ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠬᠠᠩᠰᠢ ᠵᠢᠨ ᠠᠮᠠᠷᠠᠯᠲᠠ ᠵᠢᠨ ᠬᠣᠶᠠᠳᠤᠭ᠋ᠠᠷ ᠡᠳᠦᠷ ᠥᠪᠥᠷ ᠮᠣᠩᠭᠣᠯ᠎ᠤᠨ ᠰᠣᠶᠣᠯ᠎ᠤᠨ ᠲᠠᠯᠠᠪᠠᠶ ᠣᠷᠳᠣᠨ᠎ᠤ᠎ᠬᠢᠨ 33 ᠲᠦᠮᠡᠨ ᠵᠤᠭ᠋ᠠᠴᠠᠭᠰᠠᠳ᠎ᠢ ᠭᠥᠯᠢᠶᠡᠨ ᠠᠪᠤᠪᠠ
ᠨᠡᠶᠢᠲᠡᠯᠡᠭᠰᠡᠨ ᠴᠠᠭ᠄ 2025-04-07

   ᠬᠠᠩᠰᠢ ᠵᠢᠨ ᠠᠮᠠᠷᠠᠯᠲᠠ ᠵᠢᠨ ᠬᠤᠭᠤᠴᠠᠭ᠋ᠠᠨ᠎ᠳᠤ ᠥᠪᠥᠷ ᠮᠣᠩᠭᠣᠯ᠎ᠤᠨ ᠡᠯ᠎ᠡ ᠭᠠᠵᠠᠷ᠎ᠤᠨ ᠰᠣᠶᠣᠯ᠎ᠤᠨ ᠲᠠᠯᠠᠪᠠᠶ ᠣᠷᠳᠣᠨ᠎ᠨᠤᠭᠤᠳ ᠣᠯᠠᠨ ᠶᠠᠩᠵᠤ ᠵᠢᠨ ᠬᠡᠯᠪᠡᠷᠢ ᠵᠢᠨ ᠰᠣᠶᠣᠯ᠎ᠤᠨ ᠠᠵᠢᠯᠯᠠᠭ᠎ᠠ ᠵᠢ ᠨᠢᠮᠪᠠᠢ ᠲᠥᠯᠥᠪᠯᠡᠵᠦ᠂ ᠬᠣᠲᠠ ᠵᠢᠨ ᠠᠷᠠᠳ ᠪᠣᠯᠣᠨ ᠵᠢᠭᠤᠯᠴᠢᠯᠠᠭᠴᠢᠳ᠎ᠢ ᠲᠠᠳᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ᠎ᠬᠢᠨ᠎ᠠᠴᠠ ᠣᠢ᠌ᠯᠠᠭ᠋ᠠᠭᠰᠠᠨ ᠵᠶ᠋ᠠᠷ ᠬᠠᠩᠰᠢ ᠵᠢᠨ ᠠᠮᠠᠷᠠᠯᠲᠠ ᠵᠢᠨ ᠬᠣᠶᠠᠳᠤᠭ᠋ᠠᠷ ᠡᠳᠦᠷ᠂ ᠥᠪᠥᠷ ᠮᠣᠩᠭᠣᠯ᠎ᠤᠨ 352 ᠨᠣᠮ᠎ᠤᠨ ᠰᠠᠩ᠂ ᠰᠣᠶᠣᠯ᠎ᠤᠨ ᠣᠷᠳᠣᠨ᠂ ᠮᠦᠽᠧᠢ ᠵᠡᠷᠭᠡ ᠰᠣᠶᠣᠯ᠎ᠤᠨ ᠲᠠᠯᠠᠪᠠᠶ ᠣᠷᠳᠣᠨ ᠨᠡᠶ᠋ᠢᠲᠡ 33 ᠲᠦᠮᠡᠨ   ᠵᠤᠭ᠋ᠠᠴᠠᠭᠰᠠᠳ᠎ᠢ ᠭᠥᠯᠢᠶᠡᠨ ᠠᠪᠴᠠᠢ᠃
   ᠬᠣᠲᠠ ᠵᠢᠨ ᠠᠷᠠᠳ᠎ᠤᠨ ᠵᠤᠭ᠋ᠠᠴᠠᠭᠰᠠᠳ᠎ᠤᠨ ᠲᠣᠭᠣᠷᠢᠨ ᠦᠵᠡᠵᠦ ᠰᠤᠷᠤᠯᠴᠠᠬᠤ ᠪᠠ ᠪᠡᠶᠡᠴᠢᠯᠡᠨ ᠣᠢ᠌ᠯᠠᠭ᠋ᠠᠬᠤ᠎ᠳᠤ ᠲᠥᠬᠥᠮ ᠦᠵᠡᠭᠦᠯᠬᠦ ᠵᠢᠨ ᠲᠥᠯᠥᠭᠡ ᠣᠷᠣᠨ᠎ᠤ ᠳᠣᠲᠣᠷᠠᠬᠢ ᠮᠠᠰᠢ ᠣᠯᠠᠨ ᠰᠣᠶᠣᠯ ᠦᠵᠡᠰᠬᠦᠯᠡᠩ᠎ᠤᠨ ᠲᠠᠯᠠᠪᠠᠶ ᠣᠷᠳᠣᠨ ᠪᠠ ᠰᠣᠶᠣᠯ᠎ᠤᠨ ᠪᠠᠢ᠌ᠭᠤᠯᠤᠮᠵᠢ ᠵᠢᠨ ᠠᠮᠠᠷᠠᠯᠲᠠ ᠵᠢᠨ ᠡᠳᠦᠷ᠎ᠢ ᠠᠭᠤᠷ ᠠᠮᠢᠰᠬᠤᠯ᠎ᠢ ᠪᠤᠢ ᠪᠤᠯᠭ᠋ᠠᠯ᠎ᠠ᠃ 4 ᠳ᠋ᠤᠬᠡᠷ ᠰᠠᠷ᠎ᠠ ᠵᠢᠨ 4᠎ᠠᠴᠠ 6᠎ᠤ ᠡᠳᠦᠷ ᠪᠣᠯᠲᠠᠯ᠎ᠠ ᠥᠪᠥᠷ ᠮᠣᠩᠭᠣᠯ᠎ᠤᠨ ᠮᠦᠽᠧᠢ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠂ ᠥᠪᠥᠷ ᠮᠣᠩᠭᠣᠯ᠎ᠤᠨ ᠪᠠᠢ᠌ᠭ᠋ᠠᠯᠢ ᠵᠢᠨ ᠮᠦᠽᠧᠢ᠂ ᠥᠪᠥᠷ ᠮᠣᠩᠭᠣᠯ᠎ᠤᠨ ᠨᠣᠮ᠎ᠤᠨ ᠰᠠᠩ᠂ ᠬᠥᠬᠡᠬᠣᠲᠠ ᠵᠢᠨ ᠮᠦᠽᠧᠢ᠂ ᠵᠣᠣ ᠵᠢᠶᠦ᠋ᠨ ᠮᠦᠽᠧᠢ᠂ ᠵᠠᠩᠵᠤᠨ᠎ᠤ ᠶᠠᠮᠤᠨ᠎ᠤ ᠮᠦᠽᠧᠢ ᠵᠡᠷᠭᠡ ᠰᠣᠶᠣᠯ᠎ᠤᠨ ᠲᠠᠯᠠᠪᠠᠶ ᠣᠷᠳᠣᠨ᠎ᠢ ᠵᠤᠷᠰᠢᠯ ᠶᠣᠰᠣᠭ᠋ᠠᠷ ᠨᠡᠭᠡᠭᠡᠭᠰᠡᠨ᠎ᠨᠢ ᠬᠣᠲᠠ ᠵᠢᠨ ᠠᠷᠠᠳ ᠵᠤᠭ᠋ᠠᠴᠠᠭᠰᠠᠳ ᠰᠣᠶᠣᠯ᠎ᠤᠨ ᠣᠷᠳᠣᠨ᠎ᠳᠤ ᠣᠷᠣᠵᠤ᠂ ᠤᠮᠠᠷᠠᠲᠤ ᠬᠢᠯᠢ ᠵᠢᠨ ᠷᠢᠳᠢ ᠰᠢᠳᠢ ᠵᠢ ᠣᠢ᠌ᠯᠠᠭ᠋ᠠᠬᠤ ᠵᠢ  ᠬᠦᠰᠡᠳᠡᠭ᠎ᠠᠴᠠ ᠪᠤᠯᠤᠬᠰᠠᠨ ᠶᠤᠮ᠃
   ᠡᠯ᠎ᠡ ᠰᠣᠶᠣᠯ᠎ᠤᠨ ᠲᠠᠯᠠᠪᠤᠷ᠎ᠤᠨ᠎ᠬᠢᠨ ᠰᠣᠶᠣᠯ᠎ᠤᠨ ᠠᠵᠢᠯᠯᠠᠭ᠎ᠠ ᠵᠢ ᠨᠢᠮᠪᠠᠢ ᠲᠦᠯᠦᠪᠯᠡᠨ ᠵᠣᠬᠢᠶᠠᠨ ᠪᠠᠢ᠌ᠭᠤᠯᠤᠭ᠋ᠠᠳ ᠬᠤᠳᠠ ᠵᠢᠨ ᠠᠷᠠᠳ ᠵᠤᠭ᠋ᠠᠴᠠᠭᠰᠠᠳ᠎ᠲᠤ ᠠᠮᠠᠷᠠᠯᠲᠠ ᠵᠢᠨ ᠬᠤᠭᠤᠴᠠᠭ᠋ᠠᠨ᠎ᠳᠤ ᠭᠦᠨ ᠵᠤᠵᠠᠭ᠋ᠠᠨ ᠰᠣᠶᠣᠯ᠎ᠤᠨ ᠠᠭᠤᠷ ᠠᠮᠢᠰᠬᠤᠯ᠎ᠢ ᠮᠡᠳᠡᠷᠡᠭᠦᠯᠪᠡ᠃ ᠥᠪᠥᠷ ᠮᠣᠩᠭᠣᠯ᠎ᠤᠨ ᠰᠣᠶᠣᠯ᠎ᠤᠨ ᠣᠷᠳᠣᠨ᠎ᠤ ᠥᠷᠨᠢᠭᠦᠯᠦᠭᠰᠡᠨ 《ᠬᠠᠩᠰᠢ ᠵᠢᠨ ᠠᠮᠠᠷᠠᠯᠳᠠ》 ᠬᠡᠬᠦ ᠵᠠᠯᠠᠭᠤᠴᠤᠳ ᠪᠠᠭ᠋ᠠᠴᠤᠳ᠎ᠤᠨ  ᠭᠤᠸ᠎ᠠ ᠰᠠᠢ᠌ᠬᠠᠨ᠎ᠤ ᠬᠥᠮᠦᠵᠢᠯ᠎ᠤᠨ ᠰᠢᠷᠢᠰ ᠠᠵᠢᠯᠯᠠᠭ᠎ᠠ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠡᠶᠡᠴᠢᠯᠡᠨ ᠣᠢ᠌ᠯᠠᠭ᠋ᠠᠬᠤ᠂ ᠬᠤᠪᠢᠰᠬᠠᠯ᠎ᠤᠨ ᠲᠤᠬᠠᠢ ᠤᠩᠰᠢᠯᠭ᠎ᠠ᠂ ᠭᠣᠣᠯ ᠰᠡᠳᠦᠪᠲᠦ ᠺᠢᠨᠣ᠋ ᠦᠵᠡᠬᠦ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠵᠠᠯᠠᠭᠤᠴᠤᠳ ᠪᠠᠭ᠋ᠠᠴᠤᠳ᠎ᠲᠤ ᠤᠯᠠᠮᠵᠢᠯᠠᠯᠲᠤ ᠰᠣᠶᠣᠯ᠎ᠤᠨ ᠷᠢᠳᠢ ᠰᠢᠳᠢ ᠵᠢ ᠮᠡᠳᠡᠷᠡᠬᠦ᠂ ᠤᠯᠤᠰ ᠭᠡᠷ᠎ᠤᠨ ᠵᠶ᠋ᠡᠨ ᠬᠠᠢ᠌ᠷ᠎ᠠ ᠰᠡᠳᠬᠢᠯᠭᠡ ᠵᠢ ᠵᠤᠵᠠᠭ᠋ᠠᠳᠬᠠᠬᠤ ᠭᠦᠦ᠎ᠠ ᠰᠠᠢ᠌ᠬᠠᠨ᠎ᠤ ᠬᠥᠮᠦᠵᠢᠯ᠎ᠤᠨ ᠦᠢ᠍ᠯᠡᠳᠦᠯᠭᠡ ᠵᠢᠨ ᠲᠠᠪᠴᠠᠩ᠎ᠢ ᠪᠣᠶ ᠪᠣᠯᠭ᠋ᠠᠵᠤ ᠥᠭᠭᠦᠭᠰᠡᠨ ᠪᠠᠢ᠌ᠨ᠎ᠠ᠃ ᠵᠣᠣ ᠵᠢᠶᠦ᠋ᠨ ᠮᠦᠽᠧᠢ ᠵᠢᠨ᠎ᠬᠢᠨ 《ᠬᠡᠭᠡᠨ ᠲᠤᠩᠭ᠋ᠠᠯᠠᠭ ᠴᠡᠴᠡᠭᠡᠰ᠂ ᠡᠷᠲᠡᠨ᠎ᠤ ᠠᠶᠠᠯᠭᠤ ᠵᠢ ᠤᠯᠠᠮᠵᠢᠯᠠᠨ ᠵᠠᠯᠭ᠋ᠠᠮᠵᠢᠯᠠᠬᠤ》 ᠬᠥᠬᠡᠬᠣᠲᠠ᠎ᠳᠤ᠎ᠬᠢ ᠬᠠᠪᠤᠷ ᠴᠠᠭ᠎ᠤᠨ ᠵᠢᠭᠤᠯᠴᠢᠯᠠᠯ ᠬᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ᠂ ᠨᠣᠮ᠎ᠤᠨ ᠱᠣᠰᠢᠭ᠎ᠠ ᠵᠣᠬᠢᠶᠠᠬᠤ᠂ ᠴᠠᠢ ᠵᠠᠬᠢᠶᠠᠯᠠᠬᠤ ᠤᠷ᠎ᠠ ᠮᠡᠷᠭᠡᠵᠢᠯ᠎ᠢ ᠦᠵᠡᠭᠦᠯᠬᠦ᠂  ᠴᠠᠭ᠋ᠠᠰᠤᠨ ᠰᠢᠪᠠᠭᠤ ᠵᠢᠷᠤᠬᠤ ᠵᠡᠷᠭᠡ ᠠᠵᠢᠯᠯᠠᠭ᠎ᠠ᠎ᠪᠠᠷ ᠳᠠᠮᠵᠢᠭᠤᠯᠤᠨ᠂ ᠤᠯᠠᠮᠵᠢᠯᠠᠯᠲᠤ  ᠰᠤᠶᠤᠯ᠎ᠤᠨ ᠣᠶᠤᠨ ᠰᠠᠨᠠᠭ᠋ᠠᠨ᠎ᠤ ᠰᠢᠮᠡᠯᠢᠭ ᠬᠥᠷᠥᠰᠥ ᠪᠣᠯᠭ᠋ᠠᠨ ᠬᠥᠭᠵᠢᠭᠦᠯᠵᠡᠢ᠃ ᠪᠤᠭᠤᠲᠤ ᠬᠤᠳᠠ ᠵᠢᠨ ᠬᠥᠨᠳᠡᠯᠡᠨ ᠲᠣᠭᠣᠷᠢᠭ᠎ᠤᠨ ᠰᠣᠶᠣᠯ᠎ᠤᠨ ᠣᠷᠳᠣᠨ᠎ᠳᠤ 《ᠤᠷᠢᠳᠤ ᠵᠢᠨ ᠮᠡᠷᠭᠡᠳ᠎ᠢ ᠬᠠᠪᠤᠷ᠎ᠤᠨ ᠡᠶᠡᠪᠡᠷᠭᠦᠦ ᠰᠠᠢ᠌ᠬᠠᠨ ᠦᠵᠡᠮᠵᠢ᠎ᠪᠠᠷ ᠳᠤᠷᠠᠰᠤᠨ ᠰᠠᠨᠠᠭ᠋ᠠᠯᠵᠠᠬᠤ》 ᠬᠠᠩᠰᠢ ᠵᠢᠨ ᠤᠷᠠᠨ ᠤᠩᠰᠢᠯᠭ᠎ᠠ ᠵᠢᠨ ᠴᠤᠭᠯᠠᠭ᠋ᠠᠨ ᠡᠷᠬᠢᠯᠡᠵᠦ᠂ ᠦᠵᠡᠭᠴᠢᠳ᠎ᠢ ᠳᠠᠭ᠋ᠠᠭᠤᠯᠤᠨ ᠮᠢᠩᠭ᠋ᠠᠨ ᠵᠢᠯ᠎ᠤᠨ ᠰᠣᠶᠣᠯ᠎ᠤᠨ ᠰᠤᠳᠠᠰᠤ ᠵᠢ ᠲᠤᠭᠤᠯᠵᠤ᠂ ᠤᠯᠤᠰ ᠭᠡᠷ᠎ᠤᠨ ᠬᠠᠢ᠌ᠷ᠎ᠠ ᠰᠡᠳᠬᠢᠯᠭᠡ ᠵᠢ ᠣᠢ᠌ᠯᠠᠭ᠋ᠠᠨ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠪᠠ᠃







 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠨᠡᠬᠡᠷᠡᠨ ᠱᠠᠩᠨᠠᠯ ᠬᠦᠷᠲᠡᠴᠢᠬᠡᠯ᠎ᠡ
ᠮᠢᠨᠤ ᠰᠤᠷᠤᠯᠭ᠎ᠠ ᠵᠢᠨ ᠵᠠᠮ
ᠰᠢᠪᠰᠢᠭ ᠲᠠᠷᠢᠭᠰᠠᠨ ᠰᠣᠷᠢᠭ᠋ᠠᠨ᠎ᠤ ᠰᠢᠯᠭ᠋ᠠᠯᠲᠠ
ᠱᠠᠩᠨᠠᠯ ᠬᠦᠷᠲᠡᠭᠴᠢ ᠲᠣᠰᠬᠠᠢ ᠡᠷᠦᠬᠡ
ᠮᠢᠨᠤ ᠰᠤᠷᠤᠯᠭ᠎ᠠ ᠵᠢᠨ ᠵᠠᠮ
 
            