ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠪᠦᠬᠦ ᠣᠷᠣᠨ᠎ᠤ ᠡᠯᠡᠰᠦᠵᠢᠬᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠡᠯᠡᠰᠦᠵᠢᠭᠰᠡᠨ ᠭᠠᠵᠠᠷ ᠰᠢᠷᠣᠢ ᠵᠢ ᠵᠠᠰᠠᠬᠤ ᠡᠭᠦᠷᠭᠡ ᠵᠢ 237.58 ᠲᠦᠮᠡᠨ ᠮᠦ᠍ ᠪᠡᠶᠡᠯᠡᠭᠦᠯᠵᠡᠢ
ᠨᠡᠶᠢᠲᠡᠯᠡᠭᠰᠡᠨ ᠴᠠᠭ᠄ 2024-10-31

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ᠎ᠠᠴᠠ ᠣᠢ᠌ᠯᠠᠭ᠋ᠠᠭᠰᠠᠨ ᠵᠶ᠋ᠡᠷ ᠦᠨᠤ ᠵᠢᠯ ᠪᠥᠬᠥ ᠣᠷᠣᠨ᠎ᠳᠤ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠴᠠᠬᠢᠯᠭ᠋ᠠᠨ   ᠬᠡᠷᠡᠯ ᠵᠶ᠋ᠡᠷ ᠴᠠᠬᠢᠯᠭ᠋ᠠᠨ ᠭᠠᠷᠭ᠋ᠠᠬᠤ ᠵᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠡᠯᠡᠰᠦᠵᠢᠭᠰᠡᠨ ᠭᠠᠵᠠᠷ ᠰᠢᠷᠣᠢ ᠵᠢ ᠵᠠᠰᠠᠬᠤ ᠡᠭᠦᠷᠭᠡ ᠵᠢ 237.58 ᠲᠦᠮᠡᠨ ᠮᠦ᠍ ᠪᠡᠶᠡᠯᠡᠭᠦᠯᠵᠦ ᠪᠥᠬᠥ ᠵᠢᠯ᠎ᠤᠨ ᠲᠥᠯᠥᠪᠯᠡᠭᠡ ᠵᠢᠨ 103.3% ᠪᠣᠯᠤᠭᠰᠠᠨ ᠪᠠᠢ᠌ᠨ᠎ᠠ᠃
    2023 ᠣᠨ᠎ᠳᠤ ᠥᠪᠥᠷ ᠮᠣᠩᠭᠣᠯ ᠥᠩᠭᠡ ᠦᠵᠡᠮᠵᠢ ᠵᠢᠨ ᠡᠬᠢ ᠪᠠᠶᠠᠯᠢᠭ ᠪᠠ 《ᠠᠳᠠᠷ ᠡᠯᠡᠰᠦᠨ》᠎ᠤ ᠡᠬᠢ ᠪᠠᠶᠠᠯᠢᠭ᠎ᠤᠨ ᠳᠠᠪᠠᠭᠤᠯᠢᠭ᠎ᠲᠤ᠎ᠪᠠᠨ ᠰᠠᠭᠤᠷᠢᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ ᠵᠢ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠯᠤᠭ᠎ᠠ ᠣᠷᠭ᠋ᠠᠨᠢᠭ ᠵᠶ᠋ᠠᠷ ᠠᠭᠤᠰᠤᠯᠴᠠᠭᠤᠯᠵᠤ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠴᠠᠬᠢᠯᠭ᠋ᠠᠨ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠬᠡᠷᠡᠭᠵᠢᠭᠦᠯᠬᠦ ᠰᠡᠳᠭᠢᠴᠨ ᠵᠢ ᠡᠬᠦᠳᠤᠯᠳᠡ ᠵᠢᠨ ᠴᠢᠨᠠᠷᠲᠠᠢ᠎ᠪᠠᠷ ᠲᠤᠷᠠᠳᠤᠬᠰᠠᠨ᠎ᠤ ᠬᠠᠮᠲᠤ ᠨᠢᠭᠡ ᠴᠣᠭᠴᠠᠵᠢᠭᠤᠯᠬᠤ ᠢᠨᠵᠧᠨᠧᠷᠢᠩ᠎ᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠬᠥᠭᠵᠢᠯᠲᠡ ᠪᠠ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢᠷᠭᠤᠭ᠋ᠠᠨ ᠢᠨᠵᠧᠨᠧᠷᠢᠩ᠎ᠤᠨ ᠨᠢᠭᠡ ᠪᠤᠯᠭ᠋ᠠᠪᠠ᠃ ᠦᠨᠤ ᠵᠢᠯ ᠮᠠᠨ᠎ᠤ ᠤᠷᠤᠨ 1 ᠳ᠋ᠤᠬᠡᠷ  ᠪᠠ 2 ᠳ᠋ᠤᠭ᠋ᠠᠷ ᠶᠡᠷᠦᠩᠬᠡᠢ ᠤᠢ ᠰᠢᠭᠤᠢ ᠵᠢᠨ ᠳᠠᠷᠤᠭ᠎ᠠ ᠵᠢᠨ ᠵᠠᠷᠯᠢᠭ᠎ᠢ ᠨᠡᠢ᠌ᠲᠡᠯᠡᠵᠦ᠂ 《ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠴᠠᠬᠢᠯᠭ᠋ᠠᠨ  ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠠᠬᠢᠭᠤᠯᠬᠤ ᠲᠥᠰᠥᠯ》 ᠎ᠢ ᠳᠠᠷᠤᠮᠠᠯᠯᠠᠨ ᠲᠠᠷᠬᠠᠭ᠋ᠠᠵᠤ᠂ ᠨᠢᠭᠡ ᠴᠣᠭᠴᠠᠵᠢᠭᠤᠯᠬᠤ ᠢᠨᠵᠧᠨᠧᠷᠢᠩ᠎ᠳᠤ ᠨᠢᠭᠡᠳᠦᠯᠲᠡᠢ ᠪᠠᠢ᠌ᠷᠢᠯᠠᠭᠤᠯᠤᠯᠲᠠ ᠬᠢᠬᠡᠳ 2030 ᠣᠨ ᠪᠣᠯᠬᠤ᠎ᠳᠤ ᠪᠦᠬᠦ ᠣᠷᠣᠨ᠎ᠤ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 1.19 ᠳ᠋ᠦᠩᠰᠢᠭᠤᠷ ᠺᠢᠯᠣᠸᠠᠲ᠎ᠲᠤ ᠬᠦᠷᠭᠡᠵᠦ 1151 ᠲᠦᠮᠡᠨ ᠮᠦ᠍ ᠡᠯᠡᠰᠦᠵᠢᠭᠰᠡᠨ ᠭᠠᠵᠠᠷ ᠰᠢᠷᠣᠢ ᠵᠢ ᠶᠡᠷᠦᠩᠬᠡᠢ᠌ᠯᠡᠨ ᠵᠠᠰᠠᠬᠤ᠎ᠪᠠᠷ ᠲᠥᠯᠥᠪᠵᠢᠭᠦᠯᠪᠡ᠃ ᠡᠭᠦᠨ᠎ᠳᠤ  2024 ᠣᠨ᠎ᠳᠤ ᠪᠥᠬᠥ ᠣᠷᠣᠨ᠎ᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ 2727 ᠲᠦᠮᠡᠨ ᠺᠢᠯᠣᠸᠠᠲ᠎ᠢ ᠲᠣᠳᠣᠷᠬᠠᠢ᠌ᠯᠠᠵᠤ ᠡᠯᠡᠰᠦᠵᠢᠭᠰᠡᠨ ᠭᠠᠵᠠᠷ ᠰᠢᠷᠣᠢ ᠵᠢᠨ ᠵᠠᠰᠠᠯᠲᠠ ᠵᠢᠨ 230 ᠲᠦᠮᠡᠨ ᠮᠦ᠍ ᠵᠢ ᠢᠵᠢ ᠪᠦᠷᠢᠳᠦᠭᠦᠯᠦᠨ ᠪᠡᠶᠡᠯᠡᠭᠦᠯᠪᠡ᠃
    ᠨᠢᠭᠡ ᠴᠣᠭᠴᠠᠵᠢᠭᠤᠯᠬᠤ ᠢᠨᠵᠧᠨᠧᠷᠢᠩ᠎ᠢ ᠬᠡᠷᠡᠭᠵᠢᠭᠦᠯᠦᠭᠰᠡᠨ᠎ᠠᠴᠠ ᠨᠠᠭ᠋ᠠᠰᠢ ᠮᠠᠨ᠎ᠤ ᠤᠷᠤᠨ᠎ᠤ ᠡᠯ᠎ᠡ ᠭᠠᠵᠠᠷ᠎ᠤᠨ᠎ᠬᠢᠨ ᠨᠢᠭᠡᠨᠲᠡ ᠳᠠᠭ᠋ᠠᠭᠤᠯᠤᠭᠰᠠᠨ 13 ᠰᠢᠨ᠎ᠡ ᠡᠨᠧᠷᠭᠢ ᠵᠢᠨ ᠠᠵᠤ ᠠᠬᠤᠢ᠌ᠯᠠᠯ᠎ᠢ ᠰᠢᠯᠢᠳᠡᠭᠴᠢᠯᠡᠨ ᠰᠣᠩᠭᠣᠵᠤ᠂ ᠭᠡᠷ ᠣᠶ᠋ᠢᠷᠠᠯᠴᠠᠭ᠎ᠠ  35 ᠲᠣᠨᠣᠭ ᠲᠥᠬᠦᠭᠡᠷᠦᠮᠵᠢ ᠦᠢ᠍ᠯᠡᠳᠬᠦ ᠠᠵᠤ ᠠᠬᠤᠢ᠌ᠯᠠᠯ ᠪᠠ 12 ᠠᠮᠢ ᠠᠬᠤᠢ ᠵᠢᠨ ᠵᠠᠰᠠᠯᠲᠠ ᠵᠢᠨ ᠠᠵᠤ ᠠᠬᠤᠢ᠌ᠯᠠᠯ᠎ᠲᠠᠢ  ᠬᠣᠯᠪᠣᠭ᠋ᠠᠲᠤ ᠴᠣᠭᠴᠠ ᠪᠠᠢ᠌ᠭᠤᠯᠵᠤ᠂ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠵᠠᠯᠭ᠋ᠠᠵᠤ ᠠᠪᠤᠭ᠋ᠠᠳ ᠤᠯᠤᠰ᠎ᠤᠨ ᠦᠮᠴᠢᠯᠡᠯᠳᠤ ᠣᠶ ᠰᠢᠭᠤᠢ ᠵᠢᠨ ᠲᠠᠯᠠᠪᠠᠶ᠂ ᠲᠤᠰᠬᠠᠢ ᠬᠣᠷᠰᠢᠶ᠎ᠠ ᠵᠢᠨ᠎ᠬᠢᠨ ᠢᠳᠡᠪᠬᠢᠲᠡᠢ  ᠤᠷᠤᠯᠴᠠᠬᠰᠠᠨ ᠵᠶ᠋ᠡᠷ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠬᠠᠯᠠᠭᠤᠨ ᠥᠷᠨᠢᠯᠲᠡ ᠭᠠᠷᠤᠬᠰᠠᠨ ᠶᠤᠮ᠃ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠪᠤᠴᠠ᠎ᠳᠤ ᠮᠠᠯᠴᠢᠨ ᠲᠠᠷᠢᠶᠠᠴᠢᠨ᠎ᠤ ᠣᠷᠣᠯᠴᠠᠬᠤ ᠲᠣᠭᠲᠠᠴᠠ ᠵᠢ ᠪᠠᠢ᠌ᠭᠤᠯᠵᠤ᠂ ᠮᠠᠯᠴᠢᠨ ᠲᠠᠷᠢᠶᠠᠴᠢᠨ ᠪᠠ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠪᠡᠯᠡ ᠮᠥᠩᠭᠥ᠂ ᠭᠠᠵᠠᠷ ᠰᠢᠷᠣᠢ ᠵᠡᠷᠭᠡ ᠬᠤᠪᠢ ᠣᠷᠣᠬᠤ ᠬᠡᠯᠪᠡᠷᠢ᠎ᠪᠠᠷ ᠨᠢᠭᠡ ᠴᠣᠭᠴᠠᠵᠢᠭᠰᠠᠨ ᠲᠥᠷᠥᠯ ᠵᠦᠢ᠍ᠯ᠎ᠳᠤ ᠣᠷᠣᠯᠴᠠᠬᠤ ᠵᠢ  ᠲᠡᠮᠵᠢᠭᠰᠡᠨ ᠪᠦᠬᠡᠳ ᠡᠯ᠎ᠡ ᠭᠠᠵᠠᠷ᠎ᠤᠨ᠎ᠬᠢᠨ᠎ᠢ ᠵᠢᠯᠤᠭᠣᠳᠴᠤ ᠪᠠᠢ᠌ᠭ᠋ᠠᠳ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》 《  ᠤᠷᠢᠳ ᠵᠶ᠋ᠡᠷ ᠪᠠᠢ᠌ᠭᠤᠯᠵᠤ ᠳᠠᠷᠠᠭ᠎ᠠ᠎ᠨᠢ ᠨᠥᠬᠥᠪᠦᠷᠢᠯᠡᠬᠦ》 ᠵᠡᠷᠭᠡ ᠵᠠᠭᠪᠤᠷ ᠵᠶ᠋ᠡᠷ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠬᠤ ᠪᠠ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠨ ᠬᠠᠮᠠᠭ᠋ᠠᠯᠠᠬᠤ᠎ᠳᠤ ᠣᠷᠣᠯᠴᠠᠭᠤᠯᠵᠤ  ᠮᠠᠯᠴᠢᠨ ᠲᠠᠷᠢᠶᠠᠴᠢᠨ᠎ᠤ ᠣᠷᠣᠯᠭ᠎ᠠ ᠵᠢ ᠣᠯᠠᠨ ᠠᠷᠭ᠎ᠠ᠎ᠪᠠᠷ ᠨᠡᠮᠡᠭᠳᠡᠬᠦᠯᠵᠤ ᠪᠠᠢ᠌ᠨ᠎ᠠ᠃
  


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.9% ᠨᠡᠮᠡᠭᠳᠡᠵᠦ᠂ ᠲᠣᠭᠲᠠᠮᠠᠯ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 11.4% ᠨᠡᠮᠡᠭᠳᠡᠪᠡ
ᠨᠢᠳᠤᠨᠤᠨ ᠪᠥᠬᠥ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ 3150.3 ᠳ᠋ᠦᠩᠰᠢᠭᠤᠷ ᠲᠥᠭᠥᠷᠢᠭ᠎ᠲᠤ ᠬᠥᠷᠪᠡ
ᠥᠪᠥᠷ ᠮᠣᠩᠭᠣᠯ ᠲᠥᠪ᠎ᠤᠨ ᠡᠳ᠋᠎ᠤᠨ ᠵᠠᠰᠠᠭ᠎ᠤᠨ 2024 ᠣᠨ᠎ᠤ ᠲᠠᠷᠢᠶᠠᠯᠠᠩ᠎ᠤᠨ ᠳᠠᠭ᠋ᠠᠳᠬᠠᠯ᠎ᠤᠨ ᠵᠠᠷᠤᠳᠠᠯ᠎ᠤᠨ ᠨᠥᠬᠥᠪᠦᠷᠢ ᠵᠢ 38.65 ᠳ᠋ᠦᠩᠰᠢᠭᠤᠷ ᠲᠥᠭᠥᠷᠢᠭ ᠬᠦᠷᠳᠡᠬᠡᠳ ᠨᠥᠬᠥᠪᠦᠷᠢ ᠮᠥᠩᠭᠥ ᠵᠢᠨ ᠬᠡᠪᠴᠢᠶ᠎ᠡ ᠪᠥᠬᠥ ᠤᠯᠤᠰ᠎ᠲᠤ ᠲᠡᠷᠢᠬᠦᠯᠡᠵᠡᠢ
《ᠵᠠᠭᠤᠨ ᠬᠣᠲᠠ ᠮᠢᠩᠭ᠋ᠠᠨ ᠰᠤᠷᠭ᠋ᠠᠭᠤᠯᠢ ᠲᠦᠮᠡᠨ ᠠᠵᠤ ᠠᠬᠤᠢ᠌ᠯᠠᠯ》 ᠵᠶ᠋ᠠᠷ ᠠᠵᠢᠯ ᠣᠯᠭᠣᠯᠲᠠ ᠵᠢ ᠠᠬᠢᠭᠤᠯᠤᠶ᠎ᠠ — 600 ᠭᠠᠷᠤᠢ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠰᠤᠷᠭ᠋ᠠᠭᠤᠯᠢ ᠵᠢᠨ ᠬᠦᠷᠢᠶᠡᠨ᠎ᠳᠤ ᠣᠷᠣᠵᠤ 1.7 ᠲᠦᠮᠡ ᠭᠠᠷᠤᠢ ᠬᠥᠮᠥᠨ ᠡᠯᠰᠡᠵᠡᠢ
ᠨᠢᠳᠤᠨᠤᠨ ᠮᠠᠨ᠎ᠤ ᠤᠷᠤᠨ᠎ᠤ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠵᠤ ᠬᠡᠷᠡᠭᠯᠡᠭᠡ ᠵᠢ ᠳᠠᠢ᠌ᠴᠢᠯᠠᠭᠰᠠᠨ ᠬᠡᠮᠵᠢᠶ᠎ᠡ 300 ᠳ᠋ᠦᠩᠰᠢᠭᠤᠷ ᠲᠥᠭᠥᠷᠢᠭ᠎ᠢ ᠲᠠᠪᠠᠭ᠋ᠠᠳ ᠵᠠᠭᠤᠨ ᠲᠦᠮᠡᠨ ᠤᠳᠠᠭ᠎ᠠ᠎ᠳᠤ ᠠᠰᠢᠭ ᠬᠦᠷᠲᠡᠭᠡᠪᠡ
 
            