ᠬᠤᠤᠰᠪᠠᠶᠠᠷ ᠤᠷᠴᠢᠭᠤᠯᠪᠠ
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ᠎ᠬᠢᠨ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠬᠦ ᠠᠵᠢᠯ᠎ᠢ ᠤᠯᠠᠨᠳᠠ ᠪᠠᠢ᠌ᠷᠢᠯᠠᠭᠤᠯᠤᠨ ᠴᠢᠬᠤᠯᠠᠴᠢᠯᠠᠬᠰᠠᠨ ᠶᠤᠮ᠃ 《ᠬᠠᠤᠯᠢ ᠪᠤᠰᠤ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠲᠤᠬᠠᠢ ᠲᠦᠷ ᠬᠡᠷᠡᠭᠵᠢᠭᠦᠯᠬᠦ ᠠᠷᠭ᠎ᠠ》 ( 《ᠲᠦᠷ ᠬᠡᠷᠡᠭᠵᠢᠭᠦᠯᠬᠦ ᠠᠷᠭ᠎ᠠ》 ᠭᠡᠵᠦ ᠲᠤᠪᠴᠢᠯᠠᠶ᠎ᠠ) ᠵᠢ 2000 ᠣᠨ᠎ᠤ 4 ᠰᠠᠷ᠎ᠠ᠎ᠳᠤ ᠬᠡᠷᠡᠭᠵᠢᠭᠦᠯᠪᠡ᠃ ᠬᠠᠤᠯᠢ ᠪᠤᠰᠤ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠤᠬᠠᠭᠳᠠᠬᠤᠨ ᠪᠠ ᠲᠥᠷᠥᠯ ᠬᠡᠯᠪᠡᠷᠢ ᠵᠢ ᠲᠣᠳᠣᠷᠬᠠᠢ᠌ᠯᠠᠨ᠂ ᠳᠡᠩᠰᠡᠯᠡᠨ ᠬᠠᠮᠢᠶᠠᠷᠬᠤ ᠪᠠᠢ᠌ᠭᠤᠯᠭ᠎ᠠ ᠵᠢᠨ ᠬᠠᠷᠢᠶᠠᠯᠠᠯ᠎ᠤᠨ ᠡᠷᠬᠡ ᠵᠢ ᠲᠣᠭᠲᠠᠭ᠋ᠠᠵᠤ᠂ ᠬᠦᠴᠦᠨ ᠦᠭᠡᠢ ᠪᠣᠯᠭ᠋ᠠᠬᠤ ᠦᠨᠳᠦᠰᠦᠨ ᠶᠠᠪᠤᠴᠠ ᠵᠢ ᠵᠢᠷᠤᠮᠵᠢᠭᠤᠯᠤᠨ᠂ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠬᠦ ᠳᠦᠷᠢᠮ᠎ᠤᠨ ᠪᠣᠷᠣ ᠲᠥᠯᠥᠪ᠎ᠢ ᠪᠠᠢ᠌ᠭᠤᠯᠵᠤ᠂ ᠴᠣᠬᠢᠯᠲᠠ ᠥᠭᠴᠦ ᠴᠡᠭᠴᠡᠯᠡᠬᠦ ᠠᠵᠢᠯ᠎ᠢ ᠥᠷᠨᠢᠭᠦᠯᠬᠦ᠎ᠳᠤ ᠮᠠᠰᠢ ᠰᠠᠢ᠌ᠨ ᠰᠠᠭᠤᠷᠢ ᠵᠢ ᠲᠠᠯᠪᠢᠭᠰᠠᠨ ᠪᠠᠢ᠌ᠨ᠎ᠠ᠃ ᠭᠡᠪᠡᠴᠦ ᠤᠷᠴᠢᠮ᠎ᠤᠨ ᠵᠢᠯ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠬᠦ ᠠᠵᠢᠯ᠎ᠳᠤ ᠲᠤᠯᠭ᠋ᠠᠷᠠᠵᠤ ᠪᠠᠢ᠌ᠭ᠎ᠠ ᠪᠠᠢ᠌ᠳᠠᠯ ᠡᠳᠦᠷ ᠢᠷᠡᠬᠦᠶ᠎ᠡ ᠪᠤᠳᠤᠯᠢᠶᠠᠨᠲᠠᠢ ᠪᠣᠯᠵᠤ᠂ ᠵᠠᠷᠢᠮ ᠰᠢᠨ᠎ᠡ ᠪᠠᠢ᠌ᠳᠠᠯ᠂ ᠰᠢᠨ᠎ᠡ ᠠᠰᠠᠭᠤᠳᠠᠯ ᠢᠯᠡᠷᠡᠵᠦ᠂ ᠴᠣᠬᠢᠯᠲᠠ ᠥᠭᠴᠦ ᠴᠡᠭᠴᠡᠯᠡᠬᠦ ᠵᠢᠨ ᠬᠠᠤᠯᠢ ᠳᠦᠷᠢᠮ᠎ᠤᠨ ᠪᠠᠲᠤᠯᠠᠭ᠎ᠠ ᠵᠢ ᠴᠢᠩᠭ᠋ᠠᠳᠬᠠᠬᠤ᠎ᠳᠤ ᠰᠢᠨ᠎ᠡ ᠱᠠᠭ᠋ᠠᠷᠳᠠᠯᠭ᠎ᠠ ᠲᠤᠷᠠᠳᠤᠬᠰᠠᠨ ᠵᠶ᠋ᠡᠷ 《ᠲᠦᠷ ᠬᠡᠷᠡᠭᠵᠢᠭᠦᠯᠬᠦ ᠠᠷᠭ᠎ᠠ》᠎ᠨᠢ ᠣᠳᠣᠬᠢ ᠱᠠᠲᠤᠨ᠎ᠤ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠴᠦ ᠴᠡᠭᠴᠡᠯᠡᠬᠦ ᠠᠵᠢᠯ᠎ᠤᠨ ᠬᠡᠷᠡᠭᠴᠡᠭᠡ᠎ᠳᠤ ᠨᠢᠭᠡᠨᠲᠡ ᠵᠣᠬᠢᠴᠠᠬᠤ᠎ᠪᠠᠨ ᠪᠤᠯᠢᠵᠤ ᠰᠢᠨ᠎ᠡ ᠲᠣᠭᠲᠠᠭ᠋ᠠᠯ ᠭᠠᠷᠭ᠋ᠠᠬᠤ ᠵᠢ ᠲᠤᠯᠭ᠋ᠠᠮ ᠱᠠᠭ᠋ᠠᠷᠳᠠᠵᠤ ᠪᠠᠢ᠌ᠨ᠎ᠠ᠃
ᠵᠠᠰᠠᠪᠤᠷᠢ ᠣᠷᠣᠭᠤᠯᠤᠭᠰᠠᠨ ᠭᠣᠣᠯ ᠠᠭᠤᠯᠭ᠎ᠠ
(ᠨᠢᠭᠡ) ᠳᠦᠷᠢᠮ ᠲᠣᠭᠲᠠᠭ᠋ᠠᠯ᠎ᠤᠨ ᠨᠡᠷᠡᠢ᠌ᠳᠦᠯ᠎ᠳᠤ ᠲᠣᠬᠢᠷᠠᠭᠤᠯᠤᠯᠲᠠ ᠬᠢᠨ᠎ᠡ᠃ ᠳᠦᠷᠢᠮ ᠲᠣᠭᠲᠠᠭ᠋ᠠᠯ᠎ᠤᠨ ᠨᠡᠷᠡᠢ᠌ᠳᠦᠯ᠎ᠢ 《 ᠠᠷᠠᠳ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠲᠤᠬᠠᠢ ᠲᠦᠷ ᠬᠡᠷᠡᠭᠵᠢᠭᠦᠯᠬᠦ ᠠᠷᠭ᠎ᠠ》 ᠭᠡᠵᠤ ᠪᠠᠢ᠌ᠬᠰᠠᠨ᠎ᠠᠴᠠ᠎ᠨᠢ 《ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠠᠷᠭ᠎ᠠ》 ᠪᠣᠯᠭ᠋ᠠᠨ ᠲᠣᠬᠢᠷᠠᠭᠤᠯᠪᠠ᠃ 《ᠠᠷᠠᠳ᠎ᠤᠨ ᠵᠣᠬᠢᠶᠠᠨ ᠪᠠᠢ᠌ᠭᠤᠯᠤᠯᠲᠠ》 ᠪᠣᠯ ᠲᠡᠦᠬᠡᠲᠦ ᠴᠢᠨᠠᠷᠲᠠᠢ ᠤᠬᠠᠭᠳᠠᠬᠤᠨ᠂ 《ᠬᠠᠤᠯᠢ ᠪᠤᠰᠤ ᠠᠷᠠᠳ᠎ᠤᠨ ᠵᠣᠬᠢᠶᠠᠨ ᠪᠠᠢ᠌ᠭᠤᠯᠤᠯᠲᠠ》 ᠵᠢ 《ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ》 ᠪᠣᠯᠭ᠋ᠠᠨ ᠬᠤᠪᠢᠷᠠᠭᠤᠯᠤᠭᠰᠠᠨ᠎ᠨᠢ ᠨᠡᠩ ᠣᠨᠣᠪᠴᠢᠲᠠᠶ ᠶᠤᠮ᠃
(ᠬᠣᠶᠠᠷ) ᠴᠣᠬᠢᠯᠲᠠ ᠥᠭᠬᠦ ᠡᠲᠡᠭᠡᠳ᠎ᠢ ᠲᠤᠳᠤᠷᠬᠠᠢ᠌ᠯᠠᠪᠠ᠃ ᠡᠭᠦᠨ᠎ᠳᠤ ᠭᠣᠣᠯᠳᠠᠭᠤ 《ᠳᠠᠩᠰᠠᠯᠠᠭᠤᠯᠤᠭᠰᠠᠨ ᠦᠭᠡᠢ᠎ᠪᠠᠷ ᠳᠤᠷ᠎ᠠ᠎ᠪᠠᠷ ᠵᠶ᠋ᠠᠨ ᠨᠡᠢ᠌ᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠢ᠌ᠭᠡᠮᠯᠢᠭ᠂ ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠬᠡᠴᠢ ᠵᠢᠨ ᠨᠡᠷ᠎ᠡ᠎ᠪᠠᠷ ᠠᠵᠢᠯᠯᠠᠭ᠎ᠠ ᠬᠢᠭᠰᠡᠨ᠃ ᠨᠡᠢ᠌ᠭᠡᠮ᠎ᠤᠨ ᠪᠦᠯᠬᠦᠮ᠎ᠤᠨ ᠪᠡᠯᠡᠳᠬᠡᠯ ᠬᠤᠭᠤᠴᠠᠭ᠋ᠠᠨ᠎ᠳᠤ ᠪᠡᠯᠡᠳᠬᠡᠯ ᠠᠵᠢᠯ᠎ᠠᠴᠠ ᠭᠠᠳᠠᠨᠠᠬᠢ ᠠᠵᠢᠯᠯᠠᠭ᠎ᠠ ᠥᠷᠨᠢᠭᠦᠯᠦᠭᠰᠡᠨ᠃ ᠳᠠᠩᠰᠠᠯᠠᠯᠲᠠ᠎ᠪᠠᠨ ᠬᠦᠴᠦᠨ ᠦᠭᠡᠢ ᠪᠣᠯᠭ᠋ᠠᠭᠳᠠᠭᠰᠠᠨ᠂ ᠳᠠᠩᠰᠠᠯᠠᠯᠲᠠ ᠵᠢᠨ ᠦᠨᠡᠮᠯᠡᠯ ᠵᠶ᠋ᠡᠨ ᠬᠤᠷᠢᠶᠠᠭᠳᠠᠨ ᠬᠦᠴᠦᠨ ᠦᠭᠡᠢ ᠪᠣᠯᠭ᠋ᠠᠭᠳᠠᠭᠰᠠᠨᠤ ᠳᠠᠷᠠᠭ᠎ᠠ ᠨᠡᠢ᠌ᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠢ᠌ᠭᠡᠮᠯᠢᠭ᠂ ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠬᠡᠴᠢ ᠵᠢᠨ ᠨᠡᠷ᠎ᠡ᠎ᠪᠠᠷ ᠦᠷᠭᠦᠯᠵᠢᠯᠡᠨ ᠠᠵᠢᠯᠯᠠᠭ᠎ᠠ ᠬᠢᠭᠰᠡᠨ》 ᠭᠤᠷᠪᠠᠨ ᠪᠠᠢ᠌ᠳᠠᠯ ᠪᠠᠭᠲᠠᠨ᠎ᠠ᠃ ᠡᠭᠦᠨ᠎ᠠᠴᠠ ᠭᠠᠳᠠᠨ᠎ᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ (ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ)᠎ᠤᠨ᠎ᠬᠢᠨ ᠬᠠᠮᠢᠶᠠᠷᠬᠤ᠂ ᠳᠠᠩᠰᠠᠯᠠᠭᠤᠯᠬᠤ ᠨᠥᠬᠥᠴᠡᠯ᠎ᠳᠤ ᠬᠠᠷᠠᠬᠠᠨ ᠬᠦᠷᠦᠭᠡᠳᠦᠢ ᠨᠡᠢ᠌ᠭᠡᠮ ᠲᠣᠭᠣᠷᠢᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠬᠠᠤᠯᠢ ᠶᠣᠰᠣᠭ᠋ᠠᠷ ᠳᠠᠩᠰᠠᠯᠠᠭᠤᠯᠬᠤ ᠴᠢᠬᠤᠯᠠ ᠦᠭᠡᠢ ᠪᠤᠰᠤᠳ ᠵᠣᠬᠢᠶᠠᠨ ᠪᠠᠢ᠌ᠭᠤᠯᠤᠯᠲᠠ ᠵᠢ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠪᠠᠬᠳᠠᠬᠤ ᠦᠬᠡᠢ᠃
(ᠭᠤᠷᠪᠠ) ᠬᠠᠷᠢᠭᠤᠴᠠᠯᠭ᠎ᠠ ᠵᠢ ᠬᠤᠪᠢᠶᠠᠷᠢᠯᠠᠯ᠎ᠢ ᠲᠤᠳᠤᠷᠬᠠᠢ᠌ᠯᠠᠪᠠ᠃ ᠬᠠᠤᠯᠢ ᠵᠢ ᠵᠥᠷᠢᠴᠡᠭᠰᠡᠨ ᠠᠵᠢᠯᠯᠠᠭ᠎ᠠ ᠡᠭᠦᠰᠦᠭᠰᠡᠨ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠲᠠᠨᠭ᠌ᠰᠠᠯᠠᠨ ᠬᠠᠮᠢᠶᠠᠷᠬᠤ ᠪᠠᠢ᠌ᠭᠤᠯᠭ᠎ᠠ᠎ᠨᠢ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠠᠵᠢᠯ᠎ᠢ ᠬᠠᠷᠢᠭᠤᠴᠠᠬᠤ᠎ᠪᠠᠷ ᠲᠣᠭᠲᠠᠭ᠋ᠠᠪᠠ᠃ ᠲᠡᠰ ᠳᠡᠪᠰᠢᠭᠦᠯᠬᠦ ᠬᠠᠷᠢᠶᠠᠯᠠᠯ᠎ᠤᠨ ᠲᠤᠬᠠᠢ ᠲᠣᠭᠲᠠᠭ᠋ᠠᠯ᠎ᠢ ᠨᠡᠮᠡᠭᠡᠳ ᠳᠡᠭᠡᠳᠦ ᠱᠠᠲᠤᠨ᠎ᠤ ᠲᠡᠡᠭᠰᠡᠯᠡᠠ ᠬᠠᠮᠢᠶᠠᠷᠬᠤ ᠪᠠᠢ᠌ᠭᠤᠯᠭ᠎ᠠ᠎ᠨᠢ ᠦᠨᠡᠬᠡᠷ ᠴᠢᠬᠤᠯᠠᠲᠠᠢ ᠭᠡᠵᠦ ᠦᠵᠡᠪᠡᠯ ᠳᠣᠣᠷᠠᠳᠤ ᠱᠠᠲᠤᠨ᠎ᠤ ᠲᠡᠡᠭᠰᠡᠯᠡᠠ ᠬᠠᠮᠢᠶᠠᠷᠬᠤ ᠪᠠᠢ᠌ᠭᠤᠯᠭ᠎ᠠ ᠵᠢᠨ ᠬᠠᠷᠢᠶᠠᠯᠠᠬᠤ ᠬᠡᠷᠡᠭ᠎ᠢ ᠰᠢᠭᠤᠳ ᠰᠢᠢ᠍ᠳᠪᠦᠷᠢᠯᠡᠵᠦ ᠪᠣᠯᠣᠨ᠎ᠠ᠃ ᠳᠠᠩᠰᠠᠯᠠᠨ ᠬᠠᠮᠢᠶᠠᠷᠬᠤ ᠪᠠᠢ᠌ᠭᠤᠯᠭ᠎ᠠ ᠵᠢᠨ ᠬᠠᠮᠢᠶᠠᠷᠬᠤ ᠬᠡᠪᠴᠢᠶ᠎ᠡ᠎ᠳᠤ ᠪᠠᠭᠲᠠᠬᠤ ᠦᠭᠡᠢ ᠭᠡᠳᠡᠭ᠎ᠢ ᠲᠣᠳᠣᠷᠬᠠᠢ᠌ᠯᠠᠵᠠᠢ᠂ ᠲᠤᠬᠠᠢ᠌ᠯᠠᠪᠠᠯ ᠵᠥᠪᠰᠢᠶᠡᠷᠡᠯ᠎ᠤᠨ ᠦᠨᠡᠮᠯᠡᠯ ᠪᠤᠶᠤ ᠪᠤᠰᠤᠳ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠢ ᠣᠯᠬᠤ ᠶᠣᠰᠣᠲᠠᠢ ᠪᠠᠢ᠌ᠲᠠᠯ᠎ᠠ ᠬᠠᠤᠯᠢ ᠶᠣᠰᠣᠭ᠋ᠠᠷ ᠣᠯᠣᠭᠰᠠᠨ ᠦᠭᠡᠢ᠎ᠪᠠᠷ ᠳᠤᠷ᠎ᠠ᠎ᠪᠠᠷ ᠵᠶ᠋ᠠᠨ ᠠᠵᠢᠯᠯᠠᠭ᠎ᠠ ᠥᠷᠨᠢᠭᠦᠯᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠪᠠᠢ᠌ᠴᠠᠭ᠋ᠠᠨ ᠰᠢᠢ᠍ᠳᠪᠦᠷᠢᠯᠡᠭᠰᠡᠨ ᠪᠤᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠢᠢ᠍ᠳᠪᠦᠷᠢᠯᠡᠨ᠎ᠡ᠃
(ᠳᠥᠷᠪᠡ) ᠬᠠᠤᠯᠢ ᠬᠡᠷᠡᠭᠵᠢᠭᠦᠯᠬᠦ ᠶᠠᠪᠤᠴᠨ ᠵᠢ ᠵᠢᠷᠤᠮᠵᠢᠭᠤᠯᠪᠠ᠃ ᠡᠭᠦᠨ᠎ᠳᠤ ᠭᠣᠣᠯᠳᠠᠭᠤ᠄ ᠨᠡᠢ᠌ᠭᠡᠮ ᠨᠡᠶ᠋ᠢᠲᠡ ᠵᠢᠨ ᠵᠠᠭ᠋ᠠᠯᠳᠤᠬᠤ ᠪᠠ ᠢᠯᠡᠴᠢᠯᠡᠬᠦ ᠡᠷᠬᠡ ᠵᠢ ᠲᠤᠬᠳᠠᠭ᠋ᠠᠪᠠ᠃ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠤᠨ ᠶᠠᠪᠤᠴᠠ ᠵᠢ ᠵᠢᠷᠤᠮᠵᠢᠭᠤᠯᠵᠤ᠂ ᠬᠡᠷᠡᠭ ᠪᠣᠯᠭ᠋ᠠᠨ ᠳᠠᠩᠰᠠᠯᠠᠬᠤ ᠵᠢ ᠬᠢᠨᠠᠨ ᠵᠥᠪᠰᠢᠶᠡᠷᠡᠬᠦ᠂ ᠪᠠᠢ᠌ᠴᠠᠭ᠋ᠠᠵᠤ ᠭᠡᠷᠡᠴᠢ ᠠᠪᠬᠤ᠂ ᠯᠠᠪᠯᠠᠨ ᠪᠠᠢ᠌ᠴᠠᠭ᠋ᠠᠬᠤ ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠨᠡᠮᠡᠪᠡ᠃ ᠲᠤᠬᠠᠢ ᠵᠢᠨ ᠬᠥᠮᠥᠨ᠎ᠤ ᠡᠷᠬᠡ ᠵᠢ ᠪᠠᠲᠤᠯᠠᠬᠤ ᠲᠤᠬᠠᠢ ᠲᠣᠭᠲᠠᠭ᠋ᠠᠯ᠎ᠢ ᠨᠡᠮᠡᠪᠡ᠂ ᠪᠠᠢ᠌ᠴᠠᠭ᠋ᠠᠬᠤ ᠶᠠᠪᠤᠴᠠ᠎ᠳᠤ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠵᠢᠨ ᠬᠥᠮᠥᠨ᠎ᠤ ᠬᠠᠤᠯᠢ ᠶᠣᠰᠣᠨ᠎ᠤ ᠡᠷᠬᠡ ᠵᠢ ᠬᠠᠤᠯᠢ ᠶᠣᠰᠣᠭ᠋ᠠᠷ ᠪᠠᠲᠤᠯᠠᠵᠤ᠂ ᠲᠤᠬᠠᠢ ᠵᠢᠨ ᠬᠥᠮᠥᠨ᠎ᠤ ᠳᠤᠷᠠᠳᠤᠭᠰᠠᠨ ᠰᠠᠨᠠᠯ᠎ᠢ ᠰᠣᠨᠣᠰᠬᠤ ᠬᠡᠷᠡᠭᠲᠡᠢ᠃ ᠬᠦᠴᠤᠨ ᠦᠬᠡᠢ ᠪᠤᠯᠭ᠋ᠠᠬᠤ ᠲᠣᠭᠲᠠᠭ᠋ᠠᠯ ᠭᠠᠷᠭ᠋ᠠᠬᠤ ᠵᠢᠷᠤᠮ᠎ᠢ ᠨᠠᠷᠢᠯᠢᠭᠵᠢᠭᠤᠯᠵᠤ᠂ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ᠂ ᠬᠡᠷᠡᠭ᠎ᠤᠨ ᠪᠠᠢ᠌ᠴᠠᠭ᠋ᠠᠯᠲᠠ ᠵᠢ ᠳᠠᠭᠤᠰᠬᠠᠭᠰᠠᠨ ᠮᠡᠳᠡᠭᠦᠯᠦᠯᠲᠡ᠂ ᠬᠦᠴᠤᠨ ᠦᠬᠡᠢ ᠪᠤᠯᠭ᠋ᠠᠬᠤ ᠲᠣᠭᠲᠠᠭ᠋ᠠᠯ᠂ ᠬᠦᠴᠤᠨ ᠦᠬᠡᠢ ᠪᠤᠯᠭ᠋ᠠᠬᠤ ᠪᠢᠴᠢᠭ ᠬᠠᠷ᠎ᠠ ᠵᠢᠨ ᠵᠠᠭᠪᠤᠷ᠎ᠤᠨ ᠱᠠᠭ᠋ᠠᠷᠳᠠᠯᠭ᠎ᠠ ᠵᠡᠷᠭᠡ ᠬᠣᠯᠪᠣᠭᠳᠠᠯ ᠪᠦᠬᠦᠢ ᠠᠭᠤᠯᠭ᠎ᠠ ᠵᠢ ᠨᠡᠮᠡᠪᠡ᠃ ᠠᠯᠪᠠᠨ ᠵᠠᠷ ᠨᠡᠢ᠌ᠲᠡᠯᠡᠬᠦ ᠠᠷᠭ᠎ᠠ ᠵᠢ ᠲᠣᠳᠣᠷᠬᠠᠢ ᠪᠣᠯᠭ᠋ᠠᠵᠤ᠂ ᠳᠡᠩᠰᠡᠯᠡᠨ ᠬᠠᠮᠢᠶᠠᠷᠬᠤ ᠪᠠᠢ᠌ᠭᠤᠯᠤᠯᠭ᠎ᠠ᠎ᠨᠢ ᠰᠣᠨᠢᠨ ᠪᠤᠶᠤ ᠠᠯᠪᠠᠨ᠎ᠤ ᠰᠦᠯᠵᠢᠶ᠎ᠡ ᠵᠡᠷᠭᠡ ᠵᠠᠭᠤᠴᠢᠯᠠᠭᠤᠷ᠎ᠲᠤ ᠠᠯᠪᠠᠨ ᠵᠠᠷ ᠨᠡᠢ᠌ᠲᠡᠯᠡᠵᠦ ᠪᠣᠯᠣᠨ᠎ᠠ᠂ ᠪᠠᠰᠠ ᠬᠦᠴᠤᠨ ᠦᠬᠡᠢ ᠪᠤᠯᠭ᠋ᠠᠬᠰᠠᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠲᠠᠯᠠᠪᠤᠷ᠎ᠲᠤ ᠠᠯᠪᠠᠨ ᠵᠠᠷ ᠨᠠᠭ᠋ᠠᠵᠤ ᠪᠣᠯᠣᠨ᠎ᠠ᠃
(ᠲᠠᠪᠤ) ᠬᠠᠤᠯᠢ ᠬᠡᠷᠡᠭᠵᠢᠭᠦᠯᠬᠦ ᠠᠷᠭ᠎ᠠ ᠵᠢ ᠲᠡᠬᠦᠯᠳᠡᠷᠵᠢᠬᠦᠯᠪᠡ᠃ 《ᠲᠦᠷ ᠬᠡᠷᠡᠭᠵᠢᠭᠦᠯᠬᠦ ᠠᠷᠭ᠎ᠠ》᠎ᠳᠤ ᠲᠣᠭᠲᠠᠭ᠋ᠠᠭᠰᠠᠨ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠢᠢ᠍ᠳᠪᠦᠷᠢᠯᠡᠬᠦ ᠠᠷᠭ᠎ᠠ ᠨᠢᠭᠡ ᠯᠡ ᠪᠠᠢ᠌ᠳᠠᠭ᠂ ᠭᠡᠪᠡᠴᠦ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠳᠤᠮᠳᠠ ᠡᠯ᠎ᠡ ᠭᠠᠵᠠᠷ᠎ᠤᠨ᠎ᠬᠢᠨ 《ᠢᠳᠬᠠᠨ ᠲᠠᠷᠬᠠᠭ᠋ᠠᠬᠤ》 ᠵᠡᠷᠭᠡ ᠬᠠᠤᠯᠢ ᠬᠡᠷᠡᠭᠵᠢᠭᠦᠯᠬᠦ ᠠᠷᠭ᠎ᠠ᠎ᠪᠠᠷ ᠵᠢ ᠲᠤᠷᠠᠳᠤᠬᠰᠠᠨ ᠪᠠᠢ᠌ᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ ᠴᠢᠩᠭ᠎ᠠ ᠴᠣᠬᠢᠯᠲᠠ ᠥᠭᠴᠦ ᠴᠡᠭᠴᠡᠯᠡᠬᠦ ᠦᠨᠳᠦᠰᠦᠨ ᠵᠠᠷᠴᠢᠮ᠎ᠢ ᠪᠠᠷᠢᠮᠲᠠᠯᠠᠬᠤ ᠵᠢᠨ ᠬᠠᠮᠲᠤ᠂ 《ᠠᠷᠭ᠎ᠠ》᠎ᠳᠤ ᠬᠦᠴᠤᠨ ᠦᠬᠡᠢ ᠪᠤᠯᠭ᠋ᠠᠬᠤ ᠪᠠᠢ᠌ᠳᠠᠯ᠎ᠤᠨ ᠲᠤᠬᠠᠢ ᠲᠣᠭᠲᠠᠭ᠋ᠠᠯ ᠭᠠᠷᠭ᠋ᠠᠵᠠᠢ᠂ ᠲᠤᠬᠠᠢ᠌ᠯᠠᠪᠠᠯ ᠦᠢᠯᠡ ᠪᠠᠢ᠌ᠳᠠᠯ᠎ᠨᠢ ᠬᠥᠩᠭᠡᠨ᠂ ᠨᠡᠢ᠌ᠭᠡᠮ᠎ᠤᠨ ᠬᠣᠣᠷ ᠬᠥᠨᠥᠭᠡᠯ ᠵᠶ᠋ᠡᠷ ᠶᠡᠬᠡ ᠪᠢᠰᠢ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠢᠳᠬᠠᠨ ᠰᠠᠨᠠᠭᠤᠯᠵᠤ᠂ ᠰᠤᠷᠭ᠋ᠠᠨ ᠬᠥᠮᠥᠵᠢᠭᠦᠯᠦᠭᠰᠡᠨᠤ ᠳᠠᠷᠠᠭ᠎ᠠ ᠰᠠᠨᠠᠭ᠋ᠠᠴᠢᠯᠠᠭ᠎ᠠ᠎ᠠᠴᠠ᠎ᠪᠠᠨ ᠴᠠᠭ ᠲᠤᠬᠠᠢᠳᠤᠨᠢ ᠲᠠᠷᠬᠠᠭ᠋ᠠᠭᠰᠠᠨ ᠪᠤᠯ ᠬᠦᠴᠤᠨ ᠦᠭᠡᠢ ᠪᠤᠯᠭ᠋ᠠᠬᠤ ᠲᠤᠬᠳᠠᠭ᠋ᠠᠯ ᠭᠠᠷᠭ᠋ᠠᠬᠤ ᠦᠬᠡᠢ ᠪᠠᠢ᠌ᠵᠤ ᠪᠣᠯᠣᠨ᠎ᠠ᠂ ᠡᠨᠡ᠎ᠨᠢ 《ᠢᠳᠬᠠᠨ ᠲᠠᠷᠬᠠᠭ᠋ᠠᠬᠤ》 ᠵᠡᠷᠭᠡ ᠬᠠᠤᠯᠢ ᠬᠡᠷᠡᠭᠵᠢᠭᠦᠯᠬᠦ ᠠᠷᠭ᠎ᠠ ᠳᠤ ᠬᠡᠷᠡᠭᠵᠢᠭᠦᠯᠬᠦ ᠣᠷᠣᠨ ᠵᠠᠢ ᠦᠯᠡᠳᠡᠭᠡᠵᠦ ᠥᠭᠭᠦᠭᠰᠡᠨ ᠪᠠᠢ᠌ᠨ᠎ᠠ᠃ ᠡᠭᠦᠨ᠎ᠤ ᠬᠠᠮᠳᠤ ᠵᠣᠯᠭ᠋ᠠᠯᠳᠤᠭᠤᠯᠬᠤ ᠵᠦᠢ᠍ᠯ ᠵᠤᠷᠪᠤᠰ᠎ᠢ ᠲᠣᠭᠲᠠᠭ᠋ᠠᠵᠤ᠂ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠶᠠᠪᠤᠴᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠪᠠ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ᠎ᠳᠤ ᠬᠣᠯᠪᠣᠭᠳᠠᠭᠰᠠᠨ ᠪᠤᠯ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
(ᠵᠢᠷᠭᠤᠭ᠎ᠠ) ᠬᠠᠤᠯᠢ ᠬᠡᠷᠡᠭᠵᠢᠭᠦᠯᠬᠦ ᠬᠠᠮᠵᠢᠯᠴᠠᠭ᠎ᠠ ᠵᠢ ᠴᠢᠡᠭᠭ᠋ᠠᠷᠠᠭᠤᠯᠪᠠ᠃ 2021 ᠣᠨ᠎ᠳᠤ ᠠᠷᠠᠳ᠎ᠤᠨ ᠶᠠᠪᠤᠳᠠᠯ᠎ᠤᠨ ᠶᠠᠮᠤᠨ᠂ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠪᠠᠢ᠌ᠭᠤᠯᠭ᠎ᠠ᠂ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ ᠵᠡᠷᠭᠡ 22 ᠰᠠᠯᠠᠭ᠎ᠠ ᠮᠥᠴᠢᠷ᠎ᠤᠨ᠎ᠬᠢᠨ ᠬᠠᠮᠲᠤᠷᠠᠨ 《ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠤᠢ ᠪᠣᠯᠬᠤ ᠬᠥᠷᠥᠰᠥ ᠰᠢᠷᠣᠢ ᠵᠢ ᠠᠷᠢᠯᠭ᠋ᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠮᠢ ᠠᠬᠤᠢ ᠵᠢᠨ ᠣᠷᠣᠨ ᠵᠠᠢ ᠵᠢ ᠴᠡᠪᠡᠷᠰᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠬᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠨᠠᠮ᠎ᠤᠨ ᠭᠡᠰᠢᠭᠦᠨ ᠺᠠᠳ᠋ᠷ᠂ ᠰᠣᠨᠢᠨ ᠮᠡᠳᠡᠭᠡᠨ᠎ᠤ ᠵᠠᠭᠤᠴᠢᠯᠠᠭᠤᠷ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠪᠣᠯᠣᠨ ᠲᠠᠯᠠᠪᠤᠷ᠂ ᠢᠨᠲ᠋ᠥᠷ ᠰᠦᠯᠵᠢᠶᠡᠨ᠎ᠤ ᠠᠵᠤ ᠠᠬᠤᠢ᠌ᠯᠠᠯ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠡᠷᠭᠡ ᠬᠣᠯᠪᠣᠭᠳᠠᠯ ᠪᠦᠬᠦᠢ ᠭᠣᠣᠯ ᠴᠣᠭᠴᠠ᠎ᠳᠤ ᠱᠠᠭ᠋ᠠᠷᠳᠠᠯᠭ᠎ᠠ ᠳᠤᠷᠠᠳᠴᠠᠢ᠃ ᠲᠡᠭᠦᠨ᠎ᠲᠠᠢ ᠵᠣᠯᠭ᠋ᠠᠯᠳᠤᠭᠤᠯᠤᠨ 《ᠠᠷᠭ᠎ᠠ》᠎ᠳᠤ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠎ᠠ᠎ᠳᠤ ᠣᠷᠣᠯᠴᠠᠭᠰᠠᠨ ᠪᠤᠶᠤ ᠲᠡᠭᠦᠨ᠎ᠤ ᠠᠵᠢᠯᠯᠠᠭ᠎ᠠ᠎ᠳᠤ ᠲᠥᠬᠥᠮ ᠦᠵᠡᠭᠦᠯᠦᠭᠰᠡᠨ ᠨᠢᠬᠡᠴᠢ ᠪᠠ ᠬᠤᠪᠢ ᠬᠥᠮᠥᠨ᠎ᠢ ᠳᠡᠩᠰᠡᠯᠡᠨ ᠬᠠᠮᠢᠶᠠᠷᠬᠤ ᠪᠠᠢ᠌ᠭᠤᠯᠭ᠎ᠠ ᠵᠢᠨ᠎ᠬᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠳᠡᠵᠦ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠭᠦᠯᠵᠦ ᠪᠣᠯᠣᠨ᠎ᠠ᠃ ᠶᠠᠯ᠎ᠠ᠎ᠤᠨ ᠪᠠᠷᠢᠮᠵᠢᠶ᠎ᠠ᠎ᠳᠤ ᠬᠦᠷᠦᠭᠰᠡᠨ ᠪᠤᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃