ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠤᠭ᠎ᠠ ᠪᠠᠷᠢᠮᠲᠠ᠎ᠶᠢᠨ ᠨᠡᠶ᠋ᠢᠲᠡᠯᠡᠯ
ᠮᠠᠨ᠎ᠤ ᠤᠷᠤᠨ᠎ᠤ᠎ᠬᠢᠨ 26.55 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠵᠤ 356 ᠲᠦᠮᠡᠨ ᠮᠦ᠍ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠤᠭ᠋ᠠᠳ ᠲᠦᠷᠤᠬᠦᠤ ᠤᠯᠠᠷᠢᠯ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ
ᠨᠡᠶᠢᠲᠡᠯᠡᠭᠰᠡᠨ ᠴᠠᠭ᠄ 2025-04-02

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ᠎ᠬᠢᠨ᠎ᠠᠴᠠ ᠣᠢ᠌ᠯᠠᠭ᠋ᠠᠭᠰᠠᠨ ᠵᠶ᠋ᠡᠷ ᠮᠠᠨ᠎ᠤ ᠤᠷᠤᠨ ᠲᠦᠷᠤᠬᠦᠤ ᠤᠯᠠᠷᠢᠯ᠎ᠳᠤ 26.55 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠵᠤ 356 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯ᠎ᠠ᠃
   ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠣᠯ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠦᠬᠦ ᠲᠠᠯ᠎ᠠ᠎ᠪᠠᠷ ᠪᠡᠬᠢᠵᠢᠭᠦᠯᠬᠦ ᠵᠠᠩᠭᠢᠯᠠᠭ᠎ᠠ ᠵᠢᠨ ᠠᠷᠭ᠎ᠠ ᠮᠥᠨ᠃ ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷᠵᠢᠭᠤᠨ ᠠᠬᠢᠭᠤᠯᠵᠤ᠂ ᠪᠦᠲᠦᠭᠡᠨ ᠪᠠᠢ᠌ᠭᠤᠯᠤᠯᠲᠠ ᠵᠢᠨ ᠠᠭᠤᠯᠭ᠎ᠠ ᠵᠢ ᠰᠢᠯᠢᠳᠡᠭᠵᠢᠭᠦᠯᠦᠨ᠂ ᠲᠠᠷᠢᠶᠠᠴᠢᠳ᠎ᠤᠨ ᠪᠥᠬᠥ ᠶᠠᠪᠤᠴᠠ᠎ᠳᠤ ᠣᠷᠣᠯᠴᠠᠬᠤ ᠵᠦᠢ᠍ᠯᠡᠰ᠎ᠤᠨ ᠬᠡᠷᠡᠭᠵᠢᠭᠦᠯᠦᠯᠲᠡ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠢᠨᠵᠧᠨᠧᠷᠢᠩ᠎ᠤᠨ ᠶᠠᠰᠤ ᠴᠢᠨᠠᠷ᠎ᠤᠨ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ ᠭᠡᠵ᠊ ᠲᠤᠷᠠᠳᠤᠬᠰᠠᠨ ᠶᠤᠮ᠃ ᠤᠷᠴᠢᠮ᠎ᠳᠤ ᠪᠠᠰᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠠᠯᠬᠤᠮ ᠠᠯᠬᠤᠮ ᠵᠶ᠋ᠠᠷ ᠪᠦᠲᠦᠭᠡᠨ ᠪᠠᠶ᠋ᠢᠭᠤᠯᠬᠤ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
   ᠦᠪᠤᠷ ᠮᠤᠡᠭᠭᠤᠯ᠎ᠤᠨ  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠬᠠᠮᠢᠶᠠᠷᠤᠯᠲᠠ ᠵᠢᠨ ᠭᠠᠵᠠᠷ᠎ᠤᠨ ᠳᠡᠭᠡᠳᠦ ᠵᠡᠷᠭᠡ ᠵᠢᠨ ᠢᠨᠵᠧᠨᠧᠷ ᠫᠠᠨ ᠯᠦᠩ  《ᠮᠠᠨ᠎ᠤ ᠣᠷᠣᠨ 2025 ᠣᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠴᠢᠨᠠᠷᠵᠢᠭᠤᠨ ᠪᠦᠲᠦᠭᠡᠨ ᠪᠠᠢ᠌ᠭᠤᠯᠤᠯᠲᠠ ᠵᠢᠨ ᠣᠨ ᠵᠶ᠋ᠠᠷ ᠲᠣᠭᠲᠠᠭ᠋ᠠᠵᠤ᠂ 〈ᠲᠠᠷᠢᠶᠠᠨ ᠭᠠᠵᠠᠷ᠎ᠤᠨ ᠠᠷᠪᠠᠨ ᠨᠢᠭᠡᠨ ᠵᠤᠷᠪᠤᠰ 2.0᠎ᠤᠨ ᠬᠡᠪᠯᠡᠯ〉᠎ᠢ ᠬᠦᠴᠦᠯᠡᠨ ᠨᠠᠢ᠌ᠳᠠᠪᠤᠷᠢᠵᠢᠭᠤᠯᠵᠤ᠂ ᠬᠠᠪᠤᠷ᠎ᠤᠨ ᠲᠠᠷᠢᠶᠠᠯᠠᠭ᠎ᠠ᠎ᠠᠴᠠ ᠡᠮᠦᠨᠡᠬᠢ ᠪᠦᠲᠦᠭᠡᠨ ᠪᠠᠢ᠌ᠭᠤᠯᠤᠯᠲᠠ ᠵᠢᠨ  ᠡᠬᠢᠨ᠎ᠤ   ᠬᠤᠭᠤᠴᠠᠭ᠎ᠠ ᠵᠢ ᠴᠢᠩᠭ᠎ᠠ ᠠᠳᠬᠤᠨ ᠭᠠᠵᠠᠷ ᠰᠢᠷᠣᠢ ᠵᠢ ᠲᠡᠭᠰᠢᠯᠡᠬᠦ ᠶᠡᠬᠡ ᠳᠠᠢ᠌ᠯᠠᠯᠳᠤᠭ᠋ᠠᠨ᠎ᠢ ᠪᠥᠬᠥ ᠲᠠᠯ᠎ᠠ᠎ᠪᠠᠷ ᠠᠬᠢᠭᠤᠯᠪᠠ᠃ ᠪᠠᠰᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠲᠥᠷᠥ ᠵᠢᠨ ᠪᠣᠳᠣᠯᠭ᠎ᠠ ᠪᠠ ᠪᠡᠯᠡ ᠮᠥᠩᠭᠥᠨ᠎ᠤ ᠪᠠᠲᠤᠯᠠᠭ᠎ᠠ ᠵᠢ ᠦᠷᠭᠦᠯᠵᠢᠯᠡᠨ ᠴᠢᠩᠭ᠋ᠠᠳᠬᠠᠵᠤ᠂ ᠲᠠᠷᠢᠶᠠᠨ ᠭᠠᠵᠠᠷ᠎ᠢ ᠲᠡᠭᠰᠢ ᠪᠠᠢ᠌ᠯᠭ᠋ᠠᠬᠤ᠂ ᠤᠰᠤ ᠵᠠᠮ ᠨᠡᠪᠲᠡᠷᠡᠭᠦᠯᠬᠦ᠂ ᠭᠠᠵᠠᠷ᠎ᠤᠨ ᠬᠦᠴᠦ ᠰᠢᠮ᠎ᠡ᠂ ᠭᠠᠷᠤᠯᠲᠠ᠂ ᠦᠷ᠎ᠡ ᠠᠰᠢᠭ᠎ᠢ ᠳᠡᠭᠡᠭᠰᠢᠯᠡᠭᠦᠯᠬᠦ 〈ᠨᠢᠭᠡ ᠵᠢ ᠲᠡᠭᠰᠢᠳᠬᠡᠵᠦ ᠬᠣᠶᠠᠷ᠎ᠢ ᠨᠠᠪᠲᠠᠷᠡᠭᠦᠯᠵᠦ ᠭᠤᠷᠪᠠ ᠵᠢ ᠳᠡᠭᠡᠭᠰᠢᠯᠡᠭᠦᠯᠬᠦ〉 ᠪᠠᠷᠢᠮᠵᠢᠶ᠎ᠠ ᠶᠣᠰᠣᠭ᠋ᠠᠷ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠲᠥᠷᠥᠯ ᠬᠡᠯᠪᠡᠷᠢ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠪᠠ ᠣᠷᠣᠭᠤᠯᠤᠯᠲᠠ ᠵᠢᠨ ᠪᠠᠷᠢᠮᠵᠢᠶ᠎ᠠ ᠵᠢ ᠵᠦᠢ ᠵᠣᠬᠢᠰᠲᠠᠢ ᠲᠣᠭᠲᠠᠭ᠋ᠠᠵᠤ᠂ ᠢᠨᠵᠧᠨᠧᠷᠢᠩ᠎ᠤᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠦᠨ ᠲᠠᠷᠢᠶᠠᠴᠢᠳ᠎ᠢ ᠤᠷᠤᠯᠴᠠᠭᠤᠯᠬᠤ᠎ᠪᠠᠷ ᠵᠢᠯᠤᠭᠣᠳᠴᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠠᠬᠢᠴᠠ ᠵᠢ ᠲᠦᠷᠬᠡᠳᠬᠡᠬᠦ ᠪᠤᠯᠤᠨ᠎ᠠ》 ᠭᠡᠵᠤ ᠲᠠᠨᠢᠯᠴᠠᠭᠤᠯᠪᠠ᠃
   ᠪᠦᠷᠢᠳᠬᠡᠯ ᠵᠶ᠋ᠡᠷ 2024 ᠣᠨ᠎ᠤ ᠰᠡᠭᠦᠯᠴᠢ ᠪᠣᠯᠲᠠᠯ᠎ᠠ ᠮᠠᠨ᠎ᠤ ᠣᠷᠣᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ   6005 ᠲᠦᠮᠡᠨ ᠮᠦ᠍ ᠪᠠᠢ᠌ᠭᠤᠯᠵᠤ᠂ ᠡᠭᠦᠨ᠎ᠳᠤ ᠤᠰᠤᠯᠠᠯᠲᠠ ᠵᠢᠨ ᠲᠠᠷᠢᠶᠠᠨ ᠭᠠᠵᠠᠷ 4526 ᠲᠦᠮᠡᠨ ᠮᠦ᠍᠂ ᠬᠠᠭᠤᠷᠠᠢ ᠲᠠᠷᠢᠶᠠᠨ ᠭᠠᠵᠠᠷ 1345 ᠲᠦᠮᠡᠨ ᠮᠦ᠍᠂ ᠤᠰᠤᠨ ᠲᠠᠷᠢᠶᠠᠨ ᠭᠠᠵᠠᠷ 134 ᠲᠦᠮᠡᠨ ᠮᠦ᠍ ᠪᠣᠶ᠃ ᠨᠢᠭᠡᠨᠲᠡ ᠪᠠᠢ᠌ᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠨᠢ ᠪᠥᠬᠥ ᠣᠷᠣᠨ᠎ᠤ ᠶᠡᠷᠦᠩᠬᠡᠢ ᠲᠠᠷᠢᠶᠠᠨ ᠭᠠᠵᠠᠷ᠎ᠤᠨ ᠲᠠᠯᠠᠪᠠᠶ ᠵᠢᠨ 35% ᠵᠢ ᠡᠵᠡᠯᠡᠵᠦ᠂ ᠪᠥᠬᠥ ᠣᠷᠣᠨ᠎ᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠲᠠᠯᠠᠪᠠᠶ ᠵᠢᠨ 45% ᠵᠢ ᠡᠵᠡᠯᠡᠬᠦ ᠠᠵᠢ᠃
   
  

  

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠠᠩᠰᠢ ᠵᠢᠨ ᠠᠮᠠᠷᠠᠯᠲᠠ ᠵᠢᠨ ᠬᠣᠶᠠᠳᠤᠭ᠋ᠠᠷ ᠡᠳᠦᠷ ᠥᠪᠥᠷ ᠮᠣᠩᠭᠣᠯ᠎ᠤᠨ ᠰᠣᠶᠣᠯ᠎ᠤᠨ ᠲᠠᠯᠠᠪᠠᠶ ᠣᠷᠳᠣᠨ᠎ᠤ᠎ᠬᠢᠨ 33 ᠲᠦᠮᠡᠨ ᠵᠤᠭ᠋ᠠᠴᠠᠭᠰᠠᠳ᠎ᠢ ᠭᠥᠯᠢᠶᠡᠨ ᠠᠪᠤᠪᠠ
ᠦᠨᠡᠬᠡᠷᠡᠨ ᠱᠠᠩᠨᠠᠯ ᠬᠦᠷᠲᠡᠴᠢᠬᠡᠯ᠎ᠡ
ᠮᠢᠨᠤ ᠰᠤᠷᠤᠯᠭ᠎ᠠ ᠵᠢᠨ ᠵᠠᠮ
ᠰᠢᠪᠰᠢᠭ ᠲᠠᠷᠢᠭᠰᠠᠨ ᠰᠣᠷᠢᠭ᠋ᠠᠨ᠎ᠤ ᠰᠢᠯᠭ᠋ᠠᠯᠲᠠ
ᠱᠠᠩᠨᠠᠯ ᠬᠦᠷᠲᠡᠭᠴᠢ ᠲᠣᠰᠬᠠᠢ ᠡᠷᠦᠬᠡ
 
            