ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠮᠠᠨ᠎ᠤ ᠤᠷᠤᠨ 11.3 ᠳ᠋ᠦᠩᠰᠢᠭᠤᠷ ᠲᠥᠭᠥᠷᠢᠭ ᠵᠶ᠋ᠡᠷ ᠭᠤᠷᠪᠠᠨ ᠵᠢᠱ᠌ᠢᠶ᠎ᠡ ᠦᠵᠡᠭᠦᠯᠬᠦ ᠣᠷᠣᠨ᠎ᠤ ᠰᠢᠨᠵᠢᠯᠡᠬᠦ ᠮᠡᠷᠭᠡᠵᠢᠯ᠎ᠤᠨ ᠰᠢᠨ᠎ᠡ ᠡᠬᠦᠳᠤᠯᠳᠡ ᠳᠡᠮᠵᠢᠵᠦ ᠪᠣᠶ
ᠨᠡᠶᠢᠲᠡᠯᠡᠭᠰᠡᠨ ᠴᠠᠭ᠄ 2024-08-13

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠡ᠄ 2020 ᠣᠨ᠎ᠠᠴᠠ ᠨᠠᠭ᠋ᠠᠰᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠰᠢᠨᠵᠢᠯᠡᠬᠦ  ᠮᠡᠷᠭᠡᠵᠢᠯ᠎ᠤᠨ ᠪᠡᠯᠡ ᠮᠥᠩᠭᠥ ᠵᠢ ᠨᠡᠶ᠋ᠢᠲᠡ 11.3 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠬᠥᠬᠡᠬᠣᠲᠠ᠂ ᠪᠤᠭᠤᠲᠤ᠂ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠂ ᠣᠷᠳᠣᠰ ᠬᠣᠲᠠ ᠵᠢᠨ ᠤᠯᠤᠰ᠎ᠤᠨ  ᠲᠠᠭ᠋ᠠᠭ᠋ᠠᠮᠠᠭ᠋ᠠᠢ ᠬᠦᠭᠵᠢᠬᠦᠯᠤᠯᠳᠡ ᠵᠢᠨ ᠵᠥᠪᠯᠡᠬᠦ ᠵᠦᠢ᠍ᠯ᠎ᠤᠨ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ ᠪᠠ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠢ᠌ᠭᠤᠯᠤᠯᠲᠠ ᠵᠢ  ᠶᠡᠬᠡ᠎ᠪᠠᠷ ᠳᠡᠮᠵᠢᠵᠦ᠂ ᠲᠡᠳᠡᠨ᠎ᠤ ᠶᠡᠷᠦᠩᠬᠡᠢ᠌ᠯᠡᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠣᠳᠠᠲᠤ ᠬᠦᠴᠦᠨ᠎ᠢ ᠳᠡᠭᠡᠭᠰᠢᠯᠡᠭᠦᠯᠪᠡ᠃
    ᠣᠢ᠌ᠯᠠᠭ᠋ᠠᠭᠰᠠᠨ ᠵᠶ᠋ᠠᠷ ᠪᠡᠯᠡ ᠮᠥᠩᠭᠥ᠎ᠪᠠᠷ ᠭᠤᠷᠪᠠᠨ ᠵᠢᠱ᠌ᠢᠶ᠎ᠡ ᠦᠵᠡᠭᠦᠯᠬᠦ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢ᠍ᠯᠡᠰ᠎ᠤᠨ ᠳᠠᠪᠠᠭᠤᠯᠢᠭ ᠪᠣᠯᠣᠨ ᠣᠷᠣᠨ ᠪᠠᠢ᠌ᠷᠢ ᠵᠢᠨ ᠳᠠᠪᠠᠭᠤᠯᠢᠭ᠎ᠲᠤ᠎ᠪᠠᠨ ᠰᠠᠭᠤᠷᠢᠯᠠᠵᠤ᠂ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠰᠠᠢ᠌ᠨ ᠰᠠᠢ᠌ᠬᠠᠨ ᠠᠮᠢ ᠠᠬᠤᠢ ᠵᠢ ᠪᠤᠢ ᠪᠣᠯᠭ᠋ᠠᠵᠤ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠵᠢ ᠲᠦᠷᠭᠡᠳᠬᠡᠵᠦ᠂ ᠰᠢᠨᠵᠢᠯᠡᠬᠦ ᠮᠡᠷᠭᠡᠵᠢᠯ᠎ᠤᠨ ᠨᠡᠭᠡᠭᠡᠯᠲᠡ ᠬᠠᠮᠲᠤᠷᠠᠯᠴᠠᠭ᠎ᠠ ᠵᠢ ᠴᠢᠩᠭ᠋ᠠᠳᠬᠠᠵᠤ᠂  ᠴᠢᠨᠠᠷᠯᠢᠭ ᠬᠥᠭᠵᠢᠯᠲᠡ ᠵᠢᠨ ᠣᠷᠴᠢᠨ ᠲᠣᠭᠣᠷᠢᠨ᠎ᠢ ᠪᠤᠢ ᠪᠤᠯᠭ᠋ᠠᠭ᠋ᠠᠳ᠂ ᠠᠮᠢ ᠠᠬᠤᠢ ᠵᠢ ᠲᠡᠷᠢᠭᠦᠨ᠎ᠳᠤ ᠲᠠᠯᠪᠢᠬ᠍᠊᠎ᠤ᠂ ᠪᠣᠬᠢᠷᠲᠤᠯ ᠦᠭᠡᠢ  ᠬᠦᠭᠵᠢᠬᠦᠯᠤᠯᠳᠡ᠎ᠪᠠᠷ ᠤᠳᠤᠷᠢᠳᠤᠮᠵᠢ ᠪᠣᠯᠭ᠋ᠠᠭᠰᠠᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠣᠨᠴᠠᠯᠢᠭ ᠵᠶ᠋ᠠᠷ ᠪᠢᠯᠬᠠᠮ᠎ᠠ  ᠴᠢᠨᠠᠷᠯᠢᠭ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠭᠣᠣᠯᠳᠠᠯᠭ᠎ᠠ᠎ᠲᠠᠢ ᠲᠡᠮᠵᠢᠬᠦ ᠶᠤᠮ ᠪᠠᠢ᠌ᠨ᠎ᠠ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠪᠣᠯᠣᠨ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ ᠵᠢᠨ ᠴᠢᠷᠮᠠᠢ᠌ᠯᠭ᠎ᠠ᠎ᠪᠠᠷ ᠳᠡᠮᠵᠢᠨ 2022 ᠣᠨ᠎ᠤ 4 ᠳ᠋ᠤᠬᠡᠷ ᠰᠠᠷ᠎ᠠ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠥᠪᠥᠷ ᠮᠣᠩᠭᠣᠯ᠎ᠤᠨ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠮᠡᠷᠭᠡᠵᠢᠯ᠎ᠤᠨ ᠬᠦᠷᠢᠶᠡᠯᠡᠩ ᠲᠣᠭᠣᠷᠢᠭ᠎ᠢ ᠥᠪᠥᠷ ᠮᠣᠩᠭᠣᠯ᠎ᠤᠨ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ ᠪᠣᠯᠭ᠋ᠠᠨ ᠪᠦᠲᠦᠭᠡᠨ ᠪᠠᠢ᠌ᠭᠤᠯᠵᠤ᠂ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠤ ᠠᠢ ᠵᠢᠨ ᠬᠠᠮᠢᠶᠠᠷᠤᠯᠲᠠ᠎ᠳᠤ ᠣᠷᠣᠭᠤᠯᠬᠤ ᠵᠢᠨ ᠬᠠᠮᠲᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠬᠦᠷᠲᠡᠭᠡᠬᠦ᠎ᠪᠠᠷ ᠵᠥᠪᠰᠢᠶᠡᠷᠡᠪᠡ᠃ 2022 ᠣᠨ᠎ᠤ 7 ᠳ᠋ᠤᠭ᠋ᠠᠷ ᠰᠠᠷ᠎ᠠ᠎ᠳᠤ ᠳᠦᠷᠦ ᠵᠢᠨ ᠶᠠᠪᠤᠳᠠᠯ᠎ᠤᠨ ᠬᠣᠷᠢᠶ᠎ᠠ ᠵᠢᠨ᠎ᠬᠢᠨ ᠣᠷᠳᠣᠰ ᠬᠤᠳᠠ ᠵᠢᠨ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ ᠪᠠ ᠪᠣᠬᠢᠷᠲᠤᠯ ᠦᠭᠡᠢ ᠬᠥᠭᠵᠢᠯᠲᠡ᠎ᠪᠠᠷ ᠭᠣᠣᠯ ᠰᠡᠳᠦᠪ ᠪᠣᠯᠭ᠋ᠠᠵᠤ᠂ ᠤᠯᠤᠰ᠎ᠤᠨ ᠲᠠᠭ᠋ᠠᠭ᠋ᠠᠮᠠᠭ᠋ᠠᠢ ᠬᠦᠭᠵᠢᠬᠦᠯᠤᠯᠳᠡ ᠵᠢᠨ ᠵᠥᠪᠯᠡᠬᠦ ᠵᠦᠢ᠍ᠯ᠎ᠤᠨ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠎ᠢ ᠪᠦᠲᠦᠭᠡᠨ ᠪᠠᠶ᠋ᠢᠭᠤᠯᠬᠤ ᠵᠢ ᠵᠥᠪᠰᠢᠶᠡᠷᠡᠪᠡ ᠃ ᠬᠥᠬᠡᠬᠣᠲᠠ᠂ ᠪᠤᠭᠤᠲᠤ᠂ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ 2024 ᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠣᠨ᠎ᠤ ᠠᠵᠢᠯ᠎ᠤᠨ ᠲᠣᠬᠢᠷᠠᠭᠤᠯᠤᠯᠲᠠ᠎ᠳᠤ ᠵᠢᠭᠰᠠᠭ᠋ᠠᠨ ᠣᠷᠣᠭᠤᠯᠵᠤ᠂ ᠡᠯ᠎ᠡ ᠠᠵᠢᠯ᠎ᠢ ᠡᠮᠬᠢ ᠵᠢᠷᠤᠮ᠎ᠲᠠᠢ ᠠᠬᠢᠭᠤᠯᠤᠬᠰᠠᠭ᠋ᠠᠷ ᠪᠠᠢ᠌ᠨ᠎ᠠ᠃
   





              

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠷᠦᠭᠦᠸ᠋ 7 ᠰᠠᠷ᠎ᠠ᠎ᠳᠤ ᠮᠠᠨ᠎ᠤ ᠤᠷᠤᠨ᠎ᠤ ᠡᠨᠧᠷᠭᠢ ᠵᠢᠨ ᠠᠵᠤ ᠦᠢ᠍ᠯᠡᠳᠪᠦᠷᠢ ᠵᠢᠨ ᠣᠯᠠᠨ ᠵᠦᠢ᠍ᠯ᠎ᠤᠨ ᠭᠦᠢ᠍ᠴᠡᠳᠬᠡᠯ ᠲᠣᠭ᠎ᠠ ᠪᠥᠬᠥ ᠤᠯᠤᠰ᠎ᠤᠨ ᠡᠮᠦᠨ᠎ᠡ ᠡᠡᠭᠨᠡᠬᠡᠨ᠎ᠳᠤ ᠤᠷᠤᠯ᠎ᠠ
1 —7 ᠳ᠋ᠤᠭ᠋ᠠᠷ ᠰᠠᠷ᠎ᠠ᠎ᠳᠤ ᠥᠪᠥᠷ ᠮᠣᠩᠭᠣᠯ᠎ᠤᠨ ᠶᠡᠷᠦᠩᠬᠡᠢ᠌ᠯᠡᠭᠰᠡᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 7.2%᠎ᠪᠠᠷ ᠨᠡᠮᠡᠭᠳᠡᠪᠡ
ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠤᠪᠢᠯᠠᠯᠲᠠ ᠵᠢᠨ ᠬᠡᠯᠪᠡᠷᠢ ᠵᠢᠨ ᠡᠪᠡᠳᠴᠢᠲᠡᠨ᠎ᠤ ᠣᠷᠣ ᠵᠢᠨ ᠡᠵᠡᠯᠡᠬᠦ ᠬᠠᠷᠢᠴᠠᠯ 58.9% ᠪᠣᠯᠵᠤ ᠳᠡᠭᠡᠭᠰᠢᠯᠡᠪᠡ
ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠤᠪᠢᠯᠠᠯᠲᠠ ᠵᠢᠨ ᠬᠡᠯᠪᠡᠷᠢ ᠵᠢᠨ ᠡᠪᠡᠳᠴᠢᠲᠡᠨ᠎ᠤ ᠣᠷᠣ ᠵᠢᠨ ᠡᠵᠡᠯᠡᠬᠦ ᠬᠠᠷᠢᠴᠠᠯ 58.9% ᠪᠣᠯᠵᠤ ᠳᠡᠭᠡᠭᠰᠢᠯᠡᠪᠡ
ᠲᠦᠷᠦᠭᠦᠸ᠋ ᠭᠤᠷᠪᠠᠨ ᠤᠯᠠᠷᠢᠯ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠲᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠨᠡᠭᠦᠷᠡᠰᠦᠨ᠎ᠤ ᠭᠠᠷᠤᠯᠲᠠ ᠪᠠ ᠴᠠᠬᠢᠯᠭ᠋ᠠᠨ ᠭᠠᠷᠭ᠋ᠠᠬᠤ ᠬᠡᠮᠵᠢᠶ᠎ᠡ ᠴᠥᠮ ᠪᠥᠬᠥ ᠤᠯᠤᠰ᠎ᠤᠨ ᠨᠢᠭᠡᠳᠦᠭᠡᠷ᠎ᠲᠤ ᠣᠷᠣᠪᠠ
 
            