ᠬᠤᠤᠰᠪᠠᠶᠠᠷ ᠤᠷᠴᠢᠭᠤᠯᠪᠠ
ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 2025 ᠣᠨ᠎ᠤ 4 ᠳ᠋ᠤᠬᠡᠷ ᠰᠠᠷ᠎ᠠ ᠵᠢᠨ 6᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ 804 ᠳ᠋ᠤᠬᠡᠷ ᠲᠣᠭ᠋ᠠᠲᠤ ᠵᠠᠷᠯᠢᠭ᠎ᠲᠤ ᠭᠠᠷᠤᠨ ᠥᠰᠥᠭ ᠵᠢᠷᠤᠵᠤ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠣᠷᠣᠭ ᠲᠠᠡᠭᠰᠠᠯᠠᠬᠤ ᠳᠦᠷᠢᠮ》 (ᠳᠣᠷᠣᠭᠰᠢ 《ᠳᠦᠷᠢᠮ》 ᠭᠡᠵᠦ ᠲᠤᠪᠴᠢᠯᠠᠶ᠎ᠠ)᠎ᠢ ᠨᠡᠢ᠌ᠲᠡᠯᠡᠵᠦ᠂ 2025 ᠣᠨ᠎ᠤ 5 ᠳ᠋ᠤᠭ᠋ᠠᠷ ᠰᠠᠷ᠎ᠠ ᠵᠢᠨ 10᠎ᠤ ᠡᠳᠦᠷ᠎ᠠᠴᠠ ᠬᠡᠷᠡᠭᠵᠢᠭᠦᠯᠦᠨ᠎ᠡ᠃ ᠲᠦᠷᠦᠭᠦᠬᠡᠨ ᠬᠠᠤᠯᠢ ᠴᠭ᠋ᠠᠵᠨ ᠵᠢᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠎ᠤ ᠬᠠᠷᠢᠭᠤᠴᠠᠯᠭ᠋ᠠᠲᠠᠨ 《ᠳᠦᠷᠢᠮ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠠᠰᠠᠭᠤᠯᠲᠠ᠄ 《ᠳᠦᠷᠢᠮ》᠎ᠳᠤ ᠵᠠᠰᠠᠪᠤᠷᠢ ᠣᠷᠣᠭᠤᠯᠤᠭᠰᠠᠨ ᠠᠬᠤᠢ ᠪᠠᠢ᠌ᠳᠠᠯ᠎ᠢ ᠲᠥᠬᠥᠮ ᠲᠠᠨᠢᠯᠴᠠᠭᠤᠯᠤᠭ᠋ᠠᠷᠠᠢ᠃
ᠬᠠᠷᠢᠭᠤᠯᠲᠠ᠄ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠤᠷᠤᠭ ᠭᠡᠷ ᠪᠦᠯᠢ ᠵᠢᠨ ᠠᠵᠢᠯ᠎ᠢ ᠮᠠᠰᠢᠳᠠ ᠴᠢᠬᠤᠯᠠᠴᠢᠯᠠᠵᠤ ᠪᠠᠢ᠌ᠨ᠎ᠠ᠃ ᠰᠢ ᠵᠢᠨ ᠫᠢᠩ ᠶᠡᠷᠦᠩᠬᠡᠢ ᠱᠦᠵᠢ᠄ 《ᠭᠡᠷ ᠪᠦᠯᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠬᠤᠯᠠᠴᠢᠯᠠᠵᠤ᠂ ᠭᠡᠷ ᠪᠦᠯᠢ ᠵᠢ ᠴᠢᠬᠤᠯᠠᠴᠢᠯᠠᠵᠤ᠂ ᠭᠡᠷ᠎ᠤᠨ ᠰᠤᠷᠭ᠋ᠠᠯ᠎ᠢ ᠴᠢᠬᠤᠯᠠᠴᠢᠯᠠᠵᠤ᠂ ᠭᠡᠷ᠎ᠤᠨ ᠰᠤᠷᠲᠠᠯ᠎ᠢ ᠴᠢᠬᠤᠯᠠᠴᠢᠯᠠᠵᠤ᠂ ᠭᠡᠷ ᠪᠦᠯᠢ ᠵᠢᠨ ᠡᠶ᠎ᠡ ᠵᠣᠬᠢᠴᠠᠯ᠎ᠢ ᠠᠬᠢᠭᠤᠯᠤᠨ᠂ ᠲᠦᠭ ᠲᠦᠮᠡᠨ ᠭᠡᠷ ᠪᠦᠯᠢ ᠵᠢ ᠤᠯᠤᠰ᠎ᠤᠨ ᠬᠥᠭᠵᠢᠯᠲᠡ᠂ ᠦᠨᠳᠦᠰᠦᠲᠡᠨ᠎ᠤ ᠳᠠᠪᠰᠢᠯᠲᠠ᠂ ᠨᠡᠢ᠌ᠭᠡᠮ᠎ᠤᠨ ᠡᠶ᠎ᠡ ᠵᠣᠬᠢᠴᠠᠯ᠎ᠤᠨ ᠴᠢᠬᠤᠯᠠ ᠰᠠᠭᠤᠷᠢ ᠴᠡᠭ ᠪᠣᠯᠭ᠋ᠠᠬᠤ ᠬᠡᠷᠡᠭᠲᠡᠢ᠃ ᠰᠢᠨ᠎ᠡ ᠮᠠᠶᠢᠭ᠎ᠤᠨ ᠤᠷᠤᠭ ᠦᠷᠡᠵᠢᠯ᠎ᠤᠨ ᠰᠣᠶᠣᠯ᠎ᠢ ᠢᠳᠡᠪᠬᠢᠲᠡᠢ᠎ᠪᠠᠷ ᠪᠣᠢ᠌ᠵᠢᠭᠤᠯᠵᠤ᠂ ᠵᠠᠯᠠᠭᠤᠴᠤᠳ᠎ᠤᠨ ᠤᠷᠤᠭ ᠢᠨᠠᠭ ᠳᠤᠷᠠᠯᠠᠯ᠎ᠤᠨ ᠦᠵᠡᠯᠲᠡ᠂ ᠦᠷᠡᠵᠢᠯ᠎ᠤᠨ ᠦᠵᠡᠯᠲᠡ᠂ ᠭᠡᠷ ᠪᠦᠯᠢ ᠵᠢᠨ ᠦᠵᠡᠯᠲᠡ ᠵᠢ ᠬᠥᠲᠥᠯᠥᠨ ᠵᠢᠯᠤᠭᠣᠳᠬᠤ᠎ᠪᠠᠨ ᠴᠢᠩᠭ᠋ᠠᠳᠬᠠᠬᠤ ᠬᠡᠷᠡᠭᠲᠡᠢ》 ᠭᠡᠵᠤ ᠵᠢᠭ᠋ᠠᠪᠤᠷᠢᠯᠠᠬᠰᠠᠨ ᠶᠤᠮ᠃ ᠣᠲᠣ ᠵᠢᠨ ᠬᠡᠷᠡᠭᠵᠢᠭᠦᠯᠵᠦ ᠪᠠᠢ᠌ᠭ᠎ᠠ 《ᠳᠦᠷᠢᠮ》᠎ᠢ 2003 ᠣᠨ᠎ᠤ 10 ᠳ᠋ᠤᠭ᠋ᠠᠷ ᠰᠠᠷ᠎ᠠ ᠵᠢᠨ᠎ᠤ ᠡᠳᠦᠷ᠎ᠠᠴᠠ ᠬᠡᠷᠡᠭᠵᠢᠭᠦᠯᠦᠭᠰᠡᠨ᠎ᠠᠴᠠ ᠨᠠᠭ᠋ᠠᠰᠢ ᠣᠷᠣᠭ ᠲᠠᠡᠭᠰᠠᠯᠠᠬᠤ ᠠᠵᠢᠯ᠎ᠢ ᠵᠢᠷᠤᠮᠵᠢᠭᠤᠯᠬᠤ᠂ ᠣᠷᠣᠭ᠎ᠤᠨ ᠳᠦᠷᠢᠮ᠎ᠤᠨ ᠬᠡᠷᠡᠭᠵᠢᠭᠦᠯᠦᠯᠲᠡ ᠵᠢ ᠪᠠᠲᠤᠯᠠᠬᠤ᠂ ᠣᠷᠣᠭ᠎ᠤᠨ ᠲᠤᠬᠠᠢ ᠵᠢᠨ ᠬᠥᠮᠥᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠎ᠳᠤ ᠴᠢᠬᠤᠯᠠ ᠦᠢ᠍ᠯᠡᠳᠦᠯ ᠦᠵᠡᠭᠦᠯᠪᠡ᠃ ᠣᠢ᠌ᠷ᠎ᠠ ᠵᠢᠨ ᠵᠢᠯ᠎ᠤᠳ᠎ᠲᠤ ᠣᠷᠣᠭ ᠲᠠᠡᠭᠰᠠᠯᠠᠬᠤ ᠬᠦᠷᠢᠶᠡᠨ᠎ᠳᠤ ᠵᠠᠷᠢᠮ ᠰᠢᠨ᠎ᠡ ᠪᠠᠢ᠌ᠳᠠᠯ ᠰᠢᠨ᠎ᠡ ᠬᠡᠷᠡᠭᠴᠡᠭᠡ ᠱᠠᠭ᠋ᠠᠷᠳᠠᠯᠭ᠎ᠠ ᠢᠯᠡᠷᠡᠭᠰᠡᠨ ᠪᠠᠢ᠌ᠨ᠎ᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ᠎ᠬᠢᠨ ᠭᠡᠷ ᠪᠦᠯᠢ ᠵᠢᠨ ᠬᠥᠮᠦᠵᠢᠯ ᠭᠡᠷ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠠᠯᠢ ᠣᠯᠠᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠢ᠌ᠲᠡᠯᠡᠵᠦ᠂ ᠣᠷᠣᠭ ᠲ᠋ᠠᠡᠭᠰᠠᠯᠠᠬᠤ ᠠᠵᠢᠯ᠎ᠳᠤ ᠰᠢᠨ᠎ᠡ ᠱᠠᠭ᠋ᠠᠷᠳᠠᠯᠭ᠎ᠠ ᠳᠤᠷᠠᠳᠤᠭᠰᠠᠨ ᠪᠣᠯᠬᠣᠷ 《ᠳᠦᠷᠢᠮ》᠎ᠳᠤ ᠨᠠᠢ᠌ᠳᠠᠪᠤᠷᠢᠵᠢᠭᠤᠯᠬᠤ ᠴᠢᠬᠤᠯᠠᠲᠠᠢ ᠪᠠᠢ᠌ᠨ᠎ᠠ᠃ 2021 ᠣᠨ᠎ᠤ 6 ᠳ᠋ᠤᠭ᠋ᠠᠷ ᠰᠠᠷ᠎ᠠ᠎ᠠᠴᠠ ᠡᠬᠢᠯᠡᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠯ ᠵᠶ᠋ᠡᠷ ᠪᠥᠬᠥ ᠤᠯᠤᠰ᠎ᠲᠤ ᠵᠠᠯᠭ᠋ᠠᠭ᠎ᠠ᠎ᠪᠠᠷ 21 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠬᠣᠶᠠᠷ ᠡᠭᠡᠯᠵᠢ ᠵᠢᠨ ᠣᠷᠣᠭ ᠲ᠋ᠠᠡᠭᠰᠠᠯᠠᠬᠤ ᠵᠢ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠲᠤᠷᠰᠢᠯᠲᠠ ᠵᠢ ᠥᠷᠨᠢᠭᠦᠯᠵᠦ ᠡᠨᠡ ᠵᠢᠯ᠎ᠤᠨ 5 ᠳ᠋ᠤᠭ᠋ᠠᠷ ᠰᠠᠷ᠎ᠠ᠎ᠳᠤ ᠲᠤᠷᠰᠢᠯᠲᠠ ᠳᠠᠭᠤᠰᠬᠤ ᠪᠣᠯᠬᠣᠷ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠬᠠᠤᠯᠢ ᠴᠠᠭ᠋ᠠᠵᠠ ᠵᠢᠨ ᠳᠦᠷᠢᠮ ᠪᠣᠯᠭ᠋ᠠᠨ ᠲᠣᠳᠣᠷᠬᠠᠢ᠌ᠯᠠᠬᠤ ᠴᠢᠬᠤᠯᠠᠲᠠᠢ ᠪᠠᠢ᠌ᠨ᠎ᠠ᠃ ᠡᠢ᠌ᠮᠦ᠎ᠠᠴᠠ ᠤᠳᠤ ᠵᠢᠨ ᠬᠡᠷᠡᠭᠵᠢᠭᠦᠯᠵᠦ ᠪᠠᠢ᠌ᠭ᠎ᠠ 《ᠳᠦᠷᠢᠮ》᠎ᠳᠤ ᠵᠠᠰᠠᠪᠤᠷᠢ ᠣᠷᠣᠭᠤᠯᠬᠤ ᠴᠢᠬᠤᠯᠠᠲᠠᠢ᠃
ᠠᠰᠠᠭᠤᠯᠲᠠ᠄ ᠣᠷᠣᠭ ᠭᠡᠷ ᠪᠦᠯᠢ ᠵᠢᠨ ᠦᠢ᠍ᠯᠡᠴᠢᠯᠡᠭᠡᠨ᠎ᠤ ᠲᠠᠯ᠎ᠠ᠎ᠪᠠᠷ 《ᠳᠦᠷᠢᠮ》᠎ᠳᠤ ᠶᠠᠮᠠᠷ ᠶᠠᠮᠠᠷ ᠲᠣᠭᠲᠠᠭ᠋ᠠᠯ᠎ᠢ ᠰᠢᠨ᠎ᠡ᠎ᠪᠠᠷ ᠨᠡᠮᠡᠭᠰᠡᠨ ᠪᠣᠶ?
ᠬᠠᠷᠢᠭᠤᠯᠲᠠ᠄ ᠨᠢᠭᠡ᠎ᠳᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠶᠡᠷᠦᠩᠬᠡᠢ᠌ᠯᠡᠭᠰᠡᠨ ᠴᠢᠨᠠᠷᠲᠠᠢ ᠤᠷᠤᠭ ᠭᠡᠷ ᠪᠦᠯᠢ ᠵᠢᠨ ᠦᠢ᠍ᠯᠡᠴᠢᠯᠡᠭᠡᠨ᠎ᠤ ᠵᠢᠯᠤᠭᠣᠳᠬᠤ ᠠᠵᠢᠯ ᠪᠠ ᠤᠷᠤᠭ ᠭᠡᠷ ᠪᠦᠯᠢ ᠵᠢᠨ ᠵᠢᠯᠤᠭᠣᠳᠬᠤ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠣᠯᠪᠠᠰᠤᠨ ᠤᠷᠤᠭ᠎ᠤᠨ ᠵᠠᠩᠰᠢᠯ᠎ᠢ ᠰᠠᠨᠠᠭ᠋ᠠᠴᠢᠯᠠᠨ᠂ ᠭᠡᠷ ᠪᠦᠯᠢ ᠵᠢᠨ ᠡᠶ᠎ᠡ ᠵᠣᠬᠢᠴᠠᠯ᠎ᠢ ᠠᠬᠢᠭᠤᠯᠵᠤ᠂ ᠵᠥᠪ ᠣᠨᠣᠪᠴᠢᠲᠠᠶ ᠤᠷᠤᠭ ᠢᠨᠠᠭ᠎ᠤᠨ ᠦᠵᠡᠯᠲᠡ᠂ ᠦᠷᠡᠵᠢᠯ᠎ᠤᠨ ᠦᠵᠡᠯᠲᠡ᠂ ᠭᠡᠷ ᠪᠦᠯᠢ ᠵᠢᠨ ᠦᠵᠡᠯᠲᠡ ᠵᠢ ᠪᠣᠢ ᠪᠣᠯᠭ᠋ᠠᠬᠤ ᠵᠢ ᠵᠢᠯᠤᠭᠤᠳᠬᠤ ᠬᠡᠷᠡᠭᠳᠡᠢ ᠭᠡᠵᠤ ᠲᠣᠭᠲᠠᠭ᠋ᠠᠵᠠᠢ᠃ ᠬᠣᠶᠠᠷ᠎ᠲᠤ᠂ ᠤᠷᠦᠬ᠎ᠤᠨ ᠪᠦᠷᠢᠳᠬᠡᠯ᠎ᠤᠨ ᠪᠠᠢ᠌ᠭᠤᠯᠭ᠎ᠠ᠎ᠨᠢ ᠤᠷᠦᠬ ᠭᠡᠷ ᠪᠦᠯᠢ ᠵᠢᠨ ᠵᠢᠯᠤᠭᠣᠳᠬᠤ ᠦᠢ᠍ᠯᠡᠴᠢᠯᠡᠭᠡ ᠬᠠᠩᠭ᠋ᠠᠵᠤ᠂ ᠤᠷᠦᠬ ᠭᠡᠷ ᠪᠦᠯᠢ ᠵᠢᠨ ᠵᠢᠯᠣᠭᠣᠳᠤᠭᠴᠢ ᠵᠡᠷᠭᠡ ᠲᠤᠰᠬᠠᠢ ᠮᠡᠷᠭᠡᠵᠢᠯ᠎ᠤᠨ ᠠᠵᠢᠯᠲᠠᠨ ᠪᠠ ᠨᠡᠢ᠌ᠭᠡᠮ᠎ᠤᠨ ᠪᠤᠰᠤᠳ ᠬᠦᠴᠦᠨ᠎ᠤ ᠤᠷᠤᠭᠯᠠᠬᠤ᠎ᠠᠴᠠ ᠡᠮᠦᠨᠡᠬᠢ ᠰᠤᠷᠭ᠋ᠠᠨ ᠬᠥᠮᠦᠵᠢᠯ᠂ ᠤᠷᠦᠬ ᠭᠡᠷ ᠪᠦᠯᠢ ᠵᠢᠨ ᠬᠠᠷᠢᠴᠠᠭ᠎ᠠ ᠵᠢᠨ ᠵᠢᠯᠤᠭᠣᠳᠬᠤ ᠵᠡᠷᠭᠡ ᠲᠠᠯ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ ᠵᠡᠷᠭᠡ ᠵᠣᠬᠢᠶᠠᠨ ᠪᠠᠢ᠌ᠭᠤᠯᠤᠯᠲᠠ᠎ᠨᠤᠭᠤᠳ ᠬᠠᠮᠢᠶ᠎ᠠ ᠪᠦᠬᠦᠢ ᠠᠵᠢᠯ᠎ᠢ ᠬᠠᠪᠰᠤᠷᠤᠨ ᠬᠠᠮᠵᠢᠯᠴᠠᠵᠤ ᠰᠠᠢ᠌ᠲᠤᠷ ᠬᠢᠨ᠎ᠡ᠃ ᠭᠤᠷᠪᠠ᠎ᠳᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠤᠰᠬᠠᠢ ᠮᠡᠷᠭᠡᠵᠢᠯ᠎ᠤᠨ ᠠᠵᠢᠯᠲᠠᠨ᠎ᠤ ᠠᠵᠢᠯ ᠮᠡᠷᠭᠡᠵᠢᠯ᠎ᠤᠨ ᠬᠡᠪ ᠴᠢᠨᠠᠷ ᠪᠣᠯᠣᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠲᠡᠭᠡᠭᠰᠢᠯᠡᠬᠦᠯᠤᠨ᠎ᠡ᠃
ᠠᠰᠠᠭᠤᠯᠲᠠ᠄ 《ᠳᠦᠷᠢᠮ》᠎ᠳᠤ ᠣᠷᠣᠭ ᠲᠠᠡᠭᠰᠠᠯᠠᠬᠤ ᠵᠢ 《ᠪᠥᠬᠥ ᠤᠯᠤᠰ᠎ᠲᠤ ᠨᠡᠢ᠌ᠳᠡᠮ ᠭᠦᠢ᠍ᠴᠡᠳᠬᠡᠬᠦ》 ᠵᠢ ᠬᠡᠷᠬᠢᠨ ᠲᠣᠭᠲᠠᠭ᠋ᠠᠭᠰᠠᠨ ᠪᠣᠶ?
ᠬᠠᠷᠢᠭᠤᠯᠲᠠ᠄ ᠣᠷᠣᠭ ᠲᠠᠡᠭᠰᠠᠯᠠᠬᠤ ᠵᠢ 《ᠪᠥᠬᠥ ᠤᠯᠤᠰ᠎ᠲᠤ ᠨᠡᠢ᠌ᠳᠡᠮ ᠭᠦᠢ᠍ᠴᠡᠳᠬᠡᠬᠦ》 ᠪᠣᠯ ᠣᠷᠣᠭ ᠲᠠᠡᠭᠰᠠᠯᠠᠬᠤ ᠳᠦᠷᠢᠮ᠎ᠤᠨ ᠥᠭᠡᠷᠡᠴᠢᠯᠡᠯᠲᠡ ᠵᠢᠨ ᠴᠢᠬᠤᠯᠠ ᠠᠷᠭ᠎ᠠ ᠮᠥᠨ᠃ ᠡᠭᠦᠨ᠎ᠠᠴᠠ ᠡᠮᠦᠨ᠎ᠡ ᠪᠥᠬᠥ ᠤᠯᠤᠰ᠎ᠤᠨ 21 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ ᠥᠷᠨᠢᠭᠦᠯᠦᠭᠰᠡᠨ 《ᠮᠤᠵᠢ ᠠᠯᠤᠰᠯᠠᠨ ᠲᠤᠭᠤᠰᠢᠳᠠᠢ ᠬᠦᠢ᠍ᠴᠡᠳᠬᠡᠬᠦ》 ᠲᠤᠷᠰᠢᠯᠲᠠ ᠵᠢᠨ ᠠᠵᠢᠯ᠎ᠨᠢ ᠣᠯᠠᠨ ᠲᠦᠮᠡᠨ᠎ᠤ ᠣᠨᠳᠣᠣ ᠭᠠᠵᠠᠷ᠎ᠲᠤ ᠣᠷᠣᠭ ᠲᠠᠡᠭᠰᠠᠯᠠᠭᠤᠯᠬᠤ᠎ᠳᠤ ᠲᠥᠬᠥᠮ ᠦᠵᠡᠬᠦᠯᠦᠭᠰᠡᠨ ᠵᠶ᠋ᠡᠷ ᠨᠡᠢ᠌ᠭᠡᠮ᠎ᠤᠨ᠎ᠬᠢᠨ᠎ᠤ ᠲᠤᠰᠬᠠᠯ ᠰᠠᠢ᠌ᠨ᠂ ᠲᠤᠷᠰᠢᠯᠲᠠ ᠵᠢᠨ ᠠᠵᠢᠯ ᠲᠣᠭᠲᠠᠭᠤᠨ ᠪᠥᠭᠡᠳ ᠤᠷᠤᠭᠰᠢᠲᠠᠢ ᠶᠠᠪᠤᠭᠳᠠᠵᠤ ᠪᠠᠢ᠌ᠪᠠ᠃ 《ᠳᠦᠷᠢᠮ》᠎ᠳᠤ ᠲᠣᠰ ᠤᠳᠠᠭ᠎ᠠ ᠵᠠᠰᠠᠪᠤᠷᠢ ᠣᠷᠣᠭᠤᠯᠤᠭᠰᠠᠨ᠎ᠨᠢ ᠲᠤᠷᠰᠢᠯᠲᠠ ᠵᠢᠨ ᠲᠤᠷᠰᠢᠯᠭ᠎ᠠ ᠵᠢ ᠳ᠋ᠦᠩᠨᠡᠭᠰᠡᠨ ᠰᠠᠭᠤᠷᠢᠨ ᠳᠡᠭᠡᠷ᠎ᠡ ᠣᠷᠣᠭ ᠲᠠᠡᠭᠰᠠᠯᠠᠬᠤ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠣᠷᠣᠭ ᠲᠠᠡᠭᠰᠠᠯᠠᠬᠤ ᠵᠢ 《ᠪᠥᠬᠥ ᠤᠯᠤᠰ᠎ᠲᠤ ᠨᠡᠢ᠌ᠳᠡᠮ ᠭᠦᠢ᠍ᠴᠡᠳᠬᠡᠬᠦ》 ᠵᠢ ᠬᠡᠷᠡᠭᠵᠢᠭᠦᠯᠦᠨ᠂ ᠤᠯᠠᠮ ᠲᠦᠬᠦᠮ ᠦᠵᠡᠬᠦᠯᠬᠦ ᠵᠢᠨ ᠲᠥᠯᠥᠭᠡ ᠶᠤᠮ᠃ 《ᠪᠦᠬᠦ ᠤᠯᠤᠰ᠎ᠲᠤ ᠨᠡᠢ᠌ᠳᠡᠮ ᠭᠦᠢ᠍ᠴᠡᠳᠬᠡᠬᠦ》 ᠵᠢ ᠬᠡᠷᠡᠭᠵᠢᠭᠦᠯᠦᠭᠰᠡᠨ᠎ᠤ ᠳᠠᠷᠠᠭ᠎ᠠ ᠲᠤᠬᠠᠢ ᠵᠢᠨ ᠬᠥᠮᠥᠨ ᠤᠷᠤᠭ ᠲᠠᠡᠭᠰᠠᠯᠠᠭᠤᠯᠬᠤ᠂ ᠤᠷᠤᠭ ᠰᠠᠯᠬᠤ᠎ᠪᠠᠷ ᠭᠤᠶᠤᠴᠢᠯᠠᠬᠤ᠂ ᠤᠷᠤᠭ᠎ᠤᠨ ᠪᠠᠳᠤᠯᠠᠪᠤᠷᠢ ᠪᠤᠶᠤ ᠤᠷᠤᠭ ᠰᠠᠯᠬᠤ ᠦᠨᠡᠮᠯᠡᠯ᠎ᠢ ᠨᠥᠬᠥᠵᠦ ᠠᠪᠬᠤ ᠵᠢ 《ᠳᠦᠷᠢᠮ》᠎ᠳᠤ ᠲᠣᠭᠲᠠᠭ᠋ᠠᠭᠰᠠᠨ ᠤᠷᠤᠭ ᠲᠠᠡᠭᠰᠠᠯᠠᠬᠤ ᠪᠠᠢ᠌ᠭᠤᠯᠭ᠎ᠠ᠎ᠳᠤ ᠭᠦᠢ᠍ᠴᠡᠳᠬᠡᠵᠦ ᠪᠣᠯᠣᠨ᠎ᠠ᠃ ᠡᠭᠦᠨ᠎ᠤ ᠬᠠᠮᠲᠤ ᠣᠷᠣᠭ᠎ᠤᠨ ᠮᠡᠳᠡᠭᠡ ᠵᠠᠩᠭᠢ ᠵᠢᠨ ᠵᠥᠪ ᠣᠨᠣᠪᠴᠢᠲᠠᠶ᠂ ᠴᠠᠭ ᠲᠤᠬᠠᠢᠳᠤᠨᠢ᠂ ᠪᠦᠷᠢᠨ ᠪᠦᠲᠦᠨ᠂ ᠠᠮᠤᠷ ᠲᠦᠪᠰᠢᠨ ᠪᠠᠢ᠌ᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ 《ᠳᠦᠷᠢᠮ》᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠨᠢᠭᠡᠳᠦᠯᠲᠡᠢ ᠲᠥᠯᠥᠪᠵᠢᠭᠦᠯᠬᠦ᠂ ᠪᠥᠬᠥ ᠤᠯᠤᠰ᠎ᠤᠨ ᠣᠷᠣᠭ᠎ᠤᠨ ᠰᠠᠭᠤᠷᠢ ᠮᠡᠳᠡᠭᠡ ᠵᠠᠩᠭᠢ ᠵᠢᠨ ᠬᠥᠮᠥᠷᠭᠡ ᠵᠢ ᠲᠡᠭᠦᠯᠳᠡᠷᠵᠢᠭᠦᠯᠬᠦ᠂ ᠬᠣᠯᠪᠣᠭᠳᠠᠯ ᠪᠦᠬᠦᠢ ᠨᠢᠬᠡᠴᠢ ᠵᠢᠨ᠎ᠬᠢᠨ᠎ᠲᠠᠢ ᠬᠠᠮᠲᠤᠷᠠᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠵᠡᠷᠭᠡ ᠵᠢ ᠨᠡᠮᠡᠵᠦ ᠲᠣᠭᠲᠠᠭ᠋ᠠᠭᠰᠠᠨ ᠪᠥᠭᠡᠳ ᠣᠷᠣᠭ ᠲᠠᠡᠭᠰᠠᠯᠠᠬᠤ ᠪᠠᠢ᠌ᠭᠤᠯᠭ᠎ᠠ ᠵᠢ ᠰᠦᠯᠵᠢᠶᠡᠨ᠎ᠳᠤ ᠬᠣᠯᠪᠣᠨ ᠬᠠᠷᠭᠤᠭᠤᠯᠬᠤ ᠠᠵᠢᠯ᠎ᠢ ᠰᠠᠢ᠌ᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃
ᠠᠰᠠᠭᠤᠯᠲᠠ᠄ ᠣᠷᠣᠭ ᠲᠠᠡᠭᠰᠠᠯᠠᠬᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠲᠠᠯ᠎ᠠ᠎ᠪᠠᠷ 《ᠳᠦᠷᠢᠮ》᠎ᠳᠤ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?
ᠬᠠᠷᠢᠭᠤᠯᠲᠠ᠄ ᠨᠢᠭᠡ᠎ᠳᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠠᠷᠭ᠎ᠠ ᠠᠪᠴᠤ ᠪᠠᠢ᠌ᠭ᠋ᠠᠳ ᠤᠷᠤᠭ ᠲᠠᠡᠭᠰᠠᠯᠠᠬᠤ ᠦᠢ᠍ᠯᠡᠴᠢᠯᠡᠭᠡᠨ᠎ᠤ ᠲᠦᠪᠰᠢᠨ ᠵᠶ᠋ᠡᠨ ᠳᠡᠭᠡᠭᠰᠢᠯᠡᠭᠦᠯᠵᠦ᠂ ᠤᠷᠤᠭ ᠲᠠᠡᠭᠰᠠᠯᠠᠬᠤ ᠲᠠᠯᠠᠪᠤᠷ᠎ᠤᠨ ᠵᠢᠷᠤᠮᠵᠢᠭᠤᠯᠤᠯᠲᠠ᠂ ᠳᠥᠭᠥᠮᠴᠢᠯᠡᠯᠲᠡ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠷᠤᠭ ᠲᠠᠡᠭᠰᠠᠯᠠᠭᠤᠯᠬᠤ᠎ᠳᠤ ᠪᠠᠳᠤᠯᠠᠭ᠎ᠠ ᠬᠠᠩᠭ᠋ᠠᠬᠤ ᠬᠡᠷᠡᠭᠲᠡᠢ ᠭᠡᠵᠦ ᠲᠣᠭᠲᠠᠭ᠋ᠠᠵᠠᠢ᠃ ᠬᠣᠶᠠᠷ᠎ᠲᠤ᠂ ᠤᠷᠤᠭ ᠲᠠᠡᠭᠰᠠᠯᠠᠬᠤ ᠪᠠᠢ᠌ᠭᠤᠯᠭ᠎ᠠ᠎ᠨᠢ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠤᠬᠠᠢ ᠵᠢᠨ ᠬᠥᠮᠥᠨ᠎ᠳᠤ ᠪᠣᠯᠵᠣᠬᠤ᠂ ᠪᠠᠳᠤᠯᠠᠪᠤᠷᠢ ᠣᠯᠭᠣᠬᠤ ᠶᠣᠰᠣᠯᠠᠯ ᠵᠡᠷᠭᠡ ᠦᠢ᠍ᠯᠡᠴᠢᠯᠡᠭᠡ ᠬᠠᠩᠭ᠋ᠠᠵᠤ ᠪᠣᠯᠣᠨ᠎ᠠ ᠭᠡᠳᠡᠭ᠎ᠢ ᠲᠣᠳᠣᠷᠬᠠᠢ᠌ᠯᠠᠪᠠ᠃ ᠲᠤᠬᠠᠢ ᠵᠢᠨ ᠬᠥᠮᠥᠨ᠎ᠤ ᠬᠣᠶᠠᠷ ᠲᠠᠯ᠎ᠠ ᠵᠢᠨ ᠡᠴᠢᠭᠡ ᠡᠬᠡ ᠵᠡᠷᠭᠡ ᠵᠢ ᠤᠷᠢᠵᠤ ᠪᠠᠳᠤᠯᠠᠪᠤᠷᠢ ᠣᠯᠭᠣᠬᠤ ᠶᠣᠰᠣᠯᠠᠯ᠎ᠳᠤ ᠣᠷᠣᠯᠴᠠᠭᠤᠯᠬᠤ ᠵᠢ ᠵᠣᠷᠢᠭᠵᠢᠭᠤᠯᠤᠨ᠎ᠠ᠃ ᠭᠤᠷᠪᠠ᠎ᠳᠤ᠂ ᠤᠷᠤᠭ ᠲᠠᠡᠭᠰᠠᠯᠠᠬᠤ ᠪᠠᠢ᠌ᠭᠤᠯᠭ᠎ᠠ ᠵᠢ ᠱᠠᠭ᠋ᠠᠷᠳᠠᠵᠤ ᠪᠠᠢ᠌ᠭ᠋ᠠᠳ ᠲᠤᠬᠠᠢ ᠵᠢᠨ ᠬᠥᠮᠥᠨ᠎ᠤ ᠭᠠᠷᠭ᠋ᠠᠵᠤ ᠥᠭᠭᠦᠭᠰᠡᠨ ᠪᠠᠳᠤᠯᠠᠪᠤᠷᠢ᠂ ᠪᠢᠴᠢᠭ᠎ᠤᠨ ᠮᠠᠲ᠋ᠧᠷᠢᠶᠠᠯ᠎ᠢ ᠬᠠᠤᠯᠢ ᠶᠣᠰᠣᠭ᠋ᠠᠷ ᠬᠠᠷᠭᠤᠭᠤᠯᠵᠤ᠂ ᠬᠣᠯᠪᠣᠭᠳᠠᠯ ᠪᠦᠬᠦᠢ ᠪᠠᠢ᠌ᠳᠠᠯ᠎ᠢ ᠯᠠᠪᠯᠠᠬᠤ ᠵᠢᠨ ᠬᠠᠮᠲᠤ ᠲᠤᠬᠠᠢ ᠵᠢᠨ ᠬᠥᠮᠥᠨ᠎ᠤ ᠪᠡᠶ᠎ᠡ ᠬᠡᠮ ᠪᠠ ᠤᠷᠤᠭ᠎ᠤᠨ ᠪᠠᠢ᠌ᠳᠠᠯ᠎ᠤᠨ ᠮᠡᠳᠡᠭᠡ ᠵᠠᠩᠭᠢ ᠵᠢ ᠰᠦᠯᠵᠢᠶ᠎ᠡ᠎ᠪᠠᠷ ᠬᠢᠨᠠᠨ ᠬᠠᠷᠭᠤᠭᠤᠯᠵᠤ ᠲᠤᠬᠠᠢ ᠵᠢᠨ ᠬᠥᠮᠥᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠨ᠎ᠠ᠃
ᠠᠰᠠᠭᠤᠯᠲᠠ᠄ ᠣᠷᠣᠭ ᠲᠠᠡᠭᠰᠠᠯᠠᠬᠤ ᠵᠢᠷᠤᠮ ᠪᠠ ᠣᠷᠣᠭ ᠲᠠᠡᠭᠰᠠᠯᠠᠬᠤ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠲᠠᠯ᠎ᠠ᠎ᠪᠠᠷ 《ᠳᠦᠷᠢᠮ》᠎ᠳᠤ ᠬᠡᠷᠬᠢᠨ ᠲᠣᠭᠲᠠᠭ᠋ᠠᠭᠰᠠᠨ ᠪᠣᠶ?
ᠬᠠᠷᠢᠭᠤᠯᠲᠠ᠄ 《ᠳᠦᠷᠢᠮ》᠎ᠳᠤ ᠲᠤᠰᠬᠠᠢ ᠪᠦᠯᠦᠭ ᠭᠠᠷᠭ᠋ᠠᠵᠤ ᠤᠷᠤᠭ ᠲᠠᠡᠭᠰᠠᠯᠠᠬᠤ᠂ ᠤᠷᠤᠭ ᠰᠠᠯᠬᠤ ᠪᠦᠷᠢᠳᠬᠡᠯ᠂ ᠤᠷᠤᠭ᠎ᠤᠨ ᠪᠦᠷᠢᠳᠬᠡᠯ᠎ᠤᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠲᠤᠬᠠᠢ ᠲᠤᠰ ᠲᠤᠰ ᠲᠣᠭᠲᠠᠭ᠋ᠠᠯ ᠭᠠᠷᠭ᠋ᠠᠵᠠᠢ᠃ ᠨᠢᠭᠡ᠎ᠳᠤ᠂ ᠤᠷᠤᠭ ᠲᠠᠡᠭᠰᠠᠯᠠᠬᠤ ᠲᠠᠯ᠎ᠠ᠎ᠪᠠᠷ 《ᠳᠦᠷᠢᠮ》᠎ᠳᠤ᠂ ᠡᠷᠡᠭᠲᠡᠢ ᠡᠮᠡᠭᠲᠡᠢ ᠬᠣᠶᠠᠷ ᠡᠲᠡᠭᠡᠳ ᠵᠶ᠋ᠡᠷ ᠵᠶ᠋ᠡᠨ ᠣᠷᠣᠭ ᠲᠠᠡᠭᠰᠠᠯᠠᠬᠤ ᠪᠠᠢ᠌ᠭᠤᠯᠭ᠎ᠠ᠎ᠳᠤ ᠣᠷᠣᠭ ᠲᠠᠡᠭᠰᠠᠯᠠᠭᠤᠯᠬᠤ ᠵᠢᠨ ᠬᠠᠮᠲᠤ᠎ᠪᠠᠷ ᠭᠤᠶᠤᠴᠢᠯᠠᠬᠤ ᠬᠡᠷᠡᠭᠲᠡᠢ ᠪᠥᠭᠡᠳ ᠣᠷᠣᠭ ᠲᠠᠡᠭᠰᠠᠯᠠᠬᠤ᠎ᠳᠤ ᠬᠡᠷᠡᠭᠰᠡᠬᠦ ᠭᠡᠷᠡᠴᠢ ᠮᠠᠲ᠋ᠧᠷᠢᠶᠠᠯ᠂ ᠳᠡᠩᠰᠡᠯᠡᠵᠦ ᠥᠭᠬᠦ ᠦᠭᠡᠢ ᠪᠠᠢ᠌ᠳᠠᠯ᠂ ᠣᠷᠣᠭ ᠲᠠᠡᠭᠰᠠᠯᠠᠬᠤᠢ ᠨᠥᠬᠥᠵᠦ ᠬᠢᠬᠦ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠃ ᠬᠣᠶᠠᠷ᠎ᠲᠤ᠂ ᠤᠷᠤᠭ ᠰᠠᠯᠬᠤ ᠲᠠᠡᠭᠰᠠᠯᠠᠯᠳᠠ᠎ᠤᠨ ᠲᠠᠯ᠎ᠠ᠎ᠪᠠᠷ 《ᠳᠦᠷᠢᠮ》᠎ᠳᠤ ᠡᠷᠡᠭᠲᠡᠢ ᠡᠮᠡᠭᠲᠡᠢ ᠬᠣᠶᠠᠷ ᠡᠲᠡᠭᠡᠳ ᠵᠶ᠋ᠡᠷ ᠵᠶ᠋ᠡᠨ ᠤᠷᠤᠭ ᠰᠠᠯᠬᠤ ᠪᠢᠴᠢᠭ᠎ᠤᠨ ᠬᠡᠯᠡᠯᠴᠡᠭᠡᠷ ᠲᠣᠭᠲᠠᠵᠤ᠂ ᠤᠷᠤᠭ ᠲᠠᠡᠭᠰᠠᠯᠠᠬᠤ ᠪᠠᠢ᠌ᠭᠤᠯᠭ᠎ᠠ᠎ᠳᠤ ᠪᠡᠶ᠎ᠡ᠎ᠪᠠᠷ ᠵᠶ᠋ᠡᠨ ᠣᠴᠢᠵᠤ ᠤᠷᠤᠭ ᠰᠠᠯᠬᠤ ᠭᠠᠷ ᠬᠦᠢ᠍ᠴᠡᠳᠬᠡᠯ ᠬᠢᠯᠭᠡᠬᠦ᠎ᠪᠠᠷ ᠬᠠᠮᠲᠤ᠎ᠪᠠᠷ ᠭᠤᠶᠤᠴᠢᠯᠠᠬᠤ ᠬᠡᠷᠡᠭᠲᠡᠢ᠃ ᠤᠷᠦᠬ ᠲᠠᠡᠭᠰᠠᠯᠠᠬᠤ ᠪᠠᠢ᠌ᠭᠤᠯᠭ᠎ᠠ᠎ᠨᠢ ᠬᠠᠤᠯᠢ᠎ᠳᠤ ᠲᠣᠭᠲᠠᠭ᠋ᠠᠭᠰᠠᠨ ᠬᠤᠭᠤᠴᠠᠭ᠋ᠠᠨ᠎ᠳᠤ ᠲᠤᠬᠠᠢ ᠵᠢᠨ ᠬᠥᠮᠥᠨ᠎ᠤ ᠭᠤᠶᠤᠴᠢᠯᠠᠯ᠎ᠢ ᠦᠨᠳᠦᠰᠦᠯᠡᠨ ᠤᠷᠦᠬ ᠰᠠᠯᠬᠤ ᠲᠠᠡᠭᠰᠠᠯᠠᠯᠳᠠ ᠬᠢᠬᠦ ᠬᠡᠷᠡᠭᠲᠡᠢ᠃ ᠤᠷᠤᠭ ᠰᠠᠯᠬᠤ ᠲᠠᠡᠭᠰᠠᠯᠠᠯᠳᠠ᠎ᠳᠤ ᠬᠡᠷᠡᠭᠰᠡᠬᠦ ᠭᠡᠷᠡᠴᠢ ᠪᠢᠴᠢᠭ ᠮᠠᠲ᠋ᠧᠷᠢᠶᠠᠯ᠂ ᠬᠦᠯᠢᠶᠡᠨ ᠠᠪᠴᠤ ᠰᠢᠢ᠍ᠳᠪᠦᠷᠢᠯᠡᠬᠦ ᠦᠭᠡᠢ ᠪᠠᠢ᠌ᠳᠠᠯ ᠵᠡᠷᠭᠡ᠎ᠳᠤ ᠪᠠᠰᠠ ᠲᠣᠭᠲᠠᠭ᠋ᠠᠯ ᠭᠠᠷᠭ᠋ᠠᠵᠠᠢ᠃ ᠭᠤᠷᠪᠠ᠎ᠳᠤ᠂ ᠣᠷᠣᠭ ᠲᠠᠡᠭᠰᠠᠯᠠᠬᠤ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ 《ᠳᠦᠷᠢᠮ》᠎ᠳᠤ ᠣᠷᠣᠭ᠎ᠤᠨ ᠲᠠᠩᠰᠠ ᠡᠪᠬᠡᠮᠡᠯ᠎ᠢ ᠣᠷᠳᠣ ᠬᠤᠭᠤᠴᠠᠭ᠎ᠠ᠎ᠪᠠᠷ ᠬᠠᠳᠠᠭ᠋ᠠᠯᠠᠨ ᠬᠠᠮᠢᠶᠠᠷᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠲᠤᠬᠠᠢ ᠵᠢᠨ ᠬᠥᠮᠥᠨ ᠪᠤᠶᠤ ᠡᠷᠬᠡᠲᠦ ᠪᠠᠢ᠌ᠭᠤᠯᠭ᠎ᠠ᠎ᠳᠤ ᠪᠠᠢ᠌ᠴᠠᠭ᠋ᠠᠨ ᠯᠠᠪᠯᠠᠬᠤ ᠦᠢ᠍ᠯᠡᠴᠢᠯᠡᠭᠡ ᠬᠠᠩᠭ᠋ᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠪᠥᠬᠥ ᠤᠯᠤᠰ᠎ᠤᠨ ᠣᠷᠣᠭ᠎ᠤᠨ ᠦᠨᠳᠦᠰᠦᠨ ᠮᠡᠳᠡᠭᠡ ᠵᠠᠩᠭᠢ ᠵᠢᠨ ᠬᠥᠮᠥᠷᠭᠡ᠎ᠳᠤ ᠳᠠᠮᠵᠢᠭᠤᠯᠬᠤ ᠬᠡᠷᠡᠭᠲᠡᠢ᠃
ᠠᠰᠠᠭᠤᠯᠲᠠ᠄ 《ᠳᠦᠷᠢᠮ》᠎ᠤᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ ᠶᠠᠮᠠᠷ ᠶᠠᠮᠠᠷ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠬᠦ ᠴᠢᠬᠤᠯᠠᠲᠠᠢ ᠪᠣᠶ?
ᠬᠠᠷᠢᠭᠤᠯᠲᠠ᠄ ᠨᠢᠭᠡ᠎ᠳᠤ ᠤᠬᠠᠭᠤᠯᠤᠨ ᠲᠠᠢ᠌ᠯᠪᠤᠷᠢᠯᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠣᠷᠣᠨ ᠨᠤᠲᠤᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠲᠤᠰᠬᠠᠢ ᠰᠡᠳᠦᠪᠲᠦ ᠰᠤᠷᠤᠯᠴᠠᠯᠭ᠎ᠠ ᠪᠣᠯᠪᠠᠰᠤᠷᠠᠯ ᠵᠶ᠋ᠡᠷ ᠲᠥᠪᠯᠡᠷᠡᠭᠦᠯᠦᠨ ᠥᠷᠨᠢᠭᠦᠯᠵᠦ᠂ ᠣᠷᠣᠭ ᠲᠠᠡᠭᠰᠠᠯᠠᠬᠤ ᠪᠠᠢ᠌ᠭᠤᠯᠭ᠎ᠠ ᠵᠢᠨ ᠠᠵᠢᠯᠲᠠᠨ᠎ᠤ 《ᠳᠦᠷᠢᠮ》᠎ᠳᠤ ᠵᠠᠰᠠᠪᠤᠷᠢ ᠣᠷᠣᠭᠤᠯᠤᠭᠰᠠᠨ ᠭᠣᠣᠯ ᠠᠭᠤᠯᠭ᠎ᠠ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠣᠨᠣᠪᠴᠢᠲᠠᠶ ᠡᠵᠡᠮᠰᠢᠬᠦ ᠠᠵᠢᠯ᠎ᠢ ᠠᠬᠢᠭᠤᠯᠵᠤ᠂ ᠬᠡᠷᠡᠭᠵᠢᠭᠦᠯᠬᠦ ᠴᠢᠳᠠᠪᠤᠷᠢ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠬᠣᠶᠠᠷ᠎ᠲᠤ᠂ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠣᠷᠣᠭ ᠳᠠᠩᠰᠠᠯᠠᠯᠲᠠ ᠵᠢᠨ ᠠᠵᠢᠯ᠎ᠤᠨ ᠵᠢᠷᠤᠮᠵᠢᠯ ᠵᠡᠷᠭᠡ ᠪᠢᠴᠢᠭ ᠮᠠᠲ᠋ᠧᠷᠢᠶᠠᠯ᠎ᠳᠤ ᠵᠠᠰᠠᠪᠤᠷᠢ ᠣᠷᠣᠭᠤᠯᠵᠤ᠂ ᠣᠷᠣᠭ ᠳᠠᠩᠰᠠᠯᠠᠯᠲᠠ ᠵᠢᠨ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠠᠷᠭ᠎ᠠ ᠵᠢ ᠤᠯᠠᠮ ᠲᠡᠭᠦᠯᠳᠡᠷᠵᠢᠭᠦᠯᠦᠨ᠂ ᠣᠷᠣᠭ ᠳᠠᠩᠰᠠᠯᠠᠯᠲᠠ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠭᠤᠷᠪᠠ᠎ᠳᠤ᠂ ᠨᠡᠢ᠌ᠭᠡᠮ᠎ᠤᠨ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ᠂ ᠣᠷᠣᠭ ᠲᠠᠡᠭᠰᠠᠯᠠᠯᠳᠠ ᠵᠢᠨ ᠬᠦᠷᠢᠶᠡᠨ᠎ᠳᠤ᠎ᠬᠢ ᠣᠯᠠᠨ ᠲᠦᠮᠡᠨ᠎ᠤ ᠠᠩᠬᠠᠷᠤᠯ ᠲᠠᠯᠪᠢᠵᠤ ᠪᠠᠢ᠌ᠭ᠎ᠠ ᠮᠠᠳᠠᠭ᠎ᠲᠠᠢ ᠠᠰᠠᠭᠤᠳᠠᠯ᠎ᠢ ᠴᠠᠭ ᠲᠤᠬᠠᠢ᠎ᠳᠤ᠎ᠬᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃