ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠠᠶ᠋ᠢᠳᠠᠯᠭ᠎ᠠ᠎ᠪᠠᠷ ᠠᠷᠠᠳ᠎ᠤᠨ ᠶᠠᠪᠤᠳᠠᠯ᠎ᠤᠨ ᠶᠠᠮᠤᠨ᠎ᠤ ᠰᠠᠢ᠌ᠳ ᠯᠦ᠍ ᡁᠢ ᠶᠤᠸᠠᠨ 9 ᠳ᠋ᠤᠬᠡᠷ ᠰᠠᠷ᠎ᠠ ᠵᠢᠨ 10᠎ᠤ ᠡᠳᠦᠷ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭ᠋ᠠᠨ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠵᠤ᠂ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠢ ᠬᠠᠷᠠᠭ᠋ᠠᠯᠵᠠᠨ ᠠᠰᠠᠷᠠᠬᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠤᠭᠰᠠᠨ ᠪᠠᠢ᠌ᠳᠠᠯ᠎ᠤᠨ ᠲᠤᠬᠠᠢ ᠮᠡᠳᠡᠭᠦᠯᠦᠯᠲᠡ ᠮᠡᠳᠡᠭᠦᠯᠦᠯᠲᠡ᠎ᠳᠤ ᠢᠯᠡᠷᠡᠭᠦᠯᠦᠭᠰᠡᠨ ᠵᠶ᠋ᠡᠷ ᠮᠠᠨ᠎ᠤ ᠤᠯᠤᠰ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠷᠠᠭ᠋ᠠᠯᠵᠠᠨ ᠠᠰᠠᠷᠠᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ 2023 ᠣᠨ᠎ᠤ ᠡᠴᠦᠰ ᠪᠣᠯᠲᠠᠯ᠎ᠠ ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠤᠪᠢᠯᠠᠬᠤ ᠬᠡᠯᠪᠡᠷᠢ ᠵᠢᠨ ᠡᠪᠡᠳᠴᠢᠲᠡᠨ᠎ᠤ ᠣᠷᠣ ᠵᠢᠨ ᠡᠵᠡᠯᠡᠬᠦ ᠬᠠᠷᠢᠴᠠᠯ᠎ᠢ 58.9% ᠪᠣᠯᠲᠠᠯ᠎ᠠ ᠳᠡᠭᠡᠭᠰᠢᠯᠡᠭᠦᠯᠵᠦ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠤᠷᠢᠳᠴᠢᠯᠠᠨ ᠪᠡᠶᠡᠯᠡᠭᠦᠯᠪᠡ᠃
ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠢ ᠠᠰᠠᠷᠠᠨ ᠬᠠᠷᠠᠭ᠋ᠠᠯᠵᠠᠬᠤ ᠪᠣᠯ ᠴᠢᠳᠠᠪᠤᠷᠢ᠎ᠪᠠᠨ ᠠᠯᠳᠠᠭᠰᠠᠨ ᠨᠠᠰᠤᠲᠠᠢ᠌ᠴᠤᠳ ᠪᠠ ᠲᠡᠳᠡᠨ᠎ᠤ ᠭᠡᠷ ᠪᠦᠯᠢ ᠵᠢᠨ ᠪᠠᠴᠢᠮ ᠬᠡᠷᠡᠭᠴᠡᠭᠡ ᠮᠥᠨ᠂ ᠮᠥᠨ ᠴᠦ᠍ ᠪᠥᠬᠥ ᠨᠡᠢ᠌ᠭᠡᠮ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠣᠪᠠᠨᠢᠯ᠎ᠢ ᠨᠠᠮᠳᠠᠭᠤᠯᠬᠤ ᠵᠢᠨ ᠪᠠᠷᠢᠨ ᠭᠦᠢ᠍ᠴᠡᠳᠬᠡᠬᠦ ᠪᠠᠴᠢᠮ ᠡᠭᠦᠷᠭᠡ ᠮᠥᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠮᠥᠨ᠃
ᠮᠡᠳᠡᠭᠦᠯᠦᠯᠲᠡ᠎ᠳᠤ ᠢᠯᠡᠷᠡᠭᠦᠯᠦᠭᠰᠡᠨ ᠵᠶ᠋ᠡᠷ ᠮᠠᠨ᠎ᠤ ᠤᠯᠤᠰ ᠡᠩ ᠲᠡᠷᠢᠭᠦᠨ᠎ᠳᠤ ᠬᠥᠭᠵᠢᠭᠦᠯᠬᠦ᠂ ᠬᠠᠨᠳᠤᠯᠭ᠎ᠠ᠎ᠲᠠᠢ ᠳᠡᠮᠵᠢᠬᠦ᠂ ᠰᠢᠰᠲ᠋ᠧᠮ᠎ᠲᠠᠢ᠎ᠪᠠᠷ ᠠᠬᠢᠭᠤᠯᠬᠤ ᠵᠢ ᠪᠠᠷᠢᠮᠲᠠᠯᠠᠵᠤ᠂ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠢ ᠬᠠᠷᠠᠭ᠋ᠠᠯᠵᠠᠨ ᠠᠰᠠᠷᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠷᠠᠭ᠋ᠠᠯᠵᠠᠨ ᠠᠰᠠᠷᠠᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠬᠦ᠎ᠠᠴᠠ ᠭᠠᠳᠠᠨ᠎ᠠ ᠮᠠᠨ᠎ᠤ ᠤᠯᠤᠰ ᠭᠡᠷ᠎ᠲᠡᠭᠡᠨ ᠰᠠᠭᠤᠵᠤ ᠪᠠᠢ᠌ᠭ᠎ᠠ ᠨᠡᠢ᠌ᠭᠡᠮ ᠲᠣᠭᠣᠷᠢᠭ᠎ᠤᠨ ᠬᠠᠷᠠᠭ᠋ᠠᠯᠵᠠᠨ ᠠᠰᠠᠷᠠᠬᠤ ᠠᠭᠤᠯᠭ᠎ᠠ ᠵᠢ ᠬᠦᠴᠦᠯᠡᠨ ᠪᠠᠶᠠᠯᠢᠭᠵᠢᠭᠤᠯᠵᠤ᠂ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠤᠨ ᠭᠡᠷ᠎ᠲᠤ᠎ᠪᠠᠨ ᠬᠠᠷᠠᠭ᠋ᠠᠯᠵᠠᠨ ᠠᠰᠠᠷᠠᠬᠤ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠬᠣᠭᠣᠯᠠ ᠤᠮᠳᠠ᠂ ᠤᠬᠢᠶᠠᠯᠭ᠎ᠠ᠂ ᠴᠡᠪᠡᠷᠯᠡᠭᠡ᠂ ᠠᠶᠠᠯᠠᠯ᠎ᠳᠤ ᠲᠤᠰᠠᠯᠠᠬᠤ᠂ ᠡᠮᠴᠢᠯᠡᠭᠡ᠎ᠳᠤ ᠲᠤᠰᠠᠯᠠᠬᠤ᠂ ᠪᠠᠴᠢᠮ ᠪᠠᠢ᠌ᠳᠠᠯ᠎ᠳᠤ ᠲᠤᠰᠠᠯᠠᠬᠤ ᠵᠡᠷᠭᠡ ᠦᠢ᠍ᠯᠡᠴᠢᠯᠡᠭᠡ ᠵᠢ ᠶᠡᠬᠡ᠎ᠪᠠᠷ ᠠᠬᠢᠭᠤᠯᠵᠤ ᠪᠠᠢ᠌ᠨ᠎ᠠ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠲᠥᠪ᠎ᠤᠨ ᠡᠳ᠋᠎ᠤᠨ ᠵᠠᠰᠠᠭ᠎ᠠᠴᠠ ᠭᠡᠷ᠎ᠲᠤ᠎ᠪᠠᠨ ᠰᠠᠭᠤᠵᠤ ᠠᠰᠠᠷᠠᠭᠤᠯᠬᠤ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠷᠥᠯ ᠵᠦᠢ᠍ᠯ ᠥᠷᠨᠢᠭᠦᠯᠬᠦ ᠵᠢ ᠳᠡᠮᠵᠢᠵᠦ ᠨᠥᠬᠥᠴᠡᠯ᠎ᠳᠤ ᠨᠡᠢ᠌ᠴᠡᠬᠦ ᠨᠠᠰᠤᠲᠠᠢ᠌ᠴᠤᠳ᠎ᠲᠤ 30.36 ᠲᠦᠮᠡᠨ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠪᠠᠢ᠌ᠭᠤᠯᠤᠨ ᠥᠭᠴᠦ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠭᠡᠷ᠎ᠲᠤ᠎ᠨᠢ ᠬᠦᠷᠭᠡᠬᠦ ᠦᠢ᠍ᠯᠡᠴᠢᠯᠡᠭᠡ ᠵᠢ 53.58 ᠲᠦᠮᠡᠨ ᠤᠳᠠᠭ᠎ᠠ ᠬᠠᠩᠭ᠋ᠠᠪᠠ᠃ ᠡᠯ᠎ᠡ ᠭᠠᠵᠠᠷ᠎ᠤᠨ᠎ᠬᠢᠨ᠎ᠢ ᠵᠣᠬᠢᠶᠠᠨ ᠪᠠᠢ᠌ᠭᠤᠯᠤᠨ ᠣᠨᠴᠠᠭ᠋ᠠᠶ ᠬᠦᠴᠢᠷᠳᠡᠯ᠎ᠲᠠᠢ ᠨᠠᠰᠤᠲᠠᠢ᠌ᠴᠤᠳ᠎ᠤᠨ ᠭᠡᠷ ᠪᠦᠯᠢ ᠵᠢᠨ ᠨᠠᠰᠤᠵᠢᠯᠲᠠ᠎ᠳᠤ ᠲᠤᠬᠢᠷᠠᠬᠤ ᠥᠭᠡᠷᠡᠴᠢᠯᠡᠯᠲᠡ ᠵᠢ ᠬᠡᠷᠡᠭᠵᠢᠭᠦᠯᠵᠦ 172 ᠲᠦᠮᠡᠨ ᠡᠷᠦᠬᠡ᠎ᠳᠤ ᠨᠠᠰᠤᠵᠢᠯᠳᠠ᠎ᠳᠤ ᠲᠤᠬᠢᠷᠠᠬᠤ ᠦᠬᠡᠷᠡᠴᠢᠯᠡᠯᠳᠡ ᠵᠢᠨ ᠲᠦᠷᠤᠯ ᠵᠦᠢ᠍ᠯ᠎ᠢ ᠬᠡᠷᠡᠭᠵᠢᠬᠦᠯᠪᠡ᠃