ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠠᠷᠠᠳ᠎ᠤᠨ ᠶᠠᠪᠤᠳᠠᠯ᠎ᠤᠨ ᠨᠡᠷ᠎ᠡ ᠲᠣᠮᠢᠶ᠎ᠠ
ᠪᠥᠬᠥ ᠣᠷᠣᠨ᠎ᠤ ᠬᠣᠰᠢᠭᠤ ᠰᠢᠶᠠᠨ᠎ᠤ ᠲᠡᠰ᠎ᠠᠴᠠ ᠲᠡᠭᠡᠭᠰᠢᠬᠢ 4510 ᠨᠠᠮ ᠵᠠᠰᠠᠭ᠎ᠤᠨ ᠪᠠᠢ᠌ᠭᠤᠯᠭ᠎ᠠ ᠵᠢᠨ ᠠᠷᠪᠢᠯᠠᠨ ᠭᠠᠮᠨᠠᠬᠤ ᠬᠡᠯᠪᠡᠷᠢ ᠵᠢᠨ ᠪᠠᠢ᠌ᠭᠤᠯᠭ᠎ᠠ ᠵᠢ ᠪᠠᠢ᠌ᠭᠤᠯᠤᠭᠰᠠᠨ ᠨᠣᠷᠮ᠎ᠠ 73.7%᠎ᠳᠤ ᠬᠥᠷᠪᠡ
ᠨᠡᠶᠢᠲᠡᠯᠡᠭᠰᠡᠨ ᠴᠠᠭ᠄ 2023-10-12

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠎ᠤ᠎ᠬᠢᠨ᠎ᠠᠴᠠ 10 ᠳ᠋ᠤᠭ᠋ᠠᠷ ᠰᠠᠷ᠎ᠠ ᠵᠢᠨ 11᠎ᠤ ᠡᠳᠦᠷ᠎ᠤᠨ ᠣᠢ᠌ᠯᠠᠭ᠋ᠠᠭᠰᠠᠨ ᠵᠶ᠋ᠡᠷ ᠮᠠᠨ᠎ᠤ ᠣᠷᠣᠨ᠎ᠤ ᠬᠣᠰᠢᠭᠤ ᠰᠢᠶᠠᠨ᠎ᠤ ᠲᠡᠰ᠎ᠠᠴᠠ ᠳᠡᠭᠡᠭᠰᠢᠬᠢ 768 ᠨᠠᠮ ᠵᠠᠰᠠᠭ᠎ᠤᠨ ᠪᠠᠢ᠌ᠭᠤᠯᠭ᠎ᠠ ᠪᠥᠬᠥ ᠤᠯᠤᠰ᠎ᠤᠨ ᠭᠤᠷᠪᠠᠳᠤᠭ᠋ᠠᠷ ᠪᠦᠯᠦᠭ᠎ᠤᠨ ᠠᠷᠪᠢᠯᠠᠨ ᠭᠠᠮᠨᠠᠬᠤ ᠬᠡᠯᠪᠡᠷᠢ ᠵᠢᠨ ᠪᠠᠢ᠌ᠭᠤᠯᠤᠯᠭ᠎ᠠ ᠵᠢᠨ ᠪᠠᠢ᠌ᠭᠤᠯᠤᠭᠰᠠᠨ ᠨᠢᠬᠡᠴᠢ᠎ᠳᠤ ᠠᠮᠵᠢᠯᠲᠠ᠎ᠲᠠᠢ᠎ᠪᠠᠷ ᠰᠣᠩᠭᠣᠭᠳᠠᠪᠠ᠃ ᠮᠠᠨ᠎ᠤ ᠣᠷᠣᠨ᠎ᠳᠤ  ᠣᠲᠣ ᠪᠣᠯᠲᠠᠯ᠎ᠠ ᠬᠣᠰᠢᠭᠤ ᠰᠢᠶᠠᠨ ᠲᠡᠰ᠎ᠠᠴᠠ ᠳᠡᠭᠡᠭᠰᠢᠬᠢ 4510  ᠨᠠᠮ ᠵᠠᠰᠠᠭ᠎ᠤᠨ ᠪᠠᠢ᠌ᠭᠤᠯᠭ᠎ᠠ ᠠᠷᠪᠢᠯᠠᠨ ᠭᠠᠮᠨᠠᠬᠤ ᠬᠡᠯᠪᠡᠷᠢ ᠵᠢᠨ ᠪᠠᠢ᠌ᠭᠤᠯᠭ᠎ᠠ ᠵᠢ ᠪᠠᠢ᠌ᠭᠤᠯᠤᠭᠰᠠᠨ ᠨᠣᠷᠮ᠎ᠠ᠎ᠨᠢ 73.7%᠎ᠳᠤ ᠬᠦᠷᠦᠭᠰᠡᠨ᠎ᠤ ᠲᠤᠳᠤᠷ᠎ᠠ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 74᠂ ᠠᠢ᠌ᠮᠠᠭ ᠬᠣᠲᠠ ᠵᠢᠨ ᠱᠠᠲᠤᠨ᠎ᠤ 573᠂ ᠬᠣᠰᠢᠭᠤ ᠰᠢᠶᠠᠨ᠎ᠤ ᠱᠠᠲᠤᠨ᠎ᠤ 3863  ᠪᠤᠢ ᠪᠦᠬᠡᠳ ᠤᠯᠤᠰ᠎ᠠᠴᠠ ᠪᠠᠭᠤᠯᠭ᠋ᠠᠭᠰᠠᠨ ᠬᠠᠷᠠᠯᠲᠠᠲᠤ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ᠎ᠬᠢᠨ ᠠᠷᠪᠢᠯᠠᠨ ᠭᠠᠮᠨᠠᠬᠤ ᠬᠡᠯᠪᠡᠷᠢ ᠵᠢᠨ ᠪᠠᠢ᠌ᠭᠤᠯᠭ᠎ᠠ ᠵᠢ ᠪᠠᠶ᠋ᠢᠭᠤᠯᠬᠤ ᠶᠠᠰᠤ ᠴᠢᠨᠠᠷ ᠦᠷ᠎ᠡ ᠠᠰᠢᠭ᠎ᠢ  ᠳᠡᠭᠡᠭᠰᠢᠯᠡᠭᠦᠯᠬᠦ ᠵᠢᠨ ᠲᠥᠯᠥᠭᠡ 1370 ᠲᠦᠮᠡᠨ ᠲᠥᠭᠥᠷᠢᠭ᠎ᠤᠨ ᠲᠤᠰᠬᠠᠢ ᠪᠡᠯᠡ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠭᠦᠳᠦᠨ ᠪᠠᠶ᠋ᠢᠭᠤᠯᠬᠤ ᠨᠢᠭᠡᠴᠢ ᠵᠢᠨ ᠰᠠᠭᠤᠷᠢ ᠴᠢᠨᠠᠷᠲᠠᠢ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠳᠡᠮᠵᠢᠵᠦ᠂ ᠠᠢ᠌ᠮᠠᠭ ᠬᠣᠲᠠ ᠵᠢᠨ ᠬᠠᠷᠢᠯᠴᠠᠨ ᠦᠨᠡᠯᠡᠬᠦ᠂ ᠮᠤᠵᠢ ᠣᠷᠣᠨ᠎ᠤ ᠬᠠᠷᠢᠯᠴᠠᠨ ᠬᠢᠨᠠᠬᠤ ᠠᠵᠢᠯ᠎ᠤᠨ ᠲᠣᠭᠲᠠᠴᠠ ᠵᠢ ᠪᠠᠶ᠋ᠢᠭᠤᠯᠬᠤ᠎ᠪᠠᠷ ᠳᠠᠮᠵᠢᠭᠤᠯᠤᠨ᠂ ᠡᠨᠧᠷᠭᠢ ᠠᠷᠪᠢᠯᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠪᠥᠬᠥ ᠣᠷᠣᠨ᠎ᠤ ᠡᠯ᠎ᠡ ᠱᠠᠲᠤᠨ᠎ᠤ ᠨᠠᠮ ᠵᠠᠰᠠᠭ᠎ᠤᠨ ᠪᠠᠢ᠌ᠭᠤᠯᠭ᠎ᠠ ᠵᠢ ᠵᠢᠯᠣᠭᠣᠳᠤᠨ ᠳᠠᠶ᠋ᠢᠴᠢᠯᠠᠵᠤ ᠪᠠᠢ᠌ᠭ᠋ᠠᠳ ᠠᠷᠪᠢᠯᠠᠨ ᠭᠠᠮᠨᠠᠬᠤ ᠬᠡᠯᠪᠡᠷᠢ ᠵᠢᠨ ᠪᠠᠢ᠌ᠭᠤᠯᠭ᠎ᠠ ᠵᠢ ᠡᠭᠦᠳᠦᠨ ᠪᠠᠶ᠋ᠢᠭᠤᠯᠬᠤ᠎ᠪᠠᠷ ᠢᠳᠡᠪᠬᠢᠲᠡᠢ ᠭᠤᠶᠤᠴᠢᠯᠠᠭᠤᠯᠵᠤ᠂ ᠨᠠᠮ ᠵᠠᠰᠠᠭ᠎ᠤᠨ ᠪᠠᠢ᠌ᠭᠤᠯᠭ᠎ᠠ ᠵᠢᠨ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠬᠦ ᠪᠠ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠬᠦᠭᠵᠢᠬᠦᠯᠤᠯᠳᠡ ᠵᠢᠨ ᠳᠤᠮᠳᠠ ᠵᠢᠱ᠌ᠢᠶ᠎ᠡ ᠦᠵᠡᠭᠦᠯᠦᠨ ᠳᠠᠭ᠋ᠠᠭᠤᠯᠬᠤ ᠦᠢ᠍ᠯᠡᠳᠦᠯ ᠵᠶ᠋ᠡᠨ ᠪᠠᠳᠠᠷᠠᠭᠤᠯᠬᠤ ᠵᠢ ᠨᠡᠯᠢᠶᠡᠳ ᠰᠠᠢ᠌ᠨ  ᠠᠬᠢᠭᠤᠯᠤᠬᠰᠠᠨ ᠪᠠᠢ᠌ᠨ᠎ᠠ᠃
   ᠣᠢ᠌ᠯᠠᠭ᠋ᠠᠭᠰᠠᠨ ᠵᠶ᠋ᠠᠷ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠯᠭ᠎ᠠ ᠵᠢᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ᠎ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠤᠯᠠᠮ ᠴᠢᠩᠭ᠎ᠠ ᠪᠣᠳᠠᠲᠠᠢ᠌ᠵᠢᠭᠤᠯᠵᠤ᠂ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠦᠨ᠂ ᠪᠥᠬᠥ ᠣᠷᠣᠨ᠎ᠤ ᠠᠷᠪᠢᠯᠠᠨ ᠭᠠᠮᠨᠠᠬᠤ ᠬᠡᠯᠪᠡᠷᠢ ᠵᠢᠨ ᠪᠠᠢ᠌ᠭᠤᠯᠭ᠎ᠠ ᠵᠢ ᠡᠬᠦᠳᠤᠨ ᠪᠠᠢ᠌ᠭᠤᠯᠤᠭᠰᠠᠨ ᠨᠢᠬᠡᠴᠢ᠎ᠳᠤ 《ᠡᠷᠬᠢᠨ ᠬᠠᠷᠠᠬᠤ》 ᠦᠨᠡᠯᠡᠯᠲᠡ ᠬᠢᠵᠦ᠂ ᠠᠷᠪᠢᠯᠠᠨ ᠭᠠᠮᠨᠠᠬᠤ ᠬᠡᠯᠪᠡᠷᠢ ᠵᠢᠨ ᠪᠠᠢ᠌ᠭᠤᠯᠤᠯᠭ᠎ᠠ ᠵᠢ ᠡᠭᠦᠳᠦᠨ ᠪᠠᠶ᠋ᠢᠭᠤᠯᠬᠤ ᠠᠵᠢᠯ᠎ᠤᠨ ᠭᠦᠨᠵᠡᠭᠡᠢ᠌ᠷᠡᠨ ᠬᠥᠭᠵᠢᠬᠦ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠬᠦᠴᠦᠨ ᠴᠢᠳᠠᠯ ᠵᠶ᠋ᠠᠨ  ᠡᠷᠬᠦᠬᠦ ᠪᠤᠯᠤᠨ᠎ᠠ᠃



 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠡᠷ᠎ᠡ ᠲᠤᠮᠢᠶ᠎ᠠ ᠵᠢᠨ ᠤᠷᠴᠢᠭᠤᠯᠭ᠎ᠠ (ᠠᠷᠪᠠᠨ ᠵᠢᠷᠭᠤᠭ᠎ᠠ)
ᠨᠡᠷ᠎ᠡ ᠲᠤᠮᠢᠶ᠎ᠠ ᠵᠢᠨ ᠤᠷᠴᠢᠭᠤᠯᠭ᠎ᠠ (ᠠᠷᠪᠠᠨ ᠲᠤᠯᠤᠭ᠎ᠠ)
ᠨᠡᠷ᠎ᠡ ᠲᠤᠮᠢᠶ᠎ᠠ ᠵᠢᠨ ᠤᠷᠴᠢᠭᠤᠯᠭ᠎ᠠ (ᠠᠷᠪᠠᠨ ᠨᠠᠢ᠍ᠮᠨ)
ᠨᠡᠷ᠎ᠡ ᠲᠤᠮᠢᠶ᠎ᠠ ᠵᠢᠨ ᠤᠷᠴᠢᠭᠤᠯᠭ᠎ᠠ (ᠠᠷᠪᠠᠨ ᠶᠢᠰᠤ)
ᠨᠡᠷ᠎ᠡ ᠲᠤᠮᠢᠶ᠎ᠠ ᠵᠢᠨ ᠤᠷᠴᠢᠭᠤᠯᠭ᠎ᠠ (ᠬᠤᠷᠢ)
 
            