《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠤᠭᠲᠠᠭ᠋ᠠᠯ》 (《ᠲᠤᠭᠲᠠᠭ᠋ᠠᠯ》 ᠭᠡᠵᠦ ᠲᠣᠪᠴᠢᠯᠠᠨ᠎ᠠ)᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ ᠪᠣᠯᠣᠨ ᠠᠮᠤᠷ ᠠᠮᠤᠭᠤᠯᠠᠩ ᠵᠠᠭ᠋ᠠᠭ ᠤᠷᠤᠨ᠎ᠤ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠢ ᠭᠦᠨᠵᠡᠭᠡᠢ ᠣᠢ᠌ᠯᠠᠭ᠋ᠠᠵᠦ᠂ ᠬᠠᠤᠯᠢ ᠲᠤᠭᠲᠠᠭ᠋ᠠᠨ ᠵᠠᠰᠠᠪᠤᠷᠢ ᠣᠷᠣᠭᠤᠯᠬᠤ ᠠᠵᠢᠯ᠎ᠤᠨ ᠬᠠᠨᠳᠤᠯᠭ᠋ᠠᠲᠤ ᠴᠢᠨᠠᠷ ᠪᠠ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠠᠮᠤᠷ ᠠᠮᠤᠭᠤᠯᠠᠩ ᠵᠠᠭ᠋ᠠᠭ ᠣᠷᠤᠨ᠎ᠤ ᠦᠷ᠎ᠡ ᠪᠦᠲᠦᠭᠡᠯ᠎ᠢ ᠪᠡᠬᠢᠵᠢᠭᠦᠯᠬᠦ ᠵᠢᠨ ᠲᠤᠰᠠᠳᠠ᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠲᠤᠭᠲᠠᠭ᠋ᠠᠯ〉᠎ᠳᠤ ᠵᠠᠰᠠᠪᠤᠷᠢ ᠣᠷᠣᠭᠤᠯᠵᠣ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠬᠤ ᠲᠥᠰᠥᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠡᠳᠡᠭᠳᠡᠯ》᠎ᠤᠨ ᠱᠠᠭ᠋ᠠᠷᠳᠠᠯᠭ᠎ᠠ ᠪᠠ ᠭᠣᠣᠯ ᠰᠡᠳᠦᠪᠲᠦ ᠬᠥᠮᠦᠵᠢᠯ᠎ᠤᠨ ᠶᠡᠬᠡ᠎ᠪᠠᠷ ᠪᠠᠢ᠌ᠴᠠᠭ᠋ᠠᠨ ᠰᠤᠳᠤᠯᠬᠤ ᠠᠵᠢᠯᠯᠠᠭ᠎ᠠ ᠵᠢᠨ ᠲᠣᠬᠢᠷᠠᠭᠤᠯᠤᠯᠲᠠ᠎ᠪᠠᠷ ᠵᠠᠰᠠᠭ ᠵᠠᠬᠢᠷᠭ᠋ᠠᠨ᠎ᠤ ᠤᠷᠤᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ᠎ᠤᠨ ᠵᠠᠩ ᠲᠢᠶᠠᠨ ᠱᠦᠨ ᠨᠠᠷ 7 ᠳ᠋ᠤᠭ᠋ᠠᠷ ᠰᠠᠷ᠎ᠠ ᠵᠢᠨ 25᠎ᠠᠴᠠ 29᠎ᠤ ᠡᠳᠦᠷ ᠰᠢᠯᠢ ᠵᠢᠨ ᠭᠣᠣᠯ ᠠᠢ᠌ᠮᠠᠭ᠂ ᠤᠯᠠᠭ᠋ᠠᠨᠬᠠᠳᠠ ᠬᠣᠲᠠ᠎ᠳᠤ 《ᠲᠤᠭᠲᠠᠭ᠋ᠠᠯ》᠎ᠳᠤ ᠵᠠᠰᠠᠪᠤᠷᠢ ᠣᠷᠣᠭᠤᠯᠵᠤ ᠬᠠᠤᠯᠢ ᠲᠣᠭᠲᠠᠭ᠋ᠠᠬᠤ᠂ ᠠᠮᠤᠷ ᠠᠮᠤᠭᠤᠯᠠᠩ ᠬᠢᠯᠢ ᠵᠢᠨ ᠵᠠᠭ᠋ᠠᠭ᠎ᠤᠨ ᠪᠦᠲᠦᠭᠡᠨ ᠪᠠᠢ᠌ᠭᠤᠯᠬᠣ ᠵᠢ ᠪᠠᠢ᠌ᠴᠠᠭ᠋ᠠᠨ ᠰᠤᠳᠤᠯᠪᠡ᠃
ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ 25᠂ 26᠎ᠤ ᠡᠳᠤᠷ ᠰᠢᠯᠢ ᠵᠢᠨ ᠭᠣᠣᠯ ᠠᠢ᠌ᠮᠠᠭ᠎ᠤᠨ ᠰᠢᠯᠤᠭᠤᠨ ᠬᠥᠬᠡ ᠬᠣᠰᠢᠭᠤᠨ᠎ᠤ ᠱᠠᠩᠳᠤ ᠪᠠᠯᠭ᠋ᠠᠰᠤ ᠪᠠ ᠰᠢᠯᠢ ᠵᠢᠨ ᠬᠤᠲᠠ᠎ᠳᠤ ᠬᠦᠷᠴᠦ ᠵᠠᠮ ᠵᠡᠭᠡᠯᠢ ᠭᠤᠲᠤᠮᠵᠢ᠎ᠪᠠᠷ ᠲᠤᠬᠢᠷᠠᠭᠤᠯᠤᠭᠰᠠᠨ ᠭᠠᠵᠠᠷ᠎ᠤᠨ ᠨᠡᠷᠡᠰ᠎ᠤᠨ ᠲᠡᠮᠳᠡᠭ ᠫᠠᠢ᠌ᠰᠠ ᠵᠢ ᠪᠠᠢ᠌ᠴᠠᠭ᠋ᠠᠨ ᠦᠵᠡᠵᠦ᠂ ᠲᠤᠬᠠᠢ ᠵᠢᠨ ᠭᠠᠵᠠᠷ᠎ᠤᠨ ᠭᠠᠵᠠᠷ᠎ᠤᠨ ᠨᠡᠷᠡᠰ᠎ᠤᠨ ᠲᠡᠮᠳᠡᠭ ᠫᠠᠢ᠌ᠰᠠ ᠵᠢᠨ ᠬᠠᠮᠢᠶᠠᠷᠤᠯᠲᠠ ᠵᠢᠨ ᠪᠠᠢ᠌ᠳᠠᠯ᠎ᠢ ᠣᠢ᠌ᠯᠠᠭ᠋ᠠᠪᠠ᠃
27᠎ᠤ ᠡᠳᠤᠷ ᠰᠢᠯᠢ ᠵᠢᠨ ᠬᠣᠲᠠ᠎ᠳᠤ 《ᠲᠣᠭᠲᠠᠭ᠋ᠠᠯ》᠎ᠳᠤ ᠵᠠᠰᠠᠪᠤᠷᠢ ᠣᠷᠣᠭᠤᠯᠵᠣ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠬᠤ ᠵᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠰᠢᠯᠢ ᠵᠢᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ 《ᠲᠣᠭᠲᠠᠭ᠋ᠠᠯ》᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠮᠡᠳᠡᠬᠦᠯᠤᠯᠳᠡ ᠵᠢ ᠰᠣᠨᠣᠰᠴᠤ᠂ ᠰᠢᠯᠢ ᠵᠢᠨ ᠭᠣᠣᠯ ᠠᠢ᠌ᠮᠠᠭ᠎ᠤᠨ ᠬᠠᠮᠢᠶ᠎ᠠ ᠪᠦᠬᠦᠢ ᠨᠢᠭᠡᠴᠢ ᠪᠤᠯᠤᠨ ᠰᠢᠯᠢ ᠵᠢᠨ ᠬᠣᠲᠠ ᠵᠢᠨ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠵᠥᠪᠯᠡᠯ᠎ᠤᠨ ᠪᠦᠷᠢᠯᠳᠦᠭᠦᠨ ᠨᠢᠭᠡᠴᠢ ᠵᠢᠨ᠎ᠬᠢᠨ ᠪᠠᠢ᠌ᠴᠠᠭ᠋ᠠᠨ ᠰᠤᠳᠤᠯᠤᠯᠲᠠ ᠵᠢᠨ ᠭᠣᠣᠯ ᠰᠡᠳᠦᠪ᠎ᠤᠨ ᠲᠣᠭᠣᠷᠢᠨ᠎ᠳᠤ ᠰᠠᠨᠠᠯ ᠵᠶ᠋ᠠᠨ ᠰᠤᠯᠢᠯᠴᠠᠪᠠ᠃
ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠰᠢᠯᠢ ᠵᠢᠨ ᠬᠤᠲᠠ ᠵᠢᠨ ᠪᠠᠶᠠᠨ ᠬᠦᠷᠢᠶ᠎ᠡ ᠮᠠᠯᠵᠢᠯ᠎ᠤᠨ ᠲᠠᠯᠠᠪᠠᠢ᠎ᠳᠤ ᠪᠠᠢ᠌ᠴᠠᠭ᠋ᠠᠨ ᠰᠤᠳᠤᠯᠤᠯᠲᠠ ᠬᠢᠵᠦ᠂ ᠮᠠᠯᠵᠢᠯ᠎ᠤᠨ ᠲᠠᠯᠠᠪᠠᠢ ᠵᠢᠨ ᠬᠠᠷᠢᠭᠤᠴᠠᠯᠭ᠋ᠠᠲᠠᠨ᠎ᠤ ᠰᠢᠯᠢ ᠵᠢᠨ ᠬᠤᠲᠠ ᠪᠣᠯᠣᠨ ᠤᠯᠠᠭ᠋ᠠᠨᠬᠠᠳᠠ ᠬᠤᠳᠠ ᠵᠢᠨ ᠬᠡᠰᠢᠭᠲᠡᠨ ᠬᠣᠰᠢᠭᠤᠨ᠎ᠤ ᠬᠦᠷᠰᠢᠯᠡᠵᠦ ᠪᠦᠬᠦᠢ ᠵᠠᠭ᠋ᠠᠭ᠎ᠤᠨ ᠣᠷᠤᠨ᠎ᠤ ᠬᠠᠮᠢᠶᠠᠷᠤᠯᠲᠠ ᠵᠢᠨ ᠪᠠᠢ᠌ᠳᠠᠯ᠎ᠢ ᠨᠠᠷᠢᠨ ᠬᠢᠨᠠᠮᠠᠭ᠋ᠠᠢ ᠰᠣᠨᠣᠰᠤᠭᠰᠠᠨ ᠪᠥᠭᠡᠳ ᠣᠷᠣᠰᠢᠵᠤ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ ᠵᠠᠭᠤᠷᠠᠯᠳᠤᠭ᠋ᠠᠨ᠎ᠢ ᠰᠡᠷᠭᠡᠢ᠌ᠯᠡᠨ ᠰᠢᠢ᠍ᠳᠪᠦᠷᠢᠯᠡᠬᠦ ᠰᠠᠨᠠᠭᠤᠯᠭ᠎ᠠ ᠪᠠ ᠱᠠᠭ᠋ᠠᠷᠳᠠᠯᠭ᠎ᠠ ᠵᠢ ᠳᠤᠷᠠᠳᠴᠤ᠂ ᠠᠮᠤᠷ ᠠᠮᠤᠭᠤᠯᠠᠩ ᠵᠠᠭ᠋ᠠᠭ᠎ᠤᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠪᠦᠲᠦᠮᠵᠢᠲᠡᠢ ᠠᠬᠢᠭᠤᠯᠬᠤ᠎ᠳᠤ ᠵᠢᠯᠣᠭᠣᠳᠤᠯᠭ᠎ᠠ ᠬᠠᠩᠭ᠋ᠠᠪᠠ᠃
28᠎ᠤ ᠡᠳᠦᠷ ᠤᠯᠠᠭ᠋ᠠᠨᠬᠠᠳᠠ ᠬᠣᠲᠠ ᠵᠢᠨ ᠯᠢᠨᠰᠢ ᠰᠢᠶᠠᠨ᠎ᠤ ᠯᠢᠨᠰᠢ ᠪᠠᠯᠭ᠋ᠠᠰᠤᠨ᠎ᠳᠤ 《ᠲᠣᠭᠲᠠᠭ᠋ᠠᠯ》᠎ᠳᠤ ᠵᠠᠰᠠᠪᠤᠷᠢ ᠣᠷᠣᠭᠤᠯᠵᠣ ᠬᠠᠤᠯᠢ ᠲᠤᠭᠲᠠᠭ᠋ᠠᠬᠤ ᠵᠢᠨ ᠪᠠᠢ᠌ᠴᠠᠭ᠋ᠠᠨ ᠰᠤᠳᠤᠯᠤᠯᠲᠠ ᠵᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠯᠢᠨᠰᠢ ᠰᠢᠶᠠᠨ᠎ᠤ ᠵᠠᠰᠠᠭ᠎ᠤᠨ ᠣᠷᠳᠣᠨ᠎ᠤ ᠬᠢᠨᠨ ᠯᠢᠨᠰᠢ ᠰᠢᠶᠠᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠥᠷᠨᠢᠭᠦᠯᠦᠭᠰᠡᠨ ᠪᠠᠢ᠌ᠳᠠᠯ᠎ᠢ ᠬᠠᠷᠢᠭᠤ ᠮᠡᠳᠡᠬᠦᠯᠵᠤ᠂ ᠯᠢᠨᠰᠢ ᠰᠢᠶᠠᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠵᠥᠪᠯᠡᠯ᠎ᠤᠨ ᠪᠦᠷᠢᠯᠳᠦᠭᠦᠨ ᠨᠢᠭᠡᠴᠢ ᠪᠣᠯᠣᠨ ᠲᠦᠩ ᠪᠦ᠋ ᠪᠠᠯᠭ᠋ᠠᠰᠤᠨ᠎ᠤ ᠤᠳᠤᠷᠢᠳᠤᠯᠭ᠎ᠠ ᠨᠠᠷ ᠰᠠᠨᠠᠯ ᠵᠶ᠋ᠠᠨ ᠰᠤᠯᠢᠯᠴᠠᠪᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ 《ᠲᠣᠭᠲᠠᠭ᠋ᠠᠯ》᠎ᠳᠤ ᠵᠠᠰᠠᠪᠤᠷᠢ ᠣᠷᠣᠭᠤᠯᠬᠤ ᠠᠵᠢᠯ᠎ᠢ ᠬᠡᠷᠬᠢᠨ ᠠᠬᠢᠭᠤᠯᠬᠤ ᠲᠠᠯ᠎ᠠ᠎ᠪᠠᠷ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠰᠣᠨᠣᠰᠴᠤ᠂ ᠰᠢᠨ᠎ᠡ᠎ᠪᠠᠷ ᠨᠡᠢ᠌ᠲᠡᠯᠡᠨ ᠬᠡᠷᠡᠭᠵᠢᠭᠦᠯᠦᠭᠰᠡᠨ 《ᠭᠠᠵᠠᠷ᠎ᠤᠨ ᠨᠡᠷᠡᠰ᠎ᠢ ᠪᠦᠷᠢᠳᠬᠡᠨ ᠳᠠᠩᠰᠠᠯᠠᠭᠤᠯᠵᠣ ᠵᠠᠷᠯᠠᠨ ᠨᠡᠶ᠋ᠢᠲᠡᠯᠡᠬᠦ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠠᠭᠤᠯᠭ᠎ᠠ ᠵᠢ ᠲᠠᠢ᠌ᠯᠪᠤᠷᠢᠯᠠᠪᠠ᠃
ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ 29᠎ᠤ ᠦᠳᠡ ᠵᠢᠨ ᠡᠮᠦᠨ᠎ᠡ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠴᠢᠪᠠᠭ᠎ᠠ ᠪᠠᠯᠭ᠋ᠠᠰᠤ ᠪᠠ ᠱᠤᠸᠠᠩ ᠱᠧᠩ ᠪᠠᠯᠭ᠋ᠠᠰᠤᠨ᠎ᠳᠤ ᠬᠦᠷᠴᠦ ᠵᠠᠰᠠᠮᠠᠯ ᠵᠠᠮ᠎ᠤᠨ ᠬᠠᠵᠠᠭᠤᠳᠡᠬᠢ ᠭᠠᠵᠠᠷ᠎ᠤᠨ ᠨᠡᠷᠡᠰ᠎ᠤᠨ ᠲᠡᠮᠳᠡᠭ ᠫᠠᠢ᠌ᠰᠠ ᠪᠠ ᠡᠷᠦᠬᠡ ᠵᠢᠨ ᠡᠭᠦᠳᠡᠨ ᠫᠠᠢ᠌ᠰᠠ ᠵᠢ ᠪᠠᠢ᠌ᠴᠠᠭ᠋ᠠᠨ ᠦᠵᠡᠵᠦ᠂ ᠠᠷᠤ ᠬᠣᠷᠴᠢᠨ ᠬᠣᠰᠢᠭᠤᠨ᠎ᠤ ᠭᠠᠵᠠᠷ᠎ᠤᠨ ᠨᠡᠷᠡᠰ᠎ᠤᠨ ᠲᠡᠮᠳᠡᠭ ᠫᠠᠢ᠌ᠰᠠ ᠵᠢ ᠪᠢᠴᠢᠵᠦ ᠪᠠᠢ᠌ᠭ᠎ᠠ ᠪᠠᠢ᠌ᠳᠠᠯ᠎ᠢ ᠣᠢ᠌ᠯᠠᠭ᠋ᠠᠪᠠ᠃
ᠪᠠᠢ᠌ᠴᠠᠭ᠋ᠠᠨ ᠰᠤᠳᠤᠯᠤᠯᠲᠠ᠎ᠪᠠᠷ ᠮᠠᠨ᠎ᠤ ᠣᠷᠣᠨ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ》 ᠪᠠ 《ᠲᠣᠭᠲᠠᠭ᠋ᠠᠯ》᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠨᠠᠩ ᠪᠥᠬᠥ ᠲᠠᠯ᠎ᠠ᠎ᠪᠠᠷ ᠣᠢ᠌ᠯᠠᠭ᠋ᠠᠵᠤ᠂ ᠮᠠᠨ᠎ᠤ ᠣᠷᠣᠨ᠎ᠤ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠲᠦᠷᠢᠮᠵᠢᠭᠦᠯᠦᠨ᠂ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠠᠵᠢᠯ᠎ᠳᠤ ᠳᠦᠷᠢᠮᠵᠢᠭᠦᠯᠬᠦ᠎ᠠᠴᠠ ᠬᠠᠤᠯᠢ᠎ᠲᠠᠢ᠂ ᠵᠢᠷᠤᠮᠯᠠᠬᠤ᠎ᠠᠴᠠ ᠳᠦᠷᠢᠮ᠎ᠲᠠᠢ ᠰᠠᠢ᠌ᠨ ᠰᠠᠢ᠌ᠬᠠᠨ ᠪᠠᠢ᠌ᠳᠠᠯ᠎ᠢ ᠪᠣᠶ ᠪᠣᠯᠭ᠋ᠠᠬᠤ᠎ᠳᠤ ᠰᠠᠭᠤᠷᠢ ᠲᠠᠯᠪᠢᠪᠠ᠃