ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠭᠤᠴᠢᠨ ᠲᠠᠪᠤᠳᠡᠬᠢ ᠪᠦᠬᠦ ᠤᠯᠤᠰ ᠣᠨ ᠵᠡᠮᠳᠡᠭᠴᠦᠳ᠎ᠢ ᠲᠤᠰᠠᠯᠠᠬᠤ ᠡᠳᠦᠷ᠎ᠤᠨ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ》᠎ᠤᠨ ᠲᠤᠬᠠᠢ ᠲᠠᠢ᠌ᠯᠤᠮᠵᠢ
ᠨᠡᠶᠢᠲᠡᠯᠡᠭᠰᠡᠨ ᠴᠠᠭ᠄ 2025-05-08

                            ᠬᠤᠤᠰᠪᠠᠶᠠᠷ ᠤᠷᠴᠢᠭᠤᠯᠪᠠ

    ᠦᠨᠤ ᠵᠢᠯ᠎ᠤᠨ 5 ᠳ᠋ᠤᠭ᠋ᠠᠷ ᠰᠠᠷ᠎ᠠ ᠵᠢᠨ 18 ᠎ᠤ ᠡᠳᠦᠷ ᠪᠣᠯ ᠭᠤᠴᠢᠨ ᠲᠠᠪᠤᠳᠠᠬᠢ ᠪᠦᠬᠦ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ ᠪᠣᠯᠣᠨ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ ᠪᠣᠯᠣᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ ᠵᠡᠷᠭᠡ 16 ᠰᠠᠯᠠᠭ᠎ᠠ ᠮᠥᠴᠢᠷ ᠎ᠤᠨ᠎ᠬᠢᠨ ᠤᠷᠴᠢᠮ᠎ᠳᠤ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ᠎ᠬᠢᠨ 《ᠥᠪᠡᠷ᠎ᠢ᠎ᠪᠠᠨ ᠬᠦᠴᠦᠷᠬᠡᠭᠵᠢᠭᠦᠯᠬᠦ ᠪᠠ ᠵᠡᠮᠳᠡᠭᠴᠦᠳ᠎ᠢ ᠲᠤᠰᠠᠯᠠᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠪᠦᠯᠬᠦᠮᠳᠡᠨ ᠤᠷᠤᠭᠰᠢᠯᠠᠬᠤ ᠬᠦᠴᠦᠨ᠎ᠢ ᠨᠢᠭᠲᠠᠷᠠᠭᠤᠯᠬᠤ》᠎ᠪᠠᠷ ᠭᠣᠣᠯ ᠰᠡᠳᠦᠪ ᠪᠣᠯᠭ᠋ᠠᠨ᠂ ᠦᠨᠡᠨ ᠬᠦ᠌ ᠪᠦᠲᠦᠮᠵᠢᠲᠡᠶ ᠠᠷᠭ᠎ᠠ᠎ᠪᠠᠷ ᠵᠡᠮᠳᠡᠭᠴᠦᠳ᠎ᠢ ᠲᠤᠰᠠᠯᠠᠬᠤ ᠡᠳᠦᠷ᠎ᠤᠨ ᠡᠯᠪᠡᠭ ᠪᠠᠶᠠᠯᠢᠭ ᠣᠯᠠᠨ ᠶᠠᠩᠵᠤ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃
   ᠮᠡᠳᠡᠭᠳᠡᠯ᠎ᠳᠤ᠄ 《2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ  ᠂ ᠮᠥᠨ ᠴᠦ᠍ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢ ᠲᠥᠯᠥᠪᠵᠢᠭᠦᠯᠦᠨ ᠪᠠᠢ᠌ᠷᠢᠯᠠᠭᠤᠯᠬᠤ ᠵᠢᠯ ᠮᠥᠨ᠂ ᠪᠦᠬᠦ ᠤᠯᠤᠰ᠎ᠤᠨ ᠵᠡᠮᠳᠡᠭᠴᠦᠳ᠎ᠢ ᠲᠤᠰᠠᠯᠠᠬᠤ ᠡᠳᠦᠷ᠎ᠤᠨ ᠭᠣᠣᠯ ᠰᠡᠳᠦᠪ᠎ᠤᠨ ᠲᠣᠭᠣᠷᠢᠨ᠎ᠳᠤ ᠰᠢ ᠵᠢᠨ ᠫᠢᠩ ᠶᠡᠷᠦᠩᠬᠡᠢ ᠱᠦᠵᠢ ᠵᠢᠨ ᠵᠡᠮᠳᠡᠭᠴᠦᠳ᠎ᠤᠨ ᠦᠢ᠍ᠯᠡᠰ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠥᠷᠭᠡᠨ ᠳᠡᠯᠭᠡᠷ ᠤᠬᠠᠭᠤᠯᠵᠤ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠪᠠᠷ ᠵᠡᠮᠳᠡᠭᠴᠦᠳ᠎ᠤᠨ ᠦᠢ᠍ᠯᠡᠰ᠎ᠤᠨ ᠬᠥᠭᠵᠢᠯᠲᠡ᠎ᠳᠤ ᠣᠯᠣᠭᠰᠠᠨ ᠰᠢᠨ᠎ᠡ ᠲᠡᠦᠬᠡᠲᠦ ᠴᠢᠨᠠᠷᠲᠠᠢ ᠠᠮᠵᠢᠯᠲᠠ ᠵᠢ ᠭᠦᠢ᠍ᠴᠡᠳ ᠢᠯᠡᠷᠡᠭᠦᠯᠵᠦ᠂ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠥᠪᠡᠷ᠎ᠢ᠎ᠪᠠᠨ ᠬᠦᠴᠦᠷᠬᠡᠭᠵᠢᠭᠦᠯᠦᠭᠰᠡᠨ ᠵᠢᠱ᠌ᠢᠶᠡᠴᠢ ᠪᠠ ᠵᠡᠮᠳᠡᠭᠴᠦᠳ᠎ᠢ ᠲᠤᠰᠠᠯᠠᠭᠰᠠᠨ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢᠨ ᠤᠬᠠᠭᠤᠯᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠵᠡᠮᠳᠡᠭᠴᠦᠳ᠎ᠢ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠬᠤ ᠪᠠ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠪᠠᠭᠤᠷᠠᠢ ᠵᠢ ᠲᠡᠳᠬᠦᠨ ᠵᠡᠮᠳᠡᠭᠴᠦᠳ᠎ᠢ ᠬᠠᠪᠰᠤᠷᠬᠤ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠰᠠᠢ᠌ᠬᠠᠨ ᠰᠤᠷᠲᠠᠯ᠎ᠢ  ᠶᠡᠬᠡ᠎ᠪᠠᠷ ᠪᠠᠳᠠᠷᠠᠭᠤᠯᠵᠤ᠂ ᠵᠡᠮᠳᠡᠭᠴᠦᠳ᠎ᠤᠨ ᠦᠢ᠍ᠯᠡᠰ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠬᠢᠴᠠ ᠳᠤᠮᠳᠠ ᠲᠦᠷᠭᠡᠡᠨ ᠬᠥᠭᠵᠢᠬᠦ ᠵᠢ ᠠᠬᠢᠭᠤᠯᠬᠤ ᠵᠢᠨ ᠲᠥᠯᠥᠭᠡ ᠰᠡᠳᠬᠢᠯ ᠵᠶ᠋ᠡᠨ ᠨᠢᠭᠡᠳᠬᠡᠨ ᠬᠦᠴᠦᠨ ᠵᠶ᠋ᠡᠨ ᠲᠦᠪᠯᠡᠷᠡᠬᠦᠯᠤᠨ ᠴᠢᠷᠮᠠᠢ᠌ᠬᠤ ᠬᠡᠷᠡᠭᠳᠡᠢ ᠭᠡᠵᠤ ᠱᠠᠭ᠋ᠠᠷᠳᠠᠯ᠎ᠠ᠃
   ᠮᠡᠳᠡᠭᠳᠡᠯ᠎ᠳᠤ᠄ 《ᠡᠯ᠎ᠡ ᠭᠠᠵᠠᠷ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠄ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠡᠮᠳᠡᠭᠴᠦᠳ᠎ᠤᠨ ᠪᠠᠲᠤᠯᠠᠭ᠎ᠠ ᠵᠢᠨ ᠬᠠᠤᠯᠢ〉 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠢᠨᠠᠮᠠᠭ᠋ᠠᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 〈ᠵᠡᠮᠳᠡᠭᠴᠦᠳ᠎ᠢ ᠲᠡᠳᠬᠦᠨ ᠵᠡᠮᠳᠡᠭᠴᠦᠳ᠎ᠢ ᠲᠤᠰᠠᠯᠠᠬᠤ ᠪᠣᠯᠪᠠᠰᠤᠨ ᠦᠢ᠍ᠯᠡᠳᠦᠯᠭᠡ ᠵᠢᠨ ᠠᠵᠢᠯᠯᠠᠭ᠎ᠠ ᠵᠢ ᠤᠯᠠᠮ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ〉᠎ᠤᠨ ᠱᠠᠭ᠋ᠠᠷᠳᠠᠯᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠤᠨ᠂ ᠰᠢᠨ᠎ᠡ ᠴᠠᠭ ᠦᠶ᠎ᠡ ᠵᠢᠨ ᠵᠡᠮᠳᠡᠭᠴᠦᠳ᠎ᠢ ᠲᠡᠳᠬᠦᠨ ᠵᠡᠮᠳᠡᠭᠴᠦᠳ᠎ᠢ ᠲᠤᠰᠠᠯᠠᠬᠤ ᠣᠯᠠᠨ ᠬᠡᠯᠪᠡᠷᠢ ᠵᠢᠨ ᠪᠣᠯᠪᠠᠰᠤᠨ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠵᠡᠮᠳᠡᠭᠴᠦᠳ᠎ᠲᠤ ᠢᠳᠡᠪᠬᠢᠲᠡᠢ᠎ᠪᠠᠷ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠥᠭᠬᠦ ᠬᠡᠷᠡᠭᠲᠡᠢ》 ᠭᠡᠵᠤ ᠴᠢᠬᠤᠯᠠᠴᠢᠯᠠᠬᠰᠠᠨ ᠪᠠᠢ᠌ᠨ᠎ᠠ᠃
    ᠮᠡᠳᠡᠭᠳᠡᠯ᠎ᠳᠤ᠄ 《ᠡᠯ᠎ᠡ ᠭᠠᠵᠠᠷ᠎ᠤᠨ ᠰᠤᠷᠭ᠋ᠠᠨ ᠬᠥᠮᠦᠵᠢᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠳ 《ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠲᠥᠯᠦᠪᠵᠢᠭᠦᠯᠭᠡ ᠵᠢᠨ ᠲᠣᠪᠴᠢ (2024 — 2035 ᠣᠨ)》 ᠵᠢ ᠨᠠᠢ᠌ᠳᠠᠪᠤᠷᠢᠵᠢᠭᠤᠯᠬᠤ ᠠᠵᠢᠯ᠎ᠢ ᠠᠬᠢᠭᠤᠯᠵᠤ᠂ ᠣᠨᠴᠠᠭ᠋ᠠᠶ ᠰᠤᠷᠭ᠋ᠠᠨ ᠬᠥᠮᠦᠵᠢᠯ᠎ᠤᠨ ᠲᠦᠭᠡᠮᠡᠯ ᠬᠠᠷᠠᠭ᠋ᠠᠯᠵᠠᠯᠲᠤ ᠬᠥᠭᠵᠢᠯᠲᠡ ᠵᠢᠨ ᠪᠠᠲᠤᠯᠠᠭ᠎ᠠ ᠵᠢᠨ ᠠᠷᠭ᠎ᠠ ᠵᠢ ᠴᠢᠩᠭ᠋ᠠᠷᠠᠭᠤᠯᠤᠨ᠂ 〈ᠠᠷᠪᠠᠨ ᠲᠠᠪᠤᠳᠤᠭ᠋ᠠᠷ ᠲᠠᠪᠤᠨ ᠵᠢᠯ〉᠎ᠤᠨ ᠣᠨᠴᠠᠭ᠋ᠠᠶ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠳᠡᠭᠡᠭᠰᠢᠯᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢ ᠰᠤᠳᠤᠯᠤᠨ ᠲᠣᠭᠲᠠᠭ᠋ᠠᠵᠤ᠂ ᠥᠨᠥᠴᠢᠷᠡᠮᠡᠯ ᠬᠡᠮ᠎ᠲᠠᠢ ᠬᠡᠦᠬᠡᠳ᠎ᠤᠨ ᠣᠨᠴᠠᠭ᠋ᠠᠶ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ ᠵᠢ  ᠠᠬᠢᠭᠤᠯᠵᠤ᠂ ᠣᠨᠴᠠᠭ᠋ᠠᠶ ᠰᠤᠷᠭ᠋ᠠᠨ ᠬᠥᠮᠦᠵᠢᠯ᠎ᠤᠨ ᠲᠣᠭ᠋ᠠᠴᠢᠯᠠᠭᠰᠠᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠢᠳᠡᠪᠬᠢᠲᠡᠢ   ᠠᠬᠢᠭᠤᠯᠬᠤ ᠬᠡᠷᠡᠭᠲᠡᠢ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ`᠎ᠤᠨ᠎ᠬᠢᠨ ᠨᠥᠬᠥᠴᠡᠯ᠎ᠳᠤ ᠨᠡᠢ᠌ᠴᠡᠭᠰᠡᠨ ᠵᠡᠮᠳᠡᠭᠴᠦᠳ᠎ᠢ ᠨᠡᠢ᠌ᠭᠡᠮ᠎ᠤᠨ ᠲᠤᠰᠠᠯᠠᠬᠤ ᠬᠡᠪᠴᠢᠶᠡᠨ᠎ᠳᠤ ᠣᠷᠣᠭᠤᠯᠬᠤ ᠵᠢ ᠠᠬᠢᠭᠤᠯᠵᠤ᠂ ᠵᠡᠮᠳᠡᠭᠴᠦᠳ᠎ᠤᠨ ᠬᠣᠶᠠᠷ ᠨᠥᠬᠥᠪᠦᠷᠢ ᠵᠢᠨ ᠪᠠᠷᠢᠮᠵᠢᠶ᠎ᠠ ᠵᠢ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠵᠢ ᠤᠯᠠᠮ  ᠲᠡᠭᠦᠯᠳᠡᠷᠵᠢᠭᠦᠯᠦᠨ ᠨᠠᠷᠢᠯᠢᠭᠵᠢᠭᠤᠯᠵᠤ᠂ ᠨᠤᠴᠢᠳᠠᠢ ᠵᠡᠮᠳᠡᠭᠴᠦᠳ᠎ᠤᠨ ᠨᠠᠢ᠌ᠳᠠᠨ ᠠᠰᠠᠷᠠᠭᠤᠯᠵᠤ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠠᠵᠢᠯ᠎ᠤᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠵᠢ ᠲᠡᠭᠦᠯᠳᠡᠷᠵᠢᠭᠦᠯᠦᠨ᠂ ᠵᠡᠮᠳᠡᠭᠴᠦᠳ᠎ᠤᠨ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠪᠠ  ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢ ᠠᠬᠢᠭᠤᠯᠬᠤ ᠠᠵᠢᠯ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠷᠣᠯᠴᠠᠬᠤ ᠵᠢ ᠢᠳᠡᠪᠬᠢᠲᠡᠢ ᠠᠬᠢᠭᠤᠯᠬᠤ ᠬᠡᠷᠡᠭᠳᠡᠢ᠃ ᠡᠯ᠎ᠡ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ 〈ᠵᠡᠮᠳᠡᠭᠴᠦᠳ᠎ᠤᠨ ᠠᠵᠢᠯ ᠣᠯᠭᠣᠯᠲᠠ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠥᠯ (2025 ᠣᠨ — 2027 ᠣᠨ)〉᠎ᠢ ᠪᠠᠢ᠌ᠷᠢᠯᠠᠭᠤᠯᠤᠨ ᠬᠡᠷᠡᠭᠵᠢᠭᠦᠯᠵᠦ᠂  〈ᠵᠡᠮᠳᠡᠭᠴᠦᠳ᠎ᠤᠨ ᠠᠵᠢᠯ ᠣᠯᠭᠣᠯᠲᠠ ᠵᠢᠨ ᠤᠬᠠᠭᠤᠯᠭ᠎ᠠ ᠵᠢᠨ ᠰᠠᠷ᠎ᠠ〉 ᠵᠢᠨ ᠠᠵᠢᠯᠯᠠᠭ᠎ᠠ ᠵᠢ ᠥᠷᠨᠢᠭᠦᠯᠦᠨ᠂ ᠵᠡᠮᠳᠡᠭᠴᠦᠳ᠎ᠤᠨ ᠠᠵᠢᠯ ᠣᠯᠭᠣᠯᠲᠠ ᠵᠢᠨ ᠰᠢᠨ᠎ᠡ ᠬᠡᠯᠪᠡᠷᠢ ᠪᠠᠢ᠌ᠳᠠᠯ᠎ᠢ ᠥᠷᠭᠡᠳᠬᠡᠵᠦ᠂ 2025 ᠣᠨ᠎ᠤ ᠳᠡᠭᠡᠳᠦ ᠰᠤᠷᠭ᠋ᠠᠭᠤᠯᠢ ᠵᠢᠨ ᠵᠡᠮᠳᠡᠭᠴᠦᠳ᠎ᠤᠨ ᠰᠤᠷᠭ᠋ᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠠᠮᠲᠤᠯᠢᠭ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡ ᠵᠡᠷᠭᠡ ᠠᠵᠢᠯ᠎ᠢ ᠰᠠᠢ᠌ᠲᠤᠷ ᠬᠢᠵᠦ᠂ ᠵᠡᠮᠳᠡᠭᠴᠦᠳ᠎ᠤᠨ ᠠᠵᠢᠯ ᠣᠯᠬᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠬᠤ ᠬᠡᠷᠡᠭᠲᠡᠢ᠃ ᠡᠯ᠎ᠡ ᠭᠠᠵᠠᠷ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠮᠡᠳᠡᠭᠡ ᠬᠣᠯᠪᠣᠭ᠋ᠠᠨ᠎ᠤ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠬᠠᠤᠯᠢ ᠵᠢ ᠨᠠᠢ᠌ᠳᠠᠪᠤᠷᠢᠵᠢᠭᠤᠯᠵᠤ᠂ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ᠂ ᠪᠠᠷᠢᠮᠵᠢᠶ᠎ᠠ ᠵᠢᠨ  ᠰᠢᠰᠲᠸᠮ᠎ᠢ ᠲᠡᠭᠦᠯᠳᠡᠷᠵᠢᠭᠦᠯᠬᠦ ᠠᠵᠢᠯ᠎ᠢ ᠦᠷᠭᠦᠯᠵᠢᠯᠡᠨ ᠠᠬᠢᠭᠤᠯᠵᠤ᠂ ᠵᠡᠮᠳᠡᠭᠴᠦᠳ᠎ᠢ ᠲᠤᠰᠠᠯᠠᠬᠤ ᠬᠦᠷᠢᠶ᠎ᠡ ᠴᠠᠷᠠᠭ᠎ᠠ᠎ᠳᠤ᠎ᠬᠢ ᠵᠣᠬᠢᠶᠠᠮᠠᠯ ᠣᠶᠤᠨ᠂ ᠮᠠᠰᠢᠨ ᠬᠥᠮᠥᠨ ᠵᠡᠷᠭᠡ ᠰᠢᠨ᠎ᠡ ᠮᠡᠷᠭᠡᠵᠢᠯ᠎ᠤᠨ ᠬᠡᠷᠡᠭᠯᠡᠯᠲᠡ ᠵᠢ ᠠᠬᠢᠭᠤᠯᠤᠨ᠂ ᠰᠠᠭ᠋ᠠᠳ ᠦᠭᠡᠢ ᠵᠠᠮ ᠲᠡᠭᠡᠭᠡᠪᠦᠷᠢ ᠵᠢᠨ ᠲᠥᠬᠦᠭᠡᠷᠦᠮᠵᠢ ᠵᠢᠨ ᠲᠣᠬᠢᠷᠠᠭᠤᠯᠤᠯᠲᠠ ᠪᠠ ᠥᠭᠡᠷᠡᠴᠢᠯᠡᠯᠲᠡ ᠵᠢᠨ ᠡᠷᠴᠢᠮ᠎ᠢ ᠴᠢᠩᠭ᠋ᠠᠷᠠᠭᠤᠯᠵᠤ᠂ ᠰᠠᠭ᠋ᠠᠳ ᠦᠭᠡᠢ ᠶᠠᠪᠤᠵᠤ ᠰᠠᠭᠤᠬᠤ ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠵᠦ᠂ ᠵᠡᠮᠳᠡᠭᠴᠦᠳ᠎ᠤᠨ ᠳᠥᠭᠥᠮ ᠳᠥᠲᠡ᠎ᠪᠠᠷ ᠶᠠᠪᠤᠵᠤ ᠰᠠᠭᠤᠬᠤ ᠵᠢ ᠪᠠᠳᠤᠯᠠᠬᠤ ᠬᠡᠷᠡᠭᠳᠡᠢ》 ᠭᠡᠵᠤ ᠲᠤᠷᠠᠳᠴᠠᠢ᠃
    ᠮᠡᠳᠡᠭᠳᠡᠯ᠎ᠳᠤ᠄ 《ᠡᠯ᠎ᠡ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮ ᠡᠮᠨᠡᠯᠭᠡ ᠵᠢᠨ ᠪᠠᠲᠤᠯᠠᠭ᠎ᠠ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠵᠡᠮᠳᠡᠭᠷᠡᠬᠦ᠎ᠠᠴᠠ ᠰᠡᠷᠭᠡᠢ᠌ᠯᠡᠬᠦ ᠪᠠ ᠡᠷᠡᠭᠦᠯᠵᠢᠭᠦᠯᠬᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠭᠡᠳ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠵᠢ ᠴᠢᠩᠭ᠋ᠠᠳᠬᠠᠵᠤ᠂ ᠥᠨᠥᠴᠢᠷᠡᠮᠡᠯ ᠬᠡᠮ᠎ᠲᠠᠢ ᠬᠡᠦᠬᠡᠳ᠎ᠤᠨ ᠬᠥᠭᠵᠢᠯᠲᠡ ᠵᠢᠨ ᠪᠥᠬᠥ ᠶᠠᠪᠤᠴᠠ ᠵᠢᠨ ᠦᠢ᠍ᠯᠡᠴᠢᠯᠡᠭᠡᠨ᠎ᠤ  ᠰᠢᠰᠲᠸᠮ᠎ᠤᠨ ᠪᠠᠢ᠌ᠭᠤᠯᠤᠯᠲᠠ ᠵᠢᠨ ᠡᠭᠦᠷᠭᠡ ᠪᠠ ᠬᠠᠯᠠᠮᠵᠢᠯᠠᠬᠤ ᠦᠢ᠍ᠯᠡᠴᠢᠯᠡᠭᠡᠨ᠎ᠤ ᠠᠷᠭ᠎ᠠ ᠵᠢ ᠨᠠᠢ᠌ᠳᠠᠪᠤᠷᠢᠵᠢᠭᠤᠯᠤᠨ᠂ ᠵᠡᠮᠳᠡᠭᠴᠦᠳ᠎ᠤᠨ ᠨᠥᠬᠥᠷᠰᠡᠭ ᠡᠮᠴᠢᠯᠡᠭᠡᠨ᠎ᠤ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠬᠦᠴᠢᠷᠳᠡᠯᠲᠡᠢ ᠵᠡᠮᠳᠡᠭᠴᠦᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠳᠤ ᠲᠣᠭᠲᠠᠭ᠋ᠠᠯ ᠶᠣᠰᠣᠭ᠋ᠠᠷ ᠲᠥᠷᠥᠯ ᠬᠤᠪᠢᠶᠠᠨ ᠲᠤᠰᠠᠯᠠᠬᠤ ᠠᠵᠢᠯ᠎ᠢ ᠰᠠᠢ᠌ᠲᠤᠷ ᠬᠢᠬᠦ ᠬᠡᠷᠡᠭᠳᠡᠢ᠃ ᠡᠯ᠎ᠡ ᠭᠠᠵᠠᠷ᠎ᠤᠨ ᠬᠥᠳᠡᠭᠡ ᠠᠵᠤ ᠠᠬᠤᠢ ᠬᠥᠳᠡᠭᠡ ᠲᠣᠰᠬᠣᠨ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠨᠥᠬᠥᠴᠡᠯ᠎ᠳᠤ ᠨᠡᠢ᠌ᠴᠡᠬᠦ ᠵᠡᠮᠳᠡᠭᠴᠦᠳ᠎ᠢ ᠲᠠᠬᠢᠨ ᠶᠠᠳᠠᠭᠤᠷᠠᠬᠤ᠎ᠠᠴᠠ ᠰᠡᠷᠬᠡᠢ᠌ᠯᠡᠬᠦ ᠬᠢᠨᠠᠯᠳᠠ᠎ᠳᠤ ᠪᠠᠢ᠌ᠭ᠎ᠠ ᠬᠦᠮᠦᠰ᠎ᠢ ᠢᠯᠭ᠋ᠠᠨ ᠲᠠᠨᠢᠵᠤ᠂  ᠬᠢᠨᠠᠬᠤ ᠪᠠ ᠲᠡᠳᠬᠦᠬᠦ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠵᠡᠮᠳᠡᠭᠴᠦᠳ᠎ᠲᠤ ᠠᠵᠢᠯ ᠣᠯᠭᠣᠬᠤ᠂ ᠠᠵᠤ ᠦᠢ᠍ᠯᠡᠰ ᠵᠶ᠋ᠡᠷ  ᠲᠡᠳᠬᠦᠬᠦ ᠡᠷᠴᠢᠮ᠎ᠢ ᠴᠢᠩᠭ᠋ᠠᠷᠠᠭᠤᠯᠵᠤ᠂ ᠬᠥᠳᠡᠭᠡ ᠠᠵᠤ ᠠᠬᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠠᠬᠢᠭᠤᠯᠵᠤ᠂ ᠬᠥᠳᠡᠭᠡ ᠲᠣᠰᠬᠣᠨ᠎ᠤ ᠵᠡᠮᠳᠡᠭᠴᠦᠳ᠎ᠤᠨ ᠦᠨᠳᠦᠰᠦᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠡᠯ᠎ᠡ ᠭᠠᠵᠠᠷ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢᠨ ᠲᠥᠯᠥᠪᠯᠡᠭᠡ ᠪᠠ ᠬᠡᠷᠡᠭᠵᠢᠭᠦᠯᠬᠦ ᠲᠥᠰᠥᠯ᠎ᠳᠤ ᠣᠷᠣᠭᠤᠯᠬᠤ ᠬᠡᠷᠡᠭᠳᠡᠢ ᠃ ᠡᠯ᠎ᠡ ᠭᠠᠵᠠᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠂ ᠬᠥᠭᠵᠢᠭᠦᠯᠦᠯᠲᠡ ᠥᠭᠡᠷᠡᠴᠢᠯᠡᠯᠲᠡ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ 〈ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠵᠡᠮᠳᠡᠭᠴᠦᠳ᠎ᠢ ᠲᠤᠰᠠᠯᠠᠬᠤ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ〉᠎ᠢ ᠨᠠᠢ᠌ᠳᠠᠪᠤᠷᠢᠵᠢᠭᠤᠯᠵᠤ᠂ ᠵᠡᠮᠳᠡᠭᠴᠦᠳ᠎ᠢ ᠲᠤᠰᠠᠯᠠᠬᠤ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠬᠥᠭᠵᠢᠭᠦᠯᠦᠨ᠂ ᠵᠡᠮᠳᠡᠭᠴᠦᠳ᠎ᠤᠨ ᠠᠵᠢᠯ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠲᠤᠯᠭ᠋ᠠᠭᠤᠷᠢᠯᠠᠬᠤ ᠠᠵᠢᠯ᠎ᠢ ᠢᠳᠡᠪᠬᠢᠲᠡᠢ ᠴᠢᠩᠭ᠋ᠠᠳᠬᠠᠵᠤ 〈ᠠᠷᠪᠠᠨ ᠲᠠᠪᠤᠳᠤᠭ᠋ᠠᠷ ᠲᠠᠪᠤᠨ ᠵᠢᠯ〉᠎ᠤᠨ ᠲᠥᠯᠦᠪᠵᠢᠭᠦᠯᠭᠡ ᠵᠢᠨ ᠲᠥᠯᠦᠪᠵᠢᠭᠦᠯᠭᠡ ᠵᠢᠨ ᠰᠡᠳᠬᠢᠴᠡ ᠵᠢᠨ ᠰᠤᠳᠤᠯᠭ᠋ᠠᠨ᠎ᠢ ᠰᠠᠢ᠌ᠲᠤᠷ ᠬᠢᠵᠦ᠂ ᠵᠡᠮᠳᠡᠭᠴᠦᠳ᠎ᠢ   ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲᠸᠮ᠎ᠤᠨ ᠰᠠᠭᠤᠷᠢ ᠵᠢ ᠪᠠᠲᠤᠳᠬᠠᠬᠤ ᠬᠡᠷᠡᠭᠲᠡᠢ᠃ ᠡᠯ᠎ᠡ ᠭᠠᠵᠠᠷ᠎ᠤᠨ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ ᠪᠠ ᠰᠠᠭᠤᠭ᠎ᠠ ᠴᠡᠷᠢᠭ ᠠᠩᠭᠢ ᠵᠢᠨ᠎ᠬᠢᠨ ᠵᠡᠮᠳᠡᠭᠴᠦᠳ᠎ᠢ ᠲᠡᠳᠬᠦᠵᠦ ᠵᠡᠮᠳᠡᠭᠴᠦᠳ᠎ᠢ ᠲᠤᠰᠠᠯᠠᠬᠤ ᠤᠯᠠᠨ ᠵᠦᠢ᠍ᠯ᠎ᠤᠨ ᠠᠵᠢᠯᠯᠠᠭ᠎ᠠ ᠵᠢ ᠥᠷᠨᠢᠭᠦᠯᠵᠦ᠂ ᠲᠤᠰ ᠬᠦᠷᠢᠶ᠎ᠡ ᠴᠠᠷᠠᠭ᠎ᠠ᠎ᠳᠤ᠎ᠬᠢ ᠪᠦᠬᠦ ᠤᠯᠤᠰ᠎ᠤᠨ ᠥᠪᠡᠷ᠎ᠢ᠎ᠪᠠᠨ ᠬᠦᠴᠦᠷᠬᠡᠭᠵᠢᠭᠦᠯᠦᠭᠰᠡᠨ ᠵᠢᠱ᠌ᠢᠶᠡᠴᠢ ᠪᠠ ᠵᠡᠮᠳᠡᠭᠴᠦᠳ᠎ᠢ ᠲᠤᠰᠠᠯᠠᠭᠰᠠᠨ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢᠨ ᠤᠬᠠᠭᠤᠯᠭ᠎ᠠ ᠵᠢ ᠥᠷᠨᠢᠭᠦᠯᠵᠦ᠂ ᠵᠡᠮᠳᠡᠭᠴᠦᠳ᠎ᠢ ᠲᠡᠳᠬᠦᠵᠦ ᠵᠡᠮᠳᠡᠭᠴᠦᠳ᠎ᠢ ᠲᠤᠰᠠᠯᠠᠬᠤ ᠰᠠᠢ᠌ᠨ ᠰᠠᠢ᠌ᠬᠠᠨ ᠨᠡᠢ᠌ᠭᠡᠮ᠎ᠤᠨ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠲᠡᠢ᠃ ᠵᠡᠮᠳᠡᠭᠴᠦᠳ᠎ᠢ ᠲᠤᠰᠠᠯᠠᠬᠤ ᠡᠳᠦᠷ᠎ᠤᠨ ᠬᠤᠭᠤᠴᠠᠭ᠋ᠠᠨ᠎ᠳᠤ ᠶᠠᠳᠠᠭᠤ ᠬᠦᠴᠢᠷᠳᠡᠯᠲᠡᠢ ᠵᠡᠮᠳᠡᠭᠴᠦᠳ᠎ᠤᠨ ᠭᠡᠷ ᠪᠦᠯᠢ᠂ ᠵᠡᠮᠳᠡᠭᠴᠦᠳ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠵᠡᠮᠳᠡᠭᠴᠦᠳ᠎ᠢ ᠲᠥᠪᠯᠡᠷᠡᠭᠦᠯᠦᠨ ᠠᠵᠢᠯ ᠣᠯᠭᠣᠬᠤ ᠨᠢᠬᠡᠴᠢ ᠵᠡᠷᠭᠡ ᠵᠢ ᠰᠤᠷᠪᠤᠯᠵᠢᠯᠠᠨ ᠲᠣᠬᠣᠨᠢᠭᠤᠯᠵᠤ᠂ ᠵᠡᠮᠳᠡᠭᠴᠦᠳ᠎ᠤᠨ ᠪᠠᠴᠢᠮᠳᠠᠯ ᠲᠤᠯᠭ᠋ᠠᠮᠳᠠᠯ᠂ ᠬᠦᠴᠢᠷᠳᠡᠯ ᠵᠤᠪᠠᠨᠢᠯ᠎ᠢ ᠦᠨᠡᠨ ᠬᠦ᠌ ᠰᠢᠢ᠍ᠳᠪᠤᠷᠢᠯᠡᠬᠦ ᠬᠡᠷᠡᠭᠳᠡᠢ》 ᠬᠡᠵᠡᠢ᠃








 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠵᠢᠷᠤᠬᠳᠤ ᠲᠠᠢ᠌ᠯᠤᠮᠵᠢ᠄ ᠤᠷᠤᠭ ᠲᠠᠡᠭᠰᠠᠯᠠᠬᠤ ᠲᠦᠷᠢᠮ᠎ᠳᠤ ᠶᠠᠮᠠᠷ ᠬᠤᠪᠢᠷᠠᠯᠳᠠ ᠭᠠᠷᠪᠠ?
ᠵᠢᠷᠤᠬᠳᠤ ᠲᠠᠢ᠌ᠯᠤᠮᠵᠢ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠬᠠᠮᠢᠶᠠᠷᠤᠯᠲᠠ ᠵᠢᠨ ᠵᠠᠷᠤᠳᠠᠯ ᠭᠡᠵᠤ ᠶᠠᠭᠤ ᠪᠤᠢ?
《ᠦᠨᠡᠨ》ᠰᠡᠳᠬᠦᠯ᠎ᠳᠤ ᠨᠡᠢ᠌ᠲᠡᠯᠡᠭᠰᠡᠨ ᠨᠠᠮ᠎ᠤᠨ ᠲᠥᠪ ᠬᠤᠷᠢᠶᠠᠠ᠎ᠤ ᠶᠠᠷᠤᠡᠭᠭᠡᠢ ᠱᠥᠵᠢ᠂ ᠤᠯᠤᠰ᠎ᠤᠨ ᠲᠡᠷᠢᠬᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠠ᠎ᠤ ᠲᠠᠷᠢᠬᠦᠯᠡᠭᠴᠢ ᠰᠢ ᠵᠢᠠ ᠫᠢᠡᠭ᠎ᠤᠨ ᠴᠢᠬᠤᠯᠠ ᠵᠣᠬᠢᠶᠠᠯ
ᠲᠥᠪ᠎ᠤᠨ ᠤᠯᠤᠰ ᠲᠦᠷᠦ ᠵᠢᠨ ᠲᠤᠪᠴᠢᠶᠠᠨ᠎ᠤ ᠪᠠᠢ᠌ᠩᠭᠤ ᠵᠢᠨ ᠬᠤᠷᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠦ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠵᠢᠭ ᠰᠡᠷᠭᠡᠢ᠌ᠯᠡᠬᠦ ᠠᠵᠢᠯ᠎ᠢ ᠤᠯᠠᠮ ᠰᠠᠢ᠌ᠨ ᠬᠢᠬᠦ ᠲᠤᠬᠠᠢ ᠪᠠᠴᠢᠮ ᠮᠡᠳᠡᠭᠳᠡᠯ
2020 ᠣᠨ᠎ᠤ ᠪᠥᠬᠥ ᠣᠷᠣᠨ᠎ᠤ ᠨᠡᠶ᠋ᠢᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢᠨ ᠬᠠᠮᠢᠶ᠎ᠠ ᠪᠥᠬᠥᠶ ᠤᠴᠢᠷ᠎ᠤᠨ ᠲᠤᠬᠠᠶ ᠮᠡᠳᠡᠭᠳᠡᠯ
 
            