ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠤᠨ᠎ᠬᠢᠨ᠎ᠠᠴᠠ ᠤᠢ᠌ᠯᠠᠭ᠋ᠠᠬᠰᠠᠨ ᠵᠶ᠋ᠡᠷ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠢᠩᠬᠢᠮ᠎ᠤᠨ᠎ᠬᠢᠨ ᠦᠨᠤ ᠵᠢᠯ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠲᠡᠬᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠵᠠᠮ ᠵᠶ᠋ᠠᠷ ᠵᠠᠮᠨᠠᠬᠤ᠂ ᠲᠤᠮᠳᠠ ᠲᠦᠪᠰᠢᠨ᠎ᠳᠤ ᠣᠷᠣᠬᠤ ᠬᠠᠷᠠᠯᠲᠠ ᠵᠢ ᠲᠣᠭᠲᠠᠭ᠋ᠠᠵᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ ᠵᠶ᠋ᠡᠨ ᠤᠯᠠᠮ ᠴᠢᠩᠭ᠋ᠠᠷᠠᠭᠤᠯᠤᠨ᠂ 《ᠵᠠᠰᠠᠭ᠂ ᠮᠦᠡᠭᠭᠦᠨ ᠬᠦᠢ᠍ᠯᠬᠡᠬᠡ᠂ ᠠᠵᠤ ᠠᠬᠤᠢ᠌ᠯᠠᠯ》᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠦᠢ᠍ᠯᠡᠳᠬᠦ ᠦᠢ᠍ᠯᠡᠰ᠎ᠤᠨ ᠳᠡᠭᠡᠳᠦ ᠦᠵᠦᠭᠦᠷᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠤᠨ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠠᠬᠢᠴᠠ ᠵᠢ ᠲᠦᠷᠭᠡᠳᠬᠡᠵᠦ᠂ ᠪᠥᠬᠥ ᠵᠢᠯ᠎ᠳᠤ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ 960 ᠲᠥᠷᠥᠯ ᠵᠦᠢ᠍ᠯ᠎ᠢ ᠬᠡᠷᠡᠭᠵᠢᠬᠦᠯᠵᠤ᠂ 3500 ᠳ᠋ᠦᠩᠰᠢᠭᠤᠷ ᠲᠥᠭᠥᠷᠢᠭ᠎ᠤᠨ ᠪᠡᠯᠡ ᠤᠷᠤᠭᠤᠯᠬᠤ᠎ᠪᠠᠷ ᠪᠠᠢ᠌ᠨ᠎ᠠ᠃
ᠳᠡᠭᠡᠳᠦ ᠲᠠᠰ᠎ᠤᠨ ᠬᠦᠭᠵᠢᠬᠦᠯᠤᠯᠳᠡ ᠵᠢᠨ ᠲᠠᠯ᠎ᠠ᠎ᠪᠠᠷ᠂ 5 ᠳ᠋ᠦᠩᠰᠢᠭᠤᠷ ᠲᠥᠭᠥᠷᠢᠭ ᠪᠤᠶᠤ 5 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠡᠯᠡ ᠣᠷᠣᠭᠤᠯᠤᠭᠰᠠᠨ ᠮᠥᠷᠲᠡᠭᠡᠨ ᠪᠠᠷᠢᠯᠭ᠎ᠠ ᠳᠠᠭᠤᠰᠴᠤ ᠠᠰᠢᠭᠯᠠᠯᠲᠠ᠎ᠳᠤ ᠣᠷᠣᠭᠤᠯᠤᠭᠰᠠᠨ ᠦᠢ᠍ᠯᠡᠳᠬᠦ ᠦᠢ᠍ᠯᠡᠰ᠎ᠤᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠲᠥᠷᠥᠯ ᠵᠦᠢ᠍ᠯ᠎ᠳᠤ ᠪᠣᠳᠠᠲᠠᠢ ᠵᠢᠭᠡᠯᠡᠯᠭᠡ ᠵᠢᠨ ᠬᠦᠦ ᠮᠥᠩᠭᠥ ᠵᠢᠨ 30%᠎ᠪᠠᠷ ᠨᠢᠭᠡ ᠯᠨ ᠤᠳᠠᠭ᠎ᠠ᠎ᠳᠤ ᠬᠦᠦ ᠮᠦᠡᠭᠭᠦ ᠵᠢᠨ ᠨᠥᠬᠥᠪᠦᠷᠢ ᠱᠠᠡᠭᠨᠠᠨᠠ᠃ 2000 ᠲᠦᠮᠡᠨ ᠲᠥᠭᠥᠷᠢᠭ ᠪᠠ 2000 ᠲᠦᠮᠡᠨ ᠲᠦᠬᠦᠷᠢᠭ᠎ᠠᠴᠠ ᠳᠡᠭᠡᠭᠰᠢ ᠪᠡᠯᠡ ᠣᠷᠣᠭᠤᠯᠤᠭᠰᠠᠨ ᠮᠥᠷᠲᠡᠭᠡᠨ ᠪᠠᠷᠢᠯᠭ᠎ᠠ ᠳᠠᠭᠤᠰᠴᠤ ᠠᠰᠢᠭᠯᠠᠯᠲᠠ᠎ᠳᠤ ᠣᠷᠣᠭᠤᠯᠤᠭᠰᠠᠨ ᠦᠢ᠍ᠯᠡᠳᠬᠦ ᠦᠢ᠍ᠯᠡᠰ᠎ᠤᠨ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠳᠤ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠬᠦᠭᠡᠷᠦᠮᠵᠢ ᠵᠢᠨ ᠪᠡᠯᠡ ᠣᠷᠣᠭᠤᠯᠤᠯᠲᠠ ᠵᠢᠨ 20%᠎ᠪᠠᠷ ᠨᠢᠭᠡ ᠯᠨ ᠤᠳᠠᠭ᠎ᠠ᠎ᠳᠤ ᠨᠥᠬᠥᠪᠦᠷᠢ ᠱᠠᠡᠭᠨᠠᠯ ᠣᠯᠭᠣᠨ᠎ᠠ᠃ ᠰᠢᠨ᠎ᠡ᠎ᠪᠠᠷ ᠦᠨᠡᠯᠡᠭᠰᠡᠨ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠰᠦᠷᠦᠭᠵᠢᠯ ᠪᠠ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠲᠤ ᠨᠢᠭᠡ ᠯᠨ ᠤᠳᠠᠭ᠎ᠠ ᠵᠢᠨ ᠨᠦᠬᠦᠪᠤᠷᠢ ᠱᠠᠩᠨᠠᠵᠤ ᠤᠯᠭᠤᠨ᠎ᠠ᠃
ᠣᠶᠤᠨᠴᠢᠯᠠᠭᠰᠠᠨ ᠬᠦᠭᠵᠢᠬᠦᠯᠤᠯᠳᠡ ᠵᠢᠨ ᠲᠠᠯ᠎ᠠ᠎ᠪᠠᠷ᠂ ᠤᠯᠤᠰ᠎ᠤᠨ ᠳᠤᠮᠳᠠ ᠪᠠᠭ᠎ᠠ ᠠᠵᠤ ᠠᠬᠤᠢ᠌ᠯᠠᠯ᠎ᠤᠨ ᠲᠣᠭ᠋ᠠᠴᠢᠯᠠᠭᠰᠠᠨ ᠬᠡᠯᠪᠡᠷᠢ ᠵᠢ ᠬᠤᠪᠢᠷᠠᠭᠤᠯᠬᠤ ᠬᠣᠲᠠ ᠵᠢᠨ ᠲᠤᠷᠰᠢᠯᠲᠠ ᠪᠠ ᠥᠪᠡᠷᠲᠡᠭᠡᠨ ᠵᠠᠰᠠᠬᠤ ᠣᠷᠣᠨ᠎ᠤ ᠦᠢ᠍ᠯᠡᠳᠬᠦ ᠦᠢ᠍ᠯᠡᠰ᠎ᠤᠨ ᠲᠣᠭ᠋ᠠᠴᠢᠯᠠᠭᠰᠠᠨ ᠬᠡᠯᠪᠡᠷᠢ ᠵᠢ ᠬᠤᠪᠢᠷᠠᠭᠤᠯᠬᠤ ᠲᠤᠷᠰᠢᠯᠲᠠ ᠵᠢᠨ ᠴᠡᠭ᠎ᠲᠤ ᠵᠢᠭᠰᠠᠭ᠋ᠠᠭᠳᠠᠭᠰᠠᠨ ᠠᠢ᠌ᠮᠠᠭ ᠬᠣᠲᠠ᠎ᠳᠤ 5000 ᠲᠦᠮᠡᠨ ᠲᠥᠭᠥᠷᠢᠭ᠎ᠤᠨ ᠱᠠᠩᠨᠠᠯ ᠨᠥᠬᠥᠪᠦᠷᠢ ᠣᠯᠭᠣᠨ᠎ᠠ᠃ ᠠᠩᠬᠠᠨ᠎ᠤ ᠬᠡᠪᠯᠡᠯ᠎ᠤᠨ ᠵᠥᠭᠡᠯᠡᠨ ᠲᠣᠨᠣᠭ᠎ᠲᠤ ᠪᠣᠷᠣᠯᠠᠭᠤᠯᠤᠯᠲᠠ ᠵᠢᠨ ᠶᠡᠷᠦᠩᠬᠡᠢ ᠲᠣᠭ᠋ᠠᠨ᠎ᠤ 20%᠎ᠪᠠᠷ ᠱᠠᠩᠨᠠᠯ ᠨᠥᠬᠥᠪᠦᠷᠢ ᠣᠯᠭᠣᠨ᠎ᠠ᠃ ᠠᠵᠤ ᠠᠬᠤᠢ᠌ᠯᠠᠯ᠎ᠤᠨ ᠰᠢᠨ᠎ᠡ᠎ᠪᠠᠷ ᠨᠡᠭᠡᠭᠡᠨ ᠬᠥᠭᠵᠢᠭᠦᠯᠦᠭᠰᠡᠨ ᠠᠵᠤ ᠦᠢ᠍ᠯᠡᠳᠪᠦᠷᠢ ᠵᠢᠨ ᠵᠥᠭᠡᠯᠡᠨ ᠲᠣᠨᠣᠭ᠎ᠲᠤ ᠰᠤᠳᠤᠯᠤᠨ ᠨᠡᠭᠡᠭᠡᠬᠦ ᠣᠷᠣᠭᠤᠯᠤᠯᠲᠠ ᠵᠢᠨ 20%᠎ᠪᠠᠷ ᠱᠠᠩᠨᠠᠯ ᠨᠥᠬᠥᠪᠦᠷᠢ ᠣᠯᠭᠣᠨ᠎ᠠ᠃
ᠪᠣᠬᠢᠷᠲᠤᠯ ᠦᠭᠡᠢ ᠬᠦᠭᠵᠢᠬᠦᠯᠤᠯᠳᠡ ᠵᠢᠨ ᠲᠠᠯ᠎ᠠ᠎ᠪᠠᠷ᠂ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠳᠤ ᠡᠨᠧᠷᠭᠢ ᠠᠷᠪᠢᠯᠠᠬᠤ᠂ ᠤᠰᠤ ᠠᠷᠪᠢᠯᠠᠬᠤ ᠬᠡᠮᠵᠢᠶ᠎ᠡ᠎ᠪᠠᠷ ᠱᠠᠩᠨᠠᠯ ᠨᠥᠬᠥᠪᠦᠷᠢ ᠣᠯᠭᠣᠨ᠎ᠠ ᠃ ᠲᠣᠮᠣ ᠳ᠋ᠠᠢ᠌ᠲ᠋ᠠ ᠵᠢᠨ ᠲᠥᠪ᠎ᠤᠨ ᠴᠠᠬᠢᠯᠭ᠋ᠠᠨ ᠡᠭᠦᠰᠬᠡᠭᠴᠢ ᠵᠢᠨ ᠬᠡᠷᠡᠭᠯᠡᠯᠲᠡ ᠵᠢᠨ ᠦᠷ᠎ᠡ ᠪᠦᠲᠦᠮᠵᠢ (PUE ᠬᠡᠮᠵᠢᠭᠳᠡᠯ) ᠵᠢ ᠠᠩᠬ᠎ᠠ ᠤᠳᠠᠭ᠎ᠠ 1.3 ᠪᠣᠯᠲᠠᠯ᠎ᠠ ᠪᠠᠭᠤᠷᠠᠭᠤᠯᠤᠭᠰᠠᠨ ᠪᠤᠯ ᠮᠡᠷᠭᠡᠵᠢᠯ᠎ᠤᠨ ᠥᠭᠡᠷᠡᠴᠢᠯᠡᠯᠲᠡ ᠵᠢᠨ ᠪᠡᠯᠡ ᠣᠷᠣᠭᠤᠯᠤᠯᠲᠠ ᠵᠢᠨ ᠲᠣᠭ᠋ᠠᠨ᠎ᠤ 10%᠎ᠪᠠᠷ ᠱᠠᠩᠨᠠᠯ ᠨᠥᠬᠥᠪᠦᠷᠢ ᠣᠯᠭᠣᠨ᠎ᠠ᠃ ᠰᠢᠨ᠎ᠡ᠎ᠪᠠᠷ ᠪᠠᠢ᠌ᠭᠤᠯᠤᠭᠰᠠᠨ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠪᠠ ᠲᠠᠬᠢᠨ ᠠᠰᠢᠬᠯᠠᠵᠤ ᠪᠤᠯᠬᠤ ᠡᠬᠢ ᠪᠠᠶᠠᠯᠢᠭ᠎ᠤᠨ ᠳᠣᠲᠣᠷᠠᠬᠢ ᠬᠠᠶᠠᠭᠳᠠᠮᠠᠯ ᠰᠦᠯᠢᠶᠥᠦ᠂ ᠬᠠᠶᠠᠭᠳᠠᠮᠠᠯ ᠴᠠᠭ᠋ᠠᠰᠤ ᠵᠢ ᠬᠤᠷᠢᠶᠠᠨ᠂ ᠡᠳ᠋ᠰᠢᠭᠦᠯᠦᠨ ᠠᠰᠢᠭᠯᠠᠬᠤ ᠲᠥᠷᠥᠯ ᠵᠦᠢ᠍ᠯ᠎ᠳᠤ ᠵᠣᠬᠢᠬᠤ ᠱᠠᠩᠨᠠᠯ ᠨᠥᠬᠥᠪᠦᠷᠢ ᠣᠯᠭᠣᠨ᠎ᠠ᠃ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠵᠢ ᠪᠠᠭ᠎ᠠ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠂ ᠨᠡᠭᠦᠷᠡᠰᠦᠲᠥ᠋ᠷᠥᠭᠴᠢ ᠦᠭᠡᠢ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠲᠤ ᠵᠣᠬᠢᠬᠤ ᠱᠠᠩᠨᠠᠯ ᠨᠥᠬᠥᠪᠦᠷᠢ ᠣᠯᠭᠣᠨ᠎ᠠ᠃
ᠰᠢᠨ᠎ᠡ ᠵᠢ ᠡᠭᠦᠳᠬᠦ ᠬᠦᠭᠵᠢᠬᠦᠯᠤᠯᠳᠡ ᠵᠢᠨ ᠲᠠᠯ᠎ᠠ ᠪᠠᠷ᠂ ᠰᠢᠨ᠎ᠡ᠎ᠪᠠᠷ ᠪᠠᠢ᠌ᠭᠤᠯᠤᠭᠰᠠᠨ ᠤᠯᠤᠰ᠎ᠤᠨ ᠳᠡᠰ᠎ᠤᠨ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠢ᠍ᠯᠡᠳᠬᠦ ᠦᠢ᠍ᠯᠡᠰ᠎ᠤᠨ ᠰᠢᠨ᠎ᠡ ᠵᠢ ᠡᠭᠦᠳᠬᠦ ᠲᠥᠪ᠂ ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ ᠵᠢᠨ ᠲᠥᠪ᠎ᠲᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨ᠎ᠡ᠎ᠪᠠᠷ ᠦᠨᠡᠯᠡᠭᠰᠡᠨ ᠠᠵᠤ ᠠᠬᠤᠢ᠌ᠯᠠᠯ᠎ᠤᠨ ᠮᠡᠷᠭᠡᠵᠢᠯ᠎ᠤᠨ ᠲᠥᠪ᠎ᠲᠤ᠂ ᠤᠯᠤᠰ᠎ᠤᠨ ᠰᠢᠨ᠎ᠡ᠎ᠪᠠᠷ ᠦᠨᠡᠯᠡᠭᠰᠡᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠂ ᠪᠥᠬᠥ ᠤᠯᠤᠰ᠎ᠤᠨ 《ᠶᠠᠰᠤ ᠴᠢᠨᠠᠷ᠎ᠤᠨ ᠬᠡᠪ ᠳᠠᠭᠤᠷᠢᠶᠠᠯ》 ᠠᠵᠤ ᠠᠬᠤᠢ᠌ᠯᠠᠯ᠂ ᠣᠯᠠᠨ ᠤᠯᠤᠰ᠎ᠤᠨ᠂ ᠤᠯᠤᠰ (ᠠᠵᠢᠯ ᠲᠥᠷᠥᠯ)᠎ᠤᠨ ᠪᠠᠷᠢᠮᠵᠢᠶ᠎ᠠ ᠵᠢ ᠭᠣᠣᠯᠯᠠᠨ ᠲᠣᠭᠲᠠᠭ᠋ᠠᠭᠰᠠᠨ ᠠᠵᠤ ᠠᠬᠤᠢ᠌ᠯᠠᠯ᠂ ᠣᠯᠠᠨ ᠤᠯᠤᠰ᠎ᠤᠨ᠂ ᠤᠯᠤᠰ (ᠠᠵᠢᠯ ᠲᠥᠷᠥᠯ)᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠣᠷᠣᠯᠴᠠᠭᠰᠠᠨ ᠠᠵᠤ ᠠᠬᠤᠢ᠌ᠯᠠᠯ᠎ᠳᠤ ᠰᠤᠳᠤᠯᠤᠨ ᠨᠡᠭᠡᠭᠡᠬᠦ ᠵᠠᠷᠤᠳᠠᠯ᠎ᠤᠨ ᠱᠠᠩᠨᠠᠯ ᠨᠥᠬᠥᠪᠦᠷᠢ ᠵᠢ ᠨᠢᠭᠡ ᠯᠨ ᠤᠳᠠᠭ᠎ᠠ ᠳᠤ ᠣᠯᠭᠣᠨ᠎ᠠ᠃ ᠰᠢᠨ᠎ᠡ ᠬᠢᠮᠢ ᠵᠢᠨ ᠡᠮ᠎ᠤᠨ ᠵᠦᠢ᠍ᠯ᠎ᠤᠨ ᠳᠠᠩᠰᠠᠯᠠᠯᠲᠠ᠎ᠪᠠᠷ ᠲᠥᠷᠥᠯ ᠬᠤᠪᠢᠶᠠᠨ ᠳᠠᠩᠰᠠᠯᠠᠭᠤᠯᠬᠤ᠎ᠪᠠᠷ ᠭᠤᠶᠤᠴᠢᠯᠠᠭ᠋ᠠᠳ ᠵᠥᠪᠰᠢᠶᠡᠷᠡᠯ ᠣᠯᠣᠭᠰᠠᠨ ᠪᠤᠶᠤ ᠳᠠᠭᠤᠷᠢᠶᠠᠮᠠᠯ ᠡᠮ᠎ᠤᠨ ᠨᠢᠭᠡᠳᠦᠯᠲᠦ ᠴᠢᠨᠠᠷ᠎ᠤᠨ ᠦᠨᠡᠯᠡᠯᠲᠡ ᠵᠢ ᠲᠠᠪᠠᠬᠰᠠᠨ ᠡᠮ᠎ᠤᠨ ᠵᠦᠢ᠍ᠯ᠎ᠤᠨ ᠲᠥᠷᠥᠯ ᠵᠦᠢ᠍ᠯ᠎ᠢ ᠨᠢᠭᠡ ᠯᠨ ᠤᠳᠠᠭ᠎ᠠ ᠱᠠᠩᠨᠠᠵᠤ ᠨᠥᠬᠥᠪᠦᠷᠢᠯᠡᠨ᠎ᠡ᠃
ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠣᠢ᠌ᠵᠢᠭᠤᠯᠬᠤ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠠᠴᠠ ᠦᠨᠡᠯᠡᠭᠰᠡᠨ ᠰᠢᠨ᠎ᠡ ᠵᠢ ᠡᠭᠦᠳᠬᠦ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠂ 《ᠲᠤᠰᠬᠠᠢ᠂ ᠨᠠᠷᠢᠯᠢᠭ᠂ ᠣᠨᠴᠠ᠂ ᠰᠢᠨ᠎ᠡ》 ᠳᠤᠮᠳᠠ ᠵᠢᠵᠢᠭ ᠠᠵᠤ ᠠᠬᠤᠢ᠌ᠯᠠᠯ ᠪᠠ ᠪᠠᠭ᠎ᠠ ᠪᠤᠯᠪᠠᠴᠤ ᠶᠡᠬᠡ ᠵᠢ ᠪᠦᠳᠤᠬᠡᠵᠤ ᠪᠠᠢ᠌ᠭ᠎ᠠ ᠠᠵᠤ ᠠᠬᠤᠢ᠌ᠯᠠᠯ᠎ᠳᠤ᠂ ᠰᠢᠨ᠎ᠡ᠎ᠪᠠᠷ ᠦᠨᠡᠯᠡᠭᠰᠡᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠤᠮᠳᠠ ᠵᠢᠵᠢᠭ ᠠᠵᠤ ᠠᠬᠤᠢ᠌ᠯᠠᠯ᠎ᠤᠨ ᠣᠨᠴᠠᠯᠢᠭᠲᠤ ᠠᠵᠤ ᠦᠢ᠍ᠯᠡᠰ᠎ᠤᠨ ᠪᠦᠯᠦᠭᠯᠡᠯ ᠪᠠ ᠤᠯᠤᠰ᠎ᠤᠨ ᠲᠠᠰ᠎ᠤᠨ ᠳᠤᠮᠳᠠ ᠵᠢᠵᠢᠭ ᠠᠵᠤ ᠠᠬᠤᠢ᠌ᠯᠠᠯ᠎ᠤᠨ ᠣᠨᠴᠠᠯᠢᠭᠲᠤ ᠠᠵᠤ ᠦᠢ᠍ᠯᠡᠰ᠎ᠤᠨ ᠪᠦᠯᠦᠭᠯᠡᠯ᠎ᠳᠤ ᠨᠢᠭᠡ ᠯᠨ ᠤᠳᠠᠭ᠎ᠠ ᠵᠢᠨ ᠱᠠᠩᠨᠠᠯ ᠨᠥᠬᠥᠪᠦᠷᠢ ᠣᠯᠭᠣᠨ᠎ᠠ᠃ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠢ᠍ᠯᠡᠳᠬᠦ ᠦᠢ᠍ᠯᠡᠰ᠎ᠤᠨ ᠭᠠᠭᠴᠠ ᠵᠦᠢ᠍ᠯ᠎ᠤᠨ ᠮᠠᠩᠯᠠᠢ᠎ᠪᠠᠷ ᠦᠨᠡᠯᠡᠬᠦᠯᠦᠭᠰᠡᠨ ᠠᠵᠤ ᠠᠬᠤᠢ᠌ᠯᠠᠯ᠎ᠳᠤ ᠨᠢᠬᠡ ᠯᠨ ᠤᠳᠠᠭ᠎ᠠ ᠵᠢᠨ ᠱᠠᠩᠨᠠᠯ ᠨᠥᠬᠥᠪᠦᠷᠢ ᠣᠯᠭᠣᠨ᠎ᠠ᠃
ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠂ ᠪᠡᠯᠡ ᠮᠥᠩᠭᠥ ᠵᠢ ᠲᠥᠪᠯᠡᠷᠡᠭᠦᠯᠵᠦ ᠪᠠᠢ᠌ᠭ᠋ᠠᠳ ᠶᠡᠷᠦᠩᠬᠡᠢ᠌ᠯᠡᠭᠰᠡᠨ ᠪᠣᠳᠠᠲᠤ ᠬᠦᠴᠦᠨ ᠴᠢᠩᠭ᠎ᠠ᠂ ᠪᠣᠳᠠᠲᠠᠢ᠌ᠵᠢᠭᠤᠯᠤᠭᠰᠠᠨ ᠲᠥᠷᠥᠯ ᠵᠦᠢ᠍ᠯ ᠣᠯᠠᠨ᠂ ᠡᠷᠴᠢᠮᠵᠢᠭᠦᠯᠦᠨ ᠬᠥᠭᠵᠢᠭᠦᠯᠬᠦ ᠲᠦᠪᠰᠢᠨ ᠥᠨᠳᠥᠷ᠂ ᠠᠵᠤ ᠦᠢ᠍ᠯᠡᠰ᠎ᠤᠨ ᠲᠠᠭ᠋ᠠᠭ᠋ᠠᠴᠨ ᠰᠠᠢ᠌ᠳᠠᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠰᠠᠭᠤᠷᠢ ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ᠎ᠳᠤ ᠨᠥᠬᠥᠪᠦᠷᠢ ᠣᠯᠭᠣᠨ᠎ᠠ᠃