᠠ᠃ ᠤᠨᠴᠠᠭ᠋ᠠᠢ ᠰᠤᠷᠭ᠋ᠠᠨ ᠬᠥᠮᠦᠵᠢᠯ᠎ᠤᠨ ᠲᠣᠭ᠋ᠠᠴᠢᠯᠠᠭᠰᠠᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠢᠳᠡᠪᠬᠢᠲᠡᠢ᠎ᠪᠠᠷ ᠠᠬᠢᠭᠤᠯᠤᠨ᠎ᠠ᠃  ᠤᠨᠴᠠᠭ᠋ᠠᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠲᠥᠪ᠎ᠤᠨ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠵᠤ᠂ ᠤᠯᠤᠰ᠎ᠤᠨ  ᠤᠨᠴᠠᠭ᠋ᠠᠢ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃
    3. ᠡᠯ᠎ᠡ ᠭᠠᠵᠠᠷ ᠎ᠤᠨ ᠠᠷᠠᠳ ᠎ᠤᠨ ᠶᠠᠪᠤᠳᠠᠯ᠂  ᠵᠡᠮᠳᠡᠭᠴᠦᠳ ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠵᠡᠮᠳᠡᠭᠴᠦᠳ ᠎ᠤᠨ ᠨᠡᠢ᠌ᠭᠡᠮ ᠎ᠤᠨ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠬᠦ ᠵᠢᠨ ᠲᠣᠭᠣᠷᠢᠨ ᠎ᠳᠤ ᠠᠵᠢᠯᠯᠠᠭ᠎ᠠ ᠥᠷᠨᠢᠭᠦᠯᠬᠦ ᠬᠡᠷᠡᠭᠲᠡᠢ᠃ ᠣᠷᠣᠯᠭ᠎ᠠ ᠪᠠᠭ᠎ᠠ ᠵᠡᠮᠳᠡᠭᠴᠦᠳ᠎ᠤᠨ ᠲᠣᠭ᠎ᠠ ᠪᠠᠷᠢᠮᠲᠠ ᠵᠢ ᠬᠠᠮᠳᠤ᠎ᠪᠠᠷ ᠭᠥᠷᠳᠡᠬᠦ ᠠᠵᠢᠯ᠎ᠢ ᠰᠠᠢ᠌ᠲᠤᠷ ᠬᠢᠵᠦ᠂ ᠨᠥᠬᠥᠴᠡᠯ᠎ᠳᠤ ᠨᠡᠢ᠌ᠴᠡᠬᠦ ᠵᠡᠮᠳᠡᠭᠴᠦᠳ᠎ᠢ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠬᠡᠪᠴᠢᠶᠡᠨ᠎ᠳᠤ ᠣᠷᠣᠭᠤᠯᠬᠤ ᠠᠵᠢᠯ᠎ᠢ ᠠᠬᠢᠭᠤᠯᠤᠨ᠎ᠠ᠃ ᠦᠢ᠍ᠯᠡᠴᠢᠯᠡᠭᠡᠨ᠎ᠤ ᠲᠥᠷᠥᠯ᠎ᠤᠨ ᠲᠤᠰᠠᠯᠠᠮᠵᠢ ᠵᠢᠨ ᠲᠤᠷᠰᠢᠯᠲᠠ ᠵᠢᠨ ᠴᠡᠭ ᠎ᠤᠨ ᠠᠵᠢᠯ᠎ᠢ ᠠᠬᠢᠭᠤᠯᠵᠤ᠂ 《ᠵᠠᠢ᠌ᠯᠠᠰᠢ ᠦᠭᠡᠢ ᠵᠠᠷᠤᠯᠭ᠎ᠠ ᠵᠢᠨ ᠬᠦᠴᠢᠷᠳᠡᠯ᠎ᠲᠠᠢ ᠭᠡᠷ ᠪᠦᠯᠢ ᠵᠢ ᠮᠠᠭ᠋ᠠᠳᠯᠠᠨ ᠲᠣᠭᠲᠠᠭ᠋ᠠᠬᠤ ᠠᠷᠭ᠎ᠠ》 ᠵᠢ ᠨᠠᠢ᠌ᠳᠠᠪᠤᠷᠢᠵᠢᠭᠤᠯᠤᠨ᠎ᠠ᠃ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠪᠠᠷᠢᠮᠵᠢᠶ᠎ᠠ ᠵᠢᠨ ᠬᠥᠳᠡᠯᠦᠩᠭᠦᠢ ᠲᠣᠬᠢᠷᠠᠭᠤᠯᠬᠤ ᠲᠣᠭᠲᠠᠴᠠ ᠵᠢ ᠤᠯᠠᠮ ᠲᠡᠭᠦᠯᠳᠡᠷᠵᠢᠭᠦᠯᠦᠨ ᠨᠠᠷᠢᠯᠢᠭᠵᠢᠭᠤᠯᠤᠨ᠎ᠠ᠃ ᠵᠡᠮᠳᠡᠭ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠵᠡᠮᠳᠡᠭ ᠬᠡᠦᠬᠡᠳ᠎ᠤᠨ ᠪᠠᠲᠤᠯᠠᠭ᠎ᠠ ᠵᠢᠨ ᠠᠵᠢᠯ᠎ᠢ ᠴᠢᠩᠭ᠋ᠠᠳᠬᠠᠵᠤ᠂ ᠣᠶᠤᠨ ᠰᠠᠨᠠᠭ᠋ᠠᠨ᠎ᠤ ᠬᠠᠯᠠᠮᠵᠢ ᠵᠢᠨ ᠦᠢ᠍ᠯᠡᠴᠢᠯᠡᠭᠡ ᠲᠡᠢ᠌ᠰᠢ ᠥᠷᠭᠡᠳᠬᠦ ᠵᠢ ᠵᠣᠷᠢᠭᠵᠢᠭᠤᠯᠤᠨ᠎ᠠ᠃ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠴᠢᠨᠠᠷᠯᠢᠭ ᠬᠥᠭᠵᠢᠯᠲᠡ ᠵᠢᠨ ᠥᠭᠡᠷᠡᠴᠢᠯᠡᠯᠲᠡ ᠵᠢᠨ ᠲᠤᠷᠰᠢᠯᠲᠠ ᠵᠢ ᠥᠷᠨᠢᠭᠦᠯᠵᠦ᠂ ᠪᠠᠢ᠌ᠭᠤᠯᠤᠮᠵᠢ ᠵᠢᠨ ᠡᠷᠡᠭᠦᠯᠵᠢᠯ᠎ᠤᠨ ᠴᠢᠳᠠᠪᠤᠷᠢ ᠵᠢᠨ 《ᠣᠶᠣᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠠᠷᠭ᠎ᠠ》 ᠵᠢ   ᠨᠠᠢ᠌ᠳᠠᠪᠤᠷᠢᠵᠢᠭᠤᠯᠤᠨ᠎ᠠ᠃ 《ᠤᠶᠤᠨ᠎ᠤ ᠰᠠᠭ᠋ᠠᠳ ᠪᠠ ᠡᠷᠡᠬᠦᠯᠵᠢᠬᠦᠯᠬᠦ ᠵᠢ ᠠᠭᠤᠰᠤᠯᠴᠠᠭᠤᠯᠬᠤ ᠠᠵᠢᠯᠯᠠᠭ᠎ᠠ》 ᠵᠢ ᠠᠬᠢᠭᠤᠯᠤᠨ᠎ᠠ᠃ ᠨᠠᠰᠤᠲᠠᠢ᠌ᠴᠤᠳ ᠵᠡᠮᠳᠡᠭᠴᠦᠳ᠎ᠤᠨ ᠠᠰᠠᠷᠠᠮᠵᠢ ᠵᠢᠨ ᠠᠵᠢᠯ᠎ᠢ ᠰᠠᠢ᠌ᠲᠤᠷ ᠬᠢᠨ᠎ᠡ᠃  ᠨᠤᠴᠢᠳᠠᠢ ᠵᠡᠮᠳᠡᠭᠴᠦᠳ᠎ᠤᠨ ᠨᠠᠢ᠌ᠳᠠᠨ ᠠᠰᠠᠷᠠᠭᠤᠯᠵᠤ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠠᠵᠢᠯ᠎ᠤᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠵᠢ ᠲᠡᠭᠦᠯᠳᠡᠷᠵᠢᠭᠦᠯᠬᠦ ᠵᠢᠨ ᠬᠠᠮᠲᠤ ᠨᠠᠢ᠌ᠳᠠᠪᠤᠷᠢᠵᠢᠭᠤᠯᠬᠤ ᠠᠵᠢᠯ᠎ᠢ ᠰᠠᠢ᠌ᠲᠤᠷ ᠠᠳᠬᠤᠨ᠎ᠠ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠡᠮᠳᠡᠭᠴᠦᠳ᠎ᠤᠨ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ ᠬᠠᠯᠠᠮᠵᠢᠯᠠᠬᠤ ᠦᠢ᠍ᠯᠡᠴᠢᠯᠡᠭᠡᠨ᠎ᠤ  ᠰᠢᠰᠲᠸᠮ᠎ᠤᠨ ᠪᠠᠢ᠌ᠭᠤᠯᠤᠯᠲᠠ ᠵᠢ ᠠᠬᠢᠭᠤᠯᠬᠤ ᠠᠵᠢᠯ᠎ᠳᠤ ᠣᠷᠣᠯᠴᠠᠬᠤ ᠵᠢ ᠢᠳᠡᠪᠬᠢᠲᠡᠢ ᠠᠬᠢᠭᠤᠯᠤᠨ᠎ᠠ᠃
   4. ᠡᠯ᠎ᠡ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠵᠡᠮᠳᠡᠭᠴᠦᠳ᠎ᠤᠨ ᠨᠡᠯᠢᠶᠡᠳ ᠭᠦᠢ᠍ᠴᠡᠳ ᠨᠡᠯᠢᠶᠡᠳ ᠠᠵᠢᠯ ᠣᠯᠭᠣᠯᠲᠠ ᠵᠢ ᠴᠢᠨᠠᠷᠨᠢᠭ ᠠᠬᠢᠭᠤᠯᠬᠤ ᠵᠢᠨ ᠲᠣᠭᠣᠷᠢᠨ᠎ᠳᠤ ᠠᠵᠢᠯᠯᠠᠭ᠎ᠠ᠎ᠪᠠᠨ ᠥᠷᠨᠢᠭᠦᠯᠬᠦ ᠬᠡᠷᠡᠭᠲᠡᠢ᠃ 《ᠵᠡᠮᠳᠡᠭᠴᠦᠳ᠎ᠤᠨ ᠠᠵᠢᠯ ᠣᠯᠭᠣᠯᠲᠠ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠥᠯ (2025 — 2027 ᠣᠨ)》᠎ᠢ ᠪᠠᠢ᠌ᠷᠢᠯᠠᠭᠤᠯᠤᠨ ᠬᠡᠷᠡᠭᠵᠢᠭᠦᠯᠵᠦ᠂ 《ᠵᠡᠮᠳᠡᠭᠴᠦᠳ᠎ᠤᠨ ᠠᠵᠢᠯ ᠣᠯᠭᠣᠯᠲᠠ ᠵᠢᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠳᠠᠮᠵᠢᠭᠤᠯᠤᠨ ᠰᠢᠨ᠎ᠡ ᠠᠵᠤ ᠦᠢ᠍ᠯᠡᠰ᠎ᠢ ᠬᠥᠭᠵᠢᠭᠦᠯᠵᠦ᠂ ᠵᠡᠮᠳᠡᠭᠴᠦᠳ᠎ᠤᠨ ᠠᠵᠢᠯ ᠣᠯᠭᠣᠯᠲᠠ ᠵᠢᠨ ᠰᠢᠨ᠎ᠡ ᠬᠡᠯᠪᠡᠷᠢ ᠪᠠᠢ᠌ᠳᠠᠯ᠎ᠢ ᠥᠷᠭᠡᠳᠬᠡᠵᠦ᠂ ᠵᠡᠮᠳᠡᠭᠴᠦᠳ᠎ᠤᠨ ᠠᠵᠢᠯ ᠣᠯᠭᠣᠯᠲᠠ ᠵᠢᠨ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠪᠠ᠃ ᠠᠵᠢᠯ ᠣᠯᠭᠣᠯᠲᠠ ᠵᠢ ᠲᠤᠰᠠᠯᠠᠬᠤ ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠲᠤᠰᠠᠯᠠᠬᠤ ᠴᠢᠨᠠᠷᠲᠠᠢ ᠠᠵᠢᠯ ᠣᠯᠭᠣᠯᠲᠠ ᠵᠢᠨ ᠦᠢ᠍ᠯᠡᠳᠬᠦᠨ᠎ᠤ ᠵᠢᠷᠤᠮ᠎ᠤᠨ ᠬᠤᠳᠠᠯᠳᠤᠭ᠎ᠠ ᠵᠢᠨ ᠰᠢᠷᠢᠰ ᠠᠵᠢᠯᠯᠠᠭ᠎ᠠ᠂ 2025 ᠣᠨ᠎ᠤ ᠳᠡᠭᠡᠳᠦ ᠰᠤᠷᠭ᠋ᠠᠭᠤᠯᠢ ᠲᠡᠭᠦᠰᠦᠭᠰᠡᠨ ᠵᠡᠮᠳᠡᠭ ᠰᠤᠷᠤᠭᠴᠢᠳ᠎ᠤᠨ ᠭᠣᠣᠯᠳᠠᠯᠭ᠎ᠠ᠎ᠲᠠᠢ ᠬᠠᠮᠲᠤᠯᠢᠭ᠎ᠲᠤ ᠠᠵᠢᠯ ᠣᠯᠭᠣᠬᠤ ᠦᠢ᠍ᠯᠡᠴᠢᠯᠡᠭᠡ ᠵᠡᠷᠭᠡ ᠠᠵᠢᠯ᠎ᠢ ᠰᠠᠢ᠌ᠲᠤᠷ ᠬᠢᠨ᠎ᠡ᠃ ᠵᠡᠮᠳᠡᠭᠴᠦᠳ᠎ᠤᠨ ᠬᠠᠷᠢᠴᠠᠯ᠎ᠲᠠᠢ᠎ᠪᠠᠷ ᠠᠵᠢᠯ ᠣᠯᠭᠣᠬᠤ ᠵᠢ ᠰᠦᠯᠵᠢᠶᠡᠵᠢᠭᠦᠯᠦᠨ ᠭᠡᠷᠡᠴᠢᠯᠡᠬᠦ ᠠᠵᠢᠯ᠎ᠢ ᠤᠯᠠᠮ   ᠵᠢᠷᠤᠮᠵᠢᠭᠤᠯᠤᠨ᠎ᠠ᠃
    5. ᠡᠯ᠎ᠡ ᠭᠠᠵᠠᠷ᠎ᠤᠨ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠴᠢᠮᠡᠭᠡ ᠬᠣᠯᠪᠣᠭ᠎ᠠ ᠵᠢᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠬᠣᠲᠠ ᠬᠥᠳᠡᠭᠡ ᠵᠢᠨ ᠬᠠᠷᠰᠢ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠵᠢᠨ ᠲᠣᠭᠣᠷᠢᠨ᠎ᠳᠤ ᠠᠵᠢᠯᠯᠠᠭ᠎ᠠ ᠥᠷᠨᠢᠭᠦᠯᠬᠦ ᠬᠡᠷᠡᠭᠲᠡᠢ᠃ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠬᠠᠤᠯᠢ ᠵᠢ ᠨᠠᠢ᠌ᠳᠠᠪᠤᠷᠢᠵᠢᠭᠤᠯᠵᠤ᠂ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ᠂ ᠪᠠᠷᠢᠮᠵᠢᠶ᠎ᠠ ᠵᠢᠨ ᠰᠢᠰᠲᠸᠮ᠎ᠢ ᠲᠡᠭᠦᠯᠳᠡᠷᠵᠢᠭᠦᠯᠬᠦ ᠵᠢ ᠦᠷᠭᠦᠯᠵᠢᠯᠡᠨ ᠠᠬᠢᠭᠤᠯᠤᠨ᠎ᠠ᠃ ᠬᠣᠲᠠ ᠵᠢᠨ ᠰᠠᠭ᠋ᠠᠳ ᠦᠭᠡᠢ  ᠲᠦᠬᠦᠬᠡᠷᠤᠮᠵᠢ ᠵᠢᠨ ᠲᠤᠰᠬᠠᠢ ᠵᠦᠢ᠍ᠯ᠎ᠤᠨ ᠪᠡᠶ᠎ᠡ ᠵᠢᠨ ᠪᠠᠢ᠌ᠴᠠᠭ᠋ᠠᠯᠲᠠ ᠵᠢᠨ ᠦᠨᠡᠯᠡᠯᠳᠡ ᠵᠢ ᠥᠷᠨᠢᠭᠦᠯᠵᠦ᠂ ᠰᠠᠭ᠋ᠠᠳ ᠦᠭᠡᠢ  ᠲᠦᠬᠦᠬᠡᠷᠤᠮᠵᠢ ᠵᠢ ᠥᠭᠡᠷᠡᠴᠢᠯᠡᠨ ᠳᠡᠭᠡᠭᠰᠢᠯᠡᠭᠦᠯᠬᠦ ᠵᠢ ᠡᠮᠬᠢ ᠵᠢᠷᠤᠮ᠎ᠲᠠᠢ ᠠᠬᠢᠭᠤᠯᠤᠨ᠎ᠠ᠃ ᠵᠡᠮᠳᠡᠭᠴᠦᠳ᠎ᠢ ᠲᠤᠰᠠᠯᠠᠬᠤ  ᠬᠦᠷᠢᠶ᠎ᠡ ᠴᠠᠷᠠᠭ᠎ᠠ᠎ᠳᠤ᠎ᠬᠢ ᠵᠣᠬᠢᠶᠠᠮᠠᠯ ᠤᠶᠤᠨ᠂ ᠮᠠᠰᠢᠨ ᠬᠥᠮᠥᠨ ᠵᠡᠷᠭᠡ ᠰᠢᠨ᠎ᠡ ᠮᠡᠷᠭᠡᠵᠢᠯ᠎ᠤᠨ ᠬᠡᠷᠡᠭᠯᠡᠯᠲᠡ ᠵᠢ ᠠᠬᠢᠭᠤᠯᠤᠨ᠎ᠠ᠃ ᠢᠨᠲ᠋ᠧᠷ ᠰᠦᠯᠵᠢᠶᠡᠨ᠎ᠤ ᠬᠡᠷᠡᠭᠯᠡᠭᠡᠨ᠎ᠤ ᠰᠠᠭ᠋ᠠᠳ ᠦᠭᠡᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃ ᠤᠯᠤᠰ᠎ᠤᠨ ᠨᠡᠢ᠌ᠳᠡᠮ ᠬᠡᠷᠡᠭᠯᠡᠬᠦ ᠰᠣᠬᠣᠷᠴᠤᠳ᠎ᠤᠨ ᠪᠢᠴᠢᠭ᠂ ᠳᠣᠬᠢᠶᠠᠨ᠎ᠤ ᠬᠡᠯᠡᠨ᠎ᠤ ᠮᠡᠳᠡᠭᠡ ᠵᠠᠩᠭᠢᠵᠢᠯᠲᠠ ᠵᠢᠨ ᠠᠵᠢᠯ᠎ᠢ ᠳᠡᠮᠵᠢᠬᠦ᠎ᠪᠠᠨ ᠴᠢᠩᠭ᠋ᠠᠳᠬᠠᠨ᠎ᠠ᠃ ᠡᠯ᠎ᠡ ᠴᠢᠮᠡᠭᠡ ᠬᠣᠯᠪᠣᠭ᠋ᠠᠨ᠎ᠤ ᠡᠵᠡᠩᠨᠡᠯᠲᠡ ᠵᠢᠨ ᠬᠤᠳᠠᠯᠳᠤᠭ᠋ᠠᠴᠢᠨ᠎ᠢ ᠵᠣᠬᠢᠴᠠᠭᠤᠯᠵᠤ ᠪᠠᠢ᠌ᠭ᠋ᠠᠳ ᠪᠥᠬᠥ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ᠎ᠤᠨ ᠲᠤᠬᠠᠢ ᠵᠢᠨ ᠡᠳᠦᠷ᠎ᠲᠤ ᠪᠥᠬᠥ ᠤᠯᠤᠰ᠎ᠤᠨ ᠭᠠᠷ ᠤᠲᠠᠰᠤᠨ᠎ᠤ ᠬᠡᠷᠡᠭᠯᠡᠭᠴᠢᠳ᠎ᠲᠤ ᠭᠠᠷ ᠤᠲᠠᠰᠤᠨ᠎ᠤ ᠨᠡᠶ᠋ᠢᠲᠡ ᠵᠢᠨ ᠠᠰᠠᠷᠠᠮᠵᠢ ᠵᠢᠨ ᠰᠠᠭ᠋ᠠᠳ ᠦᠭᠡᠢ ᠵᠠᠮ ᠬᠠᠷᠢᠯᠴᠠᠭ᠎ᠠ ᠲᠡᠭᠡᠭᠡᠪᠦᠷᠢ ᠵᠢᠨ ᠲᠥᠬᠦᠭᠡᠷᠦᠮᠵᠢ ᠵᠢ ᠲᠣᠬᠢᠷᠠᠭᠤᠯᠬᠤ ᠪᠠ ᠥᠭᠡᠷᠡᠴᠢᠯᠡᠬᠦ ᠡᠷᠴᠢᠮ᠎ᠢ ᠴᠢᠩᠭ᠋ᠠᠷᠠᠭᠤᠯᠵᠤ᠂ ᠰᠠᠭ᠋ᠠᠳ ᠦᠭᠡᠢ ᠶᠠᠪᠤᠵᠤ ᠰᠠᠭᠤᠬᠤ ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠵᠦ᠂ ᠵᠡᠮᠳᠡᠭᠴᠦᠳ᠎ᠤᠨ ᠳᠥᠭᠥᠮ ᠳᠥᠲᠡ᠎ᠪᠠᠷ ᠶᠠᠪᠤᠵᠤ ᠰᠠᠭᠤᠬᠤ ᠵᠢ ᠪᠠᠲᠤᠯᠠᠨ᠎ᠠ᠃ ᠬᠦᠴᠢᠷᠳᠡᠯ᠎ᠲᠠᠢ ᠨᠤᠴᠢᠳᠠᠢ ᠵᠡᠮᠳᠡᠭᠴᠦᠳ᠎ᠤᠨ ᠭᠡᠷ ᠪᠦᠯᠢ ᠵᠢᠨ ᠰᠠᠭ᠋ᠠᠳ ᠦᠭᠡᠢ ᠵᠢ ᠥᠭᠡᠷᠡᠴᠢᠯᠡᠬᠦ ᠡᠭᠦᠷᠭᠡ ᠵᠢ  ᠴᠢᠨᠠᠷᠵᠢᠭᠤᠨ ᠪᠡᠶᠡᠯᠡᠭᠦᠯᠵᠦ᠂ ᠵᠡᠮᠳᠡᠭᠴᠦᠳ᠎ᠤᠨ ᠣᠷᠣᠨ ᠰᠠᠭᠤᠴᠠ ᠵᠢᠨ ᠣᠷᠴᠢᠨ ᠲᠣᠭᠣᠷᠢᠨ ᠪᠠ ᠠᠮᠢᠳᠤᠷᠠᠯ᠎ᠤᠨ ᠴᠢᠨᠰᠠᠭ᠎ᠠ ᠵᠢ ᠳᠡᠭᠡᠭᠰᠢᠯᠡᠭᠦᠯᠦᠨ᠎ᠡ᠃
   6. ᠡᠯ᠎ᠡ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮᠴᠢᠯᠡᠭᠡᠨ᠎ᠤ ᠪᠠᠲᠤᠯᠠᠭ᠎ᠠ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠳ  ᠵᠡᠮᠳᠡᠭᠷᠡᠬᠦ᠎ᠠᠴᠠ ᠰᠡᠷᠭᠡᠢ᠌ᠯᠡᠬᠦ ᠪᠠ ᠵᠡᠮᠳᠡᠭᠴᠦᠳ᠎ᠤᠨ ᠡᠷᠡᠭᠦᠯᠵᠢᠯ᠎ᠤᠨ ᠲᠦᠪᠰᠢᠨ᠎ᠢ ᠳᠡᠭᠡᠭᠰᠢᠯᠡᠭᠦᠯᠬᠦ ᠵᠢᠨ ᠲᠣᠭᠣᠷᠢᠨ᠎ᠳᠤ ᠠᠵᠢᠯᠯᠠᠭ᠎ᠠ ᠥᠷᠨᠢᠭᠦᠯᠬᠦ ᠬᠡᠷᠡᠭᠲᠡᠢ᠃ ᠵᠡᠮᠳᠡᠭᠷᠡᠬᠦ᠎ᠠᠴᠠ ᠰᠡᠷᠭᠡᠢ᠌ᠯᠡᠬᠦ ᠪᠠ ᠡᠷᠡᠭᠦᠯᠵᠢᠭᠦᠯᠬᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠭᠡᠳ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠴᠢᠩᠭ᠋ᠠᠳᠬᠠᠵᠤ᠂  ᠵᠡᠮᠳᠡᠭᠷᠡᠬᠦ᠎ᠠᠴᠠ ᠰᠡᠷᠭᠡᠢ᠌ᠯᠡᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠦᠨ᠎ᠡ᠃ ᠥᠨᠥᠴᠢᠷᠡᠮᠡᠯ ᠬᠡᠮ᠎ᠲᠠᠢ ᠬᠡᠦᠬᠡᠳ᠎ᠤᠨ ᠬᠥᠭᠵᠢᠯᠲᠡ ᠵᠢᠨ ᠪᠥᠬᠥ ᠶᠠᠪᠤᠴᠠ ᠵᠢᠨ ᠦᠢ᠍ᠯᠡᠴᠢᠯᠡᠭᠡᠨ᠎ᠤ  ᠰᠢᠰᠲᠸᠮ᠎ᠤᠨ ᠪᠠᠢ᠌ᠭᠤᠯᠤᠯᠲᠠ ᠵᠢᠨ ᠡᠭᠦᠷᠭᠡ ᠪᠠ  ᠬᠠᠯᠠᠮᠵᠢᠯᠠᠬᠤ ᠦᠢ᠍ᠯᠡᠴᠢᠯᠡᠭᠡᠨ᠎ᠤ ᠠᠷᠭ᠎ᠠ ᠪᠠ ᠵᠡᠮᠳᠡᠭᠴᠦᠳ᠎ᠤᠨ ᠨᠥᠬᠥᠷᠰᠡᠭ ᠡᠮᠴᠢᠯᠡᠭᠡᠨ᠎ᠤ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠵᠡᠮᠳᠡᠭᠴᠦᠳ᠎ᠤᠨ ᠨᠡᠢ᠌ᠭᠡᠮ ᠲᠣᠭᠣᠷᠢᠭ ᠪᠠ ᠭᠡᠷ᠎ᠲᠤ᠎ᠨᠢ ᠡᠷᠡᠭᠦᠯᠵᠢᠭᠦᠯᠬᠦ ᠡᠮᠴᠢᠯᠡᠭᠡ ᠵᠢ ᠢᠳᠡᠪᠬᠢᠲᠡᠢ ᠬᠥᠭᠵᠢᠭᠦᠯᠵᠦ᠂ ᠵᠡᠮᠳᠡᠭᠴᠦᠳ᠎ᠤᠨ ᠭᠡᠷ ᠪᠦᠯᠢ ᠵᠢᠨ ᠡᠮᠴᠢ ᠵᠢᠨ ᠭᠡᠷ᠎ᠡ ᠲᠣᠭᠲᠠᠭᠰᠠᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠤᠯᠠᠮ   ᠠᠬᠢᠭᠤᠯᠤᠨ᠎ᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠤ ᠦᠨᠡᠯᠡᠭᠰᠡᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ ᠵᠡᠷᠭᠡ ᠬᠦᠴᠢᠷᠳᠡᠯᠲᠡᠢ ᠵᠡᠮᠳᠡᠭᠴᠦᠳ ᠪᠠ ᠲᠠᠷᠢᠶᠠᠯᠠᠩ ᠬᠥᠳᠡᠭᠡ ᠲᠣᠰᠬᠣᠨ᠎ᠤ ᠰᠠᠯᠠᠭ᠎ᠠ ᠮᠥᠴᠢᠷ᠎ᠤᠨ᠎ᠬᠢᠨ᠎ᠤ ᠦᠨᠡᠯᠡᠭᠰᠡᠨ ᠳᠠᠬᠢᠨ ᠶᠠᠳᠠᠭᠤᠷᠠᠬᠤ ᠵᠢ ᠰᠡᠷᠬᠡᠢ᠌ᠯᠡᠬᠦ ᠬᠢᠨᠠᠯᠳᠠ᠎ᠳᠤ ᠪᠠᠢ᠌ᠭ᠎ᠠ ᠵᠡᠷᠭᠡ ᠬᠦᠴᠢᠷᠳᠡᠯᠲᠡᠢ ᠵᠡᠮᠳᠡᠭᠴᠦᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠬᠤ᠎ᠳᠤ ᠲᠣᠭᠲᠠᠭ᠋ᠠᠯ ᠶᠣᠰᠣᠭ᠋ᠠᠷ ᠲᠥᠷᠥᠯ ᠬᠤᠪᠢᠶᠠᠨ ᠲᠤᠰᠠᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃
    7. ᠡᠯ᠎ᠡ ᠭᠠᠵᠠᠷ᠎ᠤᠨ ᠲᠠᠷᠢᠶᠠᠯᠠᠩ ᠬᠥᠳᠡᠭᠡ ᠲᠣᠰᠬᠣᠨ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠵᠡᠮᠳᠡᠭᠴᠦᠳ᠎ᠤᠨ ᠶᠠᠳᠠᠭᠤ᠎ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢᠨ ᠲᠣᠭᠣᠷᠢᠨ᠎ᠳᠤ ᠠᠵᠢᠯᠯᠠᠭ᠎ᠠ ᠥᠷᠨᠢᠭᠦᠯᠬᠦ ᠬᠡᠷᠡᠭᠲᠡᠢ᠃ ᠨᠥᠬᠥᠴᠡᠯ᠎ᠳᠤ ᠨᠡᠢ᠌ᠴᠡᠬᠦ ᠵᠡᠮᠳᠡᠭᠴᠦᠳ᠎ᠢ ᠳᠠᠬᠢᠨ ᠶᠠᠳᠠᠭᠤᠷᠠᠬᠤ᠎ᠠᠴᠠ ᠰᠡᠷᠭᠡᠢ᠌ᠯᠡᠬᠦ ᠬᠢᠨᠠᠯᠳᠠ᠎ᠳᠤ ᠪᠠᠢ᠌ᠭ᠎ᠠ ᠬᠦᠮᠦᠰ᠎ᠢ ᠢᠯᠭ᠋ᠠᠨ ᠲᠠᠨᠢᠵᠤ᠂ ᠳᠠᠬᠢᠨ ᠶᠠᠳᠠᠭᠤᠷᠠᠬᠤ᠎ᠠᠴᠠ ᠰᠡᠷᠭᠡᠢ᠌ᠯᠡᠬᠦ ᠬᠢᠨᠠᠯᠳᠠ᠎ᠳᠤ ᠪᠠᠢ᠌ᠭ᠎ᠠ ᠬᠦᠮᠦᠰ᠎ᠢ ᠲᠡᠳᠬᠦᠬᠦ  ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠬᠠᠤᠯᠢ ᠵᠢ ᠨᠠᠢ᠌ᠳᠠᠪᠤᠷᠢᠵᠢᠭᠤᠯᠵᠤ᠂ ᠬᠥᠳᠡᠭᠡ ᠲᠣᠰᠬᠣᠨ᠎ᠤ ᠵᠡᠮᠳᠡᠭᠴᠦᠳ᠎ᠤᠨ ᠬᠥᠳᠡᠭᠡ ᠲᠣᠰᠬᠣᠨ᠎ᠤ ᠵᠡᠮᠳᠡᠭᠴᠦᠳ᠎ᠲᠤ ᠠᠵᠢᠯ ᠣᠯᠭᠣᠵᠤ ᠲᠡᠳᠬᠦᠬᠦ ᠪᠠ ᠠᠵᠤ ᠦᠢ᠍ᠯᠡᠰ ᠵᠶ᠋ᠡᠷ  ᠲᠡᠳᠬᠦᠬᠦ ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠬᠥᠳᠡᠭᠡ ᠲᠣᠰᠬᠣᠨ᠎ᠤ ᠬᠦᠴᠢᠷᠳᠡᠯ᠎ᠲᠠᠢ ᠵᠡᠮᠳᠡᠭᠴᠦᠳ᠎ᠲᠤ ᠬᠡᠷᠡᠭᠯᠡᠭᠡᠨ᠎ᠤ ᠮᠡᠷᠭᠡᠵᠢᠯ᠎ᠤᠨ ᠪᠣᠯᠪᠠᠰᠤᠷᠠᠯ ᠬᠢᠵᠦ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠠᠬᠢᠭᠤᠯᠵᠤ᠂ ᠮᠥᠩᠭᠥᠨ ᠭᠦᠢ᠍ᠯᠭᠡᠭᠡᠨ ᠵᠶ᠋ᠡᠷ ᠵᠡᠮᠳᠡᠭᠴᠦᠳ᠎ᠢ ᠲᠤᠰᠠᠯᠠᠬᠤ ᠦᠢ᠍ᠯᠡᠴᠢᠯᠡᠭᠡ ᠵᠢ ᠭᠦᠨᠵᠡᠭᠡᠢ᠌ᠷᠡᠭᠦᠯᠦᠨ᠎ᠡ᠃ ᠬᠥᠳᠡᠭᠡ ᠲᠣᠰᠬᠣᠨ᠎ᠤ ᠰᠠᠭ᠋ᠠᠳ ᠦᠭᠡᠢ ᠲᠦᠬᠦᠬᠡᠷᠤᠮᠵᠢ  ᠵᠢᠨ ᠪᠦᠲᠦᠭᠡᠨ ᠪᠠᠢ᠌ᠭᠤᠯᠤᠯᠲᠠ ᠪᠠ ᠥᠭᠡᠷᠡᠴᠢᠯᠡᠯᠲᠡ ᠵᠢ ᠠᠬᠢᠭᠤᠯᠵᠤ᠂ ᠬᠥᠳᠡᠭᠡ ᠲᠣᠰᠬᠣᠨ᠎ᠤ ᠵᠡᠮᠳᠡᠭᠴᠦᠳ᠎ᠤᠨ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠡᠯ᠎ᠡ ᠭᠠᠵᠠᠷ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠋ᠠᠨ᠎ᠤ ᠲᠥᠯᠥᠪᠯᠡᠭᠡ ᠪᠠ ᠬᠡᠷᠡᠭᠵᠢᠭᠦᠯᠬᠦ ᠲᠥᠰᠥᠯ᠎ᠳᠤ ᠣᠷᠣᠭᠤᠯᠬᠤ ᠵᠢ ᠠᠬᠢᠭᠤᠯᠤᠨ᠎ᠠ᠃
   8. ᠡᠯ᠎ᠡ ᠭᠠᠵᠠᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠂ ᠬᠥᠭᠵᠢᠭᠦᠯᠦᠯᠲᠡ ᠥᠭᠡᠷᠡᠴᠢᠯᠡᠯᠲᠡ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠵᠡᠮᠳᠡᠭᠴᠦᠳ᠎ᠢ ᠲᠤᠰᠠᠯᠠᠬᠤ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ ᠠᠵᠢᠯᠯᠠᠭ᠎ᠠ ᠥᠷᠨᠢᠭᠦᠯᠬᠦ ᠬᠡᠷᠡᠭᠲᠡᠢ᠃ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠵᠡᠮᠳᠡᠭᠴᠦᠳ᠎ᠢ ᠲᠤᠰᠠᠯᠠᠬᠤ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠨᠠᠢ᠌ᠳᠠᠪᠤᠷᠢᠵᠢᠭᠤᠯᠤᠨ᠂ ᠵᠡᠮᠳᠡᠭᠴᠦᠳ᠎ᠢ ᠲᠤᠰᠠᠯᠠᠬᠤ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠬᠥᠭᠵᠢᠭᠦᠯᠵᠦ᠂ ᠵᠡᠮᠳᠡᠭᠴᠦᠳ᠎ᠤᠨ ᠠᠵᠢᠯ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠲᠤᠯᠭ᠋ᠠᠭᠤᠷᠢᠯᠠᠬᠤ ᠠᠵᠢᠯ᠎ᠢ ᠢᠳᠡᠪᠬᠢᠲᠡᠢ ᠴᠢᠩᠭ᠋ᠠᠳᠬᠠᠨ᠎ᠠ᠃ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠎ᠬᠢ ᠵᠡᠮᠳᠡᠭᠴᠦᠳ᠎ᠤᠨ ᠠᠵᠢᠯ ᠦᠢ᠍ᠯᠡᠰ᠎ᠤᠨ ᠲᠥᠯᠦᠪᠵᠢᠭᠦᠯᠭᠡ ᠵᠢᠨ ᠰᠡᠳᠬᠢᠴᠡ ᠵᠢᠨ ᠰᠤᠳᠤᠯᠤᠯ᠎ᠢ ᠰᠠᠢ᠌ᠲᠤᠷ ᠬᠢᠵᠦ᠂ ᠵᠡᠮᠳᠡᠭᠴᠦᠳ᠎ᠢ  ᠬᠠᠯᠠᠮᠵᠢᠯᠠᠬᠤ ᠦᠢ᠍ᠯᠡᠴᠢᠯᠡᠭᠡᠨ᠎ᠤ  ᠰᠢᠰᠲᠸᠮ᠎ᠤᠨ ᠵᠡᠮᠳᠡᠭᠴᠦᠳ᠎ᠢ ᠲᠤᠰᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠᠢ᠌ᠳᠠᠯ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠵᠡᠮᠳᠡᠭᠴᠦᠳ᠎ᠢ ᠲᠤᠰᠠᠯᠠᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ᠂ ᠰᠢᠯᠢᠳᠡᠭ ᠴᠢᠳᠠᠪᠤᠷᠢᠲᠠᠨ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠵᠡᠮᠳᠡᠭᠴᠦᠳ᠎ᠤᠨ ᠠᠮᠢᠳᠤᠷᠠᠯ᠎ᠳᠤ ᠠᠪᠴᠢᠷᠠᠭᠰᠠᠨ ᠰᠢᠨ᠎ᠡ ᠬᠤᠪᠢᠷᠠᠯᠲᠠ ᠵᠢ ᠰᠠᠢ᠌ᠲᠤᠷ ᠤᠬᠠᠭᠤᠯᠤᠨ᠎ᠠ᠃
  9. ᠡᠯ᠎ᠡ ᠭᠠᠵᠠᠷ᠎ᠤᠨ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠣᠯᠪᠣᠭ᠎ᠠ ᠪᠠ ᠰᠠᠭᠤᠭ᠎ᠠ ᠴᠡᠷᠢᠭ ᠠᠩᠭᠢ ᠵᠢᠨ᠎ᠬᠢᠨ ᠲᠤᠰ ᠤᠳᠠᠭ᠋ᠠᠨ᠎ᠤ ᠪᠦᠬᠦ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ᠎ᠤᠨ ᠭᠣᠣᠯ ᠰᠡᠳᠦᠪ᠎ᠤᠨ ᠲᠣᠭᠣᠷᠢᠨ᠎ᠳᠤ ᠥᠪᠡᠷ ᠥᠪᠡᠷ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠵᠡᠮᠳᠡᠭ ᠠᠵᠢᠯᠲᠠᠨ ᠠᠵᠢᠯᠴᠢᠨ᠂ ᠵᠡᠮᠳᠡᠭ ᠵᠠᠯᠠᠭᠤᠴᠤᠳ ᠪᠠᠭ᠋ᠠᠴᠤᠳ᠂ ᠵᠡᠮᠳᠡᠭ ᠡᠮᠡᠭᠲᠡᠢ᠌ᠴᠦᠳ᠂ ᠵᠡᠮᠳᠡᠭ ᠬᠡᠦᠬᠡᠳ᠂ ᠵᠡᠮᠳᠡᠭ ᠨᠠᠰᠤᠲᠠᠢ᠌ᠴᠤᠳ᠂ ᠬᠦᠴᠢᠷᠳᠡᠯᠲᠡᠢ ᠵᠡᠮᠳᠡᠭᠴᠦᠳ᠎ᠲᠤ ᠴᠢᠭᠯᠡᠭᠦᠯᠦᠨ᠂ ᠵᠡᠮᠳᠡᠭᠴᠦᠳ᠎ᠢ ᠲᠡᠳᠬᠦᠨ ᠵᠡᠮᠳᠡᠭᠴᠦᠳ᠎ᠢ ᠲᠤᠰᠠᠯᠠᠬᠤ ᠤᠯᠠᠨ ᠵᠦᠢ᠍ᠯ᠎ᠤᠨ ᠬᠡᠯᠪᠡᠷᠢ ᠵᠢᠨ ᠠᠵᠢᠯᠯᠠᠭ᠎ᠠ ᠵᠢ ᠥᠷᠨᠢᠭᠦᠯᠵᠦ᠂ ᠵᠡᠮᠳᠡᠭᠴᠦᠳ᠎ᠤᠨ ᠡᠷᠬᠡ ᠠᠰᠢᠭ᠎ᠢ ᠪᠠᠲᠤᠯᠠᠬᠤ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢᠨ ᠠᠷᠭ᠎ᠠ ᠵᠢ ᠨᠠᠢ᠌ᠳᠠᠪᠤᠷᠢᠵᠢᠭᠤᠯᠬᠤ ᠠᠵᠢᠯ᠎ᠢ  ᠠᠬᠢᠭᠤᠯᠤᠭ᠋ᠠᠳ ᠲᠤᠰ ᠬᠦᠷᠢᠶ᠎ᠡ ᠴᠠᠷᠠᠭ᠎ᠠ᠎ᠳᠤ᠎ᠬᠢ ᠪᠦᠬᠦ ᠤᠯᠤᠰ᠎ᠤᠨ ᠥᠪᠡᠰᠦᠪᠡᠨ ᠬᠦᠴᠦᠷᠬᠡᠭᠵᠢᠭᠰᠡᠨ ᠵᠢᠱ᠌ᠢᠶᠡᠴᠢ ᠪᠠ ᠵᠡᠮᠳᠡᠭᠴᠦᠳ᠎ᠢ ᠲᠤᠰᠠᠯᠠᠭᠰᠠᠨ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢᠨ ᠤᠬᠠᠭᠤᠯᠭ᠎ᠠ ᠵᠢ ᠥᠷᠨᠢᠭᠦᠯᠵᠦ᠂ ᠵᠡᠮᠳᠡᠭᠴᠦᠳ᠎ᠢ ᠲᠤᠰᠠᠯᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠭᠡᠷ᠎ᠤᠨ ᠠᠬᠠᠮᠠᠳ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ ᠵᠶ᠋ᠡᠨ ᠪᠠᠳᠠᠷᠠᠭᠤᠯᠬᠤ ᠵᠢ ᠲᠠᠢ᠍ᠢ᠍ᠴᠢᠯᠠᠨ ᠵᠢᠯᠤᠭᠣᠳᠴᠤ ᠲᠡᠮᠵᠢᠬᠡᠳ ᠵᠡᠮᠳᠡᠭᠴᠦᠳ᠎ᠢ ᠲᠡᠳᠬᠦᠨ ᠵᠡᠮᠳᠡᠭᠴᠦᠳ᠎ᠢ ᠬᠠᠪᠰᠤᠷᠬᠤ ᠰᠠᠢ᠌ᠨ ᠰᠠᠢ᠌ᠬᠠᠨ ᠨᠡᠢ᠌ᠭᠡᠮ᠎ᠤᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃
    10. ᠡᠯ᠎ᠡ ᠭᠠᠵᠠᠷ᠎ᠤᠨ᠎ᠬᠢᠨ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ ᠪᠠ ᠴᠡᠷᠢᠭ ᠠᠩᠭᠢ ᠵᠢᠨ ᠬᠠᠷᠢᠭᠤᠴᠠᠯᠭ᠋ᠠᠲᠠᠨ ᠨᠥᠬᠥᠳ᠎ᠢ ᠤᠷᠢᠵᠤ ᠪᠦᠬᠦ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ᠎ᠤᠨ ᠬᠤᠭᠤᠴᠠᠭ᠋ᠠᠨ᠎ᠳᠤ ᠬᠦᠴᠢᠷᠳᠡᠯ᠎ᠲᠠᠢ ᠵᠡᠮᠳᠡᠭᠴᠦᠳ᠎ᠤᠨ ᠭᠡᠷ ᠪᠦᠯᠢ᠂ ᠠᠰᠠᠷᠠᠮᠵᠢ ᠵᠢᠨ ᠬᠦᠷᠢᠶᠡᠯᠡᠩ᠂ ᠵᠡᠮᠳᠡᠭᠴᠦᠳ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠤᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠂ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠂ ᠵᠡᠮᠳᠡᠭᠴᠦᠳ᠎ᠢ ᠲᠥᠪᠯᠡᠷᠡᠭᠦᠯᠦᠨ ᠠᠵᠢᠯ ᠣᠯᠭᠣᠬᠤ  ᠨᠢᠬᠡᠴᠢ ᠵᠡᠷᠭᠡ ᠵᠢ ᠰᠤᠷᠪᠤᠯᠵᠢᠯᠠᠵᠤ᠂ ᠨᠡᠢ᠌ᠭᠡᠮ᠎ᠤᠨ ᠡᠯ᠎ᠡ ᠡᠲᠡᠭᠡᠳ᠎ᠤᠨ ᠵᠡᠮᠳᠡᠭᠴᠦᠳ᠎ᠢ ᠣᠢ᠌ᠯᠠᠭ᠋ᠠᠬᠤ᠂ ᠬᠦᠨᠳᠦᠳᠬᠡᠬᠦ᠂ ᠬᠠᠯᠠᠮᠵᠢᠯᠠᠬᠤ᠂ ᠬᠠᠪᠰᠤᠷᠬᠤ ᠵᠢ ᠵᠣᠷᠢᠭᠵᠢᠭᠤᠯᠵᠤ᠂ ᠵᠡᠮᠳᠡᠭᠴᠦᠳ᠎ᠤᠨ ᠪᠠᠴᠢᠮᠳᠠᠯ ᠬᠦᠴᠢᠷᠳᠡᠯ ᠵᠤᠪᠠᠨᠢᠯ᠎ᠢ ᠦᠨᠡᠨ ᠬᠦ᠌ ᠰᠢᠢ᠍ᠳᠪᠦᠷᠢᠯᠡᠵᠦ᠂ ᠵᠡᠮᠳᠡᠭᠴᠦᠳ᠎ᠤᠨ ᠥᠪᠡᠷ᠎ᠢ᠎ᠪᠠᠨ ᠬᠦᠨᠳᠦᠳᠬᠡᠬᠦ᠂ ᠥᠪᠡᠷ᠎ᠢ᠎ᠪᠠᠨ ᠢᠲᠡᠭᠡᠬᠦ᠂ ᠥᠪᠡᠷ᠎ᠢ᠎ᠪᠠᠨ ᠬᠦᠴᠦᠷᠬᠡᠭᠵᠢᠭᠦᠯᠬᠦ᠂ ᠪᠡᠶ᠎ᠡ᠎ᠪᠠᠨ ᠳᠠᠭ᠋ᠠᠭ᠋ᠠᠬᠤ ᠵᠢ ᠵᠣᠷᠢᠭᠵᠢᠭᠤᠯᠤᠨ᠎ᠠ᠃

ᠭᠤᠷᠪᠠ᠂ ᠤᠬᠠᠭᠤᠯᠭ᠎ᠠ ᠵᠢᠨ ᠱᠠᠭ᠋ᠠᠷᠳᠠᠯᠭ᠎ᠠ

   ᠡᠯ᠎ᠡ ᠭᠠᠵᠠᠷ᠎ᠤᠨ᠎ᠬᠢᠨ ᠰᠣᠨᠢᠨ ᠮᠡᠳᠡᠭᠡᠨ᠎ᠤ ᠵᠠᠭᠤᠴᠢᠯᠠᠭᠤᠷ᠎ᠢ ᠵᠣᠬᠢᠶᠠᠨ ᠪᠠᠢ᠌ᠭᠤᠯᠵᠤ᠂ ᠪᠦᠬᠦ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ᠎ᠤᠨ ᠭᠣᠣᠯ ᠰᠡᠳᠦᠪ᠎ᠤᠨ ᠲᠣᠭᠣᠷᠢᠨ᠎ᠳᠤ ᠰᠤᠷᠪᠤᠯᠵᠢᠯᠠᠨ ᠮᠡᠳᠡᠭᠡᠯᠡᠬᠦ ᠠᠵᠢᠯ᠎ᠢ ᠢᠳᠡᠪᠬᠢᠲᠡᠢ ᠥᠷᠨᠢᠭᠦᠯᠵᠦ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠵᠢᠨ ᠵᠡᠮᠳᠡᠭᠴᠦᠳ᠎ᠢ ᠣᠨᠴᠠᠭ᠋ᠠᠶ ᠬᠠᠯᠠᠮᠵᠢᠯᠠᠵᠤ᠂ ᠣᠨᠴᠠᠭ᠋ᠠᠶ ᠠᠩᠬᠠᠷᠴᠤ ᠪᠠᠢ᠌ᠭ᠎ᠠ ᠪᠠᠢ᠌ᠳᠠᠯ᠎ᠢ ᠭᠦᠨᠵᠡᠭᠡᠢ ᠤᠬᠠᠭᠤᠯᠵᠤ᠂ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠥᠪᠡᠷ ᠵᠶ᠋ᠡᠨ ᠬᠦᠴᠦᠷᠬᠡᠭᠵᠢᠭᠰᠡᠨ ᠵᠢᠱ᠌ᠢᠶᠡᠴᠢ ᠵᠢᠨ ᠲᠡᠮᠡᠴᠡᠯ᠎ᠤᠨ ᠵᠣᠷᠢᠭ ᠰᠠᠨᠠᠭ᠎ᠠ ᠪᠣᠯᠣᠨ ᠵᠡᠮᠳᠡᠭᠴᠦᠳ᠎ᠢ ᠲᠤᠰᠠᠯᠠᠬᠤ ᠲᠡᠷᠢᠭᠦᠨ᠎ᠤ ᠡᠷᠬᠢᠮ ᠳᠡᠭᠡᠳᠦ ᠵᠠᠩ ᠴᠢᠨᠠᠷ᠎ᠢ ᠭᠦᠨᠵᠡᠭᠡᠢ ᠤᠬᠠᠭᠤᠯᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠬᠦ᠂ ᠵᠡᠮᠳᠡᠭᠴᠦᠳ᠎ᠤᠨ ᠨᠡᠢ᠌ᠭᠡᠮ᠎ᠤᠨ ᠪᠠᠲᠤᠯᠠᠭ᠎ᠠ ᠵᠢᠨ ᠳᠦᠷᠢᠮ ᠪᠣᠯᠣᠨ ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ ᠠᠷᠭ᠎ᠠ ᠪᠣᠯᠣᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ ᠵᠢᠨ ᠠᠮᠵᠢᠯᠲᠠ ᠵᠢ ᠭᠦᠨᠵᠡᠭᠡᠢ ᠤᠬᠠᠭᠤᠯᠵᠤ᠂ 《ᠡᠷᠬᠡ ᠲᠡᠭᠰᠢ᠂ ᠠᠭᠤᠰᠤᠯᠴᠠᠬᠤ᠂ ᠬᠠᠮᠳᠤ᠎ᠪᠠᠷ ᠡᠳ᠋ᠯᠡᠬᠦ》 ᠥᠷᠲᠡᠭ᠎ᠤᠨ ᠣᠨᠣᠯᠵᠢᠬᠤᠨ᠎ᠢ ᠥᠷᠭᠡᠨ ᠵᠶ᠋ᠡᠷ ᠤᠯᠠᠮᠵᠢᠯᠠᠵᠤ᠂ ᠭᠣᠣᠯ ᠬᠥᠭ ᠠᠶᠠᠰ᠎ᠢ ᠬᠠᠩᠭᠢᠨᠠᠭᠤᠯᠤᠨ᠂ ᠢᠳᠡᠪᠬᠢ ᠬᠦᠴᠦᠨ᠎ᠢ ᠤᠯᠠᠮᠵᠢᠯᠠᠵᠤ᠂ ᠵᠡᠮᠳᠡᠭᠴᠦᠳ᠎ᠤᠨ ᠦᠢ᠍ᠯᠡᠰ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠬᠥᠭᠵᠢᠯᠲᠡ᠎ᠪᠠᠨ ᠲᠦᠷᠭᠡᠳᠬᠡᠬᠦ ᠵᠢ ᠬᠠᠮᠳᠤ᠎ᠪᠠᠷ   ᠠᠬᠢᠭᠤᠯᠬᠤ᠎ᠳᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃



      ᠲᠦᠷᠤ ᠵᠢᠨ ᠶᠠᠪᠤᠳᠠᠯ᠎ᠤᠨ ᠬᠣᠷᠢᠶᠠᠨ᠎ᠤ ᠵᠡᠮᠳᠡᠭᠴᠤᠳ᠎ᠤᠨ ᠠᠵᠢᠯ᠎ᠤᠨ ᠵᠦᠪᠯᠡᠯ
      ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ
      ᠰᠤᠷᠭ᠋ᠠᠨ ᠬᠥᠮᠦᠵᠢᠯ᠎ᠤᠨ ᠶᠠᠮᠤᠨ
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ
      ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ
      ᠠᠷᠠᠳ᠎ᠤᠨ ᠶᠠᠪᠤᠳᠠᠯ᠎ᠤᠨ ᠶᠠᠮᠤᠨ
      ᠬᠦᠮᠦᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠡᠬᠢ ᠪᠠᠶᠠᠯᠢᠭ᠎ᠤᠨ ᠶᠠᠮᠤᠨ
      ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ
      ᠵᠠᠮ ᠲᠡᠭᠡᠭᠡᠪᠦᠷᠢ ᠵᠢᠨ ᠶᠠᠮᠤᠨ
      ᠲᠠᠷᠢᠶᠠᠯᠠᠩ ᠬᠥᠳᠡᠭᠡ ᠲᠣᠰᠬᠣᠨ᠎ᠤ ᠶᠠᠮᠤᠨ
      ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
      ᠤᠯᠤᠰ᠎ᠤᠨ ᠡᠮ ᠡᠮᠨᠡᠯᠭᠡ ᠵᠢᠨ ᠪᠠᠳᠤᠯᠠᠭ᠎ᠠ ᠵᠢᠨ ᠲᠤᠪᠴᠢᠶ᠎ᠠ
      ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠤᠯᠤᠰ ᠲᠦᠷᠤ ᠵᠢᠨ ᠠᠵᠢᠯ᠎ᠤᠨ ᠬᠡᠯᠳᠡᠰ
      ᠪᠦᠬᠦ ᠤᠯᠤᠰ ᠣᠨ ᠠᠵᠢᠯᠴᠢᠨ᠎ᠤ ᠶᠡᠷᠦᠩᠬᠡᠢ ᠡᠪᠯᠡᠯ
      ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ
      ᠪᠦᠬᠦ ᠤᠯᠤᠰ᠎ᠤᠨ ᠡᠮᠡᠭᠲᠡᠢ᠌ᠴᠦᠳ᠎ᠤᠨ ᠬᠣᠯᠪᠣᠭ᠎ᠠ
      ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ

                                  

                    2025 ᠣᠨ᠎ᠤ 4 ᠳ᠋ᠤᠭ᠋ᠠᠷ ᠰᠠᠷ᠎ᠠ ᠵᠢᠨ 22᠎ᠤ ᠡᠳᠤᠷ


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠥᠷᠪᠡᠨ ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠪᠥᠬᠥ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠪᠠ
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠤᠭᠤᠷᠢᠨ ᠪᠠᠢ᠌ᠴᠠᠭ᠋ᠠᠵᠤ ᠴᠡᠭᠴᠡᠯᠠᠨ ᠵᠠᠰᠠᠭᠰᠠᠨ ᠪᠠᠢ᠌ᠳᠠᠯ᠎ᠢ ᠮᠡᠳᠡᠭᠳᠡᠬᠦ᠎ᠨᠢ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠬᠢᠵᠢᠭ ᠎ᠢ ᠰᠡᠷᠭᠡᠶ᠋ᠢᠯᠡᠨ ᠡᠵᠡᠮᠳᠡᠬᠦ ᠵᠢᠴᠢ 2020 ᠣᠨ᠎ᠤ ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠠᠵᠢᠯ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠲᠧᠯᠸᠢᠰ ᠤᠲᠠᠰᠤᠲᠤ ᠬᠤᠷᠠᠯ ᠳᠡᠭᠡᠷᠡᠬᠢ᠎ᠤ ᠶᠠᠷᠢᠶᠠᠨ᠎ᠤ ᠳᠣᠪᠴᠢᠯᠠᠯ
ᠪᠦᠬᠦ ᠣᠷᠣᠨ᠎ᠤ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠸᠢᠳᠢᠣ᠋ ᠬᠤᠷᠠᠯ ᠳᠡᠭᠡᠷᠡᠬᠢ ᠶᠠᠷᠢᠶ᠎ᠠ
ᠬᠢᠵᠢᠭ᠎ᠢ ᠰᠡᠷᠬᠡᠢ᠌ᠯᠡᠬᠦ ᠬᠤᠭᠤᠴᠠᠭ᠋ᠠᠨ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠠᠵᠢᠯ᠎ᠤᠨ ᠬᠦᠴᠢᠷᠳᠡᠯ᠎ᠢ ᠮᠠᠨ᠎ᠤ ᠤᠷᠤᠨ ᠨᠠᠢ᠍ᠮᠨᠨ ᠠᠷᠭ᠎ᠠ᠎ᠪᠠᠷ ᠰᠢᠢ᠍ᠳᠪᠤᠷᠢᠯᠡᠵᠤ ᠪᠠᠢ᠌ᠨ᠎ᠠ
 
            