ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠳᠡᠬᠦᠰ᠎ᠤᠨ ᠨᠦᠬᠦᠪᠤᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠤᠬᠠᠢ ᠲᠠᠢ᠌ᠯᠤᠮᠵᠢ
ᠨᠡᠶᠢᠲᠡᠯᠡᠭᠰᠡᠨ ᠴᠠᠭ᠄ 2025-05-08

                       ᠨᠤᠮᠢᠨ ᠤᠷᠴᠢᠭᠤᠯᠪᠠ

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 《ᠡᠳ᠋᠎ᠤᠨ ᠵᠠᠰᠠᠭ᠎ᠤᠨ ᠬᠦᠷᠢᠶ᠎ᠡ ᠴᠠᠷᠠᠭ᠎ᠠ᠎ᠳᠤ ᠤᠯᠠᠮ ᠴᠢᠨᠠᠬᠰᠢᠳᠠ ᠴᠣᠮᠬᠠᠳᠬᠠᠨ ᠡᠷᠬᠡ ᠵᠢ ᠪᠠᠭᠤᠯᠭ᠋ᠠᠵᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠲᠤᠬᠠᠢ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2024] 52 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ ᠦᠳᠡᠬᠦᠰ᠎ᠤᠨ ᠨᠦᠬᠦᠪᠤᠷᠢ ᠮᠥᠩᠭᠥ ᠵᠢᠨ ᠵᠢᠷᠤᠮᠵᠢᠭᠰᠠᠨ ᠬᠠᠮᠢᠶᠠᠷᠤᠯᠲᠠ ᠵᠢ ᠤᠯᠠᠮ ᠴᠢᠩᠭ᠋ᠠᠳᠬᠠᠬᠤ ᠵᠢᠨ ᠲᠥᠯᠥᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ ᠤᠷᠴᠢᠮ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠳᠡᠬᠦᠰ᠎ᠤᠨ ᠨᠥᠬᠥᠪᠦᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭ᠋ᠠᠪᠠ᠂ ᠡᠳᠦᠭᠡ ᠲᠠᠷᠠᠭ᠋ᠠᠬᠢ ᠮᠡᠲᠦ ᠲᠠᠢ᠌ᠯᠤᠮᠵᠢ ᠬᠢᠰᠤᠬᠡᠢ᠃
    ᠵᠠᠰᠠᠪᠤᠷᠢ ᠣᠷᠣᠭᠤᠯᠤᠭᠰᠠᠨ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠳᠡᠬᠦᠰ᠎ᠤᠨ ᠨᠥᠬᠥᠪᠦᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ 》᠎ᠨᠢ ᠵᠢᠷᠭᠤᠭ᠋ᠠᠨ ᠪᠦᠯᠦᠭ᠂ ᠬᠣᠷᠢᠨ ᠵᠢᠷᠭᠤᠭ᠋ᠠᠨ ᠵᠦᠢ᠍ᠯ᠎ᠲᠠᠢ᠂ ᠶᠡᠷᠦᠩᠬᠡᠢ ᠳᠦᠷᠢᠮ᠂ ᠣᠯᠭᠣᠬᠤ ᠬᠡᠪᠴᠢᠶ᠎ᠡ ᠪᠠ ᠪᠠᠷᠢᠮᠵᠢᠶ᠎ᠠ᠂ ᠭᠤᠶᠤᠴᠢᠯᠠᠯ᠎ᠢ ᠬᠢᠨᠠᠨ ᠬᠠᠷᠭᠤᠭᠤᠯᠬᠤ ᠪᠠ ᠣᠯᠭᠣᠬᠤ᠂ ᠬᠤᠪᠢᠷᠠᠭᠤᠯᠬᠤ ᠪᠠ ᠳᠠᠭᠤᠰᠬᠠᠬᠤ᠂ ᠠᠵᠢᠯ᠎ᠤᠨ ᠪᠦᠲᠦᠮᠵᠢ ᠵᠢᠨ ᠬᠠᠮᠢᠶᠠᠷᠤᠯᠲᠠ ᠪᠠ ᠬᠢᠨᠠᠯᠲᠠ ᠪᠤᠯᠤᠨ ᠳᠠᠭ᠋ᠠᠯᠳᠤᠭᠤᠯᠤᠭᠰᠠᠨ ᠳᠦᠷᠢᠮ ᠭᠡᠵᠦ ᠬᠤᠪᠢᠶᠠᠨ᠎ᠠ᠃

   ᠨᠢᠭᠡ᠂ ᠦᠳᠡᠬᠦᠰ᠎ᠤᠨ ᠨᠦᠬᠦᠪᠤᠷᠢ ᠵᠢ ᠣᠯᠭᠣᠬᠤ ᠬᠡᠪᠴᠢᠶ᠎ᠡ᠂ ᠪᠠᠷᠢᠮᠵᠢᠶ᠎ᠠ ᠪᠣᠯᠣᠨ ᠴᠠᠭ᠎ᠤᠨ ᠲᠤᠬᠠᠢ

    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠳᠡᠬᠦᠰ᠎ᠤᠨ ᠨᠥᠬᠥᠪᠦᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ》᠎ᠳᠤ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠦᠬᠡ ᠠᠮᠠ ᠵᠢᠨ ᠲᠠᠩᠰᠠ᠎ᠲᠠᠢ᠂ ᠡᠷᠦᠬᠡ ᠠᠮᠠ ᠵᠢᠨ ᠲᠠᠡᠭᠰᠨᠨ ᠲᠡᠬᠡᠷᠡᠬᠢ ᠨᠠᠰᠤ᠎ᠨᠢ ᠪᠦᠬᠦᠯᠢ 80 ᠨᠠᠰᠤ (ᠪᠦᠬᠦᠯᠢ 80 ᠨᠠᠰᠤ ᠪᠠᠭᠲᠠᠨ᠎ᠠ)᠎ᠠᠴᠠ ᠪᠦᠬᠦᠯᠢ 99 ᠨᠠᠰᠤ ᠬᠦᠷᠲᠡᠯᠡᠬᠢ ᠨᠠᠰᠤᠲᠠᠢ᠌ᠴᠤᠳ᠎ᠲᠤ ᠬᠥᠮᠥᠨ ᠪᠦᠷᠢ ᠰᠠᠷ᠎ᠠ᠎ᠳᠤ 100 ᠲᠥᠭᠥᠷᠢᠭ᠃ ᠪᠦᠬᠦᠯᠢ 100 ᠨᠠᠰᠤ (ᠪᠦᠬᠦᠯᠢ 100 ᠨᠠᠰᠤ ᠪᠠᠭᠲᠠᠨ᠎ᠠ)᠎ᠠᠴᠠ ᠳᠡᠭᠡᠭᠰᠢᠬᠢ ᠨᠠᠰᠤᠲᠠᠢ᠌ᠴᠤᠳ᠎ᠲᠤ ᠬᠥᠮᠥᠨ ᠪᠦᠷᠢ ᠰᠠᠷ᠎ᠠ᠎ᠳᠤ 600 ᠲᠥᠭᠥᠷᠢᠭ ᠣᠯᠭᠣᠨ᠎ᠠ᠃  ᠦᠳᠡᠬᠦᠰ᠎ᠤᠨ ᠨᠦᠬᠦᠪᠤᠷᠢ ᠵᠢ ᠵᠠᠷᠴᠢᠮ ᠳᠡᠭᠡᠷ᠎ᠡ᠎ᠪᠠᠨ ᠤᠯᠠᠷᠢᠯ ᠵᠶ᠋ᠠᠷ ᠣᠯᠭᠣᠵ᠊᠂ ᠨᠥᠬᠥᠴᠡᠯ ᠪᠦᠷᠢᠳᠦᠭᠦᠯᠦᠭᠰᠡᠨ ᠭᠠᠵᠠᠷ ᠣᠷᠣᠨ᠎ᠨᠤᠭᠤᠳ ᠰᠠᠷ᠎ᠠ᠎ᠪᠠᠷ ᠤᠯᠭᠤᠨ᠎ᠠ》 ᠭᠡᠵᠤ ᠲᠤᠬᠳᠠᠭ᠋ᠠᠯ᠎ᠠ᠃
ᠬᠣᠶᠠᠷ᠂ ᠦᠳᠡᠬᠦᠰ᠎ᠤᠨ ᠨᠦᠬᠦᠪᠤᠷᠢ ᠵᠢ ᠭᠤᠶᠤᠴᠢᠯᠠᠬᠤ ᠲᠤᠬᠠᠢ
  
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠳᠡᠬᠦᠰ᠎ᠤᠨ ᠨᠥᠬᠥᠪᠦᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ 》᠎ᠳᠤ ᠄ 《ᠦᠳᠡᠬᠦᠰ᠎ᠤᠨ ᠨᠦᠬᠦᠪᠤᠷᠢ ᠵᠢ  ᠰᠠᠢ᠌ᠨ ᠳᠤᠷ᠎ᠠ᠎ᠠᠴᠠ᠎ᠪᠠᠨ ᠭᠤᠶᠤᠴᠢᠯᠠᠬᠤ᠎ᠪᠠᠷ ᠵᠠᠷᠴᠢᠮ ᠪᠣᠯᠭ᠋ᠠᠵᠤ᠂ ᠨᠥᠬᠥᠴᠡᠯ᠎ᠳᠤ ᠨᠡᠢ᠌ᠴᠡᠬᠦ ᠨᠠᠰᠤᠲᠠᠢ᠌ᠴᠤᠳ ᠡᠷᠦᠬᠡ ᠠᠮᠠ ᠵᠢᠨ ᠲᠠᠩᠰᠠ ᠪᠠᠢ᠌ᠭ᠎ᠠ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ (ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ)᠎ᠳᠤ ᠬᠤᠪᠢ ᠬᠥᠮᠥᠨ᠎ᠤ ᠨᠡᠢ᠌ᠭᠡᠮ᠎ᠤᠨ ᠪᠠᠲᠤᠯᠠᠭ᠎ᠠ ᠵᠢᠨ ᠺᠠᠷᠲ ᠵᠡᠷᠭᠡ ᠮᠠᠲ᠋ᠧᠷᠢᠶᠠᠯ ᠵᠶ᠋ᠠᠨ ᠬᠠᠩᠭ᠋ᠠᠬᠤ ᠬᠡᠷᠡᠭᠲᠡᠢ᠃ ᠴᠢᠳᠠᠪᠤᠷᠢ᠎ᠪᠠᠨ ᠠᠯᠳᠠᠭᠰᠠᠨ ᠪᠤᠶᠤ ᠬᠥᠳᠡᠯᠵᠦ ᠪᠠᠷᠢᠬᠤ᠎ᠳᠤ ᠳᠥᠭᠥᠮ ᠦᠭᠡᠢ   ᠦᠳᠡᠬᠦᠰ ᠎ᠢ ᠲᠥᠷᠥᠯ ᠰᠠᠳᠤᠨ᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠠᠵᠢᠯᠲᠠᠨ ᠬᠦᠴᠦᠨ ᠪᠦᠬᠦᠢ ᠦᠨᠡᠮᠯᠡᠯ ᠵᠶ᠋ᠡᠷ ᠵᠶ᠋ᠡᠨ ᠣᠷᠣᠯᠠᠨ ᠭᠤᠶᠤᠴᠢᠯᠠᠵᠤ ᠪᠣᠯᠣᠨ᠎ᠠ᠃ ᠲᠥᠪᠯᠡᠷᠡᠭᠦᠯᠦᠨ ᠠᠰᠠᠷᠠᠨ ᠲᠡᠵᠢᠭᠡᠬᠦ ᠣᠨᠴᠠ ᠬᠦᠴᠢᠷᠳᠡᠯᠲᠡᠢ ᠬᠥᠮᠥᠰ᠎ᠤᠨ ᠳᠣᠲᠣᠷᠠᠬᠢ ᠦᠳᠡᠬᠦᠰ᠎ᠢ ᠪᠠᠢ᠌ᠭ᠎ᠠ ᠠᠰᠠᠷᠠᠨ ᠲᠡᠵᠢᠭᠡᠬᠦ ᠪᠠᠢ᠌ᠭᠤᠯᠤᠮᠵᠢ ᠵᠢᠨ ᠠᠵᠢᠯᠲᠠᠨ ᠬᠦᠴᠦᠨ ᠪᠦᠬᠦᠢ ᠦᠨᠡᠮᠯᠡᠯ ᠵᠶ᠋ᠡᠷ ᠵᠶ᠋ᠡᠨ ᠣᠷᠣᠯᠠᠨ ᠭᠤᠶᠤᠴᠢᠯᠠᠵᠤ ᠪᠣᠯᠣᠨ᠎ᠠ》 ᠭᠡᠵᠤ ᠲᠤᠬᠳᠠᠭ᠋ᠠᠬᠰᠠᠨ ᠪᠠᠢ᠌ᠨ᠎ᠠ᠃

ᠭᠤᠷᠪᠠ᠂ ᠦᠳᠡᠬᠦᠰ᠎ᠤᠨ ᠨᠦᠬᠦᠪᠤᠷᠢ ᠵᠢ  ᠣᠯᠭᠣᠬᠤ᠂ ᠬᠤᠪᠢᠷᠠᠭᠤᠯᠬᠤ ᠪᠠ ᠵᠣᠭᠰᠤᠭ᠋ᠠᠬᠤ ᠲᠤᠬᠠᠢ

   《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠳᠡᠬᠦᠰ᠎ᠤᠨ ᠨᠥᠬᠥᠪᠦᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ 》᠎ᠳᠤ ᠄ 《ᠠᠩᠬ᠎ᠠ ᠤᠳᠠᠭ᠎ᠠ ᠭᠤᠶᠤᠴᠢᠯᠠᠨ ᠠᠪᠤᠭᠰᠠᠨ ᠨᠠᠰᠤᠲᠠᠢ᠌ᠴᠤᠳ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂ ᠭᠤᠶᠤᠴᠢᠯᠠᠯ᠎ᠤᠨ ᠬᠦᠰᠦᠨᠦᠭᠲᠦ ᠲᠤᠰᠢᠶᠠᠭᠰᠠᠨ ᠪᠥᠭᠡᠳ ᠠᠪᠬᠤ ᠨᠠᠰᠤᠨ᠎ᠳᠤ ᠨᠡᠢ᠌ᠴᠡᠭᠰᠡᠨ ᠲᠣᠰ ᠰᠠᠷ᠎ᠠ᠎ᠠᠴᠠ ᠡᠬᠢᠯᠡᠨ  ᠦᠳᠡᠬᠦᠰ᠎ᠤᠨ ᠨᠦᠬᠦᠪᠤᠷᠢ ᠵᠢ ᠭᠥᠷᠳᠡᠨ᠎ᠡ᠃  ᠦᠳᠡᠬᠦᠰ᠎ᠤᠨ ᠨᠦᠬᠦᠪᠤᠷᠢ ᠵᠢ ᠨᠢᠭᠡᠨᠲᠡ ᠭᠥᠷᠳᠡᠭᠰᠡᠨ ᠨᠠᠰᠤᠲᠠᠢ᠌ᠴᠤᠳ ᠤᠯᠠᠷᠢᠯ ᠪᠦᠷᠢ ᠵᠢᠨ ᠰᠡᠭᠦᠯᠴᠢ ᠵᠢᠨ ᠰᠠᠷ᠎ᠠ ᠵᠢᠨ 1 — 20 ᠬᠤᠨᠤᠭ᠎ᠲᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠢᠭ᠋ᠠᠨ ᠲᠣᠭᠲᠠᠭ᠋ᠠᠭᠰᠠᠨ ᠭᠡᠷᠡᠴᠢᠯᠡᠯ᠎ᠤᠨ ᠰᠢᠯᠵᠢᠮᠡᠯ ᠬᠤᠯᠪᠤᠭ᠎ᠠ᠎ᠪᠠᠷ ᠳᠡᠮᠵᠢᠨ ᠭᠡᠷᠡᠴᠢᠯᠡᠭᠰᠡᠨ᠎ᠤ ᠳᠠᠷᠠᠭ᠎ᠠ ᠲᠣᠰ ᠤᠯᠠᠷᠢᠯ᠎ᠤᠨ  ᠦᠳᠡᠬᠦᠰ᠎ᠤᠨ ᠨᠦᠬᠦᠪᠤᠷᠢ ᠵᠢ ᠠᠪᠤᠨ᠎ᠠ᠃ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠨᠢ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ (ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠵᠥᠪᠯᠡᠯ)᠎ᠢ ᠵᠢᠯᠤᠭᠣᠳᠴᠤ ᠪᠠᠢ᠌ᠭ᠋ᠠᠳ ᠬᠠᠷᠢᠶ᠎ᠠ ᠣᠷᠣᠨ᠎ᠤ᠎ᠪᠠᠨ  ᠦᠳᠡᠬᠦᠰ᠎ᠢ ᠬᠠᠪᠰᠤᠷᠤᠨ ᠭᠡᠷᠡᠴᠢᠯᠡᠬᠦ ᠵᠢ ᠪᠡᠶᠡᠯᠡᠭᠦᠯᠬᠦ ᠬᠡᠷᠡᠭᠲᠡᠢ᠃
   ᠦᠳᠡᠬᠦᠰ᠎ᠤᠨ ᠨᠦᠬᠦᠪᠤᠷᠢ ᠵᠢ ᠭᠡᠷᠡᠴᠢᠯᠡᠬᠦ ᠵᠢ ᠦᠨᠳᠦᠰᠦᠯᠡᠨ ᠣᠯᠭᠣᠵᠤ᠂ ᠲᠣᠭᠲᠠᠭ᠋ᠠᠯ ᠶᠣᠰᠣᠭ᠋ᠠᠷ ᠭᠡᠷᠡᠴᠢᠯᠡᠬᠦ᠎ᠳᠤ ᠣᠷᠣᠯᠴᠠᠭᠰᠠᠨ ᠦᠭᠡᠢ ᠮᠥᠷᠲᠡᠭᠡᠨ ᠤᠯᠠᠨ ᠠᠷᠭ᠎ᠠ᠎ᠪᠠᠷ ᠳᠠᠮᠵᠢᠭᠤᠯᠤᠨ ᠬᠠᠷᠢᠯᠴᠠᠬᠤ ᠵᠢᠨ ᠠᠷᠭ᠎ᠠ ᠦᠭᠡᠢ ᠪᠤᠯ ᠦᠳᠡᠬᠦᠰ᠎ᠤᠨ ᠨᠦᠬᠦᠪᠤᠷᠢ ᠵᠢ ᠲᠠᠷᠠᠭ᠋ᠠᠴᠢ ᠵᠢᠨ ᠣᠯᠭᠣᠬᠤ ᠬᠤᠭᠤᠴᠠᠭ᠎ᠠ᠎ᠠᠴᠠ ᠡᠬᠢᠯᠡᠨ ᠣᠯᠭᠣᠬᠤ᠎ᠪᠠᠨ ᠪᠤᠯᠢᠨ᠎ᠠ᠃ ᠬᠠᠷᠢᠯᠴᠠᠬᠤ ᠵᠢᠨ ᠬᠠᠮᠲᠤ ᠬᠢᠷᠢ ᠬᠡᠮ᠎ᠤᠨ ᠭᠡᠷᠡᠴᠢᠯᠡᠭᠡ᠎ᠪᠠᠷ ᠳᠡᠮᠵᠢᠨ ᠲᠣᠰ ᠰᠠᠷ᠎ᠠ᠎ᠠᠴᠠ ᠡᠬᠢᠯᠡᠨ ᠦᠷᠭᠦᠯᠵᠢᠯᠡᠨ ᠣᠯᠭᠣᠨ᠎ᠠ᠃  ᠤᠨᠴᠠᠭ᠋ᠠᠢ ᠪᠠᠢ᠌ᠳᠠᠯ ᠦᠭᠡᠢ ᠪᠣᠯ ᠣᠯᠭᠣᠬᠤ ᠵᠢ ᠵᠣᠭᠰᠣᠭ᠋ᠠᠭᠰᠠᠨ ᠬᠤᠭᠤᠴᠠᠭ᠋ᠠᠨ ᠎ᠤ  ᠦᠳᠡᠬᠦᠰ᠎ᠤᠨ ᠨᠦᠬᠦᠪᠤᠷᠢ ᠵᠢ ᠨᠥᠬᠥᠵᠦ ᠣᠯᠭᠣᠨ᠎ᠠ᠂ ᠨᠥᠬᠥᠵᠦ ᠣᠯᠭᠣᠬᠤ ᠴᠠᠭ ᠎ᠢ 12 ᠰᠠᠷ᠎ᠠ᠎ᠠᠴᠠ ᠬᠡᠲᠦᠷᠡᠭᠦᠯᠵᠦ ᠪᠣᠯᠬᠤ ᠦᠭᠡᠢ᠃
    ᠦᠳᠡᠬᠦᠰ᠎ᠤᠨ ᠨᠦᠬᠦᠪᠤᠷᠢ ᠵᠢ  ᠬᠦᠷᠲᠡᠵᠦ ᠪᠠᠢ᠌ᠭ᠎ᠠ ᠨᠠᠰᠤᠲᠠᠢ᠌ᠴᠤᠳ ᠎ᠤᠨ ᠡᠷᠥᠭᠡ ᠠᠮᠠ ᠵᠢᠨ ᠲᠠᠨᠭ᠌ᠰᠠ᠎ᠪᠠᠨ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠠᠴᠠ ᠨᠡᠬᠦᠭᠰᠡᠨ ᠪᠣᠯ ᠨᠠᠰᠤᠲᠠᠢ᠌ᠴᠤᠳ ᠪᠤᠶᠤ ᠲᠡᠭᠦᠨ ᠎ᠤ ᠬᠠᠤᠯᠢ᠎ᠪᠠᠷ ᠲᠣᠭᠲᠠᠭ᠋ᠠᠭᠰᠠᠨ ᠠᠴᠢᠯᠠᠨ ᠲᠡᠵᠢᠭᠡᠭᠴᠢ᠂ ᠠᠰᠠᠷᠠᠨ ᠲᠡᠵᠢᠭᠡᠭᠴᠢ᠎ᠨᠢ ᠰᠠᠨᠠᠭ᠋ᠠᠴᠢᠯᠠᠭ᠎ᠠ᠎ᠠᠴᠠ᠎ᠪᠠᠨ ᠡᠷᠥᠭᠡ ᠠᠮᠠ ᠵᠢᠨ ᠪᠠᠢ᠌ᠭ᠎ᠠ ᠭᠠᠵᠠᠷ ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ ᠎ᠤᠨ ᠵᠠᠰᠠᠭ ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠎ᠳᠤ ᠮᠡᠳᠡᠭᠦᠯᠦᠨ ᠳᠠᠩᠰᠠᠯᠠᠭᠤᠯᠬᠤ ᠵᠢᠨ ᠬᠠᠮᠲᠤ ᠣᠯᠭᠣᠬᠤ ᠵᠢ ᠵᠣᠭᠰᠤᠭ᠋ᠠᠬᠤ ᠭᠠᠷᠳᠠᠮ ᠭᠦᠢ᠍ᠴᠡᠳᠬᠡᠨ᠂ ᠦᠳᠡᠬᠦᠰ᠎ᠤᠨ ᠨᠦᠬᠦᠪᠤᠷᠢ ᠵᠢ᠎ᠨᠢ ᠨᠡᠬᠦᠭᠰᠡᠨ  ᠰᠠᠷ᠎ᠠ᠎ᠠᠴᠠ᠎ᠨᠢ ᠣᠯᠭᠣᠬᠤ ᠪᠠ ᠪᠤᠯᠢᠬᠤ ᠬᠡᠷᠡᠭᠲᠡᠢ᠃  ᠦᠳᠡᠬᠦᠰ᠎ᠤᠨ ᠨᠦᠬᠦᠪᠤᠷᠢ ᠮᠥᠩᠭᠥ ᠭᠥᠷᠳᠡᠵᠦ ᠪᠠᠢ᠌ᠭ᠎ᠠ ᠨᠠᠰᠤᠲᠠᠢ᠌ᠴᠤᠳ᠎ᠤᠨ ᠡᠷᠦᠬᠡ ᠠᠮᠠ ᠵᠢᠨ ᠲᠠᠩᠰᠠ ᠵᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠰᠢᠭᠤ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠬᠣᠭᠣᠷᠣᠨᠳᠤ ᠨᠡᠭᠦᠯᠭᠡᠬᠦ᠎ᠳᠤ ᠭᠦᠷᠪᠡᠯ᠂ ᠨᠡᠭᠦᠯᠭᠡᠵᠦ ᠣᠷᠣᠭᠤᠯᠬᠤ ᠭᠠᠵᠠᠷ ᠪᠣᠯᠣᠨ ᠨᠡᠭᠦᠯᠭᠡᠵᠦ ᠭᠠᠷᠭ᠋ᠠᠬᠤ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠡᠷᠦᠬᠡ ᠠᠮᠠ ᠵᠢᠨ ᠲᠠᠩᠰᠠ ᠵᠢᠨ ᠮᠡᠳᠡᠭᠡ ᠵᠠᠩᠭᠢ ᠵᠢ ᠦᠨᠳᠦᠰᠦᠯᠡᠨ᠂  ᠦᠳᠡᠬᠦᠰ᠎ᠤᠨ ᠨᠦᠬᠦᠪᠤᠷᠢ ᠵᠢ ᠵᠣᠯᠭ᠋ᠠᠭᠤᠯᠬᠤ ᠪᠠ ᠦᠷᠭᠦᠯᠵᠢᠯᠡᠨ ᠣᠯᠭᠣᠬᠤ ᠠᠵᠢᠯ᠎ᠢ ᠴᠠᠭ ᠲᠤᠬᠠᠢ᠎ᠳᠤ᠎ᠨᠢ ᠰᠠᠢ᠌ᠲᠤᠷ ᠬᠢᠵᠦ᠂ ᠪᠤᠷᠤᠭᠤ ᠣᠯᠭᠣᠬᠤ᠂ ᠣᠷᠬᠢᠭᠳᠠᠭᠤᠯᠬᠤ᠎ᠠᠴᠠ ᠵᠠᠢ᠌ᠯᠠᠰᠬᠢᠬᠦ ᠬᠡᠷᠡᠭᠲᠡᠢ᠃  ᠦᠳᠡᠬᠦᠰ᠎ᠤᠨ ᠨᠦᠬᠦᠪᠤᠷᠢ ᠬᠦᠷᠲᠡᠵᠦ ᠪᠠᠢ᠌ᠭ᠎ᠠ ᠨᠠᠰᠤᠲᠠᠨ ᠨᠠᠰᠤ ᠨᠦᠭᠴᠢᠪᠡᠯ ᠲᠡᠭᠦᠨ ᠎ᠤ ᠬᠠᠤᠯᠢ᠎ᠪᠠᠷ ᠲᠣᠭᠲᠠᠭ᠋ᠠᠭᠰᠠᠨ ᠠᠴᠢᠯᠠᠨ ᠲᠡᠵᠢᠭᠡᠭᠴᠢ᠂ ᠠᠰᠠᠷᠠᠨ ᠲᠡᠵᠢᠭᠡᠭᠴᠢ᠎ᠨᠢ ᠨᠠᠰᠤᠲᠠᠨ ᠨᠦᠭᠴᠢᠭᠰᠡᠨ᠎ᠤ ᠬᠤᠢ᠌ᠨᠠᠬᠢ  10 ᠠᠵᠢᠯᠯᠠᠬᠤ ᠡᠳᠦᠷ ᠎ᠤᠨ ᠳᠣᠲᠣᠷ᠎ᠠ ᠡᠷᠥᠭᠡ ᠠᠮᠠ ᠵᠢᠨ ᠪᠠᠢ᠌ᠭ᠎ᠠ ᠭᠠᠵᠠᠷ ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ ᠎ᠤᠨ ᠵᠠᠰᠠᠭ ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠎ᠳᠤ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠦᠨ ᠳᠠᠩᠰᠠᠯᠠᠭᠤᠯᠵᠤ᠂ ᠲᠥᠷᠥᠯ ᠰᠠᠳᠤᠨ᠎ᠨᠢ ᠬᠠᠭᠤᠷᠮᠠᠭᠯᠠᠨ ᠠᠪᠤᠭᠰᠠᠨ ᠪᠠᠢ᠌ᠳᠠᠯ ᠭᠠᠷᠪᠠᠯ ᠴᠢᠬᠤᠯᠠ ᠪᠦᠬᠦᠢ ᠠᠷᠭ᠎ᠠ ᠪᠠᠷᠢᠯ ᠵᠶ᠋ᠠᠷ ᠬᠠᠮᠢᠶ᠎ᠠ ᠪᠦᠬᠦᠢ ᠪᠡᠯᠡ ᠮᠥᠩᠭᠥ ᠵᠢ ᠨᠡᠬᠡᠵᠦ ᠠᠪᠴᠢᠷᠠᠬᠤ ᠬᠡᠷᠡᠭᠲᠡᠢ᠃

ᠳᠥᠷᠪᠡ᠂ ᠦᠳᠡᠬᠦᠰ᠎ᠤᠨ ᠨᠦᠬᠦᠪᠤᠷᠢ ᠵᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠲᠤᠬᠠᠢ

      ᠦᠳᠡᠬᠦᠰ᠎ᠤᠨ ᠨᠦᠬᠦᠪᠤᠷᠢ ᠵᠢ ᠪᠠᠭᠤᠯᠭ᠋ᠠᠭᠰᠠᠨ ᠲᠥᠰᠥᠪ ᠎ᠤᠨ ᠵᠦᠢ᠍ᠯ ᠢᠯᠭ᠋ᠠᠯ ᠪᠣᠯᠣᠨ ᠲᠥᠷᠥᠯ ᠵᠦᠢ᠍ᠯ ᠎ᠤᠨ ᠶᠣᠰᠣᠭ᠋ᠠᠷ ᠭᠦᠢ᠍ᠴᠡᠳᠬᠡᠬᠦ ᠬᠡᠷᠡᠭᠲᠡᠢ᠂ ᠳᠤᠮᠳᠠ᠎ᠠᠴᠠ᠎ᠨᠢ ᠲᠠᠰᠤᠳᠠᠨ ᠦᠯᠡᠳᠡᠭᠡᠬᠦ᠂ ᠡᠵᠡᠯᠡᠬᠦ᠂ ᠨᠡᠭᠦᠯᠭᠡᠨ ᠬᠡᠷᠡᠭᠯᠡᠬᠦ ᠪᠤᠶᠤ ᠳᠤᠷ᠎ᠠ᠎ᠪᠠᠷ ᠵᠶ᠋ᠠᠨ ᠲᠣᠬᠢᠷᠠᠭᠤᠯᠤᠯᠲᠠ ᠬᠢᠵᠦ ᠪᠣᠯᠬᠤ ᠦᠭᠡᠢ᠃ ᠡᠯ᠎ᠡ ᠱᠠᠲᠤᠨ ᠎ᠤ ᠡᠳ᠋᠎ᠤᠨ ᠵᠠᠰᠠᠭ᠂ ᠠᠷᠠᠳ ᠎ᠤᠨ ᠶᠠᠪᠤᠳᠠᠯ ᠵᠡᠷᠭᠡ ᠰᠠᠯᠠᠭ᠎ᠠ ᠮᠥᠴᠢᠷ ᠣᠳ ᠬᠠᠮᠢᠶ᠎ᠠ ᠪᠦᠬᠦᠢ ᠪᠡᠯᠡ ᠮᠥᠩᠭᠥ ᠵᠢ ᠲᠣᠭᠲᠠᠭ᠋ᠠᠯ ᠶᠣᠰᠣᠭ᠋ᠠᠷ ᠴᠢᠩᠭ᠎ᠠ ᠬᠡᠷᠡᠭᠯᠡᠬᠦ ᠬᠡᠷᠡᠭᠲᠡᠢ᠂ ᠦᠳᠡᠬᠦᠰ ᠪᠤᠶᠤ ᠭᠡᠷ ᠪᠦᠯᠢ᠎ᠠᠴᠠ ᠶᠠᠮᠠᠷᠪᠠ ᠬᠠᠮᠢᠶᠠᠷᠤᠯᠲᠠ ᠵᠢᠨ ᠵᠠᠷᠤᠳᠠᠯ ᠬᠤᠷᠢᠶᠠᠵᠤ ᠪᠣᠯᠬᠤ ᠦᠭᠡᠢ᠃ ᠡᠯ᠎ᠡ ᠱᠠᠲᠤᠨ ᠎ᠤ ᠠᠷᠠᠳ ᠎ᠤᠨ ᠶᠠᠪᠤᠳᠠᠯ᠂ ᠡᠳ᠋ ᠎ᠤᠨ ᠵᠠᠰᠠᠭ ᠎ᠤᠨ ᠰᠠᠯᠠᠭ᠎ᠠ ᠮᠥᠴᠢᠷ ᠣᠳ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ  ᠲᠡᠬᠦᠯᠳᠡᠷᠵᠢᠬᠦᠯᠵᠤ ᠲᠤᠰᠠᠯᠠᠮᠵᠢ ᠵᠢᠨ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢᠨ ᠪᠠᠢ᠌ᠳᠠᠯ ᠎ᠳᠤ ᠲᠣᠭᠲᠠᠮᠠᠯ ᠬᠤᠭᠤᠴᠠᠭ᠎ᠠ᠎ᠲᠠᠢ ᠪᠠᠢ᠌ᠴᠠᠭ᠋ᠠᠨ ᠬᠣᠯᠪᠣᠭᠳᠠᠯ ᠪᠦᠬᠦᠢ ᠠᠰᠠᠭᠤᠳᠠᠯ ᠎ᠢ ᠴᠠᠭ ᠲᠤᠬᠠᠢ᠎ᠳᠤ᠎ᠨᠢ ᠣᠯᠵᠤ ᠮᠡᠳᠡᠬᠦ ᠪᠠ ᠵᠠᠯᠠᠷᠠᠭᠤᠯᠬᠤ ᠵᠢᠨ ᠬᠠᠮᠲᠤ ᠪᠡᠯᠡ ᠮᠥᠩᠭᠥ ᠲᠠᠷᠬᠠᠭ᠋ᠠᠭᠰᠠᠨ ᠪᠠᠢ᠌ᠳᠠᠯ ᠎ᠢ ᠨᠡᠢ᠍ᠢ᠍ᠳᠡ ᠎ᠳᠤ ᠵᠠᠷᠯᠠᠵᠤ᠂ ᠬᠢᠨᠠᠨ ᠪᠤᠳᠤᠬᠤ᠂ ᠪᠠᠢ᠌ᠴᠠᠭ᠋ᠠᠬᠤ ᠵᠡᠷᠭᠡ ᠰᠠᠯᠠᠭ᠎ᠠ ᠮᠥᠴᠢᠷ ᠎ᠤᠨ ᠬᠢᠨᠠᠯᠲᠠ ᠲᠠᠯᠪᠢᠬᠤ ᠪᠠ ᠨᠡᠢ᠌ᠭᠡᠮ ᠎ᠤᠨ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠭᠤᠴᠢᠨ ᠲᠠᠪᠤᠳᠡᠬᠢ ᠪᠦᠬᠦ ᠤᠯᠤᠰ ᠣᠨ ᠵᠡᠮᠳᠡᠭᠴᠦᠳ᠎ᠢ ᠲᠤᠰᠠᠯᠠᠬᠤ ᠡᠳᠦᠷ᠎ᠤᠨ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ》᠎ᠤᠨ ᠲᠤᠬᠠᠢ ᠲᠠᠢ᠌ᠯᠤᠮᠵᠢ
ᠵᠢᠷᠤᠬᠳᠤ ᠲᠠᠢ᠌ᠯᠤᠮᠵᠢ᠄ ᠤᠷᠤᠭ ᠲᠠᠡᠭᠰᠠᠯᠠᠬᠤ ᠲᠦᠷᠢᠮ᠎ᠳᠤ ᠶᠠᠮᠠᠷ ᠬᠤᠪᠢᠷᠠᠯᠳᠠ ᠭᠠᠷᠪᠠ?
ᠵᠢᠷᠤᠬᠳᠤ ᠲᠠᠢ᠌ᠯᠤᠮᠵᠢ᠄ ᠨᠢᠭᠦᠯᠡᠰᠦᠩᠭᠦᠢ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠬᠠᠮᠢᠶᠠᠷᠤᠯᠲᠠ ᠵᠢᠨ ᠵᠠᠷᠤᠳᠠᠯ ᠭᠡᠵᠤ ᠶᠠᠭᠤ ᠪᠤᠢ?
《ᠦᠨᠡᠨ》ᠰᠡᠳᠬᠦᠯ᠎ᠳᠤ ᠨᠡᠢ᠌ᠲᠡᠯᠡᠭᠰᠡᠨ ᠨᠠᠮ᠎ᠤᠨ ᠲᠥᠪ ᠬᠤᠷᠢᠶᠠᠠ᠎ᠤ ᠶᠠᠷᠤᠡᠭᠭᠡᠢ ᠱᠥᠵᠢ᠂ ᠤᠯᠤᠰ᠎ᠤᠨ ᠲᠡᠷᠢᠬᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠠ᠎ᠤ ᠲᠠᠷᠢᠬᠦᠯᠡᠭᠴᠢ ᠰᠢ ᠵᠢᠠ ᠫᠢᠡᠭ᠎ᠤᠨ ᠴᠢᠬᠤᠯᠠ ᠵᠣᠬᠢᠶᠠᠯ
ᠲᠥᠪ᠎ᠤᠨ ᠤᠯᠤᠰ ᠲᠦᠷᠦ ᠵᠢᠨ ᠲᠤᠪᠴᠢᠶᠠᠨ᠎ᠤ ᠪᠠᠢ᠌ᠩᠭᠤ ᠵᠢᠨ ᠬᠤᠷᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠦ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠵᠢᠭ ᠰᠡᠷᠭᠡᠢ᠌ᠯᠡᠬᠦ ᠠᠵᠢᠯ᠎ᠢ ᠤᠯᠠᠮ ᠰᠠᠢ᠌ᠨ ᠬᠢᠬᠦ ᠲᠤᠬᠠᠢ ᠪᠠᠴᠢᠮ ᠮᠡᠳᠡᠭᠳᠡᠯ
 
            