ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ᠎ᠬᠢᠨ᠎ᠤ 9 ᠳ᠋ᠤᠬᠡᠷ ᠰᠠᠷ᠎ᠠ ᠵᠢᠨ 12᠎ᠤᠨ ᠡᠳᠦᠷ ᠬᠤᠷᠠᠯᠳᠤᠭᠤᠯᠤᠭᠰᠠᠨ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ) ᠵᠡᠷᠭᠡ ᠲᠠᠪᠤᠨ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 60 ᠲᠦᠮᠡᠨ ᠵᠦᠢ᠍ᠯᠡᠰ᠎ᠢ ᠴᠥᠮ 《ᠨᠢᠭᠡ ᠰᠦᠯᠵᠢᠶᠡᠨ᠎ᠳᠤ ᠣᠷᠣᠭᠤᠯᠵᠤ᠂ ᠨᠡᠢ᠌ᠳᠡᠮ ᠰᠢᠢ᠍ᠳᠪᠦᠷᠢᠯᠡᠵᠦ ᠪᠣᠯᠬᠤ》 ᠵᠢ ᠪᠡᠶᠡᠯᠡᠭᠦᠯᠵᠦ᠂ ᠪᠥᠬᠥ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠰᠦᠯᠵᠢᠶᠡᠨ ᠳᠡᠭᠡᠷ᠎ᠡ ᠬᠦᠢ᠍ᠴᠡᠳᠬᠡᠬᠦ ᠨᠣᠷᠮ᠎ᠠ 98%᠎ᠳᠤ ᠬᠦᠷᠴᠦ᠂ ᠪᠥᠬᠥ ᠶᠠᠪᠤᠴᠠ ᠵᠢᠨ ᠰᠦᠯᠵᠢᠶᠡᠨ ᠳᠡᠭᠡᠷ᠎ᠡ ᠬᠦᠢ᠍ᠴᠡᠳᠬᠡᠬᠦ ᠨᠣᠷᠮ᠎ᠠ 85% ᠵᠢ ᠲᠠᠪᠠᠬᠰᠠᠨ ᠪᠠᠢ᠌ᠨ᠎ᠠ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ᠎ᠬᠢᠨ ᠠᠵᠤ ᠠᠬᠤᠢ᠌ᠯᠠᠯ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠶᠠᠪᠤᠳᠠᠯ ᠭᠦᠢ᠍ᠴᠡᠳᠬᠡᠬᠦ ᠶᠠᠪᠤᠴᠨ᠎ᠳᠤ᠎ᠬᠢ ᠲᠦᠭᠵᠢᠷᠡᠯ᠂ ᠬᠦᠴᠢᠷᠳᠡᠯ᠂ ᠪᠡᠷᠬᠡᠰᠢᠶᠡᠯ᠎ᠤᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠵᠠᠭᠤᠴᠢ ᠦᠢ᠍ᠯᠡᠴᠢᠯᠡᠭᠡᠨ᠎ᠤ 81 ᠵᠦᠢ᠍ᠯᠡᠰ᠎ᠢ ᠵᠢᠷᠤᠮᠵᠢᠭᠤᠯᠵᠤ᠂ ᠣᠯᠠᠨ ᠠᠵᠤ ᠠᠬᠤᠢ᠌ᠯᠠᠯ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ ᠶᠠᠪᠤᠴᠠ᠎ᠳᠤ ᠰᠦᠢ᠍ᠳᠬᠡᠯ ᠲᠤᠰᠢᠶᠠᠬᠤ ᠴᠢᠬᠤᠯᠠᠲᠠᠢ ᠭᠤᠷᠪᠠᠳᠤᠭ᠋ᠠᠷ ᠡᠲᠡᠭᠡᠳ᠎ᠠᠴᠠ ᠭᠠᠷᠭ᠋ᠠᠵᠤ ᠥᠭᠬᠦ ᠭᠡᠷᠡᠴᠢ ᠮᠠᠲ᠋ᠧᠷᠢᠶᠠᠯ᠎ᠢ ᠪᠠᠭ᠋ᠠᠰᠬᠠᠪᠠ᠃ ᠢᠯᠠᠩᠭᠤᠶ᠎ᠠ 《ᠬᠣᠶᠠᠷ ᠰᠢᠯᠢᠳᠡᠭ》 ᠲᠤᠰᠬᠠᠢ ᠠᠵᠢᠯᠯᠠᠭ᠎ᠠ ᠦᠷᠨᠢᠬᠦᠯᠦᠭᠰᠡᠨ᠎ᠠᠴᠠ ᠨᠠᠭ᠋ᠠᠰᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ 72 ᠡᠷᠬᠡ ᠵᠢ ᠬᠦᠴᠦᠨ ᠦᠭᠡᠢ ᠪᠣᠯᠭ᠋ᠠᠵᠤ᠂ 679 ᠵᠦᠢ᠍ᠯ᠎ᠢ ᠳᠣᠷᠣᠭᠰᠢ ᠪᠠᠭᠤᠯᠭ᠋ᠠᠨ᠂ ᠬᠡᠷᠡᠭ ᠭᠦᠢ᠍ᠴᠡᠳᠬᠡᠬᠦ ᠴᠠᠭ᠎ᠢ 49.4%᠂ ᠭᠣᠭᠴᠣᠭ᠎ᠠ ᠵᠢ 20.8%᠂ ᠮᠠᠲ᠋ᠧᠷᠢᠶᠠᠯ᠎ᠢ 26.5%᠎ᠪᠠᠷ ᠪᠠᠭ᠋ᠠᠰᠬᠠᠪᠠ᠃
ᠡᠭᠦᠨ᠎ᠠᠴᠠ ᠭᠠᠳᠠᠨ᠎ᠠ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ ᠵᠢ 1114 ᠵᠦᠢ᠍ᠯ᠎ᠤᠨ ᠣᠨᠴᠠᠯᠢᠭᠲᠤ ᠬᠡᠷᠡᠭᠯᠡᠭᠡᠨ᠎ᠳᠤ ᠣᠷᠣᠭᠤᠯᠵᠤ᠂ 2707 ᠲᠤᠰᠬᠠᠢ ᠰᠡᠳᠦᠪᠲᠦ ᠣᠨᠴᠠᠯᠢᠭᠲᠤ ᠦᠢ᠍ᠯᠡᠴᠢᠯᠡᠭᠡ ᠵᠢ ᠲᠣᠬᠢᠷᠠᠭᠤᠯᠪᠠ᠃ ᠰᠠᠯᠠᠭ᠎ᠠ ᠮᠥᠴᠢᠷ ᠠᠯᠤᠰᠯᠠᠭᠰᠠᠨ ᠬᠡᠷᠡᠭ ᠶᠠᠪᠤᠳᠠᠯ᠎ᠢ 《ᠲᠥᠪᠯᠡᠷᠡᠭᠦᠯᠦᠨ ᠭᠦᠢ᠍ᠴᠡᠳᠬᠡᠬᠦ》 ᠲᠠᠪᠴᠠᠡᠭ᠎ᠢ ᠨᠠᠩ ᠣᠯᠠᠨ ᠭᠠᠷᠭ᠋ᠠᠵᠤ᠂ ᠪᠥᠬᠥ ᠣᠷᠣᠨ᠎ᠳᠤ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠴᠤᠡᠭᠬᠤᠪᠴᠢ 1200 ᠭᠠᠷᠤᠢ ᠭᠠᠷᠭ᠋ᠠᠵᠤ᠂ 115 ᠵᠦᠢ᠍ᠯ᠎ᠢ 《ᠨᠢᠭᠡ ᠶᠠᠪᠤᠳᠠᠯ》᠎ᠢ ᠦᠨᠳᠦᠰᠦᠨ᠎ᠳᠤ᠎ᠪᠠᠨ ᠳᠠᠭ᠋ᠠᠭ᠋ᠠᠨ ᠭᠦᠢ᠍ᠴᠡᠳᠬᠡᠬᠦ᠂ ᠨᠢᠭᠡ ᠯᠡ ᠤᠳᠠᠭ᠎ᠠ᠎ᠳᠤ ᠭᠦᠢ᠍ᠴᠡᠳᠬᠡᠬᠦ ᠪᠤᠯᠭ᠋ᠠᠪᠠ᠃ ᠪᠠᠰᠨ《ᠨᠢᠭᠡ ᠰᠦᠯᠵᠢᠶ᠎ᠡ᠎ᠪᠠᠷ ᠲᠤᠭᠤᠰᠢᠳᠠᠢ ᠰᠢᠢ᠍ᠳᠪᠦᠷᠢᠯᠡᠬᠦ》 ᠲᠣᠭ᠎ᠠ ᠪᠠᠷᠢᠮᠲᠠ ᠵᠢᠨ ᠰᠠᠭᠤᠷᠢ ᠵᠢ ᠪᠥᠬᠥ ᠲᠠᠯ᠎ᠠ᠎ᠪᠠᠷ ᠪᠡᠬᠢᠵᠢᠭᠦᠯᠵᠦ᠂ ᠪᠥᠬᠥ ᠣᠷᠣᠨ᠎ᠤ ᠡᠯᠧᠺᠲᠷᠣᠨ ᠦᠨᠡᠮᠯᠡᠯ᠎ᠤᠨ ᠲᠣᠭ᠎ᠠ ᠪᠠᠷᠢᠮᠲᠠ ᠵᠢ ᠨᠢᠭᠡᠨᠲᠡ 640 ᠲᠥᠷᠥᠯ᠂ 6980 ᠲᠦᠮᠡᠨ ᠵᠤᠷᠪᠤᠰ ᠴᠤᠭᠯᠠᠭᠤᠯᠵᠤ᠂ ᠬᠤᠪᠢᠶᠠᠯᠴᠠᠵᠤ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ 11 ᠳ᠋ᠦᠩᠰᠢᠭᠤᠷ ᠤᠳᠠᠭ᠎ᠠ ᠵᠢ ᠳᠠᠪᠠᠪᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠭ᠎ᠠ ᠪᠠᠷᠢᠮᠲᠠ ᠵᠢ 12.3 ᠳ᠋ᠦᠩᠰᠢᠭᠤᠷ ᠵᠤᠷᠪᠤᠰ ᠬᠤᠷᠠᠮᠳᠤᠭᠤᠯᠵᠤ᠂ ᠦᠨᠤ ᠵᠢᠯ᠎ᠤᠨ 1 ᠳ᠋ᠤᠬᠡᠷ ᠰᠠᠷ᠎ᠠ᠎ᠠᠴᠠ ᠣᠲᠣ ᠪᠣᠯᠲᠠᠯ᠎ᠠ ᠲᠣᠭ᠎ᠠ ᠪᠠᠷᠢᠮᠲᠠ ᠵᠢ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ 100.29 ᠳ᠋ᠦᠩᠰᠢᠭᠤᠷ ᠤᠳᠠᠭ᠎ᠠ᠎ᠳᠤ ᠬᠦᠷᠦᠭᠰᠡᠨ ᠪᠠᠢ᠌ᠨ᠎ᠠ᠃