ᠤᠷᠢᠬᠠᠨ ᠮᠡᠳᠡᠭᠡᠯᠡᠪᠡ
ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠠᠵᠢᠯ᠎ᠤᠨ ᠬᠠᠤᠯᠢ ᠳᠦᠷᠢᠮᠵᠢᠯᠲᠡ᠂ ᠵᠢᠷᠤᠮᠵᠢᠭᠤᠯᠤᠯᠲᠠ ᠪᠠ ᠮᠡᠳᠡᠭᠡ ᠵᠠᠩᠭᠢᠵᠢᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠤ᠂ ᠮᠡᠳᠡᠭᠡ ᠵᠠᠩᠬᠢᠴᠢᠯᠠᠭᠰᠠᠨ ᠴᠠᠭ ᠦᠶ᠎ᠡ᠎ᠳᠤ ᠵᠣᠬᠢᠴᠠᠭᠰᠠᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠵᠤ᠂ ᠵᠠᠭ᠋ᠠᠭ ᠱᠤᠭᠤᠮ᠎ᠤᠨ ᠬᠠᠮᠢᠶᠠᠷᠤᠯᠲᠠ ᠵᠢᠨ ᠳᠤᠮᠳᠠ ᠣᠷᠳᠣ ᠬᠤᠭᠤᠴᠠᠭ᠋ᠠᠨ᠎ᠤ ᠲᠤᠷᠰᠢ᠎ᠳᠤ ᠲᠤᠯᠭ᠋ᠠᠷᠠᠭᠰᠠᠨ 《ᠵᠠᠭ᠋ᠠᠭ ᠱᠤᠭᠤᠮ᠎ᠤᠨ ᠮᠠᠲ᠋ᠧᠷᠢᠶᠠᠯ᠎ᠢ ᠬᠠᠳᠠᠭ᠋ᠠᠯᠠᠬᠤ᠎ᠳᠤ ᠬᠦᠴᠢᠷ᠂ ᠵᠠᠭ᠋ᠠᠭ ᠱᠤᠭᠤᠮ᠎ᠢ ᠲᠤᠬᠠᠢ ᠵᠢᠨ ᠭᠠᠵᠠᠷ᠎ᠲᠤᠨᠢ ᠵᠢᠭ᠋ᠠᠨ ᠲᠠᠨᠢᠬᠤ᠎ᠳᠤ ᠬᠦᠴᠢᠷ᠂ ᠵᠠᠭ᠋ᠠᠭ ᠱᠤᠭᠤᠮ᠎ᠳᠤ ᠬᠣᠯᠪᠣᠭᠳᠠᠬᠤ ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠬᠤ᠎ᠳᠤ ᠬᠦᠴᠢᠷ》 ᠵᠡᠷᠭᠡ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠬᠦ ᠵᠢᠨ ᠲᠦᠯᠦᠭᠡ᠂ ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠠᠵᠢᠯ᠎ᠤᠨ ᠳᠤᠮᠲᠠ᠎ᠪᠠᠨ ᠵᠤᠷᠰᠢᠯ᠎ᠤᠨ ᠠᠷᠭ᠎ᠠ ᠮᠠᠶᠢᠭ ᠵᠶ᠋ᠠᠨ ᠲᠠᠶᠠᠭᠳᠠᠵᠤ᠂ 《ᠣᠶᠤᠨᠴᠢᠯᠠᠬᠤ + ᠰᠠᠬᠢᠨ ᠬᠠᠮᠠᠭ᠋ᠠᠯᠠᠬᠤ + ᠠᠷᠠᠳ᠎ᠤᠨ ᠶᠠᠪᠤᠳᠠᠯ》 ᠬᠡᠮᠡᠬᠦ ᠰᠢᠨ᠎ᠡ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠰᠡᠳᠬᠢᠬᠦᠢ᠎ᠪᠠᠷ ᠮᠡᠳᠡᠭᠡ ᠵᠠᠩᠭᠢᠴᠢᠯᠠᠭᠰᠠᠨ᠂ ᠰᠢᠨᠵᠢᠯᠡᠬᠦ ᠤᠬᠠᠭ᠋ᠠᠨᠴᠢᠯᠠᠭᠰᠠᠨ ᠦᠭᠡᠷᠡᠴᠢᠯᠡᠯᠲᠡ ᠬᠢᠪᠡ᠃
ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 2022 ᠣᠨ᠎ᠳᠤ ᠡᠩ ᠲᠡᠷᠢᠭᠦᠨ᠎ᠳᠤ ᠂ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠤ 《ᠵᠠᠭ᠋ᠠᠭ ᠱᠤᠭᠤᠮ᠂ ᠵᠠᠭ᠋ᠠᠭ᠎ᠤᠨ ᠱᠣᠩ᠎ᠢ ᠣᠶᠤᠨᠴᠢᠯᠠᠵᠤ》 ᠬᠠᠮᠢᠶᠠᠷᠬᠤ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠬᠡᠷᠡᠭᠵᠢᠭᠦᠯᠪᠡ᠃ ᠪᠤᠰᠤᠳ ᠭᠠᠵᠠᠷ ᠣᠷᠣᠨ᠎ᠤ ᠵᠠᠭ᠋ᠠᠭ ᠱᠤᠭᠤᠮ ᠵᠠᠭ᠋ᠠᠭ᠎ᠤᠨ ᠱᠣᠩ᠎ᠤᠨ ᠬᠠᠮᠢᠶᠠᠷᠤᠯᠲᠠ᠎ᠲᠠᠢ ᠠᠳᠠᠯᠢ ᠦᠭᠡᠢ ᠲᠠᠯ᠎ᠠ᠎ᠨᠢ ᠭᠡᠪᠡᠯ᠂ ᠤᠷᠲᠤᠰ ᠬᠤᠲᠠ ᠵᠢᠨ 《ᠵᠠᠭ᠋ᠠᠭ ᠱᠤᠭᠤᠮ᠂ ᠵᠠᠭ᠋ᠠᠭ᠎ᠤᠨ ᠱᠣᠩ᠎ᠢ ᠣᠶᠤᠨᠴᠢᠯᠠᠬᠤ》 ᠰᠢᠰᠲ᠋ᠧᠮ᠎ᠤᠨ ᠭᠣᠣᠯᠳᠠᠯᠭ᠎ᠠ᠎ᠨᠢ ᠤᠶᠤᠨᠴᠢᠯᠠᠭᠰᠠᠨ ᠦᠢ᠍ᠯᠡᠴᠢᠯᠡᠭᠡ᠎ᠳᠤ᠎ᠪᠠᠨ ᠪᠠᠢ᠌ᠵᠤ᠂ ᠵᠢᠷᠤᠭ ᠦᠵᠡᠵᠦ ᠠᠵᠢᠯᠯᠠᠬᠤ᠂ ᠰᠢᠯᠵᠢᠮᠡᠯ ᠠᠯᠪᠠᠯᠠᠬᠤ᠂ ᠬᠠᠮᠵᠢᠯᠴᠠᠬᠤ ᠡᠭᠦᠷᠭᠡ ᠵᠢ ᠪᠡᠶᠡᠯᠡᠭᠦᠯᠪᠡ᠃ ᠡᠨᠡ᠎ᠨᠢ ᠮᠥᠨ ᠴᠦ᠍ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠢᠨᠲ᠋ᠧᠷ ᠰᠦᠯᠵᠢᠶ᠎ᠡ ᠵᠢ ᠨᠢᠭᠡ ᠴᠣᠭᠴᠠᠵᠢᠭᠤᠯᠤᠭᠰᠠᠨ ᠰᠢᠯᠵᠢᠮᠡᠯ ᠠᠯᠪᠠᠯᠠᠬᠤ ᠰᠢᠰᠲ᠋ᠧᠮ ᠪᠣᠯᠣᠨ᠎ᠠ᠃
《ᠵᠠᠭ᠋ᠠᠭ ᠱᠤᠭᠤᠮ᠂ ᠵᠠᠭ᠋ᠠᠭ᠎ᠤᠨ ᠱᠣᠩ᠎ᠢ ᠣᠶᠤᠨᠴᠢᠯᠠᠬᠤ》 ᠰᠢᠰᠲ᠋ᠧᠮ᠎ᠨᠢ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠴᠢᠭᠯᠡᠯᠲᠦ ᠬᠡᠮᠵᠢᠭᠳᠡᠬᠦᠨ᠎ᠤ ᠪᠠᠢ᠌ᠷᠢᠰᠢᠯ᠂ ᠲᠤᠳᠤᠴᠠ ᠰᠠᠢ᠌ᠲᠠᠢ ᠳᠠᠭ᠋ᠠᠭᠤᠯᠢ ᠣᠳᠣᠨ᠎ᠤ ᠵᠢᠷᠤᠭ᠂ ᠪᠤᠳᠠᠰᠯᠢᠭ ᠬᠤᠯᠪᠤᠭ᠋ᠠᠲᠤ ᠰᠦᠯᠵᠢᠶ᠎ᠡ᠂ ᠰᠢᠯᠵᠢᠮᠡᠯ ᠢᠨᠲ᠋ᠧᠷ ᠰᠦᠯᠵᠢᠶ᠎ᠡ ᠵᠡᠷᠭᠡ ᠮᠡᠷᠭᠡᠵᠢᠯ᠎ᠢ ᠭᠦᠢ᠍ᠴᠡᠳ ᠠᠰᠢᠭᠯᠠᠵᠤ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠲᠣᠭ᠎ᠠ ᠪᠠᠷᠢᠮᠲᠠ᠎ᠳᠤ ᠮᠡᠳᠡᠭᠡ ᠵᠠᠩᠭᠢ ᠵᠢᠨ ᠦᠵᠡᠭᠳᠡᠮᠡᠯ ᠬᠠᠮᠢᠶᠠᠷᠤᠯᠲᠠ ᠬᠢᠵᠦ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠳᠤ ᠪᠦᠲᠦᠮᠵᠢᠲᠡᠶ᠎ᠪᠠᠷ 《ᠳᠥᠭᠥᠮ ᠳᠥᠲᠡ ᠰᠢᠯᠵᠢᠭᠦᠯᠬᠦ ᠪᠠᠭ᠋ᠠᠵᠢ》 ᠬᠠᠩᠭ᠋ᠠᠵᠤ᠂ ᠪᠠᠢ᠌ᠷᠢᠰᠢᠯ᠎ᠢ ᠨᠢᠭᠡ ᠬᠣᠯᠪᠣᠭ᠋ᠠᠰᠤ᠎ᠪᠠᠷ ᠬᠤᠪᠢᠷᠠᠭᠤᠯᠬᠤ᠂ ᠲᠣᠭ᠎ᠠ ᠪᠠᠷᠢᠮᠲᠠ ᠵᠢ ᠨᠠᠷᠢᠯᠢᠭ ᠣᠨᠤᠪᠴᠢᠲᠠᠢ᠎ᠪᠠᠷ ᠳᠡᠯᠭᠡᠨ ᠦᠵᠡᠭᠦᠯᠬᠦ᠂ ᠵᠠᠭ᠋ᠠᠭ ᠱᠤᠭᠤᠮ᠎ᠤᠨ ᠵᠠᠭᠤᠷᠠᠯᠳᠤᠭ᠋ᠠᠨ᠎ᠢ ᠰᠢᠢ᠍ᠳᠪᠦᠷᠢᠯᠡᠬᠦ᠎ᠳᠤ ᠮᠠᠰᠢ ᠰᠠᠢ᠌ᠨ ᠦᠢ᠍ᠯᠡᠴᠢᠯᠡᠭᠡ ᠬᠠᠩᠭ᠋ᠠᠭ᠋ᠠᠪᠠ᠃ ᠲᠣᠰ ᠲᠥᠷᠥᠯ ᠵᠦᠢ᠍ᠯ᠎ᠨᠢ ᠵᠠᠭ᠋ᠠᠭ᠎ᠤᠨ ᠱᠣᠩ ᠳᠡᠭᠡᠷ᠎ᠡ ᠨᠢᠭᠡᠨ ᠪᠣᠳᠠᠰᠯᠢᠭ ᠬᠣᠯᠪᠣᠭ᠋ᠠᠲᠤ ᠰᠦᠯᠵᠢᠶ᠎ᠡ ᠵᠢᠨ ᠣᠶᠤᠨᠲᠤ ᠳᠣᠬᠢᠶᠠᠨ᠎ᠤ ᠲᠥᠬᠦᠭᠡᠷᠦᠮᠵᠢ ᠵᠢ ᠴᠤᠭᠯᠠᠭᠤᠯᠬᠤ᠎ᠪᠠᠷ ᠳᠡᠮᠵᠢᠨ᠂ ᠵᠠᠭ᠋ᠠᠭ᠎ᠤᠨ ᠱᠣᠩ ᠳᠡᠭᠡᠷ᠎ᠡ GPS ᠪᠠᠢ᠌ᠷᠢ ᠲᠣᠭᠲᠠᠭ᠋ᠠᠯᠲᠠ ᠵᠢᠴᠢ ᠣᠯᠠᠨ ᠵᠦᠢ᠍ᠯ᠎ᠤᠨ ᠰᠡᠷᠡᠯ ᠳᠠᠮᠵᠢᠭᠤᠯᠤᠭᠴᠢ ᠵᠢᠨ 《ᠵᠢᠷᠦᠬᠡ》᠎ᠲᠠᠢ ᠪᠣᠯᠭ᠋ᠠᠪᠠ᠃ ᠲᠤᠰ ᠰᠢᠰᠲ᠋ᠧᠮ ᠵᠶ᠋ᠡᠷ ᠳᠠᠮᠵᠢᠭᠤᠯᠤᠨ ᠵᠠᠭ᠋ᠠᠭ᠎ᠤᠨ ᠱᠤᠩ᠎ᠤᠨ ᠡᠷᠬᠢᠨ ᠲᠣᠭᠣᠷᠢᠨ᠎ᠤ ᠣᠷᠣᠨ ᠪᠠᠢ᠌ᠷᠢ ᠪᠠ ᠪᠠᠢ᠌ᠷᠢᠰᠢᠯ᠎ᠤᠨ ᠮᠡᠳᠡᠭᠡ ᠵᠠᠩᠭᠢ᠂ ᠪᠠᠢ᠌ᠷᠢᠰᠢᠯ ᠵᠠᠢ᠌ᠳᠠᠭᠰᠠᠨ ᠰᠡᠷᠡᠮᠵᠢ ᠵᠢᠨ ᠳᠣᠬᠢᠶ᠎ᠠ᠂ ᠬᠡᠯᠪᠡᠢ᠌ᠵᠦ ᠬᠠᠵᠠᠢ᠌ᠬᠤ ᠵᠢ ᠤᠷᠢᠳᠴᠢᠯᠠᠨ ᠰᠡᠷᠡᠮᠵᠢᠯᠡᠭᠦᠯᠬᠦ ᠲᠤᠬᠢᠶ᠎ᠠ ᠵᠡᠷᠭᠡ ᠵᠢᠨ ᠮᠡᠳᠡᠭᠡ ᠵᠠᠩᠭᠢ ᠵᠢ ᠴᠠᠭ ᠲᠤᠬᠠᠢᠳᠤᠨᠢ ᠴᠤᠭᠯᠠᠭᠤᠯᠵᠤ᠂ ᠲᠣᠭ᠎ᠠ ᠪᠠᠷᠢᠮᠲᠠ ᠵᠢᠨ ᠲᠥᠪ᠎ᠲᠤ ᠤᠳᠠᠰᠤ ᠦᠭᠡᠢ ᠳᠠᠮᠵᠢᠭᠤᠯᠭ᠎ᠠ᠎ᠪᠠᠷ ᠬᠦᠷᠭᠡᠳᠡᠭ ᠶᠤᠮ᠃ ᠲᠣᠭ᠎ᠠ ᠪᠠᠷᠢᠮᠲᠠ ᠵᠢᠨ ᠲᠥᠪ᠎ᠨᠢ ᠲᠤᠰᠴᠦ ᠤᠯᠤᠭᠰᠠᠨ ᠲᠣᠭ᠎ᠠ ᠪᠠᠷᠢᠮᠲᠠ᠎ᠪᠠᠨ ᠤᠷᠢᠳᠴᠢᠯᠠᠨ ᠰᠡᠷᠡᠮᠵᠢᠯᠡᠭᠦᠯᠬᠦ ᠨᠢᠭᠤᠷ ᠵᠶ᠋ᠠᠷ ᠳᠠᠮᠵᠢᠭᠤᠯᠤᠨ᠂ ᠵᠠᠭ᠋ᠠᠭ᠎ᠤᠨ ᠱᠤᠩ᠎ᠤᠨ ᠡᠪᠳᠡᠭᠳᠡᠭᠰᠡᠨ ᠡᠰᠡᠬᠦ ᠵᠢ ᠣᠨᠣᠪᠴᠢᠲᠠᠶ ᠲᠤᠰᠬᠠᠳᠠᠭ ᠪᠠᠢ᠌ᠨ᠎ᠠ᠃
ᠬᠤᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠤᠰᠴᠦ ᠤᠯᠤᠭᠰᠠᠨ ᠪᠠᠢ᠌ᠳᠠᠯ ᠵᠶ᠋ᠠᠨ ᠦᠨᠳᠦᠰᠦᠨ ᠱᠠᠲᠤᠨ᠎ᠤ ᠬᠣᠯᠪᠣᠭᠳᠠᠯ ᠪᠦᠬᠦᠢ ᠠᠵᠢᠯᠲᠠᠨ᠎ᠳᠤ ᠲᠤᠰᠬᠠᠵᠤ᠂ ᠲᠤᠬᠠᠢ ᠵᠢᠨ ᠭᠠᠵᠠᠷ᠎ᠲᠤᠨᠢ ᠬᠦᠷᠴᠦ ᠣᠷᠴᠢᠨ ᠲᠣᠭᠣᠷᠢᠨ᠎ᠢ ᠪᠠᠢ᠌ᠴᠠᠭ᠋ᠠᠨ ᠦᠵᠡᠵᠦ ᠡᠪᠳᠡᠭᠳᠡᠭᠰᠡᠨ ᠡᠰᠡᠬᠦ ᠵᠢ ᠪᠠᠢ᠌ᠴᠠᠭ᠋ᠠᠵᠤ᠂ ᠲᠤᠬᠠᠢ ᠵᠢᠨ ᠪᠠᠢ᠌ᠳᠠᠯ᠎ᠢ ᠰᠡᠭᠦᠳᠡᠷᠯᠡᠨ ᠳᠡᠭᠡᠭᠰᠢ ᠳᠠᠮᠵᠢᠭᠤᠯᠵᠤ᠂ ᠵᠠᠭ᠋ᠠᠭ ᠱᠤᠭᠤᠮ᠎ᠤᠨ ᠤᠷᠤᠨ᠎ᠤ ᠠᠮᠤᠷ ᠲᠦᠪᠰᠢᠨ᠎ᠢ ᠪᠠᠲᠤᠯᠠᠵᠤ᠂ ᠵᠠᠭᠤᠷᠠᠯᠳᠤᠭ᠋ᠠᠨ᠎ᠤ ᠠᠰᠠᠭᠤᠳᠠᠯ᠎ᠢ ᠪᠠᠭ᠋ᠠᠰᠬᠠᠳᠠᠭ ᠪᠠᠢ᠌ᠨ᠎ᠠ᠃ ᠬᠦᠮᠦᠨ᠎ᠤ ᠬᠦᠴᠦ ᠬᠡᠷᠡᠭᠰᠡᠬᠦ ᠦᠭᠡᠢ᠎ᠪᠠᠷ ᠵᠠᠭ᠋ᠠᠭ᠎ᠤᠨ ᠱᠤᠩᠢ ᠪᠦᠬᠦᠯᠢ ᠡᠳᠦᠷ ᠵᠶ᠋ᠡᠷ ᠵᠢᠵᠢᠭᠦᠷᠯᠡᠨ ᠬᠢᠨᠠᠨ ᠬᠡᠮᠵᠢᠵᠦ᠂ ᠡᠭᠦᠰᠦᠭᠰᠡᠨ ᠠᠰᠠᠭᠤᠳᠠᠯ ᠪᠦᠬᠦᠨ᠎ᠢ 《ᠡᠷᠲᠡ ᠢᠯᠡᠷᠡᠭᠦᠯᠵᠦ᠂ ᠡᠷᠲᠡ ᠰᠢᠢ᠍ᠳᠪᠦᠷᠢᠯᠡᠬᠦ》 ᠵᠢ ᠪᠡᠶᠡᠯᠡᠭᠦᠯᠵᠦ᠂ ᠵᠠᠭ᠋ᠠᠭ ᠱᠤᠭᠤᠮ᠎ᠤᠨ ᠤᠷᠤᠨ᠎ᠤ ᠲᠣᠭ᠎ᠠ ᠪᠠᠷᠢᠮᠲᠠ ᠵᠢᠨ ᠴᠠᠭ ᠬᠤᠭᠤᠴᠠᠭ᠎ᠠ ᠠᠯᠤᠰᠯᠠᠭᠰᠠᠨ᠎ᠠᠴᠠ ᠪᠣᠯᠵᠤ ᠭᠡᠭᠡᠭᠳᠡᠬᠦ᠂ ᠵᠠᠭ᠋ᠠᠭ ᠱᠤᠭᠤᠮ᠎ᠢ ᠬᠠᠮᠲᠤᠷᠠᠨ ᠪᠠᠢ᠌ᠴᠠᠭ᠋ᠠᠬᠤ ᠲᠠᠯ᠎ᠠ᠎ᠪᠠᠷ ᠵᠢᠯᠤᠭᠤᠳᠤᠯᠭ᠎ᠠ ᠲᠤᠲᠠᠭᠳᠠᠬᠤ ᠵᠡᠷᠭᠡ ᠠᠰᠠᠭᠤᠳᠠᠯ᠎ᠤᠳ᠎ᠢ ᠰᠢᠢ᠍ᠳᠪᠦᠷᠢᠯᠡᠵᠦ᠂ ᠵᠠᠭ᠋ᠠᠭ ᠱᠤᠭᠤᠮ᠎ᠤᠨ ᠣᠷᠤᠨ᠎ᠤ ᠵᠥᠷᠢᠴᠡᠯ᠎ᠤᠨ ᠳᠠᠯᠳᠠ ᠬᠡᠮ᠎ᠢ ᠠᠷᠢᠯᠭ᠋ᠠᠨ᠂ ᠵᠠᠭ᠋ᠠᠭ᠎ᠤᠨ ᠱᠣᠩ᠎ᠢ ᠬᠠᠮᠢᠶᠠᠷᠴᠤ ᠬᠠᠮᠠᠭ᠋ᠠᠯᠠᠬᠤ ᠥᠪᠡᠷ᠎ᠤᠨ ᠥᠷᠲᠡᠭ᠎ᠢ ᠪᠠᠭᠤᠷᠠᠭᠤᠯᠣᠨ᠂ ᠵᠠᠭ᠋ᠠᠭ ᠤᠨ ᠱᠤᠩ᠎ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠭᠡᠳ᠂ ᠵᠠᠭ᠋ᠠᠭ ᠱᠤᠭᠤᠮ᠎ᠤᠨ ᠭᠠᠵᠠᠷ ᠣᠷᠣᠨ᠎ᠤ ᠨᠡᠢ᠌ᠭᠡᠮ᠎ᠤᠨ ᠲᠣᠭᠲᠠᠭᠤᠨ ᠪᠠ ᠬᠥᠭᠵᠢᠯᠲᠡ ᠵᠢ ᠪᠠᠲᠤᠯᠠᠪᠠ᠃
ᠣᠳᠣᠬᠠᠨ᠎ᠳᠤ᠂ ᠲᠠᠪᠴᠠᠩ᠎ᠨᠢ 1300 ᠴᠢᠭᠯᠡᠯᠲᠦ ᠬᠡᠮᠵᠢᠭᠳᠡᠬᠦᠨ ᠪᠦᠬᠦᠢ ᠵᠠᠭ᠋ᠠᠭ ᠤᠨ ᠱᠤᠩ᠎ᠤᠨ ᠪᠠᠢ᠌ᠷᠢᠰᠢᠯ᠎ᠤᠨ ᠴᠡᠭ᠎ᠢ ᠤᠯᠠᠷᠢᠭᠤᠯᠤᠭ᠋ᠠᠳ᠂ 2 ᠲᠣᠭᠣᠷᠢᠭ 7 ᠬᠣᠰᠢᠭᠤᠨ᠎ᠤ ᠦᠵᠡᠭᠳᠡᠮᠡᠯ ᠲᠣᠭ᠎ᠠ ᠪᠠᠷᠢᠮᠲᠠ ᠵᠢ ᠲᠣᠮᠣ ᠳᠡᠯᠭᠡᠴᠡ ᠳᠡᠭᠡᠷ᠎ᠡ ᠢᠯᠡᠷᠡᠭᠦᠯᠬᠦ ᠵᠢᠨ ᠬᠠᠮᠲᠤ᠂ ᠣᠣᠯ᠎ᠤᠨ ᠵᠢᠷᠤᠭ ᠦᠵᠡᠵᠦ ᠵᠠᠭ᠋ᠠᠭ ᠱᠤᠭᠤᠮ ᠳᠡᠭᠡᠷᠡᠬᠢ ᠠᠵᠢᠯ ᠦᠷᠨᠢᠭᠦᠯᠬᠦᠠᠴᠠᠪᠠᠨ 《ᠦᠵᠡᠭᠳᠡᠮᠡᠯ ᠬᠥᠳᠡᠯᠦᠩᠭᠦᠢ ᠠᠵᠢᠯ》 ᠪᠣᠯᠭ᠋ᠠᠨ ᠬᠣᠪᠢᠷᠠᠭᠤᠯᠪᠠ᠃ ᠣᠣᠯ᠎ᠤᠨ ᠭᠠᠵᠠᠷ᠎ᠤᠨ ᠵᠢᠷᠤᠭ᠎ᠠᠴᠠ 100 ᠳᠠᠬᠢᠨ᠎ᠤ ᠨᠠᠷᠢᠯᠢᠭ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠲᠥᠪᠯᠡᠷᠡᠯ ᠴᠡᠭ᠎ᠢ ᠣᠯᠠᠨ ᠲᠦᠷᠦᠯ ᠵᠶ᠋ᠡᠷ ᠬᠤᠪᠢᠷᠠᠭᠤᠯᠵᠦ᠂ 3 ᠵᠦᠢ᠍ᠯ᠎ᠤᠨ ᠬᠡᠯᠪᠡᠷᠢ ᠵᠶ᠋ᠡᠷ ᠪᠠᠢ᠌ᠳᠠᠯ᠎ᠢ ᠠᠵᠢᠭᠯᠠᠵᠤ ᠪᠣᠯᠳᠠᠭ ᠪᠠᠢ᠌ᠨ᠎ᠠ᠃ ᠡᠭᠦᠨ᠎ᠤ ᠬᠠᠮᠲᠤ᠂ ᠣᠳᠣᠬᠠᠨ᠎ᠤ ᠭᠣᠣᠯ ᠪᠣᠯᠬᠤ ᠪᠠᠢ᠌ᠷᠢᠰᠢᠯ᠎ᠤᠨ ᠰᠢᠰᠲ᠋ᠧᠮ᠎ᠢ ᠬᠤᠪᠢᠷᠠᠭᠤᠯᠬᠤ᠂ ᠣᠯᠠᠨ ᠦᠵᠦᠭᠦᠷ᠎ᠠᠴᠠ ᠪᠠᠢ᠌ᠴᠠᠭ᠋ᠠᠨ ᠦᠵᠡᠬᠦ᠂ ᠣᠯᠠᠨ ᠦᠵᠦᠭᠦᠷ᠎ᠠᠴᠠ ᠰᠢᠢ᠍ᠳᠪᠦᠷᠢᠯᠡᠬᠦ ᠵᠢ ᠪᠡᠶᠡᠯᠡᠭᠦᠯᠵᠦ᠂ ᠬᠣᠲᠠ ᠲᠣᠭᠣᠷᠢᠭ ᠵᠡᠷᠭᠡ ᠣᠯᠠᠨ ᠱᠠᠲᠤᠨ᠎ᠤ ᠠᠵᠢᠯ᠎ᠤᠨ ᠴᠢᠳᠠᠮᠵᠢ ᠵᠢ ᠲᠤᠭᠳᠠᠭ᠋ᠠᠵᠤ᠂ ᠠᠳᠠᠯᠢ ᠪᠤᠰᠤ ᠱᠠᠲᠤᠨ᠎ᠤ ᠠᠳᠠᠯᠢ ᠪᠤᠰᠤ ᠬᠥᠮᠥᠰ᠎ᠤᠨ ᠠᠵᠢᠯ᠎ᠳᠤ ᠬᠡᠷᠡᠭᠰᠡᠬᠦ ᠴᠢᠳᠠᠮᠵᠢ ᠵᠢᠨ ᠲᠣᠬᠢᠷᠠᠭᠤᠯᠤᠯᠲᠠ ᠵᠢ ᠬᠠᠩᠭ᠋ᠠᠵᠤ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠠᠵᠢᠯ᠎ᠤᠨ ᠰᠢᠯᠵᠢᠮᠡᠯ ᠠᠯᠪᠠᠯᠠᠬᠤ ᠴᠢᠳᠠᠪᠤᠷᠢ ᠪᠠ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠬᠠᠮᠢᠶ᠎ᠠ ᠪᠦᠬᠦᠢ ᠦᠢ᠍ᠯᠡᠴᠢᠯᠡᠭᠡ ᠵᠢ ᠳᠡᠭᠡᠭᠰᠢᠯᠡᠭᠦᠯᠪᠡ᠃
《ᠵᠠᠭ᠋ᠠᠭ ᠱᠤᠭᠤᠮ᠂ ᠵᠠᠭ᠋ᠠᠭ᠎ᠤᠨ ᠱᠣᠩ᠎ᠢ ᠣᠶᠤᠨᠴᠢᠯᠠᠬᠤ》 ᠰᠢᠰᠲ᠋ᠧᠮ᠎ᠨᠢ ᠰᠢᠨ᠎ᠡ ᠮᠡᠷᠭᠡᠵᠢᠯ᠎ᠢ ᠡᠮᠬᠢᠯᠡᠨ ᠨᠡᠢ᠌ᠯᠡᠭᠦᠯᠵᠦ ᠨᠡᠭᠡᠭᠡᠨ ᠬᠥᠭᠵᠢᠭᠦᠯᠵᠦ ᠰᠢᠨ᠎ᠡ ᠵᠢ ᠡᠭᠦᠳᠦᠨ ᠬᠡᠷᠡᠭᠯᠡᠭᠰᠡᠨ᠎ᠠᠴᠠ ᠬᠢᠨᠠᠨ ᠬᠠᠮᠢᠶᠠᠷᠬᠤ ᠥᠪᠡᠷ᠎ᠤᠨ ᠥᠷᠲᠡᠭ᠎ᠢ ᠶᠡᠬᠡ᠎ᠪᠠᠷ ᠪᠠᠭᠤᠷᠠᠭᠤᠯᠦᠨ᠂ ᠬᠢᠨᠠᠨ ᠬᠠᠮᠢᠶᠠᠷᠬᠤ ᠦᠷ᠎ᠡ ᠪᠦᠲᠦᠮᠵᠢ ᠪᠠ ᠬᠢᠨᠠᠨ ᠬᠠᠮᠢᠶᠠᠷᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠤ᠂ ᠣᠷᠳᠣᠰ ᠬᠤᠲᠠ ᠵᠢᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠠᠵᠢᠯ᠎ᠤᠨ ᠮᠡᠳᠡᠭᠡ ᠵᠠᠩᠭᠢᠵᠢᠯᠲᠠ ᠵᠢᠨ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠪᠥᠬᠥ ᠣᠷᠣᠨ᠎ᠤ ᠡᠮᠦᠨ᠎ᠡ ᠡᠩᠨᠡᠭᠡᠨ᠎ᠳᠤ ᠣᠷᠣᠭᠤᠯᠤᠭᠰᠠᠨ ᠪᠠᠢ᠌ᠨ᠎ᠠ᠃
ᠲᠠᠷᠠᠭ᠋ᠠᠴᠢ ᠵᠢᠨ ᠠᠯᠬᠤᠮ᠎ᠳᠤ᠂ ᠣᠷᠳᠣᠰ ᠬᠤᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠦᠷᠭᠦᠯᠵᠢᠯᠡᠨ ᠰᠦᠪᠡᠭᠴᠢᠯᠡᠨ ᠰᠢᠨ᠎ᠡ ᠵᠢ ᠡᠭᠦᠳᠴᠦ᠂ ᠡᠯ᠎ᠡ ᠲᠥᠷᠥᠯ᠎ᠤᠨ ᠵᠠᠭ᠋ᠠᠭ ᠱᠤᠭᠤᠮ᠎ᠤᠨ ᠵᠠᠰᠠᠯᠲᠠ ᠪᠠ ᠵᠠᠭ᠋ᠠᠭ᠎ᠤᠨ ᠱᠤᠩ᠎ᠤᠨ ᠣᠶᠤᠨᠴᠢᠯᠠᠭᠰᠠᠨ ᠬᠠᠮᠢᠶᠠᠷᠤᠯᠲᠠ᠎ᠳᠤ ᠯᠠᠪᠯᠠᠯᠲᠠ ᠬᠠᠩᠭ᠋ᠠᠬᠤ ᠵᠢᠨ ᠬᠠᠮᠲᠤ᠂ ᠰᠣᠶᠣᠯ ᠵᠢᠭᠤᠯᠴᠢᠯᠠᠯ ᠵᠡᠷᠭᠡ ᠲᠠᠯ᠎ᠠ ᠵᠢᠨ ᠦᠨ᠎ᠡ ᠥᠷᠲᠡᠭ᠎ᠢ ᠳᠡᠭᠡᠭᠰᠢᠯᠡᠭᠦᠯᠵᠦ᠂ ᠪᠥᠬᠥ ᠬᠣᠲᠠ᠎ᠳᠤ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ᠎ᠤ ᠣᠶᠤᠨᠴᠢ ᠮᠠᠶᠢᠭ᠎ᠤᠨ ᠬᠣᠲᠠ ᠵᠢ ᠪᠦᠲᠦᠭᠡᠨ ᠪᠠᠶ᠋ᠢᠭᠤᠯᠬᠤ᠎ᠳᠤ ᠦᠯᠢᠭᠡᠷ ᠬᠡᠪ ᠬᠠᠩᠭ᠋ᠠᠭᠰᠠᠨ ᠪᠠᠢ᠌ᠨ᠎ᠠ᠃
ᠮᠡᠳᠡᠭᠡᠯᠡᠭᠴᠢ ᠵᠢᠨ ᠬᠠᠶᠢᠭ᠄ ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠵᠠᠰᠠᠭ ᠵᠠᠬᠢᠷᠭ᠋ᠠᠨ᠎ᠤ ᠣᠷᠣᠨ ᠬᠣᠪᠢᠶᠠᠷᠢᠯᠠᠯ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠭᠠᠵᠠᠷ